ᠳᠤᠮᠳᠠᠳᠤ ᠤᠯᠤᠰ ᠤᠨ ᠰᠢᠯᠵᠢᠬᠡ ᠬᠤᠯᠪᠤᠭ᠎ᠠ ᠶᠢᠨ 5G + ᠤᠶᠤᠨᠲᠤ ᠠᠭᠤᠷᠬᠠᠶ ᠶᠢᠨ ᠴᠤᠷᠮ᠎ᠠ ᠲᠥᠯᠥᠪᠯᠡᠭᠡ ᠶᠢ ᠡᠬᠢᠯᠡᠭᠦᠯᠬᠦ ᠬᠤᠷᠠᠯ ᠵᠢᠴᠢ ᠵᠢᠱᠢᠶ᠎ᠡ ᠦᠵᠡᠭᠦᠯᠬᠦ ᠰᠠᠭᠤᠷᠢᠨ ᠳᠤ ᠫᠠᠶᠢᠰᠠ ᠣᠯᠭᠤᠬᠤ ᠶᠣᠰᠣᠯᠠᠯ ᠬᠥᠬᠡᠬᠤᠲᠠ ᠳᠤ ᠶᠠᠪᠤᠭᠳᠠᠪᠠ  ᠠᠶ ᠯᠢ ᠬᠤᠸᠠ ᠣᠷᠣᠯᠴᠠᠵᠠᠢ
ᠨᠡᠶᠢᠲᠡᠯᠡᠭᠰᠡᠨ ᠴᠠᠭ᠄
2020/6/17
     6 ᠰᠠᠷ᠎ᠠ ᠶᠢᠨ 15᠎ ᠤ ᠡᠳᠦᠷ᠂ ᠳᠤᠮᠳᠠᠳᠤ ᠤᠯᠤᠰ ᠤᠨ ᠰᠢᠯᠵᠢᠭᠡ ᠬᠤᠯᠪᠤᠭ᠎ᠠ ᠶᠢᠨ 5G + ᠤᠶᠤᠨᠲᠤ ᠠᠭᠤᠷᠬᠠᠶ ᠶᠢᠨ ᠴᠤᠷᠮ᠎ᠠ ᠲᠥᠯᠥᠪᠯᠡᠭᠡ ᠶᠢ ᠡᠬᠢᠯᠡᠭᠦᠯᠬᠦ ᠬᠤᠷᠠᠯ ᠵᠢᠴᠢ ᠵᠢᠱᠢᠶ᠎ᠡ ᠦᠵᠡᠭᠦᠯᠬᠦ ᠰᠠᠭᠤᠷᠢᠨ ᠳᠤ ᠫᠠᠶᠢᠰᠠ ᠣᠯᠭᠤᠬᠤ ᠶᠣᠰᠣᠯᠠᠯ ᠬᠥᠬᠡᠬᠤᠲᠠ ᠳᠤ ᠶᠠᠪᠤᠭᠳᠠᠪᠠ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠶ ᠯᠢ ᠬᠤᠸᠠ ᠫᠠᠶᠢᠰᠠ ᠣᠯᠭᠤᠬᠤ ᠶᠣᠰᠣᠯᠠᠯ ᠳᠤ ᠣᠷᠣᠯᠴᠠᠭᠰᠠᠨ ᠪᠥᠭᠡᠳ ︽ᠳᠤᠮᠳᠠᠳᠤ ᠤᠯᠤᠰ ᠤᠨ ᠰᠢᠯᠵᠢᠬᠡ ᠬᠤᠯᠪᠣᠭ᠎ᠠ ᠶᠢᠨ 5G + ᠤᠶᠤᠨᠲᠤ ᠠᠭᠤᠷᠬᠠᠶ ᠶᠢᠨ ᠴᠤᠷᠮ᠎ᠠ ᠲᠥᠯᠥᠪᠯᠡᠭᠡ︾᠎ ᠶᠢ ᠡᠬᠢᠯᠡᠭᠦᠯᠪᠡ᠃      ᠳᠤᠮᠳᠠᠳᠤ ᠤᠯᠤᠰ ᠤᠨ ᠰᠢᠯᠵᠢᠭᠡ ᠬᠤᠯᠪᠤᠭ᠎ᠠ ᠶᠢᠨ 5G + ᠣᠶᠤᠨᠳᠤ ᠠᠭᠤᠷᠬᠠᠶ ᠶᠢᠨ ᠴᠤᠷᠮ᠎ᠠ ᠲᠥᠯᠥᠪᠯᠡᠭᠡ ᠨᠢ ᠤᠯᠠᠮᠵᠢᠯᠠᠯᠲᠤ ᠠᠭᠤᠷᠬᠠᠶ ᠶᠢᠨ ᠦᠢᠯᠡᠰ ᠤᠨ ᠦᠢᠯᠡᠳᠪᠦᠷᠢᠯᠡᠯ ᠤᠨ ᠠᠵᠢᠯᠯᠠᠭ᠎ᠠ ᠪᠣᠯᠤᠨ ᠵᠣᠬᠢᠶᠠᠨ ᠪᠠᠶᠢᠭᠤᠯᠤᠯᠲᠠ ᠬᠠᠮᠢᠶᠠᠷᠤᠯᠲᠠ ᠶᠢᠨ ᠬᠡᠪ ᠵᠠᠭᠪᠤᠷ ᠢ ᠬᠤᠪᠢᠷᠠᠭᠤᠯᠬᠤ ᠪᠠᠷ ᠪᠠᠷᠠᠬᠤ ᠦᠭᠡᠶ᠂ ᠲᠡᠷᠡᠴᠢᠯᠡᠨ ᠠᠭᠤᠷᠬᠠᠶ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠦᠷ᠎ᠡ ᠪᠦᠲᠦᠮᠵᠢ ᠪᠠ ᠠᠶᠤᠯᠭᠦᠶ ᠶᠢᠨ ᠬᠢᠷᠢ ᠬᠡᠮᠵᠢᠶ᠎ᠡ ᠶᠢ ᠮᠠᠰᠢ ᠶᠡᠭᠡ ᠪᠠᠷ ᠳᠡᠭᠡᠭᠰᠢᠯᠡᠭᠦᠯᠬᠦ ᠪᠤᠯᠤᠨ᠎ᠠ᠃ ᠲᠠᠨᠢᠯᠴᠠᠭᠤᠯᠤᠭᠰᠠᠨ ᠢᠶᠠᠷ᠂ ᠳᠤᠮᠳᠠᠳᠤ ᠤᠯᠤᠰ ᠤᠨ ᠰᠢᠯᠵᠢᠬᠡ ᠬᠤᠯᠪᠤᠭ᠎ᠠ ᠶᠢᠨ 5G ᠤᠶᠤᠨᠲᠤ ᠠᠭᠤᠷᠬᠠᠶ ᠶᠢ ᠪᠥᠲᠥᠭᠡᠨ ᠪᠠᠶᠢᠭᠤᠯᠬᠤ ᠵᠢᠱᠢᠶ᠎ᠡ ᠦᠵᠡᠭᠦᠯᠬᠦ ᠦᠢᠯᠡᠳᠦᠯ ᠨᠢᠭᠡᠨᠲᠡ ᠠᠩᠬ᠎ᠠ ᠠᠯᠬᠤᠮ ᠢᠯᠡᠷᠡᠵᠦ᠂ ᠪᠥᠬᠦ ᠤᠯᠤᠰ ᠤᠨ ᠠᠩᠬᠠᠳᠠᠭᠴᠢ 5GNSA᠎ ᠶᠢᠨ ᠲᠣᠤᠷ ᠪᠠᠶᠢᠭᠤᠯᠬᠤ ᠵᠠᠩᠭᠢᠯᠠᠭ᠎ᠠ ᠶᠢᠨ ᠲᠣᠨᠤᠭ ᠲᠥᠬᠦᠭᠡᠷᠦᠮᠵᠢ ᠶᠢᠨ ᠨᠡᠭᠦᠷᠡᠰᠦᠨ ᠤ ᠠᠮᠤᠷ ᠲᠦᠪᠰᠢᠨ ᠤ ᠭᠡᠷᠡᠴᠢᠯᠡᠯ ᠢ ᠣᠯᠵᠤ᠂ ᠠᠩᠬᠠᠳᠠᠭᠴᠢ ᠨᠡᠭᠦᠷᠡᠰᠦᠨ ᠠᠭᠤᠷᠬᠠᠢ ᠶᠢᠨ ᠬᠤᠳᠳᠤᠭ ᠳᠣᠣᠷᠠᠬᠢ 5G ᠰᠦᠯᠵᠢᠶ᠎ᠡ ᠶᠢ ᠪᠠᠶᠢᠭᠤᠯᠤᠬᠰᠠᠨ ᠪᠦᠬᠡᠳ ᠠᠵᠤ ᠦᠢᠯᠡᠰ ᠤᠨ ᠬᠠᠮᠵᠢᠯᠴᠠᠭᠠᠨ ᠤ ᠬᠠᠨᠢᠲᠠᠨ ᠲᠠᠢ ᠬᠠᠮᠲᠤᠷᠠᠨ᠂ ᠵᠠᠳᠠᠭᠠᠶ ᠠᠭᠤᠷᠬᠠᠶ ᠪᠣᠯᠤᠨ ᠬᠤᠳᠳᠤᠭ ᠳᠣᠤᠷᠠᠬᠢ ᠠᠭᠤᠷᠬᠠᠶ ᠶᠢᠨ ᠬᠤᠶᠠᠷ ᠶᠡᠭᠡ ᠲᠠᠯᠠᠪᠠᠶ ᠶᠢᠨ 5G ᠬᠡᠷᠡᠭᠯᠡᠯᠲᠡ ᠶᠢ ᠪᠠᠶᠢᠭᠤᠯᠵᠤ᠂ ᠠᠭᠤᠷᠬᠠᠶ ᠶᠢᠨ ᠳᠡᠷᠬᠡ ᠶᠢ ᠵᠢᠯᠣᠭᠤᠴᠢ ᠥᠬᠡᠶ ᠪᠠᠷ ᠵᠢᠯᠤᠭᠤᠳᠬᠤ᠂ ᠬᠦᠮᠦᠨ ᠵᠠᠷᠤᠴᠠᠭᠤᠯᠬᠤ ᠦᠬᠡᠢ ᠪᠠᠷ ᠮᠠᠯᠲᠠᠬᠤ᠂ ᠬᠤᠳᠳᠤᠭ ᠳᠣᠤᠷᠠᠬᠢ ᠠᠭᠤᠰᠤᠯᠴᠠᠭᠤᠯᠤᠬᠰᠠᠨ ᠲᠣᠤᠷ ᠪᠠᠶᠢᠭᠤᠯᠬᠤ᠂ ᠥᠨᠳᠥᠷ ᠲᠣᠳᠣ ᠬᠠᠷᠠᠭᠠᠨ ᠳᠠᠪᠲᠠᠮᠵᠢ ᠪᠠᠷ ᠬᠢᠨᠠᠨ ᠬᠡᠮᠵᠢᠬᠦ ᠵᠡᠷᠭᠡ ᠪᠠᠶᠢᠳᠠᠯ ᠢ ᠪᠣᠳᠠᠲᠠᠶᠢᠵᠢᠭᠤᠯᠬᠤ ᠶᠢ ᠪᠡᠶᠡᠯᠡᠭᠦᠯᠬᠦ ᠪᠤᠯᠤᠨ᠎ᠡ᠃      ᠡᠬᠢᠯᠡᠬᠦᠯᠬᠦ ᠬᠤᠷᠠᠯ ᠳᠡᠭᠡᠷ᠎ᠡ᠂ ᠳᠤᠮᠳᠠᠳᠤ ᠤᠯᠤᠰ ᠤᠨ ᠰᠢᠯᠵᠢᠭᠡ ᠬᠤᠯᠪᠣᠭ᠎ᠠ ︵ᠱᠠᠩᠬᠠᠶ︶᠎ ᠶᠢᠨ ᠠᠵᠤ ᠦᠢᠯᠡᠰ ᠤᠨ ᠰᠤᠳᠤᠯᠭᠠᠨ ᠤ ᠬᠦᠷᠢᠶᠡᠯᠡᠩ ᠤᠨ ᠬᠠᠷᠢᠭᠤᠴᠠᠯᠭᠠᠲᠠᠨ ︽5G + ᠤᠶᠤᠨᠲᠤ ᠠᠭᠤᠷᠬᠠᠶ ᠶᠢ ᠰᠢᠢᠳᠪᠦᠷᠢᠯᠡᠬᠦ ᠲᠥᠰᠦᠯ︾᠎ ᠢ ᠨᠡᠶᠢᠲᠡᠯᠡᠵᠦ᠂ 5G ᠤᠶᠤᠨᠲᠤ ᠠᠭᠤᠷᠬᠠᠶ ᠶᠢᠨ ᠲᠣᠤᠷ ᠰᠦᠯᠵᠢᠶ᠎ᠡ᠂ ᠲᠠᠪᠴᠠᠩ᠂ ᠬᠡᠷᠡᠭᠯᠡᠭᠡᠨ ᠤ ᠪᠦᠲᠦᠴᠡ ᠶᠢᠨ ᠵᠢᠷᠤᠭ ᠲᠥᠯᠥᠪᠯᠡᠭᠡ ᠵᠢᠴᠢ ᠪᠠᠶᠢᠷᠢᠯᠠᠭᠤᠯᠤᠯᠲᠠ ᠶᠢᠨ ᠴᠢᠳᠠᠪᠤᠷᠢ ᠶᠢ ᠲᠣᠳᠣᠷᠬᠠᠶᠢᠯᠠᠨ ᠥᠭᠦᠯᠡᠵᠥ᠂ ᠠᠭᠤᠷᠬᠠᠶ ᠶᠢᠨ ᠠᠵᠤ ᠠᠬᠤᠶᠢᠯᠠᠯ ᠵᠢᠴᠢ ᠠᠵᠤ ᠦᠢᠯᠡᠰ ᠤᠨ ᠬᠠᠮᠲᠤᠷᠠᠯᠴᠠᠭᠠᠨ ᠤ ᠬᠠᠨᠢᠲᠠᠨ ᠳᠤ ᠲᠤᠬᠠᠶᠢᠯᠠᠭᠰᠠᠨ ᠠᠵᠢᠯ ᠤᠨ ᠯᠠᠪᠯᠠᠯᠲᠠ ᠬᠠᠩᠭᠠᠵᠤ᠂ 5G ᠤᠶᠤᠨᠲᠤ ᠠᠭᠤᠷᠬᠠᠶ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠪᠠ᠃ ᠲᠤᠬᠠᠶ ᠶᠢᠨ ᠲᠠᠯᠠᠪᠠᠶ ᠳᠤ ᠪᠠᠰᠠ ᠳᠤᠮᠳᠠᠳᠤ ᠤᠯᠤᠰ ᠤᠨ ᠰᠢᠯᠵᠢᠬᠡ ᠡᠭᠦᠯᠡᠨ ᠲᠧᠯᠸᠢᠰ ᠮᠡᠳᠡᠭᠡᠯᠡᠯ ᠢᠶᠠᠷ ᠳᠠᠮᠵᠢᠨ ᠲᠤᠬᠠᠶ ᠶᠢᠨ ᠭᠠᠵᠠᠷ ᠲᠤ ᠮᠠ ᠳ᠋ᠢ ᠯᠢᠶᠠᠩ ᠪᠣᠯᠤᠨ ᠪᠠᠶ᠋ᠬᠠᠤᠪᠤᠭ᠎ᠠ ᠣᠶᠤᠨᠳᠤ ᠠᠭᠤᠷᠬᠠᠶ ᠶᠢᠨ ᠰᠠᠭᠤᠷᠢᠨ ᠲᠠᠢ ᠬᠤᠯᠪᠣᠵᠤ᠂ ᠬᠤᠷᠠᠯ ᠳᠤ ᠣᠷᠣᠯᠴᠠᠭᠰᠠᠨ ᠵᠣᠴᠢᠳ ᠲᠤ 5G + ᠵᠢᠯᠣᠭᠤᠴᠢ ᠥᠬᠡᠶ ᠪᠠᠷ ᠵᠢᠯᠤᠭᠤᠳᠬᠤ ᠵᠡᠷᠭᠡ ᠮᠡᠷᠭᠡᠵᠢᠯ ᠤᠨ ᠠᠭᠤᠷᠬᠠᠶ ᠳᠠᠬᠢ ᠬᠡᠷᠡᠭᠯᠡᠭᠡᠨ ᠤ ᠪᠠᠶᠢᠳᠠᠯ ᠢ ᠳᠡᠯᠭᠡᠨ ᠦᠵᠡᠭᠦᠯᠪᠠ᠃ ᠲᠤᠬᠠᠶ ᠶᠢᠨ ᠲᠠᠯᠠᠪᠠᠶ ᠳᠤ ᠪᠠᠰᠠ ᠭᠡᠷ᠎ᠡ ᠲᠣᠭᠲᠠᠬᠤ ᠠᠵᠢᠯᠯᠠᠭ᠎ᠠ ᠥᠷᠨᠢᠭᠦᠯᠵᠦ᠂ ᠳᠤᠮᠳᠠᠳᠤ ᠤᠯᠤᠰ ᠤᠨ ᠰᠢᠯᠵᠢᠭᠡ ᠬᠤᠯᠪᠣᠭᠠᠨ ᠤ ᠪᠦᠯᠦᠭᠯᠡᠯ ᠤᠨ ᠥᠪᠥᠷ ᠮᠣᠩᠭᠤᠯ ᠤᠨ ᠬᠢᠵᠠᠭᠠᠷᠲᠤ ᠺᠣᠮᠫᠠᠨᠢ ᠲᠣᠰ ᠲᠣᠰ ᠳᠤᠮᠳᠠᠳᠤ ᠤᠯᠤᠰ ᠤᠨ ᠲᠡᠮᠦᠷ ᠵᠠᠮ ᠤᠨ ᠡᠬᠢ ᠪᠠᠶᠠᠯᠢᠭ ᠤᠨ ᠺᠤᠮᠫᠠᠨᠢ ᠶᠢᠨ ᠰᠥᠨᠢᠳ ᠵᠡᠭᠦᠨ ᠬᠤᠰᠢᠭᠤᠨ ᠤ ᠮᠠᠩᠯᠠᠢ ᠠᠭᠤᠷᠬᠠᠶ ᠶᠢᠨ ᠦᠢᠯᠡᠰ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠭᠤᠸᠠᠩ ᠨᠠ ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠮᠧᠩ ᠲᠠᠢ ᠨᠡᠭᠦᠷᠡᠰᠦ ᠴᠠᠬᠢᠯᠭᠠᠨ ᠎ ᠤ ᠪᠦᠯᠦᠭᠯᠡᠯ ᠤᠨ ᠬᠢᠵᠠᠭᠠᠷᠲᠤ ᠺᠣᠮᠫᠠᠨᠢ᠂ ᠰᠢᠯᠢ ᠶᠢᠨ ᠭᠤᠤᠯ ᠠᠶᠢᠮᠠᠭ ᠤᠨ ᠱᠠᠨᠳᠦ᠋ᠡᠭ ᠤᠨ ᠠᠯᠳᠠᠨ ᠤ ᠪᠦᠯᠦᠭᠯᠡᠯ ᠎ ᠤᠨ ᠠᠷᠤᠬᠠᠳᠠ ᠠᠭᠤᠷᠬᠠᠶ ᠶᠢᠨ ᠦᠢᠯᠡᠰ ᠤᠨ ᠬᠢᠵᠠᠭᠠᠷᠲᠤ ᠺᠣᠮᠫᠠᠨᠢ ᠵᠢᠴᠢ ᠥᠪᠥᠷ ᠮᠣᠩᠭᠤᠯ ᠤᠨ ᠵᠥᠩ ᠬᠤᠸᠠᠨ ᠰᠢᠶᠧ ᠯᠢ ᠠᠭᠤᠷᠬᠠᠶ ᠶᠢᠨ ᠦᠢᠯᠡᠰ ᠤᠨ ᠬᠢᠵᠠᠭᠠᠷᠲᠤ ᠺᠣᠮᠫᠠᠨᠢ ᠯᠤᠭ᠎ᠠ ᠬᠠᠮᠲᠤᠷᠠᠯᠴᠠᠭᠠᠨ ᠤ ᠬᠠᠨᠢᠲᠠᠨ ᠤ ᠪᠠᠶᠢᠯᠳᠤᠬᠤ ᠪᠣᠳᠣᠯᠭ᠎ᠠ ᠶᠢᠨ ᠵᠦᠪᠯᠡᠯᠴᠡᠬᠡᠷ ᠲᠤ ᠭᠠᠷ ᠤᠨ ᠦᠰᠦᠭ ᠵᠢᠷᠤᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号