ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠶᠢᠨ ᠬᠥᠬᠡᠬᠤᠲᠠ ᠳᠠᠬᠢ ᠬᠤᠪᠢᠶᠠᠷᠢ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠠᠷᠢᠯᠭ᠎ᠠ ᠡᠬᠢᠯᠡᠪᠡ  ᠪᠦ᠋ ᠰᠢᠶᠤᠤ ᠯᠢᠨ ᠪᠠᠷᠢᠯᠭ᠎ᠠ ᠡᠬᠢᠯᠡᠬᠦ ᠶᠣᠰᠣᠯᠠᠯ ᠳᠤ ᠣᠷᠣᠯᠴᠠᠵᠠᠢ
ᠨᠡᠶᠢᠲᠡᠯᠡᠭᠰᠡᠨ ᠴᠠᠭ᠄
2020/6/1
     5 ᠰᠠᠷ᠎ᠠ ᠶᠢᠨ 31᠎ ᠤ ᠡᠳᠦᠷ᠂ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠶᠢᠨ ᠬᠥᠬᠡᠬᠤᠲᠠ ᠳᠠᠬᠢ ᠬᠤᠪᠢᠶᠠᠷᠢ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠠᠷᠢᠯᠭ᠎ᠠ ᠡᠬᠢᠯᠡᠪᠡ᠃
     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠤ ᠯᠢᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠯᠢ ᠰᠢᠶᠠ᠂ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠰᠤᠷᠭᠠᠭᠤᠯᠢ ᠶᠢᠨ ᠵᠠᠬᠢᠷᠤᠯ ᠬᠤᠸᠠᠩ ᠲᠠᠢ ᠶᠠᠨ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠶ ᠯᠢ ᠬᠤᠸᠠ᠂ ᠵᠧᠩ ᠬᠤᠩ ᠹᠠᠨ ᠪᠠᠷᠢᠯᠭ᠎ᠠ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠲᠥᠷᠥᠯ ᠵᠦᠢᠯ ᠳᠤ ᠰᠠᠭᠤᠷᠢ ᠲᠠᠯᠪᠢᠪᠠ᠃      ᠪᠠᠷᠢᠯᠭ᠎ᠠ ᠡᠬᠢᠯᠡᠬᠦ ᠶᠣᠰᠣᠯᠠᠯ ᠳᠡᠭᠡᠷ᠎ᠡ᠂ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ᠂ ᠬᠥᠬᠡᠬᠤᠲᠠ ᠶᠢᠨ ᠵᠠᠰᠠᠭ ᠤᠨ ᠣᠷᠳᠣᠨ ᠤ ᠬᠠᠷᠢᠭᠤᠴᠠᠯᠭᠠᠲᠠᠨ ᠨᠥᠬᠦᠳ ᠲᠣᠰ ᠲᠣᠰ ᠪᠠᠶᠠᠷ ᠤᠨ ᠦᠭᠡ ᠬᠡᠯᠡᠵᠦ᠂ ᠬᠤᠶᠠᠷ ᠲᠠᠯ᠎ᠠ ᠶᠢᠨ ᠬᠠᠮᠲᠤᠷᠠᠨ ᠰᠤᠷᠭᠠᠭᠤᠯᠢ ᠡᠷᠭᠢᠯᠡᠭᠰᠡᠨ ᠪᠠ ᠲᠥᠷᠥᠯ ᠵᠦᠢᠯ ᠢ ᠬᠡᠷᠡᠭᠵᠢᠭᠦᠯᠦᠭᠰᠡᠨ ᠪᠠᠶᠢᠳᠠᠯ ᠢ ᠲᠠᠨᠢᠯᠴᠠᠭᠤᠯᠪᠠ᠃      ᠣᠶᠢᠯᠠᠭᠠᠭᠰᠠᠨ ᠢᠶᠠᠷ᠂ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠪᠤᠯ ᠤᠤᠯ ᠤᠨ ᠤᠯᠤᠰ ᠠᠴᠠ ᠪᠠᠶᠢᠭᠤᠯᠤᠭᠰᠠᠨ ᠮᠣᠩᠭᠤᠯ ᠲᠥᠪᠡᠳ ᠰᠤᠷᠭᠠᠭᠤᠯᠢ ᠪᠠᠶᠢᠵᠤ᠂ 1913 ᠣᠨ ᠳᠤ ᠪᠠᠶᠢᠭᠤᠯᠤᠭᠳᠠᠵᠥ᠂ ᠦᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠯᠤᠭ᠎ᠠ ᠭᠦᠨ ᠵᠤᠵᠠᠭᠠᠨ ᠲᠡᠤᠬᠡᠨ ᠬᠤᠯᠪᠤᠭ᠎ᠠ ᠲᠠᠢ ᠶᠤᠮ᠃ 2019 ᠣᠨ ᠤ 3 ᠰᠠᠷ᠎ᠠ ᠶᠢᠨ 31᠎ ᠤ ᠡᠳᠦᠷ᠂ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠪᠣᠯᠤᠨ ᠬᠥᠬᠡᠬᠤᠲᠠ ᠶᠢᠨ ᠵᠠᠰᠠᠭ ᠤᠨ ᠣᠷᠳᠣᠨ ᠬᠥᠬᠡᠬᠤᠲᠠ ᠳᠤ ᠬᠠᠮᠲᠤᠷᠠᠨ ᠰᠤᠷᠭᠠᠭᠤᠯᠢ ᠡᠷᠬᠢᠯᠡᠬᠦ ᠵᠦᠪᠯᠡᠯᠴᠡᠭᠡᠷ ᠳᠤᠬᠢᠷᠠᠯᠴᠠᠵᠤ᠂ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠶᠢᠨ ᠬᠥᠬᠡᠬᠤᠲᠠ ᠳᠠᠬᠢ ᠬᠤᠪᠢᠶᠠᠷᠢ ᠰᠤᠷᠭᠠᠭᠤᠯᠢ ᠶᠢ ᠬᠠᠮᠲᠤᠷᠠᠨ ᠡᠷᠬᠢᠯᠡᠬᠦ ᠪᠠᠷ ᠲᠣᠭᠲᠠᠪᠠ᠂ ᠰᠤᠷᠭᠠᠭᠤᠯᠢ ᠶᠢᠨ ᠰᠢᠨᠵᠢ ᠴᠢᠨᠠᠷ ᠨᠢ ᠪᠦᠬᠦᠯᠢ ᠡᠳᠦᠷ ᠤᠨ ᠳᠦᠷᠢᠮᠲᠦ ᠠᠯᠪᠠᠨ ᠠᠴᠠ ᠡᠷᠬᠢᠯᠡᠭᠰᠡᠨ ᠪᠦᠷᠢᠨ ᠳᠤᠮᠳᠠᠳᠤ ᠰᠤᠷᠭᠠᠭᠤᠯᠢ ᠪᠣᠯᠤᠨ᠎ᠠ᠂ ᠬᠤᠶᠠᠷ ᠲᠠᠯ᠎ᠠ ᠪᠠᠷ ᠢᠶᠠᠨ ᠰᠤᠷᠭᠠᠭᠤᠯᠢ ᠪᠠᠨ ᠪᠦᠬᠦ ᠣᠷᠣᠨ ᠤ ᠲᠡᠷᠢᠭᠦᠨ ᠤ᠂ ᠪᠦᠬᠦ ᠤᠯᠤᠰ ᠤᠨ ᠨᠡᠷᠡᠳᠤ ᠰᠢᠯᠢᠳᠡᠭ ᠳᠤᠮᠳᠠᠳᠤ ᠰᠤᠷᠭᠠᠭᠤᠯᠢ ᠪᠣᠯᠭᠠᠨ ᠡᠷᠬᠢᠯᠡᠬᠦ ᠪᠠᠷ ᠴᠢᠷᠮᠠᠶᠢᠬᠤ ᠪᠤᠯᠤᠨ᠎ᠠ᠃ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠶᠢᠨ ᠬᠥᠬᠡᠬᠤᠲᠠ ᠳᠠᠬᠢ ᠬᠤᠪᠢᠶᠠᠷᠢ ᠰᠤᠷᠭᠠᠭᠤᠯᠢ ᠶᠢᠨ ᠲᠦᠷᠦᠯ ᠵᠦᠢᠯ ᠨᠢ ᠢᠦ᠋ᠢᠴᠢᠤᠸᠠᠨ ᠲᠣᠭᠤᠷᠢᠭ ᠲᠤ ᠪᠠᠶᠢᠷᠢᠯᠠᠵᠤ᠂ ᠲᠥᠯᠥᠪᠵᠢᠭᠦᠯᠦᠭᠰᠡᠨ ᠪᠠᠷᠢᠯᠭ᠎ᠠ ᠶᠢᠨ ᠲᠠᠯᠠᠪᠠᠢ ᠨᠢ 12.79 ᠲᠦᠮᠡᠨ ᠲᠡᠭᠰᠢ ᠳᠥᠷᠪᠡᠯᠵᠢᠨ ᠮᠧᠲᠷ᠂ ᠰᠤᠷᠭᠠᠭᠤᠯᠢ ᠡᠷᠬᠢᠯᠡᠬᠦ ᠬᠡᠪᠴᠢᠶ᠎ᠡ ᠨᠢ 78 ᠵᠢᠭᠠᠨ ᠰᠤᠷᠭᠠᠯᠲᠠ ᠶᠢᠨ ᠠᠩᠬᠢ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号