ᠵᠢᠨᠱᠠᠨ ᠢᠯᠴᠢ ᠶᠢᠨ ᠴᠠᠬᠢᠯᠭᠠᠨ ᠤ ᠦᠢᠯᠡᠳᠪᠦᠷᠢ ᠶᠢᠨ 2 × 66 ᠳᠦᠮᠡᠨ ᠺᠢᠯᠤᠸᠠᠲ ᠤᠨ ᠦᠷᠬᠡᠳᠬᠡᠨ ᠪᠠᠶᠢᠭᠤᠯᠬᠤ ᠢᠨᠵᠧᠨᠧᠷᠢᠩ ᠪᠠᠷᠢᠯᠭ᠎ᠠ ᠡᠬᠢᠯᠠᠪᠠ    ᠪᠦ᠋ ᠰᠢᠶᠣᠤ ᠯᠢᠨ ᠪᠠᠷᠢᠯᠭ᠎ᠠ ᠡᠬᠢᠯᠡᠬᠦ ᠶᠣᠰᠣᠯᠠᠯ ᠳᠤ ᠣᠷᠣᠯᠴᠠᠵᠠᠢ
ᠨᠡᠶᠢᠲᠡᠯᠡᠭᠰᠡᠨ ᠴᠠᠭ᠄
2020/6/1
   5 ᠰᠠᠷ᠎ᠠ ᠶᠢᠨ 31᠎ ᠤ ᠡᠳᠦᠷ᠂ ᠵᠢᠨᠱᠠᠨ ᠢᠯᠴᠢ ᠴᠠᠬᠢᠯᠭᠠᠨ ᠤ ᠦᠢᠯᠡᠳᠪᠦᠷᠢ ᠶᠢᠨ 2 × 66 ᠲᠦᠮᠡᠨ ᠺᠢᠯᠣᠸᠠᠲ ᠤᠨ ᠥᠷᠭᠡᠳᠬᠡᠨ ᠪᠠᠶᠢᠭᠤᠯᠬᠤ ᠢᠨᠵᠧᠨᠧᠷᠢᠩ ᠬᠥᠬᠡᠬᠤᠲᠠ ᠶᠢᠨ ᠲᠦᠮᠡᠳ ᠵᠡᠭᠦᠨ ᠬᠤᠰᠢᠭᠤᠨ ᠳᠤ ᠪᠠᠷᠢᠯᠭ᠎ᠠ ᠡᠬᠢᠯᠡᠪᠡ᠃    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠤ ᠯᠢᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠶ ᠯᠢ ᠬᠤᠸᠠ᠂ ᠵᠧᠩ ᠬᠤᠩ ᠹᠠᠨ ᠪᠠᠷᠢᠯᠭ᠎ᠠ ᠡᠬᠢᠯᠡᠬᠦ ᠶᠣᠰᠣᠯᠠᠯ ᠳᠤ ᠣᠷᠣᠯᠴᠠᠬᠰᠠᠨ ᠪᠦᠬᠡᠳ ᠲᠥᠷᠥᠯ ᠵᠦᠢᠯ ᠳᠤ ᠰᠠᠭᠤᠷᠢ ᠲᠠᠯᠪᠢᠵᠤ ᠥᠭᠪᠡ᠃    ᠵᠢᠨᠱᠠᠨ ᠢᠯᠴᠢ ᠶᠢᠨ ᠴᠠᠬᠢᠯᠭᠠᠨ ᠤ ᠦᠢᠯᠡᠳᠪᠦᠷᠢ ᠶᠢᠨ 2 × 66 ᠲᠦᠮᠡᠨ ᠺᠢᠯᠣᠸᠠᠲ ᠤᠨ ᠥᠷᠭᠡᠳᠬᠡᠨ ᠪᠠᠶᠢᠭᠤᠯᠬᠤ ᠢᠨᠵᠧᠨᠧᠷᠢᠩ ᠢ ᠥᠪᠥᠷ ᠮᠣᠩᠭᠤᠯ ᠤᠨ ᠡᠨᠧᠷᠭᠢ ᠴᠠᠬᠢᠯᠭᠠᠨ ᠭᠠᠷᠭᠠᠯᠳᠠ ᠶᠢᠨ ᠪᠡᠯᠡ ᠣᠷᠣᠭᠤᠯᠤᠯᠲᠠ ᠶᠢᠨ ᠪᠦᠯᠦᠭᠯᠡᠯ ᠺᠣᠮᠫᠠᠨᠢ ᠠᠴᠠ ᠪᠡᠯᠡ ᠣᠷᠣᠭᠤᠯᠤᠨ ᠪᠦᠲᠦᠭᠡᠨ ᠪᠠᠶᠢᠭᠤᠯᠵᠤ᠂ ᠶᠡᠷᠦᠩᠬᠡᠶ ᠪᠡᠯᠡ ᠣᠷᠣᠭᠤᠯᠤᠯᠲᠠ ᠨᠢ 49.9 ᠳ᠋ᠦᠩᠰᠢᠭᠤᠷ ᠲᠥᠭᠦᠷᠢᠭ ᠲᠤ ᠬᠦᠷᠴᠤ᠂ ᠬᠥᠬᠡᠬᠤᠲᠠ ᠶᠢᠨ ᠠᠷᠢᠭᠤᠨ ᠴᠡᠪᠡᠷ ᠢᠶᠠᠷ ᠢᠯᠴᠢ ᠬᠠᠩᠭᠠᠬᠤ ᠶᠢ ᠠᠬᠢᠭᠤᠯᠬᠤ᠂ ᠬᠦᠬᠡ ᠣᠭᠲᠠᠷᠭᠤᠢ ᠶᠢ ᠬᠠᠮᠠᠭᠠᠯᠠᠬᠤ ᠳᠠᠶᠢᠯᠠᠯᠳᠤᠭᠠᠨ ᠤ ᠢᠯᠠᠯᠲᠠ ᠶᠢ ᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠂ ᠵᠢᠱᠢᠯᠲᠡ ᠪᠠᠷ 2022 ᠣᠨ ᠤ 10 ᠰᠠᠷ᠎ᠠ ᠳᠤ ᠠᠰᠢᠡᠡᠯᠠᠯᠳᠠ ᠳᠤ ᠣᠷᠣᠵᠤ ᠴᠠᠬᠢᠯᠭᠠᠨ ᠭᠠᠷᠭᠠᠨ᠎ᠠ᠃ ᠲᠤᠰ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ ᠨᠢ 72.6 ᠳ᠋ᠦᠩᠰᠢᠭᠤᠷ ᠺᠢᠯᠣᠸᠠᠲ ᠴᠠᠭ ᠲᠤ ᠬᠦᠷᠴᠦ᠂ 3000 ᠲᠦᠮᠡᠨ ᠲᠡᠭᠰᠢ ᠳᠥᠷᠪᠡᠯᠵᠢᠨ ᠮᠧᠲᠷ ᠤᠨ ᠲᠠᠯᠠᠪᠠᠢ ᠳᠤ ᠢᠯᠴᠢ ᠬᠠᠩᠭᠠᠵᠤ ᠴᠢᠳᠠᠨ᠎ᠠ᠃    ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷᠢᠯᠭ᠎ᠠ ᠡᠬᠢᠯᠡᠬᠦ ᠶᠣᠰᠣᠯᠠᠯ ᠳᠤ ᠣᠷᠣᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号