4 ᠰᠠᠷ᠎ᠠ ᠶᠢᠨ 29 ᠤ ᠡᠳᠦᠷ᠂ ᠪᠠᠶᠠᠨᠨᠠᠭᠤᠷ ᠬᠤᠳᠠ᠂ ᠦᠬᠠᠢ ᠬᠤᠳᠠ᠂ ᠠᠯᠠᠱᠠ ᠠᠶᠢᠮᠠᠬ ᠲᠤᠰ ᠲᠤᠰ | ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢᠨ | ᠲᠠᠶᠢᠴᠢᠯᠠᠯᠳᠠ ᠶᠢᠨ ᠬᠤᠷᠠᠯ ᠤᠨ ᠬᠤᠪᠢᠶᠠᠷᠢ ᠬᠤᠷᠠᠯ ᠬᠤᠷᠠᠯᠳᠤᠭᠤᠯᠵᠦ᠂ ᠭᠤᠷᠪᠡᠨ ᠠᠶᠢᠮᠠᠬ ᠬᠤᠳᠠ ᠡᠨᠡ ᠵᠢᠯ | 478 ᠴᠢᠬᠤᠯᠠ ᠶᠡᠭᠡ ᠲᠦᠷᠦᠯ ᠵᠦᠢᠯ ᠢ ᠭᠡᠷᠡᠭᠵᠢᠬᠦᠯᠬᠦ ᠪᠠᠷ ᠲᠦᠯᠦᠪᠯᠡᠵᠦ᠂ ᠶᠡᠷᠦᠩᠭᠡᠢ ᠪᠡᠯᠡ ᠤᠷᠤᠭᠤᠯᠤᠯᠳᠠ | 4107 ᠳ᠋ᠦᠩᠰᠢᠭᠤᠷ ᠲᠦᠬᠦᠷᠢᠭ ᠲᠤ ᠬᠦᠷᠬᠦ ᠪᠤᠯᠤᠨ᠎ᠠ᠃ | ᠵᠢᠯ ᠤᠨ ᠡᠬᠢᠨ ᠠᠴᠠ ᠨᠠᠭᠠᠰᠢ᠂ ᠪᠠᠶᠠᠨᠨᠠᠭᠤᠷ ᠬᠤᠳᠠ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ | ᠪᠦᠬᠦ ᠬᠦᠴᠦ ᠪᠠᠷ ᠢᠶᠠᠨ ᠠᠬᠢᠭᠤᠯᠪᠠ᠃ ᠪᠦᠬᠦ ᠵᠢᠯ ᠳᠤ 5000 ᠲᠦᠮᠡᠨ ᠲᠦᠬᠦᠷᠢᠭ ᠠᠴᠠ ᠳᠡᠭᠡᠭᠰᠢᠬᠢ ᠵᠠᠰᠠᠭ ᠤᠨ | ᠤᠷᠳᠤᠨ ᠤ ᠪᠡᠯᠡ ᠤᠷᠤᠭᠤᠯᠤᠬᠰᠠᠨ᠂ ᠳ᠋ᠦᠩᠰᠢᠭᠤᠷ ᠲᠦᠬᠦᠷᠢᠭ ᠠᠴᠠ ᠳᠡᠭᠡᠭᠰᠢᠬᠢ ᠠᠵᠤ ᠠᠬᠤᠢᠢᠯᠠᠯ ᠤᠨ ᠪᠡᠯᠡ | ᠤᠷᠤᠭᠤᠯᠤᠭᠰᠠᠨ 199 ᠴᠢᠬᠤᠯᠠ ᠶᠡᠭᠡ ᠲᠦᠷᠦᠯ ᠵᠦᠢᠯ ᠢ ᠭᠡᠷᠡᠭᠵᠢᠬᠦᠯᠵᠦ᠂ ᠶᠡᠷᠦᠩᠭᠡᠢ ᠪᠡᠯᠡ ᠤᠷᠤᠭᠤᠯᠤᠯᠳᠠ ᠨᠢ | 1656 ᠳ᠋ᠦᠩᠰᠢᠭᠤᠷ ᠲᠦᠬᠦᠷᠢᠭ ᠲᠤ ᠬᠦᠷᠴᠦ᠂ ᠵᠢᠯ ᠤᠨ ᠳᠤᠳᠤᠷ᠎ᠠ 320 ᠳ᠋ᠦᠩᠰᠢᠭᠤᠷ ᠲᠦᠬᠦᠷᠢᠭ ᠤᠨ ᠪᠡᠯᠡ | ᠤᠷᠤᠭᠤᠯᠤᠯᠳᠠ ᠶᠢ ᠪᠡᠶᠡᠯᠡᠬᠦᠯᠬᠦ ᠪᠠᠷ ᠲᠦᠯᠦᠪᠯᠡᠵᠦ ᠪᠠᠶᠢᠨ᠎ᠠ᠃ ᠤᠳᠤᠬᠠᠨ ᠳᠤ᠂ ᠤᠯᠠᠭᠠᠨᠰᠤᠬᠠᠢ ᠶᠢᠨ ᠰᠠᠪᠠ ᠭᠠᠵᠠᠷ | ᠤᠨ ᠶᠡᠷᠦᠩᠭᠡᠶᠢᠯᠡᠭᠰᠡᠨ ᠵᠠᠰᠠᠯᠳᠠ ᠶᠢᠨ ᠤᠯᠤᠰ ᠤᠨ ᠲᠤᠷᠰᠢᠯᠳᠠ ᠶᠢᠨ ᠴᠡᠭ ᠤᠨ ᠢᠨᠵᠧᠨᠧᠷᠢᠩ᠂ ᠵᠦᠩ ᠾᠧ ᠯᠦᠩ | ᠲᠧᠩ ᠭᠡᠷᠡᠯ ᠢᠯᠴᠢ᠂ ᠱᠠᠨᠰᠢ ᠶᠢᠨ ᠬᠠᠷ᠎ᠠ ᠮᠤᠤᠷ᠂ ᠦᠨᠳᠦᠷ ᠪᠠᠷᠢᠮᠵᠢᠶᠡᠳᠦ ᠲᠠᠷᠢᠶᠠᠨ ᠭᠠᠵᠠᠷ ᠤᠨ ᠪᠦᠳᠦᠭᠡᠨ | ᠪᠠᠶᠢᠭᠤᠯᠤᠯᠳᠠ ᠵᠡᠷᠭᠡ ᠦᠷᠬᠦᠯᠵᠢᠯᠡᠨ ᠪᠦᠳᠦᠭᠡᠨ ᠪᠠᠶᠢᠭᠤᠯᠵᠦ ᠪᠠᠶᠢᠭ᠎ᠠ 100 ᠲᠦᠷᠦᠯ ᠵᠦᠢᠯ ᠪᠦᠬᠦ ᠲᠠᠯ᠎ᠠ ᠪᠠᠷ | ᠠᠵᠢᠯ ᠢᠶᠠᠨ ᠰᠡᠷᠬᠦᠭᠡᠵᠦ᠂ ᠪᠤᠭᠤᠳᠤ — ᠢᠷᠭᠠᠢ ᠶᠢᠨ ᠲᠦᠷᠭᠡᠨ ᠤ ᠲᠡᠮᠦᠷ ᠵᠠᠮ᠂ ᠢᠯᠢ ᠶᠢᠨ ᠤᠷᠭᠠᠨᠢᠬ ᠰᠦᠨ | ᠤ ᠠᠵᠤ ᠦᠢᠯᠡᠰ ᠤᠨ ᠪᠦᠯᠦᠭᠵᠢᠯ ᠤᠨ ᠲᠦᠷᠦᠯ ᠵᠦᠢᠯ᠂ ᠠᠯᠳᠠᠨ ᠨᠤᠳᠤᠭ ᠤᠳᠤᠬᠢᠴᠢᠯᠠᠬᠰᠠᠨ ᠬᠤᠨᠢ ᠲᠡᠵᠢᠭᠡᠬᠦ | ᠬᠦᠷᠢᠶᠡᠯᠡᠩ ᠵᠡᠷᠭᠡ ᠰᠢᠨ᠎ᠠ ᠪᠠᠷ ᠪᠦᠳᠦᠭᠡᠨ ᠪᠠᠶᠢᠭᠤᠯᠵᠦ ᠪᠠᠶᠢᠭ᠎ᠠ 25 ᠲᠦᠷᠦᠯ ᠵᠦᠢᠯ ᠪᠦᠬᠦ ᠲᠠᠯ᠎ᠠ ᠪᠠᠷ | ᠠᠵᠢᠯ ᠢᠶᠠᠨ ᠡᠬᠢᠯᠡᠬᠦᠯᠵᠦ᠂ ᠨᠢᠭᠡᠨᠳᠠ 25.2 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠳᠠ ᠶᠢ | ᠪᠡᠶᠡᠯᠡᠬᠦᠯᠦᠨ᠂ ᠠᠵᠢᠯ ᠢᠶᠠᠨ ᠡᠬᠢᠯᠡᠬᠦᠯᠦᠨ ᠰᠡᠷᠬᠦᠭᠡᠭᠰᠡᠨ ᠨᠤᠷᠮ᠎ᠠ 63% ᠳᠤ ᠬᠦᠷᠴᠠᠢ᠃ | ᠲᠡᠭᠡᠷ᠎ᠠ ᠬᠠᠭᠠᠰ ᠵᠢᠯ ᠳᠤ ᠪᠠᠰᠠ ᠳ᠋ᠦᠩ ᠯᠢ ᠯᠢᠲ᠋ᠢ ᠶᠢᠨ ᠴᠡᠨᠡᠭ ᠤᠨ ᠮᠠᠲ᠋ᠧᠷᠢᠶᠠᠯ ᠵᠡᠷᠭᠡ 25 ᠴᠢᠬᠤᠯᠠ ᠶᠡᠭᠡ | ᠲᠦᠷᠦᠯ ᠵᠦᠢᠯ ᠤᠨ ᠠᠵᠢᠯ ᠢᠶᠠᠨ ᠡᠬᠢᠯᠡᠬᠦᠯᠦᠨ ᠰᠡᠷᠬᠦᠭᠡᠬᠦ ᠶᠢ ᠪᠡᠶᠡᠯᠡᠬᠦᠯᠵᠦ᠂ ᠠᠵᠢᠯ ᠢᠶᠠᠨ ᠡᠬᠢᠯᠡᠬᠦᠯᠦᠨ | ᠰᠡᠷᠬᠦᠭᠡᠭᠰᠡᠨ ᠨᠤᠷᠮ᠎ᠠ 90% ᠶᠢ ᠲᠠᠪᠠᠨ᠂ ᠵᠢᠱᠢᠯᠳᠠ ᠪᠠᠷ 130 ᠳ᠋ᠦᠩᠰᠢᠭᠤᠷ ᠲᠦᠬᠦᠷᠢᠭ ᠤᠨ ᠪᠡᠯᠡ | ᠤᠷᠤᠭᠤᠯᠤᠯᠳᠠ ᠶᠢ ᠪᠡᠶᠡᠯᠡᠬᠦᠯᠬᠦ ᠪᠤᠯᠤᠨ᠎ᠠ᠃ ᠲᠤᠤᠷ᠎ᠠ ᠬᠠᠭᠠᠰ ᠵᠢᠯ ᠳᠤ ᠪᠠᠰᠠ ᠭᠠᠭᠴᠠᠮᠤᠳᠤ ᠪᠤᠭᠤᠮᠳᠠ ᠶᠢᠨ | ᠲᠦᠷᠭᠡᠨ ᠤ ᠵᠠᠰᠠᠮᠠᠯ ᠵᠠᠮ ᠵᠡᠷᠭᠡ 16 ᠴᠢᠬᠤᠯᠠ ᠶᠡᠭᠡ ᠲᠦᠷᠦᠯ ᠵᠦᠢᠯ ᠤᠨ ᠠᠵᠢᠯ ᠢ ᠡᠬᠢᠯᠡᠬᠦᠯᠬᠦ ᠪᠠᠷ ᠪᠤᠢ᠃ | ᠤᠢᠢᠯᠠᠭᠠᠭᠰᠠᠨ ᠢᠶᠠᠷ᠂ ᠦᠬᠠᠢ ᠬᠤᠳᠠ ᠶᠢᠨ ᠶᠡᠷᠦᠩᠭᠡᠢ ᠪᠡᠯᠡ ᠤᠷᠤᠭᠤᠯᠤᠯᠳᠠ ᠨᠢ 11.6 ᠳ᠋ᠦᠩᠰᠢᠭᠤᠷ | ᠲᠦᠬᠦᠷᠢᠭ ᠤᠨ 4 ᠴᠢᠬᠤᠯᠠ ᠶᠡᠭᠡ ᠲᠦᠷᠦᠯ ᠵᠦᠢᠯ 4 ᠰᠠᠷ᠎ᠠ ᠶᠢᠨ 29 ᠤ ᠡᠳᠦᠷ ᠠᠵᠢᠯ ᠢᠶᠠᠨ ᠡᠬᠢᠯᠡᠬᠦᠯᠦᠨ | ᠪᠦᠳᠦᠭᠡᠨ ᠪᠠᠶᠢᠭᠤᠯᠪᠠ᠃ ᠲᠤᠰ ᠡᠳᠦᠷ ᠠᠵᠢᠯ ᠡᠬᠢᠯᠡᠭᠦᠯᠦᠭᠰᠡᠨ 4 ᠲᠦᠷᠦᠯ ᠵᠦᠢᠯ ᠳᠤ ᠶᠡᠷᠤᠩᠭᠡᠢ ᠪᠡᠯᠡ | ᠤᠷᠤᠭᠤᠯᠤᠯᠳᠠ 3.1 ᠳ᠋ᠦᠡᠭᠰᠢᠭᠤᠷ ᠲᠦᠬᠦᠷᠢᠭ ᠤᠨ ᠦᠪᠤᠷ ᠮᠤᠩᠭᠤᠯ ᠤᠨ ᠰᠢᠨ᠎ᠡ ᠲᠡᠷᠢᠶᠠᠯᠠᠩ ᠤᠨ ᠰᠠᠭᠤᠷᠢ | ᠲᠦᠬᠦᠭᠡᠷᠤᠮᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠳᠤ ᠺᠤᠮᠫᠠᠨᠢ ᠶᠢᠨ ᠪᠤᠬᠢᠷᠳᠦᠯ ᠦᠭᠡᠢ | ᠦᠨᠳᠤᠷ ᠦᠷ᠎ᠡ ᠠᠰᠢᠬᠳᠤ ᠡᠪᠡᠰᠤ ᠠᠷᠢᠯᠭᠠᠬᠴᠢ ᠰᠢᠷᠢᠰ ᠡᠮ ᠤᠨ ᠲᠦᠷᠦᠯ ᠵᠦᠢᠯ︔ ᠶᠡᠷᠤᠩᠭᠡᠢ ᠪᠡᠯᠡ | ᠤᠷᠤᠭᠤᠯᠤᠯᠳᠠ 4 ᠳ᠋ᠦᠡᠭᠰᠢᠭᠤᠷ ᠲᠦᠬᠦᠷᠢᠭ ᠤᠨ ᠮᠸᠢ ᠳ᠋ᠦᠸᠧ ᠳ᠋ᠦᠸᠧ ︵ᠦᠪᠤᠷ ᠮᠤᠩᠭᠤᠯ︶ ᠨᠡᠬᠦᠷᠡᠰᠤᠨ ᠤ | ᠪᠠᠷᠠᠭᠠᠨ ᠤ ᠬᠦᠢᠯᠭᠡᠭᠡ ᠶᠢᠨ ᠬᠢᠵᠠᠭᠠᠷᠳᠤ ᠺᠤᠮᠫᠠᠨᠢ ᠶᠢᠨ ᠪᠠᠷᠠᠭᠠᠨ ᠤ ᠬᠦᠢᠯᠭᠡᠭᠡ ᠶᠢᠨ ᠠᠵᠤ ᠦᠢᠯᠡᠰ ᠤᠨ ᠬᠦᠷᠢᠶᠠᠯᠠᠩ | ᠤᠨ ᠲᠦᠷᠦᠯ ᠵᠦᠢᠯ︔ ᠶᠡᠷᠤᠩᠭᠡᠢ ᠪᠡᠯᠡ ᠤᠷᠤᠭᠤᠯᠤᠯᠳᠠ 4 ᠳ᠋ᠦᠡᠭᠰᠢᠭᠤᠷ ᠲᠦᠬᠦᠷᠢᠭ ᠤᠨ ᠦᠪᠤᠷ ᠮᠤᠩᠭᠤᠯ ᠤᠨ | ᠵᠢᠶᠠᠩ ᠵᠧᠩ ᠨᠠᠷᠢᠯᠢᠬᠵᠢᠭᠤᠯᠤᠬᠰᠡᠨ ᠬᠢᠮᠢ ᠶᠢᠨ ᠠᠵᠤ ᠦᠢᠯᠡᠳᠪᠤᠷᠢ ᠶᠢᠨ ᠬᠢᠵᠠᠭᠠᠷᠳᠤ ᠺᠤᠮᠫᠠᠨᠢ ᠶᠢᠨ ᠤᠷᠭᠠᠨᠢᠭ | ᠠᠯᠺᠤᠤᠯ ᠤᠨ ᠪᠢᠳᠡᠬᠦᠮᠵᠢᠯᠡᠭᠰᠡᠨ ᠲᠦᠷᠦᠯ ᠵᠦᠢᠯ ᠪᠤᠯᠤᠨ ᠶᠡᠷᠤᠩᠭᠡᠢ ᠪᠡᠯᠡ ᠤᠷᠤᠭᠤᠯᠤᠯᠳᠠ 5000 ᠲᠦᠮᠡᠨ | ᠲᠦᠬᠦᠷᠢᠭ ᠤᠨ ᠹᠸᠢ ᠱᠢ ᠠᠵᠤ ᠦᠢᠯᠡᠳᠪᠤᠷᠢ ᠶᠢᠨ ᠢᠨᠲ᠋ᠧᠷ ᠰᠦᠯᠵᠢᠶ᠎ᠡ ᠶᠢᠨ ᠲᠠᠪᠴᠠᠩ ᠤᠨ ᠲᠦᠷᠦᠯ ᠵᠦᠢᠯ | ᠪᠠᠭᠳᠠᠨ᠎ᠠ᠃ ᠡᠳᠡᠭᠡᠷ ᠲᠦᠷᠦᠯ ᠵᠦᠢᠯ ᠨᠢ ᠦᠬᠠᠢ ᠬᠤᠳᠠ ᠶᠢᠨ ᠰᠢᠨ᠎ᠡ ᠬᠠᠭᠤᠴᠢᠨ ᠬᠦᠳᠡᠯᠭᠡᠬᠦ ᠬᠦᠴᠦᠨ ᠤ | ᠰᠤᠯᠢᠬᠳᠠᠯ ᠢ ᠠᠬᠢᠭᠤᠯᠵᠤ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠵᠤ᠂ ᠪᠤᠬᠢᠷᠳᠦᠯ ᠦᠭᠡᠢ ᠬᠦᠭᠵᠢᠯᠳᠠ ᠪᠠᠷ | ᠤᠳᠤᠷᠢᠳᠤᠮᠵᠢ ᠪᠤᠯᠭᠠᠬᠰᠡᠨ ᠴᠢᠨᠠᠷ ᠰᠠᠶᠢᠳᠠᠢ ᠬᠦᠭᠵᠢᠯᠳᠠ ᠶᠢᠨ ᠰᠢᠨ᠎ᠡ ᠵᠠᠮ ᠢᠶᠠᠷ ᠰᠠᠶᠢᠳᠤᠷ ᠵᠠᠮᠨᠠᠬᠤ ᠳᠤ ᠴᠢᠬᠤᠯᠠ | ᠠᠬᠢᠭᠤᠯᠬᠤ ᠦᠢᠯᠡᠳᠦᠯ ᠲᠠᠢ ᠶᠤᠮ᠃ | ᠡᠨᠡ ᠵᠢᠯ᠂ ᠦᠬᠠᠢ ᠬᠤᠳᠠ 5000 ᠲᠦᠮᠡᠨ ᠲᠦᠬᠦᠷᠢᠭ ᠠᠴᠠ ᠲᠡᠭᠡᠭᠰᠢᠬᠢ ᠵᠠᠰᠠᠭ ᠤᠨ ᠤᠷᠳᠤᠨ ᠤ ᠪᠡᠯᠡ | ᠤᠷᠤᠭᠤᠯᠤᠭᠰᠠᠨ᠂ ᠳ᠋ᠦᠡᠭᠰᠢᠭᠤᠷ ᠲᠦᠬᠦᠷᠢᠭ ᠠᠴᠠ ᠲᠡᠭᠡᠭᠰᠢᠬᠢ ᠨᠡᠶᠢᠭᠡᠮ ᠤᠨ ᠪᠡᠯᠡ ᠤᠷᠤᠭᠤᠯᠤᠬᠰᠠᠨ 148 | ᠴᠢᠬᠤᠯᠠ ᠶᠡᠭᠡ ᠲᠦᠷᠦᠯ ᠵᠦᠢᠯ ᠢ ᠬᠡᠷᠡᠭᠵᠢᠬᠦᠯᠬᠦ ᠪᠠᠷ ᠲᠦᠯᠦᠪᠯᠡᠵᠤ᠂ ᠶᠡᠷᠤᠩᠭᠡᠢ ᠪᠡᠯᠡ ᠤᠷᠤᠭᠤᠯᠤᠯᠳᠠ ᠨᠢ | 1024 ᠳ᠋ᠦᠡᠭᠰᠢᠭᠤᠷ ᠲᠦᠬᠦᠷᠢᠭ ᠲᠤ ᠬᠦᠷᠴᠤ᠂ ᠪᠦᠬᠦ ᠵᠢᠯ ᠳᠤ 170 ᠳ᠋ᠦᠡᠭᠰᠢᠭᠤᠷ ᠲᠦᠬᠦᠷᠢᠭ ᠤᠨ ᠪᠡᠯᠡ | ᠤᠷᠤᠭᠤᠯᠤᠯᠳᠠ ᠶᠢ ᠪᠡᠶᠡᠯᠡᠬᠦᠯᠬᠦ ᠪᠠᠷ ᠲᠦᠯᠦᠪᠯᠡᠵᠦ ᠪᠤᠢ᠃ ᠤᠳᠤᠬᠠᠨ ᠪᠤᠯᠳᠠᠯ᠎ᠡ᠂ ᠨᠢᠭᠡᠨᠳᠠ 78 ᠲᠦᠷᠦᠯ | ᠵᠦᠢᠯ ᠨᠢ ᠠᠵᠢᠯ ᠢᠶᠠᠨ ᠡᠬᠢᠯᠡᠬᠦᠯᠤᠨ ᠰᠡᠷᠬᠦᠭᠡᠵᠤ᠂ ᠠᠵᠢᠯ ᠡᠬᠢᠯᠡᠬᠦᠯᠦᠨ ᠰᠡᠷᠬᠦᠭᠡᠭᠰᠡᠨ ᠨᠤᠷᠮ᠎ᠡ 53% ᠳᠤ | ᠬᠦᠷᠴᠤ᠂ 11 ᠳ᠋ᠦᠡᠭᠰᠢᠭᠤᠷ ᠲᠦᠬᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠬᠦᠯᠪᠡ᠃ ᠵᠢᠱᠢᠯᠳᠠ ᠪᠠᠷ ᠡᠨᠡ ᠵᠢᠯ | ᠤᠨ ᠬᠤᠶᠠᠳᠤᠭᠠᠷ ᠤᠯᠠᠷᠢᠯ ᠳᠤ 60 ᠲᠦᠷᠦᠯ ᠵᠦᠢᠯ ᠤᠨ ᠠᠵᠢᠯ ᠢ ᠡᠬᠢᠯᠡᠬᠦᠯᠦᠨ ᠰᠡᠷᠬᠦᠭᠡᠵᠤ᠂ ᠲᠡᠭᠡᠷ᠎ᠡ ᠬᠠᠭᠠᠰ | ᠵᠢᠯ ᠳᠤ ᠠᠵᠢᠯ ᠡᠬᠢᠯᠡᠬᠦᠯᠤᠨ ᠰᠡᠷᠬᠦᠭᠡᠬᠦ ᠨᠤᠷᠮ᠎ᠡ ᠶᠢ 93% ᠳᠤ ᠬᠦᠷᠭᠡᠵᠤ᠂ 75 ᠳ᠋ᠦᠡᠭᠰᠢᠭᠤᠷ ᠲᠦᠬᠦᠷᠢᠭ ᠤᠨ | ᠪᠡᠯᠡ ᠤᠷᠤᠭᠤᠯᠤᠯᠳᠠ ᠶᠢ ᠪᠠᠶᠠᠯᠡᠬᠦᠯᠵᠤ᠂ ᠲᠤᠤᠷ᠎ᠡ ᠬᠠᠭᠠᠰ ᠵᠢᠯ ᠳᠤ᠂ ᠦᠯᠡᠳᠡᠭᠰᠡᠨ 10 ᠴᠢᠬᠤᠯᠠ ᠶᠡᠭᠡ ᠲᠦᠷᠦᠯ | ᠵᠦᠢᠯ ᠢ ᠪᠦᠬᠦᠨ ᠢ ᠠᠵᠢᠯ ᠡᠬᠢᠯᠡᠬᠦᠯᠤᠨ ᠪᠦᠳᠦᠭᠡᠨ ᠪᠠᠶᠢᠭᠤᠯᠤᠨ᠎ᠠ᠃ | ᠠᠯᠠᠱᠠ ᠠᠶᠢᠮᠠᠬ ᠤᠨ ᠬᠢᠨ ᠲᠠᠶᠢᠴᠢᠯᠠᠯᠳᠠ ᠶᠢᠨ ᠬᠤᠷᠠᠯ ᠲᠡᠭᠡᠷ᠎ᠠ 9 ᠴᠢᠬᠤᠯᠠ ᠶᠡᠭᠡ ᠲᠦᠷᠤᠯ ᠵᠦᠢᠯ | ᠲᠦᠪᠯᠡᠷᠡᠬᠦᠯᠤᠨ ᠠᠵᠢᠯ ᠢᠶᠠᠨ ᠰᠡᠷᠬᠦᠬᠡᠬᠦ ᠶᠢ ᠵᠠᠷᠯᠠᠵᠦ᠂ ᠶᠠᠷᠤᠩᠬᠡᠢ ᠪᠡᠯᠡ ᠤᠷᠤᠭᠤᠯᠤᠯᠳᠠ ᠨᠢ 232.7 | ᠳ᠋ᠦᠩᠰᠢᠭᠤᠷ ᠲᠦᠬᠦᠷᠢᠭ ᠲᠤ ᠬᠦᠷᠴᠤ᠂ ᠰᠢᠨ᠎ᠠ ᠮᠠᠲ᠋ᠧᠷᠢᠶᠠᠯ ᠤᠨ ᠠᠵᠤ ᠤᠢᠢᠯᠡᠰ᠂ ᠡᠮ ᠲᠠᠩ ᠤᠨ ᠵᠠᠪᠰᠠᠷ ᠤᠨ | ᠴᠤᠬᠴᠠ ᠪᠤᠯᠤᠨ ᠡᠯᠧᠺᠲᠷᠤᠨ ᠬᠢᠮᠢ ᠶᠢᠨ ᠤᠢᠢᠯᠡᠳᠬᠦᠨ᠂ ᠨᠠᠷᠢᠯᠢᠬᠵᠢᠭᠤᠯᠤᠭᠰᠠᠨ ᠬᠢᠮᠢ ᠶᠢᠨ ᠤᠢᠢᠯᠡᠳᠬᠦᠨ ᠵᠡᠷᠬᠡ | ᠬᠦᠷᠢᠶ᠎ᠠ ᠴᠠᠷᠠᠭᠠᠨ ᠳᠤ ᠬᠤᠯᠪᠤᠬᠳᠠᠵᠤ᠂ ᠡᠳᠡᠭᠡᠷ ᠲᠦᠷᠦᠯ ᠵᠦᠢᠯ ᠨᠢ ᠲᠤᠰ ᠲᠤᠰ ᠠᠯᠠᠱᠠ ᠠᠶᠢᠮᠠᠬ ᠤᠨ ᠬᠤ᠋ ᠮᠧᠩ | ᠡᠨᠧᠷᠬᠢ ᠶᠢᠨ ᠪᠤᠳᠠᠳᠤ ᠤᠢᠢᠯᠡᠰ ᠤᠨ ᠬᠢᠵᠠᠭᠠᠷᠳᠤ ᠺᠤᠮᠫᠠᠨᠢ ᠶᠢᠨ ᠰᠢᠨ᠎ᠠ ᠮᠠᠲ᠋ᠧᠷᠢᠶᠠᠯ ᠤᠨ ᠠᠵᠤ ᠤᠢᠢᠯᠡᠰ ᠤᠨ | ᠰᠠᠭᠤᠷᠢᠨ ᠤ ᠲᠦᠷᠤᠯ ᠵᠦᠢᠯ᠂ ᠦᠪᠤᠷ ᠮᠤᠩᠭᠤᠯ ᠤᠨ ᠰᠢᠩ ᠶᠤᠸᠠᠨ ᠰᠢᠨ᠎ᠠ ᠮᠠᠲ᠋ᠧᠷᠢᠶᠠᠯ ᠤᠨ ᠰᠢᠨᠵᠢᠯᠡᠬᠦ ᠤᠬᠠᠭᠠᠨ | ᠲᠧᠭᠨᠢᠭ ᠮᠡᠷᠬᠡᠵᠢᠯ ᠤᠨ ᠬᠢᠵᠠᠭᠠᠷᠳᠤ ᠺᠤᠮᠫᠠᠨᠢ ᠶᠢᠨ ᠡᠮ ᠲᠠᠩ ᠤᠨ ᠵᠠᠪᠰᠠᠷ ᠤᠨ ᠴᠤᠬᠴᠠ ᠪᠤᠯᠤᠨ ᠡᠯᠧᠺᠲᠷᠤᠨ ᠬᠢᠮᠢ | ᠶᠢᠨ ᠤᠢᠢᠯᠡᠳᠬᠦᠨ ᠤ ᠲᠦᠷᠤᠯ ᠵᠦᠢᠯ᠂ ᠦᠪᠤᠷ ᠮᠤᠩᠭᠤᠯ ᠤᠨ ᠰᠢᠯᠢᠳᠡᠭ ᠠᠯᠳᠧᠬᠢᠳ᠋ ᠤᠨ ᠬᠢᠮᠢ ᠶᠢᠨ ᠠᠵᠤ | ᠤᠢᠢᠯᠡᠳᠪᠤᠷᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠬᠢᠵᠠᠭᠠᠷᠳᠤ ᠺᠤᠮᠫᠠᠨᠢ ᠶᠢᠨ ᠨᠠᠷᠢᠯᠢᠬᠵᠢᠭᠤᠯᠤᠭᠰᠠᠨ | ᠬᠢᠮᠢ ᠶᠢᠨ ᠤᠢᠢᠯᠡᠳᠬᠦᠨ ᠤ ᠲᠦᠷᠤᠯ ᠵᠦᠢᠯ᠂ ᠦᠪᠤᠷ ᠮᠤᠩᠭᠤᠯ ᠤᠨ ᠺᠧ ᠷᠦᠢ ᠬᠢᠮᠢ ᠶᠢᠨ ᠠᠵᠤ ᠤᠢᠢᠯᠡᠳᠪᠤᠷᠢ | ᠶᠢᠨ ᠬᠢᠵᠠᠭᠠᠷᠳᠤ ᠺᠤᠮᠫᠠᠨᠢ ᠶᠢᠨ ᠨᠠᠷᠢᠯᠢᠬᠵᠢᠭᠤᠯᠤᠭᠰᠠᠨ ᠬᠢᠮᠢ ᠶᠢᠨ ᠤᠢᠢᠯᠡᠳᠬᠦᠨ ᠤ ᠲᠦᠷᠤᠯ ᠵᠦᠢᠯ᠂ ᠠᠯᠠᠱᠠ ᠶᠢᠨ | ᠯᠠᠨ ᠹᠧᠩ ᠬᠢᠮᠢ ᠶᠢᠨ ᠠᠵᠤ ᠤᠢᠢᠯᠡᠳᠪᠤᠷᠢ ᠶᠢᠨ ᠬᠢᠵᠠᠭᠠᠷᠳᠤ ᠺᠤᠮᠫᠠᠨᠢ ᠶᠢᠨ ᠮᠧᠲ᠋ᠢᠯ ︵ᠡᠲ᠋ᠢᠯ︶ ᠠᠯᠺᠤᠤᠯ ᠨᠠᠲᠷᠢ | ᠵᠡᠷᠬᠡ ᠤᠢᠢᠯᠡᠳᠬᠦᠨ ᠵᠢᠴᠢ ᠬᠠᠶᠠᠬᠳᠠᠮᠠᠯ ᠲᠠᠪᠤᠰᠤ ᠶᠢ ᠰᠢᠢᠳᠪᠤᠷᠢᠯᠡᠬᠦ ᠲᠦᠷᠤᠯ ᠵᠦᠢᠯ᠂ ᠦᠪᠤᠷ ᠮᠤᠩᠭᠤᠯ ᠤᠨ | ᠵᠦᠩ ᠡᡁᠧ ᠰᠢᠨ᠎ᠠ ᠮᠠᠲ᠋ᠧᠷᠢᠶᠠᠯ ᠤᠨ ᠬᠢᠵᠠᠭᠠᠷᠳᠤ ᠺᠤᠮᠫᠠᠨᠢ ᠶᠢᠨ ᠨᠠᠷᠢᠯᠢᠬᠵᠢᠭᠤᠯᠤᠭᠰᠠᠨ ᠬᠢᠮᠢ ᠶᠢᠨ ᠤᠢᠢᠯᠡᠳᠬᠦᠨ ᠤ | ᠲᠦᠷᠤᠯ ᠵᠦᠢᠯ᠂ ᠦᠪᠤᠷ ᠮᠤᠩᠭᠤᠯ ᠤᠨ ᠵᠦᠩ ᠬᠤᠢ ᠠᠮᠢᠳᠤ ᠪᠤᠳᠠᠰ ᠤᠨ ᠰᠢᠨᠵᠢᠯᠡᠬᠦ ᠤᠬᠠᠭᠠᠨ ᠲᠧᠭᠨᠢᠭ | ᠮᠡᠷᠬᠡᠵᠢᠯ ᠤᠨ ᠬᠢᠵᠠᠭᠠᠷᠳᠤ ᠺᠤᠮᠫᠠᠨᠢ ᠶᠢᠨ ᠡᠮ ᠲᠠᠩ ᠤᠨ ᠵᠠᠪᠰᠠᠷ ᠤᠨ ᠴᠤᠬᠴᠠ ᠶᠢᠨ ᠲᠦᠷᠤᠯ ᠵᠦᠢᠯ᠂ ᠦᠪᠤᠷ | ᠮᠤᠩᠭᠤᠯ ᠤᠨ ᠰᠠᠨ ᠶᠢᠤ ᠬᠢᠮᠢ ᠶᠢᠨ ᠬᠢᠵᠠᠭᠠᠷᠳᠤ ᠺᠤᠮᠫᠠᠨᠢ ᠶᠢᠨ ᠤᠷᠭᠠᠨᠢᠬ ᠴᠠᠬᠢᠭᠤᠷ ᠤᠨ ᠰᠢᠨ᠎ᠠ ᠮᠠᠲ᠋ᠧᠷᠢᠶᠠᠯ ᠤᠨ | ᠲᠦᠷᠤᠯ ᠵᠦᠢᠯ᠂ ᠦᠪᠤᠷ ᠮᠤᠩᠭᠤᠯ ᠤᠨ ᠺᠠᠢ ᠰᠢᠤᠸᠠᠨ ᠠᠷᠢᠭᠤᠳᠬᠠᠬᠤ ᠤᠢᠢᠯᠡᠳᠬᠦᠨ ᠤ ᠬᠢᠵᠠᠭᠠᠷᠳᠤ ᠺᠤᠮᠫᠠᠨᠢ ᠶᠢᠨ | ᠨᠠᠷᠢᠯᠢᠬᠵᠢᠭᠤᠯᠤᠭᠰᠠᠨ ᠬᠢᠮᠢ ᠶᠢᠨ ᠤᠢᠢᠯᠡᠳᠬᠦᠨ ᠤ ᠲᠦᠷᠤᠯ ᠵᠦᠢᠯ ᠪᠤᠯᠤᠨ᠎ᠠ᠃ ᠡᠬᠦᠨ ᠳᠤ᠂ ᠠᠯᠠᠱᠠ ᠠᠶᠢᠮᠠᠬ ᠤᠨ | ᠬᠤ᠋ ᠮᠧᠩ ᠡᠨᠧᠷᠬᠢ ᠶᠢᠨ ᠪᠤᠳᠠᠳᠤ ᠤᠢᠢᠯᠡᠰ ᠤᠨ ᠬᠢᠵᠠᠭᠠᠷᠳᠤ ᠺᠤᠮᠫᠠᠨᠢ ᠶᠢᠨ ᠰᠢᠨ᠎ᠠ ᠮᠠᠲ᠋ᠧᠷᠢᠶᠠᠯ ᠤᠨ ᠤᠢᠢᠯᠡᠰ ᠤᠨ | ᠰᠠᠭᠤᠷᠢᠨ ᠤ ᠲᠦᠷᠤᠯ ᠵᠦᠢᠯ ᠤᠨ ᠶᠠᠷᠤᠩᠬᠡᠢ ᠪᠡᠯᠡ ᠤᠷᠤᠭᠤᠯᠤᠯᠳᠠ ᠨᠢ 200 ᠳ᠋ᠦᠩᠰᠢᠭᠤᠷ ᠲᠦᠬᠦᠷᠢᠭ ᠲᠤ | ᠬᠦᠷᠴᠤ᠂ ᠲᠦᠷᠤᠯ ᠵᠦᠢᠯ ᠢ ᠪᠦᠬᠦᠨ ᠢ ᠪᠦᠳᠤᠬᠡᠨ ᠪᠠᠶᠢᠭᠤᠯᠵᠤ ᠲᠠᠭᠤᠰᠬᠠᠨ ᠠᠰᠢᠬᠯᠠᠯᠳᠠ ᠳᠤ ᠤᠷᠤᠭᠤᠯᠤᠭᠰᠠᠨ | ᠤ ᠲᠠᠷᠠᠭ᠎ᠠ ᠵᠢᠯ ᠳᠤ 257 ᠳ᠋ᠦᠩᠰᠢᠭᠤᠷ ᠲᠦᠬᠦᠷᠢᠭ ᠤᠨ ᠦᠷᠳᠡᠭ ᠢ ᠪᠡᠶᠡᠯᠡᠬᠦᠯᠵᠤ᠂ 29.5 ᠳ᠋ᠦᠩᠰᠢᠭᠤᠷ | ᠲᠦᠬᠦᠷᠢᠭ ᠤᠨ ᠭᠠᠶᠢᠯᠢ ᠲᠤᠰᠢᠶᠠᠵᠤ᠂ 5600 ᠬᠦᠮᠤᠨ ᠤ ᠠᠵᠢᠯ ᠤᠯᠭᠤᠯᠳᠠ ᠶᠢ ᠲᠠᠶᠢᠴᠢᠯᠠᠬᠤ ᠪᠤᠯᠤᠨ᠎ᠠ᠃ | ᠤᠢᠢᠯᠠᠭᠠᠬᠰᠠᠨ ᠢᠶᠠᠷ᠂ ᠡᠨᠡ ᠵᠢᠯ ᠠᠯᠠᠱᠠ ᠠᠶᠢᠮᠠᠬ ᠤᠨ ᠬᠢᠨ ᠠᠯᠠᠱᠠ ᠠᠶᠢᠮᠠᠬ ᠤᠨ ᠨᠢᠬᠡᠳᠤᠭᠡᠷ ᠲᠤᠮᠳᠠᠳᠤ | ᠰᠤᠷᠭᠠᠭᠤᠯᠢ ᠵᠡᠷᠬᠡ 5000 ᠲᠦᠮᠡᠨ ᠲᠦᠬᠦᠷᠢᠭ ᠠᠴᠠ ᠲᠡᠭᠡᠭᠰᠢᠬᠢ ᠵᠠᠰᠠᠬ ᠤᠨ ᠤᠷᠳᠤᠨ ᠤ ᠪᠡᠯᠡ | ᠤᠷᠤᠭᠤᠯᠤᠬᠰᠠᠨ 49 ᠲᠦᠷᠤᠯ ᠵᠦᠢᠯ᠂ ᠬᠤ᠋ ᠮᠧᠩ ᠰᠢᠨ᠎ᠠ ᠡᠨᠧᠷᠬᠢ ᠶᠢᠨ ᠮᠠᠲ᠋ᠧᠷᠢᠶᠠᠯ ᠤᠨ ᠰᠠᠭᠤᠷᠢᠨ ᠵᠡᠷᠬᠡ | ᠳ᠋ᠦᠩᠰᠢᠭᠤᠷ ᠲᠦᠬᠦᠷᠢᠭ ᠠᠴᠠ ᠲᠡᠭᠡᠭᠰᠢᠬᠢ ᠠᠵᠤ ᠠᠬᠤᠢᠢᠯᠠᠯ ᠤᠨ ᠪᠡᠯᠡ ᠤᠷᠤᠭᠤᠯᠤᠬᠰᠠᠨ 82 ᠲᠦᠷᠤᠯ ᠵᠦᠢᠯ ᠢ | ᠭᠡᠷᠡᠭᠵᠢᠬᠦᠯᠵᠤ᠂ ᠶᠠᠷᠤᠩᠬᠡᠢ ᠪᠡᠯᠡ ᠤᠷᠤᠭᠤᠯᠤᠯᠳᠠ ᠨᠢ 1427 ᠳ᠋ᠦᠩᠰᠢᠭᠤᠷ ᠲᠦᠬᠦᠷᠢᠭ ᠲᠤ ᠬᠦᠷᠴᠦ᠂ ᠵᠢᠯ ᠤᠨ | ᠳᠤᠳᠤᠷ᠎ᠠ 195 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠬᠦᠯᠬᠦ ᠪᠠᠷ ᠲᠦᠯᠤᠪᠯᠠᠵᠤ ᠪᠤᠢ᠃ | ᠤᠳᠤᠬᠠᠨ ᠳᠤ᠂ 131 ᠲᠦᠷᠤᠯ ᠵᠦᠢᠯ ᠤᠨ ᠳᠤᠳᠤᠷᠠᠬᠢ 71 ᠲᠦᠷᠤᠯ ᠵᠦᠢᠯ ᠨᠢ ᠠᠵᠢᠯ ᠢᠶᠠᠨ ᠡᠬᠢᠯᠡᠬᠦᠯᠦᠨ | ᠰᠡᠷᠬᠦᠬᠡᠵᠤ᠂ 14.5 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠬᠦᠯᠪᠠ︔ | ᠬᠡᠪᠴᠢᠶᠡᠵᠢᠯ ᠠᠴᠠ ᠲᠡᠭᠡᠭᠰᠢᠬᠢ 128 ᠠᠵᠤ ᠠᠬᠤᠢᠢᠯᠠᠯ ᠤᠨ ᠳᠤᠳᠤᠷᠠᠬᠢ 123 ᠨᠢ ᠬᠡᠪ ᠤᠨ ᠤᠢᠢᠯᠡᠳᠪᠤᠷᠢᠯᠡᠯ | ᠢᠶᠠᠨ ᠰᠡᠷᠬᠦᠭᠡᠵᠦ᠂ ᠠᠵᠢᠯ ᠢᠶᠠᠨ ᠰᠡᠷᠬᠦᠬᠡᠵᠤ ᠤᠢᠢᠯᠡᠳᠪᠤᠷᠢᠯᠡᠯ ᠢᠶᠠᠨ ᠰᠡᠷᠬᠦᠭᠡᠭᠰᠡᠨ ᠨᠤᠷᠮ᠎ᠠ ᠨᠢ 96.1% ᠳᠤ | ᠬᠦᠷᠴᠠᠢ᠃ |