ᠮᠠ ᠰᠢᠤᠸᠠᠢ ᠵᠢᠶᠦ᠋ᠨ  ᠡᠸᠤ ᠶᠠᠩ ᠰᠢᠶᠤᠤ ᠬᠤᠶ ᠬᠥᠬᠡᠬᠤᠲᠠ ᠳᠤ ᠢᠳᠡᠭᠡᠨ ᠤ ᠵᠠᠬ᠎ᠠ ᠳᠡᠯᠭᠡᠭᠦᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠬᠤ ᠳᠤ ᠪᠠᠨ ᠴᠢᠬᠤᠯᠠᠴᠢᠯᠠᠭᠰᠠᠨ ᠨᠢ ᠵᠠᠬ᠎ᠠ ᠳᠡᠯᠭᠡᠭᠦᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠥᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠬᠤ ᠬᠡᠷᠡᠭᠲᠡᠢ ᠭᠡᠵᠡᠢ
ᠨᠡᠶᠢᠲᠡᠯᠡᠭᠰᠡᠨ ᠴᠠᠭ᠄
2020/6/16
     6 ᠳ᠋ᠤᠭᠠᠷ ᠰᠠᠷ᠎ᠠ ᠶᠢᠨ 14᠎ ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠮᠠ ᠰᠢᠤᠸᠠᠢ ᠵᠢᠶᠦ᠋ᠨ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠡᠸᠤ ᠶᠠᠩ ᠰᠢᠶᠤᠤ ᠬᠤᠶ ᠬᠥᠬᠡᠬᠤᠲᠠ ᠶᠢᠨ ᠮᠧᠶ ᠲᠦᠩ ᠢᠳᠡᠭᠡᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠲᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠪᠠᠶᠢᠴᠠᠭᠠᠪᠠ᠃      ᠮᠠ ᠰᠢᠤᠸᠠᠢ ᠵᠢᠶᠦ᠋ᠨ᠂ ᠡᠸᠤ ᠶᠠᠩ ᠰᠢᠶᠣᠤ ᠬᠤᠢ ᠵᠠᠬ᠎ᠠ ᠳᠡᠯᠭᠡᠭᠦᠷ ᠤᠨ ᠲᠣᠮᠣ ᠬᠡᠯᠪᠡᠷᠢ ᠶᠢᠨ ᠬᠡᠲᠦ ᠳᠡᠯᠭᠡᠭᠦᠷ᠂ ᠤᠰᠤᠨ ᠭᠠᠷᠤᠯᠲᠠ ᠶᠢᠨ ᠲᠢᠩᠬᠢᠮ᠂ ᠮᠢᠬᠠᠨ ᠢᠳᠡᠭᠡᠨ ᠤ ᠲᠢᠩᠬᠢᠮ ᠢ ᠪᠠᠶᠢᠴᠠᠭᠠᠨ ᠦᠵᠡᠵᠦ᠂ ᠬᠤᠳᠠᠯᠳᠤᠭᠠᠴᠢᠨ ᠤ ᠪᠠᠷᠠᠭ᠎ᠠ ᠣᠷᠣᠭᠤᠯᠬᠤ ᠡᠬᠡ ᠳᠠᠩᠰᠠ ᠶᠢ ᠨᠠᠷᠢᠨ ᠬᠢᠨᠠᠮᠠᠭᠠᠶ ᠪᠠᠶᠢᠴᠠᠭᠠᠨ ᠦᠵᠡᠵᠦ᠂ ᠬᠠᠮᠢᠶ᠎ᠠ ᠪᠦᠬᠦᠢ ᠦᠢᠯᠡᠳᠬᠦᠨ ᠤ ᠪᠠᠷᠠᠭ᠎ᠠ ᠣᠷᠣᠭᠤᠯᠬᠤ ᠵᠠᠮ ᠮᠥᠷ ᠵᠢᠴᠢ ᠢᠳᠡᠭᠡᠨ ᠤ ᠠᠮᠤᠷ ᠲᠦᠪᠰᠢᠨ ᠤ ᠪᠠᠲᠤᠯᠠᠭ᠎ᠠ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ᠂ ᠵᠠᠬ᠎ᠠ ᠳᠡᠯᠭᠡᠭᠦᠷ ᠲᠠᠬᠢ ᠰᠠᠯᠬᠢ ᠨᠡᠪᠲᠡᠷᠡᠭᠦᠯᠬᠦ᠂ ᠣᠷᠴᠢᠨ ᠲᠣᠭᠤᠷᠢᠨ ᠤ ᠠᠷᠢᠭᠤᠨ ᠴᠡᠪᠡᠷ᠂ ᠬᠤᠭ ᠨᠣᠪᠰᠢ ᠢ ᠰᠢᠢᠳᠪᠦᠷᠢᠯᠡᠬᠦ᠂ ᠪᠣᠬᠢᠷ ᠤᠰᠤ ᠭᠠᠳᠠᠭᠰᠢᠯᠠᠭᠤᠯᠬᠤ ᠵᠡᠷᠭᠡ ᠪᠠᠶᠢᠳᠠᠯ ᠳᠤ ᠪᠠᠶᠢᠴᠠᠭᠠᠯᠲᠠ ᠬᠢᠵᠦ᠂ ᠲᠤᠬᠠᠶ ᠶᠢᠨ ᠲᠠᠯᠠᠪᠤᠷ ᠲᠤ ᠣᠯᠵᠤ ᠮᠡᠳᠡᠭᠰᠡᠨ ᠠᠰᠠᠭᠤᠳᠠᠯ ᠳᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠪᠠ᠃      ᠮᠠ ᠰᠢᠤᠸᠠᠢ ᠵᠢᠶᠦ᠋ᠨ᠂ ᠡᠸᠤ ᠶᠠᠩ ᠰᠢᠶᠣᠤ ᠬᠤᠢ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠵᠠᠰᠠᠭ ᠤᠨ ᠣᠷᠳᠣᠨ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠪᠡᠭᠡᠵᠢᠩ ᠤᠨ ᠰᠢᠨ ᠹᠠ ᠳ᠋ᠢ ᠲᠠᠷᠢᠶᠠᠯᠠᠩ ᠤᠨ ᠪᠦᠲᠦᠭᠡᠭᠳᠡᠬᠦᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠲᠤ ᠭᠠᠷᠤᠭᠰᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡᠬᠦ ᠬᠥᠪᠴᠢ ᠪᠠᠨ ᠴᠠᠭ ᠢᠮᠠᠭᠲᠠ ᠴᠢᠩᠭᠠᠯᠠᠬᠤ ᠬᠡᠷᠡᠭᠲᠡᠶ᠃ ᠪᠠᠷᠠᠭ᠎ᠠ ᠣᠷᠣᠭᠤᠯᠬᠤ ᠠᠷᠭ᠎ᠠ ᠵᠠᠮ ᠳᠠᠬᠢ ᠬᠠᠯᠳᠠᠪᠤᠷᠢᠯᠠᠯ ᠤᠨ ᠡᠬᠢ ᠰᠤᠷᠪᠤᠯᠵᠢ ᠶᠢ ᠪᠠᠶᠢᠴᠠᠭᠠᠨ ᠲᠣᠳᠣᠯᠠᠵᠤ᠂ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠠᠷᠭ᠎ᠠ ᠵᠠᠮ ᠢ ᠡᠷᠡᠰ ᠬᠤᠷᠢᠭᠯᠠᠨ  ᠵᠣᠭᠰᠤᠭᠠᠬᠤ ᠬᠡᠷᠡᠭᠲᠡᠢ᠂ ᠬᠢᠯᠪᠠᠷ ᠪᠤᠰᠤ ᠢᠷᠡᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ ᠰᠠᠶᠢᠵᠢᠷᠠᠬᠤ ᠬᠠᠨᠳᠤᠰᠢ ᠶᠢ ᠬᠤᠪᠢᠷᠠᠭᠤᠯᠵᠤ ᠶᠠᠭᠠᠬᠢᠭᠰᠠᠨ ᠴᠤ ᠪᠣᠯᠬᠤ ᠦᠭᠡᠶ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠬᠤᠳᠠᠯᠳᠤᠭᠠᠨ ᠤ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠡᠯ᠎ᠡ ᠲᠥᠷᠥᠯ ᠤᠨ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ᠂ ᠳᠠᠯᠠᠢ ᠶᠢᠨ ᠢᠳᠡᠭᠡᠨ ᠤ ᠵᠠᠬ᠎ᠠ ᠳᠡᠯᠭᠡᠭᠦᠷ᠂ ᠲᠣᠮᠣ ᠬᠡᠯᠪᠡᠷᠢ ᠶᠢᠨ ᠬᠡᠲᠦ ᠳᠡᠯᠭᠡᠭᠦᠷ ᠵᠡᠷᠭᠡ ᠳᠤ ᠴᠢᠭᠯᠡᠭᠦᠯᠦᠨ ᠪᠦᠬᠦ ᠲᠠᠯ᠎ᠠ ᠶᠢᠨ ᠪᠠᠶᠢᠴᠠᠭᠠᠯᠲᠠ ᠪᠠ ᠵᠢᠭᠰᠠᠭᠠᠨ ᠪᠠᠶᠢᠴᠠᠭᠠᠯᠲᠠ ᠶᠢ ᠬᠠᠮᠲᠤᠷᠠᠨ ᠥᠷᠨᠢᠭᠦᠯᠵᠦ᠂ ᠣᠷᠴᠢᠨ ᠲᠣᠭᠤᠷᠢᠨ᠂ ᠢᠳᠡᠭᠡᠨ ᠵᠢᠴᠢ ᠬᠤᠯᠪᠣᠭᠳᠠᠯ ᠪᠦᠬᠦᠢ ᠬᠥᠮᠦᠰ ᠢ ᠬᠢᠨᠠᠨ ᠰᠢᠯᠭᠠᠵᠤ ᠰᠢᠯᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ︽ᠬᠥᠮᠦᠨ ᠢ ᠴᠢᠩᠭ᠎ᠠ ᠬᠠᠮᠢᠶᠠᠷᠬᠤ᠂ ᠶᠠᠪᠤᠳᠠᠯ ᠢ ᠴᠢᠩᠭ᠎ᠠ ᠬᠠᠮᠢᠶᠠᠷᠬᠤ᠂ ᠲᠠᠯᠠᠪᠤᠷ ᠭᠠᠵᠠᠷ ᠢ ᠰᠠᠶᠢᠲᠤᠷ ᠬᠠᠮᠢᠶᠠᠷᠬᠤ︾ ᠱᠠᠭᠠᠷᠳᠠᠯᠭ᠎ᠠ ᠶᠢ ᠦᠨᠡᠨ ᠬᠦ ᠪᠣᠳᠠᠲᠠᠶ ᠭᠠᠵᠠᠷ ᠲᠤ ᠨᠢ ᠨᠠᠶᠢᠳᠠᠪᠤᠷᠢᠵᠢᠭᠤᠯᠬᠤ ᠬᠡᠷᠡᠭᠲᠡᠶ᠃ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠤᠨ ᠬᠤᠳᠠᠯᠳᠤᠭᠠᠴᠢᠨ ᠡᠷᠦᠬᠡ ᠶᠢ ᠰᠢᠮᠳᠠᠭᠤᠯᠵᠤ ᠪᠠᠶᠢᠭᠠᠳ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠵᠢᠴᠢ ᠰᠠᠶᠢᠲᠤᠷ ᠲᠡᠮᠳᠡᠭᠯᠡᠬᠦ ᠵᠡᠷᠭᠡ ᠬᠠᠮᠢᠶ᠎ᠠ ᠪᠦᠬᠦᠢ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠡᠷᠡᠭᠦᠯ ᠬᠠᠮᠠᠭᠠᠯᠠᠯ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠴᠢᠩᠭᠠᠳᠬᠠᠵᠤ᠂ ᠴᠡᠪᠡᠷᠯᠡᠬᠦ᠂ ᠰᠠᠯᠬᠢ ᠨᠡᠪᠲᠡᠷᠡᠭᠦᠯᠬᠦ᠂ ᠠᠷᠢᠭᠤᠳᠬᠠᠬᠤ ᠤᠳᠠᠭ᠎ᠠ ᠪᠠᠨ ᠨᠡᠮᠡᠭᠳᠡᠭᠦᠯᠵᠦ᠂ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠤ ᠴᠡᠪᠡᠷ ᠲᠡᠭᠰᠢ ᠪᠠᠶᠢᠬᠤ ᠶᠢ ᠪᠠᠲᠤᠯᠠᠵᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠵᠤ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠪᠦᠬᠦ ᠬᠦᠴᠦᠨ ᠢᠶᠠᠷ ᠢᠶᠠᠨ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ ᠭᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号