ᠦᠪᠦᠷ ᠮᠤᠩᠭᠤᠯ ᠤᠷᠤᠨ ᠳᠠᠬᠢ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2020/5/7
     2020 ᠣᠨ ᠤ 5 ᠰᠠᠷ᠎ᠠ ᠶᠢᠨ 6᠎ ᠤ ᠡᠳᠦᠷ ᠤᠨ 7 ᠴᠠᠭ ᠠᠴᠠ 5 ᠰᠠᠷ᠎ᠠ ᠶᠢᠨ 7᠎ ᠤ ᠡᠳᠦᠷ ᠤᠨ 7 ᠴᠠᠭ ᠪᠣᠯᠲᠠᠯ᠎ᠠ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠳᠤ ᠳᠤᠳᠤᠯᠠᠭᠰᠠᠨ ᠡᠪᠡᠳᠴᠢᠨ ᠤ ᠵᠢᠱᠢᠶ᠎ᠠ ᠪᠠ ᠰᠡᠵᠢᠭᠯᠡᠯᠳᠡᠢ ᠡᠪᠡᠳᠴᠢᠨ ᠤ ᠵᠢᠱᠢᠶ᠎ᠠ ᠨᠡᠮᠡᠭᠳᠡᠭᠰᠡᠨ ᠦᠬᠡᠢ᠃      ᠰᠢᠨ᠎ᠠ ᠪᠠᠷ ᠨᠡᠮᠡᠭᠳᠡᠭᠰᠡᠨ ᠡᠮᠨᠡᠯᠬᠡ ᠠᠴᠠ ᠭᠠᠷᠤᠭᠰᠠᠨ ᠡᠪᠡᠳᠴᠢᠨ ᠤ ᠵᠢᠱᠢᠶ᠎ᠠ 4 ︵ᠮᠠᠨᠵᠤᠤᠷ ᠪᠤᠭᠤᠮᠳᠠ ᠪᠠᠷ ᠤᠷᠤᠵᠦ ᠢᠷᠡᠭᠰᠡᠨ ᠡᠪᠡᠳᠴᠢᠳᠡᠨ︶ ᠪᠠᠶᠢᠨ᠎ᠠ᠃      ᠰᠡᠵᠢᠭᠯᠡᠯᠲᠡᠢ ᠠᠴᠠ ᠭᠠᠷᠭᠠᠭᠰᠠᠨ ᠨᠢ 1 ᠬᠥᠮᠥᠨ ︵ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠦᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠨ︶ ᠪᠤᠢ᠃      2020 ᠤᠨ ᠤ 5 ᠰᠠᠷ᠎ᠠ ᠶᠢᠨ 7᠎ ᠤ ᠡᠳᠦᠷ ᠤᠨ 7 ᠴᠠᠭ ᠪᠤᠯᠳᠠᠯ᠎ᠠ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠳᠤ ᠤᠷᠤᠵᠦ ᠢᠷᠡᠭᠰᠡᠨ ᠲᠤᠬᠠᠢ ᠶᠢᠨ ᠭᠠᠵᠠᠷ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠤᠳᠤᠯᠠᠬᠰᠠᠨ ᠡᠪᠡᠳᠴᠢᠨ ᠤ ᠵᠢᠱᠢᠶ᠎ᠡ 2᠂ 1 ᠡᠪᠡᠳᠴᠢᠨ ᠤ ᠵᠢᠱᠢᠶ᠎ᠡ ᠡᠮᠨᠡᠯᠭᠡ ᠠᠴᠠ ᠭᠠᠷᠴᠠᠢ  ︔     ᠬᠢᠯᠢ ᠶᠢᠨ ᠭᠠᠳᠠᠨ᠎ᠠ ᠠᠴᠠ ᠤᠷᠤᠵᠦ ᠢᠷᠡᠭᠰᠡᠨ ᠳᠤᠳᠤᠯᠠᠭᠰᠠᠨ ᠡᠪᠡᠳᠴᠢᠨ ᠤ ᠵᠢᠱᠢᠶ᠎ᠠ ᠨᠡᠶᠢᠳᠡ 124 ︵ᠤᠷᠤᠰ ᠠᠴᠠ 77᠂ ᠠᠩᠭ᠍ᠯᠢ ᠠᠴᠠ 22᠂ ᠹᠷᠠᠨᠼᠢ ᠠᠴᠠ 19᠂ ᠠᠮᠧᠷᠢᠺᠠ ᠠᠴᠠ 2᠂ ᠢᠰᠫᠠᠨᠢ ᠠᠴᠠ 2᠂ ᠰᠸᠧᠳᠧᠨ ᠠᠴᠠ 2︶ ᠪᠠᠶᠢᠵᠤ᠂ 96 ᠡᠪᠡᠳᠴᠢᠳᠡᠨ ᠡᠷᠡᠭᠦᠯᠵᠢᠵᠤ ᠡᠮᠨᠡᠯᠭᠡ ᠠᠴᠠ ᠭᠠᠷᠴᠠᠢ᠃      ᠤᠳᠤ ᠪᠠᠶᠢᠭ᠎ᠠ ᠮᠠᠨ ᠤ ᠤᠷᠤᠨ ᠳᠤ ᠤᠷᠤᠵᠦ ᠢᠷᠡᠭᠰᠡᠨ ᠳᠤᠬᠠᠢ ᠶᠢᠨ ᠭᠠᠵᠠᠷ ᠤᠨ ᠲᠤᠳᠤᠯᠠᠬᠰᠠᠨ ᠡᠪᠡᠳᠴᠢᠨ ᠤ ᠵᠢᠱᠢᠶ᠎ᠡ 1 ᠪᠤᠢ︔ ᠬᠢᠯᠢ ᠶᠢᠨ ᠭᠠᠳᠠᠨ᠎ᠠ ᠠᠴᠠ ᠤᠷᠤᠵᠤ ᠢᠷᠡᠭᠰᠡᠨ ᠲᠤᠳᠤᠯᠠᠬᠰᠠᠨ ᠡᠪᠡᠳᠴᠢᠨ ᠤ ᠵᠢᠱᠢᠶ᠎ᠠ 28 ᠪᠤᠢ᠃      2020 ᠣᠨ ᠤ 5 ᠰᠠᠷ᠎ᠠ ᠶᠢᠨ 6᠎ ᠤ ᠡᠳᠦᠷ ᠤᠨ 24 ᠴᠠᠭ ᠪᠣᠯᠲᠠᠯ᠎ᠠ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠡᠪᠡᠳᠴᠢᠨ ᠤ ᠢᠯᠡᠷᠡᠯ ᠦᠬᠡᠢ ᠬᠠᠯᠳᠠᠪᠤᠷᠢᠯᠠᠭᠰᠠᠳ ᠭᠠᠷᠤᠬᠰᠠᠨ ᠦᠭᠡᠢ᠃      ᠳᠡᠭᠡᠷᠡᠬᠢ ᠡᠪᠡᠳᠴᠢᠲᠡᠨ ᠪᠦᠬᠦᠨ ᠢᠶᠠᠷ ᠢᠶᠠᠨ ᠲᠤᠬᠳᠠᠬᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠨᠡᠭᠦᠯᠵᠤ᠂ ᠨᠢᠬᠳᠠ ᠤᠢᠢᠷᠠᠳᠤᠬᠰᠠᠳ ᠢ ᠨᠢ ᠴᠥᠮ ᠲᠣᠭᠲᠠᠭᠰᠠᠨ ᠭᠠᠵᠠᠷ ᠲᠤ ᠲᠦᠪᠯᠡᠷᠡᠭᠦᠯᠦᠨ ᠠᠨᠠᠭᠠᠬᠤ ᠤᠬᠠᠭᠠᠨ ᠤ ᠠᠵᠢᠬᠯᠠᠯᠲᠠ ᠬᠢᠵᠦ᠂ ᠪᠥᠬᠦ ᠶᠠᠪᠤᠴᠠ ᠳᠤ ᠪᠢᠳᠡᠭᠦᠮᠵᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠵᠦ ᠪᠤᠢ᠃ ᠭᠠᠳᠠᠨ᠎ᠠ ᠠᠴᠠ ᠤᠷᠤᠵᠦ ᠢᠷᠡᠭᠰᠡᠨ ᠳᠤᠬᠠᠢ ᠶᠢᠨ ᠭᠠᠵᠠᠷ ᠤᠨ ᠡᠪᠡᠳᠴᠢᠨ ᠤ ᠵᠢᠱᠢᠶ᠎ᠠ ᠶᠢᠨ ᠬᠠᠮᠢᠶ᠎ᠠ ᠪᠦᠬᠦᠢ ᠬᠠᠯᠳᠠᠪᠤᠷᠢᠳᠦ ᠡᠪᠡᠳᠴᠢᠨ ᠤ ᠪᠠᠶᠢᠴᠠᠭᠠᠯᠳᠠ ᠪᠠ ᠨᠢᠭᠳᠠ ᠤᠢᠢᠷᠠᠳᠤᠭᠰᠠᠳ ᠢ ᠨᠢ ᠮᠦᠷᠳᠡᠨ ᠪᠠᠶᠢᠴᠠᠭᠠᠬᠤ ᠠᠵᠢᠯ ᠴᠤ ᠶᠠᠪᠤᠭᠳᠠᠵᠦ ᠪᠠᠶᠢᠨ᠎ᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠤᠬᠠᠢ ᠶᠢᠨ ᠭᠠᠵᠠᠷ ᠤᠨ ᠪᠠ ᠬᠢᠯᠢ ᠶᠢᠨ ᠭᠠᠳᠠᠨ᠎ᠠ ᠠᠴᠠ ᠤᠷᠤᠵᠤ ᠢᠷᠡᠭᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠵᠢᠴᠢ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠬᠰᠠᠳ ᠤᠨ ᠬᠠᠮᠢᠶ᠎ᠠ ᠪᠦᠬᠦᠢ ᠪᠠᠶᠢᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠤᠰ ᠤᠨ ᠬᠠᠮᠢᠶ᠎ᠠ ᠪᠥᠬᠦᠶ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠠᠪᠴᠠᠯ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠦ ᠪᠤᠢ᠃      ᠢᠷᠡᠯᠳᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号