ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠬᠤᠭᠤᠴᠠᠭᠠᠨ ᠳᠤ᠂ ᠮᠠᠨ ᠤ ᠣᠷᠣᠨ ᠤ ᠬᠦᠯᠢᠶᠡᠨ ᠠᠪᠤᠭᠰᠠᠨ | ᠵᠢᠭᠤᠯᠴᠢᠯᠠᠭᠴᠢᠳ 227.34 ᠲᠦᠮᠡᠨ ᠬᠦᠮᠦᠨ ᠤᠳᠠᠭ᠎ᠠ ᠳᠤ ᠬᠦᠷᠴᠦ᠂ ᠵᠢᠭᠤᠯᠴᠢᠯᠠᠯ ᠤᠨ ᠦᠢᠯᠡᠰ ᠤᠨ | ᠶᠡᠷᠦᠩᠬᠡᠶᠢᠯᠡᠭᠰᠡᠨ ᠣᠷᠣᠯᠭ᠎ᠠ ᠶᠢ 6.504 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠠᠮᠠᠷᠠᠯᠲᠠ ᠶᠢᠨ ᠡᠳᠦᠷ ᠤᠨ | ᠵᠢᠭᠤᠯᠴᠢᠯᠠᠯ ᠠᠮᠤᠷ ᠲᠦᠪᠰᠢᠨ ᠲᠣᠭᠲᠠᠭᠤᠨ᠂ ᠡᠮᠬᠢ ᠵᠢᠷᠤᠮ ᠲᠠᠢ ᠬᠥᠭᠵᠢᠬᠦ ᠰᠠᠶᠢᠨ ᠰᠠᠶᠢᠬᠠᠨ ᠪᠠᠶᠢᠳᠠᠯ | ᠢᠯᠡᠷᠡᠪᠡ᠃ | ᠡᠨᠡ ᠬᠦ ᠠᠮᠠᠷᠠᠯᠲᠠ ᠶᠢᠨ ᠬᠤᠭᠤᠴᠠᠭᠠᠨ ᠳᠤ᠂ ᠮᠠᠨ ᠤ ᠣᠷᠣᠨ ᠤ ᠵᠢᠭᠤᠯᠴᠢᠯᠠᠯ ᠤᠨ ᠭᠤᠤᠯ ᠬᠡᠯᠪᠡᠷᠢ ᠨᠢ | ︽ᠥᠪᠥᠷ ᠮᠣᠩᠭᠤᠯᠴᠤᠳ ᠥᠪᠥᠷ ᠮᠣᠩᠭᠤᠯ ᠳᠤ ᠪᠠᠨ ᠵᠢᠭᠤᠯᠴᠢᠯᠠᠬᠤ︾ ᠨᠢᠭᠡ ᠡᠳᠦᠷ ᠤᠨ ᠵᠢᠭᠤᠯᠴᠢᠯᠠᠯ᠂ ᠣᠶᠢᠷ᠎ᠠ | ᠵᠠᠮ ᠤᠨ ᠵᠢᠭᠤᠯᠴᠢᠯᠠᠯ᠂ ᠡᠷᠬᠢᠨ ᠲᠣᠭᠤᠷᠢᠨ ᠤ ᠵᠢᠭᠤᠯᠴᠢᠯᠠᠯ ᠪᠠᠶᠢᠵᠤ᠂ ᠮᠠᠨ ᠤ ᠣᠷᠣᠨ ᠤ ᠵᠢᠭᠤᠯᠴᠢᠯᠠᠭᠴᠢᠳ 91. | 81% ᠶᠢ ᠡᠵᠡᠯᠡᠪᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠤᠯᠠᠷᠢᠯ ᠤᠨ ᠬᠦᠴᠦᠨ ᠵᠦᠢᠯ ᠤᠨ | ᠨᠥᠯᠥᠭᠡ ᠠᠴᠠ ᠪᠣᠯᠵᠣ᠂ ᠮᠤᠵᠢ ᠣᠷᠣᠨ ᠠᠯᠤᠰᠯᠠᠬᠤ ᠵᠢᠴᠢ ᠬᠤᠯᠠ ᠵᠠᠮ ᠤᠨ ᠵᠢᠭᠤᠯᠴᠢᠯᠠᠯ ᠨᠢ ᠬᠢᠵᠠᠭᠠᠷᠯᠠᠯ ᠳᠤ | ᠤᠴᠠᠷᠠᠵᠤ᠂ ᠵᠢᠭᠤᠯᠴᠢᠯᠠᠯ ᠤᠨ ᠬᠥᠮᠦᠨ ᠤ ᠲᠤᠭ᠎ᠠ ᠪᠠ ᠣᠷᠣᠯᠭ᠎ᠠ ᠨᠢ ᠨᠢᠳᠤᠨᠤᠨ ᠤ ᠠᠳᠠᠯᠢ ᠬᠤᠭᠤᠴᠠᠭ᠎ᠠ ᠲᠠᠢ | ᠬᠠᠷᠢᠴᠠᠭᠤᠯᠪᠠᠯ᠂ ᠪᠠᠭᠤᠷᠠᠭᠰᠠᠨ ᠬᠡᠮᠵᠢᠶ᠎ᠡ ᠨᠢ ᠨᠡᠯᠢᠶᠡᠳ ᠶᠡᠭᠡ ᠪᠠᠶᠢᠵᠤ᠂ ᠵᠥᠪᠬᠡᠨ ᠨᠢᠳᠤᠨᠤᠨ ᠤ ︽5 · 1︾ ᠤ | ᠠᠮᠠᠷᠠᠯᠲᠠ ᠶᠢᠨ ᠬᠤᠭᠤᠴᠠᠭᠠᠨ ᠤ 30% ᠣᠷᠴᠢᠮ ᠰᠡᠷᠭᠦᠵᠡᠶ᠃ | ︽ᠥᠪᠥᠷ ᠮᠣᠩᠭᠤᠯᠴᠤᠳ ᠥᠪᠥᠷ ᠮᠣᠩᠭᠤᠯ ᠳᠤ ᠪᠠᠨ ᠵᠢᠭᠤᠯᠴᠢᠯᠠᠬᠤ︾ ᠠᠵᠢᠯᠯᠠᠭ᠎ᠠ ᠶᠢ ᠰᠠᠶᠢᠲᠤᠷ | ᠬᠢᠬᠦ ᠶᠢᠨ ᠲᠤᠰᠠᠳᠠ᠂ ᠠᠮᠠᠷᠠᠯᠲᠠ ᠠᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ | ᠲᠢᠩᠬᠢᠮ ᠬᠠᠪᠤᠷ ᠵᠣᠨ ᠤ ᠤᠯᠠᠷᠢᠯ ᠤᠨ ᠵᠢᠭᠤᠯᠴᠢᠯᠠᠯ ᠤᠨ 56 ᠵᠤᠷᠪᠤᠰ ᠵᠠᠮ ᠱᠤᠭᠤᠮ ᠢ ᠨᠡᠶᠢᠲᠡᠯᠡᠵᠦ᠂ 4 ᠵᠤᠷᠪᠤᠰ | ᠰᠣᠳᠣᠨ ᠵᠢᠭᠤᠯᠴᠢᠯᠠᠯ ᠤᠨ ᠵᠠᠮ ᠱᠤᠭᠤᠮ᠂ 10 ᠵᠤᠷᠪᠤᠰ ᠭᠤᠤᠯ ᠰᠡᠳᠦᠪᠲᠦ ᠵᠢᠭᠤᠯᠴᠢᠯᠠᠯ ᠤᠨ ᠵᠠᠮ ᠱᠤᠭᠤᠮ ᠪᠠ | 42 ᠵᠤᠷᠪᠤᠰ ᠲᠤᠰᠬᠠᠶ ᠰᠡᠳᠦᠪᠲᠦ ᠵᠢᠭᠤᠯᠴᠢᠯᠠᠯ ᠤᠨ ᠵᠠᠮ ᠱᠤᠭᠤᠮ ᠢ ᠪᠠᠭᠲᠠᠭᠠᠵᠤ᠂ ᠠᠷᠠᠳ ᠣᠯᠠᠨ ᠤ ᠡᠷᠡᠭᠦᠯ | ᠮᠡᠨᠳᠦ ᠠᠮᠤᠷ ᠲᠦᠪᠰᠢᠨ ᠡᠮᠬᠢ ᠵᠢᠷᠤᠮ ᠲᠠᠢ ᠵᠢᠭᠤᠯᠴᠢᠯᠠᠬᠤ ᠶᠢ ᠬᠥᠲᠥᠯᠦᠨ ᠵᠢᠯᠣᠭᠤᠳᠴᠤ᠂ ᠥᠪᠡᠷᠲᠡᠭᠡᠨ ᠵᠠᠰᠠᠬᠤ | ᠣᠷᠣᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠰᠡᠷᠭᠦᠯᠲᠡ ᠳᠤ ᠬᠦᠴᠦᠨ ᠨᠡᠮᠡᠷᠢᠯᠡᠪᠡ᠃ | | | | | | | | ᠪᠥᠬᠦ ᠣᠷᠣᠨ ᠤ ᠡᠯ᠎ᠡ ᠭᠠᠵᠠᠷ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠵᠢᠯ ᠢ ᠵᠡᠷᠭᠡᠪᠡᠷ | ᠶᠠᠪᠤᠭᠳᠠᠭᠤᠯᠵᠤ᠂ ᠦᠵᠡᠮᠵᠢ ᠶᠢᠨ ᠣᠷᠣᠨ ᠤ ᠭᠥᠯᠢᠶᠡᠨ ᠠᠪᠬᠤ ᠬᠥᠮᠦᠨ ᠤ ᠲᠤᠭ᠎ᠠ ᠶᠢ ᠴᠢᠩᠭ᠎ᠠ ᠬᠢᠵᠠᠭᠠᠷᠯᠠᠨ᠂ | ᠭᠥᠯᠢᠶᠡᠨ ᠠᠪᠬᠤ ᠵᠢᠭᠤᠯᠴᠢᠯᠠᠭᠴᠢᠳ ᠤᠨ ᠬᠡᠮᠵᠢᠶ᠎ᠡ ᠶᠢ ᠬᠢᠨᠠᠨ ᠲᠣᠭᠲᠠᠭᠠᠭᠰᠠᠨ ᠬᠠᠮᠤᠭ ᠤᠨ ᠶᠡᠭᠡ ᠳᠠᠭᠠᠭᠠᠴᠠ ᠶᠢᠨ | 30% ᠠᠴᠠ ᠳᠠᠪᠠᠭᠤᠯᠬᠤ ᠥᠬᠡᠶ ᠪᠠᠶᠢᠬᠤ ᠶᠢ ᠥᠨᠡᠨ ᠬᠦ ᠪᠠᠲᠤᠯᠠᠪᠠ︔ ᠤᠷᠢᠳᠴᠢᠯᠠᠨ ᠪᠣᠯᠵᠣᠬᠤ ᠵᠢᠭᠤᠯᠴᠢᠯᠠᠯ ᠢ | ᠴᠢᠩᠭ᠎ᠠ ᠬᠡᠷᠡᠭᠵᠢᠭᠦᠯᠵᠦ᠂ ᠮᠠᠨ ᠤ ᠣᠷᠣᠨ ᠤ ᠪᠣᠢ ᠪᠦᠬᠦᠢ 5A ᠳᠡᠰ ᠪᠠ ᠬᠡᠰᠡᠭ ᠪᠦᠯᠦᠭ 4A ᠲᠡᠰ ᠤᠨ | ᠦᠵᠡᠮᠵᠢ ᠶᠢᠨ ᠣᠷᠣᠨ ᠳᠤ ᠤᠷᠢᠳᠴᠢᠯᠠᠨ ᠪᠣᠯᠵᠣᠬᠤ ᠵᠢᠭᠤᠯᠴᠢᠯᠠᠯ ᠢ ᠪᠡᠶᠡᠯᠡᠭᠦᠯᠪᠡ᠃ ᠠᠮᠠᠷᠠᠯᠲᠠ ᠶᠢᠨ | ᠬᠤᠭᠤᠴᠠᠭᠠᠨ ᠳᠤ᠂ ᠮᠠᠨ ᠤ ᠣᠷᠣᠨ ᠤ ᠨᠡᠬᠡᠬᠡᠯᠲᠡ ᠬᠢᠭᠰᠡᠨ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ | 313 ᠪᠠᠶᠢᠵᠤ᠂ ᠪᠥᠬᠦ A ᠲᠠᠰ ᠤᠨ ᠦᠵᠡᠮᠵᠢ ᠶᠢᠨ ᠣᠷᠣᠨ ᠤ 66.17% ᠶᠢ ᠡᠵᠡᠯᠡᠪᠡ︔ 219 ᠣᠳᠣᠨ | ᠲᠠᠰ ᠤᠨ ᠵᠣᠴᠢᠳ ᠤᠨ ᠪᠠᠭᠤᠳᠠᠯ ᠠᠵᠢᠯ ᠢᠶᠠᠨ ᠰᠡᠷᠭᠦᠭᠡᠵᠦ᠂ ᠠᠵᠢᠯ ᠢᠶᠠᠨ ᠰᠡᠷᠭᠦᠭᠡᠭᠰᠡᠨ ᠨᠣᠷᠮ᠎ᠠ 8 4.56% | ᠪᠣᠯᠪᠠ︔ 1.5 ᠲᠦᠮᠡᠨ ᠣᠯᠠᠨ ᠨᠡᠶᠢᠲᠡ ᠶᠢᠨ ᠰᠣᠶᠣᠯ ᠤᠨ ᠲᠠᠯᠠᠪᠤᠷ ᠭᠠᠵᠠᠷ ᠠᠵᠢᠯ ᠢᠶᠠᠨ ᠰᠡᠷᠭᠦᠭᠡᠵᠦ᠂ ᠠᠵᠢᠯ | ᠰᠡᠷᠭᠦᠭᠡᠭᠰᠡᠨ ᠨᠣᠷᠮ᠎ᠠ 99.24% ᠳᠤ ᠬᠦᠷᠴᠦ᠂ ᠠᠵᠢᠯ ᠢᠶᠠᠨ ᠰᠡᠷᠭᠦᠭᠡᠬᠦ ᠶᠣᠰᠣᠲᠠᠶ ᠪᠠ ᠰᠡᠷᠭᠦᠭᠡᠵᠦ ᠴᠢᠳᠠᠬᠤ | ᠪᠦᠬᠦᠨ ᠢ ᠰᠡᠷᠭᠦᠭᠡᠨ᠂ ᠥᠷᠭᠡᠨ ᠣᠯᠠᠨ ᠠᠷᠠᠳ ᠲᠦᠮᠡᠨ ᠤ ᠰᠣᠶᠣᠯ ᠪᠣᠯᠤᠨ ᠵᠢᠭᠤᠯᠴᠢᠯᠠᠯ ᠤᠨ ᠬᠡᠷᠡᠭᠯᠡᠭᠡ ᠳᠤ ᠨᠡᠩ | ᠣᠯᠠᠨ ᠰᠣᠩᠭᠤᠯᠲᠠ ᠬᠠᠩᠭᠠᠵᠤ᠂ ᠠᠮᠠᠷᠠᠯᠲᠠ ᠶᠢᠨ ᠬᠤᠭᠤᠴᠠᠭᠠᠨ ᠤ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠮᠤᠷ | ᠲᠦᠪᠰᠢᠨ ᠲᠣᠭᠲᠠᠭᠤᠨ ᠪᠥᠭᠡᠳ ᠡᠮᠬᠢ ᠳᠢᠭᠯᠢᠮ ᠲᠠᠢ ᠪᠠᠶᠢᠬᠤ ᠶᠢ ᠦᠨᠡᠨ ᠬᠦ ᠪᠠᠲᠤᠯᠠᠪᠠ᠃ |