ᠵᠦᠩ ᡁᠢ ᠠᠵᠤ ᠠᠬᠤᠢᠢᠯᠠᠯ ᠤᠨ ᠪᠦᠯᠦᠭᠯᠡᠯ ᠦᠪᠤᠷ ᠮᠤᠩᠭᠤᠯ ᠤᠨ ︽ᠬᠡᠷᠡᠯ ᠬᠡᠬᠡ ᠶᠢᠨ ᠠᠶᠠᠯᠠᠯ︾ ᠵᠡᠷᠬᠡ ᠨᠡᠶᠢᠳᠠ ᠶᠢᠨ ᠠᠰᠠᠷᠠᠮᠵᠢ ᠶᠢᠨ ᠲᠦᠷᠤᠯ ᠵᠦᠢᠯ ᠵᠢᠴᠢ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠳᠤ ᠬᠠᠶᠢᠷ᠎ᠠ ᠬᠠᠯᠠᠮᠵᠢ ᠶᠢᠨ ᠡᠳ᠋ ᠮᠦᠩᠬᠦ ᠬᠠᠨᠳᠢᠪᠯᠠᠪᠠ  ᠪᠦ᠋ ᠰᠢᠶᠤᠤ ᠯᠢᠨ ᠢᠷᠠᠭᠤ ᠠᠯᠳᠠᠷ ᠎ ᠤᠨ ᠦᠨᠡᠮᠯᠠᠯ ᠤᠯᠭᠤᠵᠠᠢ
ᠨᠡᠶᠢᠲᠡᠯᠡᠭᠰᠡᠨ ᠴᠠᠭ᠄
2020/5/9
     5 ᠰᠠᠷ᠎ᠠ ᠶᠢᠨ 8᠎ ᠤ ᠦᠳᠡ ᠶᠢᠨ ᠡᠮᠤᠨ᠎ᠠ᠂ ᠵᠦᠩ ᡁᠢ ᠠᠵᠤ ᠠᠬᠤᠢᠢᠯᠠᠯ ᠤᠨ ᠪᠦᠯᠦᠭᠯᠡᠯ ᠠᠴᠠ ᠦᠪᠤᠷ ᠮᠤᠩᠭᠤᠯ ᠤᠨ ︽ᠬᠡᠷᠡᠯ ᠬᠡᠬᠡ ᠶᠢᠨ ᠠᠶᠠᠯᠠᠯ︾ ᠵᠡᠷᠬᠡ ᠨᠡᠶᠢᠳᠠ ᠶᠢᠨ ᠠᠰᠠᠷᠠᠮᠵᠢ ᠶᠢᠨ ᠲᠦᠷᠤᠯ ᠵᠦᠢᠯ ᠵᠢᠴᠢ ᠬᠢᠵᠢᠭ ᠎ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠳᠤ ᠬᠠᠶᠢᠷ᠎ᠠ ᠬᠠᠯᠠᠮᠵᠢ ᠶᠢᠨ ᠡᠳ᠋ ᠮᠦᠩᠬᠦ ᠬᠠᠨᠳᠢᠪᠯᠠᠬᠤ ᠠᠵᠢᠯᠯᠠᠭ᠎ᠠ ᠬᠦᠬᠡᠬᠤᠳᠠ ᠳᠤ ᠶᠠᠪᠤᠬᠳᠠᠪᠠ᠃      ᠦᠪᠡᠷᠳᠡᠬᠡᠨ ᠵᠠᠰᠠᠬᠤ ᠤᠷᠤᠨ ᠤ ᠲᠡᠷᠢᠬᠦᠯᠡᠭᠴᠢ᠂ ᠤᠯᠠᠭᠠᠨ ᠵᠠᠭᠠᠯᠮᠠᠶᠢᠳᠠᠨ ᠤ ᠨᠡᠶᠢᠬᠡᠮᠯᠢᠭ ᠤᠨ ᠨᠡᠷ᠎ᠠ ᠬᠦᠨᠳᠤᠳᠤ ᠲᠠᠷᠤᠭ᠎ᠠ ᠪᠦ᠋ ᠰᠢᠶᠤᠤ ᠯᠢᠨ ᠠᠵᠢᠯᠯᠠᠭ᠎ᠠ ᠳᠤ ᠤᠷᠤᠯᠴᠠᠵᠤ᠂ ᠵᠦᠩ ᡁᠢ ᠠᠵᠤ ᠠᠬᠤᠢᠢᠯᠠᠯ ᠤᠨ ᠪᠦᠯᠦᠭᠯᠡᠯ ᠳᠤ ᠢᠷᠠᠭᠤ ᠠᠯᠳᠠᠷ ᠤᠨ ᠦᠨᠡᠮᠯᠡᠯ ᠤᠯᠭᠤᠵᠠᠢ᠃ ᠵᠦᠩ ᡁᠢ ᠠᠵᠤ ᠠᠬᠤᠢᠢᠯᠠᠯ ᠤᠨ ᠪᠦᠯᠦᠭᠯᠡᠯ ᠤᠨ ᠭᠡᠷᠡᠭ ᠮᠡᠳᠡᠭᠴᠢᠳ ᠤᠨ ᠲᠤᠪᠴᠢᠶᠠᠨ ᠤ ᠲᠡᠷᠢᠬᠦᠯᠡᠭᠴᠢ ᠪᠦᠬᠡᠳ ᠲᠡᠷᠢᠬᠦᠨ ᠬᠦᠢᠴᠡᠳᠭᠡᠭᠴᠢ ᠲᠤᠰᠢᠶᠠᠯᠳᠠᠨ ᠰᠢᠶᠧ ᡁᠢ ᠺᠦᠨ ᠺᠤᠮᠫᠠᠨᠢ ᠪᠠᠨ ᠲᠦᠯᠤᠬᠡᠯᠠᠵᠤ ᠢᠷᠠᠭᠤ ᠠᠯᠳᠠᠷ ᠤᠨ ᠦᠨᠡᠮᠯᠡᠯ ᠢ ᠭᠠᠷᠳᠠᠨ ᠠᠪᠤᠪᠠ᠃      ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠲᠠᠷᠤᠭ᠎ᠠ ᠡᠸᠤ ᠶᠠᠩ ᠰᠢᠶᠤᠤ ᠬᠤᠢ ᠬᠠᠨᠳᠢᠪᠯᠠᠬᠤ ᠠᠵᠢᠯᠯᠠᠭ᠎ᠠ ᠲᠡᠭᠡᠷ᠎ᠠ ᠪᠠᠶᠠᠷ ᠤᠨ ᠦᠭᠡ ᠭᠡᠯᠡᠬᠦ ᠳᠡᠭᠡᠨ᠂ ᠵᠦᠩ ᡁᠢ ᠠᠵᠤ ᠠᠬᠤᠢᠢᠯᠠᠯ ᠤᠨ ᠪᠦᠯᠦᠭᠯᠡᠯ ᠤᠨ ᠬᠠᠶᠢᠷ᠎ᠠ ᠬᠠᠯᠠᠮᠵᠢ ᠶᠢᠨ ᠬᠠᠨᠳᠢᠪ ᠲᠤ ᠲᠠᠯᠠᠷᠬᠠᠵᠤ ᠪᠠᠶᠢᠨ᠎ᠠ᠂ ᠨᠡᠩ ᠤᠯᠠᠨ ᠠᠵᠤ ᠠᠬᠤᠢᠢᠯᠠᠯ᠂ ᠨᠡᠶᠢᠬᠡᠮ ᠤᠨ ᠵᠤᠬᠢᠶᠠᠨ ᠪᠠᠶᠢᠭᠤᠯᠤᠯᠳᠠ ᠪᠤᠯᠤᠨ ᠡᠯ᠎ᠠ ᠡᠳᠡᠬᠡᠳ ᠤᠨ ᠬᠦᠮᠤᠰ ︽ᠬᠡᠷᠡᠯ ᠬᠡᠬᠡ ᠶᠢᠨ ᠠᠶᠠᠯᠠᠯ︾ ᠵᠡᠷᠬᠡ ᠬᠦᠮᠦᠯᠢᠭ ᠦᠵᠡᠯ ᠤᠨ ᠠᠪᠤᠷᠠᠨ ᠲᠤᠰᠠᠯᠠᠬᠤ ᠠᠵᠢᠯᠯᠠᠭ᠎ᠠ ᠳᠤ ᠢᠳᠡᠪᠬᠢᠳᠠᠢ ᠤᠷᠤᠯᠴᠠᠵᠤ᠂ ᠪᠤᠳᠠᠳᠠᠢ ᠠᠵᠢᠯᠯᠠᠭ᠎ᠠ ᠪᠠᠷ ᠢᠶᠠᠨ ︽ᠦᠵᠡᠰᠬᠦᠯᠡᠩᠳᠤ ᠰᠠᠶᠢᠬᠠᠨ ᠦᠪᠤᠷ ᠮᠤᠩᠭᠤᠯ ᠢᠶᠠᠨ ᠪᠦᠳᠤᠬᠡᠨ ᠪᠠᠶᠢᠭᠤᠯᠵᠦ᠂ ᠠᠭᠤᠤ ᠶᠡᠭᠡ ᠳᠤᠮᠳᠠᠳᠤ ᠶᠢᠨ ᠵᠡᠬᠦᠳᠤ ᠪᠠᠨ ᠲᠡᠷᠬᠡᠯᠰᠢᠬᠦᠯᠬᠦ︾᠎ ᠳᠤ ᠬᠤᠪᠢ ᠨᠡᠮᠡᠷᠢ ᠬᠦᠴᠤᠨ ᠴᠢᠳᠠᠯ ᠎ ᠢᠶᠠᠨ ᠡᠷᠬᠦᠬᠦ ᠶᠢ ᠬᠦᠰᠡᠵᠤ ᠪᠠᠶᠢᠨ᠎ᠠ ᠬᠡᠵᠡᠢ᠃      ᠡᠨᠡ ᠤᠳᠠᠭ᠎ᠠ ᠵᠦᠩ ᡁᠢ ᠠᠵᠤ ᠠᠬᠤᠢᠢᠯᠡᠯ ᠤᠨ ᠪᠦᠯᠦᠭᠯᠡᠯ ᠨᠢ ᠦᠪᠤᠷ ᠮᠤᠩᠭᠤᠯ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠢᠶᠠᠷ ᠲᠠᠮᠵᠢᠭᠤᠯᠵᠤ᠂ ᠦᠪᠤᠷ ᠮᠤᠩᠭᠤᠯ ᠤᠨ ︽ᠬᠡᠷᠡᠯ ᠬᠡᠬᠡ ᠶᠢᠨ ᠠᠶᠠᠯᠠᠯ︾ ᠵᠡᠷᠬᠡ ᠨᠡᠶᠢᠳᠠ ᠶᠢᠨ ᠠᠰᠠᠷᠠᠮᠵᠢ ᠶᠢᠨ ᠲᠦᠷᠤᠯ ᠵᠦᠢᠯ ᠵᠢᠴᠢ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠳᠤ 2000 ᠲᠦᠮᠡᠨ ᠲᠦᠬᠦᠷᠢᠭ᠂ 2 ᠲᠤᠨ ᠠᠮᠠᠪᠴᠢ ᠬᠢᠬᠦ ᠳᠤ ᠭᠡᠷᠡᠭᠯᠡᠬᠦ ᠰᠡᠶᠢᠮᠡᠬᠡᠢ ᠪᠦᠰ ᠬᠠᠨᠳᠢᠪᠯᠠᠵᠠᠢ᠃ ᠲᠤᠬᠠᠢ ᠎ ᠶᠢᠨ ᠲᠠᠯᠠᠪᠠᠢ ᠳᠤ᠂ ᠵᠦᠩ ᡁᠢ ᠠᠵᠤ ᠠᠬᠤᠢᠢᠯᠠᠯ ᠤᠨ ᠪᠦᠯᠦᠭᠯᠡᠯ ᠤᠨ ᠬᠢᠨ ᠦᠪᠡᠷᠳᠡᠬᠡᠨ ᠵᠠᠰᠠᠬᠤ ᠤᠷᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠲᠤ ᠬᠠᠨᠳᠢᠪᠯᠠᠬᠰᠠᠨ ᠡᠳ᠋ ᠮᠦᠩᠬᠦ ᠪᠠᠨ ᠲᠤᠰᠢᠶᠠᠨ ᠦᠭᠴᠤ᠂ ᠬᠤᠶᠠᠷ ᠲᠠᠯ᠎ᠠ ᠪᠠᠷ ᠢᠶᠠᠨ ᠬᠠᠨᠳᠢᠪᠯᠠᠬᠤ ᠵᠦᠪᠯᠡᠯᠴᠡᠬᠡᠷ ᠲᠤᠬᠢᠷᠠᠯᠴᠠᠪᠠ᠃ ᠤᠢᠢᠯᠠᠭᠠᠬᠰᠠᠨ ᠢᠶᠠᠷ᠂ ᠵᠦᠩ ᡁᠢ ᠠᠵᠤ ᠠᠬᠤᠢᠢᠯᠠᠯ ᠎ ᠤᠨ ᠪᠦᠯᠦᠭᠯᠡᠯ ᠨᠢ ᠡᠬᠦᠨ ᠠᠴᠠ ᠡᠮᠤᠨ᠎ᠠ ᠮᠠᠨ ᠤ ᠤᠷᠤᠨ ᠳᠤ 1 ᠲᠦᠮᠡᠨ ᠰᠢᠷᠬᠡᠭ N95 ᠠᠮᠠᠪᠴᠢ ᠪᠤᠯᠤᠨ 500 ᠵᠠᠬ᠎ᠠ ᠰᠡᠷᠬᠡᠶᠢᠯᠡᠨ ᠬᠠᠮᠠᠭᠠᠯᠠᠬᠤ ᠬᠤᠪᠴᠠᠰᠤ ᠬᠠᠨᠳᠢᠪᠯᠠᠵᠤ᠂ ᠮᠠᠨ ᠤ ᠤᠷᠤᠨ ᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠳᠤ ᠬᠦᠴᠤᠨ ᠨᠡᠮᠡᠷᠢᠯᠠᠵᠠᠢ᠃      ᠦᠪᠡᠷᠳᠡᠬᠡᠨ ᠵᠠᠰᠠᠬᠤ ᠤᠷᠤᠨ ᠤ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠠᠵᠢᠯᠯᠠᠭ᠎ᠠ ᠳᠤ ᠤᠷᠤᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号