ᠪᠦ᠋ ᠰᠢᠶᠤᠤ ᠯᠢᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠥ ︽ᠬᠥᠯᠥᠨ ᠪᠤᠶᠢᠷ ᠤᠨ ᠤᠯᠤᠰ ᠤᠨ ᠴᠡᠴᠡᠷᠯᠢᠭ ᠪᠠᠶᠢᠭᠤᠯᠬᠤ ᠲᠥᠰᠦᠯ︾᠎ ᠢ ᠰᠤᠳᠤᠯᠪᠠ
ᠨᠡᠶᠢᠲᠡᠯᠡᠭᠰᠡᠨ ᠴᠠᠭ᠄
2020/6/1
     5 ᠰᠠᠷ᠎ᠠ ᠶᠢᠨ 29᠎ ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠦ ᠯᠢᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠦ᠂ ︽ᠬᠥᠯᠥᠨ ᠪᠦᠢᠷ ᠤᠨ ᠤᠯᠤᠰ ᠎ ᠤᠨ ᠴᠡᠴᠡᠷᠯᠢᠭ ᠪᠠᠶᠢᠭᠤᠯᠬᠤ ᠲᠥᠰᠦᠯ︾᠎ ᠢ ᠰᠤᠳᠤᠯᠪᠠ᠃      ᠬᠤᠷᠠᠯ ᠠᠴᠠ᠂ ᠤᠯᠤᠰ ᠤᠨ ᠴᠡᠴᠡᠷᠯᠢᠭ ᠤᠨ ᠪᠠᠶᠢᠭᠤᠯᠤᠮᠵᠢ ᠶᠢ ᠪᠠᠶᠢᠭᠤᠯᠬᠤ ᠪᠣᠯ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠳᠤᠷᠠᠳᠤᠭᠰᠠᠨ ᠭᠤᠤᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ᠂ ᠮᠠᠨ ᠤ ᠤᠯᠤᠰ ᠤᠨ ᠠᠮᠢ ᠠᠬᠤᠢ ᠶᠢᠨ ᠪᠤᠯᠪᠠᠰᠤᠨ ᠤ ᠳᠦᠷᠢᠮ ᠎ ᠤᠨ ᠪᠠᠶᠢᠭᠤᠯᠤᠯᠳᠠ ᠶᠢᠨ ᠴᠢᠬᠤᠯᠠ ᠠᠭᠤᠯᠭ᠎ᠠ ᠪᠠᠶᠢᠵᠦ᠂ ᠪᠠᠶᠢᠭᠠᠯᠢ ᠶᠢᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠬᠠᠮᠠᠭᠠᠯᠠᠬᠤ ᠪᠠ ᠵᠦᠶ ᠵᠣᠬᠢᠰᠲᠠᠶ ᠠᠰᠢᠡᠡᠯᠠᠬᠤ ᠶᠢ ᠠᠬᠢᠭᠤᠯᠵᠦ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠦ ᠣᠷᠣᠰᠢᠬᠤ ᠶᠢ ᠠᠬᠢᠭᠤᠯᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠬᠥᠯᠥᠨ ᠪᠦᠢᠷ ᠤᠷᠤᠨ ᠤ ᠠᠮᠢ ᠠᠬᠤᠢ ᠶᠢᠨ ᠪᠠᠶᠢᠷᠢ ᠰᠠᠭᠤᠷᠢ ᠮᠠᠰᠢ ᠴᠢᠬᠤᠯᠠ ᠪᠠᠶᠢᠵᠥ᠂ ᠮᠠᠨ ᠤ ᠤᠯᠤᠰ ᠎ ᠤᠨ ᠬᠠᠮᠤᠭ ᠤᠨ ᠨᠡᠶᠢᠲᠡᠯᠢᠭ ᠣᠶ ᠰᠢᠭᠤᠶ᠂ ᠲᠠᠯ᠎ᠠ ᠨᠤᠲᠤᠭ᠂ ᠨᠤᠭᠤ ᠭᠠᠵᠠᠷ ᠵᠡᠷᠭᠡ ᠠᠮᠢ ᠠᠬᠤᠶ ᠶᠢᠨ ᠰᠢᠰᠲ᠋ᠧᠮ ᠎ ᠤᠨ ᠲᠥᠷᠥᠯ ᠵᠦᠢᠯ ᠲᠠᠢ ᠪᠠᠶᠢᠵᠦ᠂ ᠠᠭᠤᠯᠠ ᠤᠰᠦ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠳᠤᠭ ᠪᠡᠯᠴᠢᠬᠡᠷ ᠢ ᠨᠢᠭᠡ ᠴᠣᠭᠴᠠᠵᠢᠭᠤᠯᠤᠭᠰᠠᠨ ᠠᠮᠢ ᠨᠠᠰᠤᠨ ᠤ ᠬᠠᠮᠲᠦ ᠶᠢᠨ ᠴᠣᠭᠴᠠ ᠶᠢᠨ ᠨᠡᠶᠢᠲᠡᠯᠢᠭ ᠲᠥᠯᠥᠭᠡᠯᠡᠭᠴᠢ ᠪᠣᠯᠤᠨ᠎ᠠ᠃ ᠬᠥᠯᠥᠨ ᠪᠤᠶᠢᠷ ᠤᠨ ᠤᠯᠤᠰ ᠤᠨ ᠴᠡᠴᠡᠷᠯᠢᠭ ᠢ ᠪᠠᠶᠢᠭᠤᠯᠬᠤ ᠪᠣᠯ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠪᠠᠰᠠ ᠴᠦ ᠥᠪᠥᠷ ᠮᠣᠩᠭᠤᠯ ᠤᠨ ᠮᠠᠨ ᠤ ᠤᠯᠤᠰ ᠤᠨ ᠤᠮᠠᠷᠠᠲᠦ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠥᠲᠥᠭᠡᠨ ᠪᠠᠶᠢᠭᠤᠯᠬᠤ ᠶᠢᠨ ᠳᠣᠲᠣᠭᠠᠳᠦ ᠱᠠᠭᠠᠷᠳᠠᠯᠭ᠎ᠠ ᠮᠥᠨ᠃ ᠬᠥᠯᠥᠨ ᠪᠦᠢᠷ ᠬᠤᠲᠠ᠂ ᠶᠡᠭᠡ ᠬᠢᠩᠭᠠᠨ ᠳᠠᠪᠠᠭᠠᠨ ᠤ ᠭᠤᠣᠯᠳᠠᠯᠭ᠎ᠠ ᠲᠠᠢ ᠤᠯᠤᠰ ᠤᠨ ᠥᠮᠴᠢᠯᠡᠯ ᠤᠨ ᠣᠢ ᠰᠢᠭᠤᠢ ᠶᠢᠨ ᠬᠠᠮᠢᠶᠠᠷᠤᠯᠲᠠ ᠶᠢᠨ ᠲᠣᠪᠴᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠵᠢᠳᠭᠦᠨ ᠴᠢᠷᠮᠠᠶᠢᠵᠦ᠂ ᠲᠤᠬᠠᠢ ᠶᠢᠨ ᠭᠠᠵᠠᠷ ᠤᠨ ᠪᠠᠶᠢᠴᠠᠭᠠᠨ ᠰᠤᠳᠤᠯᠤᠯᠲᠠ ᠶᠢ ᠭᠦᠨᠵᠡᠭᠡᠢ ᠨᠠᠷᠢᠯᠢᠭ ᠥᠷᠨᠢᠭᠦᠯᠵᠦ᠂ ᠬᠥᠯᠥᠨ ᠪᠦᠢᠷ ᠤᠨ ᠤᠯᠤᠰ ᠤᠨ ᠴᠡᠴᠡᠷᠯᠢᠭ ᠪᠠᠶᠢᠭᠤᠯᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠳᠡᠢ ᠬᠡᠵᠥ ᠵᠢᠭᠠᠵᠥ ᠭᠠᠷᠭᠠᠪᠠ᠃      ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠠᠷᠠᠳ ᠲᠦᠮᠡᠨ ᠢ ᠳᠡᠭᠡᠳᠦᠯᠡᠬᠦ᠂ ᠠᠷᠠᠳ ᠲᠦᠮᠡᠨ ᠳᠤ ᠪᠤᠶᠠᠨ ᠦᠢᠯᠡᠳᠬᠦ ᠤᠯᠤᠰ ᠲᠥᠷᠥ ᠶᠢᠨ ᠦᠨᠳᠦᠷᠴᠡ ᠳᠤ ᠵᠤᠭᠰᠤᠨ᠂ ᠠᠮᠢ ᠠᠬᠤᠶ ᠶᠢ ᠤᠷᠢᠳ ᠢᠶᠠᠷ ᠪᠤᠳᠤᠯᠬᠢᠯᠠᠬᠤ᠂ ᠪᠣᠬᠢᠷᠲᠤᠯ ᠦᠭᠡᠶ ᠬᠥᠭᠵᠢᠬᠦᠯᠬᠦ ᠤᠳᠤᠷᠢᠳᠤᠮᠵᠢ ᠶᠢ ᠪᠠᠲᠦ ᠪᠣᠶ ᠪᠣᠯᠭᠠᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠴᠠᠭ ᠢᠮᠠᠭᠲᠠ ᠪᠠᠲᠤᠯᠠᠵᠦ᠂ ᠭᠤᠤᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠶ ᠣᠷᠴᠢᠨ ᠳᠤᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠬᠦᠴᠦᠯᠡᠨ ᠰᠠᠶᠢᠲᠤᠷ ᠠᠳᠬᠤᠵᠦ᠂ ᠬᠠᠷᠠᠬᠤ ᠨᠢᠳᠦᠨ ᠤ ᠴᠡᠴᠡᠬᠡᠢ ᠪᠠᠨ ᠬᠠᠮᠠᠭᠠᠯᠠᠬᠤ ᠰᠢᠬ ᠢᠶᠠᠷ ᠠᠮᠢ ᠠᠬᠤᠶ ᠣᠷᠴᠢᠨ ᠳᠤᠭᠤᠷᠢᠨ ᠢ ᠰᠠᠶᠢᠳᠦᠷ ᠬᠠᠮᠠᠭᠠᠯᠠᠬᠤ ᠬᠡᠷᠡᠭᠳᠡᠢ ᠬᠡᠵᠥ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号