ᠸᠠᠩ ᠠᠢ ᠸᠧᠨ ᠮᠠᠨ ᠤ ᠣᠷᠣᠨ ᠳᠤ ᠪᠠᠶᠢᠴᠠᠭᠠᠨ ᠰᠤᠳᠤᠯᠵᠤ ᠲᠣᠬᠤᠨᠢᠭᠤᠯᠬᠤ ᠳᠠᠭᠠᠨ ᠴᠢᠬᠤᠯᠠᠴᠢᠯᠠᠭᠰᠠᠨ ᠨᠢ ᠬᠠᠷᠢᠭᠤᠴᠠᠯᠭ᠎ᠠ ᠪᠠ ᠬᠠᠶᠢᠷ᠎ᠠ ᠰᠡᠳᠬᠢᠯᠭᠡ ᠲᠠᠢ ᠪᠠᠷ ᠬᠡᠤᠬᠡᠳ ᠤᠨ ᠠᠰᠠᠷᠠᠮᠵᠢ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ  ᠸᠠᠩ ᠯᠢ ᠰᠢᠶᠠ ᠡᠸᠤ ᠶᠠᠩ ᠰᠢᠶᠤᠤ ᠬᠤᠶ ᠪᠠᠷ᠎ᠠ ᠪᠣᠯᠪᠠ
ᠨᠡᠶᠢᠲᠡᠯᠡᠭᠰᠡᠨ ᠴᠠᠭ᠄
2020/6/1
     5 ᠰᠠᠷ᠎ᠠ ᠶᠢᠨ 30᠎ ᠤ ᠡᠳᠦᠷ᠂ ︽6 · 1︾᠎ ᠤ ᠲᠡᠯᠡᠬᠡᠢ ᠶᠢᠨ ᠬᠡᠤᠬᠡᠳ ᠤᠨ ᠪᠠᠶᠠᠷ ᠬᠦᠷᠴᠤ ᠢᠷᠡᠬᠦ ᠲᠠᠰᠢᠷᠠᠮ ᠳᠤ᠂ ᠠᠷᠠᠳ ᠤᠨ ᠶᠠᠪᠤᠳᠠᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠰᠠᠶᠢᠳ ᠸᠠᠩ ᠠᠶ ᠸᠧᠨ ᠮᠠᠨ ᠤ ᠣᠷᠣᠨ ᠳᠤ ᠢᠷᠡᠵᠤ᠂ ᠮᠠᠨ ᠤ ᠣᠷᠣᠨ ᠤ ᠬᠡᠦᠬᠡᠳ ᠤᠨ ᠠᠰᠠᠷᠠᠮᠵᠢ ᠶᠢᠨ ᠦᠢᠯᠡᠰ ᠲᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠥᠨᠥᠴᠢᠨ ᠵᠡᠮᠳᠡᠭ᠂ ᠬᠦᠴᠢᠷᠳᠡᠯ ᠲᠠᠢ ᠬᠡᠥᠬᠡᠳ ᠢ ᠪᠤᠯᠭᠤᠭᠠᠨ ᠳᠤᠬᠤᠨᠢᠭᠤᠯᠵᠥ᠂ ᠬᠡᠤᠬᠡᠳ ᠤᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠵᠥᠩᠨᠡᠯ ᠳᠡᠪᠰᠢᠭᠦᠯᠪᠡ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠎ ᠤᠨ ᠬᠤᠷᠢᠶᠠᠨ ᠤ ᠱᠦᠵᠢ ᠸᠠᠩ ᠯᠢ ᠰᠢᠶᠠ ᠪᠣᠯᠤᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠡᠸᠤ ᠶᠠᠩ ᠰᠢᠶᠤᠤ ᠬᠤᠶ ᠪᠠᠷ᠎ᠠ ᠪᠣᠯᠪᠠ᠃      ᠦᠳᠡ ᠶᠢᠨ ᠡᠮᠦᠨ᠎ᠡ᠂ ᠲᠡᠳᠡ ᠡᠩ ᠲᠡᠷᠢᠭᠦᠨ ᠳᠤ ᠬᠥᠬᠡᠬᠤᠲᠠ ᠶᠢᠨ ᠠᠷᠠᠳ ᠤᠨ ᠶᠠᠪᠤᠳᠠᠯ ᠤᠨ ᠠᠰᠠᠷᠠᠮᠵᠢ ᠶᠢᠨ ᠬᠦᠷᠢᠶᠡᠯᠡᠩ ᠳᠤ ᠬᠦᠷᠴᠦ᠂ ᠬᠥᠬᠡᠬᠤᠲᠠ ᠶᠢᠨ ᠬᠡᠤᠬᠡᠳ ᠤᠨ ᠠᠰᠠᠷᠠᠮᠵᠢ ᠶᠢᠨ ᠬᠦᠷᠢᠶᠡᠯᠡᠩ ᠤᠨ ᠥᠨᠥᠴᠢᠨ ᠵᠡᠮᠳᠡᠭ ᠬᠡᠤᠬᠡᠳ ᠤᠨ ᠰᠤᠷᠭᠠᠨ ᠬᠥᠮᠦᠵᠢᠯ᠂ ᠡᠷᠡᠭᠦᠯᠵᠢᠯ ᠵᠢᠴᠢ ᠬᠠᠮᠢᠶ᠎ᠠ ᠪᠥᠬᠦᠶ ᠢᠵᠢ ᠪᠥᠷᠢᠳᠦᠭᠰᠡᠨ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠳᠠᠷᠠᠭ᠎ᠠ ᠨᠢ ᠪᠠᠰᠠ ᠬᠥᠬᠡᠬᠤᠲᠠ ᠶᠢᠨ ᠰᠠᠶᠢᠬᠠᠨ ᠲᠣᠭᠤᠷᠢᠭ ᠤᠨ ᠬᠤᠸᠠᠬᠤᠰᠢᠭᠤ ᠪᠠᠯᠭᠠᠰᠤᠨ ᠤ ᠳᠡᠮᠡᠬᠡᠨ ᠨᠢᠷᠤᠭᠤ ᠲᠣᠰᠬᠤᠨ ᠪᠣᠯᠤᠨ ᠵᠡᠭᠦᠨ ᠲᠠᠪᠢᠨ ᠬᠡᠷ ᠲᠣᠰᠬᠤᠨ ᠳᠤ ᠬᠦᠷᠴᠦ ᠡᠷᠦᠬᠡ ᠪᠠᠷ ᠡᠷᠬᠢᠨ ᠦᠵᠡᠵᠥ᠂ ᠠᠰᠠᠷᠠᠨ ᠲᠡᠵᠢᠭᠡᠬᠦ ᠬᠥᠮᠦᠨ ᠦᠭᠡᠢ ᠬᠡᠦᠬᠡᠳ ᠤᠨ ᠠᠮᠢᠳᠤᠷᠠᠯ ᠪᠠ ᠰᠤᠷᠤᠯᠭ᠎ᠠ ᠶᠢᠨ ᠪᠠᠶᠢᠳᠠᠯ ᠢ ᠣᠶᠢᠯᠠᠭᠠᠬᠤ ᠶᠢᠨ ᠬᠠᠮᠲᠤ ᠬᠡᠦᠬᠡᠳ ᠲᠤ ᠲᠣᠬᠤᠨᠢᠭᠤᠯᠬᠤ ᠮᠥᠩᠭᠦ ᠬᠦᠷᠭᠡᠪᠡ᠃      ᠸᠠᠩ ᠠᠶ ᠸᠧᠨ᠂ ᠶᠡᠷᠦᠩᠬᠡᠢ ᠱᠦᠵᠢ ᠰᠢ ᠶᠢᠨ ᠫᠢᠩ ᠤᠨ ᠥᠷᠭᠡᠨ ᠤᠯᠠᠨ ᠬᠡᠦᠬᠡᠳ ᠤᠨ ᠳᠤᠬᠠᠢ ᠳᠣᠲᠣᠨᠣ ᠬᠠᠶᠢᠷ᠎ᠠ ᠬᠠᠯᠠᠮᠵᠢᠯᠠᠯ ᠢ ᠭᠦᠨᠵᠡᠭᠡᠢ ᠣᠶᠢᠯᠠᠭᠠᠵᠤ᠂ ᠬᠠᠷᠢᠭᠤᠴᠠᠯᠭ᠎ᠠ ᠪᠠ ᠬᠠᠶᠢᠷ᠎ᠠ ᠰᠡᠳᠬᠢᠯᠭᠡ ᠲᠠᠢ ᠪᠠᠷ ᠬᠡᠦᠬᠡᠳ ᠤᠨ ᠠᠰᠠᠷᠠᠮᠵᠢ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠬᠡᠤᠬᠡᠳ ᠤᠨ ᠠᠰᠠᠷᠠᠮᠵᠢ ᠶᠢᠨ ᠠᠵᠢᠯᠲᠠᠳ ᠡᠴᠢᠭᠡ ᠡᠬᠡ ᠶᠢᠨ ᠬᠠᠶᠢᠷ᠎ᠠ ᠶᠢ ᠡᠪᠦᠷᠯᠡᠨ᠂ ᠬᠡᠤᠬᠡᠳ ᠤᠨ ᠰᠠᠶᠢᠨ ᠠᠪᠤ ᠡᠵᠢ ᠪᠣᠯᠬᠤ ᠬᠡᠷᠡᠭᠲᠡᠶ᠃ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠵᠠᠶᠢᠯᠠᠰᠢ ᠦᠭᠡᠢ ᠬᠠᠷᠢᠭᠤᠴᠠᠯᠭ᠎ᠠ ᠡᠪᠤᠷᠯᠠᠨ ᠬᠡᠤᠬᠡᠳ ᠤᠨ ᠠᠰᠠᠷᠠᠮᠵᠢ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠎ ᠤ ᠬᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠡᠤᠬᠡᠳ ᠤᠨ ᠠᠰᠠᠷᠠᠮᠵᠢ ᠶᠢᠨ ᠠᠵᠢᠯ ᠢ ᠰᠠᠶᠢᠲᠤᠷ ᠬᠢᠬᠦ ᠶᠢ ᠶᠡᠭᠡ ᠪᠠᠷ ᠳᠠᠮᠵᠢᠵᠥ᠂ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠡᠨᠡ ᠬᠦ ᠠᠵᠢᠯ ᠤᠨ ︽ᠠᠷᠤ ᠲᠠᠯ᠎ᠠ ᠶᠢᠨ ᠦᠢᠯᠡᠴᠢᠯᠡᠭᠡᠨ ᠤ ᠬᠡᠯᠲᠡᠰ ᠤᠨ ᠳᠠᠷᠤᠭ᠎ᠠ︾᠎ ᠶᠢᠨ ᠠᠵᠢᠯ ᠢ ᠰᠠᠶᠢᠨ ᠬᠢᠬᠦ ᠬᠡᠷᠡᠭᠳᠡᠢ᠃ ᠡᠭᠦᠨ ᠤ ᠬᠠᠮᠲᠤ ᠪᠦᠬᠦ ᠨᠡᠶᠢᠭᠡᠮ ᠢ ᠳᠠᠶᠢᠴᠢᠯᠠᠨ ᠬᠠᠶᠢᠷ᠎ᠠ ᠬᠠᠯᠠᠮᠵᠢ ᠪᠠᠨ ᠡᠷᠭᠦᠵᠦ᠂ ᠥᠨᠥᠴᠢᠨ ᠵᠡᠮᠳᠡᠭ ᠬᠡᠤᠬᠡᠳ ᠎ ᠤᠨ ᠡᠷᠡᠭᠦᠯ ᠢᠶᠠᠷ ᠦᠰᠦᠨ ᠪᠤᠶᠢᠵᠢᠬᠤ ᠳᠤ ᠰᠠᠶᠢᠨ ᠰᠠᠶᠢᠬᠠᠨ ᠨᠥᠬᠦᠴᠡᠯ ᠬᠠᠩᠭᠠᠬᠤ ᠬᠡᠷᠡᠭᠲᠡᠶ ᠬᠡᠵᠥ ᠵᠢᠭᠠᠵᠥ ᠭᠠᠷᠭᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号