ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽2020 ᠣᠨ ᠤ | ᠪᠥᠬᠦ ᠣᠷᠣᠨ ᠤ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢᠨ ᠬᠤᠯᠪᠣᠭᠳᠠᠯ ᠪᠥᠬᠦᠶ ᠶᠠᠪᠤᠳᠠᠯ ᠤᠨ ᠲᠤᠬᠠᠶ | ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ 2020 ᠣᠨ ᠤ ᠪᠥᠬᠦ ᠣᠷᠣᠨ ᠤ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ᠂ ᠣᠨᠴᠠ ᠬᠦᠴᠢᠷᠳᠡᠯᠲᠡᠶ ᠬᠥᠮᠦᠰ ᠤᠨ | ᠦᠨᠳᠦᠰᠦᠨ ᠠᠮᠢᠳᠤᠷᠠᠯ ᠤᠨ ᠪᠠᠷᠢᠮᠵᠢᠶ᠎ᠠ ᠪᠠ ᠠᠰᠠᠷᠠᠵᠤ ᠰᠤᠪᠢᠯᠠᠬᠤ ᠪᠠᠷᠢᠮᠵᠢᠶ᠎ᠠ ᠶᠢ ᠲᠣᠭᠲᠠᠭᠠᠪᠠ᠃ | 2020 ᠣᠨ ᠳᠤ᠂ ᠮᠠᠨ ᠤ ᠣᠷᠣᠨ ᠤ ᠬᠤᠲᠠ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠳᠤᠮᠳᠠᠴᠢ ᠪᠠᠷᠢᠮᠵᠢᠶ᠎ᠠ ᠨᠢ ᠬᠦᠮᠦᠨ ᠪᠦᠷᠢ ᠰᠠᠷ᠎ᠠ ᠳᠤ 732 ᠲᠥᠭᠦᠷᠢᠭ ᠪᠣᠯᠵᠤ᠂ 2019 ᠣᠨ ᠤ ᠬᠢ ᠠᠴᠠ 5. | 8% ᠪᠠᠷ ᠨᠡᠮᠡᠭᠳᠡᠵᠦ᠂ ᠪᠥᠬᠦ ᠤᠯᠤᠰ ᠲᠤ ᠨᠠᠢᠮᠠᠳᠤᠭᠠᠷ ᠲᠤ ᠲᠣᠳᠣᠷᠠᠪᠠ᠃ ᠮᠠᠯᠵᠢᠬᠤ ᠲᠠᠷᠢᠶᠠᠯᠠᠬᠤ ᠣᠷᠣᠨ ᠤ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠳᠤᠮᠳᠠᠴᠢ ᠪᠠᠷᠢᠮᠵᠢᠶ ᠠ ᠨᠢ ᠬᠦᠮᠦᠨ ᠪᠦᠷᠢ ᠵᠢᠯ ᠳᠤ 6307 | ᠲᠥᠭᠦᠷᠢᠭ ᠪᠣᠯᠵᠤ᠂ 2019 ᠣᠨ ᠤ ᠬᠢ ᠠᠴᠠ 6.6% ᠪᠠᠷ ᠨᠡᠮᠡᠭᠳᠡᠵᠦ᠂ ᠪᠥᠬᠦ ᠤᠯᠤᠰ ᠲᠤ ᠶᠢᠰᠦᠳᠦᠭᠡᠷ ᠲᠤ | ᠲᠣᠳᠣᠷᠠᠪᠠ᠃ ᠮᠠᠨ ᠤ ᠣᠷᠣᠨ ᠤ ᠬᠤᠲᠠ ᠶᠢᠨ ᠣᠨᠴᠠ ᠬᠦᠴᠢᠷᠳᠡᠯᠲᠡᠶ ᠬᠥᠮᠦᠰ ᠤᠨ ᠦᠨᠳᠦᠰᠦᠨ ᠠᠮᠢᠳᠤᠷᠠᠯ ᠤᠨ | ᠳᠤᠮᠳᠠᠴᠢ ᠪᠠᠷᠢᠮᠵᠢᠶ᠎ᠠ ᠨᠢ ᠬᠦᠮᠦᠨ ᠪᠦᠷᠢ ᠰᠠᠷ᠎ᠠ ᠳᠤ 1246 ᠲᠥᠭᠦᠷᠢᠭ ᠪᠣᠯᠵᠤ᠂ ᠮᠠᠯᠵᠢᠬᠤ ᠲᠠᠷᠢᠶᠠᠯᠠᠬᠤ | ᠣᠷᠣᠨ ᠤ ᠣᠨᠴᠠ ᠬᠦᠴᠢᠷᠳᠡᠯᠲᠡᠶ ᠬᠥᠮᠦᠰ ᠤᠨ ᠳᠤᠮᠳᠠᠴᠢ ᠦᠨᠳᠦᠰᠦᠨ ᠠᠮᠢᠳᠤᠷᠠᠯ ᠤᠨ ᠪᠠᠷᠢᠮᠵᠢᠶ᠎ᠠ ᠨᠢ ᠬᠦᠮᠦᠨ | ᠪᠦᠷᠢ ᠵᠢᠯ ᠳᠤ 10043 ᠲᠥᠭᠦᠷᠢᠭ ᠪᠣᠯᠪᠠ᠃ ᠠᠮᠢᠳᠤᠷᠠᠯ ᠢᠶᠠᠨ ᠠᠷᠭᠠᠴᠠᠭᠠᠬᠤ ᠴᠢᠳᠠᠪᠤᠷᠢ ᠪᠠᠨ ᠬᠡᠰᠡᠭ | ᠠᠯᠳᠠᠭᠰᠠᠳ ᠢ ᠠᠰᠠᠷᠠᠨ ᠰᠤᠪᠢᠯᠠᠬᠤ ᠳᠤᠮᠳᠠᠴᠢ ᠪᠠᠷᠢᠮᠵᠢᠶ᠎ᠠ ᠨᠢ ᠬᠥᠮᠦᠨ ᠪᠦᠷᠢ ᠰᠠᠷ᠎ᠠ ᠳᠤ 430 ᠲᠥᠭᠦᠷᠢᠭ | ᠪᠣᠯᠵᠤ᠂ ᠠᠮᠢᠳᠤᠷᠠᠯ ᠢᠶᠠᠨ ᠠᠷᠭᠠᠴᠠᠭᠠᠬᠤ ᠴᠢᠳᠠᠪᠤᠷᠢ ᠪᠠᠨ ᠪᠦᠷᠢᠮᠦᠰᠦᠨ ᠠᠯᠳᠠᠭᠰᠠᠳ ᠢ ᠠᠰᠠᠷᠠᠨ ᠰᠤᠪᠢᠯᠠᠬᠤ | ᠳᠤᠮᠳᠠᠴᠢ ᠪᠠᠷᠢᠮᠵᠢᠶ᠎ᠠ ᠨᠢ ᠬᠥᠮᠦᠨ ᠪᠦᠷᠢ ᠰᠠᠷ᠎ᠠ ᠳᠤ 1078 ᠲᠥᠭᠦᠷᠢᠭ ᠪᠣᠯᠪᠠ᠃ | ︽ᠮᠡᠳᠡᠭᠳᠡᠯ︾ ᠳᠤ ᠲᠣᠳᠣᠷᠬᠠᠶᠢᠯᠠᠭᠰᠠᠨ ᠨᠢ᠂ ᠡᠯ᠎ᠡ ᠭᠠᠵᠠᠷ ᠣᠷᠣᠨ ᠨᠤᠭᠤᠳ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠬᠢᠨᠠᠨ ᠬᠠᠷᠭᠤᠭᠤᠯᠵᠤ ᠲᠣᠭᠲᠠᠭᠠᠭᠰᠠᠨ ᠨᠡᠶᠢᠭᠡᠮ ᠤᠨ ᠠᠪᠤᠷᠠᠨ | ᠲᠤᠰᠠᠯᠠᠬᠤ ᠪᠠᠷᠢᠮᠵᠢᠶ᠎ᠠ ᠶᠢ ᠴᠠᠭ ᠲᠤᠬᠠᠶ ᠳᠤ ᠨᠢ ᠨᠡᠶᠢᠭᠡᠮ ᠳᠤ ᠨᠡᠶᠢᠲᠡᠯᠡᠬᠦ ᠶᠢᠨ ᠬᠠᠮᠲᠤ ᠴᠢᠩᠭ᠎ᠠ ᠬᠡᠷᠡᠭᠵᠢᠭᠦᠯᠬᠦ | ᠬᠡᠷᠡᠭᠲᠡᠶ᠃ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠨᠤᠭᠤᠳ 2020 ᠣᠨ ᠤ 5 ᠳ᠋ᠤᠭᠠᠷ ᠰᠠᠷ᠎ᠠ ᠶᠢᠨ | ᠡᠴᠦᠰ ᠠᠴᠠ ᠡᠮᠦᠨ᠎ᠡ ᠪᠠᠯᠠ ᠮᠥᠩᠭᠦ ᠶᠢ ᠰᠢᠨ᠎ᠡ ᠪᠠᠷᠢᠮᠵᠢᠶ᠎ᠠ ᠪᠠᠷ ᠨᠥᠬᠦᠵᠦ ᠣᠯᠭᠤᠬᠤ ᠬᠡᠷᠡᠭᠲᠡᠢ᠂ ᠠᠮᠢᠳᠤᠷᠠᠯ ᠤᠨ | ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠡᠪᠴᠢᠶᠡᠨ ᠠᠴᠠ ᠭᠠᠷᠤᠭᠰᠠᠨ ᠪᠣᠯ ᠳᠠᠭᠢᠵᠤ ᠨᠥᠬᠦᠵᠦ ᠣᠯᠭᠤᠬᠤ ᠥᠬᠡᠶ | ᠭᠡᠪᠡ᠃ | ︽ᠮᠡᠳᠡᠭᠳᠡᠯ︾ ᠳᠤ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠨᠤᠭᠤᠳ ᠮᠠᠯᠵᠢᠬᠤ ᠲᠠᠷᠢᠶᠠᠯᠠᠬᠤ | ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠦᠷᠢᠮ ᠬᠢᠭᠡᠳ ᠶᠠᠳᠠᠭᠤ ᠶᠢ ᠲᠡᠳᠬᠦᠵᠦ ᠨᠡᠭᠡᠭᠡᠨ | ᠬᠥᠭᠵᠢᠭᠦᠯᠬᠦ ᠲᠥᠷᠥ ᠶᠢᠨ ᠪᠣᠳᠣᠯᠭ᠎ᠠ ᠶᠢᠨ ᠪᠦᠲᠦᠮᠵᠢᠲᠡᠶ ᠵᠤᠯᠭᠠᠯᠴᠠᠭᠤᠯᠬᠤ ᠶᠢ ᠦᠷᠭᠦᠯᠵᠢᠯᠡᠨ ᠴᠢᠩᠭᠠᠳᠬᠠᠵᠤ᠂ | ᠪᠠᠲᠤᠯᠠᠨ ᠳᠠᠭᠠᠭᠠᠵᠤ ᠪᠠᠶᠢᠭ᠎ᠠ ᠪᠠᠶᠢᠳᠠᠯ ᠢ ᠵᠢᠭᠰᠠᠭᠠᠨ ᠪᠠᠶᠢᠴᠠᠭᠠᠬᠤ ᠶᠢ ᠪᠥᠬᠦ ᠲᠠᠯ᠎ᠠ ᠪᠠᠷ ᠥᠷᠨᠢᠭᠦᠯᠵᠦ᠂ ᠮᠠᠯᠵᠢᠬᠤ | ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠠᠩᠰᠠ ᠪᠠ ᠺᠠᠷᠲ ᠲᠠᠢ ᠶᠠᠳᠠᠭᠤ | ᠬᠦᠴᠢᠷᠳᠡᠯᠲᠡᠶ ᠡᠷᠦᠬᠡ ᠶᠢ ︽ᠢᠳᠡᠭ ᠢᠳᠡᠭ ᠢᠶᠠᠷ ᠤᠬᠤᠷᠢᠨ ᠭᠠᠷᠬᠤ ᠬᠤᠭᠤᠴᠠᠭ᠎ᠠ︾ ᠶᠢᠨ ᠲᠦᠷᠢᠮ ᠳᠤ | ᠣᠷᠣᠭᠤᠯᠬᠤ ᠶᠢ ᠴᠢᠩᠭ᠎ᠠ ᠨᠠᠶᠢᠳᠠᠪᠤᠷᠢᠵᠢᠭᠤᠯᠵᠤ᠂ ᠲᠦᠷ ᠴᠠᠭ ᠤᠨ ᠠᠪᠤᠷᠠᠨ ᠲᠤᠰᠠᠯᠠᠬᠤ ᠡᠷᠴᠢᠮ ᠢ | ᠴᠢᠩᠭᠠᠷᠠᠭᠤᠯᠤᠨ᠂ ᠬᠥᠳᠡᠯᠮᠦᠷᠢᠯᠡᠬᠦ ᠴᠢᠳᠠᠪᠤᠷᠢ ᠥᠬᠡᠶ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠬᠥᠮᠦᠨ | ᠠᠮᠠ ᠶᠢᠨ ᠦᠨᠳᠦᠰᠦᠨ ᠠᠮᠢᠳᠤᠷᠠᠯ ᠢ ᠪᠠᠲᠤᠯᠠᠨ ᠳᠠᠭᠠᠭᠠᠬᠤ ᠠᠵᠢᠯ ᠢ ᠨᠡᠷ᠎ᠡ ᠵᠢᠭᠠᠨ ᠰᠢᠮᠳᠠᠭᠤᠯᠤᠨ ᠪᠠᠶᠢᠴᠠᠭᠠᠵᠦ᠂ | ᠨᠡᠶᠢᠭᠡᠮ ᠤᠨ ᠠᠪᠤᠷᠠᠨ ᠲᠤᠰᠠᠯᠠᠯᠲᠠ ᠶᠢ ᠪᠠᠲᠤᠯᠠᠨ ᠳᠠᠭᠠᠭᠠᠬᠤ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠶ ᠭᠡᠪᠡ᠃ | | |