ᠱᠢ ᠲᠠᠢ ᠹᠧᠩ ᠽᠢ ᠭᠤᠸᠠᠩ ᠪᠦᠯᠦᠭᠯᠡᠯ ᠤᠨ ᠬᠠᠮᠳᠤᠷᠠᠬᠰᠡᠨ ᠶᠡᠷᠤᠩᠭᠡᠢ ᠵᠠᠬᠢᠷᠤᠬᠴᠢ ᠢᠦᠢ ᠶᠢᠩ ᠲᠤᠤ ᠲᠠᠢ ᠠᠭᠤᠯᠵᠠᠪᠠ
ᠨᠡᠶᠢᠲᠡᠯᠡᠭᠰᠡᠨ ᠴᠠᠭ᠄
2020/6/12
     6 ᠰᠠᠷ᠎ᠡ ᠶᠢᠨ 11᠎ ᠤ ᠦᠳᠠ ᠶᠢᠨ ᠬᠤᠶᠢᠨ᠎ᠡ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠦᠭᠡᠬᠤᠳᠠ ᠳᠤ ᠽᠢ ᠭᠤᠸᠠᠩ ᠪᠦᠯᠦᠭᠯᠡᠯ ᠤᠨ ᠬᠠᠮᠳᠤᠷᠠᠬᠰᠡᠨ ᠶᠡᠷᠤᠩᠭᠡᠢ ᠵᠠᠬᠢᠷᠤᠬᠴᠢ ᠢᠦᠢ ᠶᠢᠩ ᠲᠤᠤ ᠨᠠᠷ ᠲᠠᠢ ᠠᠭᠤᠯᠵᠠᠪᠠ᠃      ᠱᠢ ᠲᠠᠢ ᠹᠧᠩ ᠢᠦᠢ ᠶᠢᠩ ᠲᠤᠤ ᠨᠠᠷ ᠤᠨ ᠦᠪᠤᠷ ᠮᠤᠩᠭᠤᠯ ᠳᠤ ᠢᠷᠠᠵᠤ ᠰᠢᠨᠵᠢᠯᠡᠨ ᠪᠠᠶᠢᠴᠠᠭᠠᠵᠤ ᠵᠦᠪᠳᠡᠯᠴᠡᠭᠡ ᠬᠢᠬᠦ ᠶᠢ ᠪᠠᠶᠠᠷᠯᠡᠨ ᠤᠬᠳᠤᠵᠤ ᠪᠠᠶᠢᠬᠤ ᠪᠠᠨ ᠢᠯᠡᠳᠭᠡᠪᠡ᠃ ᠬᠤᠶᠠᠷ ᠲᠠᠯ᠎ᠡ ᠪᠠᠷ ᠢᠶᠠᠨ ᠲᠤᠰ ᠲᠤᠰ ᠤᠨ ᠬᠤᠯᠪᠤᠬᠳᠠᠯ ᠪᠦᠬᠦᠢ ᠪᠠᠶᠢᠳᠠᠯ ᠢᠶᠠᠨ ᠲᠠᠨᠢᠯᠴᠠᠭᠤᠯᠵᠤ᠂ ᠲᠤᠭᠠᠴᠢᠯᠠᠬᠰᠡᠨ ᠠᠵᠤ ᠠᠬᠤᠢ ᠶᠢᠨ ᠬᠦᠭᠵᠢᠯᠳᠠ ᠶᠢ ᠲᠦᠷᠭᠡᠳᠭᠡᠬᠦ ᠭᠤᠤᠯᠳᠠᠯᠭ᠎ᠠ ᠶᠢᠨ ᠲᠤᠭᠤᠷᠢᠨ ᠳᠤ ᠪᠤᠳᠤᠯ ᠰᠠᠨᠠᠯ ᠢᠶᠠᠨ ᠬᠦᠨᠵᠡᠭᠡᠢ ᠰᠤᠯᠢᠯᠴᠠᠵᠤ᠂ ᠬᠦᠨᠵᠡᠭᠡᠢ ᠵᠤᠯᠭᠠᠭᠤᠯᠬᠤ ᠠᠵᠢᠯ ᠢ ᠴᠢᠩᠭᠠᠳᠬᠠᠵᠤ᠂ ᠦᠪᠤᠷ ᠮᠤᠩᠭᠤᠯ ᠤᠨ ᠪᠤᠳᠠᠳᠤ ᠪᠠᠶᠢᠳᠠᠯ ᠪᠠ ᠪᠤᠳᠠᠳᠤ ᠭᠡᠷᠡᠭᠴᠡᠭᠡ ᠳᠤ ᠰᠠᠭᠤᠷᠢᠯᠠᠵᠤ᠂ ᠠᠵᠤ ᠦᠢᠯᠡᠰ ᠤᠨ ᠲᠤᠭᠠᠴᠢᠯᠠᠯᠳᠠ᠂ ᠠᠵᠤ ᠦᠢᠯᠡᠳᠪᠤᠷᠢ ᠶᠢᠨ ᠢᠨᠲ᠋ᠧᠷ ᠰᠦᠯᠵᠢᠶ᠎ᠡ᠂ ᠮᠡᠳᠡᠭᠡ ᠵᠠᠩᠭᠢ ᠶᠢᠨ ᠠᠵᠤ ᠦᠢᠯᠡᠰ ᠤᠨ ᠬᠦᠭᠵᠢᠯᠳᠠ᠂ ᠤᠶᠤᠨᠯᠢᠬ ᠬᠤᠳᠠ ᠶᠢᠨ ᠪᠦᠳᠦᠭᠡᠨ ᠪᠠᠶᠢᠭᠤᠯᠤᠯᠳᠠ᠂ ᠲᠤᠭᠠᠴᠢᠯᠠᠬᠰᠡᠨ ᠴᠢᠳᠠᠪᠤᠷᠢᠳᠠᠨ ᠢ ᠬᠦᠮᠦᠵᠢᠬᠦᠯᠬᠦ ᠵᠡᠷᠭᠡ ᠬᠦᠷᠢᠶᠠᠨ ᠳᠤ ᠪᠤᠳᠠᠳᠠᠢ ᠶᠢ ᠡᠷᠬᠢᠮᠯᠡᠬᠦ ᠬᠠᠮᠳᠤᠷᠠᠯᠴᠠᠭ᠎ᠠ ᠪᠠᠨ ᠬᠦᠨᠵᠡᠭᠡᠶᠢᠷᠠᠬᠦᠯᠵᠤ᠂ ᠬᠤᠯᠪᠤᠬᠳᠠᠯ ᠪᠦᠬᠦᠢ ᠬᠠᠮᠳᠤᠷᠠᠯᠴᠠᠭᠠᠨ ᠤ ᠲᠦᠷᠤᠯ ᠵᠦᠢᠯ ᠢ ᠨᠠᠶᠢᠳᠠᠪᠤᠷᠢᠵᠢᠭᠤᠯᠤᠨ ᠭᠡᠷᠡᠭᠵᠢᠬᠦᠯᠬᠦ ᠶᠢ ᠪᠦᠬᠦ ᠬᠦᠴᠤᠨ ᠢᠶᠠᠷ ᠠᠬᠢᠭᠤᠯᠤᠨ᠎ᠡ ᠭᠡᠵᠤ ᠰᠠᠨᠠᠯ ᠨᠢᠭᠡᠳᠠᠢ ᠢᠯᠡᠳᠭᠡᠪᠡ᠃      ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠵᠠᠩ ᠱᠤᠤ ᠴᠦᠨ᠂ ᠠᠢ ᠯᠢ ᠬᠤᠸᠠ ᠵᠢᠴᠢ ᠬᠤᠯᠪᠤᠬᠳᠠᠯ ᠪᠦᠬᠦᠢ ᠰᠠᠯᠠᠭ᠎ᠠ ᠮᠦᠴᠢᠷ ᠪᠠ ᠭᠠᠵᠠᠷ ᠤᠷᠤᠨ ᠤ ᠬᠠᠷᠢᠭᠤᠴᠠᠯᠭᠠᠳᠠᠨ ᠨᠦᠬᠦᠳ ᠠᠭᠤᠯᠵᠠᠯᠳᠠ ᠳᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号