ᠥᠪᠥᠷ ᠮᠣᠩᠭᠤᠯ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠵᠤ ᠠᠵᠢᠯ ᠤᠨ ᠪᠠᠶᠢᠷᠢ ᠶᠢ ᠥᠷᠭᠡᠳᠬᠡᠬᠦ ᠲᠤᠰᠬᠠᠶ ᠳᠡᠮᠵᠢᠯᠭᠡ ᠶᠢᠨ ᠲᠥᠯᠥᠪᠯᠡᠭᠡ ᠶᠢ ᠡᠬᠢᠯᠡᠭᠦᠯᠪᠡ ᠥᠪᠥᠷ ᠮᠣᠩᠭᠤᠯ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠵᠤ ᠠᠵᠢᠯ ᠤᠨ ᠪᠠᠶᠢᠷᠢ ᠶᠢ ᠥᠷᠭᠡᠳᠬᠡᠬᠦ ᠲᠤᠰᠬᠠᠶ ᠳᠡᠮᠵᠢᠯᠭᠡ ᠶᠢᠨ ᠲᠥᠯᠥᠪᠯᠡᠭᠡ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2020/6/17
     ᠤᠯᠤᠰ ᠤᠨ ᠳᠣᠲᠣᠭᠠᠳᠤ ᠭᠠᠳᠠᠭᠠᠳᠤ ᠶᠢᠨ ᠬᠢᠵᠢᠭ ᠤᠨ ᠪᠠᠶᠢᠳᠠᠯ ᠪᠠ ᠠᠵᠤ ᠠᠬᠤᠶ ᠪᠠᠭᠤᠷᠠᠬᠤ ᠳᠠᠷᠤᠯᠲᠠ ᠠᠴᠠ ᠠᠵᠢᠯ ᠣᠯᠭᠤᠯᠲᠠ ᠳᠤ ᠦᠵᠡᠭᠦᠯᠬᠦ ᠨᠥᠯᠥᠭᠡ ᠶᠢ ᠪᠦᠲᠦᠮᠵᠢᠲᠡᠶ ᠠᠷᠭᠠᠴᠠᠭᠠᠬᠤ ᠶᠢᠨ ᠲᠥᠯᠥᠭᠡ᠂ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠬᠠᠮᠲᠤᠷᠠᠨ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠤᠨ ᠪᠠᠶᠢᠷᠢ ᠶᠢ ᠥᠷᠭᠡᠳᠬᠡᠬᠦ ᠲᠤᠰᠬᠠᠶ ᠳᠡᠮᠵᠢᠯᠭᠡ ᠶᠢᠨ ᠲᠥᠯᠥᠪᠯᠡᠭᠡ ᠶᠢ ᠡᠬᠢᠯᠡᠭᠦᠯᠵᠦ᠂ ᠠᠵᠢᠯ ᠠᠯᠳᠠᠯᠲᠠ ᠶᠢᠨ ᠳᠠᠭᠠᠳᠬᠠᠯ ᠢᠶᠠᠷ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠡᠷᠴᠢᠮ ᠢ ᠴᠢᠩᠭᠠᠷᠠᠭᠤᠯᠬᠤ᠂ ᠠᠵᠤ ᠠᠬᠤᠶᠢᠯᠠᠯ ᠤᠨ ᠠᠵᠢᠯ ᠢᠶᠠᠷ ᠪᠣᠯᠪᠠᠰᠤᠷᠠᠭᠤᠯᠤᠯ ᠢ ᠣᠷᠣᠯᠠᠭᠤᠯᠤᠨ ᠳᠡᠮᠵᠢᠬᠦ ᠬᠤᠶᠠᠷ ᠲᠠᠯ᠎ᠠ ᠪᠠᠷ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠵᠤ᠂ ᠠᠵᠢᠯ ᠣᠯᠭᠤᠬᠤ ᠶᠢ ᠳᠡᠮᠵᠢᠵᠦ᠂ ᠠᠵᠢᠯ ᠣᠯᠭᠤᠯᠲᠠ ᠶᠢᠨ ᠪᠠᠶᠢᠳᠠᠯ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠴᠢᠷᠮᠠᠶᠢᠨ ᠪᠠᠲᠤᠯᠠᠵᠤ ᠪᠤᠢ᠃      ᠠᠵᠢᠯ ᠠᠯᠳᠠᠭᠰᠠᠳ ᠤᠨ ᠳᠠᠭᠠᠳᠬᠠᠯ ᠢᠶᠠᠷ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠡᠷᠴᠢᠮ ᠢ ᠴᠢᠩᠭᠠᠷᠠᠭᠤᠯᠬᠤ ᠲᠠᠯ᠎ᠠ ᠪᠠᠷ᠂ ᠡᠯ᠎ᠡ ᠠᠶᠢᠮᠠᠭ ᠬᠤᠲᠠ ᠨᠤᠭᠤᠳ ᠲᠤ ᠠᠵᠢᠯ ᠠᠯᠳᠠᠯᠲᠠ ᠶᠢᠨ ᠳᠠᠭᠠᠳᠬᠠᠯ ᠢᠶᠠᠷ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢ ᠲᠦᠷᠭᠡᠳᠬᠡᠨ ᠨᠠᠶᠢᠳᠠᠪᠤᠷᠢᠵᠢᠭᠤᠯᠵᠤ᠂ ᠳᠠᠭᠠᠳᠬᠠᠯ ᠳᠤ ᠣᠷᠣᠯᠴᠠᠭᠰᠠᠨ ᠠᠵᠤ ᠠᠬᠤᠶᠢᠯᠠᠯ ᠤᠨ ᠠᠵᠢᠯᠲᠠᠨ ᠢ ᠬᠠᠰᠤᠬᠤ ᠦᠭᠡᠢ᠂ ᠠᠵᠢᠯᠲᠠᠨ ᠢᠶᠠᠨ ᠴᠥᠭᠡᠨ ᠬᠠᠰᠤᠬᠤ ᠶᠢ ᠳᠡᠮᠵᠢᠬᠦ ᠬᠡᠷᠡᠭᠲᠡᠶ ᠭᠡᠵᠦ ᠱᠠᠭᠠᠷᠳᠠᠪᠠ᠃ ᠡᠭᠦᠨ ᠳᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠪᠣᠯ 2020 ᠣᠨ ᠤ 12 ᠳ᠋ᠤᠭᠠᠷ ᠰᠠᠷ᠎ᠠ ᠶᠢᠨ 31᠎ ᠤ ᠡᠳᠦᠷ ᠠᠴᠠ ᠡᠮᠦᠨ᠎ᠡ ᠪᠤᠴᠠᠭᠠᠬᠤ ᠪᠠᠷᠢᠮᠵᠢᠶ᠎ᠠ ᠶᠢ ᠬᠠᠮᠤᠭ ᠤᠨ ᠥᠨᠳᠥᠷ ᠲᠤ ᠪᠠᠨ ᠠᠵᠤ ᠠᠬᠤᠶᠢᠯᠠᠯ ᠵᠢᠴᠢ ᠠᠵᠢᠯᠲᠠᠨ ᠠᠵᠢᠯᠴᠢᠨ ᠤ ᠲᠦᠷᠦᠭᠦᠤ ᠵᠢᠯ ᠤᠨ ᠲᠤᠰᠢᠶᠠᠭᠰᠠᠨ ᠠᠵᠢᠯ ᠠᠯᠳᠠᠭᠰᠠᠳ ᠤᠨ ᠳᠠᠭᠠᠳᠬᠠᠯ ᠤᠨ ᠵᠠᠷᠤᠳᠠᠯ ᠤᠨ 100%᠎ ᠳᠤ ᠪᠣᠯᠲᠠᠯ᠎ᠠ ᠳᠡᠭᠡᠭᠰᠢᠯᠡᠭᠦᠯᠬᠦ ᠪᠣᠯᠤᠨ᠎ᠠ᠃ ᠡᠨᠡ ᠵᠢᠯ 50%᠎ ᠶᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ ᠬᠠᠷᠠᠭᠠᠯᠵᠠᠯ ᠬᠦᠷᠲᠡᠭᠡᠵᠦ ᠪᠠᠶᠢᠭ᠎ᠠ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ᠂ ᠡᠯ᠎ᠡ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠨᠤᠭᠤᠳ ᠵᠥᠷᠢᠶ᠎ᠡ ᠶᠢ ᠨᠢ ᠨᠥᠬᠦᠵᠦ ᠪᠤᠴᠠᠭᠠᠬᠤ ᠶᠢ ᠱᠠᠯᠠᠪᠳᠠᠵᠤ᠂ 6 ᠳ᠋ᠤᠭᠠᠷ ᠰᠠᠷ᠎ᠠ ᠶᠢᠨ ᠡᠴᠦᠰ ᠲᠤ ᠨᠥᠬᠦᠵᠦ ᠣᠯᠭᠤᠬᠤ ᠪᠠᠨ ᠪᠣᠳᠠᠲᠠᠶᠢᠵᠢᠭᠤᠯᠬᠤ ᠪᠠᠷ ᠴᠢᠷᠮᠠᠶᠢᠬᠤ ᠬᠡᠷᠡᠭᠲᠡᠢ᠃ ᠲᠦᠷ ᠴᠠᠭ ᠤᠨ ᠴᠢᠨᠠᠷᠲᠠᠶ ᠦᠢᠯᠡᠳᠪᠦᠷᠢᠯᠡᠯ ᠡᠵᠡᠩᠨᠡᠯᠲᠡ ᠶᠢᠨ ᠬᠦᠴᠢᠷᠳᠡᠯ ᠳᠤ ᠲᠤᠯᠭᠠᠷᠠᠭᠰᠠᠨ ᠪᠣᠯᠪᠠᠴᠤ ᠰᠡᠷᠭᠦᠬᠦ ᠪᠣᠯᠤᠮᠵᠢ ᠲᠠᠢ ᠪᠦᠭᠡᠳ ᠠᠵᠢᠯᠲᠠᠨ ᠢᠶᠠᠨ ᠬᠠᠰᠤᠬᠤ ᠦᠭᠡᠢ ᠪᠤᠶᠤ ᠠᠵᠢᠯᠲᠠᠨ ᠢᠶᠠᠨ ᠴᠦᠬᠡᠨ ᠬᠠᠰᠤᠬᠤ ᠶᠢ ᠪᠠᠷᠢᠮᠲᠠᠯᠠᠵᠤ ᠪᠠᠶᠢᠭ᠎ᠠ ᠳᠠᠭᠠᠳᠬᠠᠯ ᠳᠤ ᠣᠷᠣᠯᠴᠠᠭᠰᠠᠨ ᠠᠵᠤ ᠠᠬᠤᠶᠢᠯᠠᠯ ᠳᠤ᠂ ᠪᠤᠴᠠᠭᠠᠬᠤ ᠪᠠᠷᠢᠮᠵᠢᠶ᠎ᠠ ᠶᠢ ᠲᠤᠬᠠᠶ ᠶᠢᠨ ᠭᠠᠵᠠᠷ ᠤᠨ 6 ᠰᠠᠷ᠎ᠠ ᠶᠢᠨ ᠬᠥᠮᠦᠨ ᠪᠦᠷᠢ ᠶᠢᠨ ᠳᠤᠮᠳᠠᠴᠢ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠪᠣᠯᠤᠨ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠲᠤᠭ᠎ᠠ ᠠᠴᠠ ᠬᠡᠲᠦᠷᠡᠭᠦᠯᠬᠦ ᠦᠭᠡᠢ ᠪᠠᠷ ᠲᠣᠭᠲᠠᠭᠠᠬᠤ ᠪᠤᠶᠤ ᠠᠵᠤ ᠠᠬᠤᠶᠢᠯᠠᠯ ᠵᠢᠴᠢ ᠠᠵᠢᠯᠲᠠᠨ ᠠᠵᠢᠯᠴᠢᠨ ᠤ 3 ᠰᠠᠷ᠎ᠠ ᠶᠢᠨ ᠲᠤᠰᠢᠶᠠᠭᠰᠠᠨ ᠨᠡᠶᠢᠭᠡᠮ ᠤᠨ ᠳᠠᠭᠠᠳᠬᠠᠯ ᠤᠨ ᠵᠠᠷᠤᠳᠠᠯ ᠠᠴᠠ ᠬᠡᠲᠦᠷᠡᠭᠦᠯᠬᠦ ᠦᠭᠡᠢ ᠪᠠᠷ ᠲᠣᠭᠲᠠᠭᠠᠵᠤ ᠪᠣᠯᠣᠨ᠎ᠠ᠃ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠤ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠡᠷᠭᠢᠯᠳᠦᠭᠦᠯᠦᠨ ᠬᠠᠳᠠᠭᠠᠯᠠᠭᠰᠠᠨ ᠦᠯᠡᠳᠡᠪᠦᠷᠢ ᠶᠢ ᠥᠭᠴᠦ ᠳᠡᠶᠢᠯᠬᠦ ᠦᠭᠡᠶ ᠪᠣᠯ ᠥᠪᠡᠷᠲᠡᠭᠡᠨ ᠵᠠᠰᠠᠬᠤ ᠣᠷᠣᠨ ᠤ ᠲᠣᠬᠢᠷᠠᠭᠤᠯᠭ᠎ᠠ ᠶᠢᠨ ᠮᠥᠩᠭᠦ ᠶᠢ ᠭᠤᠶᠤᠴᠢᠯᠠᠵᠤ ᠪᠣᠯᠤᠨ᠎ᠠ᠃      ᠠᠵᠤ ᠠᠬᠤᠶᠢᠯᠠᠯ ᠳᠤ ᠦᠵᠡᠭᠦᠯᠬᠦ ᠠᠵᠢᠯ ᠢᠶᠠᠷ ᠪᠣᠯᠪᠠᠰᠤᠷᠠᠭᠤᠯᠤᠯ ᠢ ᠣᠷᠣᠯᠠᠭᠤᠯᠬᠤ ᠳᠡᠮᠵᠢᠯᠭᠡ ᠪᠠᠨ ᠨᠡᠮᠡᠭᠳᠡᠭᠦᠯᠬᠦ ᠲᠠᠯ᠎ᠠ ᠪᠠᠷ᠂ ᠡᠯ᠎ᠡ ᠭᠠᠵᠠᠷ ᠲᠤ ᠱᠠᠭᠠᠷᠳᠠᠭᠰᠠᠨ ᠨᠢ ᠳᠤᠮᠳᠠ ᠵᠢᠵᠢᠭ ᠪᠢᠴᠢᠯ ᠠᠵᠤ ᠠᠬᠤᠶᠢᠯᠠᠯ ᠤᠳ ᠠᠵᠢᠯ ᠣᠯᠬᠤ ᠳᠤ ᠬᠦᠴᠢᠷᠲᠡᠶ ᠬᠥᠮᠦᠰ ︵ᠵᠡᠮᠳᠡᠭ ᠬᠥᠮᠦᠨ ᠪᠠᠭᠲᠠᠨ᠎ᠠ︶᠂ ᠶᠠᠭ ᠠᠵᠢᠯ ᠣᠯᠭᠤᠯᠲᠠ ᠦᠭᠡᠶ ᠭᠡᠷ ᠪᠦᠯᠢ ᠶᠢᠨ ᠪᠦᠷᠢᠯᠳᠦᠬᠦᠨ᠂ ᠰᠤᠷᠭᠠᠭᠤᠯᠢ ᠠᠴᠠ ᠪᠠᠨ ᠰᠠᠯᠤᠭᠠᠳ ᠬᠤᠶᠠᠷ ᠵᠢᠯ ᠪᠣᠯᠵᠤ ᠪᠠᠶᠢᠭ᠎ᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠠᠵᠢᠯ ᠠᠯᠳᠠᠭᠰᠠᠨ ᠢᠶᠠᠷ ᠳᠠᠩᠰᠠᠯᠠᠭᠤᠯᠤᠭᠰᠠᠨ ᠬᠥᠮᠥᠰ ᠢ ᠰᠢᠨ᠎ᠡ ᠪᠠᠷ ᠡᠯᠰᠡᠨ ᠠᠵᠢᠯ ᠣᠯᠭᠤᠬᠤ ᠬᠡᠷᠡᠭᠲᠡᠢ᠂ ᠠᠵᠢᠯ ᠢᠶᠠᠷ ᠪᠣᠯᠪᠠᠰᠤᠷᠠᠭᠤᠯᠤᠯ ᠢ ᠣᠷᠣᠯᠠᠭᠤᠯᠤᠭᠰᠠᠨ ᠪᠣᠯ᠂ ᠬᠦᠯᠢᠶᠡᠨ ᠠᠪᠤᠭᠰᠠᠨ ᠬᠥᠮᠦᠨ ᠤ ᠲᠤᠭ᠎ᠠ ᠶᠢ ᠦᠨᠳᠦᠰᠦᠯᠡᠨ ᠠᠵᠤ ᠠᠬᠤᠶᠢᠯᠠᠯ ᠤᠨ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠨᠥᠬᠦᠪᠥᠷᠢ ᠥᠭᠴᠦ ᠪᠣᠯᠤᠨ᠎ᠠ᠃ ᠬᠢᠵᠢᠭ ᠤᠨ ᠨᠥᠯᠥᠭᠡ ᠠᠴᠠ ᠪᠣᠯᠵᠤ ᠦᠢᠯᠡᠳᠪᠦᠷᠢᠯᠡᠯ ᠡᠵᠡᠩᠨᠡᠯᠲᠡ ᠨᠢ ᠲᠦᠷ ᠴᠠᠭ ᠤᠨ ᠬᠦᠴᠢᠷᠳᠡᠯ ᠲᠣᠯᠭᠠᠷᠠᠭᠠᠳ ᠠᠵᠢᠯ ᠡᠵᠡᠩᠨᠡᠯᠲᠡ ᠪᠠᠨ ᠵᠣᠭᠰᠣᠭᠠᠭᠰᠠᠨ ᠳᠤᠮᠳᠠ ᠵᠢᠵᠢᠭ ᠪᠢᠴᠢᠯ ᠠᠵᠤ ᠠᠬᠤᠶᠢᠯᠠᠯ ᠠᠵᠢᠯᠲᠠᠨ ᠠᠵᠢᠯᠴᠢᠳ ᠢᠶᠠᠨ ᠵᠣᠬᠢᠶᠠᠨ ᠪᠠᠶᠢᠭᠤᠯᠤᠨ ᠠᠵᠢᠯ ᠢᠶᠠᠷ ᠪᠣᠯᠪᠠᠰᠤᠷᠠᠭᠤᠯᠤᠯ ᠢ ᠣᠷᠣᠭᠤᠯᠤᠭᠰᠠᠨ ᠪᠤᠶᠤ ᠠᠵᠢᠯ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠢ ᠦᠷᠨᠢᠭᠦᠯᠦᠭᠰᠡᠨ ᠪᠣᠯ ᠠᠵᠢᠯ ᠢᠶᠠᠷ ᠪᠣᠯᠪᠠᠰᠤᠷᠠᠭᠤᠯᠤᠯ ᠢ ᠣᠷᠣᠯᠠᠭᠤᠯᠤᠭᠰᠠᠨ ᠬᠥᠮᠦᠨ ᠤ ᠲᠤᠭ᠎ᠠ ᠪᠤᠶᠤ ᠪᠣᠯᠪᠠᠰᠤᠷᠠᠭᠤᠯᠤᠭᠰᠠᠨ ᠬᠥᠮᠦᠨ ᠤ ᠲᠤᠭ᠎ᠠ ᠪᠠᠷ ᠠᠵᠤ ᠠᠬᠤᠶᠢᠯᠠᠯ ᠪᠤᠶᠤ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠡᠷᠬᠢᠯᠡᠭᠰᠡᠨ ᠠᠵᠢᠯ ᠤᠨ ᠪᠣᠯᠪᠠᠰᠤᠷᠠᠭᠤᠯᠤᠯ ᠤᠨ ᠨᠥᠬᠦᠪᠥᠷᠢ ᠥᠭᠴᠦ ᠪᠣᠯᠤᠨ᠎ᠠ᠃ ᠭᠠᠳᠠᠭᠠᠳᠤ ᠠᠷᠠᠯᠵᠢᠶ᠎ᠠ᠂ ᠬᠤᠨᠤᠭ ᠢᠳᠡᠭᠡᠨ᠂ ᠰᠣᠶᠣᠯ ᠵᠢᠭᠤᠯᠴᠢᠯᠠᠯ᠂ ᠵᠠᠮ ᠲᠡᠭᠡᠭᠡᠪᠦᠷᠢ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠵᠡᠷᠭᠡ ᠠᠵᠢᠯ ᠲᠥᠷᠥᠯ ᠤᠨ ᠡᠯ᠎ᠡ ᠲᠥᠷᠥᠯ ᠤᠨ ᠠᠵᠤ ᠠᠬᠤᠶᠢᠯᠠᠯ ᠤᠨ ᠠᠵᠢᠯ ᠢᠶᠠᠷ ᠪᠣᠯᠪᠠᠰᠤᠷᠠᠭᠤᠯᠤᠯ ᠢ ᠣᠷᠣᠯᠠᠭᠤᠯᠬᠤ ᠶᠢ ᠨᠢ ᠳᠠᠮᠵᠢᠵᠤ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠨᠥᠬᠦᠪᠥᠷᠢ ᠣᠯᠭᠤᠬᠤ ᠬᠡᠷᠡᠭᠲᠡᠢ᠃ ᠠᠵᠢᠯ ᠢᠶᠠᠷ ᠪᠣᠯᠪᠠᠰᠤᠷᠠᠭᠤᠯᠤᠯ ᠢ ᠣᠷᠣᠯᠠᠭᠤᠯᠬᠤ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠨᠥᠬᠦᠪᠥᠷᠢ ᠶᠢᠨ ᠪᠠᠷᠢᠮᠵᠢᠶ᠎ᠠ ᠶᠢ ᠬᠥᠮᠦᠨ ᠪᠦᠷᠢ ᠰᠠᠷ᠎ᠠ ᠳᠤ 600 ᠲᠥᠭᠦᠷᠢᠭ ᠤᠨ ᠶᠣᠰᠣᠭᠠᠷ ᠬᠡᠷᠡᠭᠵᠢᠭᠦᠯᠬᠦ ᠬᠡᠷᠡᠭᠲᠡᠢ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠨᠥᠬᠦᠪᠥᠷᠢ ᠶᠢᠨ ᠬᠤᠭᠤᠴᠠᠭ᠎ᠠ ᠶᠢ ᠬᠠᠮᠤᠭ ᠤᠨ ᠤᠷᠲᠤ ᠳᠤ ᠪᠠᠨ 6 ᠰᠠᠷ᠎ᠠ ᠠᠴᠠ ᠬᠡᠲᠦᠷᠡᠭᠦᠯᠵᠦ ᠪᠣᠯᠬᠤ ᠦᠭᠡᠶ ᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号