ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ | | 246 ᠳ᠋ᠤᠭᠠᠷ ᠲᠣᠭᠠᠲᠤ | | ︽ᠵᠠᠰᠠᠭ ᠤᠨ ᠣᠷᠳᠣᠨ ᠤ ᠬᠡᠰᠡᠭ ᠲᠣᠭᠲᠠᠭᠠᠯ ᠲᠦᠷᠢᠮ ᠳᠤ ᠵᠠᠰᠠᠪᠤᠷᠢ ᠣᠷᠣᠭᠤᠯᠬᠤ ᠪᠠ ᠬᠦᠴᠦᠨ ᠥᠬᠡᠶ | ᠪᠣᠯᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠲᠣᠭᠲᠠᠭᠠᠯ︾ ᠢ 2020 ᠣᠨ ᠤ 5 ᠳ᠋ᠤᠭᠠᠷ ᠰᠠᠷ᠎ᠠ ᠶᠢᠨ 7 ᠤ ᠡᠳᠦᠷ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ | ᠪᠠᠲᠤᠯᠠᠭᠠᠳ ᠡᠳᠦᠭᠡ ᠨᠡᠶᠢᠲᠡᠯᠡᠪᠡ᠂ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ | | 2020 ᠣᠨ ᠤ 5 ᠳ᠋ᠤᠭᠠᠷ ᠰᠠᠷ᠎ᠠ ᠶᠢᠨ 29 ᠤ ᠡᠳᠦᠷ | | | ᠵᠠᠰᠠᠭ ᠤᠨ ᠤᠷᠳᠤᠨ ᠤ ᠬᠡᠰᠡᠭ ᠲᠣᠭᠲᠠᠭᠠᠯ ᠲᠦᠷᠢᠮ ᠳᠤ ᠵᠠᠰᠠᠪᠤᠷᠢ ᠣᠷᠣᠭᠤᠯᠬᠤ ᠪᠠ | ᠬᠦᠴᠦᠨ ᠦᠭᠡᠢ ᠪᠣᠯᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ | | | ᠨᠡᠶᠢᠭᠡᠮ ᠵᠢᠷᠤᠮ ᠤᠨ ᠬᠠᠤᠯᠢ ᠳᠦᠷᠢᠮ ᠤᠨ ᠨᠢᠭᠡᠳᠦᠯᠲᠡᠢ ᠪᠠᠶᠢᠬᠤ ᠶᠢ ᠬᠠᠮᠠᠭᠠᠯᠠᠨ᠂ ᠵᠠᠰᠠᠭ ᠢ ᠴᠣᠮᠬᠠᠳᠬᠠᠵᠤ | ᠡᠷᠬᠡ ᠶᠢ ᠲᠠᠯᠪᠢᠬᠤ᠂ ᠲᠠᠯᠪᠢᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡᠨ ᠤ ᠥᠭᠡᠷᠡᠴᠢᠯᠡᠯᠲᠡ ᠶᠢ | ᠰᠢᠯᠢᠳᠡᠭᠵᠢᠭᠦᠯᠬᠦ ᠶᠢ ᠬᠠᠤᠯᠢ ᠶᠣᠰᠣᠭᠠᠷ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠠᠴᠠ ᠲᠣᠭᠲᠠᠭᠠᠭᠰᠠᠨ ᠨᠢ᠄ | ᠨᠢᠭᠡ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2 ᠲᠣᠭᠲᠠᠭᠠᠯ ᠳᠦᠷᠢᠮ ᠤᠨ ᠬᠡᠰᠡᠭ | ᠵᠦᠢᠯ ᠵᠤᠷᠪᠤᠰ ᠲᠤ ᠵᠠᠰᠠᠪᠤᠷᠢ ᠣᠷᠣᠭᠤᠯᠤᠨ᠎ᠠ᠃ ︵ᠳᠠᠭᠠᠯᠳᠤᠭᠤᠯᠤᠯ 1︶ | ᠬᠤᠶᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ | ᠪᠠᠷᠢᠯᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠦᠢᠳᠭᠡᠯ ᠢ ᠴᠤᠭᠯᠠᠭᠤᠯᠬᠤ ᠬᠠᠮᠢᠶᠠᠷᠤᠯᠲᠠ ᠶᠢᠨ ᠠᠷᠭ᠎ᠠ︾ ᠶᠢ | ᠬᠦᠴᠦᠨ ᠦᠭᠡᠢ ᠪᠣᠯᠭᠠᠨ᠎ᠠ᠃ ︵ᠳᠠᠭᠠᠯᠳᠤᠭᠤᠯᠤᠯ 2︶ | ᠲᠤᠰ ᠲᠣᠭᠲᠠᠭᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠲᠣᠰ ᠲᠣᠭᠲᠠᠭᠠᠯ ᠢ ᠦᠨᠳᠦᠰᠦᠯᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠯᠠᠭᠤᠨ | ᠲᠣᠰᠣ ᠪᠠ ᠬᠢᠮᠢ ᠶᠢᠨ ᠠᠵᠤ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ | ᠬᠢᠨᠠᠯᠲᠠ ᠬᠠᠮᠢᠶᠠᠷᠤᠯᠲᠠ ᠶᠢᠨ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨ᠎ᠡ | ᠬᠠᠩᠰᠢ ᠬᠢᠨᠠᠨ ᠲᠣᠭᠲᠠᠭᠠᠵᠤ ᠦᠨᠡᠮᠰᠢᠬᠦ ᠬᠠᠮᠢᠶᠠᠷᠤᠯᠲᠠ ᠶᠢᠨ ᠠᠷᠭ᠎ᠠ︾ ᠳᠤ ᠵᠣᠬᠢᠬᠤ ᠵᠠᠰᠠᠪᠤᠷᠢ ᠤᠷᠤᠭᠤᠯᠤᠨ | ᠳᠠᠬᠢᠵᠤ ᠨᠡᠶᠢᠲᠡᠯᠡᠪᠡ᠃ | ᠳᠠᠭᠠᠯᠳᠤᠭᠤᠯᠤᠯ᠄ 1. ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠵᠠᠰᠠᠪᠤᠷᠢ | ᠣᠷᠣᠭᠤᠯᠬᠤ ᠪᠠᠷ ᠲᠣᠭᠲᠠᠭᠠᠭᠰᠠᠨ ᠵᠠᠰᠠᠭ ᠤᠨ ᠣᠷᠳᠣᠨ ᠤ ᠲᠣᠭᠲᠠᠭᠠᠯ ᠳᠦᠷᠢᠮ | 2. ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠬᠦᠴᠦᠨ ᠦᠭᠡᠢ | ᠪᠣᠯᠭᠠᠬᠤ ᠪᠠᠷ ᠲᠣᠭᠲᠠᠭᠠᠭᠰᠠᠨ ᠵᠠᠰᠠᠭ ᠤᠨ ᠣᠷᠳᠣᠨ ᠤ ᠲᠣᠭᠲᠠᠭᠠᠯ ᠳᠦᠷᠢᠮ | | ᠳᠠᠭᠠᠯᠳᠤᠭᠤᠯᠤᠯ 1 | | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ | ᠵᠠᠰᠠᠪᠤᠷᠢ ᠣᠷᠣᠭᠤᠯᠬᠤ ᠪᠠᠷ ᠲᠣᠭᠲᠠᠭᠠᠭᠰᠠᠨ ᠵᠠᠰᠠᠭ ᠤᠨ ᠣᠷᠳᠣᠨ ᠤ ᠲᠣᠭᠲᠠᠭᠠᠯ ᠳᠦᠷᠢᠮ | | ᠨᠢᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠯᠠᠭᠤᠨ ᠲᠣᠰᠣ ᠪᠠ ᠬᠢᠮᠢ ᠶᠢᠨ ᠠᠵᠤ | ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ | ᠠᠷᠭ᠎ᠠ︾ ᠶᠢᠨ ᠶᠢᠰᠦᠳᠦᠭᠡᠷ ᠵᠦᠢᠯ ᠢ᠄ ︽ᠴᠢᠯᠠᠭᠤᠨ ᠲᠣᠰᠣ ᠬᠢᠮᠢ ᠶᠢᠨ ᠪᠠᠷᠢᠯᠭ᠎ᠠ ᠪᠠ ᠤᠭᠰᠠᠷᠠᠬᠤ ᠪᠠᠷᠢᠯᠭ᠎ᠠ ᠶᠢᠨ | ᠪᠠᠷᠢᠯᠭ᠎ᠠ ᠪᠠᠷᠢᠬᠤ ᠵᠢᠷᠤᠭ ᠲᠥᠯᠥᠪᠯᠡᠭᠡᠨ ᠤ ᠪᠢᠴᠢᠭ ᠮᠠᠲ᠋ᠧᠷᠢᠶᠠᠯ ᠳᠠᠬᠢ ᠤᠯᠠᠨ ᠨᠡᠶᠢᠲᠡ ᠶᠢᠨ ᠠᠰᠢᠭ ᠲᠤᠰᠠ᠂ | ᠤᠯᠠᠨ ᠨᠡᠶᠢᠲᠡ ᠶᠢᠨ ᠠᠮᠤᠷ ᠲᠦᠪᠰᠢᠨ᠂ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠠᠯᠪᠠᠳᠠᠯᠭ᠎ᠠ ᠶᠢᠨ | ᠴᠢᠨᠠᠷᠲᠠᠶ ᠪᠠᠷᠢᠮᠵᠢᠶ᠎ᠠ ᠳᠤ ᠬᠤᠯᠪᠣᠭᠳᠠᠭᠰᠠᠨ ᠠᠭᠤᠯᠭ᠎ᠠ ᠶᠢ ᠪᠣᠯ ᠴᠢᠯᠠᠭᠤᠨ ᠲᠣᠰᠣ ᠬᠢᠮᠢ ᠶᠢᠨ ᠪᠠᠷᠢᠯᠭ᠎ᠠ ᠪᠠ | ᠤᠭᠰᠠᠷᠠᠬᠤ ᠪᠠᠷᠢᠯᠭ᠎ᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠢᠨᠠᠨ ᠪᠠᠶᠢᠴᠠᠭᠠᠬᠤ ᠬᠡᠷᠡᠭᠲᠡᠶ᠃ ᠪᠠᠷᠢᠯᠭ᠎ᠠ | ᠪᠠᠷᠢᠬᠤ ᠵᠢᠷᠤᠭ ᠲᠥᠯᠥᠪᠯᠡᠭᠡᠨ ᠤ ᠪᠢᠴᠢᠭ ᠮᠠᠲ᠋ᠧᠷᠢᠶᠠᠯ ᠢᠶᠠᠨ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠦᠭᠰᠡᠨ ᠦᠭᠡᠢ | ᠪᠣᠯ ᠬᠡᠷᠡᠭᠯᠡᠵᠦ ᠪᠣᠯᠬᠤ ᠦᠭᠡᠢ᠃︾ ᠭᠡᠵᠦ ᠵᠠᠰᠠᠪᠤᠷᠢ ᠣᠷᠣᠭᠤᠯᠪᠠ᠃ | ᠬᠤᠶᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨ᠎ᠡ ᠬᠠᠩᠰᠢ ᠬᠢᠨᠠᠨ ᠲᠣᠭᠲᠠᠭᠠᠵᠤ | ᠦᠨᠡᠮᠰᠢᠬᠦ ᠬᠠᠮᠢᠶᠠᠷᠤᠯᠲᠠ ᠶᠢᠨ ᠠᠷᠭ᠎ᠠ︾ ᠳᠠᠬᠢ ︽ᠬᠢᠨᠠᠨ ᠲᠣᠭᠲᠠᠭᠠᠵᠤ ᠦᠨᠡᠮᠰᠢᠬᠦ︾ ᠭᠡᠰᠡᠨ ᠢ ᠴᠥᠮ | ︽ᠮᠠᠭᠠᠳᠯᠠᠨ ᠲᠣᠭᠲᠠᠭᠠᠬᠤ︾ ᠪᠣᠯᠭᠠᠨ ᠬᠠᠯᠠᠵᠤ᠂ ᠨᠡᠷᠠᠶᠢᠳᠣᠯ ᠢ ᠨᠢ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ︾ ᠭᠡᠵᠦ ᠵᠠᠰᠠᠪᠤᠷᠢ | ᠣᠷᠣᠭᠤᠯᠪᠠ᠃ | ᠬᠤᠶᠠᠳᠤᠭᠠᠷ ᠵᠦᠢᠯ ᠳᠤ᠄ ︽ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠤ ᠦᠨ᠎ᠡ | ᠬᠠᠩᠰᠢ ᠶᠢᠨ ᠮᠠᠭᠠᠳᠯᠠᠨ ᠲᠣᠭᠲᠠᠭᠠᠬᠤ ᠠᠵᠢᠯᠯᠠᠭ᠎ᠠ ᠬᠢᠬᠦ ᠳᠤ ᠡᠷᠬᠡᠪᠰᠢ ᠲᠣᠰ ᠠᠷᠭ᠎ᠠ ᠶᠢ ᠵᠢᠷᠤᠮᠯᠠᠬᠤ ᠬᠡᠷᠡᠭᠲᠡᠶ︾ | ᠭᠡᠵᠦ ᠵᠠᠰᠠᠪᠤᠷᠢ ᠣᠷᠣᠭᠤᠯᠪᠠ᠃ | ᠭᠤᠷᠪᠠᠳᠤᠭᠠᠷ ᠵᠦᠢᠯ ᠳᠤ᠄ ︽ᠲᠤᠰ ᠠᠷᠭ᠎ᠠ ᠳᠤ ᠬᠡᠯᠡᠵᠦ ᠪᠠᠶᠢᠭ᠎ᠠ ᠦᠨ᠎ᠡ ᠬᠠᠩᠰᠢ ᠶᠢᠨ ᠮᠠᠭᠠᠳᠯᠠᠨ | ᠲᠣᠭᠲᠠᠭᠠᠬᠤ ᠭᠡᠳᠡᠭ ᠨᠢ ᠤᠯᠤᠰ ᠤᠨ ᠬᠤᠯᠪᠣᠭᠳᠠᠯ ᠪᠦᠬᠦᠢ ᠪᠠᠶᠢᠭᠤᠯᠭ᠎ᠠ ᠠᠴᠠ ᠳᠤᠷᠠᠳᠴᠤ᠂ ᠦᠨ᠎ᠡ ᠬᠠᠩᠰᠢ ᠶᠢᠨ | ᠮᠠᠭᠠᠳᠯᠠᠨ ᠲᠣᠭᠲᠠᠭᠠᠬᠤ ᠪᠠᠶᠢᠭᠤᠯᠤᠮᠵᠢ ᠨᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠬᠠᠤᠯᠢ ᠴᠠᠭᠠᠵᠠ᠂ | ᠵᠠᠰᠠᠭ ᠵᠠᠬᠢᠷᠭᠠᠨ ᠤ ᠠᠵᠢᠯ ᠳᠤ ᠬᠤᠯᠪᠣᠭᠳᠠᠭᠰᠠᠨ ᠦᠨ᠎ᠡ ᠬᠠᠩᠰᠢ ᠨᠢ ᠲᠣᠳᠣᠷᠬᠠᠶ ᠦᠭᠡᠢ ᠪᠤᠶᠤ ᠦᠨ᠎ᠡ | ᠬᠠᠩᠰᠢ ᠳᠤ ᠨᠢ ᠮᠠᠷᠭᠤᠭᠠᠨ ᠲᠠᠢ᠂ ᠵᠠᠬ᠎ᠠ ᠳᠡᠯᠭᠡᠭᠦᠷ ᠢᠶᠠᠷ ᠦᠨ᠎ᠡ ᠬᠠᠩᠰᠢ ᠶᠢ ᠲᠣᠬᠢᠷᠠᠭᠤᠯᠬᠤ ᠢᠯᠡ ᠦᠢᠯᠡᠳᠭᠦᠨ᠂ | ᠳᠠᠯᠳᠠ ᠡᠳ᠋ ᠬᠥᠷᠥᠩᠭᠡ ᠪᠠ ᠡᠯ᠎ᠡ ᠲᠥᠷᠥᠯ ᠤᠨ ᠲᠥᠯᠥᠪᠦᠷᠢ ᠲᠠᠢ ᠦᠢᠯᠡᠴᠢᠯᠡᠭᠡᠨ ᠳᠤ ᠦᠨ᠎ᠡ ᠬᠠᠩᠰᠢ ᠶᠢᠨ | ᠨᠤᠲᠠᠯᠠᠯᠲᠠ ᠬᠢᠬᠦ ᠦᠢᠯᠡ ᠠᠵᠢᠯᠯᠠᠭ᠎ᠠ ᠶᠢ ᠵᠢᠭᠠᠵᠤ ᠪᠣᠢ᠃︾ ᠭᠡᠵᠦ ᠵᠠᠰᠠᠪᠤᠷᠢ ᠣᠷᠣᠭᠤᠯᠪᠠ᠃ | ᠲᠠᠪᠤᠳᠤᠭᠠᠷ ᠵᠦᠢᠯ ᠳᠤ᠄ ︽ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠦᠨ᠎ᠡ ᠬᠠᠩᠰᠢ ᠶᠢᠨ ᠮᠠᠭᠠᠳᠯᠠᠨ | ᠲᠣᠭᠲᠠᠭᠠᠬᠤ ᠪᠠᠶᠢᠭᠤᠯᠤᠮᠵᠢ ᠨᠢ ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠠᠵᠢᠯ ᠢ ᠡᠭᠦᠷᠭᠡᠯᠡᠬᠦ ᠬᠡᠷᠡᠭᠲᠡᠢ᠃︾ | ᠭᠡᠵᠦ ᠵᠠᠰᠠᠪᠤᠷᠢ ᠣᠷᠣᠭᠤᠯᠪᠠ᠃ | ᠵᠢᠷᠭᠤᠳᠤᠭᠠᠷ ᠵᠦᠢᠯ ᠳᠤ᠄ ︽ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠦᠨ᠎ᠡ ᠬᠠᠩᠰᠢ ᠶᠢᠨ ᠮᠠᠭᠠᠳᠯᠠᠨ | ᠲᠣᠭᠲᠠᠭᠠᠬᠤ ᠪᠠᠶᠢᠭᠤᠯᠤᠮᠵᠢ ᠨᠢ ᠲᠣᠰ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ᠂ ᠬᠠᠤᠯᠢ ᠴᠠᠭᠠᠵᠠ᠂ ᠵᠠᠰᠠᠭ | ᠵᠠᠬᠢᠷᠭᠠᠨ ᠤ ᠰᠠᠯᠠᠭ᠎ᠠ ᠮᠥᠴᠢᠷ ᠵᠢᠴᠢ ᠲᠥᠷᠥ ᠶᠢᠨ ᠶᠠᠪᠤᠳᠠᠯ ᠤᠨ ᠬᠤᠷᠢᠶᠠᠨ ᠤ ᠡᠭᠴᠡ ᠬᠠᠮᠢᠶᠠᠷᠬᠤ ᠰᠠᠯᠠᠭ᠎ᠠ | ᠮᠥᠴᠢᠷ ᠤᠨ ᠬᠠᠷᠢᠶ᠎ᠠ ᠪᠠᠶᠢᠭᠤᠯᠤᠮᠵᠢ ᠶᠢᠨ ᠳᠤᠷᠠᠳᠤᠭᠰᠠᠨ ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠵᠦᠢᠯᠡᠰ ᠢ | ᠬᠠᠷᠢᠭᠤᠴᠠᠬᠤ ᠬᠡᠷᠡᠭᠲᠡᠢ᠃︾ ᠭᠡᠵᠦ ᠵᠠᠰᠠᠪᠤᠷᠢ ᠣᠷᠣᠭᠤᠯᠪᠠ᠃ | ᠶᠢᠰᠦᠳᠦᠭᠡᠷ ᠵᠦᠢᠯ ᠢ ᠨᠠᠢᠮᠠᠳᠤᠭᠠᠷ ᠵᠦᠢᠯ ᠪᠣᠯᠭᠠᠵᠤ᠂ ᠳᠣᠣᠷᠠᠬᠢ ᠮᠡᠲᠦ ᠵᠠᠰᠠᠪᠤᠷᠢ ᠣᠷᠣᠭᠤᠯᠪᠠ᠄ ︽ᠦᠨ᠎ᠡ | ᠬᠠᠩᠰᠢ ᠶᠢᠨ ᠮᠠᠭᠠᠳᠯᠠᠨ ᠲᠣᠭᠲᠠᠭᠠᠬᠤ ᠠᠵᠢᠯᠲᠠᠨ ᠨᠢ ᠲᠤᠬᠠᠶᠢᠲᠠᠢ ᠬᠥᠮᠦᠨ ᠲᠠᠢ ᠰᠠᠳᠤᠨ ᠲᠥᠷᠥᠯ ᠤᠨ ᠬᠠᠷᠢᠴᠠᠭ᠎ᠠ᠂ | ᠰᠢᠭᠤᠳ ᠠᠰᠢᠭ ᠬᠤᠣᠷ ᠤᠨ ᠬᠠᠷᠢᠴᠠᠭ᠎ᠠ ᠪᠤᠶᠤ ᠪᠤᠰᠤᠳ ᠬᠠᠷᠢᠴᠠᠭ᠎ᠠ ᠲᠠᠢ ᠪᠠᠶᠢᠵᠤ᠂ ᠦᠨ᠎ᠡ ᠬᠠᠩᠰᠢ ᠶᠢᠨ | ᠮᠠᠭᠠᠳᠯᠠᠨ ᠲᠣᠭᠲᠠᠭᠠᠬᠤ ᠳ᠋ᠦᠩᠨᠡᠯᠲᠡ ᠶᠢᠨ ᠭᠤᠤᠯᠴᠢ ᠴᠢᠨᠠᠷ ᠪᠠ ᠣᠨᠣᠪᠴᠢᠲᠤ ᠴᠢᠨᠠᠷ ᠢ ᠨᠥᠯᠥᠭᠡᠯᠡᠵᠦ ᠮᠡᠳᠡᠬᠦ ᠳᠤ | ᠬᠦᠷᠪᠡᠯ᠂ ᠵᠠᠶᠢᠯᠠᠬᠤ ᠬᠡᠷᠡᠭᠲᠡᠶ᠃ | ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠠᠵᠢᠯᠲᠠᠨ ᠤ ᠵᠠᠶᠢᠯᠠᠬᠤ ᠡᠰᠡᠬᠦ ᠶᠢ ᠦᠨ᠎ᠡ ᠬᠠᠩᠰᠢ ᠶᠢᠨ | ᠮᠠᠭᠠᠳᠯᠠᠨ ᠲᠣᠭᠲᠠᠭᠠᠬᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠲᠣᠭᠲᠠᠭᠠᠬᠤ ᠬᠡᠷᠡᠭᠲᠡᠢ᠃ ᠦᠨ᠎ᠡ ᠬᠠᠩᠰᠢ ᠶᠢᠨ | ᠮᠠᠭᠠᠳᠯᠠᠨ ᠲᠣᠭᠲᠠᠭᠠᠬᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠤ ᠵᠠᠶᠢᠯᠠᠬᠤ ᠡᠰᠡᠬᠦ ᠶᠢ ᠠᠳᠠᠯᠢ ᠱᠠᠲᠤᠨ ᠤ ᠦᠨ᠎ᠡ | ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠣᠭᠲᠠᠭᠠᠬᠤ ᠬᠡᠷᠡᠭᠲᠡᠢ᠃︾ | ᠠᠷᠪᠠᠳᠤᠭᠠᠷ ᠵᠦᠢᠯ ᠢ ᠶᠢᠰᠦᠳᠦᠭᠡᠷ ᠵᠦᠢᠯ ᠪᠣᠯᠭᠠᠵᠤ᠂ ︽ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ | ᠪᠠᠶᠢᠭᠤᠯᠤᠮᠵᠢ ᠶᠢᠨ ᠭᠦᠢᠴᠡᠳᠬᠡᠭᠰᠡᠨ ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠵᠦᠢᠯᠡᠰ ᠲᠤ᠂ ᠦᠨ᠎ᠡ | ᠬᠠᠩᠰᠢ ᠶᠢᠨ ᠮᠠᠭᠠᠳᠯᠠᠨ ᠲᠣᠭᠲᠠᠭᠠᠬᠤ ᠶᠢ ᠳᠤᠷᠠᠳᠤᠭᠰᠠᠨ ᠪᠠᠶᠢᠭᠤᠯᠭ᠎ᠠ ᠶᠢᠨ ᠭᠠᠷᠭᠠᠭᠰᠠᠨ ᠦᠨ᠎ᠡ ᠬᠠᠩᠰᠢ ᠶᠢᠨ | ᠮᠠᠭᠠᠳᠯᠠᠨ ᠲᠣᠭᠲᠠᠭᠠᠬᠤ ᠬᠠᠮᠵᠢᠯᠴᠠᠭᠠᠨ ᠤ ᠪᠢᠴᠢᠭ ᠪᠠᠶᠢᠬᠤ ᠬᠡᠷᠡᠭᠲᠡᠶ᠃︾ ᠭᠡᠵᠦ ᠵᠠᠰᠠᠪᠤᠷᠢ ᠣᠷᠣᠭᠤᠯᠪᠠ᠃ | ᠠᠷᠪᠠᠨ ᠬᠤᠶᠠᠳᠤᠭᠠᠷ ᠵᠦᠢᠯ ᠢ ᠠᠷᠪᠠᠨ ᠨᠢᠭᠡᠳᠦᠭᠡᠷ ᠵᠦᠢᠯ ᠪᠣᠯᠭᠠᠵᠤ᠂ ᠳᠣᠣᠷᠠᠬᠢ ᠮᠡᠲᠦ ᠵᠠᠰᠠᠪᠤᠷᠢ | ᠣᠷᠣᠭᠤᠯᠪᠠ᠄ ︽ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠪᠠᠶᠢᠭᠤᠯᠤᠮᠵᠢ ᠨᠢ ᠳᠣᠣᠷᠠᠬᠢ ᠲᠣᠭᠲᠠᠭᠠᠯ | ᠶᠣᠰᠣᠭᠠᠷ ᠦᠨ᠎ᠡ ᠬᠠᠩᠰᠢ ᠶᠢ ᠮᠠᠭᠠᠳᠯᠠᠨ ᠲᠣᠭᠲᠠᠭᠠᠬᠤ ᠬᠡᠷᠡᠭᠲᠡᠢ᠄ | ︵ᠨᠢᠭᠡ︶ ᠵᠠᠬ᠎ᠠ ᠳᠡᠯᠭᠡᠭᠦᠷ ᠢᠶᠠᠷ ᠲᠣᠬᠢᠷᠠᠭᠤᠯᠬᠤ ᠦᠨ᠎ᠡ ᠬᠠᠩᠰᠢ ᠳᠤ ᠬᠠᠷᠢᠶᠠᠯᠠᠭᠳᠠᠪᠡᠯ᠂ ᠵᠠᠬ᠎ᠠ | ᠳᠡᠯᠭᠡᠭᠦᠷ ᠤᠨ ᠳᠤᠮᠳᠠ ᠶᠢᠨ ᠦᠨ᠎ᠡ ᠪᠠᠷ ᠲᠣᠭᠠᠴᠠᠯᠠᠨ ᠪᠣᠳᠣᠬᠤ ᠬᠡᠷᠡᠭᠲᠡᠢ︔ | ︵ᠬᠤᠶᠠᠷ︶ ᠦᠢᠯᠡᠳᠴᠦ ᠳᠠᠭᠤᠰᠤᠭᠠᠳᠤᠶ ᠬᠠᠭᠠᠰ ᠳᠤᠲᠠᠭᠤ ᠵᠦᠢᠯᠡᠰ ᠢ ᠪᠣᠯ ᠦᠢᠯᠡᠳᠴᠦ ᠳᠠᠭᠤᠰᠤᠭᠰᠠᠨ | ᠬᠡᠮᠵᠢᠶ᠎ᠡ ᠪᠠ ᠥᠪᠡᠷ ᠤᠨ ᠥᠷᠲᠡᠭ ᠢᠶᠠᠷ ᠨᠢ ᠲᠣᠭᠠᠴᠠᠯᠠᠨ ᠪᠣᠳᠣᠬᠤ ᠬᠡᠷᠡᠭᠲᠡᠢ︔ | ︵ᠭᠤᠷᠪᠠ︶ ᠬᠡᠷᠡᠭᠯᠡᠭᠰᠡᠨ ᠡᠳ᠋ ᠪᠣᠳᠠᠰ ᠢ ᠪᠣᠯ ᠬᠠᠭᠤᠴᠢᠷᠠᠭᠰᠠᠨ ᠪᠠᠶᠢᠳᠠᠯ᠂ ᠣᠳᠣ ᠶᠢᠨ ᠦᠨ᠎ᠡ ᠥᠷᠲᠡᠭ | ᠪᠤᠶᠤ ᠦᠯᠡᠳᠡᠭᠰᠡᠨ ᠦᠨ᠎ᠡ ᠥᠷᠲᠡᠭ ᠢᠶᠠᠷ ᠨᠢ ᠨᠤᠭᠤᠯᠤᠨ ᠪᠣᠳᠣᠬᠤ ᠬᠡᠷᠡᠭᠲᠡᠢ︔ | ︵ᠳᠥᠷᠪᠡ︶ ᠪᠠᠷᠢᠴᠠᠭᠠᠯᠠᠬᠤ ᠪᠠ ᠥᠷᠢ ᠲᠥᠯᠥᠬᠦ ᠡᠳ᠋ ᠪᠣᠳᠠᠰ᠂ ᠬᠤᠳᠠᠯᠳᠤᠬᠤ ᠪᠤᠶᠤ ᠦᠨ᠎ᠡ ᠬᠠᠶᠠᠵᠤ | ᠬᠤᠳᠠᠯᠳᠤᠬᠤ ᠡᠳ᠋ ᠪᠣᠳᠠᠰ᠂ ᠡᠵᠡᠨ ᠦᠭᠡᠢ ᠡᠳ᠋ ᠪᠣᠳᠠᠰ ᠢ ᠪᠣᠯ ᠵᠠᠬ᠎ᠠ ᠳᠡᠯᠭᠡᠭᠦᠷ ᠤᠨ ᠪᠠᠶᠢᠳᠠᠯ ᠲᠠᠢ | ᠤᠶᠠᠯᠳᠤᠭᠤᠯᠤᠨ ᠲᠣᠬᠢᠷᠠᠮᠵᠢᠲᠠᠢ ᠬᠠᠷᠢᠴᠠᠯ ᠢᠶᠠᠷ ᠨᠤᠭᠤᠯᠤᠨ ᠪᠣᠳᠣᠬᠤ ᠬᠡᠷᠡᠭᠲᠡᠢ︔ | ︵ᠲᠠᠪᠤ︶ ᠠᠳᠡᠯ ᠳᠤ ᠡᠪᠳᠡᠭᠳᠡᠵᠦ ᠰᠦᠢᠲᠦᠭᠰᠡᠨ ᠡᠳ᠋ ᠪᠣᠳᠠᠰ ᠢ ᠪᠣᠯ ᠡᠪᠳᠡᠷᠡᠵᠦ ᠰᠦᠢᠲᠦᠭᠰᠡᠨ ᠪᠠᠶᠢᠳᠠᠯ | ᠪᠠ ᠵᠠᠰᠠᠵᠤ ᠰᠠᠶᠢᠵᠢᠷᠠᠭᠤᠯᠬᠤ ᠵᠠᠷᠤᠳᠠᠯ ᠢᠶᠠᠷ ᠨᠢ ᠲᠣᠭᠠᠴᠠᠯᠠᠨ ᠪᠣᠳᠣᠬᠤ ᠬᠡᠷᠡᠭᠲᠡᠢ︔ | ︵ᠵᠢᠷᠭᠤᠭ᠎ᠠ︶ ᠦᠢᠯᠡᠴᠢᠯᠡᠭᠡᠨ ᠤ ᠲᠥᠷᠥᠯ ᠵᠦᠢᠯ ᠢ ᠪᠣᠯ ᠲᠤᠬᠠᠶ ᠶᠢᠨ ᠭᠠᠵᠠᠷ ᠤᠨ ᠵᠠᠬ᠎ᠠ ᠳᠡᠯᠭᠡᠭᠦᠷ ᠤᠨ | ᠦᠢᠯᠡᠴᠢᠯᠡᠭᠡᠨ ᠤ ᠳᠤᠮᠳᠠᠴᠢ ᠦᠨ᠎ᠡ ᠪᠠᠷ ᠲᠣᠭᠠᠴᠠᠯᠠᠨ ᠪᠣᠳᠣᠬᠤ ᠬᠡᠷᠡᠭᠲᠡᠢ᠃︾ | ᠠᠷᠪᠠᠨ ᠭᠤᠷᠪᠠᠳᠤᠭᠠᠷ ᠵᠦᠢᠯ ᠢ ᠠᠷᠪᠠᠨ ᠬᠤᠶᠠᠳᠤᠭᠠᠷ ᠵᠦᠢᠯ ᠪᠣᠯᠭᠠᠵᠤ᠂ ︽ᠦᠨ᠎ᠡ ᠬᠠᠩᠰᠢ ᠶᠢᠨ | ᠮᠠᠭᠠᠳᠯᠠᠨ ᠲᠣᠭᠲᠠᠭᠠᠬᠤ ᠪᠠᠶᠢᠭᠤᠯᠤᠮᠵᠢ ᠨᠢ ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠶᠢ ᠳᠤᠷᠠᠳᠤᠭᠰᠠᠨ | ᠪᠠᠶᠢᠭᠤᠯᠭ᠎ᠠ ᠶᠢᠨ ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠵᠦᠢᠯᠡᠰ ᠢ ᠳᠤᠷᠠᠳᠤᠭᠰᠠᠨ ᠡᠳᠦᠷ ᠠᠴᠠ ᠡᠬᠢᠯᠡᠨ | 7 ᠠᠵᠢᠯᠯᠠᠬᠤ ᠡᠳᠦᠷ ᠤᠨ ᠳᠣᠲᠣᠷ᠎ᠠ ᠦᠨ᠎ᠡ ᠬᠠᠩᠰᠢ ᠶᠢᠨ ᠮᠠᠭᠠᠳᠯᠠᠵᠤ ᠲᠣᠭᠲᠠᠭᠠᠭᠰᠠᠨ ᠳ᠋ᠦᠩᠨᠡᠯᠲᠡ ᠭᠠᠷᠭᠠᠬᠤ | ᠬᠡᠷᠡᠭᠲᠡᠢ︔ ᠠᠰᠲᠠᠭᠠᠨ ᠪᠣᠯᠵᠣᠭᠰᠠᠨ ᠱᠠᠭᠠᠷᠳᠠᠯᠭ᠎ᠠ ᠲᠠᠢ ᠪᠣᠯ ᠪᠣᠯᠵᠣᠨ ᠲᠣᠭᠲᠠᠭᠰᠠᠨ ᠬᠤᠭᠤᠴᠠᠭᠠᠨ ᠳᠤ ᠬᠢᠬᠦ | ᠬᠡᠷᠡᠭᠲᠡᠶ᠃︾ ᠭᠡᠵᠦ ᠵᠠᠰᠠᠪᠤᠷᠢ ᠣᠷᠤᠭᠤᠯᠪᠠ᠃ | ᠠᠷᠪᠠᠨ ᠳᠥᠷᠪᠡᠳᠦᠭᠡᠷ ᠵᠦᠢᠯ ᠢ ᠠᠷᠪᠠᠨ ᠭᠤᠷᠪᠠᠳᠤᠭᠠᠷ ᠵᠦᠢᠯ ᠪᠣᠯᠭᠠᠵᠤ᠄ ︽ᠦᠨ᠎ᠡ ᠬᠠᠩᠰᠢ ᠶᠢᠨ | ᠮᠠᠭᠠᠳᠯᠠᠨ ᠲᠣᠭᠲᠠᠭᠠᠬᠤ ᠶᠢ ᠳᠤᠷᠠᠳᠤᠭᠰᠠᠨ ᠪᠠᠶᠢᠭᠤᠯᠭ᠎ᠠ ᠨᠢ ᠦᠨ᠎ᠡ ᠬᠠᠩᠰᠢ ᠶᠢᠨ ᠮᠠᠭᠠᠳᠯᠠᠵᠤ ᠲᠣᠭᠲᠠᠭᠠᠭᠰᠠᠨ | ᠳ᠋ᠦᠩᠨᠡᠯᠲᠡ ᠳᠤ ᠣᠨᠳᠣᠤ ᠰᠠᠨᠠᠯ ᠲᠠᠢ ᠪᠠᠶᠢᠪᠠᠯ᠂ ᠦᠨ᠎ᠡ ᠬᠠᠩᠰᠢ ᠶᠢᠨ ᠮᠠᠭᠠᠳᠯᠠᠵᠤ ᠲᠣᠭᠲᠠᠭᠠᠭᠰᠠᠨ ᠳ᠋ᠦᠩᠨᠡᠯᠲᠡ ᠶᠢ | ᠭᠠᠷᠳᠠᠭᠰᠠᠨ ᠡᠳᠦᠷ ᠠᠴᠠ ᠡᠬᠢᠯᠡᠨ 60 ᠡᠳᠦᠷ ᠤᠨ ᠳᠣᠲᠣᠷ᠎ᠠ᠂ ᠳᠡᠭᠡᠳᠦ ᠨᠢᠭᠡ ᠱᠠᠲᠤᠨ ᠤ ᠦᠨ᠎ᠡ ᠬᠠᠩᠰᠢ ᠶᠢᠨ | ᠮᠠᠭᠠᠳᠯᠠᠨ ᠲᠣᠭᠲᠠᠭᠠᠬᠤ ᠪᠠᠶᠢᠭᠤᠯᠤᠮᠵᠢ ᠳᠤ ᠳᠠᠬᠢᠨ ᠬᠠᠷᠭᠤᠭᠤᠯᠬᠤ ᠪᠠᠷ ᠳᠤᠷᠠᠳᠴᠤ ᠪᠣᠯᠣᠨ᠎ᠠ᠂ ᠳᠠᠬᠢᠨ | ᠬᠠᠷᠭᠤᠭᠤᠯᠬᠤ ᠶᠢ ᠬᠤᠶᠠᠷ ᠤᠳᠠᠭ᠎ᠠ ᠠᠴᠠ ᠢᠯᠡᠭᠦᠦ ᠳᠤᠷᠠᠳᠴᠤ ᠪᠣᠯᠬᠤ ᠦᠭᠡᠢ᠃︾ ᠭᠡᠵᠦ ᠵᠠᠰᠠᠪᠤᠷᠢ | ᠣᠷᠣᠭᠤᠯᠪᠠ᠃ | ᠠᠷᠪᠠᠨ ᠲᠠᠪᠤᠳᠤᠭᠠᠷ ᠵᠦᠢᠯ ᠢ ᠠᠷᠪᠠᠨ ᠳᠥᠷᠪᠡᠳᠦᠭᠡᠷ ᠵᠦᠢᠯ ᠪᠣᠯᠭᠠᠵᠤ᠂ ︽ᠦᠨ᠎ᠡ ᠬᠠᠩᠰᠢ ᠶᠢᠨ | ᠮᠠᠭᠠᠳᠯᠠᠨ ᠲᠣᠭᠲᠠᠭᠠᠬᠤ ᠪᠠᠶᠢᠭᠤᠯᠤᠮᠵᠢ ᠶᠢᠨ ᠭᠠᠷᠭᠠᠭᠰᠠᠨ ᠦᠨ᠎ᠡ ᠬᠠᠩᠰᠢ ᠶᠢᠨ ᠮᠠᠭᠠᠳᠯᠠᠵᠤ ᠲᠣᠭᠲᠠᠭᠠᠭᠰᠠᠨ | ᠳ᠋ᠦᠩᠨᠡᠯᠲᠡ ᠳᠤ᠂ ᠳᠤᠷᠠᠳᠤᠭᠰᠠᠨ ᠪᠠᠶᠢᠭᠤᠯᠭ᠎ᠠ ᠪᠠᠷ ᠨᠤᠲᠠᠯᠠᠭᠤᠯᠤᠭᠰᠠᠨ ᠤ ᠳᠠᠷᠠᠭ᠎ᠠ᠂ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ᠂ ᠬᠠᠤᠯᠢ ᠴᠠᠭᠠᠵᠠ ᠪᠠ ᠵᠠᠰᠠᠭ ᠵᠠᠬᠢᠷᠭᠠᠨ ᠤ ᠠᠵᠢᠯ ᠤᠨ ᠦᠨᠳᠦᠰᠦᠯᠡᠯ ᠪᠣᠯᠭᠠᠬᠤ ᠬᠡᠷᠡᠭᠲᠡᠢ᠃︾ | ᠭᠡᠵᠦ ᠵᠠᠰᠠᠪᠤᠷᠢ ᠣᠷᠣᠭᠤᠯᠪᠠ᠃ | ᠠᠷᠪᠠᠨ ᠵᠢᠷᠭᠤᠳᠤᠭᠠᠷ ᠵᠦᠢᠯ ᠢ ᠬᠠᠰᠤᠪᠠ᠃ | ᠠᠷᠪᠠᠨ ᠳᠣᠯᠣᠳᠤᠭᠠᠷ ᠵᠦᠢᠯ ᠢ ᠠᠷᠪᠠᠨ ᠲᠠᠪᠤᠳᠤᠭᠠᠷ ᠵᠦᠢᠯ ᠪᠣᠯᠭᠠᠵᠤ᠂ ᠳᠣᠣᠷᠠᠬᠢ ᠮᠡᠲᠦ ᠵᠠᠰᠠᠪᠤᠷᠢ | ᠣᠷᠣᠭᠤᠯᠪᠠ᠄ ︽ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠪᠠᠶᠢᠭᠤᠯᠤᠮᠵᠢ ᠪᠤᠶᠤ ᠦᠨ᠎ᠡ ᠬᠠᠩᠰᠢ ᠶᠢᠨ | ᠮᠠᠭᠠᠳᠯᠠᠨ ᠲᠣᠭᠲᠠᠭᠠᠬᠤ ᠠᠵᠢᠯᠲᠠᠨ ᠳᠤ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠲᠣᠮᠢᠯᠠᠵᠤ ᠪᠠᠭᠤᠯᠭᠠᠬᠤ | ᠪᠠᠶᠢᠭᠤᠯᠭ᠎ᠠ ᠪᠤᠶᠤ ᠬᠢᠨᠠᠨ ᠪᠠᠶᠢᠴᠠᠭᠠᠬᠤ ᠪᠠᠶᠢᠭᠤᠯᠭ᠎ᠠ ᠠᠴᠠ ᠬᠠᠷᠢᠭᠤᠴᠠᠯᠭ᠎ᠠ ᠲᠠᠢ ᠤᠳᠤᠷᠢᠳᠤᠯᠭ᠎ᠠ ᠨᠠᠷ ᠪᠠ ᠰᠢᠭᠤᠳ | ᠬᠠᠷᠢᠭᠤᠴᠠᠯᠭ᠎ᠠ ᠲᠠᠢ ᠠᠵᠢᠯᠲᠠᠨ ᠳᠤ ᠰᠢᠢᠳᠬᠡᠯ ᠥᠭᠭᠦᠨ᠎ᠡ︔ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ | ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠄ | ︵ᠨᠢᠭᠡ︶ ᠬᠠᠤᠯᠢ ᠶᠣᠰᠣᠭᠠᠷ ᠣᠯᠤᠭᠰᠠᠨ ᠦᠨ᠎ᠡ ᠬᠠᠩᠰᠢ ᠶᠢᠨ ᠮᠠᠭᠠᠳᠯᠠᠵᠤ ᠲᠣᠭᠲᠠᠭᠠᠭᠰᠠᠨ ᠮᠠᠲ᠋ᠧᠷᠢᠶᠠᠯ | ᠪᠤᠶᠤ ᠣᠶᠢᠯᠠᠭᠠᠭᠰᠠᠨ ᠪᠠᠶᠢᠳᠠᠯ ᠢ ᠪᠤᠰᠤᠳ ᠵᠣᠷᠢᠯᠭ᠎ᠠ ᠲᠠᠢ ᠪᠠᠷ ᠬᠡᠷᠡᠭᠯᠡᠭᠰᠡᠨ︔ | ︵ᠬᠤᠶᠠᠷ︶ ᠪᠡᠶᠡᠴᠢ ᠲᠠᠯ᠎ᠠ ᠶᠢᠨ ᠵᠣᠷᠢᠭᠤᠳᠠ ᠪᠤᠶᠤ ᠠᠳᠡᠯ ᠠᠴᠠ ᠪᠣᠯᠵᠤ᠂ ᠬᠤᠳᠠᠯ ᠬᠠᠭᠤᠷᠮᠠᠭ ᠦᠨ᠎ᠡ | ᠬᠠᠩᠰᠢ ᠶᠢᠨ ᠮᠠᠭᠠᠳᠯᠠᠵᠤ ᠲᠣᠭᠲᠠᠭᠠᠭᠰᠠᠨ ᠳ᠋ᠦᠩᠨᠡᠯᠲᠡ ᠭᠠᠷᠭᠠᠭᠰᠠᠨ ᠪᠤᠶᠤ ᠦᠨ᠎ᠡ ᠬᠠᠩᠰᠢ ᠶᠢᠨ ᠮᠠᠭᠠᠳᠯᠠᠵᠤ | ᠲᠣᠭᠲᠠᠭᠠᠭᠰᠠᠨ ᠳ᠋ᠦᠩᠨᠡᠯᠲᠡ ᠳᠤ ᠨᠢ ᠬᠦᠨᠳᠦ ᠶᠡᠭᠡ ᠠᠯᠳᠠᠰᠢ ᠪᠤᠷᠤᠭᠤ ᠲᠠᠢ ᠪᠣᠯᠣᠭᠰᠠᠨ︔ | ︵ᠭᠤᠷᠪᠠ︶ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠠᠴᠠ ᠵᠥᠷᠢᠴᠡᠭᠰᠡᠨ ᠪᠤᠰᠤᠳ | ᠦᠢᠯᠡ ᠠᠵᠢᠯᠯᠠᠭ᠎ᠠ ᠃︾ | ᠠᠷᠪᠠᠨ ᠨᠠᠢᠮᠠᠳᠣᠭᠠᠷ ᠵᠦᠢᠯ ᠢ ᠬᠠᠰᠤᠪᠠ᠃ | ᠡᠭᠦᠨ ᠠᠴᠠ ᠭᠠᠳᠠᠨ᠎ᠠ᠂ ᠵᠠᠰᠠᠭ ᠤᠨ ᠣᠷᠳᠣᠨ ᠤ ᠬᠠᠮᠢᠶ᠎ᠠ ᠪᠦᠬᠦᠢ ᠲᠣᠭᠲᠠᠭᠠᠯ ᠲᠦᠷᠢᠮ ᠳᠠᠬᠢ ᠵᠦᠢᠯ | ᠵᠤᠷᠪᠤᠰ ᠤᠨ ᠳ᠋ᠤᠭᠠᠷ ᠲᠤ ᠵᠣᠬᠢᠬᠤ ᠲᠣᠬᠢᠷᠠᠭᠤᠯᠤᠯᠲᠠ ᠬᠢᠪᠠ᠃ | | ᠳᠠᠭᠠᠯᠳᠤᠭᠤᠯᠤᠯ 2 | | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ | ᠬᠦᠴᠦᠨ ᠦᠭᠡᠢ ᠪᠣᠯᠭᠠᠬᠤ ᠪᠠᠷ ᠲᠣᠭᠲᠠᠭᠠᠭᠰᠠᠨ ᠵᠠᠰᠠᠭ ᠤᠨ ᠣᠷᠳᠣᠨ ᠤ ᠲᠣᠭᠲᠠᠭᠠᠯ ᠳᠦᠷᠢᠮ | | | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ | ᠨᠡᠶᠢᠭᠡᠮ ᠤᠨ ᠪᠠᠲᠤᠯᠠᠭ᠎ᠠ ᠶᠢᠨ ᠰᠦᠢᠳᠭᠡᠯ ᠢ ᠴᠤᠭᠯᠠᠭᠤᠯᠬᠤ ᠬᠠᠮᠢᠶᠠᠷᠤᠯᠲᠠ ᠶᠢᠨ ᠠᠷᠭ᠎ᠠ︾ ︵2006 ᠣᠨ ᠤ 1 | ᠳ᠋ᠤᠬᠡᠷ ᠰᠠᠷ᠎ᠠ ᠶᠢᠨ 19 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠵᠠᠷᠯᠢᠭ 143 ᠳ᠋ᠤᠭᠠᠷ ᠲᠣᠭᠠᠲᠤ ᠪᠠᠷ ᠨᠡᠶᠢᠲᠡᠯᠡᠪᠡ︶ |