ᠤᠯᠠᠭᠠᠨᠬᠤᠲᠠ · ᠬᠦᠬᠡᠬᠤᠲᠠ ᠶᠢᠨ ᠭᠠᠷ ᠬᠤᠯᠪᠤᠯᠴᠠᠬᠰᠠᠨ ᠰᠤᠶᠤᠯ ᠵᠢᠭᠤᠯᠴᠢᠯᠠᠯ ᠤᠨ ᠰᠢᠷᠢᠰ ᠠᠵᠢᠯᠯᠠᠭ᠎ᠠ ᠡᠬᠢᠯᠠᠵᠠᠢ  ᠪᠦ᠋ ᠰᠢᠶᠤᠤ ᠯᠢᠨ ᠤᠷᠤᠯᠴᠠᠪᠠ
ᠨᠡᠶᠢᠲᠡᠯᠡᠭᠰᠡᠨ ᠴᠠᠭ᠄
2020/5/6
     5 ᠰᠠᠷ᠎ᠠ ᠶᠢᠨ 1᠎ ᠤ ᠡᠳᠤᠷ᠂ ᠤᠯᠠᠭᠠᠨᠬᠤᠲᠠ · ᠬᠦᠬᠡᠬᠤᠲᠠ ᠶᠢᠨ ᠭᠠᠷ ᠬᠤᠯᠪᠤᠯᠴᠠᠬᠰᠠᠨ ᠰᠤᠶᠤᠯ ᠵᠢᠭᠤᠯᠴᠢᠯᠠᠯ ᠤᠨ ᠰᠢᠷᠢᠰ ᠠᠵᠢᠯᠯᠠᠭ᠎ᠠ ᠬᠢᠩᠭᠠᠨ ᠠᠶᠢᠮᠠᠬ ᠤᠨ ᠤᠯᠠᠭᠠᠨᠬᠤᠳᠠ ᠳᠤ ᠡᠬᠢᠯᠠᠪᠠ᠃      ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠬᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠬᠦᠬᠡᠬᠤᠳᠠ ᠶᠢᠨ ᠨᠠᠮ ᠤᠨ ᠬᠤᠷᠢᠶᠠᠨ ᠤ ᠱᠦᠵᠢ ᠸᠠᠩ ᠯᠢ ᠰᠢᠶᠠ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠬᠢᠩᠭᠠᠨ ᠠᠶᠢᠮᠠᠬ ᠤᠨ ᠨᠠᠮ ᠤᠨ ᠬᠤᠷᠢᠶᠠᠨ ᠤ ᠱᠦᠵᠢ ᠵᠠᠩ ᠡᠸ᠋ᠨ ᠬᠤᠢ ᠤᠷᠤᠯᠴᠠᠵᠤ᠂ ᠤᠯᠠᠭᠠᠨᠬᠤᠲᠠ · ᠬᠦᠬᠡᠬᠤᠲᠠ ᠶᠢᠨ ᠭᠠᠷ ᠬᠤᠯᠪᠤᠯᠴᠠᠬᠰᠠᠨ ᠰᠤᠶᠤᠯ ᠵᠢᠭᠤᠯᠴᠢᠯᠠᠯ ᠤᠨ ᠰᠢᠷᠢᠰ ᠠᠵᠢᠯᠯᠠᠭ᠎ᠠ ᠶᠢ ᠬᠠᠮᠳᠤ ᠪᠠᠷ ᠡᠬᠢᠯᠡᠬᠦᠯᠪᠠ᠃ ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠨᠠᠷᠢᠨ ᠪᠢᠴᠢᠭ ᠤᠨ ᠲᠠᠷᠤᠭ᠎ᠠ ᠪᠤᠤ ᠵᠧᠨ ᠢᠤᠢ᠂ ᠬᠦᠬᠡᠬᠤᠳᠠ ᠶᠢᠨ ᠬᠤᠳᠠ ᠶᠢᠨ ᠲᠠᠷᠤᠭ᠎ᠠ ᠵᠠᠩ ᠪᠠᠢ ᠴᠧᠩ ᠠᠵᠢᠯᠯᠠᠭ᠎ᠠ ᠳᠤ ᠤᠷᠤᠯᠴᠠᠪᠠ᠃      ᠡᠬᠢᠯᠡᠬᠦ ᠶᠤᠰᠤᠯᠠᠯ ᠲᠡᠭᠡᠷ᠎ᠠ᠂ ᠬᠢᠩᠭᠠᠨ ᠠᠶᠢᠮᠠᠬ ᠤᠨ ᠵᠠᠬᠢᠷᠭ᠎ᠠ᠂ ᠬᠦᠬᠡᠬᠤᠳᠠ ᠶᠢᠨ ᠵᠠᠰᠠᠬ ᠤᠨ ᠤᠷᠳᠤᠨ ᠤ ᠬᠤᠯᠪᠤᠬᠳᠠᠯ ᠪᠦᠬᠦᠢ ᠨᠦᠬᠦᠳ ᠪᠠᠶᠠᠷ ᠤᠨ ᠦᠭᠡ ᠭᠡᠯᠡᠵᠦ᠂ ᠤᠯᠠᠭᠠᠨᠬᠤᠲᠠ · ᠬᠦᠬᠡᠬᠤᠲᠠ ᠶᠢᠨ ᠭᠠᠷ ᠬᠤᠯᠪᠤᠯᠴᠠᠬᠰᠠᠨ ᠰᠤᠶᠤᠯ ᠵᠢᠭᠤᠯᠴᠢᠯᠠᠯ ᠤᠨ ᠰᠢᠷᠢᠰ ᠠᠵᠢᠯᠯᠠᠭ᠎ᠠ ᠶᠢ ᠰᠠᠶᠢᠳᠤᠷ ᠡᠷᠬᠢᠯᠠᠵᠤ᠂ ᠭᠠᠷ ᠬᠤᠯᠪᠤᠯᠴᠠᠨ ᠰᠤᠶᠤᠯ ᠵᠢᠭᠤᠯᠴᠢᠯᠠᠯ ᠤᠨ ᠤᠷᠤᠨ ᠪᠦᠰᠠ ᠶᠢᠨ ᠬᠠᠮᠳᠤᠷᠠᠯᠴᠠᠭᠠᠨ ᠤ ᠰᠢᠨ᠎ᠠ ᠲᠤᠭᠳᠠᠴᠠ ᠶᠢ ᠪᠠᠶᠢᠭᠤᠯᠵᠤ᠂ ᠦᠪᠤᠷ ᠮᠤᠩᠭᠤᠯ ᠤᠨ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠳᠠᠢ ᠬᠦᠭᠵᠢᠯᠳᠠ ᠳᠤ ᠰᠢᠨ᠎ᠠ ᠬᠤᠪᠢ ᠨᠡᠮᠡᠷᠢ ᠦᠵᠡᠬᠦᠯᠤᠨ᠎ᠠ ᠬᠡᠵᠤ ᠢᠯᠡᠳᠬᠡᠵᠡᠢ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠭᠤᠴᠤ ᠰᠠᠶᠢᠬᠠᠨ ᠤᠷᠠᠨ ᠰᠠᠶᠢᠬᠠᠨ ᠤ ᠦᠵᠡᠬᠦᠯᠬᠡ ᠶᠢᠨ ᠲᠤᠭᠯᠠᠯᠳᠠ ᠭᠠᠷᠭᠠᠪᠠ᠃      ᠲᠤᠰ ᠤᠳᠠᠭ᠎ᠠ ᠶᠢᠨ ᠠᠵᠢᠯᠯᠠᠭ᠎ᠠ ᠶᠢ ᠬᠢᠩᠭᠠᠨ ᠠᠶᠢᠮᠠᠬ ᠤᠨ ᠵᠠᠬᠢᠷᠭ᠎ᠠ᠂ ᠬᠦᠬᠡᠬᠤᠳᠠ ᠶᠢᠨ ᠵᠠᠰᠠᠬ ᠤᠨ ᠤᠷᠳᠤᠨ ᠭᠤᠤᠯᠯᠠᠨ ᠡᠷᠬᠢᠯᠠᠵᠤ᠂ ᠶᠠᠷᠤᠩᠬᠡᠢ ᠱᠦᠵᠢ ᠰᠢ ᠶᠢᠨ ᠫᠢᠩ ᠤᠨ ᠦᠪᠤᠷ ᠮᠤᠩᠭᠤᠯ ᠳᠤ ᠰᠢᠨᠵᠢᠯᠠᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶᠠᠨ ᠤ ᠵᠤᠷᠢᠬ ᠰᠠᠨᠠᠭ᠎ᠠ ᠶᠢ ᠬᠦᠨᠵᠡᠬᠡᠢ ᠲᠤᠭᠤᠰᠢᠯᠠᠭᠤᠯᠵᠤ᠂ ᠲᠦᠪ ᠤᠨ ᠪᠠ ᠦᠪᠡᠷᠳᠡᠬᠡᠨ ᠵᠠᠰᠠᠬᠤ ᠤᠷᠤᠨ ᠤ ᠰᠤᠶᠤᠯ ᠵᠢᠭᠤᠯᠴᠢᠯᠠᠯ ᠤᠨ ᠠᠵᠢᠯ ᠢᠶᠠᠨ ᠰᠡᠷᠬᠦᠬᠡᠵᠤ ᠤᠢᠢᠯᠡᠳᠪᠤᠷᠢᠯᠡᠯ ᠢᠶᠠᠨ ᠰᠡᠷᠬᠦᠬᠡᠬᠦ ᠶᠢ ᠠᠬᠢᠭᠤᠯᠬᠤ ᠲᠤᠬᠠᠢ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠶᠠᠷ ᠭᠠᠵᠠᠷ ᠤᠷᠤᠨ ᠤ ᠬᠤᠷᠰᠢᠯᠴᠠᠭ᠎ᠠ ᠬᠠᠮᠳᠤᠷᠠᠯᠴᠠᠭ᠎ᠠ ᠶᠢ ᠴᠢᠨᠡᠬᠰᠢᠳᠠ ᠴᠢᠩᠭᠠᠳᠬᠠᠵᠤ᠂ ᠰᠤᠶᠤᠯ ᠵᠢᠭᠤᠯᠴᠢᠯᠠᠯ ᠤᠨ ᠵᠠᠬ᠎ᠠ ᠲᠡᠯᠬᠡᠬᠦᠷ ᠤᠨ ᠬᠦᠭᠵᠢᠯᠳᠠ ᠶᠢᠨ ᠠᠮᠢᠵᠢᠷᠠᠯ ᠤᠨ ᠬᠦᠴᠤᠨ ᠢ ᠬᠦᠭᠵᠢᠬᠡᠬᠦ ᠪᠠᠷ ᠵᠤᠷᠢᠯᠳᠠ ᠪᠤᠯᠭᠠᠪᠠ᠃ 1947 ᠣᠨ ᠤ 5 ᠰᠠᠷ᠎ᠠ ᠶᠢᠨ 1᠎ ᠤ ᠡᠳᠤᠷ᠂ ᠪᠦᠬᠦ ᠤᠯᠤᠰ ᠤᠨ ᠠᠩᠬᠠᠳᠠᠬᠴᠢ ᠴᠦᠬᠡᠨ ᠲᠤᠭᠠᠳᠤ ᠦᠨᠳᠤᠰᠤᠳᠠᠨ ᠤ ᠦᠪᠡᠷᠳᠡᠬᠡᠨ ᠵᠠᠰᠠᠬᠤ ᠵᠠᠰᠠᠬ ᠤᠨ ᠤᠷᠳᠤᠨ — ᠦᠪᠤᠷ ᠮᠤᠩᠭᠤᠯ ᠤᠨ ᠦᠪᠡᠷᠳᠡᠬᠡᠨ ᠵᠠᠰᠠᠬᠤ ᠵᠠᠰᠠᠬ ᠤᠨ ᠤᠷᠳᠤᠨ ᠤᠯᠠᠭᠠᠨᠬᠤᠳᠠ ᠳᠤ ᠪᠠᠶᠢᠭᠤᠯᠤᠬᠳᠠᠪᠠ᠃ ᠬᠦᠬᠡᠬᠤᠳᠠ ᠪᠤᠯ ᠳᠤᠮᠳᠠᠳᠤ ᠤᠯᠤᠰ ᠤᠨ ᠰᠢᠯᠢᠳᠡᠭ ᠵᠢᠭᠤᠯᠴᠢᠯᠠᠯ ᠤᠨ ᠬᠤᠳᠠ᠂ ᠤᠯᠤᠰ ᠤᠨ ᠲᠡᠤᠬᠡ ᠰᠤᠶᠤᠯ ᠤᠨ ᠨᠡᠷᠡᠳᠤ ᠬᠤᠳᠠ ᠪᠤᠯᠤᠨ᠎ᠠ᠃ ᠬᠢᠩᠭᠠᠨ ᠠᠶᠢᠮᠠᠬ ᠪᠤᠯᠤᠨ ᠬᠦᠬᠡᠬᠤᠳᠠ ᠶᠢᠨ ᠰᠤᠶᠤᠯ ᠤᠨ ᠠᠭᠤᠯᠤᠬᠳᠠᠬᠤᠨ ᠬᠦᠨ ᠵᠤᠵᠠᠭᠠᠨ᠂ ᠵᠢᠭᠤᠯᠴᠢᠯᠠᠯ ᠤᠨ ᠡᠬᠢ ᠪᠠᠶᠠᠯᠢᠬ ᠡᠯᠪᠡᠭ᠂ ᠰᠤᠶᠤᠯ ᠵᠢᠭᠤᠯᠴᠢᠯᠠᠯ ᠤᠨ ᠡᠬᠢ ᠪᠠᠶᠠᠯᠢᠬ ᠨᠢ ᠦᠪᠡᠷ ᠦᠪᠡᠷ ᠤᠨ ᠦᠪᠡᠷᠮᠢᠴᠠ ᠤᠨᠴᠠᠯᠢᠬ ᠲᠠᠢ᠂ ᠲᠡᠭᠡᠳᠤ ᠬᠡᠮᠵᠢᠶᠠᠨ ᠤ ᠪᠠᠶᠢᠯᠳᠤᠬᠤ ᠪᠤᠳᠤᠯᠭ᠎ᠠ ᠶᠢᠨ ᠲᠠᠭᠠᠷᠠᠯᠴᠠᠭ᠎ᠠ ᠲᠠᠢ ᠶᠤᠮ᠃ ᠤᠳᠤᠬᠠᠨ ᠳᠤ᠂ ᠬᠤᠶᠠᠷ ᠠᠶᠢᠮᠠᠬ ᠬᠤᠳᠠ ᠶᠢᠨ ᠬᠢᠨ ᠬᠤᠪᠢᠰᠬᠠᠯ ᠤᠨ ᠰᠤᠶᠤᠯ᠂ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠯ᠂ ᠰᠤᠶᠤᠯ ᠤᠨ ᠡᠬᠦᠳᠤᠯᠳᠠ ᠶᠢᠨ ᠰᠤᠳᠤᠯᠭᠠᠨ᠂ ᠵᠢᠭᠤᠯᠴᠢᠯᠠᠯ ᠤᠨ ᠲᠠᠨᠢᠯᠴᠠᠭᠤᠯᠭ᠎ᠠ᠂ ᠤᠷᠠᠯᠢᠬ ᠤᠨ ᠡᠬᠦᠳᠤᠯᠳᠠ ᠵᠡᠷᠬᠡ 6 ᠲᠠᠯ᠎ᠠ ᠶᠢᠨ ᠬᠠᠮᠳᠤᠷᠠᠯᠴᠠᠭ᠎ᠠ ᠬᠢᠬᠦ ᠭᠤᠤᠯ ᠰᠡᠳᠤᠪ᠂ 20 ᠵᠦᠢᠯ ᠤᠨ ᠬᠠᠮᠳᠤᠷᠠᠯᠴᠠᠭ᠎ᠠ ᠶᠢᠨ ᠠᠭᠤᠯᠭ᠎ᠠ ᠶᠢ ᠲᠤᠭᠳᠠᠭᠠᠵᠤ᠂ ᠡᠬᠦᠨ ᠢᠶᠠᠷ ᠡᠬᠢ ᠪᠠᠶᠠᠯᠢᠬ ᠢ ᠬᠠᠮᠳᠤ ᠪᠠᠷ ᠡᠳ᠋ᠯᠡᠬᠦ᠂ ᠵᠠᠬ᠎ᠠ ᠲᠡᠯᠬᠡᠬᠦᠷ ᠢ ᠬᠠᠮᠳᠤ ᠪᠠᠷ ᠪᠦᠳᠤᠬᠡᠨ ᠪᠠᠶᠢᠭᠤᠯᠬᠤ᠂ ᠵᠢᠭᠤᠯᠴᠢᠯᠠᠬᠰᠠᠳ ᠢᠶᠠᠨ ᠬᠠᠷᠢᠯᠴᠠᠨ ᠲᠠᠨᠢᠯᠴᠭᠤᠯᠬᠤ᠂ ᠬᠠᠮᠳᠤᠷᠠᠯᠴᠠᠭ᠎ᠠ ᠬᠢᠵᠤ ᠬᠠᠮᠳᠤ ᠪᠠᠷ ᠠᠰᠢᠬ ᠬᠦᠷᠳᠡᠬᠦ ᠶᠢ ᠪᠡᠶᠡᠯᠡᠬᠦᠯᠤᠨ᠎ᠠ᠃      ᠡᠬᠢᠯᠡᠬᠦ ᠶᠤᠰᠤᠯᠠᠯ ᠤᠨ ᠲᠠᠷᠠᠭ᠎ᠠ᠂ ᠪᠦ᠋ ᠰᠢᠶᠤᠤ ᠯᠢᠨ᠂ ᠸᠠᠩ ᠯᠢ ᠰᠢᠶᠠ᠂ ᠵᠠᠩ ᠡᠸ᠋ᠨ ᠬᠤᠢ ᠵᠡᠷᠬᠡ ᠤᠳᠤᠷᠢᠳᠤᠯᠭ᠎ᠠ ᠤᠯᠠᠭᠠᠨᠬᠤᠲᠠ · ᠬᠦᠬᠡᠬᠤᠲᠠ ᠶᠢᠨ ᠰᠤᠶᠤᠯ ᠵᠢᠭᠤᠯᠴᠢᠯᠠᠯ ᠤᠨ ᠪᠦᠳᠦᠭᠡᠭᠳᠡᠬᠦᠨ ᠤ ᠶᠡᠭᠡ ᠴᠤᠬᠯᠠᠭᠠᠨ ᠢ ᠲᠣᠭᠤᠷᠢᠨ ᠦᠵᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号