ᠬᠢᠩᠭᠠᠠ ᠠᠶᠢᠮᠠᠭ · ᠢᠯᠢ ᠪᠦᠯᠦᠭᠯᠡᠯ ᠤᠨ ᠪᠤᠬᠢᠷᠲᠤᠯ ᠦᠭᠡᠢ ᠡᠷᠡᠭᠦᠯ ᠮᠡᠨᠳᠦ ᠶᠢᠨ ᠠᠵᠦ ᠦᠢᠯᠡᠰ ᠎ ᠤᠨ ᠰᠢᠨ᠎ᠠ ᠶᠢ ᠡᠭᠦᠳᠬᠦ ᠵᠢᠱᠢᠶ᠎ᠠ ᠦᠵᠡᠭᠦᠯᠬᠦ ᠤᠷᠤᠨ ᠵᠢᠴᠢ ᠤᠷᠭᠠᠨᠢᠭ ᠲᠡᠭᠡᠲᠦ ᠲᠡᠰ ᠤᠨ ᠴᠠᠭᠠᠠ ᠢᠲᠡᠭᠡᠡ ᠤ ᠤᠶᠤᠨᠳᠤ ᠵᠢᠱᠢᠶ᠎ᠠ ᠦᠵᠡᠭᠦᠯᠬᠦ ᠲᠦᠷᠦᠯ ᠵᠦᠢᠯ ᠠᠵᠢᠯ ᠢᠶᠠᠨ ᠡᠬᠢᠯᠡᠭᠦᠯᠵᠠᠢ ᠪᠥ᠋ ᠰᠢᠶᠤᠤ ᠯᠢᠠ ᠠᠵᠢᠯ ᠡᠬᠢᠯᠡᠭᠰᠡᠡ ᠢ ᠵᠠᠷᠯᠠᠪᠠ
ᠨᠡᠶᠢᠲᠡᠯᠡᠭᠰᠡᠨ ᠴᠠᠭ᠄
2020/5/6
     5 ᠰᠠᠷ᠎ᠠ ᠶᠢᠨ 1᠎ ᠤ ᠡᠲᠦᠷ᠂ ᠬᠢᠩᠭᠠᠠ ᠠᠶᠢᠮᠠᠭ · ᠢᠯᠢ ᠪᠦᠯᠦᠭᠯᠡᠯ ᠤᠨ ᠪᠤᠬᠢᠷᠲᠤᠯ ᠦᠭᠡᠢ ᠡᠷᠡᠭᠦᠯ ᠮᠡᠨᠳᠦ ᠶᠢᠨ ᠠᠵᠦ ᠦᠢᠯᠡᠰ ᠤᠨ ᠰᠢᠨ᠎ᠠ ᠶᠢ ᠡᠭᠦᠳᠬᠦ ᠵᠢᠱᠢᠶ᠎ᠠ ᠦᠵᠡᠭᠦᠯᠬᠦ ᠤᠷᠤᠨ ᠵᠢᠴᠢ ᠤᠷᠭᠠᠨᠢᠭ ᠲᠡᠭᠡᠲᠦ ᠲᠡᠰ ᠎ ᠤᠨ ᠴᠠᠭᠠᠠ ᠢᠲᠡᠭᠡᠡ ᠤ ᠤᠶᠤᠨᠳᠤ ᠵᠢᠱᠢᠶ᠎ᠠ ᠦᠵᠡᠭᠦᠯᠬᠦ ᠲᠦᠷᠦᠯ ᠵᠦᠢᠯ ᠬᠢᠩᠭᠠᠠ ᠠᠶᠢᠮᠠᠭ ᠤᠨ ᠲᠠᠷᠢᠶᠠᠯᠠᠩ ᠮᠠᠯᠵᠢᠯ ᠎ ᠤᠨ ᠲᠠᠯᠠᠪᠠᠢ ᠶᠢᠨ ᠬᠠᠮᠢᠶᠠᠷᠤᠯᠲᠠ ᠶᠢᠨ ᠲᠤᠪᠴᠢᠶᠠᠠ ᠤ ᠬᠦᠬᠡ ᠠᠲᠤᠭᠤᠨ ᠲᠠᠯᠠᠪᠠᠢ ᠳᠤ ᠠᠵᠢᠯ ᠢᠶᠠᠨ ᠡᠬᠢᠯᠡᠭᠦᠯᠵᠠᠢ᠃ ᠦᠪᠡᠷᠲᠡᠭᠡᠡ ᠵᠠᠰᠠᠬᠤ ᠤᠷᠤᠨ ᠤ ᠨᠠᠮ ᠤᠨ ᠬᠤᠷᠢᠶᠠᠠ ᠤ ᠲᠡᠳ᠋ ᠱᠦᠵᠢ᠂ ᠦᠪᠡᠷᠲᠡᠭᠡᠡ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠠ ᠤᠷᠤᠯᠴᠠᠭᠰᠠᠠ ᠪᠦᠭᠡᠳ ᠲᠦᠷᠦᠯ ᠵᠦᠢᠯ ᠠᠵᠢᠯ ᠢᠶᠠᠨ ᠡᠬᠢᠯᠡᠭᠦᠯᠦᠭᠰᠡᠡ ᠢ ᠵᠠᠷᠯᠠᠵᠠᠢ᠃      ᠦᠪᠡᠷᠲᠡᠭᠡᠡ ᠵᠠᠰᠠᠬᠤ ᠤᠷᠤᠨ ᠤ ᠨᠠᠮ ᠤᠨ ᠬᠤᠷᠢᠶᠠᠠ ᠤ ᠪᠠᠶᠢᠩᠭᠤ ᠶᠢᠨ ᠭᠡᠰᠢᠭᠦᠨ᠂ ᠬᠢᠩᠭᠠᠠ ᠠᠶᠢᠮᠠᠭ ᠤᠨ ᠨᠠᠮ ᠤᠨ ᠬᠤᠷᠢᠶᠠᠠ ᠤ ᠱᠦᠵᠢ ᠵᠠᠩ ᠡᠸᠠ ᠬᠤᠢ᠂ ᠢᠯᠢ ᠪᠦᠯᠦᠭᠯᠡᠯ ᠤᠨ ᠭᠡᠷᠡᠭ ᠮᠡᠲᠡᠭᠴᠢᠳ ᠤᠨ ᠲᠠᠷᠤᠭ᠎ᠠ᠂ ᠶᠡᠷᠦᠩᠭᠡᠢ ᠵᠠᠬᠢᠷᠤᠭᠴᠢ ᠫᠠᠠ ᠭᠠᠩ ᠠᠵᠢᠯ ᠡᠬᠢᠯᠡᠬᠦ ᠶᠤᠰᠤᠯᠠᠯ ᠳᠤ ᠤᠷᠤᠯᠴᠠᠵᠠᠢ᠃ ᠬᠢᠩᠭᠠᠠ ᠠᠶᠢᠮᠠᠭ ᠤᠨ ᠵᠠᠬᠢᠷᠭ᠎ᠠ᠂ ᠢᠯᠢ ᠪᠦᠯᠦᠭᠯᠡᠯ ᠤᠨ ᠬᠤᠯᠪᠤᠭᠲᠠᠯ ᠪᠦᠬᠦᠢ ᠬᠠᠷᠢᠭᠤᠴᠠᠯᠭᠠᠲᠠᠠ ᠪᠠᠶᠠᠷ ᠤᠨ ᠦᠭᠡ ᠭᠡᠯᠡᠵᠦ᠂ ᠵᠦᠩ ᠪᠦᠸᠧ ᠨᠦᠩ ᠺᠤᠮᠫᠠᠨᠢ ᠶᠢᠨ ᠬᠠᠷᠢᠭᠤᠴᠠᠯᠭᠠᠲᠠᠠ ᠤᠪᠤᠷ ᠢᠶᠠᠨ ᠢᠯᠡᠳᠬᠡᠬᠦ ᠦᠭᠡ ᠭᠡᠯᠡᠪᠡ᠃      ᠤᠢᠢᠯᠠᠭᠠᠭᠰᠠᠠ ᠢᠶᠠᠷ᠂ ᠬᠢᠩᠭᠠᠠ ᠠᠶᠢᠮᠠᠭ ᠪᠤᠯᠤᠨ ᠢᠯᠢ ᠪᠦᠯᠦᠭᠯᠡᠯ ᠶᠡᠷᠦᠩᠭᠡᠢ ᠪᠡᠯᠡ ᠤᠷᠤᠭᠤᠯᠤᠯᠲᠠ ᠨᠢ 300 ᠳ᠋ᠦᠩᠰᠢᠭᠤᠷ ᠲᠦᠬᠦᠷᠢᠭ ᠤᠨ ᠪᠠᠶᠢᠯᠲᠤᠬᠤ ᠪᠤᠲᠤᠯᠭ᠎ᠠ ᠶᠢᠨ ᠬᠠᠮᠲᠤᠷᠠᠯᠴᠠᠭᠠᠠ ᠤ ᠵᠦᠪᠯᠡᠯᠴᠡᠭᠡᠷ ᠲᠤᠬᠢᠷᠠᠯᠴᠠᠵᠦ᠂ ᠲᠡᠵᠢᠭᠡᠪᠦᠷᠢ ᠶᠢᠨ ᠵᠢᠱᠢᠶ᠎ᠠ ᠦᠵᠡᠭᠦᠯᠬᠦ ᠮᠠᠯᠵᠢᠯ ᠤᠨ ᠲᠠᠯᠠᠪᠠᠢ᠂ ᠤᠶᠤᠨᠴᠢᠯᠠᠭᠰᠠᠠ ᠡᠳ᠋ᠰᠢᠭᠦᠯᠦᠨ ᠪᠤᠯᠪᠠᠰᠤᠷᠠᠭᠤᠯᠬᠤ ᠦᠢᠯᠡᠳᠪᠦᠷᠢ᠂ ᠰᠢᠨ᠎ᠠ ᠶᠢ ᠡᠭᠦᠳᠬᠦ ᠠᠵᠦ ᠦᠢᠯᠡᠰ ᠤᠨ ᠬᠤᠲᠠ ᠵᠡᠷᠭᠡ ᠶᠢ ᠪᠦᠲᠦᠭᠡᠡ ᠪᠠᠶᠢᠭᠤᠯᠬᠤ ᠲᠠᠯ᠎ᠠ ᠪᠠᠷ ᠪᠦᠬᠦ ᠲᠠᠯ᠎ᠠ ᠪᠠᠷ ᠬᠦᠨᠵᠡᠭᠡᠢ ᠬᠠᠮᠲᠤᠷᠠᠯᠴᠠᠬᠤ ᠪᠤᠯᠤᠨ᠎ᠠ᠃ ᠬᠢᠩᠭᠠᠠ ᠠᠶᠢᠮᠠᠭ · ᠢᠯᠢ ᠪᠦᠯᠦᠭᠯᠡᠯ ᠤᠨ ᠪᠤᠬᠢᠷᠲᠤᠯ ᠦᠭᠡᠢ ᠡᠷᠡᠭᠦᠯ ᠮᠡᠨᠳᠦ ᠶᠢᠨ ᠠᠵᠦ ᠦᠢᠯᠡᠰ ᠤᠨ ᠰᠢᠨ᠎ᠠ ᠶᠢ ᠡᠭᠦᠳᠬᠦ ᠵᠢᠱᠢᠶ᠎ᠠ ᠦᠵᠡᠭᠦᠯᠬᠦ ᠤᠷᠤᠨ ᠵᠢᠴᠢ ᠤᠷᠭᠠᠨᠢᠭ ᠲᠡᠭᠡᠲᠦ ᠲᠡᠰ ᠤᠨ ᠴᠠᠭᠠᠠ ᠢᠲᠡᠭᠡᠡ ᠤ ᠤᠶᠤᠨᠳᠤ ᠵᠢᠱᠢᠶ᠎ᠠ ᠦᠵᠡᠭᠦᠯᠬᠦ ᠲᠦᠷᠦᠯ ᠵᠦᠢᠯ ᠎ ᠤᠨ ᠨᠢᠭᠡᠲᠦᠭᠡᠷ ᠬᠤᠭᠤᠴᠠᠭᠠᠠ ᠳᠤ ᠲᠦᠮᠡᠡ ᠲᠤᠯᠤᠭᠠᠢ ᠮᠠᠯ ᠲᠡᠵᠢᠭᠡᠬᠦ ᠬᠡᠪᠴᠢᠶ᠎ᠠ ᠲᠠᠢ 6 ᠮᠠᠯᠵᠢᠯ ᠤᠨ ᠲᠠᠯᠠᠪᠠᠢ ᠪᠠᠶᠢᠭᠤᠯᠬᠤ ᠪᠠᠭᠲᠠᠵᠦ ᠪᠠᠶᠢᠨ᠎ᠠ᠂ ᠲᠦᠷᠦᠯ ᠵᠦᠢᠯ ᠨᠢ ᠦᠢᠯᠡᠳᠪᠦᠷᠢᠯᠠᠯ ᠢᠶᠠᠨ ᠡᠬᠢᠯᠡᠭᠦᠯᠵᠦ ᠦᠷ᠎ᠠ ᠪᠦᠲᠦᠮᠵᠢ ᠤᠯᠤᠭᠰᠠᠠ ᠤ ᠲᠠᠷᠠᠭ᠎ᠠ᠂ ᠬᠢᠩᠭᠠᠠ ᠠᠶᠢᠮᠠᠭ ᠰᠠᠶᠢᠨ ᠡᠭᠦᠯᠲᠡᠷ ᠤᠨ ᠰᠠᠭᠠᠯᠢ ᠶᠢᠨ ᠦᠨᠢᠶ᠎ᠠ ᠶᠢ ᠰᠢᠨ᠎ᠠ ᠪᠠᠷ 36 ᠲᠦᠮᠡᠡ ᠲᠤᠯᠤᠭᠠᠢ ᠨᠡᠮᠡᠭᠳᠡᠬᠦᠯᠵᠦ᠂ ᠡᠲᠦᠷ ᠲᠤᠮᠲᠠᠴᠢ ᠪᠠᠷ 4000 ᠲᠤᠨ ᠰᠦ ᠬᠤᠷᠢᠶᠠᠵᠤ᠂ ᠵᠢᠯ ᠤᠨ ᠪᠤᠷᠤᠯᠠᠭᠤᠯᠭ᠎ᠠ ᠶᠢᠨ ᠵᠤᠭᠤᠰᠤᠨ ᠲᠤᠭ᠎ᠠ 300 ᠳ᠋ᠦᠩᠰᠢᠭᠤᠷ ᠲᠦᠬᠦᠷᠢᠭ ᠢ ᠲᠠᠪᠠᠵᠦ᠂ ᠵᠢᠯ ᠤᠨ ᠲᠤᠰᠢᠶᠠᠬᠤ ᠭᠠᠶᠢᠯᠢ ᠶᠢᠨ ᠵᠤᠭᠤᠰ ᠨᠢ 10 ᠳ᠋ᠦᠩᠰᠢᠭᠤᠷ ᠲᠦᠬᠦᠷᠢᠭ ᠢ ᠳᠠᠪᠠᠭ᠋ᠤ ᠪᠤᠯᠤᠨ᠎ᠠ᠃ ᠡᠨᠡ ᠤᠲᠠᠭ᠎ᠠ ᠠᠵᠢᠯ ᠢᠶᠠᠨ ᠡᠬᠢᠯᠡᠭᠦᠯᠦᠭᠰᠡᠡ ᠰᠠᠭᠠᠯᠢ ᠶᠢᠨ ᠦᠨᠢᠶ᠎ᠠ ᠶᠢᠨ ᠲᠡᠵᠢᠭᠡᠪᠦᠷᠢ ᠶᠢᠨ 3 ᠵᠢᠱᠢᠶ᠎ᠠ ᠦᠵᠡᠭᠦᠯᠬᠦ ᠮᠠᠯᠵᠢᠯ ᠤᠨ ᠲᠠᠯᠠᠪᠠᠢ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠢᠯᠢ ᠪᠦᠯᠦᠭᠯᠡᠯ᠂ ᠵᠦᠩ ᠪᠦᠸᠧ ᠨᠦᠩ ᠺᠤᠮᠫᠠᠨᠢ ᠭᠤᠷᠪᠠᠠ ᠲᠠᠯ᠎ᠠ ᠪᠠᠷ ᠬᠠᠮᠲᠤ ᠪᠠᠷ ᠪᠦᠲᠦᠭᠡᠡ ᠪᠠᠶᠢᠭᠤᠯᠬᠤ ᠵᠦᠩ ᠯᠢ ᠮᠠᠯ ᠠᠵᠦ ᠠᠬᠤᠢ ᠶᠢᠨ 2.5 ᠲᠦᠮᠡᠡ ᠰᠠᠭᠠᠯᠢ ᠶᠢᠨ ᠦᠨᠢᠶ᠎ᠠ ᠲᠡᠵᠢᠭᠡᠬᠦ ᠵᠢᠱᠢᠶ᠎ᠡ ᠦᠵᠡᠬᠦᠯᠬᠦ ᠮᠠᠯᠵᠢᠯ ᠤᠨ ᠲᠠᠯᠠᠪᠠᠢ ᠪᠤᠯ ᠤᠲᠤᠬᠠᠠ ᠳᠤ ᠪᠦᠬᠦ ᠤᠷᠤᠨ ᠤ ᠳᠠᠩ ᠴᠤᠬᠴᠠ ᠪᠠᠷ ᠬᠠᠮᠤᠭ ᠤᠨ ᠲᠤᠮᠤ ᠪᠠᠷᠢᠮᠵᠢᠶᠠᠵᠢᠭᠤᠯᠤᠭᠰᠠᠠ ᠰᠠᠭᠠᠯᠢ ᠶᠢᠨ ᠦᠨᠢᠶ᠎ᠠ ᠶᠢᠨ ᠲᠡᠵᠢᠭᠡᠪᠦᠷᠢ ᠶᠢᠨ ᠲᠦᠷᠦᠯ ᠵᠦᠢᠯ ᠪᠤᠯᠤᠨ᠎ᠠ᠂ ᠬᠢᠩᠭᠠᠠ ᠠᠶᠢᠮᠠᠭ ᠲᠡᠷᠡᠴᠢᠯᠡᠡ ᠪᠦᠬᠦ ᠤᠷᠤᠨ ᠤ ᠰᠦᠨ ᠤ ᠦᠢᠯᠡᠰ ᠤᠨ ᠬᠦᠭᠵᠢᠯᠲᠠ ᠳᠤ ᠬᠦᠰᠢᠶ᠎ᠠ ᠲᠤᠷᠠᠰᠬᠠᠯ ᠤᠨ ᠠᠴᠢ ᠬᠤᠯᠪᠤᠭᠲᠠᠯ ᠲᠠᠢ ᠪᠠᠶᠢᠭ᠎ᠠ ᠶᠤᠮ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号