ᠦᠪᠤᠷ ᠮᠤᠩᠭᠤᠯ ᠤᠨ ᠲᠦᠷᠦᠯ ᠲᠡᠮᠳᠡᠭ ᠲᠦᠷᠢ ᠲᠦᠷᠬᠦ ᠶᠢ ᠤᠬᠠᠭᠤᠯᠤᠨ ᠲᠠᠨᠢᠯᠴᠠᠭᠤᠯᠬᠤ ᠠᠵᠢᠯᠯᠠᠭ᠎ᠠ ᠡᠬᠢᠯᠡᠪᠡ  ᠪᠦ᠋ ᠰᠢᠶᠤᠤ ᠯᠢᠨ ᠣᠷᠣᠯᠴᠠᠵᠠᠢ
ᠨᠡᠶᠢᠲᠡᠯᠡᠭᠰᠡᠨ ᠴᠠᠭ᠄
2020/5/9
     5 ᠰᠠᠷ᠎ᠠ ᠶᠢᠨ 8᠎ ᠤ ᠦᠳᠡ ᠶᠢᠨ ᠬᠤᠶᠢᠨ᠎ᠡ᠂ ᠦᠪᠤᠷ ᠮᠤᠩᠭᠤᠯ ᠤᠨ ᠲᠦᠷᠦᠯ ᠲᠡᠮᠳᠡᠭ ᠲᠦᠷᠢ ᠲᠦᠷᠬᠦ ᠶᠢ ᠤᠬᠠᠭᠤᠯᠤᠨ ᠲᠠᠨᠢᠯᠴᠠᠭᠤᠯᠬᠤ ᠠᠵᠢᠯᠯᠠᠭ᠎ᠠ ᠬᠦᠬᠡᠬᠤᠳᠠ ᠳᠤ ᠡᠬᠢᠯᠡᠪᠡ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠪᠠᠶᠢᠩᠭᠤ ᠶᠢᠨ ᠬᠡᠰᠢᠬᠦᠨ᠂ ᠦᠪᠡᠷᠳᠡᠭᠡᠨ ᠵᠠᠰᠠᠬᠤ ᠤᠷᠤᠨ ᠤ ᠪᠠᠶᠢᠩᠭᠤ ᠶᠢᠨ ᠲᠡᠳ᠋ ᠲᠡᠷᠢᠬᠦᠯᠡᠭᠴᠢ ᠮᠠ ᠰᠢᠤᠸᠠᠢ ᠵᠢᠶᠦ᠋ᠨ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠪᠠᠶᠢᠩᠭᠤ ᠶᠢᠨ ᠬᠡᠰᠢᠬᠦᠨ᠂ ᠤᠬᠠᠭᠤᠯᠬᠤ ᠬᠡᠯᠳᠡᠰ ᠤᠨ ᠲᠠᠷᠤᠭ᠎ᠠ ᠪᠠᠢ ᠢᠤᠢ ᠭᠠᠩ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠵᠧᠩ ᠬᠤᠩ ᠹᠠᠨ ᠤᠷᠤᠯᠴᠠᠭᠰᠠᠠ ᠪᠦᠬᠡᠳ ᠬᠠᠮᠳᠤ ᠪᠠᠷ ᠦᠪᠤᠷ ᠮᠤᠩᠭᠤᠯ ᠤᠨ ᠲᠦᠷᠦᠯ ᠲᠡᠮᠳᠡᠭ ᠲᠦᠷᠢ ᠲᠦᠷᠬᠦ ᠶᠢ ᠤᠬᠠᠭᠤᠯᠤᠨ ᠲᠠᠨᠢᠯᠴᠠᠭᠤᠯᠬᠤ ᠠᠵᠢᠯᠯᠠᠭ᠎ᠠ ᠶᠢ ᠡᠬᠢᠯᠡᠬᠦᠯᠪᠡ᠃      ᠡᠬᠢᠯᠡᠯᠳᠡ ᠶᠢᠨ ᠶᠤᠰᠤᠯᠠᠯ ᠲᠡᠭᠡᠷ᠎ᠡ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠬᠠᠮᠢᠶ᠎ᠠ ᠪᠦᠬᠦᠢ ᠬᠠᠷᠢᠭᠤᠴᠠᠯᠭᠠᠳᠠᠨ ᠦᠪᠤᠷ ᠮᠤᠩᠭᠤᠯ ᠤᠨ ᠲᠦᠷᠦᠯ ᠲᠡᠮᠳᠡᠭ ᠲᠦᠷᠢ ᠲᠦᠷᠬᠦ ᠶᠢ ᠤᠬᠠᠭᠤᠯᠤᠨ ᠲᠠᠨᠢᠯᠴᠠᠭᠤᠯᠬᠤ ᠠᠵᠢᠯᠯᠠᠭ᠎ᠠ ᠶᠢᠨ ᠶᠡᠷᠤᠩᠬᠡᠢ ᠪᠠᠶᠢᠳᠠᠯ ᠢ ᠲᠠᠨᠢᠯᠴᠠᠭᠤᠯᠵᠥ᠂ ᠦᠪᠡᠷᠳᠡᠭᠡᠨ ᠵᠠᠰᠠᠬᠤ ᠤᠷᠤᠨ ᠤ ᠭᠤᠤᠯ ᠪᠤᠯᠬᠤ ᠵᠠᠭᠤᠴᠢᠯᠠᠭᠤᠷ ᠤᠨ ᠤᠬᠠᠭᠤᠯᠤᠨ ᠲᠠᠨᠢᠯᠴᠠᠭᠤᠯᠬᠤ ᠪᠦᠳᠦᠭᠡᠭᠳᠡᠬᠦᠨ ᠢ ᠲᠦᠪᠯᠡᠷᠡᠬᠦᠯᠥᠨ ᠦᠵᠡᠬᠦᠯᠪᠡ᠃ ᠦᠪᠤᠷ ᠮᠤᠩᠭᠤᠯ ᠤᠨ ᠲᠦᠷᠦᠯ ᠲᠡᠮᠳᠡᠭ ᠲᠦᠷᠢ ᠲᠦᠷᠬᠦ ᠶᠢ ᠤᠬᠠᠭᠤᠯᠤᠨ ᠲᠠᠨᠢᠯᠴᠠᠭᠤᠯᠬᠤ ᠠᠵᠢᠯᠯᠠᠭ᠎ᠠ ᠶᠢ ᠡᠷᠬᠢᠯᠡᠵᠥ ᠪᠠᠶᠢᠭ᠎ᠠ ᠶᠢᠨ ᠵᠤᠷᠢᠯᠭ᠎ᠠ ᠨᠢ ᠲᠦᠷᠦᠯ ᠲᠡᠮᠳᠡᠭ ᠤᠨ ᠬᠦᠳᠦᠯᠥᠨ ᠲᠠᠭᠠᠭᠤᠯᠬᠤ ᠪᠠ ᠲᠠᠶᠢᠴᠢᠯᠠᠬᠤ ᠦᠢᠯᠡᠳᠦᠯ ᠢ ᠪᠠᠳᠠᠷᠠᠭᠤᠯᠵᠥ᠂ ᠦᠪᠤᠷ ᠮᠤᠩᠭᠤᠯ ᠤᠨ ᠲᠦᠷᠦᠯ ᠲᠡᠮᠳᠡᠭ ᠤᠨ ᠨᠡᠷ᠎ᠡ ᠠᠯᠳᠠᠷᠰᠢᠯ ᠪᠤᠯᠤᠨ ᠨᠦᠯᠥᠬᠡᠯᠡᠬᠦ ᠬᠦᠴᠦᠨ ᠢ ᠪᠦᠬᠦ ᠲᠡᠯ᠎ᠡ ᠪᠠᠷ ᠲᠡᠭᠡᠭᠰᠢᠯᠡᠬᠦᠯᠬᠦ ᠶᠢᠨ ᠲᠦᠯᠥᠬᠡ ᠶᠤᠮ᠃ ᠤᠬᠠᠭᠤᠯᠤᠨ ᠲᠠᠨᠢᠯᠴᠠᠭᠤᠯᠬᠤ ᠠᠵᠢᠯᠯᠠᠭ᠎ᠠ ᠨᠢ ︽ᠦᠪᠤᠷ ᠮᠤᠩᠭᠤᠯ ᠳᠤ ᠪᠢ ᠬᠠᠶᠢᠷᠠᠳᠠᠢ︾ ᠬᠡᠬᠦ ᠭᠤᠤᠯ ᠰᠡᠳᠤᠪ ᠤᠨ ᠲᠤᠭᠤᠷᠢᠨ ᠳᠤ᠂ ᠦᠪᠤᠷ ᠮᠤᠩᠭᠤᠯ ᠤᠨ ᠪᠤᠬᠢᠷᠳᠤᠯ ᠦᠬᠡᠢ ᠲᠠᠷᠢᠶᠠᠯᠠᠩ ᠤᠨ ᠪᠦᠳᠦᠬᠡᠭᠳᠡᠬᠦᠨ ᠮᠠᠯ ᠤᠨ ᠠᠰᠢᠬ ᠰᠢᠮ᠎ᠡ ᠶᠢᠨ ᠲᠦᠷᠦᠯ ᠲᠡᠮᠳᠡᠭ᠂ ᠦᠵᠡᠰᠬᠦᠯᠡᠩᠳᠤ ᠰᠠᠶᠢᠬᠠᠨ ᠠᠮᠢ ᠠᠬᠤᠢ ᠪᠤᠯᠤᠨ ᠵᠢᠭᠤᠯᠴᠢᠯᠠᠯ ᠤᠨ ᠲᠦᠷᠦᠯ ᠲᠡᠮᠳᠡᠭ᠂ ᠤᠳᠤ ᠦᠶ᠎ᠡ ᠶᠢᠨ ᠲᠤᠨᠤᠭᠯᠠᠯ ᠦᠢᠯᠡᠳᠭᠡᠯ ᠤᠨ ᠲᠦᠷᠦᠯ ᠲᠡᠮᠳᠡᠭ ᠭᠤᠷᠪᠠᠨ ᠲᠠᠯ᠎ᠠ ᠶᠢ ᠲᠤᠪᠤᠶᠢᠯᠭᠠᠨ ᠦᠵᠡᠬᠦᠯᠵᠥ᠂ ︽ᠦᠪᠤᠷ ᠮᠤᠩᠭᠤᠯ ᠤᠨ ᠦᠨᠦᠷ ᠠᠮᠳᠠ︾᠂ ︽ᠦᠪᠤᠷ ᠮᠤᠩᠭᠤᠯ ᠤᠨ ᠲᠠᠭᠤᠤ ᠬᠦᠭᠵᠢᠮ︾᠂ ︽ᠦᠪᠤᠷ ᠮᠤᠩᠭᠤᠯ ᠤᠨ ᠺᠢᠨᠣ᠋ ᠲᠧᠯᠸᠢᠰ︾ ᠬᠢᠭᠡᠳ ︽ᠦᠪᠤᠷ ᠮᠤᠩᠭᠤᠯ ᠤᠨ ᠵᠢᠭᠤᠯᠴᠢᠯᠠᠯ︾᠎ ᠢ ᠬᠦᠨᠵᠡᠬᠡᠢ ᠠᠭᠤᠰᠤᠯᠴᠠᠭᠤᠯᠤᠨ ᠬᠦᠭᠵᠢᠬᠦᠯᠬᠦ ᠶᠢ ᠠᠬᠢᠭᠤᠯᠤᠨ᠎ᠠ᠃      ᠠᠵᠢᠯᠯᠠᠭ᠎ᠠ ᠨᠢ ᠦᠭᠡᠷ ᠤᠨ ᠮᠢᠬ᠎ᠠ᠂ ᠬᠤᠨᠢᠨ ᠮᠢᠬ᠎ᠠ᠂ ᠰᠦ᠂ ᠲᠤᠳᠤᠷᠭ᠎ᠠ᠂ ᠲᠡᠭᠷᠢ ᠶᠢᠨ ᠭᠡᠰᠢᠭ ᠲᠠᠢ ᠪᠤᠷᠤᠳᠤᠬᠤᠢ ᠵᠡᠷᠭᠡ 11 ︽ᠦᠪᠤᠷ ᠮᠤᠩᠭᠤᠯ ᠤᠨ ᠲᠠᠮᠳᠡᠭ︾ ᠪᠦᠬᠦᠢ ᠴᠢᠨᠠᠷ ᠰᠠᠶᠢᠳᠠᠢ ᠲᠡᠷᠢᠶᠠᠯᠠᠩ ᠤᠨ ᠪᠦᠳᠦᠭᠡᠭᠳᠡᠬᠦᠨ ᠪᠤᠯᠤᠨ ᠤᠨᠴᠠᠯᠢᠬᠳᠤ ᠠᠮᠳᠠᠳᠤ ᠢᠳᠡᠭᠡᠨ ᠢ ᠤᠬᠠᠭᠤᠯᠤᠨ ᠲᠠᠨᠢᠯᠴᠠᠭᠤᠯᠬᠤ ᠠᠵᠢᠯ ᠢ ᠤᠷᠢᠳ ᠢᠶᠠᠷ ᠡᠬᠢᠯᠡᠬᠦᠯᠵᠤ᠂ ︽ᠦᠪᠤᠷ ᠮᠤᠩᠭᠤᠯ ᠤᠨ ᠲᠡᠮᠳᠡᠭ︾᠎ ᠤᠨ ᠭᠡᠷᠡᠴᠢᠯᠡᠯ ᠢ ᠭᠡᠷᠡᠭᠵᠢᠬᠦᠯᠵᠤ᠂ ︽ᠦᠪᠤᠷ ᠮᠤᠩᠭᠤᠯ ᠤᠨ ᠲᠡᠮᠳᠡᠭ︾᠎ ᠤᠨ ᠲᠦᠷᠦᠯ ᠲᠡᠮᠳᠡᠭ ᠢ ᠱᠤᠭᠤᠬᠤ ᠪᠤᠯᠤᠨ᠎ᠡ᠃ ᠡᠬᠦᠨ ᠤ ᠵᠡᠷᠭᠡ ᠪᠠᠷ᠂ ᠠᠵᠢᠯᠯᠠᠭ᠎ᠠ ᠨᠢ ᠲᠦᠷᠦᠯ ᠲᠡᠮᠳᠡᠭ ᠲᠦᠷᠢ ᠲᠦᠷᠬᠦ ᠶᠢᠨ ᠤᠬᠠᠭᠤᠯᠤᠨ ᠲᠠᠨᠢᠯᠴᠠᠭᠤᠯᠬᠤ ᠫᠷᠤᠭ᠍ᠷᠡᠮ ᠵᠢᠴᠢ ᠰᠢᠨ᠎ᠡ ᠵᠠᠭᠤᠴᠢᠯᠠᠭᠤᠷ ᠤᠨ ᠪᠦᠳᠦᠭᠡᠭᠳᠡᠬᠦᠨ ᠢ ᠭᠠᠷᠭᠠᠵᠤ᠂ ᠰᠦᠯᠵᠢᠶᠠᠨ ᠤ ᠤᠬᠠᠭᠤᠯᠤᠨ ᠲᠠᠨᠢᠯᠴᠠᠭᠤᠯᠭ᠎ᠠ᠂ ᠸᠢᠳᠢᠣ᠋ ᠤᠬᠠᠭᠤᠯᠤᠨ ᠲᠠᠨᠢᠯᠴᠠᠭᠤᠯᠭ᠎ᠠ ᠪᠠᠷ ᠭᠤᠤᠯᠳᠠᠯᠭ᠎ᠠ ᠪᠤᠯᠭᠠᠵᠤ᠂ ︽ᠦᠪᠤᠷ ᠮᠤᠩᠭᠤᠯ ᠳᠤ ᠪᠢ ᠬᠠᠶᠢᠷᠠᠳᠠᠢ︾ ᠲᠤᠰᠬᠠᠢ ᠰᠡᠳᠦᠪᠳᠤ ᠫᠷᠤᠭ᠍ᠷᠡᠮ ᠢ ᠡᠷᠬᠢᠯᠡᠵᠤ᠂ ︽ᠲᠠᠯ᠎ᠡ ᠨᠤᠳᠤᠭ ᠤᠨ ᠲᠠᠭᠤᠤ ᠪᠠᠨ ᠲᠠᠭᠤᠯᠠᠶ᠎ᠡ︾ ᠲᠠᠭᠤᠤ ᠬᠦᠭᠵᠢᠮ ᠤᠨ ᠫᠷᠤᠭ᠍ᠷᠡᠮ ᠪᠤᠯᠤᠨ ︽︿ᠦᠪᠤᠷ ᠮᠤᠩᠭᠤᠯ ᠤᠨ ᠦᠨᠤᠷ ᠠᠮᠳᠠᠳᠦ﹀ ᠲᠤᠭᠤᠭᠠᠨ ᠭᠡᠷ︾ ᠫᠷᠤᠭ᠍ᠷᠡᠮ ᠢ ᠡᠷᠬᠢᠯᠡᠵᠤ᠂ ᠦᠪᠤᠷ ᠮᠤᠩᠭᠤᠯ ᠤᠨ ᠰᠤᠶᠤᠯ ᠢ ᠴᠤᠤᠷᠢᠶ᠎ᠡ ᠳᠤ ᠭᠠᠷᠭᠠᠬᠤ᠂ ︽ᠦᠪᠤᠷ ᠮᠤᠩᠭᠤᠯ ᠳᠤ ᠪᠢ ᠬᠠᠶᠢᠷᠠᠳᠠᠢ︾ ᠰᠢᠷᠢᠰ ᠰᠦᠯᠵᠢᠶᠠᠨ ᠤ ᠰᠢᠭᠤᠳ ᠨᠡᠪᠳᠡᠷᠡᠬᠦᠯᠭᠡ᠂ ︽ᠰᠦᠯᠵᠢᠶᠠᠨ ᠳᠤ ᠠᠯᠳᠠᠷᠰᠢᠬᠰᠡᠳ︾ ᠦᠪᠤᠷ ᠮᠤᠩᠭᠤᠯ ᠤᠨ ᠲᠦᠷᠦᠯ ᠲᠡᠮᠳᠡᠭ ᠲᠦᠷᠢ ᠲᠦᠷᠬᠦ ᠶᠢᠨ ᠲᠠᠨᠢᠯᠴᠠᠭᠤᠯᠭ᠎ᠠ ᠶᠢᠨ ᠠᠵᠢᠯᠯᠠᠭ᠎ᠠ ᠦᠷᠨᠢᠬᠦᠯᠬᠦ ᠪᠤᠯᠤᠨ᠎ᠡ︔ ︽︿ᠦᠵᠡᠰᠬᠦᠯᠡᠩᠳᠤ ᠰᠠᠶᠢᠬᠠᠨ ᠦᠪᠤᠷ ᠮᠤᠩᠭᠤᠯ﹀ ᠰᠤᠶᠤᠯ ᠢ ᠲᠦᠭᠡᠮᠡᠯᠵᠢᠬᠦᠯᠬᠦ ᠬᠠᠷᠮᠠᠨ ᠨᠤᠮ︾᠎ ᠢ ᠤᠬᠠᠭᠠᠯᠠᠨ ᠭᠠᠷᠭᠠᠵᠤ᠂ ᠰᠤᠨᠢᠨ᠂ ᠷᠠᠳᠢᠤ᠋ ᠲᠧᠯᠸᠢᠰ᠂ ᠰᠡᠳᠬᠦᠯ᠂ ᠰᠦᠯᠵᠢᠶ᠎ᠡ᠂ ᠰᠢᠯᠵᠢᠶ᠎ᠡ᠂ ᠵᠢᠷᠬᠢᠶ᠎ᠡ᠂ ᠴᠤᠤᠷᠢᠶ᠎ᠡ᠂ ᠪᠤᠱᠢᠭᠤ ᠭᠠᠷ ᠲᠤ ᠢᠵᠢᠯᠢ ᠠᠯᠬᠤᠮ ᠢᠶᠠᠷ ᠲᠤᠰᠬᠠᠢ ᠪᠤᠯᠤᠩ᠂ ᠲᠤᠰᠬᠠᠢ ᠰᠡᠳᠦᠪ᠂ ᠰᠤᠪᠠᠭ᠂ ᠶᠠᠷᠢᠶᠠᠨ ᠤ ᠰᠡᠳᠦᠪ ᠨᠡᠭᠡᠭᠡᠵᠤ᠂ ᠪᠦᠷᠢᠨ ᠵᠠᠭᠤᠴᠢᠯᠠᠭᠤᠷ ᠢᠶᠠᠷ ᠲᠠᠮᠵᠢᠭᠤᠯᠬᠤ ᠵᠢᠬᠰᠠᠭᠠᠯ ᠤᠨ ᠭᠠᠵᠠᠷ ᠢ ᠪᠦᠷᠢᠯᠳᠦᠬᠦᠯᠬᠦ ᠪᠤᠯᠤᠨ᠎ᠡ᠃      ᠠᠵᠢᠯᠯᠠᠭ᠎ᠠ ᠶᠢᠨ ᠠᠬᠤᠢ ᠲᠠᠯᠠᠪᠠᠢ ᠳᠤ᠂ ᠦᠪᠡᠷᠳᠡᠭᠡᠨ ᠵᠠᠰᠬᠠᠤ ᠤᠷᠤᠨ ᠤ ᠭᠤᠤᠯ ᠪᠤᠯᠬᠤ ᠵᠠᠭᠤᠴᠢᠯᠠᠭᠤᠷ ᠤᠨ ᠬᠢᠨ ᠲᠦᠪ ᠤᠨ ᠵᠠᠭᠤᠴᠢᠯᠠᠭᠤᠷ᠂ ᠬᠤᠳᠠᠯᠳᠤᠭᠠᠨ ᠤ ᠲᠠᠪᠴᠠᠩ ᠯᠤᠭ᠎ᠠ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠵᠦᠪᠯᠡᠯᠴᠡᠭᠡᠷ ᠲᠤ ᠭᠠᠷ ᠤᠨ ᠦᠰᠦᠭ ᠵᠢᠷᠤᠪᠠ᠃ ᠡᠬᠢᠯᠡᠯᠳᠠ ᠶᠢᠨ ᠶᠤᠰᠤᠯᠠᠯ ᠤᠨ ᠲᠠᠷᠠᠭ᠎ᠠ᠂ ᠬᠤᠷᠠᠯ ᠳᠤ ᠤᠷᠤᠯᠴᠠᠬᠰᠡᠳ ᠦᠪᠤᠷ ᠮᠤᠩᠭᠤᠯ ᠤᠨ ᠷᠡᠳᠢᠣ᠋ ᠲᠧᠯᠸᠢᠰ ᠬᠤᠷᠢᠶ᠎ᠡ ᠶᠢᠨ ᠠᠩᠬᠠᠳᠤᠭᠠᠷ ᠬᠤᠭᠤᠴᠠᠭᠠᠨ ᠤ ᠡᠯᠧᠺᠲᠷᠣᠨ ᠬᠤᠳᠠᠯᠳᠤᠭᠠᠨ ᠤ ᠨᠠᠶᠢᠷ ᠤᠨ ᠰᠢᠭᠤᠳ ᠨᠡᠪᠳᠡᠷᠡᠬᠦᠯᠭᠡ ᠪᠠᠷ ᠪᠠᠷᠠᠭ᠎ᠠ ᠪᠤᠷᠤᠯᠠᠭᠤᠯᠬᠤ ᠠᠵᠢᠯᠯᠠᠭ᠎ᠠ ᠶᠢ ᠲᠤᠭᠤᠷᠢᠨ ᠦᠵᠡᠪᠡ᠃  
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号