ᠡᠯᠡᠰᠦᠨ ᠴᠦᠯ ᠰᠠᠶᠢᠨ ᠲᠠᠷᠢᠶᠠᠨ ᠭᠠᠵᠠᠷ ᠪᠣᠯᠵᠤ ᠬᠤᠪᠢᠷᠠᠪᠠ
ᠨᠡᠶᠢᠲᠡᠯᠡᠭᠰᠡᠨ ᠴᠠᠭ᠄
2020/6/1
 
     5 ᠳ᠋ᠤᠭᠠᠷ ᠰᠠᠷ᠎ᠠ ᠶᠢᠨ 30᠎ ᠤ ᠡᠳᠦᠷ᠂ ᠠᠵᠢᠯᠲᠠᠳ ᠶᠠᠭ ᠲᠤᠲᠤᠷᠭ᠎ᠠ ᠶᠢᠨ ᠲᠠᠷᠢᠶᠠᠨ ᠳᠤ ᠴᠢᠬᠢ ᠰᠠᠭᠤᠯᠭᠠᠵᠤ ᠪᠠᠶᠢᠨ᠎ᠠ᠃ ᠣᠶᠢᠯᠠᠭᠠᠭᠰᠠᠨ ᠢᠶᠠᠷ᠂ ᠡᠯᠡᠰᠦᠷᠬᠡᠭ ᠭᠠᠩ ᠬᠠᠭᠤᠷᠠᠶ ᠣᠷᠣᠨ ᠤ ᠲᠠᠷᠢᠶᠠᠯᠠᠩ ᠤᠨ ᠦᠢᠯᠡᠳᠬᠦᠨ ᠤ ᠥᠷᠲᠡᠭ ᠢ ᠳᠡᠭᠡᠭᠰᠢᠯᠡᠭᠦᠯᠵᠦ᠂ ᠡᠯᠡᠰᠦᠷᠬᠡᠭ ᠭᠠᠩ ᠬᠠᠭᠤᠷᠠᠶ ᠣᠷᠣᠨ ᠤ ᠬᠠᠮᠢᠶ᠎ᠠ ᠪᠦᠬᠦᠢ ᠠᠵᠤ ᠦᠢᠯᠡᠰ ᠢ ᠬᠥᠭᠵᠢᠭᠦᠯᠬᠦ ᠶᠢ ᠳᠠᠶᠢᠴᠢᠯᠠᠬᠤ ᠳᠤ ᠠᠰᠢᠭᠲᠠᠶ ᠪᠣᠯᠭᠠᠬᠤ ᠶᠢᠨ ᠲᠤᠰᠠᠳᠠ᠂ ᠳ᠋ᠧᠩᠺᠡᠤ ᠰᠢᠶᠠᠨ ᠤ ᠠᠷᠠᠳ ᠤᠨ ᠵᠠᠰᠠᠭ ᠤᠨ ᠣᠷᠳᠣᠨ ᠨᠢ ᠪᠡᠭᠡᠵᠢᠩ ᠤᠨ ᠷᠧᠨ ᠴᠤᠸᠠᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠦᠭᠯᠡᠯ ᠯᠦᠭᠡ ᠬᠠᠮᠲᠤᠷᠠᠯᠴᠠᠨ ᠪᠡᠯᠡ ᠨᠡᠶᠢᠯᠡᠭᠦᠯᠦᠨ ᠺᠣᠮᠫᠠᠨᠢ ᠪᠠᠶᠢᠭᠤᠯᠵᠤ᠂ ︽ᠱᠧᠩ ᠲᠠᠢ ᠤᠰᠤ ᠬᠠᠮᠠᠭᠠᠯᠠᠬᠤ ᠡᠯᠡᠰᠦ︾᠎ ᠶᠢᠨ ᠲᠠᠷᠢᠬᠤ ᠮᠡᠷᠭᠡᠵᠢᠯ ᠢ ᠠᠰᠢᠭᠯᠠᠨ ᠡᠯᠡᠰᠦ ᠮᠠᠩᠬ᠎ᠠ ᠶᠢ ᠥᠭᠡᠷᠡᠴᠢᠯᠡᠬᠦ ᠪᠠ ᠬᠤᠵᠢᠷᠯᠢᠭ ᠭᠠᠵᠠᠷ ᠢ ᠰᠠᠶᠢᠵᠢᠷᠠᠭᠤᠯᠬᠤ ᠠᠵᠢᠯ ᠢ ᠬᠢᠬᠦ ᠶᠢᠨ ᠬᠠᠮᠲᠤ 1000 ᠮᠦ ᠭᠡᠷᠡᠯ ᠴᠡᠨᠡᠭ ᠲᠠᠢ ᠡᠯᠡᠰᠦᠨ ᠴᠥᠯ ᠤᠨ ᠣᠷᠭᠠᠨᠢᠭ ᠲᠤᠲᠤᠷᠭ᠎ᠠ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠬᠤ ᠪᠠ 500 ᠮᠦ ᠬᠤᠵᠢᠷᠯᠢᠭ ᠭᠠᠵᠠᠷ ᠢ ᠰᠠᠶᠢᠵᠢᠷᠠᠭᠤᠯᠬᠤ ᠲᠤᠷᠰᠢᠯᠲᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ ᠦᠷᠨᠢᠭᠦᠯᠦᠨ᠂ ᠡᠯᠡᠰᠦ ᠮᠠᠩᠬ᠎ᠠ ᠶᠢ ᠰᠠᠶᠢᠨ ᠲᠠᠷᠢᠶᠠᠨ ᠭᠠᠵᠠᠷ ᠪᠣᠯᠭᠠᠵᠤ᠂ ᠡᠯᠡᠰᠦ ᠮᠠᠩᠬ᠎ᠠ ᠶᠢ ᠨᠣᠭᠤᠭᠠᠨ ᠪᠦᠷᠢᠳᠦ ᠪᠣᠯᠭᠠᠨ ᠬᠤᠪᠢᠷᠠᠭᠤᠯᠬᠤ ᠶᠢ ᠪᠡᠶᠡᠯᠡᠭᠦᠯᠵᠦ᠂ ᠡᠯᠡᠰᠦ ᠮᠠᠩᠬ᠎ᠠ ᠶᠢ ᠶᠡᠷᠦᠩᠬᠡᠶᠢᠯᠡᠨ ᠵᠠᠰᠠᠬᠤ ᠳᠤ ᠪᠣᠳᠠᠲᠠᠢ ᠬᠡᠷᠡᠭᠵᠢᠭᠦᠯᠵᠦ ᠪᠣᠯᠬᠤᠶᠢᠴᠠ ᠰᠢᠢᠳᠪᠦᠷᠢᠯᠡᠬᠦ ᠲᠥᠰᠦᠯ ᠬᠠᠩᠭᠠᠵᠤ ᠥᠭᠴᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号