ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠤᠢᠢᠷ᠎ᠠ ᠶᠢᠨ ᠡᠳᠦᠷ ᠨᠢᠩᠰᠢᠶᠠ ᠳᠤ ᠰᠢᠨᠵᠢᠯᠡᠨ | ᠪᠠᠶᠢᠴᠠᠭᠠᠬᠤ ᠳᠠᠭᠠᠨ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ | ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠪᠦᠬᠦ ᠤᠯᠤᠰ ᠤᠨ ᠬᠤᠶᠠᠷ | ᠬᠤᠷᠠᠯ ᠤᠨ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠭᠤᠷᠪᠠᠨ ᠶᠡᠭᠡ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ︽ᠵᠢᠷᠭᠤᠭ᠎ᠠ ᠶᠢ ᠲᠤᠭᠲᠠᠪᠤᠷᠢᠵᠢᠭᠤᠯᠬᠤ︾ ᠠᠵᠢᠯ ᠢ ᠯᠠᠪᠳᠠᠭᠤᠨ | ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠠᠴᠠ ᠪᠣᠯᠤᠭᠰᠠᠨ ᠠᠰᠢᠭ ᠦᠭᠡᠢ ᠨᠥᠯᠥᠭᠡ ᠶᠢ | ᠴᠢᠷᠮᠠᠶᠢᠨ ᠠᠷᠢᠯᠭᠠᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ ᠠᠷᠠᠳ ᠤᠨ ᠠᠮᠢᠳᠤᠷᠠᠯ ᠢ ᠪᠠᠲᠤᠯᠠᠬᠤ ᠶᠢ | ᠤᠷᠢᠳ ᠢᠶᠠᠷ ᠭᠦᠢᠴᠡᠳᠬᠡᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ | ᠣᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠢ ᠬᠢᠵᠦ᠂ ᠠᠵᠤ | ᠠᠬᠤᠢ ᠴᠡᠴᠡᠭᠯᠡᠨ ᠬᠥᠭᠵᠢᠭᠰᠡᠨ᠂ ᠦᠨᠳᠦᠰᠦᠲᠡᠨ ᠨᠦᠭᠦᠳ ᠪᠦᠯᠬᠦᠮᠳᠡᠭᠰᠡᠨ᠂ ᠣᠷᠴᠢᠨ ᠲᠤᠭᠤᠷᠢᠨ ᠭᠤᠶᠤ ᠰᠠᠶᠢᠬᠠᠨ᠂ | ᠠᠷᠠᠳ ᠲᠦᠮᠡᠨ ᠪᠠᠶᠠᠨ ᠴᠢᠨᠡᠭᠡᠯᠢᠭ ᠦᠵᠡᠰᠬᠦᠯᠡᠩᠲᠦ ᠰᠠᠶᠢᠬᠠᠨ ᠰᠢᠨ᠎ᠡ ᠨᠢᠩᠰᠢᠶᠠ ᠶᠢ ᠦᠷᠭᠦᠯᠵᠢᠯᠡᠨ ᠪᠦᠲᠦᠭᠡᠨ | ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | | | | | | 6 ᠰᠠᠷ᠎ᠠ ᠶᠢᠨ 8 ᠠᠴᠠ 10 ᠤ ᠡᠳᠦᠷ ᠪᠤᠯᠳᠠᠯ᠎ᠠ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ | ᠨᠢᠩᠰᠢᠶᠠ ᠳᠤ ᠰᠢᠨᠵᠢᠯᠡᠨ ᠪᠠᠶᠢᠴᠠᠭᠠᠪᠠ᠃ ᠵᠢᠷᠤᠭ ᠪᠤᠯ 6 ᠰᠠᠷ᠎ᠠ ᠶᠢᠨ 8 ᠤ ᠦᠳᠡ ᠶᠢᠨ ᠬᠤᠶᠢᠨ᠎ᠠ᠂ ᠰᠢ ᠶᠢᠨ | ᠫᠢᠩ ᠦᠵᠦᠩ ᠬᠤᠲᠠ ᠶᠢᠨ ᠬᠤᠩ ᠰᠧ ᠪᠦ᠋ ᠲᠣᠭᠤᠷᠢᠭ ᠤᠨ ᠬᠤᠩ ᠰᠧ ᠪᠦ᠋ ᠪᠠᠯᠭᠠᠰᠤᠨ ᠤ ᠬᠤᠩᠳᠧ | ᠲᠣᠰᠬᠤᠨ ᠳᠤ ᠨᠡᠭᠦᠯᠭᠡᠨ ᠰᠢᠯᠵᠢᠭᠦᠯᠦᠭᠰᠡᠨ ᠤᠯᠠᠨ ᠲᠦᠮᠡᠨ ᠢ ᠡᠷᠬᠢᠨ ᠦᠵᠡᠵᠤ᠂ ᠤᠯᠠᠨ ᠤ ᠵᠦᠭ ᠭᠠᠷ ᠲᠠᠯᠠᠯᠤᠨ | ᠮᠡᠨᠳᠦᠴᠢᠯᠡᠵᠦ ᠪᠠᠶᠢᠭ᠎ᠠ ᠨᠢ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠰᠢᠶᠧ ᠬᠤᠸᠠᠨ ᠤᠤᠢ ᠰᠡᠭᠦᠳᠡᠷᠯᠡᠪᠡ | | ᠵᠤᠨ ᠤ ᠠᠭᠠᠭᠢᠮ᠎ᠠ ᠬᠠᠯᠠᠭᠤᠨ ᠳᠤ ᠨᠢᠩᠰᠢᠶᠠ ᠶᠢᠨ ᠬᠠᠲᠤᠨ ᠭᠤᠤᠯ ᠤᠨ ᠲᠠᠯ᠎ᠠ ᠭᠠᠵᠠᠷ ᠲᠤ ᠬᠦᠬᠡ | ᠤᠭᠲᠠᠷᠭᠤᠢ ᠴᠡᠯᠮᠡᠶᠢᠵᠤ ᠬᠦᠪᠦᠩ ᠡᠭᠦᠯᠡᠰ ᠨᠡᠭᠦᠳᠡᠯᠯᠡᠨ᠂ ᠡᠪᠡᠰᠦ ᠮᠣᠳᠣ ᠢᠭᠴᠤᠷᠠᠨ ᠤᠷᠭᠤᠨ᠎ᠠ᠃ 6 ᠰᠠᠷ᠎ᠠ ᠶᠢᠨ | 8 ᠤ ᠡᠳᠦᠷ ᠠᠴᠠ 10 ᠤ ᠡᠳᠦᠷ ᠪᠣᠯᠲᠠᠯ᠎ᠠ᠂ ᠰᠢ ᠶᠢᠨ ᠫᠢᠩ ᠨᠢᠩᠰᠢᠶᠠ ᠶᠢᠨ ᠬᠤᠲᠣᠩ ᠦᠨᠳᠦᠰᠦᠲᠡᠨ ᠤ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠴᠧᠨ ᠷᠦᠨ ᠡᠯ᠂ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠤ ᠲᠡᠷᠢᠭᠦᠯᠡᠭᠴᠢ ᠰᠢᠶᠠᠨ ᠬᠤᠢ ᠶᠢᠨ ᠪᠠᠷ᠎ᠠ ᠪᠤᠯᠤᠯᠭ᠎ᠠ ᠪᠠᠷ᠂ ᠤᠷᠢᠳ ᠬᠤᠵᠢᠳ | ᠦᠵᠥᠩ᠂ ᠢᠷᠭᠠᠢ ᠵᠡᠷᠭᠡ ᠭᠠᠵᠠᠷ ᠲᠤ ᠬᠦᠷᠴᠦ᠂ ᠬᠥᠳᠡᠭᠡ ᠲᠣᠰᠬᠤᠨ᠂ ᠨᠡᠶᠢᠭᠡᠮ ᠲᠣᠭᠤᠷᠢᠭ᠂ ᠦᠶᠡᠷ ᠢ | ᠰᠡᠷᠭᠡᠶᠢᠯᠡᠬᠦ ᠢᠨᠵᠧᠨᠧᠷᠢᠩ᠂ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠵᠡᠷᠭᠡ ᠳᠤ | ᠭᠦᠨᠵᠡᠭᠡᠶᠢᠷᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠡᠭᠭᠤᠵᠢᠭᠤᠯᠬᠤ ᠪᠠ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠠᠵᠢᠯ ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ᠂ ᠶᠠᠳᠠᠭᠤ ᠠᠴᠠ | ᠠᠩᠭᠢᠵᠢᠷᠠᠭᠤᠯᠬᠤ ᠪᠤᠭᠤᠮᠳᠠ ᠰᠢᠪᠲᠤᠯᠬᠤ ᠳᠠᠶᠢᠯᠠᠯᠳᠤᠭᠠᠨ ᠤ ᠦᠷ᠎ᠡ ᠪᠦᠲᠦᠭᠡᠯ ᠢ ᠪᠠᠬᠢᠵᠢᠭᠦᠯᠬᠦ᠂ ᠠᠮᠢ ᠠᠬᠤᠶ | ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠬᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠠᠬᠢᠭᠤᠯᠬᠤ ᠲᠤᠬᠠᠶ ᠪᠠᠶᠢᠴᠠᠭᠠᠨ ᠰᠤᠳᠤᠯᠤᠯᠲᠠ ᠬᠢᠪᠡ᠃ | ᠦᠵᠦᠩ ᠬᠤᠲᠠ ᠶᠢᠨ ᠬᠤᠩ ᠰᠧ ᠪᠦ᠋ ᠲᠣᠭᠤᠷᠢᠭ ᠤᠨ ᠬᠤᠩ ᠰᠧ ᠪᠦ᠋ ᠪᠠᠯᠭᠠᠰᠤᠨ ᠤ ᠬᠤᠩᠳᠧ ᠲᠣᠰᠬᠤᠨ | ᠪᠣᠯ ᠠᠮᠢ ᠠᠬᠤᠶ ᠶᠢᠨ ᠨᠡᠭᠦᠳᠡᠯ ᠠᠷᠠᠳ ᠤᠨ ᠲᠣᠰᠬᠤᠨ ᠪᠣᠯᠤᠨ᠎ᠠ᠂ ᠲᠠᠩᠰᠠᠯᠠᠵᠤ ᠺᠠᠷᠲᠯᠠᠭᠰᠠᠨ ᠶᠠᠳᠠᠭᠤ | ᠬᠦᠴᠢᠷᠳᠡᠯᠲᠡᠶ 1036 ᠡᠷᠦᠬᠡ ᠶᠢᠨ 4497 ᠬᠦᠮᠦᠨ ᠪᠠᠶᠢᠵᠤ᠂ ᠣᠳᠣᠬᠠᠨ ᠳᠤ ᠪᠠᠰᠠ 20 ᠡᠷᠦᠬᠡ ᠶᠢᠨ 50 | ᠬᠥᠮᠦᠨ ᠶᠠᠳᠠᠭᠤ ᠠᠴᠠ ᠪᠠᠨ ᠠᠩᠭᠢᠵᠢᠷᠠᠭᠠᠳᠤᠶ ᠪᠠᠶᠢᠨ᠎ᠠ᠃ 8 ᠤ ᠦᠳᠡ ᠶᠢᠨ ᠬᠤᠶᠢᠨ᠎ᠠ᠂ ᠰᠢ ᠶᠢᠨ ᠫᠢᠩ ᠡᠩ | ᠲᠡᠷᠢᠭᠦᠨ ᠳᠤ ᠬᠤᠩᠳᠧ ᠲᠣᠰᠬᠤᠨ ᠳᠤ ᠬᠦᠷᠴᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ | ᠰᠢᠨᠵᠢᠯᠡᠨ ᠪᠠᠶᠢᠴᠠᠭᠠᠪᠠ᠃ ᠲᠣᠰᠬᠤᠨ ᠤ ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ ᠤᠨ ᠬᠦᠷᠢᠶᠡᠨ ᠳᠤ᠂ | ᠲᠡᠷᠡ ᠨᠢᠩᠰᠢᠶᠠ ᠵᠢᠴᠢ ᠬᠤᠩᠳᠧ ᠲᠣᠰᠬᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠠᠢ᠃ ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ ᠲᠤ ᠤᠷᠤᠵᠤ᠂ | ᠰᠢ ᠶᠢᠨ ᠫᠢᠩ ᠴᠠᠭᠠᠰᠤᠨ ᠬᠠᠶᠢᠷᠴᠠᠭ ᠵᠤᠬᠢᠶᠠᠨ ᠦᠢᠯᠡᠳᠴᠦ ᠪᠠᠶᠢᠭᠰᠠᠨ ᠲᠣᠰᠬᠤᠨ ᠤ ᠠᠷᠠᠳ ᠲᠠᠢ ᠳᠣᠲᠣᠨᠣ ᠪᠠᠷ | ᠶᠠᠷᠢᠯᠴᠠᠪᠠ᠃ ᠨᠤᠲᠤᠭ ᠤᠨ ᠠᠬ᠎ᠠ ᠳᠡᠭᠦᠦ ᠨᠡᠷ ᠶᠡᠷᠦᠩᠬᠡᠢ ᠱᠦᠵᠢ ᠳᠤ᠂ ᠲᠣᠰᠬᠤᠨ ᠠᠴᠠ ᠠᠵᠤ ᠠᠬᠤᠶᠢᠯᠠᠯ ᠢ | ᠣᠷᠣᠭᠤᠯᠤᠨ ᠠᠪᠴᠢᠷᠠᠵᠤ ᠴᠠᠭᠠᠰᠤᠨ ᠬᠠᠶᠢᠷᠴᠠᠭ ᠵᠤᠬᠢᠶᠠᠨ ᠦᠢᠯᠡᠳᠬᠦ ᠪᠣᠭᠤᠳᠠᠯᠯᠠᠬᠤ ᠲᠤᠬᠠᠶᠢᠯᠠᠭᠰᠠᠨ ᠠᠵᠢᠯ | ᠡᠷᠬᠢᠯᠡᠭᠦᠯᠵᠦ᠂ ᠵᠠᠭᠤ ᠭᠠᠷᠤᠢ ᠬᠥᠮᠦᠨ ᠤ ᠠᠵᠢᠯ ᠤᠯᠬᠤ ᠠᠰᠠᠭᠤᠳᠠᠯ ᠢ ᠰᠢᠢᠳᠪᠦᠷᠢᠯᠡᠵᠡᠢ ᠭᠡᠵᠦ ᠬᠡᠯᠡᠪᠡ᠃ | ᠰᠢ ᠶᠢᠨ ᠫᠢᠩ ᠨᠤᠲᠠᠯᠠᠨ ᠵᠦᠪᠰᠢᠶᠡᠷᠡᠵᠦ ᠪᠠᠶᠢᠬᠤ ᠪᠠᠨ ᠢᠯᠡᠳᠬᠡᠪᠡ᠃ ᠲᠡᠷᠡ᠂ ᠶᠠᠳᠠᠭᠤ ᠶᠢ ᠲᠡᠳᠬᠦᠬᠦ | ᠦᠢᠯᠡᠳᠪᠦᠷᠢ ᠶᠢᠨ ᠲᠠᠰᠤᠭ ᠡᠷᠬᠢᠯᠡᠬᠦ ᠵᠣᠷᠢᠯᠭ᠎ᠠ ᠪᠣᠯ ᠶᠠᠳᠠᠭᠤ ᠶᠢ ᠲᠡᠳᠬᠦᠬᠦ ᠶᠢᠨ ᠲᠥᠯᠥᠭᠡ ᠶᠤᠮ᠂ ᠡᠶᠢᠨ ᠬᠦ | ᠶᠠᠳᠠᠭᠤ ᠶᠢ ᠲᠡᠳᠬᠦᠬᠦ ᠰᠢᠨᠵᠢ ᠴᠢᠨᠠᠷ ᠢ ᠪᠠᠷᠢᠮᠲᠠᠯᠠᠵᠤ᠂ ᠬᠦᠴᠢᠷᠳᠡᠯᠲᠡᠶ ᠣᠯᠠᠨ ᠲᠦᠮᠡᠨ ᠲᠡᠶᠢᠰᠢ ᠬᠡᠯᠪᠠᠶᠢᠯᠭᠡᠵᠦ᠂ | ᠬᠦᠴᠢᠷᠳᠡᠯᠲᠡᠶ ᠣᠯᠠᠨ ᠲᠦᠮᠡᠨ ᠢ ᠢᠯᠡᠭᠦᠬᠡᠨ ᠡᠯᠰᠡᠵᠦ ᠠᠵᠢᠯ ᠣᠯᠭᠤᠬᠤ ᠬᠡᠷᠡᠭᠲᠡᠢ᠃ ᠨᠤᠲᠤᠭ ᠤᠨ ᠠᠬ᠎ᠠ ᠳᠡᠭᠦᠤ | ᠨᠡᠷ ᠠᠶᠢᠯ ᠲᠡᠭᠡᠷ᠎ᠡ ᠪᠠᠨ ᠠᠵᠢᠯᠯᠠᠬᠤ ᠳᠤ ᠬᠡᠳᠦ᠋ᠢᠪᠡᠷ ᠣᠷᠣᠯᠭ᠎ᠠ ᠨᠢ ᠬᠤᠲᠠ ᠣᠷᠣᠵᠤ ᠬᠦᠴᠦ ᠶᠠᠪᠤᠭᠰᠠᠨ ᠠᠴᠠ | ᠥᠨᠳᠥᠷ ᠪᠢᠰᠢ ᠪᠣᠯᠪᠠᠴᠤ ᠬᠤᠨᠤᠭ ᠪᠠᠭᠤᠳᠠᠯ᠂ ᠬᠤᠭᠤᠯᠠ ᠤᠮᠳᠠ᠂ ᠵᠠᠮ ᠬᠠᠷᠢᠯᠴᠠᠭ᠎ᠠ ᠵᠡᠷᠭᠡ ᠶᠢᠨ ᠵᠠᠷᠤᠳᠠᠯ ᠢ | ᠠᠷᠪᠢᠯᠠᠬᠤ ᠮᠥᠷᠲᠡᠭᠡᠨ ᠪᠠᠰᠠ ᠭᠡᠷ ᠪᠦᠯᠢ ᠪᠠᠨ ᠬᠠᠷᠠᠭᠠᠯᠵᠠᠴᠢᠬᠠᠨᠠ᠂ ᠬᠤᠶᠠᠷ ᠲᠠᠯ᠎ᠠ ᠳᠤ ᠪᠦᠷ ᠲᠤᠰᠠᠲᠠᠢ᠃ ᠠᠵᠤ | ᠠᠬᠤᠶᠢᠯᠠᠯ ᠤᠨ ᠬᠢᠨ ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ ᠪᠠᠶᠢᠭᠤᠯᠬᠤ ᠳᠤ ᠣᠷᠣᠯᠴᠠᠭᠰᠠᠨ ᠨᠢ | ᠤᠷᠢᠳ ᠢᠶᠠᠷ ᠪᠠᠶᠠᠵᠢᠭᠰᠠᠨ ᠨᠢ ᠰᠡᠭᠦᠯᠡᠷ ᠪᠠᠶᠠᠵᠢᠬᠤ ᠪᠠᠨ ᠲᠠᠶᠢᠴᠢᠯᠠᠬᠤ ᠶᠢ ᠢᠯᠡᠷᠡᠬᠦᠯᠵᠤ ᠪᠠᠶᠢᠨ᠎ᠠ᠂ ᠮᠠᠰᠢ ᠶᠡᠭᠡ | ᠠᠴᠢ ᠬᠤᠯᠪᠣᠭᠳᠠᠯ ᠲᠠᠢ ᠶᠤᠮ ᠭᠡᠵᠦ ᠵᠢᠭᠠᠵᠤ ᠭᠠᠷᠭᠠᠪᠠ᠃ | ᠳᠠᠷᠠᠭ᠎ᠠ ᠨᠢ᠂ ᠰᠢ ᠶᠢᠨ ᠫᠢᠩ ᠶᠠᠪᠠᠭᠠᠨ ᠢᠶᠠᠷ ᠲᠣᠰᠬᠤᠨ ᠤ ᠳᠦᠷᠰᠦ ᠪᠠᠶᠢᠳᠠᠯ ᠢ ᠪᠠᠶᠢᠴᠠᠭᠠᠨ ᠦᠵᠡᠪᠡ᠃ | ᠬᠤᠲᠣᠩ ᠦᠨᠳᠦᠰᠦᠲᠡᠨ ᠤ ᠲᠣᠰᠬᠤᠨ ᠤ ᠠᠷᠠᠳ ᠯᠢᠦ ᠺᠧ ᠷᠦᠢ ᠶᠢᠨ ᠭᠡᠷ ᠲᠤ ᠲᠡᠷᠡ ᠬᠦᠷᠢᠶ᠎ᠡ ᠬᠠᠰᠢᠶ᠎ᠠ᠂ | ᠵᠣᠴᠢᠨ ᠤ ᠦᠷᠦᠭᠡ᠂ ᠤᠨᠲᠠᠬᠤ ᠦᠷᠦᠭᠡ᠂ ᠲᠣᠭᠤᠭᠠᠨ ᠭᠡᠷ᠂ ᠦᠬᠡᠷ ᠤᠨ ᠰᠠᠷᠠᠪᠴᠢ ᠶᠢ ᠨᠠᠷᠢᠨ ᠨᠢᠮᠪᠠᠢ ᠦᠵᠡᠵᠤ᠂ | ᠭᠡᠷ ᠪᠦᠯᠢ ᠶᠢᠨ ᠠᠵᠢᠯ ᠣᠯᠭᠤᠯᠲᠠ᠂ ᠣᠷᠣᠯᠭ᠎ᠠ᠂ ᠡᠪᠡᠳᠴᠢᠨ ᠦᠵᠡᠭᠦᠯᠬᠦ᠂ ᠨᠡᠶᠢᠭᠡᠮ ᠤᠨ ᠲᠠᠭᠠᠳᠬᠠᠯ ᠵᠡᠷᠭᠡ | ᠪᠠᠶᠢᠳᠠᠯ ᠢ ᠨᠠᠷᠢᠨ ᠣᠶᠢᠯᠠᠭᠠᠪᠠ᠃ ᠯᠢᠦ ᠺᠧ ᠷᠦᠢ ᠠᠴᠠ ᠶᠡᠷᠦᠩᠬᠡᠶ ᠱᠦᠵᠢ ᠳᠤ᠂ ᠦᠪᠡᠷ ᠤᠨ ᠲᠠᠷᠢᠶᠠᠨ | ᠭᠠᠵᠠᠷ ᠢᠶᠠᠨ ᠪᠤᠰᠤᠳ ᠲᠤ ᠰᠢᠯᠵᠢᠬᠦᠯᠤᠨ ᠦᠭᠴᠤ᠂ 3 ᠠᠯᠠᠰᠢᠨ ᠦᠬᠡᠷ ᠲᠡᠵᠢᠭᠡᠵᠦ᠂ ᠬᠦᠤ ᠪᠠᠷᠢ ᠨᠢ ᠤᠢᠢᠷ᠎ᠠ | ᠬᠠᠪᠢ ᠶᠢᠨ ᠨᠡᠬᠡᠮᠡᠯ ᠤᠨ ᠦᠢᠯᠡᠳᠪᠦᠷᠢ ᠳᠤ ᠬᠦᠴᠦ ᠶᠠᠪᠤᠵᠤ᠂ 2017 ᠣᠨ ᠳᠤ ᠪᠦᠬᠦ ᠭᠡᠷ ᠢᠶᠠᠷ ᠢᠶᠠᠨ | ᠶᠠᠳᠠᠭᠤ ᠠᠴᠠ ᠠᠩᠭᠢᠵᠢᠷᠠᠵᠤ᠂ ᠠᠮᠢᠳᠤᠷᠠᠯ ᠤᠯᠠᠮ ᠠᠴᠠ ᠤᠯᠠᠮ ᠰᠠᠶᠢᠵᠢᠷᠠᠵᠤ ᠪᠠᠶᠢᠨ᠎ᠠ᠂ ᠨᠤᠲᠤᠭ ᠤᠨ ᠠᠬ᠎ᠠ | ᠳᠡᠭᠦᠦ ᠨᠡᠷ ᠰᠡᠳᠬᠢᠯ ᠤᠨ ᠤᠭ ᠠᠴᠠ ᠪᠠᠨ ᠨᠠᠮ ᠤᠨ ᠲᠦᠷᠦ ᠶᠢᠨ ᠪᠤᠳᠤᠯᠭ᠎ᠠ ᠰᠠᠶᠢᠨ ᠢ ᠮᠠᠭᠲᠠᠵᠤ᠂ ᠡᠪ ᠬᠠᠮᠲᠤ | ᠨᠠᠮ ᠤᠨ ᠬᠠᠯᠠᠭᠤᠨ ᠳᠣᠲᠣᠨᠣ ᠶᠢ ᠦᠷᠦᠴᠡ ᠵᠢᠷᠦᠬᠡᠨ ᠠᠴᠠ ᠪᠠᠨ ᠮᠡᠲᠡᠷᠡᠵᠤ ᠪᠠᠶᠢᠨ᠎ᠠ ᠬᠡᠵᠤ ᠬᠡᠯᠡᠪᠡ᠃ ᠰᠢ ᠶᠢᠨ | ᠫᠢᠩ ᠠᠴᠠ ᠯᠢᠦ ᠺᠧ ᠷᠦᠢ ᠡᠪᠦᠭᠡᠨ ᠬᠦᠭᠰᠢᠨ ᠬᠤᠶᠠᠷ ᠠᠴᠠ ᠪᠠᠰᠠ ᠶᠠᠮᠠᠷ ᠬᠦᠴᠢᠷᠳᠡᠯ ᠪᠠᠶᠢᠬᠤ᠂ ᠬᠤᠶᠢᠰᠢᠳᠠ ᠶᠢᠨ | ᠠᠮᠢᠳᠤᠷᠠᠯ ᠤᠨ ᠲᠤᠬᠠᠢ ᠶᠠᠮᠠᠷ ᠲᠥᠯᠥᠪᠯᠡᠭᠡ ᠲᠠᠢ ᠪᠠᠶᠢᠬᠤ ᠶᠢ ᠯᠠᠪᠯᠠᠨ ᠠᠰᠠᠭᠤᠪᠠ᠃ ᠰᠢ ᠶᠢᠨ ᠫᠢᠩ᠂ ᠨᠤᠲᠤᠭ ᠤᠨ | ᠠᠬ᠎ᠠ ᠳᠡᠭᠦᠦ ᠨᠡᠷ ᠨᠡᠭᠦᠭᠰᠡᠨ ᠤ ᠳᠠᠷᠠᠭ᠎ᠠ᠂ ᠬᠤᠶᠢᠰᠢᠳᠠ ᠶᠢᠨ ᠠᠮᠢᠳᠤᠷᠠᠯ ᠨᠡᠩ ᠰᠠᠶᠢᠨ ᠰᠠᠶᠢᠬᠠᠨ ᠪᠤᠯᠤᠨ᠎ᠠ ᠰᠢᠦ᠃ | ᠨᠤᠲᠤᠭ ᠤᠨ ᠠᠬ᠎ᠠ ᠳᠡᠭᠦᠤ ᠨᠡᠷ ᠦᠨᠦᠲᠦᠷ ᠤᠨ ᠡᠨᠡ ᠬᠡᠮᠵᠢᠶ᠎ᠡ ᠠᠴᠠ ᠪᠠᠨ ᠨᠡᠩ ᠦᠨᠳᠦᠷ ᠲᠦᠪᠰᠢᠨ ᠳᠤ | ᠬᠦᠷᠬᠦ ᠪᠠᠷ ᠦᠷᠬᠦᠯᠵᠢᠯᠡᠨ ᠬᠦᠴᠦᠯᠡᠨ ᠴᠢᠷᠮᠠᠶᠢᠵᠤ᠂ ᠲᠤᠰ ᠪᠡᠶ᠎ᠡ ᠶᠢᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ | ᠪᠦᠲᠦᠭᠡᠯᠴᠢ ᠴᠢᠨᠠᠷ ᠢᠶᠠᠨ ᠪᠠᠳᠠᠷᠠᠭᠤᠯᠵᠤ᠂ ᠥᠪᠡᠷ ᠤᠨ ᠬᠦᠳᠡᠯᠮᠤᠷᠢᠴᠢ ᠬᠤᠶᠠᠷ ᠭᠠᠷ ᠢᠶᠠᠷ ᠢᠶᠠᠨ ᠨᠡᠩ ᠰᠠᠶᠢᠨ | ᠰᠠᠶᠢᠬᠠᠨ ᠰᠢᠨ᠎ᠡ ᠠᠮᠢᠳᠤᠷᠠᠯ ᠢᠶᠠᠨ ᠴᠣᠭᠴᠠᠯᠠᠨ ᠪᠠᠶᠢᠭᠤᠯᠬᠤ ᠶᠢ ᠬᠦᠰᠡᠵᠤ ᠪᠠᠶᠢᠨ᠎ᠠ ᠬᠡᠵᠤ ᠴᠢᠬᠤᠯᠠᠴᠢᠯᠠᠪᠠ᠃ | | | | | | 6 ᠰᠠᠷ᠎ᠠ ᠶᠢᠨ 8 ᠠᠴᠠ 10 ᠤ ᠡᠳᠦᠷ ᠪᠤᠯᠳᠠᠯ᠎ᠠ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ | ᠨᠢᠩᠰᠢᠶᠠ ᠳᠤ ᠰᠢᠨᠵᠢᠯᠡᠨ ᠪᠠᠶᠢᠴᠠᠭᠠᠪᠠ᠃ ᠵᠢᠷᠤᠭ ᠪᠤᠯ 6 ᠰᠠᠷ᠎ᠠ ᠶᠢᠨ 9 ᠤ ᠦᠳᠡ ᠶᠢᠨ ᠬᠤᠶᠢᠨ᠎ᠠ᠂ ᠰᠢ ᠶᠢᠨ | ᠫᠢᠩ ᠢᠷᠭᠠᠢ ᠬᠤᠳᠠ ᠶᠢᠨ ᠾᠧᠯᠠᠨ ᠰᠢᠶᠠᠨ ᠤ ᠳᠤᠳᠤᠷᠭ᠎ᠠ ᠵᠢᠭᠠᠰᠤᠨ ᠬᠦᠳᠡᠭᠡ ᠲᠤᠰᠬᠤᠨ ᠤ ᠠᠮᠢ ᠠᠬᠤᠢ ᠶᠢᠨ | ᠦᠵᠡᠮᠦᠷᠢ ᠶᠢᠨ ᠬᠦᠷᠢᠶᠡᠯᠡᠩ ᠳᠤ᠂ ᠶᠠᠭ ᠰᠠᠶᠢᠬᠠᠨ ᠬᠦᠳᠡᠯᠮᠦᠷᠢᠯᠡᠵᠤ ᠪᠠᠶᠢᠭᠰᠠᠨ ᠳᠤᠰᠬᠤᠨ ᠤ ᠠᠷᠠᠳ ᠲᠠᠢ | ᠳᠤᠳᠤᠨᠤ ᠪᠠᠷ ᠵᠤᠭᠤᠬᠳᠠᠵᠤ ᠪᠠᠶᠢᠭ᠎ᠠ ᠨᠢ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠰᠢᠶᠧ ᠬᠤᠸᠠᠨ ᠤᠤᠢ ᠰᠡᠭᠦᠳᠡᠷᠯᠡᠪᠡ | | ᠲᠣᠰᠬᠤᠨ ᠠᠴᠠ ᠠᠶᠠᠷᠯᠠᠬᠤ ᠳᠤ᠂ ᠲᠣᠰᠬᠤᠨ ᠤ ᠠᠷᠠᠳ ᠬᠤᠶᠢᠨ᠎ᠠ ᠬᠤᠶᠢᠨ᠎ᠠ ᠠᠴᠠ ᠪᠠᠨ ᠲᠣᠰᠬᠤᠨ ᠤ | ᠵᠠᠬ᠎ᠠ ᠳᠤ ᠬᠦᠷᠴᠦ ᠢᠷᠡᠵᠡᠭᠡᠨ ᠶᠡᠷᠦᠩᠬᠡᠢ ᠱᠦᠵᠢ ᠶᠢ ᠦᠳᠡᠨ ᠮᠣᠷᠳᠠᠭᠤᠯᠪᠠ᠃ ᠰᠢ ᠶᠢᠨ ᠫᠢᠩ ᠤᠯᠠᠨ ᠤ ᠵᠦᠭ | ᠭᠠᠷ ᠳᠠᠯᠠᠯᠤᠨ ᠮᠡᠨᠳᠦᠴᠢᠯᠡᠵᠦ᠂ ᠨᠤᠲᠤᠭ ᠤᠨ ᠠᠬ᠎ᠠ ᠳᠡᠭᠦᠦ ᠨᠡᠷ ᠤᠨ ᠠᠮᠢᠳᠤᠷᠠᠯ ᠵᠣᠯ ᠵᠢᠷᠭᠠᠯ ᠲᠠᠢ ᠪᠤᠯᠬᠤ ᠶᠢ | ᠵᠥᠩᠨᠡᠪᠡ᠃ | ᠰᠢ ᠶᠢᠨ ᠫᠢᠩ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ | ᠰᠠᠶᠢᠲᠠᠢ ᠬᠥᠭᠵᠢᠯᠲᠡ ᠶᠢᠨ ᠲᠤᠬᠠᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠰᠠᠭᠠᠷ ᠢᠷᠡᠵᠠᠢ᠃ ᠲᠡᠷᠡ ᠬᠠᠳᠤᠨ | ᠭᠤᠣᠯ ᠤᠨ ᠦᠵᠦᠩ ᠤᠨ ᠪᠢᠨ ᠾᠧ ᠶᠡᠭᠡ ᠵᠠᠮ ᠤᠨ ᠡᠷᠲᠡᠨ ᠤ ᠬᠤᠲᠠ ᠶᠢᠨ ᠪᠤᠯᠤᠩ ᠤᠨ ᠬᠠᠮᠠᠭᠠᠯᠠᠯᠳᠠ ᠶᠢᠨ | ᠬᠡᠰᠡᠭ ᠲᠤ ᠢᠷᠡᠵᠤ᠂ ᠬᠦᠪᠡᠭᠡ ᠲᠠᠭᠠᠤ ᠶᠢᠨ ᠵᠠᠮ ᠢᠶᠠᠷ᠂ ᠬᠠᠲᠤᠨ ᠭᠤᠤᠯ ᠤᠨ ᠠᠮᠢ ᠠᠬᠤᠶ ᠶᠢᠨ ᠵᠠᠰᠠᠯᠲᠠ | ᠬᠠᠮᠠᠭᠠᠯᠠᠯᠲᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠬᠠᠲᠤᠨ ᠭᠤᠤᠯ ᠤᠨ ᠨᠢᠩᠰᠢᠶᠠ ᠶᠢᠨ ᠬᠡᠰᠡᠭ ᠤᠨ ᠠᠮᠢ | ᠠᠬᠤᠶ ᠶᠢᠨ ᠬᠠᠮᠠᠭᠠᠯᠠᠯᠲᠠ ᠵᠠᠰᠠᠯᠲᠠ ᠪᠠ ᠤᠰᠤᠨ ᠠᠰᠢᠬᠯᠠᠯᠲᠠ ᠶᠢᠨ ᠢᠨᠵᠧᠨᠧᠷᠢᠩ ᠤᠨ ᠪᠥᠲᠥᠭᠡᠨ | ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠰᠢ ᠶᠢᠨ ᠫᠢᠩ᠂ ᠬᠠᠳᠤᠨ ᠭᠤᠣᠯ ᠪᠣᠯ | ᠳᠤᠮᠳᠠᠳᠤ ᠶᠢᠨ ᠦᠨᠳᠦᠰᠦᠲᠡᠨ ᠤ ᠡᠭᠡ ᠭᠤᠣᠯ ᠮᠥᠨ᠂ ᠳᠤᠮᠳᠠᠳᠤ ᠶᠢᠨ ᠦᠨᠳᠦᠰᠦᠲᠡᠨ ᠪᠣᠯᠤᠨ ᠳᠤᠮᠳᠠᠳᠤ ᠶᠢᠨ | ᠪᠣᠯᠪᠠᠰᠤᠨ ᠤ ᠣᠷᠣᠰᠢᠨ ᠲᠣᠭᠲᠠᠨᠢᠵᠤ ᠬᠥᠭᠵᠢᠬᠦ ᠡᠷᠬᠢᠮ ᠨᠠᠨᠳᠢᠨ ᠡᠬᠢ ᠪᠠᠶᠠᠯᠢᠭ ᠮᠥᠨ᠃ ᠡᠷᠳᠡ | ᠤᠵᠠᠭᠤᠷ ᠠᠴᠠ ᠪᠠᠨ ᠬᠠᠲᠤᠨ ᠭᠤᠤᠯ ᠤᠨ ᠤᠰᠤ ᠨᠢᠩᠰᠢᠶᠠ ᠶᠢᠨ ᠡᠨᠡ ᠬᠦ ᠲᠠᠩᠰᠤᠭ ᠰᠠᠶᠢᠬᠠᠨ ᠨᠤᠲᠤᠭ | ᠳᠡᠪᠢᠰᠬᠡᠷ ᠢ ᠰᠢᠮᠡᠵᠢᠬᠦᠯᠵᠤ᠂ ᠥᠨᠥᠳᠦᠷ ᠮᠦᠨ ᠴᠤ ᠨᠢᠩᠰᠢᠶᠠ ᠶᠢᠨ ᠡᠯ᠎ᠡ ᠦᠨᠳᠦᠰᠦᠲᠡᠨ ᠤ ᠠᠷᠠᠳ ᠲᠦᠮᠡᠨ ᠳᠤ | ᠪᠤᠶᠠᠨ ᠬᠡᠰᠢᠭ ᠢᠶᠠᠨ ᠬᠦᠷᠲᠡᠭᠡᠭᠰᠡᠭᠡᠷ ᠪᠠᠶᠢᠨ᠎ᠠ᠃ ᠨᠢᠩᠰᠢᠶᠠ ᠶᠢᠨ ᠬᠢᠨ ᠡᠷᠬᠡᠪᠰᠢ ᠶᠡᠭᠡ ᠲᠠᠯ᠎ᠠ ᠶᠢᠨ ᠦᠵᠡᠯᠲᠡ | ᠪᠣᠯᠤᠨ ᠬᠠᠷᠢᠭᠤᠴᠠᠯᠭ᠎ᠠ ᠡᠭᠦᠷᠭᠡᠯᠡᠯ ᠲᠠᠢ ᠪᠠᠶᠢᠵᠤ᠂ ᠬᠠᠲᠤᠨ ᠭᠤᠤᠯ ᠢ ᠨᠡᠩ ᠨᠠᠨᠳᠢᠩᠨᠠᠵᠤ᠂ ᠬᠠᠳᠤᠨ ᠭᠤᠣᠯ ᠢ | ᠰᠡᠳᠬᠢᠯ ᠲᠠᠯᠪᠢᠨ ᠬᠠᠮᠠᠭᠠᠯᠠᠵᠤ᠂ ᠶᠡᠷᠦᠩᠬᠡᠶᠢᠯᠡᠨ ᠵᠠᠰᠠᠬᠤ᠂ ᠰᠢᠰᠲ᠋ᠧᠮ ᠲᠠᠢ ᠵᠠᠰᠠᠬᠤ᠂ ᠡᠬᠢ ᠡᠭᠦᠰᠦᠯ ᠠᠴᠠ ᠨᠢ | ᠵᠠᠰᠠᠬᠤ ᠶᠢ ᠪᠠᠷᠢᠮᠲᠠᠯᠠᠵᠤ᠂ ᠬᠠᠲᠤᠨ ᠭᠤᠤᠯ ᠤᠨ ᠬᠠᠮᠠᠭᠠᠯᠠᠯᠲᠠ ᠶᠢᠨ ᠤᠯᠠᠭᠠᠨ ᠱᠤᠭᠤᠮ ᠬᠤᠷᠢᠭ᠎ᠠ ᠱᠤᠭᠤᠮ ᠢ | ᠲᠣᠳᠣᠷᠬᠠᠶᠢᠯᠠᠵᠤ᠂ ᠬᠠᠰᠢᠯᠭ᠎ᠠ ᠳᠠᠯᠠᠩ ᠢ ᠪᠦᠲᠦᠭᠡᠨ ᠪᠠᠶᠢᠭᠤᠯᠬᠤ᠂ ᠭᠤᠤᠯ ᠤᠨ ᠬᠡᠪᠡᠯᠢ ᠶᠢ ᠵᠠᠰᠠᠬᠤ᠂ ᠭᠤᠤᠯ ᠤᠨ | ᠲᠠᠩ ᠢ ᠵᠠᠰᠠᠬᠤ᠂ ᠠᠮᠢ ᠠᠬᠤᠶ ᠶᠢ ᠰᠡᠷᠭᠦᠭᠡᠨ ᠵᠠᠰᠠᠬᠤ ᠵᠡᠷᠭᠡ ᠴᠢᠬᠤᠯᠠ ᠶᠡᠭᠡ ᠢᠨᠵᠧᠨᠧᠷᠢᠩ ᠢ ᠨᠢᠭᠡᠳᠦᠯᠲᠡᠶ | ᠲᠥᠯᠥᠪᠵᠢᠭᠦᠯᠦᠨ ᠠᠬᠢᠭᠤᠯᠵᠤ᠂ ᠠᠮᠢ ᠠᠬᠤᠶ ᠣᠷᠴᠢᠨ ᠲᠤᠭᠤᠷᠢᠨ ᠢ ᠰᠠᠶᠢᠵᠢᠷᠠᠭᠤᠯᠬᠤ ᠠᠮᠢ ᠨᠠᠰᠤᠨ ᠤ ᠱᠤᠭᠤᠮ ᠢ | ᠰᠠᠶᠢᠲᠤᠷ ᠰᠠᠬᠢᠬᠤ ᠭᠡᠷᠡᠭᠳᠠᠢ ᠬᠡᠵᠤ ᠵᠢᠭᠠᠵᠤ ᠭᠠᠷᠭᠠᠪᠠ᠃ | ᠤᠷᠤᠢ ᠪᠤᠯᠬᠤ ᠦᠶ᠎ᠠ ᠪᠠᠷ᠂ ᠰᠢ ᠶᠢᠨ ᠫᠢᠩ ᠦᠵᠦᠩ ᠬᠤᠳᠠ ᠶᠢᠨ ᠯᠢᠲ᠋ᠦ᠋ᠩ ᠲᠤᠭᠤᠷᠢᠭ ᠤᠨ ᠶᠢᠨ ᠬᠤᠸᠠ | ᠶᠤᠸᠠᠨ ᠨᠡᠶᠢᠭᠡᠮ ᠲᠤᠭᠤᠷᠢᠭ ᠲᠤ ᠢᠷᠡᠪᠡ᠃ ᠨᠡᠶᠢᠭᠡᠮ ᠲᠤᠭᠤᠷᠢᠭ ᠤᠨ ᠪᠠᠶᠢᠩᠭᠤ ᠰᠠᠭᠤᠭ᠎ᠠ ᠠᠷᠠᠳ 13850 | ᠬᠦᠮᠦᠨ ᠪᠠᠶᠢᠵᠤ᠂ ᠬᠢᠳᠠᠳ᠂ ᠬᠤᠳᠤᠩ᠂ ᠮᠠᠨᠵᠤ᠂ ᠮᠤᠩᠭᠤᠯ᠂ ᠲᠦᠪᠡᠳ ᠵᠡᠷᠭᠡ ᠦᠨᠳᠦᠰᠦᠳᠡᠨ ᠨᠦᠭᠦᠳ ᠤᠨ | ᠤᠯᠠᠨ ᠲᠦᠮᠡᠨ ᠡᠶ᠎ᠡ ᠨᠠᠶᠢᠷᠠᠮᠲᠠᠭᠤ ᠤᠷᠤᠰᠢᠨ ᠠᠮᠢᠳᠤᠷᠠᠵᠤ᠂ ︽ᠪᠦᠬᠦ ᠤᠯᠤᠰ ᠤᠨ ᠦᠨᠳᠦᠰᠦᠳᠡᠨ ᠤ ᠪᠦᠯᠭᠦᠮᠳᠡᠯ | ᠳᠠᠪᠰᠢᠯᠳᠠ ᠶᠢᠨ ᠵᠢᠱᠢᠶᠡᠴᠢ ᠬᠠᠮᠳᠤ︾ ᠶᠢᠨ ᠢᠷᠠᠭᠤ ᠠᠯᠲᠠᠷ ᠢ ᠤᠯᠵᠤ ᠦᠩᠭᠡᠷᠡᠵᠠᠢ᠃ ᠰᠢ ᠶᠢᠨ ᠫᠢᠩ ᠨᠡᠶᠢᠭᠡᠮ | ᠲᠤᠭᠤᠷᠢᠭ ᠤᠨ ᠨᠠᠮ ᠪᠠ ᠤᠯᠠᠨ ᠲᠦᠮᠡᠨ ᠤ ᠠᠵᠢᠯᠯᠠᠭᠠᠨ ᠦᠢᠯᠡᠴᠢᠯᠡᠭᠡ ᠶᠢᠨ ᠲᠦᠪ ᠲᠤ ᠢᠷᠡᠵᠤ᠂ ᠨᠡᠶᠢᠭᠡᠮ | ᠲᠤᠭᠤᠷᠢᠭ ᠤᠨ ᠨᠠᠮ ᠤᠨ ᠪᠠᠶᠢᠭᠤᠯᠤᠯᠳᠠ ᠶᠢᠨ ᠠᠵᠢᠯ᠂ ᠦᠨᠳᠦᠰᠦᠳᠡᠨ ᠤ ᠪᠦᠯᠬᠦᠮᠳᠡᠯ ᠤᠨ ᠨᠡᠶᠢᠭᠡᠮ ᠲᠤᠭᠤᠷᠢᠭ ᠢ | ᠡᠭᠦᠳᠦᠨ ᠪᠠᠶᠢᠭᠤᠯᠬᠤ ᠪᠠ ᠠᠷᠠᠳ ᠲᠤ ᠦᠢᠯᠡᠴᠢᠯᠡᠬᠦ ᠠᠵᠢᠯ ᠤᠨ ᠪᠠᠶᠢᠳᠠᠯ ᠢ ᠤᠢᠢᠯᠠᠭᠠᠵᠤ᠂ ᠨᠡᠶᠢᠭᠡᠮ | ᠲᠤᠭᠤᠷᠢᠭ ᠤᠨ ᠰᠠᠶᠢᠨ ᠳᠤᠷᠠᠴᠤᠳ ᠤᠨ ᠲᠦᠯᠦᠭᠡᠯᠡᠭᠴᠢᠳ ᠲᠠᠢ ᠳᠤᠳᠤᠨᠤ ᠪᠠᠷ ᠶᠠᠷᠢᠯᠴᠠᠵᠠᠢ᠃ ᠨᠡᠶᠢᠭᠡᠮ | ᠲᠤᠭᠤᠷᠢᠭ ᠤᠨ ᠠᠭᠤᠳᠠᠮ ᠲᠠᠯᠠᠪᠠᠢ ᠲᠦᠢᠯ ᠤᠨ ᠬᠦᠭᠵᠢᠶᠡᠨᠳᠠᠢ ᠪᠠᠶᠢᠪᠠ᠂ ᠰᠡᠯᠡᠭᠦᠴᠡᠨ ᠵᠤᠭᠠᠯᠠᠵᠤ ᠪᠠᠶᠢᠭᠰᠠᠨ | ᠰᠠᠭᠤᠭᠠᠯᠢ ᠠᠷᠠᠳ ᠶᠡᠷᠦᠩᠬᠡᠢ ᠱᠦᠵᠢ ᠶᠢᠨ ᠢᠷᠡᠭᠰᠡᠨ ᠢ ᠤᠯᠵᠤ ᠬᠠᠷᠠᠭᠠᠳ ᠬᠦᠷᠢᠶᠡᠯᠡᠨ ᠢᠷᠡᠵᠤ ᠬᠠᠯᠠᠭᠤᠨ ᠢᠶᠠᠷ | ᠠᠯᠠᠭ᠎ᠠ ᠲᠠᠰᠢᠯᠴᠠᠪᠠ᠃ ᠰᠢ ᠶᠢᠨ ᠫᠢᠩ᠂ ᠳᠤᠮᠳᠠᠳᠤ ᠶᠢᠨ ᠦᠨᠳᠦᠰᠦᠳᠡᠨ ᠪᠤᠯ ᠤᠯᠠᠨ ᠡᠰᠢ ᠪᠠᠷ ᠨᠢᠭᠡᠳᠦᠭᠰᠡᠨ | ᠠᠭᠤᠤ ᠶᠡᠭᠡ ᠦᠨᠳᠦᠰᠦᠳᠡᠨ ᠪᠤᠯᠤᠨ᠎ᠠ᠃ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ ᠨᠢᠭᠡ ᠴᠦᠬᠡᠨ | ᠲᠤᠭᠠᠳᠤ ᠦᠨᠳᠦᠰᠦᠳᠡᠨ ᠢ ᠴᠤ ᠤᠷᠬᠢᠭᠳᠠᠭᠤᠯᠬᠤ ᠦᠭᠡᠢ ᠶᠤᠮ᠃ ᠦᠨᠳᠦᠰᠦᠳᠡᠨ ᠨᠦᠭᠦᠳ ᠪᠦᠯᠬᠦᠮᠳᠡᠨ ᠭᠠᠷ | ᠬᠤᠯᠪᠤᠵᠤ᠂ ᠬᠠᠮᠳᠦ ᠪᠠᠷ ᠴᠢᠨᠡᠭᠡᠯᠢᠭ ᠨᠡᠶᠢᠭᠡᠮ ᠳᠤ ᠠᠯᠬᠤᠨ ᠤᠷᠤᠬᠤ ᠨᠢ ᠳᠤᠮᠳᠠᠳᠤ ᠶᠢᠨ ᠦᠨᠳᠦᠰᠦᠳᠡᠨ ᠤ | ᠰᠢᠯᠢᠳᠡᠭ ᠤᠯᠠᠮᠵᠢᠯᠠᠯ ᠢ ᠢᠯᠡᠷᠡᠭᠦᠯᠵᠤ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ | ᠪᠠᠶᠢᠭᠤᠯᠤᠯ ᠤᠨ ᠳᠤᠪᠤᠶᠢᠮ᠎ᠠ ᠳᠠᠪᠠᠭᠤᠯᠢᠭ ᠢ ᠢᠯᠡᠷᠡᠭᠦᠯᠦᠨ᠎ᠠ᠃ ᠨᠡᠶᠢᠭᠡᠮ ᠵᠢᠷᠤᠮ ᠢ ᠪᠤᠯ ᠠᠵᠢᠯᠯᠠᠵᠤ | ᠬᠦᠳᠡᠯᠮᠦᠷᠢᠯᠡᠵᠤ ᠪᠠᠶᠢᠭᠠᠳ ᠪᠦᠲᠦᠭᠡᠨ ᠪᠠᠶᠢᠭᠤᠯᠲᠠᠭ᠂ ᠵᠤᠯ ᠵᠢᠷᠭᠠᠯ ᠢ ᠪᠤᠯ ᠲᠡᠮᠡᠴᠡᠵᠤ ᠪᠠᠶᠢᠭᠠᠳ ᠤᠯᠲᠠᠭ ᠶᠤᠮ᠃ | ᠨᠠᠮ ᠪᠤᠯᠤᠨ ᠵᠠᠰᠠᠭ ᠤᠨ ᠤᠷᠳᠤᠨ ᠦᠷᠭᠦᠯᠵᠢᠯᠡᠨ ᠴᠢᠷᠮᠠᠶᠢᠵᠤ᠂ ᠦᠨᠳᠦᠰᠦᠳᠡᠨ ᠨᠦᠭᠦᠳ ᠤᠨ ᠤᠯᠠᠨ ᠲᠦᠮᠡᠨ | ᠴᠦᠬᠦᠷᠡᠰᠢ ᠦᠭᠡᠢ ᠲᠡᠮᠡᠴᠡᠵᠤ ᠪᠠᠶᠢᠬᠤ ᠤᠴᠢᠷ ᠠᠴᠠ᠂ ᠬᠤᠵᠢᠮ ᠬᠤᠶᠢᠰᠢᠳᠠ ᠶᠢᠨ ᠠᠮᠢᠳᠤᠷᠠᠯ ᠯᠠᠪᠳᠠᠢ ᠨᠡᠩ ᠵᠤᠯ | ᠵᠢᠷᠭᠠᠯᠳᠠᠢ ᠪᠤᠯᠬᠤ ᠪᠤᠯᠤᠨ᠎ᠠ ᠭᠡᠵᠤ ᠭᠦᠨ ᠰᠡᠳᠭᠢᠯᠭᠡ ᠲᠠᠢ ᠪᠠᠷ ᠤᠯᠠᠨ ᠳᠤ ᠬᠡᠯᠡᠪᠡ᠃ | ᠬᠠᠳᠤᠨ ᠭᠤᠤᠯ ᠤᠨ ᠤᠮᠳᠠᠯᠠᠯ ᠢᠶᠠᠷ᠂ ᠨᠢᠩᠰᠢᠶᠠ ᠶᠢᠨ ᠲᠠᠯ᠎ᠠ ᠭᠠᠵᠠᠷ ᠤᠨ ᠬᠦᠷᠦᠰᠦ ᠰᠢᠷᠤᠢ ᠦᠩ ᠰᠢᠮᠡᠯᠢᠭ᠂ | ᠡᠳ᠋ ᠠᠭᠤᠷᠰᠤᠨ ᠡᠯᠪᠡᠭ ᠪᠠᠶᠠᠯᠢᠭ ᠪᠤᠯᠬᠤᠷ ︽ᠠᠷᠤ ᠭᠠᠵᠠᠷ ᠤᠨ ᠵᠢᠶᠠᠩᠨᠠᠨ︾ ᠬᠡᠮᠡᠭᠳᠡᠭᠰᠡᠡ ᠶᠤᠮ᠃ 9 ᠤ | ᠦᠳᠡ ᠶᠢᠨ ᠬᠤᠶᠢᠨ᠎ᠠ᠂ ᠰᠢ ᠶᠢᠨ ᠫᠢᠩ ᠢᠷᠭᠠᠢ ᠬᠤᠳᠠ ᠶᠢᠨ ᠾᠧᠯᠠᠨ ᠰᠢᠶᠠᠨ ᠤ ᠳᠤᠳᠤᠷᠭ᠎ᠠ ᠵᠢᠭᠠᠰᠤᠨ ᠬᠦᠳᠡᠭᠡ | ᠲᠤᠰᠬᠤᠨ ᠤ ᠠᠮᠢ ᠠᠬᠤᠢ ᠶᠢᠨ ᠦᠵᠡᠮᠦᠷᠢ ᠶᠢᠨ ᠬᠦᠷᠢᠶᠡᠯᠡᠩ ᠳᠤ ᠢᠷᠡᠵᠤ᠂ ᠨᠢᠩᠰᠢᠶᠠ ᠶᠢᠨ ᠤᠳᠤ ᠦᠶ᠎ᠠ ᠶᠢᠨ | ᠲᠠᠷᠢᠶᠠᠯᠠᠩ ᠤᠨ ᠬᠦᠭᠵᠢᠯᠳᠡ᠂ ᠲᠠᠷᠢᠶᠠᠯᠠᠩ ᠤᠨ ᠬᠤᠷᠰᠢᠶ᠎ᠠ ᠶᠢᠨ ᠲᠠᠷᠢᠶᠠᠴᠢᠳ ᠢ ᠳᠠᠭᠠᠭᠤᠯᠤᠨ ᠤᠷᠤᠯᠭ᠎ᠠ ᠶᠢ ᠨᠢ | ᠨᠡᠮᠡᠭᠳᠡᠭᠦᠯᠦᠨ ᠪᠠᠶᠠᠵᠢᠭᠤᠯᠵᠤ ᠪᠠᠶᠢᠭ᠎ᠠ ᠡᠵᠡᠩᠨᠡᠯᠳᠡ ᠶᠢᠨ ᠵᠠᠭᠪᠤᠷ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠳᠡ ᠶᠢ | ᠰᠤᠨᠤᠰᠴᠤ᠂ ᠨᠢᠩᠰᠢᠶᠠ ᠶᠢᠨ ᠤᠨᠴᠠᠯᠢᠬᠲᠦ ᠲᠠᠷᠢᠶᠠᠯᠠᠩ ᠤᠨ ᠪᠦᠲᠦᠭᠡᠭᠳᠡᠭᠦᠨ ᠤ ᠦᠵᠡᠭᠦᠯᠭᠡ ᠶᠢ ᠰᠤᠨᠢᠷᠬᠠᠵᠤ᠂ | ᠳᠤᠳᠤᠷᠭ᠎ᠠ ᠪᠠ ᠵᠢᠭᠠᠰᠤ ᠲᠠᠷᠢᠵᠤ ᠲᠡᠵᠢᠭᠡᠬᠦ ᠦᠢᠯᠡᠰ ᠢ ᠠᠭᠤᠰᠤᠯᠴᠠᠭᠤᠯᠤᠨ ᠬᠦᠭᠵᠢᠭᠦᠯᠵᠤ ᠪᠠᠶᠢᠭ᠎ᠠ ᠰᠢᠨ᠎ᠡ | ᠡᠭᠦᠳᠦᠯᠲᠡ ᠶᠢᠨ ᠪᠦᠲᠦᠭᠡᠯᠴᠢ ᠠᠷᠭ᠎ᠠ ᠪᠠᠷᠢᠯ ᠢ ᠤᠢᠢᠯᠠᠭᠠᠪᠠ᠃ | ᠰᠢ ᠶᠢᠨ ᠫᠢᠩ ᠦᠵᠡᠮᠵᠢ ᠰᠤᠨᠢᠷᠬᠠᠬᠤ ᠰᠤᠪᠤᠷᠭ᠎ᠠ ᠳᠤ ᠠᠯᠬᠤᠨ ᠭᠠᠷᠴᠤ᠂ ᠬᠦᠷᠢᠶᠡᠯᠡᠩ ᠳᠤᠭᠤᠷᠢᠬ ᠤᠨ | ᠪᠦᠬᠦ ᠦᠵᠡᠮᠵᠢ ᠶᠢ ᠠᠵᠢᠬᠯᠠᠨ ᠪᠠᠷᠠᠯᠠᠪᠠ᠃ ᠤᠷᠢᠬᠠᠨ ᠰᠠᠯᠬᠢ ᠬᠠᠴᠠᠷ ᠢ ᠢᠯᠪᠢᠵᠦ᠂ ᠲᠤᠲᠤᠷᠭ᠎ᠠ ᠶᠢᠨ ᠴᠢᠬᠢ | ᠨᠤᠭᠤᠭᠠᠷᠠᠭᠠᠳ ᠠᠮᠢᠵᠢᠷᠠᠯ ᠤᠨ ᠬᠦᠴᠦᠨ ᠪᠢᠯᠬᠠᠨ᠎ᠠ᠃ ᠳᠡᠷᠡ ᠳᠠᠷᠢᠶᠠᠨ ᠳᠠᠯᠠᠩ ᠢ ᠲᠠᠭᠠᠨ ᠳᠤᠳᠤᠷᠭᠠᠨ | ᠳᠠᠷᠢᠶᠠᠨ ᠳᠤ ᠤᠷᠤᠵᠦ ᠤᠴᠢᠭᠠᠳ᠂ ᠳᠠᠷᠢᠶᠠᠨ ᠠᠵᠢᠯ ᠳᠠᠭᠠᠨ ᠶᠠᠭᠠᠷᠠᠯᠳᠤᠵᠦ ᠪᠠᠶᠢᠬᠰᠠᠨ ᠳᠤᠰᠬᠤᠨ ᠤ ᠠᠷᠠᠳ ᠲᠠᠢ | ᠳᠤᠳᠤᠨᠤ ᠪᠠᠷ ᠵᠤᠭᠤᠬᠳᠠᠪᠠ᠃ ᠤᠳᠤ ᠲᠠᠷᠢᠶᠠᠨ ᠭᠠᠵᠠᠷ ᠢᠶᠠᠨ ᠰᠢᠯᠵᠢᠬᠦᠯᠦᠨ ᠡᠵᠡᠩᠨᠡᠭᠦᠯᠦᠭᠰᠡᠡ ᠰᠦᠢᠳᠬᠡᠯ᠂ | ᠬᠦᠳᠡᠯᠮᠤᠷᠢ ᠶᠢᠨ ᠶᠠᠪᠤᠳᠠᠯ ᠤᠨ ᠰᠦᠢᠳᠬᠡᠯ ᠲᠠᠢ ᠪᠤᠯᠵᠦ᠂ ᠵᠢᠯ ᠤᠨ ᠰᠡᠬᠦᠯᠴᠢ ᠳᠤ ᠪᠠᠰᠠ ᠠᠰᠢᠬ ᠤᠷᠤᠯᠭ᠎ᠠ ᠪᠠᠨ | ᠬᠤᠪᠢᠶᠠᠷᠢᠯᠠᠬᠤ ᠪᠤᠯᠤᠭᠠᠳ᠂ ᠤᠷᠤᠯᠭ᠎ᠠ ᠳᠡᠬᠡᠭᠰᠢᠯᠡᠵᠦ᠂ ᠠᠮᠢᠳᠤᠷᠠᠯ ᠴᠤ ᠪᠠᠳᠤᠯᠠᠭ᠎ᠠ ᠲᠠᠢ ᠪᠤᠯᠵᠠᠢ ᠬᠡᠵᠦ | ᠳᠤᠰᠬᠤᠨ ᠤ ᠠᠷᠠᠳ ᠶᠡᠷᠦᠩᠬᠡᠢ ᠱᠦᠵᠢ ᠳᠤ ᠬᠡᠯᠡᠪᠡ᠃ ᠶᠠᠬ ᠵᠢᠭᠠᠰᠤ ᠳᠠᠯᠪᠢᠬᠤ ᠤᠯᠠᠷᠢᠯ ᠪᠤᠯᠤᠬᠰᠠᠨ ᠳᠤᠯᠠ᠂ | ᠰᠢ ᠶᠢᠨ ᠫᠢᠩ ᠰᠢᠨᠠᠭ᠎ᠠ ᠪᠠᠷ ᠵᠢᠭᠠᠰᠤ ᠨᠡᠢᠮᠠᠯᠵᠢ ᠶᠢᠨ ᠵᠢᠷᠠᠭᠠᠬᠠᠢ ᠶᠢ ᠱᠦᠬᠦᠵᠦ ᠠᠪᠤᠭᠠᠳ ᠳᠠᠷᠢᠶᠠᠨ ᠵᠠᠬ᠎ᠠ ᠶᠢᠨ | ᠤᠰᠤᠨ ᠰᠤᠪᠠᠬ ᠲᠤ ᠬᠢᠵᠦ ᠤᠷᠤᠭᠤᠯᠪᠠ᠃ ᠰᠢ ᠶᠢᠨ ᠫᠢᠩ᠂ ᠤᠳᠤ ᠦᠶ᠎ᠠ ᠶᠢᠨ ᠤᠨᠴᠠᠯᠢᠬᠳᠦ ᠲᠠᠷᠢᠶᠠᠯᠠᠩ ᠪᠠ | ᠰᠤᠶᠤᠯ ᠵᠢᠭᠤᠯᠴᠢᠯᠠᠯ ᠢ ᠬᠦᠭᠵᠢᠬᠦᠯᠬᠦ ᠳᠤ ᠡᠷᠬᠡᠪᠰᠢ ᠠᠷᠠᠳ ᠳᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ | ᠦᠵᠡᠯ ᠰᠠᠨᠠᠭ᠎ᠠ ᠶᠢ ᠳᠤᠭᠤᠰᠢᠯᠠᠭᠤᠯᠵᠦ᠂ ᠳᠠᠷᠢᠶᠠᠴᠢᠳ ᠤᠨ ᠭᠤᠤᠯ ᠴᠤᠬᠴᠠ ᠶᠢᠨ ᠪᠠᠶᠢᠷᠢ ᠰᠠᠭᠤᠷᠢ ᠶᠢ | ᠳᠤᠪᠤᠶᠢᠯᠭᠠᠵᠦ᠂ ᠳᠠᠷᠢᠶᠠᠴᠢᠳ ᠤᠨ ᠠᠰᠢᠬ ᠳᠤᠰᠠ ᠶᠢ ᠬᠠᠮᠠᠭᠠᠯᠠᠬᠤ ᠶᠢ ᠳᠡᠷᠢᠬᠦᠨ ᠳᠤ ᠳᠠᠯᠪᠢᠬᠤ ᠬᠡᠷᠡᠭᠳᠡᠢ᠃ ᠨᠡᠩ | ᠪᠦᠳᠦᠮᠵᠢᠳᠡᠢ᠂ ᠨᠡᠩ ᠤᠷᠳᠤ ᠬᠤᠭᠤᠴᠠᠭᠠᠨ ᠤ ᠠᠰᠢᠬ ᠳᠤᠰᠠ ᠶᠢ ᠬᠤᠯᠪᠤᠬᠳᠠᠭᠤᠯᠤᠨ ᠤᠶᠠᠯᠳᠤᠭᠤᠯᠬᠤ | ᠳᠤᠬᠳᠠᠴᠠ ᠶᠢ ᠰᠦᠪᠡᠭᠴᠢᠯᠡᠨ ᠪᠠᠶᠢᠭᠤᠯᠵᠦ᠂ ᠨᠤᠳᠤᠬ ᠤᠨ ᠠᠬ᠎ᠠ ᠳᠡᠬᠦᠦ ᠨᠠᠷ ᠲᠤ ᠦᠷᠬᠦᠯᠵᠢᠯᠡᠨ ᠠᠰᠢᠬ | ᠬᠦᠷᠳᠡᠬᠡᠬᠦ ᠶᠢ ᠦᠨᠡᠨ ᠬᠦ ᠪᠠᠳᠤᠯᠠᠬᠤ ᠬᠡᠷᠡᠭᠳᠡᠢ᠃ ᠳᠤᠳᠤᠷᠭ᠎ᠠ ᠪᠠ ᠤᠰᠤᠨ ᠤ ᠵᠦᠷᠢᠴᠡᠯ ᠢ ᠰᠠᠶᠢᠳᠤᠷ | ᠰᠢᠢᠳᠪᠤᠷᠢᠯᠡᠬᠦ ᠶᠢ ᠠᠩᠬᠠᠷᠴᠦ᠂ ᠤᠰᠤ ᠠᠷᠪᠢᠯᠠᠬᠤ ᠮᠡᠷᠬᠡᠵᠢᠯ ᠢ ᠬᠡᠷᠡᠭᠯᠡᠵᠤ᠂ ᠤᠰᠤ ᠠᠷᠪᠢᠯᠠᠬᠤ ᠮᠠᠶ᠋ᠢᠬ ᠤᠨ᠂ | ᠦᠨᠳᠦᠷ ᠨᠡᠮᠡᠯᠳᠡ ᠦᠷᠳᠡᠭ ᠲᠠᠢ ᠳᠠᠷᠢᠵᠦ ᠲᠡᠵᠢᠭᠡᠬᠦ ᠦᠢᠯᠡᠰ ᠢ ᠢᠳᠡᠪᠬᠢᠳᠡᠢ ᠬᠦᠭᠵᠢᠬᠦᠯᠵᠦ᠂ ᠬᠠᠳᠤᠨ ᠭᠤᠤᠯ ᠤᠨ | ᠤᠰᠤᠨ ᠤ ᠡᠬᠢ ᠪᠠᠶᠠᠯᠢᠬ ᠢ ᠰᠠᠶᠢᠳᠤᠷ ᠬᠠᠮᠠᠭᠠᠯᠠᠬᠤ ᠬᠡᠷᠡᠭᠳᠡᠢ᠃ ᠤᠳᠤᠬᠠᠨ ᠳᠤ ᠬᠢᠵᠢᠭ ᠤᠨ ᠪᠠᠶᠢᠳᠠᠯ ᠢ ᠰᠡᠷᠬᠡᠶᠢᠯᠡᠨ | ᠡᠵᠡᠮᠳᠡᠬᠦ ᠬᠠᠨᠳᠤᠰᠢ ᠳᠤᠬᠳᠠᠭᠤᠨ ᠢᠶᠠᠷ ᠰᠠᠶᠢᠵᠢᠷᠠᠵᠦ ᠪᠠᠶᠢᠨ᠎ᠠ᠂ ᠡᠷᠬᠡᠪᠰᠢ ᠬᠢᠵᠢᠭ ᠢ ᠰᠡᠷᠬᠡᠶᠢᠯᠡᠨ ᠡᠵᠡᠮᠳᠡᠬᠦ ᠶᠢ | ᠪᠠᠶᠢᠡᠭᠭᠤᠵᠢᠭᠰᠠᠠ ᠠᠵᠢᠯ ᠪᠤᠯᠭᠠᠨ ᠰᠠᠶᠢᠳᠤᠷ ᠠᠳᠬᠤᠵᠦ᠂ ᠨᠡᠶᠢᠭᠡᠮ ᠤᠨ ᠦᠢᠯᠡᠳᠪᠤᠷᠢᠯᠡᠯ ᠠᠮᠢᠳᠤᠷᠠᠯ ᠤᠨ ᠬᠡᠪ ᠤᠨ | ᠡᠮᠬᠢ ᠳᠢᠭᠯᠢᠮ ᠢ ᠳᠦᠷᠬᠡᠨ ᠰᠡᠷᠬᠦᠬᠡᠬᠦ ᠬᠡᠷᠡᠭᠳᠡᠢ ᠬᠡᠵᠦ ᠴᠢᠬᠤᠯᠠᠴᠢᠯᠠᠪᠠ᠃ | ᠰᠢ ᠶᠢᠨ ᠫᠢᠩ ᠡᡁᠧ ᠯᠠᠨ ᠱᠠᠨ ᠠᠭᠤᠯᠠᠨ ᠤ ᠠᠮᠢ ᠠᠬᠤᠢ ᠤᠷᠴᠢᠨ ᠳᠤᠭᠤᠷᠢᠨ ᠤ ᠬᠠᠮᠠᠭᠠᠯᠠᠯᠳᠠ ᠶᠢ | ᠮᠠᠰᠢᠳᠠ ᠬᠠᠯᠠᠮᠵᠢᠯᠠᠬᠰᠠᠭᠠᠷ ᠢᠷᠡᠵᠡᠢ᠃ ᠢᠷᠭᠠᠢ ᠬᠤᠳᠠ ᠶᠢᠨ ᠰᠢ ᠰᠢᠶᠠ ᠳᠤᠭᠤᠷᠢᠬ ᠤᠨ ᠶᠤᠸᠠᠨ ᠱᠢ ᠠᠷᠢᠬᠢᠨ | ᠮᠤᠬᠤᠯᠠᠭ ᠤᠨ ᠦᠵᠦᠮ ᠳᠠᠷᠢᠬᠤ ᠰᠠᠭᠤᠷᠢᠨ ᠳᠤ᠂ ᠳᠡᠷᠡ ᠡᡁᠧ ᠯᠠᠨ ᠱᠠᠨ ᠠᠭᠤᠯᠠ ᠶᠢ ᠠᠯᠤᠰ ᠠᠴᠠ ᠪᠠᠷᠠᠯᠠᠨ᠂ | ᠡᡁᠧ ᠯᠠᠨ ᠱᠠᠨ ᠠᠭᠤᠯᠠᠨ ᠤ ᠠᠮᠢ ᠠᠬᠤᠢ ᠶᠢᠨ ᠬᠠᠮᠠᠭᠠᠯᠠᠯᠳᠠ ᠪᠤᠯᠤᠨ ᠤᠷᠴᠢᠨ ᠳᠤᠭᠤᠷᠢᠨ ᠤ ᠶᠡᠷᠦᠩᠬᠡᠶᠢᠯᠡᠭᠰᠡᠨ | ᠵᠠᠰᠠᠯᠳᠠ ᠶᠢᠨ ᠪᠠᠶᠢᠳᠠᠯ ᠤᠨ ᠳᠤᠬᠠᠢ ᠬᠠᠷᠢᠭᠤ ᠮᠡᠳᠡᠬᠦᠯᠦᠯᠳᠡ ᠶᠢ ᠰᠤᠨᠤᠰᠪᠠ᠃ ᠰᠢ ᠶᠢᠨ ᠫᠢᠩ᠂ ᠡᡁᠧ ᠯᠠᠨ ᠱᠠᠨ | ᠠᠭᠤᠯᠠ ᠪᠤᠯ ᠮᠠᠨ ᠤ ᠤᠯᠤᠰ ᠤᠨ ᠴᠢᠬᠤᠯᠠ ᠪᠠᠶᠢᠭᠠᠯᠢ ᠭᠠᠵᠠᠷ ᠵᠦᠢ ᠶᠢᠨ ᠵᠠᠭᠠᠬ ᠱᠤᠭᠤᠮ ᠪᠠ ᠪᠠᠷᠠᠭᠤᠨ ᠬᠤᠶᠢᠲᠦ | ᠤᠷᠤᠨ ᠤ ᠠᠮᠢ ᠠᠬᠤᠢ ᠶᠢᠨ ᠠᠮᠤᠷ ᠲᠦᠪᠰᠢᠨ ᠤ ᠴᠢᠬᠤᠯᠠ ᠬᠠᠯᠬᠠᠪᠴᠢ ᠪᠤᠯᠤᠨ᠎ᠠ᠂ ᠳᠡᠷᠡ ᠨᠢ ᠪᠠᠷᠠᠭᠤᠨ ᠬᠤᠶᠢᠳᠤ | ᠤᠷᠤᠨ ᠠᠴᠠ ᠠᠪᠤᠭᠠᠳ ᠬᠠᠳᠤᠨ ᠭᠤᠤᠯ ᠬᠤᠸᠠᠢ ᠡᡁᠧ ᠤᠷᠤᠨ ᠤ ᠠᠭᠤᠷ ᠠᠮᠢᠰᠬᠤᠯ ᠤᠨ ᠳᠠᠷᠬᠠᠯᠳᠠ ᠪᠤᠯᠤᠨ | ᠠᠮᠢ ᠠᠬᠤᠢ ᠶᠢᠨ ᠪᠠᠶᠢᠷᠢᠰᠢᠯ ᠢ ᠬᠠᠮᠠᠭᠠᠯᠠᠵᠤ᠂ ᠪᠠᠷᠠᠭᠤᠨ ᠬᠤᠶᠢᠳᠤ ᠤᠷᠤᠨ᠂ ᠤᠮᠠᠷᠠᠳᠤ ᠤᠷᠤᠨ ᠤ ᠠᠮᠢ | ᠠᠬᠤᠢ ᠶᠢᠨ ᠠᠮᠤᠷ ᠳᠦᠪᠰᠢᠨ ᠢ ᠰᠠᠬᠢᠨ ᠬᠠᠮᠠᠭᠠᠯᠠᠵᠦ ᠪᠠᠶᠢᠳᠠᠬ ᠶᠤᠮ᠃ ᠡᠷᠬᠡᠪᠰᠢ ᠦᠵᠦ ᠳᠦᠯᠦᠪᠯᠡᠭᠡ ᠪᠠᠨ | ᠴᠢᠩᠭᠠᠳᠬᠠᠵᠦ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠳᠠ ᠶᠢ ᠴᠢᠩᠭ᠎ᠠ ᠠᠳᠬᠤᠵᠦ᠂ ᠬᠢᠨᠠᠯᠳᠠ ᠳᠠᠯᠪᠢᠨ | ᠪᠠᠶᠢᠴᠠᠭᠠᠬᠤ ᠠᠵᠢᠯ ᠢᠶᠠᠨ ᠴᠢᠩᠭᠠᠳᠬᠠᠵᠦ᠂ ᠡᡁᠧ ᠯᠠᠨ ᠱᠠᠨ ᠠᠭᠤᠯᠠᠨ ᠤ ᠠᠮᠢ ᠠᠬᠤᠢ ᠶᠢ ᠡᠷᠡᠰ ᠰᠠᠶᠢᠳᠤᠷ | ᠬᠠᠮᠠᠭᠠᠯᠠᠬᠤ ᠬᠡᠷᠡᠭᠳᠡᠢ ᠬᠡᠵᠦ ᠵᠢᠭᠠᠵᠦ ᠭᠠᠷᠭᠠᠪᠠ᠃ | ᠦᠵᠦᠮ ᠤᠨ ᠬᠦᠷᠢᠶᠡᠯᠡᠩ ᠳᠤ᠂ ᠰᠢ ᠶᠢᠨ ᠫᠢᠩ ᠲᠡᠨᠳᠡ ᠠᠵᠢᠯᠯᠠᠵᠥ ᠪᠠᠶᠢᠬᠰᠠᠠ ᠠᠵᠢᠯᠴᠢᠨ ᠪᠤᠯᠤᠨ | ᠮᠡᠷᠬᠡᠵᠢᠯᠳᠡᠨ ᠲᠠᠢ ᠰᠠᠨᠠᠯ ᠢᠶᠠᠨ ᠰᠤᠯᠢᠯᠴᠠᠵᠥ᠂ ᠦᠵᠦᠮ ᠲᠠᠷᠢᠬᠤ ᠮᠡᠷᠬᠡᠵᠢᠯ᠂ ᠦᠢᠯᠡᠳᠬᠦᠨ ᠤ ᠪᠤᠷᠤᠯᠠᠭᠤᠯᠭ᠎ᠠ | ᠪᠤᠯᠤᠨ ᠤᠷᠤᠯᠭ᠎ᠠ ᠶᠢᠨ ᠪᠠᠶᠢᠳᠠᠯ ᠢ ᠤᠢᠢᠯᠠᠭᠠᠪᠠ᠃ ᠡᡁᠧ ᠯᠠᠨ ᠱᠠᠨ ᠠᠭᠤᠯᠠ ᠶᠢᠨ ᠵᠡᠬᠦᠨ ᠪᠡᠯ ᠳᠤ ᠨᠠᠷᠠᠠ ᠤ ᠬᠡᠷᠡᠯ | ᠭᠦᠢᠴᠡᠳ ᠲᠤᠰᠴᠦ᠂ ᠤᠰᠤᠯᠠᠯᠳᠠ ᠳᠤ ᠲᠦᠬᠦᠮ ᠪᠠᠶᠢᠵᠥ᠂ ᠠᠷᠢᠬᠢ ᠨᠡᠷᠡᠬᠦ ᠦᠵᠦᠮ ᠲᠠᠷᠢᠬᠤ ᠳᠤ ᠲᠤᠬᠢᠷᠠᠳᠠᠭ | ᠠᠵᠢ᠃ ᠰᠢ ᠶᠢᠨ ᠫᠢᠩ᠂ ᠠᠷᠠᠳ ᠲᠦᠮᠡᠨ ᠤ ᠠᠮᠢᠳᠤᠷᠠᠯ ᠤᠨ ᠲᠦᠪᠰᠢᠨ ᠲᠡᠭᠡᠭᠰᠢᠯᠡᠬᠦ ᠶᠢ ᠲᠠᠭᠠᠯᠳᠤᠨ᠂ | ᠦᠵᠦᠮ ᠤᠨ ᠠᠷᠢᠬᠢ ᠶᠢᠨ ᠠᠵᠥ ᠦᠢᠯᠡᠰ ᠶᠡᠭᠡ ᠬᠦᠭᠵᠢᠯᠳᠡ ᠲᠠᠢ ᠪᠤᠯᠪᠠ᠃ ᠨᠢᠩᠰᠢᠶᠠ ᠶᠢᠨ ᠬᠢᠨ ᠦᠵᠦᠮ ᠤᠨ | ᠠᠷᠢᠬᠢ ᠶᠢᠨ ᠠᠵᠥ ᠦᠢᠯᠡᠰ ᠢ ᠬᠦᠭᠵᠢᠬᠦᠯᠬᠦ ᠶᠢ ᠬᠠᠳᠤᠨ ᠭᠤᠤᠯ ᠤᠨ ᠭᠤᠤᠯ ᠤᠨ ᠲᠠᠩ ᠭᠠᠵᠠᠷ ᠤᠨ ᠵᠠᠰᠠᠯᠳᠠ ᠶᠢ | ᠴᠢᠩᠭᠠᠳᠬᠠᠬᠤ᠂ ᠠᠮᠢ ᠠᠬᠤᠢ ᠶᠢ ᠰᠡᠷᠬᠦᠬᠡᠬᠦ ᠶᠢ ᠴᠢᠩᠭᠠᠳᠬᠠᠬᠤ ᠲᠠᠢ ᠤᠶᠠᠯᠳᠤᠭᠤᠯᠵᠥ᠂ ᠮᠡᠷᠭᠡᠵᠢᠯ ᠤᠨ | ᠲᠦᠪᠰᠢᠨ ᠢᠶᠠᠨ ᠲᠡᠭᠡᠭᠰᠢᠯᠡᠬᠦᠯᠵᠥ᠂ ᠰᠤᠶᠤᠯ ᠤᠨ ᠠᠭᠤᠯᠬᠤᠨ ᠢ ᠨᠡᠮᠡᠭᠳᠡᠬᠦᠯᠵᠥ᠂ ᠤᠬᠠᠭᠤᠯᠭ᠎ᠠ | ᠲᠠᠨᠢᠯᠴᠠᠭᠤᠯᠭ᠎ᠠ ᠪᠠᠨ ᠴᠢᠩᠭᠠᠳᠬᠠᠵᠥ᠂ ᠦᠪᠡᠷ ᠤᠨ ᠢᠶᠠᠨ ᠨᠡᠷᠡᠳᠤ ᠲᠡᠮᠳᠡᠭ ᠢ ᠡᠬᠦᠳᠴᠦ᠂ ᠨᠡᠮᠡᠯᠳᠡ ᠦᠷᠳᠡᠭ | ᠪᠤᠯᠤᠨ ᠶᠡᠷᠤᠩᠬᠡᠶᠢᠯᠡᠭᠰᠡᠡ ᠦᠷ᠎ᠡ ᠠᠰᠢᠬ ᠢ ᠲᠡᠭᠡᠭᠰᠢᠯᠡᠬᠦᠯᠬᠦ ᠬᠡᠷᠡᠭᠳᠡᠢ ᠬᠡᠵᠥ ᠴᠢᠬᠤᠯᠠᠴᠢᠯᠠᠪᠠ᠃ | 10 ᠤ ᠦᠳᠡ ᠶᠢᠨ ᠡᠮᠤᠨ᠎ᠡ᠂ ᠰᠢ ᠶᠢᠨ ᠫᠢᠩ ᠨᠢᠩᠰᠢᠶᠠ ᠶᠢᠨ ᠬᠤᠳᠤᠩ ᠦᠨᠳᠦᠰᠦᠳᠡᠨ ᠤ ᠦᠪᠡᠷᠳᠡᠭᠡᠨ | ᠵᠠᠰᠠᠬᠤ ᠤᠷᠤᠨ ᠤ ᠨᠠᠮ ᠤᠨ ᠬᠤᠷᠢᠶ᠎ᠡ ᠪᠤᠯᠤᠨ ᠵᠠᠰᠠᠭ ᠤᠨ ᠤᠷᠳᠤᠨ ᠤ ᠠᠵᠢᠯ ᠤᠨ ᠬᠠᠷᠢᠭᠤ ᠮᠡᠳᠡᠬᠦᠯᠥᠯᠳᠡ ᠶᠢ | ᠰᠤᠨᠤᠰᠴᠦ᠂ ᠨᠢᠩᠰᠢᠶᠠ ᠶᠢᠨ ᠡᠯ᠎ᠡ ᠵᠦᠢᠯ ᠤᠨ ᠠᠵᠢᠯ ᠳᠤ ᠤᠯᠤᠬᠰᠠᠠ ᠠᠮᠵᠢᠯᠳᠠ ᠶᠢ ᠨᠤᠳᠠᠯᠠᠵᠥ᠂ ᠨᠢᠩᠰᠢᠶᠠ ᠶᠢᠨ | ᠦᠷᠬᠡᠨ ᠤᠯᠠᠨ ᠺᠠᠳ᠋ᠷ ᠤᠯᠠᠨ ᠲᠦᠮᠡᠨ ᠢ ᠨᠢᠬᠳᠠᠷᠠᠨ ᠪᠦᠯᠬᠦᠮᠳᠡᠵᠥ᠂ ᠦᠨᠡᠨ ᠬᠦ ᠠᠳᠬᠤᠨ ᠪᠤᠳᠠᠳᠠᠢ ᠠᠵᠢᠯᠯᠠᠵᠥ᠂ | ︽ᠬᠤᠤᠰ ᠵᠠᠭᠤᠨ ᠵᠢᠯ︾ ᠤᠨ ᠲᠡᠮᠡᠴᠡᠬᠦ ᠬᠠᠷᠡᠯᠳᠡ ᠶᠢ ᠪᠡᠶᠡᠯᠡᠬᠦᠯᠬᠦ᠂ ᠲᠤᠮᠳᠠᠳᠤ ᠶᠢᠨ ᠦᠨᠳᠦᠰᠦᠳᠡᠨ ᠤ ᠠᠭᠤᠤ | ᠶᠡᠭᠡ ᠰᠡᠷᠬᠦᠨ ᠮᠠᠨᠳᠤᠯᠳᠠ ᠶᠢᠨ ᠲᠤᠮᠳᠠᠳᠤ ᠶᠢᠨ ᠵᠡᠬᠦᠳᠤ ᠶᠢ ᠲᠡᠷᠬᠡᠯᠰᠢᠬᠦᠯᠬᠦ ᠳᠤ ᠨᠡᠩ ᠶᠡᠭᠡ ᠰᠢᠨ᠎ᠡ ᠬᠤᠪᠢ ᠨᠡᠮᠡᠷᠢ | ᠦᠵᠡᠬᠦᠯᠬᠦ ᠶᠢ ᠬᠦᠰᠡᠪᠡ᠃ | ᠰᠢ ᠶᠢᠨ ᠫᠢᠩ᠂ ᠴᠢᠨᠠᠷ ᠰᠠᠶᠢᠳᠠᠢ ᠬᠦᠭᠵᠢᠯᠳᠡ ᠶᠢ ᠴᠦᠬᠦᠷᠡᠰᠢ ᠦᠬᠡᠢ ᠠᠬᠢᠭᠤᠯᠵᠥ᠂ ᠠᠵᠥ ᠠᠬᠤᠢ ᠶᠢᠨ | ᠬᠦᠭᠵᠢᠯᠳᠡ ᠶᠢᠨ ᠬᠡᠯᠪᠡᠷᠢ ᠪᠠᠨ ᠲᠦᠷᠬᠡᠨ ᠬᠤᠪᠢᠷᠠᠭᠤᠯᠵᠥ᠂ ᠠᠵᠥ ᠦᠢᠯᠡᠰ ᠤᠨ ᠬᠡᠯᠪᠡᠷᠢ ᠪᠠᠨ ᠬᠤᠪᠢᠷᠠᠭᠤᠯᠤᠨ | ᠲᠡᠰ ᠲᠡᠪᠰᠢᠬᠦ ᠶᠢ ᠲᠦᠷᠬᠡᠳᠬᠡᠵᠥ᠂ ᠰᠢᠨ᠎ᠡ ᠬᠠᠭᠤᠴᠢᠨ ᠬᠦᠳᠡᠯᠬᠡᠬᠦ ᠡᠨᠧᠷᠬᠢ ᠶᠢᠨ ᠰᠤᠯᠢᠭᠳᠠᠯ ᠢ ᠲᠦᠷᠬᠡᠳᠬᠡᠵᠥ᠂ | ᠠᠵᠥ ᠠᠬᠤᠢ ᠶᠢᠨ ᠬᠦᠭᠵᠢᠯᠳᠡ ᠬᠡᠮᠵᠢᠶ᠎ᠡ ᠶᠢᠨ ᠵᠤᠬᠢᠰᠳᠠᠢ ᠨᠡᠮᠡᠭᠳᠡᠯ ᠢ ᠪᠡᠶᠡᠯᠡᠬᠦᠯᠬᠦ ᠪᠤᠯᠤᠨ ᠶᠠᠰᠦ ᠴᠢᠨᠠᠷ ᠤᠨ | ᠲᠤᠭᠳᠠᠭᠤᠨ ᠲᠡᠬᠡᠭᠰᠢᠯᠡᠯᠳᠡ ᠶᠢ ᠠᠬᠢᠭᠤᠯᠬᠤ ᠬᠡᠷᠡᠭᠳᠡᠢ᠃ ᠠᠵᠥ ᠠᠬᠤᠢᠢᠯᠠᠯ ᠤᠨ ᠭᠠᠶᠢᠯᠢ ᠰᠦᠢᠳᠬᠡᠯ ᠤᠨ | ᠡᠬᠦᠷᠬᠡᠯᠡᠯ ᠲᠠᠷᠤᠭᠠᠰᠤ ᠶᠢ ᠬᠦᠩᠬᠡᠷᠡᠬᠦᠯᠬᠦ ᠲᠦᠷᠦ ᠶᠢᠨ ᠪᠤᠳᠤᠯᠭ᠎ᠠ ᠶᠢ ᠪᠤᠳᠠᠳᠠᠢ ᠨᠠᠶᠢᠳᠠᠪᠤᠷᠢᠵᠢᠭᠤᠯᠵᠥ᠂ ᠲᠤᠳᠤᠭᠠᠳᠤ | ᠬᠡᠷᠡᠭᠴᠡᠭᠡ ᠶᠢ ᠦᠷᠬᠡᠳᠭᠡᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠪᠤᠳᠠᠳᠠᠢ | ᠨᠠᠶᠢᠳᠠᠪᠤᠷᠢᠵᠢᠭᠤᠯᠵᠥ᠂ ᠴᠢᠬᠤᠯᠠ ᠶᠡᠭᠡ ᠲᠦᠷᠦᠯ ᠵᠦᠢᠯ ᠤᠨ ᠪᠡᠯᠡ ᠤᠷᠤᠭᠤᠯᠤᠯᠳᠠ ᠶᠢᠨ ᠲᠠᠶᠢᠴᠢᠯᠠᠬᠤ | ᠦᠢᠯᠡᠳᠦᠯ ᠢ ᠪᠠᠳᠠᠷᠠᠭᠤᠯᠵᠥ᠂ ᠠᠵᠥ ᠠᠬᠤᠢᠢᠯᠠᠯ ᠤᠨ ᠦᠢᠯᠡᠳᠪᠤᠷᠢᠯᠡᠯ ᠡᠵᠡᠩᠨᠡᠯᠳᠡ ᠪᠠᠨ ᠰᠡᠷᠬᠦᠬᠡᠬᠦ ᠳᠤ | ᠲᠤᠯᠭᠠᠷᠠᠭᠰᠠᠠ ᠡᠯ᠎ᠡ ᠵᠦᠢᠯ ᠤᠨ ᠠᠰᠠᠭᠤᠳᠠᠯ ᠢ ᠴᠠᠭ ᠲᠤᠬᠠᠢ ᠳᠤᠨᠢ ᠰᠢᠢᠳᠪᠤᠷᠢᠯᠡᠬᠦ ᠬᠡᠷᠡᠭᠳᠡᠢ᠃ ᠲᠤᠲᠤᠭᠠᠲᠤ | ᠭᠡᠷᠡᠭᠴᠡᠭᠡ ᠪᠠᠨ ᠦᠷᠭᠡᠳᠭᠡᠬᠦ ᠪᠠᠶᠢᠯᠲᠤᠬᠤ ᠪᠤᠲᠤᠯᠭ᠎ᠠ ᠶᠢᠨ ᠡᠨᠡ ᠬᠦ ᠰᠠᠭᠤᠷᠢ ᠴᠡᠭ ᠢ ᠡᠵᠡᠮᠲᠡᠡ᠂ ᠬᠠᠩᠭᠠᠯᠭ᠎ᠠ ᠶᠢᠨ | ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠪᠠᠷ ᠭᠤᠤᠯ ᠰᠢᠵᠢᠮ ᠪᠤᠯᠭᠠᠠ᠂ ᠦᠢᠯᠡᠳᠪᠦᠷᠢᠯᠡᠯ᠂ | ᠬᠤᠪᠢᠶᠠᠷᠢᠯᠠᠯᠲᠠ᠂ ᠬᠦᠢᠯᠭᠡᠭᠡ᠂ ᠭᠡᠷᠡᠭᠯᠡᠭᠡ ᠶᠢᠨ ᠡᠯ᠎ᠠ ᠭᠤᠭᠴᠤᠭ᠎ᠠ ᠶᠢ ᠴᠢᠷᠮᠠᠶᠢᠨ ᠨᠡᠪᠲᠡᠷᠡᠭᠦᠯᠬᠦ ᠬᠡᠷᠡᠭᠲᠡᠢ᠃ | ᠰᠢᠨ᠎ᠠ ᠶᠢ ᠡᠭᠦᠳᠬᠦ ᠪᠠᠷ ᠬᠦᠲᠡᠯᠭᠡᠭᠦᠷ ᠪᠤᠯᠭᠠᠬᠤ ᠦᠢᠯᠡᠲᠦᠯ ᠢ ᠪᠠᠲᠠᠷᠠᠭᠤᠯᠵᠦ᠂ ᠠᠵᠦ ᠦᠢᠯᠡᠰ ᠤᠨ ᠲᠡᠭᠡᠲᠦ ᠵᠡᠷᠭᠡ | ᠲᠡᠰ᠂ ᠪᠤᠬᠢᠷᠲᠤᠯ ᠦᠭᠡᠶᠢᠵᠢᠭᠰᠡᠨ᠂ ᠤᠶᠤᠨᠴᠢᠯᠠᠭᠰᠠᠨ᠂ ᠠᠭᠤᠰᠤᠯᠴᠠᠭᠤᠯᠤᠭᠰᠠᠨ ᠴᠢᠭᠯᠡᠯ ᠲᠡᠶᠢᠰᠢ ᠬᠦᠭᠵᠢᠬᠦ ᠶᠢ | ᠠᠬᠢᠭᠤᠯᠬᠤ ᠭᠡᠷᠡᠭᠲᠡᠢ᠃ ᠤᠲᠤ ᠦᠶ᠎ᠠ ᠶᠢᠨ ᠬᠦᠲᠡᠭᠡ ᠠᠵᠦ ᠠᠬᠤᠢ ᠶᠢᠨ ᠠᠵᠦ ᠦᠢᠯᠡᠰ ᠤᠨ ᠰᠢᠰᠲ᠋ᠧᠮ᠂ | ᠦᠢᠯᠡᠳᠪᠦᠷᠢᠯᠡᠯ ᠤᠨ ᠰᠢᠰᠲ᠋ᠧᠮ᠂ ᠡᠵᠡᠩᠨᠡᠯᠲᠡ ᠶᠢᠨ ᠰᠢᠰᠲ᠋ᠧᠮ ᠢ ᠲᠦᠷᠭᠡᠡ ᠪᠠᠶᠢᠭᠤᠯᠵᠦ᠂ ᠨᠢᠩᠰᠢᠶᠠ ᠶᠢᠨ ᠨᠡᠩ | ᠤᠯᠠᠠ ᠤᠨᠴᠠᠯᠢᠠᠠᠲᠦ ᠬᠦᠲᠡᠭᠡ ᠠᠵᠦ ᠠᠬᠤᠢ ᠶᠢᠨ ᠦᠢᠯᠡᠳᠭᠦᠨ ᠢ ᠵᠠᠬ᠎ᠠ ᠲᠡᠯᠭᠡᠭᠦᠷ ᠲᠤ ᠭᠠᠷᠭᠠᠬᠤ ᠭᠡᠷᠡᠭᠲᠡᠢ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠦᠭᠡᠷᠡᠴᠢᠯᠡᠯᠲᠡ ᠨᠡᠭᠡᠭᠡᠯᠲᠡ ᠳᠤ ᠰᠢᠨ᠎ᠠ ᠲᠠᠪᠠᠯᠲᠠ ᠭᠠᠷᠭᠠᠬᠤ ᠶᠢ ᠠᠬᠢᠭᠤᠯᠵᠦ᠂ | ᠠᠰᠠᠭᠤᠲᠠᠯ ᠢᠶᠠᠷ ᠤᠲᠤᠷᠢᠲᠤᠮᠵᠢ ᠪᠤᠯᠭᠠᠬᠤ ᠶᠢ ᠪᠠᠷᠢᠮᠲᠠᠯᠠᠠ᠂ ᠬᠠᠷᠠᠯᠲᠠ ᠲᠠᠢ ᠪᠠᠷ ᠰᠤᠮᠤ ᠬᠠᠷᠪᠤᠬᠤ ᠲᠤᠲᠤᠷᠬᠠᠢ | ᠵᠤᠷᠢᠯᠭ᠎ᠠ ᠲᠠᠢ ᠪᠠᠷ ᠦᠭᠡᠷᠡᠴᠢᠯᠡᠯᠲᠡ ᠶᠢ ᠠᠬᠢᠭᠤᠯᠵᠦ᠂ ᠦᠭᠡᠷᠡᠴᠢᠯᠡᠯᠲᠡ ᠶᠢᠨ ᠠᠷᠭ᠎ᠠ ᠬᠡᠮᠵᠢᠶ᠎ᠠ ᠶᠢ ᠦᠨᠡᠯᠡᠵᠦ | ᠠᠮᠵᠢᠯᠲᠠ ᠪᠦᠲᠦᠮᠵᠢ ᠠᠰᠠᠭᠤᠬᠤ ᠶᠢ ᠴᠢᠩᠭᠠᠳᠬᠠᠠ᠂ ᠡᠯ᠎ᠠ ᠵᠦᠢᠯ ᠤᠨ ᠦᠭᠡᠷᠡᠴᠢᠯᠡᠯᠲᠡ ᠶᠢ ᠬᠦᠨᠵᠡᠭᠡᠶᠢᠷᠡᠭᠦᠯᠦᠨ᠂ | ᠪᠤᠲᠠᠲᠠᠢ ᠨᠠᠶᠢᠲᠠᠪᠤᠷᠢᠵᠢᠭᠤᠯᠬᠤ ᠶᠢ ᠠᠬᠢᠭᠤᠯᠵᠦ᠂ ᠬᠦᠢᠴᠡᠳ ᠦᠷᠢᠰᠦᠯᠲᠦᠭᠡᠡ ᠲᠠᠢ ᠵᠠᠬ᠎ᠠ ᠲᠡᠯᠭᠡᠭᠦᠷ ᠢ ᠲᠦᠷᠭᠡᠡ | ᠪᠤᠶᠢᠵᠢᠭᠤᠯᠵᠦ᠂ ᠡᠯ᠎ᠠ ᠲᠦᠷᠦᠯ ᠤᠨ ᠵᠠᠬ᠎ᠠ ᠲᠡᠯᠭᠡᠭᠦᠷ ᠤᠨ ᠭᠤᠤᠯ ᠴᠤᠭᠴᠠ ᠶᠢᠨ ᠬᠦᠲᠡᠯᠭᠡᠬᠦ ᠬᠦᠴᠤᠨ ᠢ | ᠲᠠᠰᠤᠷᠠᠯᠲᠠ ᠦᠭᠡᠢ ᠤᠷᠮᠠᠰᠢᠭᠤᠯᠤᠨ ᠬᠦᠭᠵᠢᠭᠡᠬᠦ ᠭᠡᠷᠡᠭᠲᠡᠢ᠃ ︽ᠨᠢᠭᠡ ᠪᠦᠰᠡ ᠨᠢᠭᠡ ᠵᠠᠮ︾ ᠢ ᠬᠠᠮᠳᠤ ᠪᠠᠷ | ᠪᠦᠳᠦᠬᠡᠨ ᠪᠠᠶᠢᠭᠤᠯᠬᠤ ᠴᠢᠬᠤᠯᠠ ᠶᠡᠭᠡ ᠠᠵᠠ ᠲᠤᠬᠢᠶᠠᠯ ᠢ ᠠᠮᠵᠢᠠ᠂ ᠲᠤᠲᠤᠭᠠᠲᠤ ᠨᠡᠭᠡᠭᠡᠯᠲᠡ ᠪᠤᠯᠤᠨ ᠭᠠᠲᠠᠭᠠᠲᠤ | ᠨᠡᠭᠡᠭᠡᠯᠲᠡ ᠶᠢ ᠤᠶᠠᠯᠲᠤᠭᠤᠯᠬᠤ ᠶᠢ ᠪᠠᠷᠢᠮᠲᠠᠯᠠᠵᠦ᠂ ᠨᠡᠭᠡᠭᠡᠯᠲᠡ ᠶᠢᠨ ᠬᠡᠯᠪᠡᠷᠢ ᠲᠠᠢ ᠠᠵᠦ ᠠᠬᠤᠢ ᠶᠢᠨ ᠭᠤᠤᠯ | ᠴᠤᠭᠴᠠ ᠶᠢ ᠪᠤᠶᠢᠵᠢᠭᠤᠯᠵᠦ᠂ ᠨᠡᠭᠡᠭᠡᠯᠲᠡ ᠶᠢᠨ ᠬᠡᠯᠪᠡᠷᠢ ᠲᠠᠢ ᠠᠵᠦ ᠠᠬᠤᠢ ᠶᠢᠨ ᠤᠷᠴᠢᠨ ᠲᠤᠭᠤᠷᠢᠨ ᠢ ᠪᠤᠢ | ᠪᠤᠯᠭᠠᠠ᠂ ᠨᠡᠩ ᠦᠨᠳᠦᠷ ᠲᠦᠪᠰᠢᠨ ᠤ ᠨᠡᠭᠡᠭᠡᠯᠲᠡ ᠪᠠᠷ ᠨᠡᠩ ᠴᠢᠨᠠᠷ ᠰᠠᠶᠢᠲᠠᠢ ᠬᠦᠭᠵᠢᠯᠲᠠ ᠶᠢ ᠠᠬᠢᠭᠤᠯᠬᠤ | ᠭᠡᠷᠡᠭᠲᠡᠢ ᠭᠡᠵᠦ ᠵᠢᠭᠠᠵᠦ ᠭᠠᠷᠭᠠᠪᠠ᠃ | ᠰᠢ ᠶᠢᠨ ᠫᠢᠩ᠂ ᠶᠠᠲᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠲᠠᠶᠢᠯᠠᠯᠲᠤᠭᠠᠠ ᠤ ᠢᠯᠠᠯᠲᠠ ᠶᠢ | ᠡᠷᠡᠰ ᠤᠯᠵᠦ᠂ ︽ᠬᠤᠶᠠᠷ ᠲᠤ ᠵᠤᠪᠠᠭ᠋ᠤ ᠦᠭᠡᠢ ᠭᠤᠷᠪᠠ ᠶᠢ ᠪᠠᠲᠤᠯᠬᠠᠤ︾ ᠪᠠᠷ ᠪᠠᠷᠢᠮᠵᠢᠶᠠᠯᠠᠨ ᠬᠠᠷᠭᠤᠭᠤᠯᠵᠥ᠂ | ᠲᠤᠪᠤᠶᠢᠮ᠎ᠠ ᠠᠰᠠᠭᠤᠲᠠᠯ ᠪᠤᠯᠤᠨ ᠪᠠᠭᠤᠷᠠᠢ ᠭᠤᠭᠴᠤᠭ᠎ᠠ ᠶᠢ ᠬᠠᠷᠠᠭᠠᠯᠠᠵᠦ᠂ ᠨᠢᠭᠡ ᠯᠡ ᠠᠮᠢᠰᠬᠤᠭ᠎ᠠ ᠪᠠᠷ ᠬᠦᠴᠦᠯᠡᠨ | ᠠᠵᠢᠯᠯᠠᠵᠦ᠂ ᠡᠷᠡᠮᠡᠭᠡᠶᠢᠯᠡᠡ ᠪᠠᠶᠢᠯᠲᠤᠵᠦ᠂ ᠲᠤᠭᠲᠠᠭᠰᠠᠠ ᠬᠤᠭᠤᠴᠠᠭᠠᠠ ᠳᠤ ᠶᠠᠲᠠᠭᠤ ᠠᠴᠠ ᠠᠩᠭᠢᠵᠢᠷᠠᠭᠤᠯᠬᠤ | ᠬᠠᠷᠠᠯᠲᠠ ᠶᠢ ᠪᠡᠶᠡᠯᠡᠭᠦᠯᠬᠦ ᠶᠢ ᠪᠠᠲᠤᠯᠠᠬᠤ ᠭᠡᠷᠡᠭᠲᠡᠢ᠃ ᠨᠡᠭᠦᠳᠡᠯ ᠠᠷᠠᠳ ᠢ ᠨᠡᠭᠦᠯᠭᠡᠬᠦ ᠲᠡᠳᠭᠦᠠ ᠲᠡᠮᠵᠢᠬᠦ ᠲᠦᠷᠦ ᠶᠢᠨ | ᠪᠤᠲᠤᠯᠭ᠎ᠠ ᠶᠢ ᠲᠡᠭᠦᠯᠲᠡᠷᠵᠢᠭᠦᠯᠵᠦ᠂ ᠨᠡᠭᠦᠯᠭᠡᠬᠦ ᠤᠯᠠᠠ ᠲᠦᠮᠠᠠ ᠢ ᠨᠡᠭᠦᠯᠭᠡᠵᠦ ᠲᠡᠶᠢᠯᠬᠦ᠂ ᠬᠦᠯ ᠲᠤᠭᠲᠠᠨᠢᠭᠤᠯᠵᠤ | ᠲᠡᠶᠢᠯᠬᠦ᠂ ᠴᠢᠨᠡᠭᠡᠯᠢᠭᠵᠢᠭᠦᠯᠵᠤ ᠲᠡᠶᠢᠯᠬᠦ ᠶᠢ ᠪᠠᠲᠤᠯᠠᠬᠤ ᠭᠡᠷᠡᠭᠲᠡᠢ᠃ ᠶᠠᠲᠠᠭᠤ ᠠᠴᠠ ᠠᠩᠭᠢᠵᠢᠷᠠᠭᠤᠯᠬᠤ ᠦᠷ᠎ᠡ | ᠪᠦᠲᠦᠭᠡᠯ ᠢ ᠪᠠᠬᠢᠵᠢᠭᠦᠯᠦᠨ ᠲᠡᠭᠡᠭᠰᠢᠯᠡᠭᠦᠯᠵᠦ᠂ ᠤᠲᠤ ᠪᠠᠶᠢᠭ᠎ᠠ ᠲᠦᠷᠦ ᠶᠢᠨ ᠪᠤᠲᠤᠯᠭ᠎ᠠ ᠶᠢ ᠶᠡᠷᠦᠩᠭᠡᠢ ᠳᠤᠨᠢ | ᠲᠤᠭᠲᠠᠭᠤᠨ ᠪᠠᠶᠢᠯᠭᠠᠵᠦ᠂ ᠪᠦᠬᠦ ᠲᠠᠯ᠎ᠠ ᠪᠠᠷ ᠶᠠᠲᠠᠭᠤ ᠠᠴᠠ ᠠᠩᠭᠢᠵᠢᠷᠠᠭᠤᠯᠬᠤ ᠪᠠ ᠬᠦᠲᠡᠭᠡ ᠲᠤᠰᠬᠤᠨ ᠢ | ᠬᠦᠭᠵᠢᠭᠦᠯᠦᠨ ᠮᠠᠠᠲᠤᠭᠤᠯᠬᠤ ᠪᠠᠶᠢᠯᠲᠤᠬᠤ ᠪᠤᠲᠤᠯᠭ᠎ᠠ ᠶᠢ ᠪᠦᠲᠦᠮᠵᠢᠲᠠᠢ ᠵᠤᠯᠭᠠᠭᠤᠯᠬᠤ ᠭᠡᠷᠡᠭᠲᠡᠢ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠬᠦᠭᠡᠮᠲᠦᠭ ᠨᠤᠭᠤᠭᠠᠠ ᠠᠭᠤᠯᠠ ᠤᠰᠤ ᠪᠤᠯ ᠲᠠᠷᠤᠢ ᠠᠯᠲᠠ ᠮᠦᠩᠭᠦᠨ ᠠᠭᠤᠯᠠ ᠮᠦᠨ | ᠭᠡᠬᠦ ᠤᠢᠢᠯᠠᠭᠠᠭᠲᠠᠬᠤᠠ ᠢ ᠪᠠᠲᠤ ᠪᠠᠬᠢ ᠪᠤᠢ ᠪᠤᠯᠭᠠᠵᠦ᠂ ᠠᠭᠤᠯᠠ ᠤᠰᠤ ᠤᠢ ᠮᠤᠳᠤ ᠭᠠᠵᠠᠷ ᠲᠠᠷᠢᠶ᠎ᠠ ᠨᠠᠭᠤᠷ | ᠪᠦᠷᠢᠳᠤ ᠨᠤᠳᠤᠬ ᠪᠡᠯᠴᠢᠭᠡᠷ ᠢ ᠰᠢᠰᠲ᠋ᠧᠮ ᠲᠠᠢ ᠪᠠᠷ ᠵᠠᠰᠠᠬᠤ ᠶᠢ ᠨᠢᠭᠡᠲᠦᠯᠲᠡᠢ ᠲᠦᠯᠦᠪᠵᠢᠭᠦᠯᠵᠦ᠂ ᠤᠯᠤᠰ ᠤᠨ | ᠨᠤᠲᠤᠭ ᠲᠡᠪᠢᠰᠭᠡᠷ ᠤᠨ ᠤᠷᠤᠨ ᠵᠠᠢ ᠶᠢ ᠨᠡᠭᠡᠭᠡᠡ ᠬᠦᠭᠵᠢᠭᠦᠯᠬᠦ ᠪᠠᠶᠢᠷᠢᠰᠢᠯ ᠢ ᠰᠢᠯᠢᠲᠡᠭᠵᠢᠭᠦᠯᠵᠦ᠂ ᠬᠦᠭᠡ | ᠤᠭᠲᠠᠷᠭᠤᠢ᠂ ᠬᠦᠭᠡᠮᠲᠦᠭ ᠤᠰᠤ᠂ ᠠᠷᠢᠭᠤᠠ ᠬᠦᠷᠦᠰᠦ ᠶᠢ ᠬᠠᠮᠠᠭᠠᠯᠠᠬᠤ ᠲᠠᠶᠢᠯᠠᠯᠲᠤᠭᠠᠠ ᠢ ᠦᠷᠬᠦᠯᠵᠢᠯᠠᠠ | ᠰᠠᠶᠢᠲᠤᠷ ᠬᠢᠵᠦ᠂ ᠠᠮᠢ ᠠᠬᠤᠢ ᠤᠷᠴᠢᠨ ᠲᠤᠭᠤᠷᠢᠠ ᠤ ᠬᠠᠮᠠᠭᠠᠯᠠᠯᠲᠠ ᠶᠢ ᠰᠠᠶᠢᠳᠤᠷ ᠠᠳᠬᠤᠬᠤ ᠭᠡᠷᠡᠭᠲᠡᠢ᠃ | ᠬᠠᠳᠤᠨ ᠭᠤᠤᠯ ᠤᠨ ᠤᠷᠳᠤ ᠤᠳᠠᠭᠠᠨ ᠠᠮᠤᠷ ᠲᠦᠪᠰᠢᠨ ᠪᠠᠶᠢᠬᠤ ᠶᠢ ᠪᠠᠳᠤᠯᠠᠬᠤ ᠠᠵᠢᠯ ᠢ ᠭᠤᠤᠯᠳᠠᠯᠭ᠎ᠠ ᠶᠢᠨ | ᠲᠤᠳᠤᠷᠠᠬᠢ ᠭᠤᠤᠯᠳᠠᠭ᠎ᠠ ᠪᠤᠯᠭᠠᠵᠤ᠂ ᠭᠤᠤᠯ ᠤᠨ ᠬᠡᠪᠡᠯᠢ ᠪᠠ ᠭᠤᠤᠯ ᠤᠨ ᠲᠠᠩ ᠤᠷᠤᠨ ᠢ ᠶᠡᠷᠤᠩᠭᠡᠶᠢᠯᠡᠨ ᠵᠠᠰᠠᠬᠤ | ᠢᠨᠵᠧᠨᠧᠷᠢᠩ ᠢ ᠭᠡᠷᠡᠭᠵᠢᠬᠦᠯᠵᠤ᠂ ᠬᠤᠶᠠᠷ ᠡᠷᠬᠢ ᠶᠢᠨ ᠲᠠᠯᠠᠩ ᠬᠠᠰᠢᠯᠭ᠎ᠠ᠂ ᠭᠤᠤᠯ ᠤᠨ ᠵᠠᠮ ᠤᠨ ᠡᠵᠡᠮᠳᠡᠯ | ᠵᠢᠯᠤᠭᠤᠳᠤᠯᠭ᠎ᠠ᠂ ᠭᠤᠤᠯ ᠤᠨ ᠲᠠᠩ ᠤᠷᠤᠨ ᠤ ᠵᠠᠰᠠᠯᠳᠠ ᠶᠢ ᠨᠢᠭᠡᠳᠦᠯᠳᠠᠢ ᠲᠦᠯᠦᠪᠵᠢᠬᠦᠯᠤᠨ ᠠᠬᠢᠭᠤᠯᠵᠤ᠂ | ᠤᠰᠤᠨ ᠤ ᠡᠬᠢ ᠪᠠᠶᠠᠯᠢᠭ ᠢ ᠠᠷᠪᠢᠯᠠᠬᠤ ᠡᠷᠴᠢᠮᠵᠢᠭᠰᠡᠨ ᠠᠰᠢᠬᠯᠠᠯᠲᠠ ᠶᠢ ᠠᠬᠢᠭᠤᠯᠵᠤ᠂ ᠠᠮᠢ ᠠᠬᠤᠢ ᠶᠢᠨ | ᠬᠠᠮᠠᠭᠠᠯᠠᠯᠳᠠ ᠵᠠᠰᠠᠨ ᠰᠡᠷᠬᠦᠭᠡᠯᠳᠠ ᠪᠠ ᠤᠷᠴᠢᠨ ᠲᠤᠭᠤᠷᠢᠨ ᠤ ᠵᠠᠰᠠᠯᠳᠠ ᠶᠢ ᠨᠢᠭᠡᠳᠦᠯᠳᠠᠢ ᠲᠦᠯᠦᠪᠵᠢᠬᠦᠯᠤᠨ | ᠠᠬᠢᠭᠤᠯᠵᠤ᠂ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠳᠠ ᠪᠠ ᠴᠢᠨᠠᠷ ᠰᠠᠶᠢᠳᠠᠢ | ᠬᠦᠭᠵᠢᠯᠳᠠ ᠶᠢᠨ ᠤᠷᠢᠳᠠᠴᠢ ᠤᠷᠤᠨ ᠢ ᠴᠢᠷᠮᠠᠶᠢᠨ ᠪᠦᠳᠦᠭᠡᠨ ᠪᠠᠶᠢᠭᠤᠯᠬᠤ ᠭᠡᠷᠡᠭᠳᠠᠢ ᠭᠡᠵᠤ ᠵᠢᠭᠠᠵᠤ ᠭᠠᠷᠭᠠᠪᠠ᠃ | ᠰᠢ ᠶᠢᠨ ᠫᠢᠩ᠂ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠠ ᠶᠢᠨ ᠦᠵᠡᠯ ᠰᠠᠨᠠᠭ᠎ᠠ ᠶᠢ | ᠪᠠᠷᠢᠮᠳᠠᠯᠠᠵᠤ᠂ ᠤᠯᠠᠨ ᠲᠦᠮᠡᠨ ᠤ ᠰᠠᠨᠠᠭᠠᠰᠢᠷᠠᠵᠤ ᠪᠠᠶᠢᠭ᠎ᠠ ᠠᠰᠠᠭᠤᠳᠠᠯ᠂ ᠵᠤᠪᠠᠨᠢᠵᠤ ᠪᠠᠶᠢᠭ᠎ᠠ ᠠᠰᠠᠭᠤᠳᠠᠯ᠂ | ᠲᠦᠪᠡᠭᠳᠡᠵᠤ ᠪᠠᠶᠢᠭ᠎ᠠ ᠠᠰᠠᠭᠤᠳᠠᠯ ᠢ ᠦᠨᠡᠨ ᠬᠦ ᠰᠠᠶᠢᠳᠤᠷ ᠰᠢᠢᠳᠪᠤᠷᠢᠯᠡᠵᠤ᠂ ᠠᠵᠢᠯ ᠤᠨ ᠪᠠᠶᠢᠷᠢ ᠠᠴᠠ ᠪᠠᠨ | ᠪᠠᠭᠤᠵᠤ ᠠᠵᠢᠯ ᠠᠯᠳᠠᠬᠰᠡᠳ᠂ ᠶᠡᠭᠡ ᠲᠡᠭᠡᠳᠤ ᠰᠤᠷᠭᠠᠭᠤᠯᠢ ᠲᠡᠬᠦᠰᠦᠭᠰᠡᠨ ᠤᠶᠤᠳᠡᠳ᠂ ᠬᠦᠯᠦᠰᠤᠨ ᠲᠡᠷᠢᠶᠠᠴᠢᠳ᠂ | ᠴᠡᠷᠢᠭ ᠠᠴᠠ ᠬᠠᠯᠠᠬᠳᠡᠬᠰᠡᠳ ᠵᠡᠷᠭᠡ ᠭᠤᠤᠯᠳᠠᠯᠭ᠎ᠠ ᠲᠠᠢ ᠬᠦᠮᠦᠰ ᠲᠤ ᠠᠵᠢᠯ ᠤᠯᠭᠤᠬᠤ ᠠᠵᠢᠯ ᠢ ᠯᠠᠪᠳᠠᠭᠤᠨ | ᠪᠠᠳᠤᠳᠠᠢ ᠰᠠᠶᠢᠳᠤᠷ ᠬᠢᠬᠦ ᠭᠡᠷᠡᠭᠳᠠᠢ᠃ ᠬᠤᠳᠠ ᠬᠦᠳᠡᠭᠡ ᠶᠢᠨ ᠠᠯᠪᠡᠨ ᠵᠢᠷᠤᠮ ᠤᠨ ᠰᠤᠷᠭᠠᠨ ᠬᠦᠮᠦᠵᠢᠯ ᠤᠨ | ᠲᠡᠩᠴᠡᠬᠦᠷᠢᠳᠠᠢ ᠬᠦᠭᠵᠢᠯᠳᠠ ᠶᠢ ᠠᠬᠢᠭᠤᠯᠵᠤ᠂ ᠤᠯᠠᠨ ᠨᠠᠶᠢᠳᠠ ᠶᠢᠨ ᠡᠷᠡᠬᠦᠯ ᠬᠠᠮᠠᠭᠠᠯᠠᠯ ᠤᠨ ᠰᠢᠰᠲ᠋ᠧᠮ ᠤᠨ | ᠪᠠᠶᠢᠭᠤᠯᠤᠯᠳᠠ ᠶᠢ ᠲᠦᠷᠭᠡᠳᠭᠡᠵᠤ᠂ ᠤᠯᠤᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ ᠬᠦᠳᠡᠯᠭᠡᠭᠡᠨ ᠢ ᠦᠷᠭᠡᠨ | ᠬᠡᠪᠴᠢᠶ᠎ᠡ ᠪᠠᠷ ᠦᠷᠨᠢᠬᠦᠯᠬᠦ ᠭᠡᠷᠡᠭᠳᠠᠢ᠃ ᠱᠠᠰᠢᠨ ᠰᠤᠷᠳᠠᠬᠤᠨ ᠤ ᠠᠵᠢᠯ ᠤᠨ ᠲᠤᠬᠠᠢ ᠨᠠᠮ ᠤᠨ ᠦᠨᠳᠤᠰᠤᠨ | ᠴᠢᠭᠯᠡᠯᠳᠠ ᠶᠢ ᠪᠠᠷᠢᠮᠳᠠᠯᠠᠵᠤ᠂ ᠱᠠᠰᠢᠨ ᠰᠤᠷᠳᠠᠬᠤᠨ ᠤ ᠭᠡᠷᠡᠭ ᠶᠠᠪᠤᠳᠠᠯ ᠤᠨ ᠬᠠᠮᠢᠶᠡᠷᠤᠯᠳᠠ ᠶᠢ ᠬᠠᠤᠯᠢ ᠶᠤᠰᠤᠭᠠᠷ | ᠴᠢᠩᠭᠠᠳᠬᠠᠬᠤ ᠭᠡᠷᠡᠭᠳᠠᠢ᠃ ᠢᠷᠭᠡᠨ ᠤ ᠬᠠᠤᠯᠢ ᠶᠢᠨ ᠪᠢᠴᠢᠭ ᠢ ᠭᠡᠷᠡᠭᠵᠢᠬᠦᠯᠬᠦ ᠠᠵᠢᠯ ᠢ ᠯᠠᠪᠳᠠᠭᠤᠨ ᠪᠠᠳᠤᠳᠠᠢ | ᠠᠬᠢᠭᠤᠯᠵᠤ᠂ ᠨᠡᠶᠢᠭᠡᠮ ᠤᠨ ᠵᠠᠰᠠᠯᠳᠠ ᠶᠢ ᠴᠢᠩᠭᠠᠳᠬᠠᠨ ᠰᠢᠨᠡᠴᠢᠯᠡᠵᠤ᠂ ᠠᠶᠤᠯᠬᠦᠢ ᠦᠢᠯᠡᠳᠪᠤᠷᠢᠯᠡᠯ ᠤᠨ ᠠᠵᠢᠯ ᠢ | ᠴᠢᠩᠭᠠᠳᠬᠠᠬᠤ ᠭᠡᠷᠡᠭᠳᠠᠢ ᠭᠡᠵᠤ ᠴᠢᠬᠤᠯᠠᠴᠢᠯᠠᠪᠠ᠃ | ᠰᠢ ᠶᠢᠨ ᠫᠢᠩ᠂ ᠬᠦᠰᠡᠯᠡᠩ ᠢᠳᠡᠭᠡᠯ ᠪᠢᠰᠢᠷᠡᠯ ᠢᠶᠠᠨ ᠪᠠᠳᠤᠳᠬᠠᠬᠤ ᠪᠤᠯ ᠪᠢᠳᠠᠨ ᠤ ᠡᠷᠡᠮᠡᠭᠡᠶᠢᠯᠡᠨ | ᠤᠷᠤᠬᠰᠢᠯᠠᠬᠤ᠂ ᠬᠦᠴᠢᠷ ᠢ ᠲᠤᠭᠤᠯᠤᠨ ᠢᠯᠡᠯᠳᠠ ᠤᠯᠬᠤ ᠶᠢ ᠤᠷᠮᠠᠰᠢᠭᠤᠯᠤᠨ ᠵᠤᠷᠢᠬᠵᠢᠭᠤᠯᠬᠤ ᠲᠠᠭᠤᠰᠤᠰᠢ | ᠦᠭᠡᠢ ᠬᠦᠴᠤᠨ ᠴᠢᠳᠠᠯ ᠤᠨ ᠡᠬᠢ ᠪᠤᠯᠠᠭ ᠮᠦᠨ᠃ ᠪᠦᠬᠦ ᠨᠠᠮ ᠤᠨ ᠨᠦᠬᠦᠳ ᠢᠯᠠᠩᠭᠤᠶ᠎ᠡ ᠡᠯ᠎ᠡ ᠱᠠᠳᠤᠨ ᠤ | ᠤᠳᠤᠷᠢᠳᠬᠤ ᠺᠠᠳ᠋ᠷ ᠤᠭ ᠰᠠᠨᠠᠭ᠎ᠠ ᠪᠠᠨ ᠦᠯᠤ ᠮᠡᠷᠳᠡᠵᠤ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠤ᠂ | ᠲᠡᠷᠢᠬᠢ ᠲᠤᠯᠤᠭᠠᠢ ᠪᠠᠨ ᠬᠤᠷᠴᠠ ᠰᠡᠷᠭᠡᠭ ᠪᠠᠶᠢᠯᠭᠠᠬᠤ ᠪᠠ ᠤᠯᠤᠰ ᠲᠦᠷᠦ ᠶᠢᠨ ᠲᠤᠬᠳᠠᠯ ᠬᠦᠴᠤᠨ ᠢᠶᠠᠨ ᠢᠮᠠᠬᠳᠠ | ᠪᠠᠳᠤᠯᠠᠵᠤ᠂ ᠡᠷᠡᠰ ᠭᠤᠶᠢᠪᠢᠰᠢ ᠦᠭᠡᠢ ᠪᠠᠷ ᠨᠠᠮ ᠤᠨ ᠤᠳᠤᠷᠢᠳᠤᠯᠭ᠎ᠠ ᠶᠢ ᠪᠠᠷᠢᠮᠳᠠᠯᠠᠨ ᠴᠢᠩᠭᠠᠳᠬᠠᠵᠤ᠂ ᠲᠤᠮᠳᠠᠳᠤ | ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠢ ᠪᠠᠷᠢᠮᠳᠠᠯᠠᠨ ᠬᠦᠭᠵᠢᠬᠦᠯᠬᠦ ᠶᠢ ᠡᠷᠡᠰ ᠭᠤᠶᠢᠪᠢᠰᠢ ᠦᠭᠡᠢ | ᠪᠠᠷᠢᠮᠳᠠᠯᠠᠵᠤ᠂ ᠲᠤᠮᠳᠠᠳᠤ ᠶᠢᠨ ᠦᠨᠳᠤᠰᠤᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠠᠤᠭ᠎ᠠ ᠬᠠᠷᠠᠯᠳᠠ ᠶᠢ | ᠪᠠᠷᠢᠮᠳᠠᠯᠠᠨ ᠪᠠᠶᠠᠯᠡᠬᠦᠯᠬᠦ ᠶᠢ ᠭᠤᠶᠢᠪᠢᠰᠢ ᠦᠭᠡᠢ ᠪᠠᠷᠢᠮᠳᠠᠯᠠᠵᠤ᠂ ᠠᠬᠠᠮᠡᠳ ᠬᠤᠪᠢᠰᠬᠠᠯᠴᠢᠳ ᠤᠨ ᠡᠬᠦᠨ ᠤ ᠲᠦᠯᠦᠭᠡ | ᠲᠡᠮᠡᠴᠡᠭᠰᠡᠨ ᠠᠭᠤᠤ ᠶᠡᠭᠡ ᠦᠢᠯᠡᠰ ᠢ ᠴᠦᠬᠦᠷᠡᠰᠢ ᠦᠭᠡᠢ ᠤᠷᠤᠬᠰᠢ ᠠᠬᠢᠭᠤᠯᠬᠤ ᠭᠡᠷᠡᠭᠳᠠᠢ᠃ ᠦᠷᠭᠡᠨ ᠤᠯᠠᠨ | ᠨᠠᠮ ᠤᠨ ᠭᠡᠰᠢᠬᠦᠨ᠂ ᠺᠠᠳ᠋ᠷ ᠤᠨ ᠲᠡᠮᠡᠴᠡᠯ ᠤᠨ ᠵᠤᠷᠢᠭ ᠰᠠᠨᠠᠭ᠎ᠠ ᠶᠢ ᠬᠦᠭᠵᠢᠬᠡᠵᠤ᠂ ᠪᠦᠳᠦᠮᠵᠢᠳᠠᠢ ᠠᠷᠭ᠎ᠠ | ᠬᠡᠮᠵᠢᠶ᠎ᠡ ᠪᠠᠷ ᠨᠠᠮ ᠤᠨ ᠲᠦᠪ ᠬᠤᠷᠢᠶᠠᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠰᠠᠶᠢᠳᠤᠷ | ᠨᠠᠶᠢᠳᠠᠪᠤᠷᠢᠵᠢᠭᠤᠯᠵᠤ᠂ ᠦᠭᠡᠷᠡᠴᠢᠯᠡᠯᠳᠠ ᠬᠦᠭᠵᠢᠯᠳᠠ ᠲᠤᠬᠳᠠᠭᠤᠨ ᠤ ᠡᠯ᠎ᠡ ᠵᠦᠢᠯ ᠤᠨ ᠠᠵᠢᠯ ᠢ ᠰᠠᠶᠢᠳᠤᠷ ᠬᠢᠬᠦ | ᠭᠡᠷᠡᠭᠳᠠᠢ᠃ ᠠᠷᠠᠳ ᠲᠦᠮᠡᠨ ᠳᠤ ᠪᠤᠶᠠᠨ ᠦᠢᠯᠡᠳᠬᠦ ᠶᠢ ᠬᠠᠮᠤᠭ ᠤᠨ ᠴᠢᠬᠤᠯᠠ ᠠᠵᠢᠯ ᠤᠨ ᠠᠮᠵᠢᠯᠳᠠ ᠪᠦᠳᠦᠮᠵᠢ | ᠪᠤᠯᠭᠠᠵᠤ᠂ ᠺᠠᠳ᠋ᠷ ᠤᠨ ᠬᠠᠷᠢᠭᠤᠴᠠᠯᠭ᠎ᠠ ᠡᠬᠦᠷᠭᠡᠯᠡᠵᠤ ᠵᠢᠳᠬᠦᠯ ᠴᠢᠷᠮᠠᠶᠢᠯᠭ᠎ᠠ ᠭᠠᠷᠭᠠᠬᠤ ᠶᠢ ᠤᠷᠮᠠᠰᠢᠭᠤᠯᠤᠨ | ᠵᠤᠷᠢᠬᠵᠢᠭᠤᠯᠬᠤ ᠲᠤᠬᠳᠠᠴᠠ ᠶᠢ ᠪᠠᠶᠢᠭᠤᠯᠤᠨ ᠪᠦᠷᠢᠨᠰᠢᠬᠦᠯᠵᠤ᠂ ᠬᠡᠯᠪᠡᠷᠢᠴᠢ ᠦᠵᠡᠯ᠂ ᠨᠤᠶᠠᠨᠴᠢ ᠰᠤᠷᠳᠠᠯ ᠢ ᠡᠷᠡᠰ | ᠡᠰᠡᠷᠬᠦᠴᠡᠬᠦ ᠭᠡᠷᠡᠭᠳᠠᠢ᠃ ᠰᠤᠷᠳᠠᠯ ᠢ ᠲᠦᠪ ᠪᠤᠯᠭᠠᠵᠤ ᠰᠠᠬᠢᠯᠭ᠎ᠠ ᠪᠠᠳᠤ ᠶᠢ ᠴᠢᠩᠳᠠᠯᠠᠬᠤ ᠶᠢ ᠡᠭᠦᠷᠢᠲᠡ ᠪᠠᠷᠢᠮᠲᠠᠯᠠᠵᠤ᠂ | ᠢᠯᠵᠡᠷᠡᠬᠤ ᠠᠴᠠ ᠵᠢᠷᠤᠭᠡᠰᠢᠶᠠᠬᠦ᠂ ᠢᠯᠵᠡᠷᠡᠵᠤ ᠪᠤᠯᠬᠤ ᠦᠭᠡᠢ᠂ ᠢᠯᠵᠡᠷᠡᠬᠤ ᠶᠢ ᠪᠤᠳᠤᠬᠤ ᠦᠭᠡᠢ ᠪᠠᠶᠢᠬᠤ ᠶᠢ ᠨᠢᠭᠡ | ᠴᠤᠬᠴᠠᠵᠢᠭᠤᠯᠤᠨ ᠠᠬᠢᠭᠤᠯᠵᠤ᠂ ᠰᠤᠷᠲᠠᠯ ᠲᠦᠪ ᠤᠪᠤᠷ ᠴᠢᠭᠡᠴᠢ ᠦᠢᠯᠡᠰ ᠪᠤᠰᠬᠠᠬᠤ ᠤᠷᠴᠢᠨ ᠲᠤᠭᠤᠷᠢᠨ ᠢ ᠪᠤᠢ | ᠪᠤᠯᠭᠠᠬᠤ ᠭᠡᠷᠡᠭᠳᠠᠢ ᠭᠡᠵᠤ ᠵᠢᠭᠠᠵᠤ ᠭᠠᠷᠭᠠᠪᠠ᠃ | ᠳ᠋ᠢᠩ ᠰᠢᠤᠸᠠᠢ ᠰᠢᠶᠠᠩ᠂ ᠯᠢᠤ ᠾᠧ᠂ ᠴᠧᠨ ᠰᠢ᠂ ᠾᠧ ᠯᠢ ᠹᠧᠩ ᠪᠤᠯᠤᠨ ᠲᠦᠪ ᠤᠨ ᠬᠤᠯᠪᠤᠬᠳᠠᠯ | ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠪᠠᠷ᠎ᠡ ᠪᠤᠯᠵᠤ ᠰᠢᠨᠵᠢᠯᠡᠨ ᠪᠠᠶᠢᠴᠠᠭᠠᠵᠠᠢ᠃ | | |