ᠪᠦᠬᠦ ᠤᠷᠤᠨ ᠤ ᠬᠦᠳᠡᠭᠡ ᠲᠤᠰᠬᠤᠨ ᠮᠠᠯᠵᠢᠬᠤ ᠤᠷᠤᠨ ᠤ ᠬᠤᠭ ᠨᠤᠪᠰᠢ ᠶᠢ ᠲᠦᠷᠦᠯ ᠬᠤᠪᠢᠶᠠᠬᠤ ᠪᠠ ᠡᠬᠢ ᠪᠠᠶᠠᠯᠢᠭᠵᠢᠭᠤᠯᠤᠨ ᠠᠰᠢᠬᠯᠠᠬᠤ ᠲᠤᠬᠠᠢ ᠶᠢᠨ ᠲᠠᠯᠠᠪᠠᠢ ᠶᠢᠨ ᠬᠤᠷᠡᠯ ᠬᠤᠷᠡᠯᠳᠤᠵᠠᠢ  ᠪᠤᠤ ᠭᠠᠩ ᠬᠤᠷᠡᠯ ᠳᠤ ᠤᠷᠤᠯᠴᠠᠭᠰᠠᠨ ᠪᠦᠭᠡᠳ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2020/6/12
     6 ᠰᠠᠷ᠎ᠠ ᠶᠢᠨ 9᠎ ᠤ ᠡᠳᠤᠷ᠂ ᠪᠦᠬᠦ ᠤᠷᠤᠨ ᠤ ᠬᠦᠳᠡᠭᠡ ᠲᠤᠰᠬᠤᠨ ᠮᠠᠯᠵᠢᠬᠤ ᠤᠷᠤᠨ ᠤ ᠬᠤᠭ ᠨᠤᠪᠰᠢ ᠶᠢ ᠲᠦᠷᠦᠯ ᠬᠤᠪᠢᠶᠠᠬᠤ ᠪᠠ ᠡᠬᠢ ᠪᠠᠶᠠᠯᠢᠭᠵᠢᠭᠤᠯᠤᠨ ᠠᠰᠢᠬᠯᠠᠬᠤ ᠲᠤᠬᠠᠢ ᠶᠢᠨ ᠲᠠᠯᠠᠪᠠᠢ ᠶᠢᠨ ᠬᠤᠷᠡᠯ ᠬᠢᠩᠭᠠᠨ ᠠᠶᠢᠮᠠᠭ ᠤᠨ ᠲᠦᠴᠢᠤᠸᠠᠨ ᠰᠢᠶᠠᠨ ᠳᠤ ᠬᠤᠷᠡᠯᠳᠤᠪᠠ᠃      ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠪᠤᠤ ᠭᠠᠩ ᠬᠤᠷᠡᠯ ᠳᠤ ᠤᠷᠤᠯᠴᠠᠭᠰᠠᠨ ᠪᠦᠭᠡᠳ ᠶᠠᠷᠢᠶ᠎ᠠ ᠲᠠᠯᠪᠢᠵᠠᠢ᠃      ᠪᠤᠤ ᠭᠠᠩ᠂ ᠶᠡᠷᠤᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ ᠤᠢᠢᠯᠠᠭᠠᠵᠥ᠂ ᠨᠠᠮ ᠤᠨ ᠲᠦᠪ ᠬᠤᠷᠢᠶ᠎ᠡ ᠪᠤᠯᠤᠨ ᠦᠪᠡᠷᠳᠡᠭᠡᠨ ᠵᠠᠰᠠᠬᠤ ᠤᠷᠤᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠥ᠂ ᠬᠤᠭ ᠨᠤᠪᠰᠢ ᠶᠢ ᠲᠦᠷᠦᠯ ᠬᠤᠪᠢᠶᠠᠬᠤ ᠠᠵᠢᠯ ᠢ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠳᠤ ᠬᠤᠯᠪᠤᠭᠳᠠᠬᠤ ᠲᠤᠮᠤ ᠶᠠᠪᠤᠳᠠᠯ ᠪᠤᠯᠭᠠᠵᠥ᠂ ᠡᠯ᠎ᠡ ᠱᠠᠳᠤᠨ ᠤ ᠨᠠᠮ ᠤᠨ ᠬᠤᠷᠢᠶ᠎ᠡ ᠵᠠᠰᠠᠭ ᠤᠨ ᠤᠷᠳᠤᠨ ᠤ ᠡᠷᠬᠡᠪᠰᠢ ᠰᠠᠶᠢᠳᠤᠷ ᠰᠢᠢᠳᠪᠤᠷᠢᠯᠡᠬᠦ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠪᠤᠯᠭᠠᠵᠥ᠂ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠪᠤᠢ ᠪᠤᠯᠭᠠᠵᠥ᠂ ᠬᠤᠭ ᠨᠤᠪᠰᠢ ᠶᠢ ᠲᠦᠷᠦᠯ ᠬᠤᠪᠢᠶᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ᠂ ᠤᠳᠠᠭᠠᠨ ᠲᠠᠭᠠᠭᠠᠮᠠᠭᠠᠢ ᠲᠠᠶᠢᠯᠠᠯᠳᠤᠭᠠᠨ ᠎ ᠤ ᠢᠯᠠᠯᠳᠠ ᠶᠢ ᠡᠷᠡᠰ ᠤᠯᠬᠤ ᠬᠡᠷᠡᠭᠳᠡᠢ ᠬᠡᠵᠥ ᠵᠢᠭᠠᠵᠥ ᠭᠠᠷᠭᠠᠪᠠ᠃      ᠪᠤᠤ ᠭᠠᠩ᠂ ᠬᠦᠳᠡᠭᠡ ᠲᠤᠰᠬᠤᠨ ᠮᠠᠯᠵᠢᠬᠤ ᠤᠷᠤᠨ ᠤ ᠬᠤᠭ ᠨᠤᠪᠰᠢ ᠶᠢ ᠲᠦᠷᠦᠯ ᠬᠤᠪᠢᠶᠠᠬᠤ ᠤᠬᠠᠭᠤᠯᠭ᠎ᠠ ᠬᠦᠮᠦᠵᠢᠯ ᠬᠦᠳᠤᠯᠤᠨ ᠵᠢᠯᠤᠭᠤᠳᠬᠤ ᠠᠵᠢᠯ ᠢ ᠰᠠᠶᠢᠳᠤᠷ ᠬᠢᠵᠤ᠂ ᠤᠳᠤᠷᠢᠳᠬᠤ ᠺᠠᠳ᠋ᠷ ᠤᠨ ᠦᠵᠡᠯ ᠰᠠᠨᠠᠭ᠎ᠠ ᠤᠢᠢᠯᠠᠭᠠᠬᠳᠠᠬᠤᠨ ᠢ ᠦᠨᠡᠨ ᠬᠦ ᠬᠤᠪᠢᠷᠠᠭᠤᠯᠵᠤ᠂ ᠮᠠᠯᠴᠢᠨ ᠲᠠᠷᠢᠶᠠᠴᠢᠨ ᠤ ᠭᠤᠤᠯ ᠴᠤᠬᠴᠠ ᠶᠢᠨ ᠦᠢᠯᠡᠳᠦᠯ ᠢ ᠬᠦᠢᠴᠡᠳ ᠪᠠᠳᠠᠷᠠᠭᠤᠯᠬᠤ ᠭᠡᠷᠡᠭᠳᠠᠢ᠃ ᠬᠤᠭ ᠨᠤᠪᠰᠢ ᠶᠢᠨ ᠲᠦᠷᠦᠯ ᠬᠤᠪᠢᠶᠠᠬᠤ ᠲᠦᠬᠦᠭᠡᠷᠤᠮᠵᠢ ᠶᠢᠨ ᠪᠦᠳᠦᠭᠡᠨ ᠪᠠᠶᠢᠭᠤᠯᠤᠯᠳᠠ ᠶᠢ ᠰᠠᠶᠢᠳᠤᠷ ᠠᠳᠬᠤᠵᠤ᠂ ᠨᠢᠭᠡᠳᠦᠯᠳᠠᠢ ᠲᠦᠯᠦᠪᠵᠢᠬᠦᠯᠵᠤ᠂ ᠲᠤᠨᠤᠭ ᠲᠦᠬᠦᠭᠡᠷᠤᠮᠵᠢ ᠶᠢ ᠢᠵᠢ ᠪᠦᠷᠢᠳᠦᠭᠦᠯᠵᠤ᠂ ᠴᠢᠳᠠᠯ ᠤᠨ ᠬᠢᠷᠢ ᠪᠠᠷ ᠬᠢᠬᠦ ᠶᠢ ᠪᠠᠶᠠᠯᠡᠬᠦᠯᠬᠦ ᠭᠡᠷᠡᠭᠳᠠᠢ᠃ ᠲᠦᠷᠦᠯ ᠬᠤᠪᠢᠶᠠᠨ ᠰᠢᠰᠲ᠋ᠧᠮᠵᠢᠭᠦᠯᠵᠤ ᠢᠵᠢ ᠪᠦᠷᠢᠳᠤᠬᠦᠯᠤᠨ ᠲᠡᠬᠦᠯᠳᠡᠷᠵᠢᠬᠦᠯᠬᠦ ᠶᠢ ᠰᠠᠶᠢᠳᠤᠷ ᠠᠳᠬᠤᠵᠤ᠂ ᠲᠡᠬᠦᠯᠳᠡᠷᠵᠢᠭᠰᠡᠨ ᠬᠤᠭ ᠨᠤᠪᠰᠢ ᠶᠢ ᠲᠦᠷᠦᠯ ᠬᠤᠪᠢᠶᠠᠬᠤ ᠰᠢᠰᠲ᠋ᠧᠮ ᠢ ᠪᠠᠶᠢᠭᠤᠯᠬᠤ ᠭᠡᠷᠡᠭᠳᠠᠢ᠃ ᠪᠠᠶᠢᠭᠤᠯᠤᠮᠵᠢ ᠲᠤᠬᠳᠠᠴᠠ ᠶᠢᠨ ᠪᠠᠶᠢᠭᠤᠯᠤᠯᠳᠠ ᠶᠢ ᠰᠠᠶᠢᠳᠤᠷ ᠠᠳᠬᠤᠵᠤ᠂ ᠬᠦᠳᠡᠭᠡ ᠲᠤᠰᠬᠤᠨ ᠮᠠᠯᠵᠢᠬᠤ ᠤᠷᠤᠨ ᠤ ᠠᠮᠢᠳᠤᠷᠠᠯ ᠎ ᠤᠨ ᠬᠤᠭ ᠨᠤᠪᠰᠢ ᠶᠢ ᠲᠦᠷᠤᠯ ᠬᠤᠪᠢᠶᠠᠬᠤ ᠪᠦᠬᠦ ᠲᠠᠯ᠎ᠡ ᠶᠢᠨ ᠵᠠᠰᠠᠯᠳᠠ ᠪᠠ ᠤᠷᠳᠤ ᠬᠤᠭᠤᠴᠠᠭᠠᠨ ᠤ ᠪᠦᠳᠦᠮᠵᠢᠳᠠᠢ ᠵᠠᠰᠠᠯᠳᠠ ᠶᠢ ᠪᠠᠶᠠᠯᠡᠬᠦᠯᠬᠦ ᠭᠡᠷᠡᠭᠳᠠᠢ ᠭᠡᠵᠤ ᠴᠢᠬᠤᠯᠠᠴᠢᠯᠠᠪᠠ᠃      ᠬᠤᠷᠠᠯ ᠤᠨ ᠲᠠᠷᠠᠭ᠎ᠠ᠂ ᠪᠤᠤ ᠭᠠᠩ ᠪᠠᠰᠠ ᠬᠢᠨᠭ᠍ᠭᠠᠨ ᠠᠶᠢᠮᠠᠭ ᠤᠨ ᠪᠤᠬᠢᠷᠳᠦᠯ ᠢ ᠰᠡᠷᠭᠡᠶᠢᠯᠡᠨ ᠵᠠᠰᠠᠬᠤ ᠵᠢᠴᠢ ᠲᠦᠪ ᠤᠨ ᠤᠷᠴᠢᠨ ᠲᠤᠭᠤᠷᠢᠨ ᠢ ᠬᠠᠮᠠᠭᠠᠯᠠᠬᠤ ᠱᠠᠯᠠᠪᠳᠠᠭᠤᠯᠤᠨ ᠪᠠᠶᠢᠴᠠᠭᠠᠯᠳᠠ ᠶᠢᠨ ᠬᠠᠷᠢᠭᠤ ᠲᠤᠰᠬᠠᠬᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠬᠰᠡᠨ ᠪᠠᠶᠢᠳᠠᠯ ᠤᠨ ᠬᠠᠷᠢᠭᠤ ᠮᠡᠳᠡᠬᠦᠯᠦᠯᠳᠠ ᠶᠢ ᠰᠤᠨᠤᠰᠴᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号