ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠵᠢᠵᠢᠭᠯᠡᠨ ᠬᠤᠳᠠᠯᠳᠤᠬᠤ ᠵᠢᠱᠢᠶ᠎ᠡ ᠦᠵᠡᠭᠦᠯᠬᠦ ᠰᠢᠨ᠎ᠡ ᠳᠡᠯᠭᠡᠭᠦᠷ ᠡᠵᠡᠩᠨᠡᠯᠲᠡ ᠪᠠᠨ ᠡᠬᠢᠯᠡᠪᠡ  ᠸᠠᠩ ᠯᠢ ᠰᠢᠶᠠ ᠬᠤᠸᠠᠩ ᡁᠢ ᠴᠢᠶᠠᠩ ᠡᠬᠢᠯᠡᠯᠲᠡ ᠶᠢᠨ ᠶᠣᠰᠣᠯᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2020/6/12
     6 ᠰᠠᠷ᠎ᠠ ᠶᠢᠨ 10᠎ ᠤ ᠡᠳᠦᠷ᠂ ᠳᠤᠮᠳᠠᠳᠤ ᠤᠯᠤᠰ ︵ᠬᠥᠬᠡᠬᠤᠲᠠ︶᠎ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠲᠤᠬᠠᠶᠢᠯᠠᠭᠰᠠᠨ ᠠᠵᠢᠯ ᠢ ᠨᠡᠪᠲᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠵᠢᠵᠢᠭᠯᠡᠨ ᠬᠤᠳᠠᠯᠳᠤᠬᠤ ᠵᠢᠱᠢᠶ᠎ᠡ ᠦᠵᠡᠭᠦᠯᠬᠦ ᠰᠢᠨ᠎ᠡ ᠳᠡᠯᠭᠡᠭᠦᠷ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠤᠶᠤᠨᠲᠤ ᠦᠢᠯᠡᠳᠬᠡᠯ ᠠᠵᠤ ᠦᠢᠯᠡᠰ ᠤᠨ ᠬᠦᠷᠢᠶᠡᠯᠡᠩ ᠳᠤ ᠡᠭᠦᠳᠡ ᠪᠠᠨ ᠨᠡᠭᠡᠭᠡᠵᠦ ᠡᠵᠡᠩᠨᠡᠪᠡ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃      ᠲᠤᠰ ᠡᠳᠦᠷ᠂ ᠶᠠᠫᠣᠨ᠂ ᠺᠣᠷᠢᠶᠠ᠂ ᠹᠷᠠᠨᠼᠢ᠂ ᠭᠧᠷᠮᠠᠨ᠂ ᠣᠷᠣᠰ᠂ ᠠᠦ᠋ᠰᠲᠷᠠᠯᠢᠶ᠎ᠠ ᠵᠡᠷᠭᠡ 10 ᠭᠠᠷᠤᠶ ᠤᠯᠤᠰ ᠪᠠ ᠭᠠᠵᠠᠷ ᠣᠷᠣᠨ ᠠᠴᠠ ᠣᠷᠣᠵᠣ ᠢᠷᠡᠭᠰᠡᠨ ᠮᠢᠩᠭ᠎ᠠ ᠭᠠᠷᠤᠶ ᠵᠦᠢᠯ ᠤᠨ ᠲᠠᠸᠠᠷ ᠵᠢᠵᠢᠭᠯᠡᠨ ᠬᠤᠳᠠᠯᠳᠤᠬᠤ ᠵᠢᠱᠢᠶ᠎ᠡ ᠦᠵᠡᠭᠦᠯᠬᠦ ᠳᠡᠯᠭᠡᠭᠦᠷ ᠲᠤ ᠳᠡᠯᠭᠡᠭᠳᠡᠵᠦ᠂ ᠥᠷᠭᠡᠨ ᠣᠯᠠᠨ ᠬᠡᠷᠡᠭᠯᠡᠭᠴᠢᠳ ᠤᠯᠤᠰ ᠠᠴᠠ ᠪᠠᠨ ᠭᠠᠷᠬᠤ ᠥᠬᠡᠶ ᠪᠠᠷ ᠪᠥᠬᠦ ᠳᠡᠯᠡᠬᠡᠶ ᠶᠢᠨ ᠲᠠᠸᠠᠷ ᠢ ᠬᠤᠳᠠᠯᠳᠤᠨ ᠠᠪᠴᠤ ᠴᠢᠳᠠᠬᠤ ᠪᠣᠯᠵᠤ᠂ ᠴᠢᠨᠠᠷ ᠰᠠᠶᠢᠲᠠᠶ ᠦᠨ᠎ᠡ ᠬᠢᠮᠳᠠ ᠦᠢᠯᠡᠳᠬᠦᠨ ᠪᠠ ᠡᠯᠪᠡᠭ ᠪᠠᠶᠠᠯᠢᠭ ᠶᠠᠭᠤᠮ᠎ᠠ ᠬᠤᠳᠠᠯᠳᠤᠨ ᠠᠪᠴᠤ ᠴᠢᠳᠠᠬᠤ ᠪᠣᠯᠪᠠ᠃ ᠣᠶᠢᠯᠠᠭᠠᠭᠰᠠᠨ ᠢᠶᠠᠷ᠂ 2018 ᠣᠨ ᠤ 7 ᠳ᠋ᠤᠭᠠᠷ ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠬᠥᠬᠡᠬᠤᠲᠠ ᠶᠢᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠢ ᠪᠠᠶᠢᠭᠤᠯᠬᠤ ᠶᠢ ᠵᠢᠩᠬᠢᠨᠢ ᠪᠠᠷ ᠴᠤᠬᠤᠯᠠᠪᠤᠷᠢᠯᠠᠭᠰᠠᠨ ᠪᠥᠭᠡᠳ ᠪᠥᠬᠦ ᠤᠯᠤᠰ ᠤᠨ ᠭᠤᠷᠪᠠᠳᠤᠭᠠᠷ ᠪᠦᠯᠦᠭ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠪᠠᠶᠢᠭᠤᠯᠤᠭᠰᠠᠨ ᠬᠤᠲᠠ ᠶᠢᠨ ᠨᠢᠭᠡ ᠪᠣᠯᠤᠭᠰᠠᠨ ᠪᠠᠶᠢᠨ᠎ᠠ᠃ ᠳᠤᠮᠳᠠᠳᠤ ᠤᠯᠤᠰ ︵ᠬᠥᠬᠡᠬᠤᠲᠠ︶᠎ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠨᠢ ︽ᠨᠢᠭᠡ ᠲᠥᠪ ᠣᠯᠠᠨ ᠲᠣᠭᠤᠷᠢᠭ︾᠎ ᠤᠨ ᠪᠠᠶᠢᠷᠢᠯᠠᠭᠤᠯᠤᠯᠲᠠ ᠶᠢᠨ ᠠᠷᠭ᠎ᠠ ᠮᠠᠶ᠋ᠢᠭ ᠢ ᠠᠪᠴᠤ᠂ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠭᠤᠣᠯ ᠲᠣᠭᠤᠷᠢᠭ ᠢ ᠪᠦᠲᠦᠭᠡᠨ ᠪᠠᠶᠢᠭᠤᠯᠵᠤ᠂ ᠰᠦᠯᠵᠢᠶᠡᠨ ᠳᠡᠭᠡᠷᠡᠬᠢ ᠣᠯᠠᠨ ᠨᠡᠶᠢᠲᠡ ᠶᠢᠨ ᠦᠢᠯᠡᠴᠢᠯᠡᠭᠡ ᠪᠠ ᠰᠦᠯᠵᠢᠶᠡᠨ ᠭᠠᠳᠠᠨᠠᠬᠢ ᠬᠦᠷᠢᠶᠡᠯᠡᠩ ᠲᠣᠭᠤᠷᠢᠭ ᠤᠨ ᠬᠥᠭᠵᠢᠯᠲᠡ ᠵᠡᠷᠭᠡ ᠬᠤᠶᠠᠷ ᠵᠦᠢᠯ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠦᠢᠯᠡᠴᠢᠯᠡᠭᠡᠨ ᠤ ᠲᠠᠪᠴᠠᠩ ᠢ ᠪᠠᠶᠢᠭᠤᠯᠤᠭᠰᠠᠨ ᠤ ᠬᠠᠮᠲᠤ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ᠂ ᠮᠥᠩᠭᠦᠨ ᠭᠦᠢᠯᠭᠡᠭᠡᠨ ᠤ ᠦᠢᠯᠡᠴᠢᠯᠡᠭᠡ᠂ ᠤᠶᠤᠯᠢᠭ ᠪᠠᠷᠠᠭᠠᠨ ᠤ ᠭᠦᠢᠯᠭᠡᠭᠡ ᠵᠡᠷᠭᠡ 6 ᠶᠡᠭᠡ ᠰᠢᠰᠲ᠋ᠧᠮᠵᠢ ᠶᠢ ᠪᠦᠷᠢᠨᠰᠢᠭᠦᠯᠵᠦ᠂ ᠬᠦᠬᠡᠬᠤᠲᠠ ᠳᠤ ᠰᠠᠭᠤᠷᠢᠯᠠᠭᠰᠠᠨ᠂ ᠥᠪᠥᠷ ᠮᠣᠩᠭᠤᠯ ᠳᠤ ᠦᠢᠯᠡᠴᠢᠯᠡᠬᠦ᠂ ᠪᠠᠷᠠᠭᠤᠨ ᠬᠤᠶᠢᠲᠤ ᠣᠷᠣᠨ ᠢ ᠨᠦᠯᠦᠭᠡᠯᠡᠨ ᠳᠠᠶᠢᠴᠢᠯᠠᠬᠤ᠂ ᠪᠡᠭᠡᠵᠢᠩ ᠲᠢᠶᠠᠨᠵᠢᠨ ᠾᠧᠪᠧᠢ ᠲᠠᠢ ᠵᠣᠯᠭᠠᠭᠤᠯᠬᠤ᠂ ᠣᠷᠣᠰ ᠮᠣᠩᠭᠤᠯ ᠳᠤ ᠬᠠᠨᠳᠤᠭᠤᠯᠤᠭᠰᠠᠨ ︽ᠢᠨᠲ᠋ᠧᠷ ᠰᠦᠯᠵᠢᠶ᠎ᠡ + ᠭᠠᠳᠠᠭᠠᠳᠤ ᠠᠷᠠᠯᠵᠢᠶ᠎ᠠ︾᠎ ᠶᠢᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠰᠢᠨ᠎ᠡ ᠡᠵᠡᠩᠨᠡᠯᠲᠡ ᠶᠢᠨ ᠪᠠᠶᠢᠳᠠᠯ ᠢ ᠡᠷᠴᠢᠮᠯᠡᠨ ᠪᠠᠶᠢᠭᠤᠯᠵᠤ᠂ ᠬᠥᠬᠡᠬᠤᠲᠠ ᠴᠢᠨᠠᠭᠰᠢᠯᠠᠪᠠᠯ ᠥᠪᠡᠷᠲᠡᠭᠡᠨ ᠵᠠᠰᠠᠬᠤ ᠣᠷᠣᠨ ᠤ ᠳᠡᠯᠡᠬᠡᠶ ᠶᠢ ᠬᠤᠯᠪᠣᠭᠰᠠᠨ ︽ᠰᠦᠯᠵᠢᠶᠡᠨ ᠳᠡᠭᠡᠷᠡᠬᠢ ᠲᠣᠷᠭᠠᠨ ᠵᠠᠮ︾᠎ ᠢ ᠨᠡᠪᠲᠡᠷᠡᠭᠦᠯᠬᠦ ᠶᠢ ᠠᠬᠢᠭᠤᠯᠬᠤ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号