ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠭᠠᠰᠢ᠂ ᠥᠪᠥᠷ ᠮᠣᠩᠭᠤᠯ ᠣᠯᠠᠨ ᠵᠦᠢᠯ ᠤᠨ ᠠᠷᠭ᠎ᠠ | ᠬᠡᠮᠵᠢᠶ᠎ᠡ ᠠᠪᠴᠤ ᠬᠢᠵᠢᠭ ᠤᠨ ᠨᠥᠯᠥᠭᠡ ᠶᠢ ᠢᠯᠠᠨ ᠳᠠᠪᠠᠵᠤ᠂ ᠪᠥᠬᠦ ᠬᠦᠴᠦᠨ ᠢᠶᠠᠷ ᠢᠶᠠᠨ ᠠᠵᠢᠯ ᠣᠯᠭᠤᠯᠲᠠ ᠶᠢ | ᠲᠣᠭᠲᠠᠪᠤᠷᠢᠵᠢᠭᠤᠯᠵᠤ ᠪᠣᠢ᠃ 3 ᠳ᠋ᠤᠭᠠᠷ ᠰᠠᠷ᠎ᠠ ᠶᠢᠨ ᠡᠴᠦᠰ ᠪᠣᠯᠬᠤ ᠳᠤ᠂ ᠪᠥᠬᠦ ᠣᠷᠣᠨ ᠤ ᠬᠤᠲᠠ | ᠪᠠᠯᠭᠠᠰᠤ ᠶᠢᠨ 3.34 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠵᠢᠯ ᠤᠨ ᠲᠥᠯᠥᠪᠯᠡᠭᠡ ᠶᠢᠨ | 15.2% ᠢ ᠪᠡᠶᠡᠯᠡᠭᠦᠯᠪᠡ︔ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ | 3.73% ᠪᠣᠯᠵᠤ᠂ ᠣᠨ ᠤ ᠬᠢᠵᠠᠭᠠᠷᠯᠠᠬᠤ ᠬᠠᠷᠠᠯᠲᠠ ᠠᠴᠠ 0.77 ᠵᠠᠭᠤᠨ ᠤ ᠴᠡᠭ ᠳᠣᠤᠷ᠎ᠠ ᠪᠣᠯᠪᠠ᠃ | ᠬᠢᠵᠢᠭ ᠤᠨ ᠨᠥᠯᠥᠭᠡ ᠶᠢ ᠠᠷᠭᠠᠴᠠᠭᠠᠬᠤ ᠲᠠᠯ᠎ᠠ ᠪᠠᠷ ᠮᠠᠨ ᠤ ᠣᠷᠣᠨ ᠤ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ︽ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠤᠨ ᠠᠵᠢᠯ ᠣᠯᠵᠤ ᠦᠢᠯᠡᠰ ᠴᠣᠭᠴᠠᠯᠠᠬᠤ ᠶᠢ ᠠᠬᠢᠭᠤᠯᠬᠤ ᠲᠥᠯᠥᠪᠯᠡᠭᠡ︾ ︽ᠦᠨᠳᠦᠰᠦᠨ | ᠱᠠᠲᠤᠨ ᠳᠤ ᠪᠣᠯᠪᠠᠰᠤᠷᠠᠭᠤᠯᠬᠤ ᠲᠥᠯᠥᠪᠯᠡᠭᠡ︾ ᠵᠡᠷᠭᠡ ᠣᠯᠠᠨ ᠵᠦᠢᠯ ᠤᠨ ᠠᠵᠢᠯᠯᠠᠭ᠎ᠠ ᠶᠢ ᠥᠷᠨᠢᠭᠦᠯᠬᠦ ᠶᠢᠨ ᠬᠠᠮᠲᠤ | ᠤᠶᠤᠲᠠᠳ ᠤᠨ ︽ᠰᠦᠯᠵᠢᠶᠡᠨ ᠳᠡᠭᠡᠷ᠎ᠡ︾ ᠦᠢᠯᠡᠰ ᠴᠣᠭᠴᠠᠯᠠᠬᠤ ᠪᠣᠯᠪᠠᠰᠤᠷᠠᠭᠤᠯᠤᠯ ᠢ ᠥᠷᠨᠢᠭᠦᠯᠪᠡ᠃ 4 ᠳ᠋ᠦ᠋ᠭᠡᠷ | ᠰᠠᠷ᠎ᠠ ᠶᠢᠨ 23 ᠤ ᠡᠳᠦᠷ ᠪᠣᠯᠬᠤ ᠳᠤ᠂ ᠪᠥᠬᠦ ᠣᠷᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ | ᠣᠯᠭᠤᠭᠰᠠᠨ ᠪᠤᠶᠤ ᠠᠵᠢᠯ ᠣᠯᠭᠤᠬᠤ ᠶᠢ ᠨᠠᠶᠢᠳᠠᠪᠤᠷᠢᠵᠢᠭᠤᠯᠤᠭᠰᠠᠨ ᠬᠥᠮᠦᠨ ᠤ ᠲᠤᠭ᠎ᠠ 3.31 ᠲᠦᠮᠡ ᠳᠤ | ᠬᠦᠷᠴᠦ᠂ ᠣᠨ ᠤ ᠲᠥᠯᠥᠪᠯᠡᠭᠡ ᠶᠢᠨ 25.5% ᠶᠢ ᠪᠡᠶᠡᠯᠡᠭᠦᠯᠵᠦ᠂ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠤᠨ ᠰᠦᠯᠵᠢᠶᠡᠨ ᠳᠡᠭᠡᠷᠡᠬᠢ ᠦᠢᠯᠡᠰ ᠴᠣᠭᠴᠠᠯᠠᠬᠤ ᠪᠣᠯᠪᠠᠰᠤᠷᠠᠭᠤᠯᠤᠯ ᠳᠤ ᠣᠷᠤᠯᠴᠠᠭᠰᠠᠨ ᠬᠦᠮᠦᠨ ᠤ | ᠲᠤᠭ᠎ᠠ 3204 ᠪᠣᠯᠪᠠ᠃ | ᠠᠵᠤ ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠲᠠᠯ᠎ᠠ ᠪᠠᠷ᠂ ᠠᠳᠠᠯᠢ ᠪᠤᠰᠤ | ᠲᠥᠷᠥᠯ ᠤᠨ ᠠᠵᠤ ᠠᠬᠤᠶᠢᠯᠠᠯ ᠪᠠ ᠡᠵᠡᠩᠨᠡᠯᠲᠡ ᠶᠢᠨ ᠪᠠᠶᠢᠳᠠᠯ ᠳᠤ ᠴᠢᠭᠯᠡᠭᠦᠯᠦᠨ᠂ ᠮᠠᠨ ᠤ ᠣᠷᠣᠨ ᠠᠵᠤ | ᠠᠬᠤᠶᠢᠯᠠᠯ ᠤᠨ 2 — 6 ᠳ᠋ᠤᠭᠠᠷ ᠰᠠᠷ᠎ᠠ ᠳᠤ ᠲᠤᠰᠢᠶᠠᠬᠤ ᠨᠠᠰᠤᠵᠢᠯ ᠤᠨ ᠠᠰᠠᠷᠠᠮᠵᠢ᠂ ᠠᠵᠢᠯ ᠠᠯᠳᠠᠯᠲᠠ᠂ | ᠠᠵᠢᠯ ᠠᠴᠠ ᠪᠣᠯᠤᠭᠰᠠᠨ ᠭᠡᠮᠲᠦᠯ ᠵᠡᠷᠭᠡ ᠭᠤᠷᠪᠠᠨ ᠵᠦᠢᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠳᠤ | ︽ᠭᠡᠯᠳᠦᠷᠢᠭᠦᠯᠬᠦ᠂ ᠬᠠᠰᠤᠬᠤ᠂ ᠬᠤᠶᠢᠰᠢᠯᠠᠭᠤᠯᠬᠤ︾ ᠲᠥᠷᠥ ᠶᠢᠨ ᠪᠣᠳᠣᠯᠭ᠎ᠠ ᠶᠢ ᠬᠡᠷᠡᠭᠵᠢᠭᠦᠯᠪᠡ᠃ | ᠰᠦᠯᠵᠢᠶᠡᠨ ᠭᠠᠳᠠᠨᠠᠬᠢ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠲᠦᠷ ᠵᠣᠭᠰᠣᠭᠠᠭᠰᠠᠨ ᠪᠠᠶᠢᠳᠠᠯ | ᠳᠣᠤᠷ᠎ᠠ᠂ ᠮᠠᠨ ᠤ ᠣᠷᠣᠨ ︽ᠢᠨᠲ᠋ᠧᠷ ᠰᠦᠯᠵᠢᠶ᠎ᠡ + ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ | ᠪᠣᠯᠪᠠᠰᠤᠷᠠᠭᠤᠯᠤᠯ︾ ᠢ ᠪᠥᠬᠦ ᠬᠦᠴᠦᠨ ᠢᠶᠠᠷ ᠠᠬᠢᠭᠤᠯᠵᠤ᠂ ᠠᠵᠢᠯ ᠣᠯᠭᠤᠯᠲᠠ ᠶᠢᠨ ᠭᠤᠤᠯᠳᠠᠯᠭ᠎ᠠ ᠲᠠᠢ ᠬᠠᠮᠲᠤᠯᠢᠭ᠂ | ᠠᠵᠤ ᠠᠬᠤᠶᠢᠯᠠᠯ ᠤᠨ ᠠᠵᠢᠯᠲᠠᠨ ᠳᠤ ᠰᠦᠢᠳᠬᠡᠯ ᠬᠤᠷᠢᠶᠠᠬᠤ ᠥᠬᠡᠶ ᠪᠠᠷ ᠰᠦᠯᠵᠢᠶᠡᠨ ᠳᠡᠭᠡᠷᠡᠬᠢ ᠤᠷ᠎ᠠ | ᠴᠢᠳᠠᠪᠤᠷᠢ ᠶᠢᠨ ᠪᠣᠯᠪᠠᠰᠤᠷᠠᠭᠤᠯᠤᠯ ᠬᠠᠩᠭᠠᠵᠠᠢ᠃ 4 ᠳ᠋ᠦ᠋ᠭᠡᠷ ᠰᠠᠷ᠎ᠠ ᠶᠢᠨ 23 ᠤ ᠡᠳᠦᠷ ᠪᠣᠯᠲᠠᠯ᠎ᠠ᠂ ᠨᠡᠶᠢᠭᠡᠮ | ᠨᠡᠶᠢᠲᠡ ᠳᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠰᠦᠯᠵᠢᠶᠡᠨ ᠳᠡᠭᠡᠷᠡᠬᠢ ᠪᠣᠯᠪᠠᠰᠤᠷᠠᠭᠤᠯᠤᠯ ᠤᠨ | ᠲᠠᠪᠴᠠᠩ ᠢ ᠨᠡᠶᠢᠲᠡ 157 ᠨᠡᠶᠢᠲᠡᠯᠡᠨ᠂ ᠰᠦᠯᠵᠢᠶᠡᠨ ᠳᠡᠭᠡᠷᠡᠬᠢ ᠪᠣᠯᠪᠠᠰᠤᠷᠠᠭᠤᠯᠤᠯ ᠤᠨ ᠲᠠᠪᠴᠠᠩ ᠳᠤ 3.52 | ᠲᠦᠮᠡᠨ ᠬᠥᠮᠦᠨ ᠢ ᠳᠡᠩᠰᠡᠯᠡᠵᠦ᠂ 3.39 ᠲᠦᠮᠡᠨ ᠬᠥᠮᠦᠨ ᠤᠳᠠᠭ᠎ᠠ ᠪᠣᠯᠪᠠᠰᠤᠷᠠᠭᠤᠯᠪᠠ᠃ | 3 ᠳ᠋ᠤᠭᠠᠷ ᠰᠠᠷ᠎ᠠ ᠶᠢᠨ 20 ᠤ ᠡᠳᠦᠷ ᠠᠴᠠ ᠡᠬᠢᠯᠡᠨ᠂ ᠮᠠᠨ ᠤ ᠣᠷᠣᠨ ︽ᠠᠵᠢᠯ ᠤᠨ ᠪᠠᠶᠢᠷᠢ ᠪᠡᠯᠡᠬᠡᠨ · | ᠬᠠᠮᠲᠤ ᠪᠠᠷ ᠠᠵᠢᠯ ᠣᠯᠣᠶ᠎ᠠ︾ ᠭᠡᠰᠡᠨ ᠭᠠᠷᠴᠠᠭ ᠢᠶᠠᠷ ᠭᠤᠤᠯ ᠰᠡᠳᠦᠪ ᠪᠣᠯᠭᠠᠭᠰᠠᠨ ᠲᠣᠮᠣ ᠬᠡᠯᠪᠡᠷᠢ ᠶᠢᠨ | ᠬᠠᠪᠤᠷ ᠤᠨ ᠤᠯᠠᠷᠢᠯ ᠤᠨ ᠰᠦᠯᠵᠢᠶ᠎ᠡ ᠪᠠᠷ ᠠᠵᠢᠯᠲᠠᠨ ᠤᠷᠢᠨ ᠡᠯᠰᠡᠬᠦ ᠠᠵᠢᠯᠯᠠᠭ᠎ᠠ ᠥᠷᠨᠢᠭᠦᠯᠵᠦ᠂ ︽ᠮᠤᠵᠢ | ᠠᠯᠤᠰᠯᠠᠨ ᠡᠯᠰᠡᠬᠦ︾᠂ ︽ᠠᠵᠤ ᠠᠬᠤᠶᠢᠯᠠᠯ ᠡᠯᠰᠡᠬᠦ︾᠂ ︽ᠬᠦᠷᠢᠶᠡᠯᠡᠩ ᠲᠣᠭᠤᠷᠢᠭ ᠤᠨ ᠡᠯᠰᠡᠬᠦ︾᠂ | ︽ᠰᠤᠷᠭᠠᠭᠤᠯᠢ ᠶᠢᠨ ᠬᠦᠷᠢᠶ᠎ᠡ ᠡᠯᠰᠡᠬᠦ︾ ᠵᠡᠷᠭᠡ 10 ᠲᠦᠷᠦᠯ ᠤᠨ ᠰᠦᠯᠵᠢᠶ᠎ᠡ ᠪᠠᠷ ᠤᠷᠢᠨ ᠡᠯᠰᠡᠬᠦ ᠠᠵᠢᠯᠯᠠᠭ᠎ᠠ ᠶᠢ | ᠡᠷᠭᠢᠯᠡᠪᠡ᠃ 4 ᠳ᠋ᠦ᠋ᠭᠡᠷ ᠰᠠᠷ᠎ᠠ ᠶᠢᠨ 23 ᠤ ᠡᠳᠦᠷ ᠪᠣᠯᠲᠠᠯ᠎ᠠ᠂ ᠪᠥᠬᠦ ᠣᠷᠣᠨ ᠳᠤ ᠰᠦᠯᠵᠢᠶᠡᠨ ᠳᠡᠭᠡᠷᠡᠬᠢ | ᠠᠵᠢᠯᠲᠠᠨ ᠡᠯᠰᠡᠬᠦ ᠴᠤᠭᠯᠠᠭᠠᠨ ᠢ ᠨᠡᠶᠢᠲᠡ 203 ᠲᠠᠯᠠᠪᠠᠢ ᠡᠷᠬᠢᠯᠡᠨ᠂ 54.2 ᠲᠦᠮᠡᠨ ᠠᠵᠢᠯ ᠤᠨ ᠪᠠᠶᠢᠷᠢ | ᠬᠠᠩᠭᠠᠵᠤ᠂ ᠰᠦᠯᠵᠢᠶᠡᠨ ᠳᠡᠭᠡᠷ᠎ᠡ ᠠᠵᠢᠯ ᠡᠷᠢᠵᠦ ᠪᠠᠶᠢᠭ᠎ᠠ ᠬᠥᠮᠦᠨ ᠤ ᠲᠤᠭ᠎ᠠ 18.9 ᠲᠦᠮᠡ ᠪᠣᠯᠵᠣ᠂ 7.6 | ᠲᠦᠮᠡᠨ ᠬᠥᠮᠦᠨ ᠰᠠᠨᠠᠮᠵᠢ ᠶᠢᠨ ᠪᠢᠴᠢᠭ ᠲᠣᠭᠲᠠᠵᠠᠢ᠃ |