ᠥᠪᠦᠷ ᠵᠠᠰᠠᠭ ᠠᠯᠪᠠᠨ ᠲᠠᠷᠬᠠᠭᠠᠭᠰᠠᠨ ﹇2020﹈ 11 ᠳ᠋ᠦ᠋ᠭᠡᠷ ᠲᠣᠭᠠᠲᠤ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ ᠳᠤ᠄ | ᠲᠤᠭ᠎ᠠ ᠪᠦᠷᠢᠳᠬᠡᠯ ᠤᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ | ᠲᠤᠭ᠎ᠠ ᠪᠦᠷᠢᠳᠬᠡᠯ ᠤᠨ ᠳ᠋ᠠᠶᠢᠲ᠋ᠠ ᠶᠢᠨ ᠦᠨᠡᠨ ᠪᠣᠳᠠᠲᠤ ᠴᠢᠨᠠᠷ ᠢ ᠳᠡᠭᠡᠭᠰᠢᠯᠡᠭᠦᠯᠬᠦ ᠲᠤᠬᠠᠶ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠪᠦᠬᠦ ᠣᠷᠣᠨ ᠤ ᠰᠤᠮᠤ ᠰᠢᠶᠠᠩ ᠪᠠᠯᠭᠠᠰᠤᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠵᠢᠴᠢ ᠲᠤᠭ᠎ᠠ ᠪᠦᠷᠢᠳᠭᠡᠯ ᠤᠨ ᠲᠠᠯ᠎ᠠ ᠪᠠᠷ ᠰᠢᠶᠠᠩ ᠪᠠᠯᠭᠠᠰᠤᠨ ᠤ ᠱᠠᠳᠤ ᠲᠠᠢ ᠠᠳᠠᠯᠢ ᠪᠠᠷ ᠦᠵᠡᠬᠦ ᠨᠢᠭᠡᠴᠢ︶ | ᠤ ᠲᠤᠭ᠎ᠠ ᠪᠦᠷᠢᠳᠭᠡᠯ ᠤᠨ ᠰᠠᠭᠤᠷᠢ ᠠᠵᠢᠯ᠂ ᠦᠨᠳᠦᠰᠦᠨ ᠱᠠᠲᠤᠨ ᠤ ᠡᠩᠨᠡᠭᠡ ᠪᠠ ᠦᠨᠳᠦᠰᠦᠨ ᠴᠢᠳᠠᠪᠤᠷᠢ ᠶᠢᠨ | ᠪᠠᠶᠢᠭᠤᠯᠤᠯᠲᠠ ᠶᠢ ᠲᠣᠭᠲᠠᠭᠤᠨ ᠢᠶᠠᠷ ᠠᠬᠢᠭᠤᠯᠤᠨ᠂ ᠡᠬᠢ ᠢᠷᠡᠯᠲᠡ ᠶᠢᠨ ᠪᠦᠷᠢᠳᠬᠡᠯ ᠤᠨ ᠳ᠋ᠠᠶᠢᠲ᠋ᠠ ᠶᠢᠨ ᠴᠢᠨᠠᠷ | ᠴᠢᠨᠰᠠᠭ᠎ᠠ ᠶᠢ ᠤᠯᠠᠮ ᠨᠢᠭᠡ ᠠᠯᠬᠤᠮ ᠪᠠᠲᠤᠳᠬᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠲᠤᠭ᠎ᠠ ᠪᠦᠷᠢᠳᠬᠡᠯ ᠤᠨ ᠬᠠᠤᠯᠢ︾ ᠵᠢᠴᠢ ᠬᠡᠷᠡᠭᠵᠢᠭᠦᠯᠬᠦ ᠳᠦᠷᠢᠮ ᠪᠠ ᠬᠤᠰᠢᠭᠤ ᠰᠢᠶᠠᠨ ᠰᠤᠮᠤ | ᠰᠢᠶᠠᠩ ᠬᠤᠶᠠᠷ ᠱᠠᠲᠤᠨ ᠤ ᠲᠤᠭ᠎ᠠ ᠪᠦᠷᠢᠳᠬᠡᠯ ᠤᠨ ᠠᠵᠢᠯ ᠤᠨ ᠵᠢᠷᠤᠮᠵᠢᠯ ᠤᠨ ᠲᠤᠬᠠᠶ ᠤᠯᠤᠰ ᠤᠨ ᠲᠤᠭ᠎ᠠ | ᠪᠦᠷᠢᠳᠬᠡᠯ ᠤᠨ ᠲᠣᠪᠴᠢᠶ᠎ᠠ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠪᠦᠬᠦ ᠣᠷᠣᠨ ᠤ ᠰᠤᠮᠤ ᠰᠢᠶᠠᠩ | ᠪᠠᠯᠭᠠᠰᠤᠨ ᠤ ᠲᠤᠭ᠎ᠠ ᠪᠦᠷᠢᠳᠬᠡᠯ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠵᠢᠷᠤᠮᠵᠢᠭᠤᠯᠬᠤ ᠳᠤ | ᠳᠣᠤᠷᠠᠬᠢ ᠮᠡᠲᠦ ᠰᠠᠨᠠᠯ ᠢ ᠳᠤᠷᠠᠳᠪᠠ᠃ | ᠨᠢᠭᠡ᠂ ᠶᠡᠷᠦᠩᠬᠡᠶ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠶᠡᠷᠦᠩᠬᠡᠶ ᠱᠦᠵᠢ | ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ | ᠲᠤᠭᠤᠰᠢᠯᠠᠭᠤᠯᠤᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠠᠴᠠ ᠳᠤᠷᠠᠳᠤᠨ ᠭᠠᠷᠭᠠᠭᠰᠠᠨ ︽ᠲᠤᠭ᠎ᠠ ᠪᠦᠷᠢᠳᠬᠡᠯ ᠤᠨ | ᠪᠠᠶᠢᠭᠤᠯᠤᠯ ᠢ ᠲᠡᠭᠦᠯᠳᠡᠷᠵᠢᠭᠦᠯᠬᠦ︾ ︽ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠶᠢᠨ | ᠦᠢᠯᠡᠳᠦᠯ ᠢ ᠪᠠᠳᠠᠷᠠᠭᠤᠯᠬᠤ︾ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠤᠬᠠᠶ ᠶᠢᠨ ᠭᠠᠵᠠᠷ ᠲᠤ | ᠨᠢ ᠲᠣᠬᠢᠷᠠᠭᠤᠯᠤᠨ ᠳᠡᠭᠡᠳᠦ ᠳᠣᠣᠷᠠᠳᠤ ᠱᠠᠲᠤ ᠬᠠᠮᠲᠤᠷᠠᠨ ᠬᠦᠳᠡᠯᠦᠯᠴᠡᠵᠦ ᠪᠠᠷᠢᠮᠵᠢᠶ᠎ᠠ ᠪᠠᠨ ᠨᠢᠭᠡᠳᠭᠡᠨ | ᠵᠢᠷᠤᠮᠵᠢᠭᠤᠯᠵᠤ ᠡᠮᠬᠢ ᠵᠢᠷᠤᠮ ᠲᠠᠢ ᠪᠠᠶᠢᠯᠭᠠᠬᠤ ᠵᠠᠷᠴᠢᠮ ᠢ ᠪᠠᠷᠢᠮᠲᠠᠯᠠᠨ᠂ ᠰᠤᠮᠤ ᠰᠢᠶᠠᠩ ᠪᠠᠯᠭᠠᠰᠤᠨ ᠤ ᠲᠤᠭ᠎ᠠ | ᠪᠦᠷᠢᠳᠬᠡᠯ ᠤᠨ ᠠᠵᠢᠯ ᠤᠨ ᠣᠷᠣᠨ ᠲᠤᠭ᠎ᠠ ᠲᠠᠢ ᠪᠠᠶᠢᠬᠤ᠂ ᠠᠵᠢᠯᠲᠠᠨ ᠲᠠᠢ ᠪᠠᠶᠢᠬᠤ᠂ ᠵᠠᠷᠤᠳᠠᠯ ᠲᠠᠢ ᠪᠠᠶᠢᠬᠤ᠂ | ᠲᠠᠯᠠᠪᠤᠷ ᠲᠠᠢ ᠪᠠᠶᠢᠬᠤ᠂ ᠲᠥᠬᠦᠭᠡᠷᠦᠮᠵᠢ ᠲᠠᠢ ᠪᠠᠶᠢᠬᠤ᠂ ᠰᠦᠯᠵᠢᠶ᠎ᠡ ᠲᠠᠢ ᠪᠠᠶᠢᠬᠤ᠂ ᠳᠦᠷᠢᠮ ᠲᠠᠢ ᠪᠠᠶᠢᠬᠤ᠂ | ᠪᠣᠯᠪᠠᠰᠤᠷᠠᠭᠤᠯᠵᠦ ᠪᠠᠶᠢᠬᠤ ᠪᠠ ᠲᠤᠭ᠎ᠠ ᠪᠦᠷᠢᠳᠬᠡᠯ ᠤᠨ ᠬᠠᠮᠢᠶᠠᠷᠤᠯᠲᠠ ᠶᠢ ᠳᠦᠷᠢᠮᠵᠢᠭᠦᠯᠬᠦ᠂ ᠲᠤᠭ᠎ᠠ | ᠪᠦᠷᠢᠳᠬᠡᠯ ᠤᠨ ᠠᠵᠢᠯᠲᠠᠨ ᠢ ᠲᠤᠰᠬᠠᠶᠢᠵᠢᠭᠤᠯᠬᠤ᠂ ᠲᠤᠭ᠎ᠠ ᠪᠦᠷᠢᠳᠬᠡᠯ ᠤᠨ ᠮᠡᠳᠡᠭᠦᠯᠦᠯᠲᠡ ᠶᠢᠨ ᠬᠦᠰᠦᠨᠦᠭᠲᠦ ᠶᠢ | ᠪᠠᠷᠢᠮᠵᠢᠶᠠᠵᠢᠭᠤᠯᠬᠤ᠂ ᠲᠤᠭ᠎ᠠ ᠪᠦᠷᠢᠳᠬᠡᠯ ᠤᠨ ᠡᠬᠡ ᠳᠠᠩᠰᠠ ᠶᠢ ᠡᠯᠧᠺᠲᠷᠤᠨᠵᠢᠭᠦᠯᠬᠦ᠂ ᠲᠤᠭ᠎ᠠ ᠪᠦᠷᠢᠳᠬᠡᠯ ᠤᠨ | ᠮᠠᠲ᠋ᠧᠷᠢᠶᠠᠯ ᠢ ᠳᠠᠩᠰᠠ ᠡᠪᠬᠡᠮᠡᠯᠵᠢᠭᠦᠯᠬᠦ᠂ ᠲᠤᠭ᠎ᠠ ᠪᠦᠷᠢᠳᠬᠡᠯ ᠤᠨ ᠠᠵᠢᠯ ᠢ ᠬᠠᠤᠯᠢᠵᠢᠭᠤᠯᠬᠤ᠂ ᠲᠤᠭ᠎ᠠ | ᠪᠦᠷᠢᠳᠬᠡᠯ ᠤᠨ ᠮᠡᠳᠡᠭᠡ ᠵᠠᠩᠭᠢ ᠶᠢ ᠰᠦᠯᠵᠢᠶᠡᠵᠢᠭᠦᠯᠬᠦ᠂ ᠲᠤᠭ᠎ᠠ ᠪᠦᠷᠢᠳᠬᠡᠯ ᠤᠨ ᠤᠬᠠᠭᠤᠯᠭ᠎ᠠ ᠶᠢ | ᠪᠠᠶᠢᠩᠭᠤᠵᠢᠭᠤᠯᠬᠤ ᠶᠢ ᠪᠡᠶᠡᠯᠡᠭᠦᠯᠬᠦ ᠪᠠᠷ ᠬᠠᠷᠠᠯᠲᠠ ᠪᠣᠯᠭᠠᠵᠤ᠂ ᠰᠤᠮᠤ ᠰᠢᠶᠠᠩ ᠪᠠᠯᠭᠠᠰᠤᠨ ᠳᠠᠬᠢ ᠲᠤᠭ᠎ᠠ | ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠨ ᠠᠬᠢᠭᠤᠯᠵᠤ᠂ | ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠠᠵᠢᠯ ᠤᠨ ᠬᠠᠮᠢᠶᠠᠷᠤᠯᠲᠠ ᠶᠢ ᠵᠢᠷᠤᠮᠵᠢᠭᠤᠯᠵᠤ᠂ ᠡᠬᠢ | ᠢᠷᠡᠯᠲᠠ ᠶᠢᠨ ᠲᠤᠭ᠎ᠠ ᠪᠦᠷᠢᠳᠬᠡᠯ ᠤᠨ ᠳ᠋ᠠᠶᠢᠲ᠋ᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠥᠪᠡᠷᠲᠡᠭᠡᠨ | ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ ᠲᠤᠯᠭᠠᠭᠤᠷᠢᠯᠠᠯ | ᠬᠠᠩᠭᠠᠨ᠎ᠠ᠃ | ᠬᠤᠶᠠᠷ᠂ ᠭᠤᠣᠯᠳᠠᠯᠭ᠎ᠠ ᠲᠠᠢ ᠡᠭᠦᠷᠭᠡ | ︵ᠨᠢᠭᠡ︶ ᠰᠤᠮᠤ ᠰᠢᠶᠠᠩ ᠪᠠᠯᠭᠠᠰᠤᠨ ᠤ ᠲᠤᠭ᠎ᠠ ᠪᠦᠷᠢᠳᠬᠡᠯ ᠤᠨ ᠡᠭᠦᠷᠭᠡ ᠴᠢᠳᠠᠪᠤᠷᠢ ᠡᠭᠦᠷᠭᠡ | ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠤᠨ᠎ᠠ᠃ ᠰᠤᠮᠤ ᠰᠢᠶᠠᠩ ᠪᠠᠯᠭᠠᠰᠤᠨ ᠤ ᠲᠤᠭ᠎ᠠ ᠪᠦᠷᠢᠳᠬᠡᠯ ᠤᠨ | ᠡᠭᠦᠷᠭᠡ ᠴᠢᠳᠠᠪᠤᠷᠢ ᠶᠢ ᠳᠠᠭᠠᠭᠠᠨ ᠡᠭᠦᠷᠭᠡᠯᠡᠭᠰᠡᠨ ᠨᠠᠮ ᠵᠠᠰᠠᠭ ᠤᠨ ᠪᠠᠶᠢᠭᠤᠯᠤᠮᠵᠢ ᠨᠢ ᠲᠤᠭ᠎ᠠ ᠪᠦᠷᠢᠳᠬᠡᠯ ᠤᠨ | ᠲᠤᠬᠠᠶᠢᠯᠠᠭᠰᠠᠨ ᠠᠵᠢᠯ ᠳᠤ ᠳᠡᠭᠡᠲᠥ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ | ᠪᠠᠶᠢᠭᠤᠯᠤᠮᠵᠢ ᠶᠢᠨ ᠤᠳᠤᠷᠢᠳᠤᠯᠭ᠎ᠠ ᠶᠢ ᠭᠦᠯᠢᠶᠡᠵᠦ᠂ ᠲᠤᠰ ᠵᠠᠰᠠᠭ ᠵᠠᠬᠢᠷᠭᠠᠨ ᠤ ᠣᠷᠣᠨ ᠳᠠᠬᠢ ᠲᠤᠭ᠎ᠠ | ᠪᠦᠷᠢᠳᠬᠡᠯ ᠤᠨ ᠠᠵᠢᠯ ᠤᠨ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠵᠣᠬᠢᠴᠠᠭᠤᠯᠬᠤ ᠶᠢ ᠬᠠᠷᠢᠭᠤᠴᠠᠨ᠂ ᠵᠠᠰᠠᠭ ᠤᠨ | ᠣᠷᠳᠣᠨ ᠤ ᠶᠡᠷᠦᠩᠬᠡᠶᠢᠯᠡᠭᠰᠡᠨ ᠲᠤᠭ᠎ᠠ ᠪᠦᠷᠢᠳᠬᠡᠯ ᠤᠨ ᠡᠭᠦᠷᠭᠡ ᠴᠢᠳᠠᠪᠤᠷᠢ ᠶᠢ ᠭᠦᠢᠴᠡᠳᠭᠡᠵᠦ᠂ ᠭᠠᠴᠠᠭ᠎ᠠ | ᠲᠣᠰᠬᠤᠨ ︵ᠰᠠᠭᠤᠭᠠᠯᠢ ᠲᠣᠭᠤᠷᠢᠭ︶ ᠤ ᠠᠷᠠᠳ ᠤᠨ ᠵᠥᠪᠯᠡᠯ ᠢ ᠵᠢᠭᠠᠨ ᠵᠢᠯᠣᠭᠤᠳᠴᠦ ᠪᠠᠶᠢᠭᠠᠳ ᠲᠤᠭ᠎ᠠ | ᠪᠦᠷᠢᠳᠬᠡᠯ ᠤᠨ ᠳᠦᠷᠢᠮ ᠤᠨ ᠲᠣᠭᠲᠠᠭᠠᠯ ᠶᠣᠰᠣᠭᠠᠷ ᠰᠣᠳᠣᠯᠤᠨ ᠪᠠᠶᠢᠴᠠᠭᠠᠭᠰᠠᠨ ᠳ᠋ᠠᠶᠢᠲ᠋ᠠ ᠶᠢ ᠴᠤᠭᠯᠠᠭᠤᠯᠤᠨ᠎ᠠ︔ | ᠠᠵᠤ ᠠᠬᠤᠶ᠂ ᠬᠥᠮᠦᠨ ᠠᠮᠠ᠂ ᠲᠠᠷᠢᠶᠠᠯᠠᠩ ᠮᠠᠯ ᠠᠵᠤ ᠠᠬᠤᠶ ᠵᠡᠷᠭᠡ ᠴᠢᠬᠤᠯᠠ ᠶᠡᠭᠡ ᠤᠯᠤᠰ ᠤᠨ ᠪᠠᠶᠢᠳᠠᠯ | ᠤᠯᠤᠰ ᠤᠨ ᠬᠦᠴᠦᠨ ᠤ ᠨᠡᠶᠢᠳᠡᠮ ᠪᠠᠶᠢᠴᠠᠭᠠᠵᠤ ᠰᠣᠳᠣᠯᠤᠨ ᠪᠠᠶᠢᠴᠠᠭᠠᠬᠤ ᠠᠵᠢᠯ᠂ ᠵᠢᠴᠢ ᠳᠡᠭᠡᠲᠥ ᠱᠠᠲᠤᠨ ᠤ | ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠪᠠᠶᠢᠷᠢᠯᠠᠭᠤᠯᠤᠭᠰᠠᠨ ᠡᠯ᠎ᠡ ᠵᠦᠢᠯ ᠤᠨ ᠲᠤᠭ᠎ᠠ ᠪᠦᠷᠢᠳᠬᠡᠯ ᠤᠨ | ᠰᠣᠳᠣᠯᠣᠨ ᠪᠠᠶᠢᠴᠠᠭᠠᠬᠤ ᠶᠢᠨ ᠡᠭᠦᠷᠭᠡ ᠶᠢ ᠬᠠᠷᠢᠭᠤᠴᠠᠨ ᠪᠡᠶᠡᠯᠡᠭᠦᠯᠦᠨ᠎ᠡ᠂ ᠡᠭᠦᠨ ᠳᠤ ᠰᠢᠶᠠᠩ ᠪᠠᠯᠭᠠᠰᠤᠨ ᠤ ᠺᠠᠷᠲ | ᠭᠠᠴᠠᠭ᠎ᠠ ᠲᠣᠰᠬᠤᠨ ᠤ ᠺᠠᠷᠲ ᠢ ᠲᠠᠭᠯᠠᠨ ᠮᠡᠳᠡᠭᠦᠯᠬᠦ᠂ ᠲᠠᠷᠢᠶᠠᠯᠠᠩ ᠣᠢ ᠰᠢᠭᠤᠶ ᠮᠠᠯ ᠠᠵᠤ ᠠᠬᠤᠶ ᠵᠢᠭᠠᠰᠤᠨ ᠤ | ᠠᠵᠤ ᠠᠬᠤᠢ ᠶᠢᠨ ᠲᠤᠭ᠎ᠠ ᠪᠦᠷᠢᠳᠬᠡᠯ᠂ ᠮᠠᠯ ᠠᠵᠤ ᠠᠬᠤᠢ ᠶᠢᠨ ᠰᠣᠳᠣᠯᠣᠨ ᠪᠠᠶᠢᠴᠠᠭᠠᠯᠲᠠ᠂ ᠨᠡᠷᠡᠰ ᠤᠨ | ᠬᠥᠮᠥᠷᠭᠡ ᠶᠢᠨ ᠬᠠᠮᠠᠭᠠᠯᠠᠨ ᠠᠵᠢᠯᠯᠠᠬᠤ ᠵᠡᠷᠭᠡ ᠪᠠᠭᠲᠠᠨ᠎ᠠ᠃ ᠲᠤᠭ᠎ᠠ ᠪᠦᠷᠢᠳᠬᠡᠯ ᠤᠨ ᠳ᠋ᠠᠶᠢᠲ᠋ᠠ ᠶᠢ ᠭᠠᠳᠠᠭᠰᠢ | ᠬᠠᠩᠭᠠᠬᠤ ᠪᠠ ᠬᠡᠷᠡᠭᠯᠡᠬᠦ ᠳᠤ ᠳᠡᠭᠡᠳᠦ ᠱᠠᠲᠤᠨ ᠤ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠬᠠᠷᠭᠤᠭᠤᠯᠤᠨ | ᠲᠣᠭᠲᠠᠭᠠᠭᠰᠠᠨ ᠲᠤᠭ᠎ᠠ ᠪᠠᠷᠢᠮᠲᠠ ᠪᠠᠷ ᠪᠠᠷᠢᠮᠵᠢᠶ᠎ᠠ ᠪᠣᠯᠭᠠᠨ᠎ᠠ᠃ | ︵ᠬᠤᠶᠠᠷ︶ ᠰᠤᠮᠤ ᠰᠢᠶᠠᠩ ᠪᠠᠯᠭᠠᠰᠤᠨ ᠤ ᠲᠤᠭ᠎ᠠ ᠪᠦᠷᠢᠳᠬᠡᠯ ᠤᠨ ᠬᠦᠴᠦᠨ ᠢ ᠪᠦᠷᠢᠨᠰᠢᠭᠦᠯᠦᠨ ᠴᠢᠩᠭ᠎ᠠ | ᠲᠣᠬᠢᠷᠠᠭᠤᠯᠤᠨ᠎ᠠ᠃ ᠡᠯ᠎ᠡ ᠰᠤᠮᠤ ᠰᠢᠶᠠᠩ ᠪᠠᠯᠭᠠᠰᠤ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨᠲ᠋ᠤᠭ᠎ᠠ ᠪᠦᠷᠢᠳᠬᠡᠯ ᠤᠨ ᠬᠠᠤᠯᠢ︾ ᠵᠢᠴᠢ ᠬᠡᠷᠡᠭᠵᠢᠭᠦᠯᠬᠦ ᠳᠦᠷᠢᠮ ᠪᠠ ᠥᠪᠡᠷᠲᠡᠭᠡᠨ ᠵᠠᠰᠠᠬᠤ ᠣᠷᠣᠨ ᠤ | ᠰᠤᠮᠤ ᠰᠢᠶᠠᠩ ᠪᠠᠯᠭᠠᠰᠤ ᠪᠠ ᠵᠡᠭᠡᠯᠢ ᠭᠤᠳᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠱᠠᠭᠠᠷᠳᠠᠯᠭ᠎ᠠ | ᠶᠣᠰᠣᠭᠠᠷ᠂ ᠲᠤᠭ᠎ᠠ ᠪᠦᠷᠢᠳᠬᠡᠯ ᠤᠨ ᠠᠵᠢᠯ ᠤᠨ ᠪᠠᠶᠢᠷᠢ ᠶᠢ ᠲᠣᠬᠢᠷᠠᠭᠤᠯᠵᠤ᠂ ᠲᠤᠭ᠎ᠠ ᠪᠦᠷᠢᠳᠬᠡᠯ ᠤᠨ | ᠡᠭᠦᠷᠭᠡ ᠯᠦᠭᠡ ᠲᠣᠬᠢᠷᠠᠯᠴᠠᠭᠰᠠᠨ ᠲᠤᠰᠬᠠᠶ ᠲᠤᠰᠢᠶᠠᠯ ᠤᠨ ᠪᠤᠶᠤ ᠲᠤᠰᠢᠶᠠᠯ ᠬᠠᠪᠰᠤᠷᠭᠠᠭᠰᠠᠨ ᠲᠤᠭ᠎ᠠ | ᠪᠦᠷᠢᠳᠬᠡᠯ ᠤᠨ ᠠᠵᠢᠯᠲᠠᠨ ᠲᠣᠬᠢᠷᠠᠭᠤᠯᠬᠤ ᠶᠢᠨ ᠬᠠᠮᠲᠤ᠂ ᠬᠠᠷᠢᠶ᠎ᠠ ᠪᠦᠬᠦᠢ ᠭᠠᠴᠠᠭ᠎ᠠ ᠲᠣᠰᠬᠤᠨ ︵ᠰᠠᠭᠤᠭᠠᠯᠢ | ᠲᠣᠭᠤᠷᠢᠭ︶ ᠤ ᠠᠷᠠᠳ ᠤᠨ ᠵᠥᠪᠯᠡᠯ ᠢ ᠰᠢᠮᠳᠠᠭᠤᠯᠵᠤ ᠪᠠᠶᠢᠭᠠᠳ ᠲᠤᠭ᠎ᠠ ᠪᠦᠷᠢᠳᠬᠡᠯ ᠤᠨ ᠠᠵᠢᠯ ᠢ ᠬᠠᠷᠢᠭᠤᠴᠠᠬᠤ | ᠠᠵᠢᠯᠲᠠᠨ ᠢ ᠲᠣᠳᠣᠷᠬᠠᠶᠢᠯᠠᠵᠤ᠂ ᠲᠤᠭ᠎ᠠ ᠪᠦᠷᠢᠳᠬᠡᠯ ᠤᠨ ᠵᠣᠬᠢᠬᠤ ᠠᠵᠢᠯ ᠡᠭᠦᠷᠭᠡ ᠶᠢ ᠡᠭᠦᠷᠭᠡᠯᠡᠨ ᠳᠠᠭᠠᠭᠠᠯᠭᠠᠵᠤ᠂ | ᠭᠠᠴᠠᠭ᠎ᠠ ᠲᠣᠰᠬᠤᠨ ᠤ ᠱᠠᠲᠤᠨ ᠤ ᠲᠤᠭ᠎ᠠ ᠪᠦᠷᠢᠳᠬᠡᠯ ᠤᠨ ᠠᠵᠢᠯᠲᠠᠨ ᠢ ᠴᠢᠳᠠᠬᠤ ᠶᠢᠨ ᠳᠣᠲᠣᠷ᠎ᠠ ᠬᠠᠷᠢᠴᠠᠩᠭᠤᠶ | ᠲᠣᠭᠲᠠᠭᠤᠨ ᠪᠠᠶᠢᠯᠭᠠᠬᠤ ᠶᠢ ᠪᠠᠲᠤᠯᠠᠵᠤ᠂ ᠲᠤᠭ᠎ᠠ ᠪᠦᠷᠢᠳᠬᠡᠯ ᠤᠨ ᠠᠵᠢᠯ ᠤᠨ ᠬᠡᠪ ᠤᠨ ᠪᠠᠶᠢᠳᠠᠯ ᠢᠶᠠᠷ ᠦᠷᠨᠢᠬᠦ ᠶᠢ | ᠪᠠᠲᠤᠯᠠᠨ᠎ᠠ᠃ ᠰᠤᠮᠤ ᠰᠢᠶᠠᠩ ᠪᠠᠯᠭᠠᠰᠤᠨ ᠤ ᠲᠤᠭ᠎ᠠ ᠪᠦᠷᠢᠳᠬᠡᠯ ᠤᠨ ᠠᠵᠢᠯᠲᠠᠨ ᠳᠤ ᠬᠤᠪᠢᠷᠠᠯᠳᠠ ᠭᠠᠷᠴᠤ | ᠰᠢᠯᠵᠢᠭᠦᠯᠦᠨ ᠲᠣᠬᠢᠷᠠᠭᠤᠯᠬᠤ ᠳᠤ᠂ ᠬᠤᠰᠢᠭᠤ ᠰᠢᠶᠠᠨ ᠤ ᠱᠠᠲᠤᠨ ᠤ ᠲᠤᠭ᠎ᠠ ᠪᠦᠷᠢᠳᠬᠡᠯ ᠤᠨ ᠰᠠᠯᠠᠭ᠎ᠠ | ᠮᠥᠴᠢᠷ ᠤᠨ ᠵᠥᠪᠰᠢᠶᠡᠷᠡᠯ ᠢ ᠠᠪᠬᠤ ᠶᠢᠨ ᠬᠠᠮᠲᠤ ᠪᠦᠷᠢᠳᠭᠡᠨ ᠳᠠᠩᠰᠠᠯᠠᠨ᠎ᠠ᠃ ᠡᠯ᠎ᠡ ᠱᠠᠲᠤᠨ ᠤ ᠲᠤᠭ᠎ᠠ | ᠪᠦᠷᠢᠳᠬᠡᠯ ᠤᠨ ᠰᠠᠯᠠᠭ᠎ᠠ ᠮᠥᠴᠢᠷ ᠪᠠ ᠰᠤᠮᠤ ᠰᠢᠶᠠᠩ ᠪᠠᠯᠭᠠᠰᠤᠨ ᠤ ᠲᠤᠭ᠎ᠠ ᠪᠦᠷᠢᠳᠭᠡᠯ ᠤᠨ ᠠᠵᠢᠯᠲᠠᠳ ᠨᠢ | ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠰᠤᠮᠤ ᠰᠢᠶᠠᠩ ᠪᠠᠯᠭᠠᠰᠤᠨ ᠤ ᠲᠤᠭ᠎ᠠ ᠪᠦᠷᠢᠳᠭᠡᠯ ᠤᠨ ᠠᠵᠢᠯᠲᠠᠨ ᠤ | ᠡᠯᠧᠺᠲᠷᠣᠨ ᠮᠡᠳᠡᠭᠡ ᠵᠠᠩᠭᠢ ᠶᠢᠨ ᠬᠥᠮᠥᠷᠭᠡ ᠶᠢ ᠴᠠᠭ ᠲᠤᠬᠠᠶ ᠳᠤ ᠨᠢ ᠬᠠᠮᠠᠭᠠᠯᠠᠨ ᠰᠢᠨᠡᠳᠭᠡᠬᠦ ᠬᠡᠷᠡᠭᠲᠡᠶ᠃ ᠴᠢᠬᠤᠯᠠ | ᠶᠡᠭᠡ ᠤᠯᠤᠰ ᠤᠨ ᠪᠠᠶᠢᠳᠠᠯ ᠪᠠ ᠤᠯᠤᠰ ᠤᠨ ᠬᠦᠴᠦᠨ ᠤ ᠨᠡᠶᠢᠳᠡᠮ ᠪᠠᠶᠢᠴᠠᠭᠠᠵᠤ ᠰᠣᠳᠣᠯᠣᠨ ᠪᠠᠶᠢᠴᠠᠭᠠᠬᠤ ᠪᠤᠶᠤ | ᠲᠤᠭ᠎ᠠ ᠪᠦᠷᠢᠳᠬᠡᠯ ᠤᠨ ᠠᠵᠢᠯ ᠤᠨ ᠡᠭᠦᠷᠭᠡ ᠨᠢ ᠠᠵᠢᠯᠲᠡᠨ ᠤ ᠬᠦᠴᠦᠨ ᠯᠦᠭᠡ ᠦᠯᠦ ᠲᠤᠬᠢᠷᠠᠯᠴᠠᠬᠤᠪᠠᠶᠢᠳᠠᠯ | ᠲᠣᠬᠢᠶᠠᠯᠳᠤᠪᠠᠯ᠂ ᠰᠠᠶᠢᠨ ᠳᠤᠷᠠᠴᠤᠳ ᠢ ᠢᠯᠡ ᠪᠠᠷ ᠡᠯᠰᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ | ᠰᠢᠢᠳᠪᠦᠷᠢᠯᠡᠬᠦ ᠶᠢ ᠵᠣᠷᠢᠭᠵᠢᠭᠤᠯᠤᠨ᠎ᠠ᠃ | ︵ᠭᠤᠷᠪᠠ︶ ᠰᠤᠮᠤ ᠰᠢᠶᠠᠩ ᠪᠠᠯᠭᠠᠰᠤᠨ ᠤ ᠲᠤᠭ᠎ᠠ ᠪᠦᠷᠢᠳᠬᠡᠯ ᠤᠨ ᠠᠵᠢᠯ ᠤᠨ ᠨᠥᠬᠦᠴᠡᠯ ᠢ | ᠰᠠᠶᠢᠵᠢᠷᠠᠭᠤᠯᠤᠨ᠎ᠠ᠃ ᠡᠯ᠎ᠡ ᠰᠤᠮᠤ ᠰᠢᠶᠠᠩ ᠪᠠᠯᠭᠠᠰᠤ ᠨᠢ ᠲᠤᠭ᠎ᠠ ᠪᠦᠷᠢᠳᠬᠡᠯ ᠤᠨ ᠠᠵᠢᠯᠲᠠᠨ ᠳᠤ ᠪᠠᠷᠢᠮᠵᠢᠶ᠎ᠠ ᠳᠤ | ᠨᠡᠶᠢᠴᠡᠭᠰᠡᠨ ᠪᠦᠭᠡᠳ ᠬᠠᠷᠢᠴᠠᠩᠭᠤᠶ ᠲᠣᠭᠲᠠᠮᠠᠯ᠂ ᠲᠤᠰᠠᠭᠠᠷ ᠠᠵᠢᠯᠯᠠᠬᠤ ᠭᠠᠵᠠᠷ ᠲᠠᠯᠠᠪᠤᠷ ᠲᠣᠬᠢᠷᠠᠭᠤᠯᠵᠤ᠂ ᠲᠤᠭ᠎ᠠ | ᠪᠦᠷᠢᠳᠬᠡᠯ ᠤᠨ ᠳᠣᠲᠣᠭᠠᠳᠤ ᠰᠦᠯᠵᠢᠶᠡᠨ ᠳᠤ ᠵᠠᠯᠭᠠᠭᠤᠯᠤᠭᠰᠠᠨ ᠲᠤᠰᠬᠠᠶ ᠺᠣᠮᠫᠢᠦ᠋ᠲ᠋ᠧᠷ᠂ ᠳᠠᠷᠤᠮᠠᠯᠯᠠᠬᠤ | ᠲᠦᠬᠦᠭᠡᠷᠦᠮᠵᠢ ᠪᠠ ᠲᠤᠭ᠎ᠠ ᠪᠦᠷᠢᠳᠬᠡᠯ ᠤᠨ ᠮᠠᠲ᠋ᠧᠷᠢᠶᠠᠯ ᠬᠠᠳᠠᠭᠠᠯᠠᠬᠤ ᠳᠠᠩᠰᠠ ᠡᠪᠬᠡᠮᠡᠯ ᠤᠨ ᠬᠤᠷᠭᠤ ᠵᠡᠷᠭᠡ ᠶᠢ | ᠲᠣᠬᠢᠷᠠᠭᠤᠯᠤᠨ ᠥᠭᠴᠦ᠂ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠬᠡᠷᠡᠭᠴᠡᠭᠡ ᠱᠠᠭᠠᠷᠳᠠᠯᠭ᠎ᠠ ᠶᠢ | ᠬᠠᠩᠭᠠᠵᠤ ᠪᠠᠲᠤᠯᠠᠨ᠎ᠠ᠃ ᠲᠣᠭᠲᠠᠮᠠᠯ ᠬᠥᠷᠥᠩᠭᠡ ᠶᠢᠨ ᠬᠡᠷᠡᠭᠯᠡᠯᠲᠡ ᠪᠠ ᠬᠠᠮᠢᠶᠠᠷᠤᠯᠲᠠ ᠶᠢ ᠴᠢᠩᠭᠠᠳᠬᠠᠵᠤ᠂ | ᠲᠣᠭᠲᠠᠮᠠᠯ ᠬᠥᠷᠥᠩᠭᠡ ᠶᠢᠨ ᠬᠠᠮᠢᠶᠠᠷᠤᠯᠲᠠ ᠶᠢᠨ ᠡᠬᠡ ᠳᠠᠩᠰᠠ ᠶᠢ ᠪᠠᠶᠢᠭᠤᠯᠤᠨ᠂ ᠺᠣᠮᠫᠢᠦ᠋ᠲ᠋ᠧᠷ᠂ ᠳᠠᠷᠤᠮᠠᠯᠯᠠᠬᠤ | ᠮᠠᠰᠢᠨ ᠵᠡᠷᠭᠡ ᠠᠯᠪᠠᠨ ᠠᠵᠢᠯ ᠤᠨ ᠲᠥᠬᠦᠭᠡᠷᠦᠮᠵᠢ ᠶᠢᠨ ᠡᠳᠦᠷ ᠲᠤᠲᠤᠮ ᠤᠨ ᠪᠠᠶᠢᠩᠭᠤ ᠶᠢᠨ ᠬᠠᠮᠠᠭᠠᠯᠠᠠ | ᠠᠵᠢᠯᠯᠠᠭᠤᠯᠬᠤ ᠠᠵᠢᠯ ᠢ ᠰᠠᠶᠢᠲᠤᠷ ᠭᠦᠢᠴᠡᠳᠭᠡᠵᠦ᠂ ᠲᠣᠭᠲᠠᠮᠠᠯ ᠬᠥᠷᠥᠩᠭᠡ ᠶᠢᠨ ᠬᠡᠷᠡᠭᠯᠡᠯᠲᠡ ᠶᠢᠨ ᠴᠠᠭ | ᠬᠤᠭᠤᠴᠠᠭ᠎ᠠ ᠶᠢ ᠴᠢᠷᠮᠠᠶᠢᠨ ᠤᠷᠳᠤᠳᠬᠠᠨ᠂ ᠲᠣᠭᠲᠠᠮᠠᠯ ᠬᠥᠷᠥᠩᠭᠡ ᠶᠢᠨ ᠬᠡᠷᠡᠭᠯᠡᠯᠲᠡ ᠶᠢᠨ ᠴᠠᠭ ᠬᠤᠭᠤᠴᠠᠭ᠎ᠠ ᠨᠢ | ᠬᠡᠲᠦᠷᠡᠭᠰᠡᠨ ᠮᠥᠷᠲᠡᠭᠡᠨ ᠦᠨᠡᠨ ᠬᠦ ᠬᠡᠷᠡᠭᠯᠡᠬᠦ ᠶᠢᠨ ᠠᠷᠭ᠎ᠠ ᠦᠭᠡᠢ ᠪᠣᠯᠣᠭᠰᠠᠨ ᠲᠥᠬᠦᠭᠡᠷᠦᠮᠵᠢ ᠶᠢ ᠴᠠᠭ ᠲᠤᠬᠠᠶ ᠳᠤ | ᠨᠢ ᠰᠢᠨᠡᠳᠬᠡᠵᠦ᠂ ᠲᠥᠬᠦᠭᠡᠷᠦᠮᠵᠢ ᠬᠠᠭᠤᠴᠢᠷᠠᠭᠰᠠᠨ ᠪᠠ ᠳᠤᠲᠠᠭᠳᠠᠭᠰᠠᠨ ᠠᠴᠠ ᠪᠣᠯᠵᠤ ᠲᠤᠭ᠎ᠠ ᠪᠦᠷᠢᠳᠬᠡᠯ ᠤᠨ | ᠠᠵᠢᠯ ᠢ ᠦᠷᠨᠢᠭᠦᠯᠬᠦ ᠶᠢᠨ ᠠᠷᠭ᠎ᠠ ᠦᠭᠡᠢ ᠪᠣᠯᠬᠤ ᠠᠴᠠ ᠬᠢᠴᠢᠶᠡᠬᠦ ᠬᠡᠷᠡᠭᠲᠡᠶ᠃ | ︵ᠳᠥᠷᠪᠡ︶ ᠰᠤᠮᠤ ᠰᠢᠶᠠᠩ ᠪᠠᠯᠭᠠᠰᠤᠨ ᠤ ᠲᠤᠭ᠎ᠠ ᠪᠦᠷᠢᠳᠬᠡᠯ ᠤᠨ ᠵᠢᠷᠤᠮᠵᠢᠭᠰᠠᠨ ᠪᠠᠶᠢᠭᠤᠯᠤᠯᠲᠠ ᠶᠢ | ᠠᠬᠢᠭᠤᠯᠤᠨ᠎ᠠ᠃ ᠬᠤᠰᠢᠭᠤ ᠰᠢᠶᠠᠨ ᠤ ᠱᠠᠲᠤᠨ ᠤ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠨᠢ ᠰᠤᠮᠤ ᠰᠢᠶᠠᠩ | ᠪᠠᠯᠭᠠᠰᠤ ᠶᠢ ᠵᠢᠭᠠᠨ ᠵᠢᠯᠣᠭᠤᠳᠴᠦ ᠰᠢᠮᠳᠠᠭᠤᠯᠵᠤ ᠪᠠᠶᠢᠭᠠᠳ ᠲᠤᠭ᠎ᠠ ᠪᠦᠷᠢᠳᠬᠡᠯ ᠤᠨ ᠠᠵᠢᠯ ᠤᠨ ᠪᠠᠶᠢᠷᠢ ᠶᠢᠨ | ᠬᠠᠷᠢᠭᠤᠴᠠᠯᠭ᠎ᠠ᠂ ᠳ᠋ᠠᠶᠢᠲ᠋ᠠ ᠰᠢᠢᠳᠪᠦᠷᠢᠯᠡᠬᠦ᠂ ᠮᠠᠲ᠋ᠧᠷᠢᠶᠠᠯ ᠢ ᠬᠠᠮᠢᠶᠠᠷᠬᠤ ᠵᠡᠷᠭᠡ ᠠᠵᠢᠯ ᠤᠨ ᠳᠦᠷᠢᠮ ᠢ ᠪᠠᠶᠢᠭᠤᠯᠤᠨ | ᠪᠦᠷᠢᠨᠰᠢᠭᠦᠯᠬᠦ ᠶᠢᠨ ᠬᠠᠮᠲᠤ᠂ ᠪᠦᠬᠦ ᠣᠷᠣᠨ ᠤ ᠨᠢᠭᠡᠳᠦᠯᠲᠡᠶ ᠵᠢᠷᠤᠮᠵᠢᠭᠤᠯᠬᠤ ᠱᠠᠭᠠᠷᠳᠠᠯᠭ᠎ᠠ ᠶᠣᠰᠣᠭᠠᠷ᠂ ᠲᠤᠭ᠎ᠠ | ᠪᠦᠷᠢᠳᠬᠡᠯ ᠤᠨ ᠤᠭ ᠲᠡᠮᠳᠡᠭᠯᠡᠯ ᠪᠠ ᠴᠠᠭᠠᠰᠤᠨ ᠡᠬᠡ ᠳᠠᠩᠰᠠ᠂ ᠡᠯᠧᠺᠲᠷᠣᠨ ᠡᠬᠡ ᠳᠠᠩᠰᠠ ᠶᠢ ᠪᠠᠶᠢᠭᠤᠯᠵᠤ᠂ | ᠭᠠᠷᠭᠠᠨᠨᠰᠠᠨ ᠳ᠋ᠠᠶᠢᠲ᠋ᠠ ᠨᠢ ᠦᠨᠳᠦᠰᠦ ᠪᠠᠷᠢᠮᠲᠠ ᠲᠠᠢ ᠪᠦᠭᠡᠳ ᠪᠠᠶᠢᠴᠠᠭᠠᠬᠤ ᠳᠤ ᠦᠨᠳᠦᠰᠦᠯᠡᠯ ᠲᠠᠢ ᠪᠠᠶᠢᠬᠤ ᠶᠢ | ᠪᠠᠲᠤᠯᠠᠬᠤ ᠬᠡᠷᠡᠭᠲᠡᠶ᠃ ᠭᠠᠴᠠᠭ᠎ᠠ ᠲᠣᠰᠬᠤᠨ ︵ᠰᠠᠭᠤᠭᠠᠯᠢ ᠲᠣᠭᠤᠷᠢᠭ︶ ᠤ ᠠᠷᠠᠳ ᠤᠨ ᠵᠥᠪᠯᠡᠯ ᠤᠨ ᠡᠯ᠎ᠡ | ᠲᠥᠷᠥᠯ ᠤᠨ ᠲᠤᠭ᠎ᠠ ᠪᠦᠷᠢᠳᠬᠡᠯ ᠤᠨ ᠮᠡᠳᠡᠭᠦᠯᠬᠦ ᠬᠦᠰᠦᠨᠦᠭᠲᠦ ᠶᠢ ᠴᠠᠭ ᠲᠤᠬᠠᠶ ᠳᠤ ᠨᠢ ᠴᠤᠭᠯᠠᠭᠤᠯᠬᠤ ᠶᠢᠨ | ᠬᠠᠮᠲᠤ ᠲᠣᠬᠢᠲᠠᠶ ᠬᠠᠳᠠᠭᠠᠯᠠᠵᠤ᠂ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠲᠥᠷᠥᠯ ᠬᠤᠪᠢᠶᠠᠨ ᠬᠠᠮᠢᠶᠠᠷᠬᠤ᠂ | ᠬᠠᠳᠠᠵᠤ ᠳᠡᠪᠲᠡᠷᠯᠡᠬᠦ᠂ ᠲᠣᠬᠢᠲᠠᠶ ᠬᠠᠳᠠᠭᠠᠯᠠᠬᠤ ᠬᠡᠷᠡᠭᠲᠡᠶ᠂ ᠠᠩᠬᠠᠨ ᠤ ᠮᠠᠲ᠋ᠧᠷᠢᠶᠠᠯ ᠤᠨ ᠬᠠᠳᠠᠭᠠᠯᠠᠬᠤ | ᠬᠤᠭᠤᠴᠠᠭ᠎ᠠ ᠶᠢ ᠨᠢ 2 ᠵᠢᠯ ᠠᠴᠠ ᠳᠤᠲᠠᠭᠤ ᠪᠠᠶᠢᠯᠭᠠᠵᠤ ᠪᠣᠯᠬᠤ ᠦᠭᠡᠢ᠂ ᠬᠤᠷᠢᠶᠠᠩᠭᠤᠶᠢᠯᠠᠭᠰᠠᠨ ᠮᠠᠲ᠋ᠧᠷᠢᠶᠠᠯ ᠤᠨ | ᠬᠠᠳᠠᠭᠠᠯᠠᠬᠤ ᠬᠤᠭᠤᠴᠠᠭ᠎ᠠ ᠶᠢ 10 ᠵᠢᠯ ᠠᠴᠠ ᠳᠤᠲᠠᠭᠤ ᠪᠠᠶᠢᠯᠭᠠᠵᠤ ᠪᠣᠯᠬᠤ ᠦᠭᠡᠢ᠂ ᠴᠢᠬᠤᠯᠠ | ᠬᠤᠷᠢᠶᠠᠩᠭᠤᠶᠢᠯᠠᠭᠰᠠᠨ ᠮᠠᠲ᠋ᠧᠷᠢᠶᠠᠯ ᠢ ᠥᠨᠢ ᠤᠳᠠᠭᠠᠨ ᠬᠠᠳᠠᠭᠠᠯᠠᠬᠤ ᠬᠡᠷᠡᠭᠲᠡᠶ᠃ | ︵ᠲᠠᠪᠤ︶ ᠰᠤᠮᠤ ᠰᠢᠶᠠᠩ ᠪᠠᠯᠭᠠᠰᠤᠨ ᠤ ᠲᠤᠭ᠎ᠠ ᠪᠦᠷᠢᠳᠬᠡᠯ ᠤᠨ ᠮᠡᠳᠡᠭᠡ ᠵᠠᠩᠭᠢᠴᠢᠯᠠᠯᠲᠠ ᠶᠢᠨ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ | ᠣᠷᠳᠣᠨ ᠨᠢ ᠰᠤᠮᠤ ᠰᠢᠶᠠᠩ ᠪᠠᠯᠭᠠᠰᠤᠨ ᠤ ᠲᠤᠭ᠎ᠠ ᠪᠦᠷᠢᠳᠬᠡᠯ ᠤᠨ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠶᠢ | ᠲᠣᠰ ᠱᠠᠲᠤᠨ ᠤ ᠡᠯᠧᠺᠲᠷᠣᠨ ᠵᠠᠰᠠᠭ ᠤᠨ ᠶᠠᠪᠤᠳᠠᠯ ᠤᠨ ᠶᠡᠷᠦᠩᠬᠡᠶ ᠲᠥᠯᠥᠪᠵᠢᠭᠦᠯᠭᠡ ᠳᠤ ᠣᠷᠣᠭᠤᠯᠬᠤ ᠶᠢᠨ | ᠬᠠᠮᠲᠤ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ | ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ ᠳᠥᠷᠪᠡᠨ ᠱᠠᠲᠤᠨ ᠤ ᠲᠤᠭ᠎ᠠ | ᠪᠦᠷᠢᠳᠬᠡᠯ ᠤᠨ ᠲᠤᠰᠬᠠᠶ ᠰᠦᠯᠵᠢᠶ᠎ᠡ ᠶᠢᠨ ᠠᠵᠢᠯᠯᠠᠭᠠᠨ ᠤ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠬᠡᠷᠡᠭᠲᠡᠶ᠃ | ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ | ᠰᠦᠯᠵᠢᠶᠡᠨ ᠤ ᠠᠮᠤᠷ ᠲᠦᠪᠰᠢᠨ ᠤ ᠬᠠᠮᠠᠭᠠᠯᠠᠯᠲᠠ ᠶᠢᠨ ᠴᠢᠬᠤᠯᠠ ᠪᠦᠬᠦᠢ ᠠᠷᠭ᠎ᠠ ᠬᠡᠮᠵᠢᠶ᠎ᠡ ᠶᠢ ᠲᠣᠬᠢᠷᠠᠭᠤᠯᠵᠤ᠂ | ᠲᠤᠭ᠎ᠠ ᠪᠦᠷᠢᠳᠬᠡᠯ ᠤᠨ ᠲᠤᠰᠬᠠᠶ ᠰᠦᠯᠵᠢᠶ᠎ᠡ ᠪᠠ ᠢᠨᠲ᠋ᠧᠷ ᠰᠦᠯᠵᠢᠶ᠎ᠡ ᠳᠤ ᠹᠢᠽᠢᠺ ᠤᠨ ᠬᠦᠨᠳᠡᠶᠢᠷᠡᠭᠦᠯᠬᠦ | ᠠᠷᠭ᠎ᠠ ᠶᠢ ᠬᠡᠷᠡᠭᠯᠡᠨ᠂ ᠠᠳᠠᠯᠢ ᠨᠢᠭᠡ ᠺᠣᠮᠫᠢᠦ᠋ᠲ᠋ᠧᠷ ᠢ ᠢᠨᠲ᠋ᠧᠷ ᠰᠦᠯᠵᠢᠶ᠎ᠡ ᠪᠠ ᠲᠤᠭ᠎ᠠ ᠪᠦᠷᠢᠳᠬᠡᠯ ᠤᠨ ᠲᠤᠰᠬᠠᠶ | ᠰᠦᠯᠵᠢᠶᠡᠨ ᠳᠤ ᠰᠣᠯᠪᠢᠴᠠᠭᠤᠯᠤᠨ ᠬᠡᠷᠡᠭᠯᠡᠬᠦ ᠶᠢ ᠴᠢᠩᠭ᠎ᠠ ᠬᠤᠷᠢᠭᠯᠠᠨ᠂ ᠲᠤᠭ᠎ᠠ ᠪᠦᠷᠢᠳᠬᠡᠯ ᠤᠨ ᠳ᠋ᠠᠶᠢᠲ᠋ᠠ᠂ ᠲᠤᠭ᠎ᠠ | ᠪᠦᠷᠢᠳᠬᠡᠯ ᠤᠨ ᠮᠠᠲ᠋ᠧᠷᠢᠶᠠᠯ ᠢ ᠭᠡᠭᠡᠵᠦ ᠣᠷᠬᠢᠬᠤ ᠪᠠ ᠨᠢᠭᠤᠴᠠ ᠶᠢ ᠵᠠᠳᠠᠷᠠᠭᠤᠯᠬᠤ ᠪᠠᠶᠢᠳᠠᠯ ᠭᠠᠷᠭᠠᠬᠤ ᠦᠭᠡᠢ | ᠪᠠᠶᠢᠬᠤ ᠶᠢ ᠪᠠᠲᠤᠯᠠᠬᠤ ᠬᠡᠷᠡᠭᠲᠡᠶ᠃ | ︵ᠵᠢᠷᠭᠤᠭ᠎ᠠ︶ ᠰᠤᠮᠤ ᠰᠢᠶᠠᠩ ᠪᠠᠯᠭᠠᠰᠤᠨ ᠤ ᠬᠠᠤᠯᠢ ᠶᠣᠰᠣᠭᠠᠷ ᠪᠦᠷᠢᠳᠭᠡᠬᠦ ᠠᠵᠢᠯ ᠤᠨ ᠡᠷᠴᠢᠮ ᠢ | ᠴᠢᠩᠭᠠᠷᠠᠭᠤᠯᠤᠨ᠎ᠠ᠃ᠰᠤᠮᠤ ᠰᠢᠶᠠᠩ ᠪᠠᠯᠭᠠᠰᠤᠨ ᠤ ᠲᠤᠭ᠎ᠠ ᠪᠦᠷᠢᠳᠬᠡᠯ ᠤᠨ ᠠᠵᠢᠯᠲᠠᠳ ᠨᠢ ᠲᠤᠭ᠎ᠠ ᠪᠦᠷᠢᠳᠬᠡᠯ ᠤᠨ | ᠰᠣᠳᠣᠯᠤᠨ ᠪᠠᠶᠢᠴᠠᠭᠠᠬᠤ ᠳᠦᠷᠢᠮ ᠶᠣᠰᠣᠭᠠᠷ ᠲᠤᠭ᠎ᠠ ᠪᠦᠷᠢᠳᠬᠡᠯ ᠤᠨ ᠰᠣᠳᠣᠯᠤᠨ ᠪᠠᠶᠢᠴᠠᠭᠠᠬᠤ ᠠᠵᠢᠯ ᠢ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠲᠤᠭ᠎ᠠ ᠪᠦᠷᠢᠳᠬᠡᠯ ᠤᠨ ᠮᠡᠳᠡᠭᠦᠯᠬᠦ ᠬᠦᠰᠦᠨᠦᠭᠲᠦ ᠳᠤ ᠲᠣᠭᠲᠠᠭᠠᠭᠰᠠᠨ ᠪᠦᠷᠢᠳᠭᠡᠬᠦ | ᠬᠦᠷᠢᠶ᠎ᠡ ᠬᠡᠪᠴᠢᠶ᠎ᠡ᠂ ᠪᠣᠳᠣᠬᠤ ᠲᠥᠷᠥᠯᠵᠢᠯ᠂ ᠬᠡᠮᠵᠢᠬᠦ ᠨᠢᠭᠡᠴᠢ ᠵᠡᠷᠭᠡ ᠭᠦᠢᠴᠡᠳᠭᠡᠯ ᠲᠣᠭᠠᠨ ᠤ ᠬᠦᠴᠦᠨ | ᠵᠦᠢᠯ ᠤᠨ ᠶᠣᠰᠣᠭᠠᠷ ᠲᠤᠭ᠎ᠠ ᠪᠦᠷᠢᠳᠬᠡᠯ ᠤᠨ ᠳ᠋ᠠᠶᠢᠲ᠋ᠠ ᠶᠢ ᠪᠦᠷᠢᠳᠬᠡᠬᠦ᠂ ᠬᠤᠷᠢᠶᠠᠩᠭᠤᠶᠢᠯᠠᠬᠤ ᠪᠠ | ᠪᠣᠯᠪᠠᠰᠤᠷᠠᠭᠤᠯᠬᠤ ᠶᠢᠨ ᠬᠠᠮᠲᠤ᠂ ᠲᠣᠭᠲᠠᠭᠰᠠᠨ ᠴᠠᠭ ᠬᠤᠭᠤᠴᠠᠭ᠎ᠠ ᠪᠠ ᠠᠷᠭ᠎ᠠ ᠵᠠᠮ ᠢᠶᠠᠷ ᠮᠡᠳᠡᠭᠦᠯᠦᠨ ᠬᠦᠷᠭᠡᠬᠦ | ᠬᠡᠷᠡᠭᠲᠡᠶ︔ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾ ᠵᠡᠷᠭᠡ | ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠪᠣᠯᠪᠠᠰᠤᠷᠠᠭᠤᠯᠤᠯ ᠳᠤ | ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠲᠣᠰ ᠵᠠᠰᠠᠭ ᠵᠠᠬᠢᠷᠭᠠᠨ ᠤ ᠣᠷᠣᠨ ᠳᠠᠬᠢ ᠲᠤᠭ᠎ᠠ ᠪᠦᠷᠢᠳᠬᠡᠯ ᠤᠨ | ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠬᠢᠨᠠᠮᠠᠭᠠᠶ ᠵᠣᠬᠢᠶᠠᠨ ᠪᠠᠶᠢᠭᠤᠯᠤᠨ ᠦᠷᠨᠢᠭᠦᠯᠬᠦ | ᠬᠡᠷᠡᠭᠲᠡᠢ︔ ᠳᠠᠭᠡᠲᠤ ᠱᠠᠲᠤᠨ ᠤ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠲᠠᠢ ᠢᠳᠡᠪᠬᠢᠲᠡᠢ ᠬᠠᠮᠵᠢᠯᠴᠠᠵᠤ | ᠪᠠᠶᠢᠭᠠᠳ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠥᠷᠨᠢᠭᠦᠯᠵᠦ᠂ ᠬᠠᠤᠯᠢ ᠠᠴᠠ | ᠵᠦᠷᠢᠴᠡᠵᠦ ᠰᠠᠬᠢᠯᠭ᠎ᠠ ᠪᠠᠲᠤ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠪᠡᠯ ᠳᠡᠭᠡᠳᠦ ᠱᠠᠲᠤᠨ ᠤ | ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠲᠤ ᠴᠠᠭ ᠲᠤᠬᠠᠶ ᠳᠤ ᠨᠢ ᠮᠡᠳᠡᠭᠦᠯᠦᠨ᠂ ᠬᠤᠰᠢᠭᠤ ᠰᠢᠶᠠᠨ ᠤ | ᠱᠠᠲᠤᠨ ᠠᠴᠠ ᠳᠡᠭᠡᠭᠰᠢᠬᠢ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠨᠢ ᠠᠰᠠᠭᠤᠳᠠᠯ ᠤᠨ ᠰᠦᠪᠡᠭᠴᠢ ᠶᠢ | ᠦᠨᠳᠦᠰᠦᠯᠡᠨ ᠲᠤᠭ᠎ᠠ ᠪᠦᠷᠢᠳᠬᠡᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ | ᠶᠣᠰᠣᠭᠠᠷ ᠪᠠᠶᠢᠴᠠᠭᠠᠨ ᠰᠢᠢᠳᠭᠡᠬᠦ ᠶᠢᠨ ᠬᠠᠮᠲᠤ᠂ ︽ᠲᠤᠭ᠎ᠠ ᠪᠦᠷᠢᠳᠬᠡᠯ ᠤᠨ ᠰᠠᠬᠢᠯᠭ᠎ᠠ ᠪᠠᠲᠤ ᠠᠴᠠ ᠵᠦᠷᠢᠴᠡᠵᠦ | ᠬᠠᠤᠯᠢ ᠠᠴᠠ ᠵᠥᠷᠢᠴᠡᠭᠰᠡᠨ ᠬᠠᠷᠢᠭᠤᠴᠠᠯᠭ᠎ᠠ ᠲᠠᠢ ᠬᠦᠮᠦᠰ ᠢ ᠰᠢᠢᠳᠭᠡᠨ ᠰᠢᠢᠳᠪᠦᠷᠢᠯᠡᠬᠦ ᠰᠠᠨᠠᠭᠤᠯᠭ᠎ᠠ ᠶᠢᠨ ᠠᠷᠭ᠎ᠠ︾ | ᠶᠢ ᠴᠢᠩᠭ᠎ᠠ ᠵᠢᠷᠤᠮᠯᠠᠨ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠵᠤ ᠰᠢᠢᠳᠪᠦᠷᠢᠯᠡᠭᠦᠯᠬᠦ | ᠬᠡᠷᠡᠭᠲᠡᠶ᠃ ᠡᠯ᠎ᠡ ᠱᠠᠲᠤᠨ ᠤ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠨᠢ ᠢᠯᠡᠴᠢᠯᠡᠨ ᠮᠡᠳᠡᠭᠦᠯᠬᠦ ᠠᠷᠭ᠎ᠠ ᠵᠠᠮ ᠢ | ᠰᠠᠭᠠᠳ ᠦᠭᠡᠢ ᠨᠡᠪᠲᠡᠷᠡᠭᠦᠯᠵᠦ᠂ ᠲᠤᠭ᠎ᠠ ᠪᠦᠷᠢᠳᠬᠡᠯ ᠤᠨ ᠬᠠᠮᠢᠶ᠎ᠠ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ | ᠪᠠ ᠠᠵᠢᠯ ᠤᠨ ᠲᠦᠷᠢᠮ ᠤᠨ ᠶᠣᠰᠣᠭᠠᠷ᠂ ᠰᠦᠯᠵᠢᠶᠡᠨ ᠥᠷᠲᠡᠭᠡ᠂ ᠠᠯᠪᠠᠨ ᠤ ᠸᠢᠴᠠᠲ ᠳᠡᠭᠡᠷ᠎ᠡ ᠢᠯᠡᠴᠢᠯᠡᠨ | ᠮᠡᠳᠡᠭᠦᠯᠬᠦ ᠲᠤᠰᠬᠠᠶ ᠪᠤᠯᠤᠩ᠂ ᠢᠯᠡᠴᠢᠯᠡᠨ ᠮᠡᠳᠡᠭᠦᠯᠬᠦ ᠤᠲᠠᠰᠤ᠂ ᠡᠯᠧᠺᠲᠷᠣᠨ ᠢᠮᠸᠢᠢᠯ ᠵᠡᠷᠭᠡ ᠶᠢ ᠨᠡᠶᠢᠲᠡᠯᠡᠨ᠂ | ᠣᠯᠠᠨ ᠲᠦᠮᠡᠨ ᠳᠤ ᠲᠦᠰᠢᠭᠯᠡᠨ ᠠᠰᠠᠭᠤᠳᠠᠯ ᠤᠨ ᠰᠦᠪᠡᠭᠴᠢ ᠶᠢ ᠢᠯᠡᠷᠡᠭᠦᠯᠵᠦ᠂ ᠢᠯᠡᠴᠢᠯᠡᠨ ᠮᠡᠳᠡᠭᠦᠯᠦᠭᠰᠡᠨ | ᠰᠦᠪᠡᠭᠴᠢ ᠶᠢ ᠬᠢᠨᠠᠮᠠᠭᠠᠶ ᠳᠠᠩᠰᠠᠯᠠᠨ ᠲᠠᠮᠳᠡᠭᠯᠡᠵᠦ᠂ ᠬᠢᠨᠠᠨ ᠬᠠᠷᠭᠤᠭᠤᠯᠬᠤ ᠪᠠ ᠰᠢᠢᠳᠪᠦᠷᠢᠯᠡᠬᠦ ᠬᠡᠷᠡᠭᠲᠡᠢ᠃ | ︵ᠳᠣᠯᠤᠭ᠎ᠠ︶ ᠰᠤᠮᠤ ᠰᠢᠶᠠᠩ ᠪᠠᠯᠭᠠᠰᠤᠨ ᠤ ᠲᠤᠭ᠎ᠠ ᠪᠦᠷᠢᠳᠬᠡᠯ ᠤᠨ ᠠᠵᠢᠯᠲᠠᠨ ᠤ ᠪᠦᠬᠦᠯᠢ ᠬᠡᠪ ᠴᠢᠨᠠᠷ ᠢ | ᠳᠡᠭᠡᠭᠰᠢᠯᠡᠭᠦᠯᠦᠨ᠎ᠡ᠃ ᠡᠯ᠎ᠡ ᠱᠠᠲᠤᠨ ᠤ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠨᠢ ᠦᠨᠳᠦᠰᠦᠨ ᠱᠠᠲᠤᠨ ᠤ | ᠲᠤᠭ᠎ᠠ ᠪᠦᠷᠢᠳᠬᠡᠯ ᠤᠨ ᠺᠠᠳ᠋ᠷ ᠤᠨ ᠪᠣᠯᠪᠠᠰᠤᠷᠠᠭᠤᠯᠤᠯ ᠤᠨ ᠬᠡᠪᠰᠢᠵᠢᠭᠰᠡᠨ ᠲᠣᠭᠲᠠᠴᠠ ᠶᠢ ᠪᠠᠶᠢᠭᠤᠯᠵᠤ᠂ ᠰᠤᠮᠤ | ᠰᠢᠶᠠᠩ ᠪᠠᠯᠭᠠᠰᠤᠨ ᠤ ᠱᠠᠲᠤᠨ ᠤ ᠪᠣᠯᠪᠠᠰᠤᠷᠠᠭᠤᠯᠤᠯ ᠢ ᠣᠨ ᠤ ᠪᠣᠯᠪᠠᠰᠤᠷᠠᠭᠤᠯᠤᠯ ᠤᠨ ᠲᠥᠯᠥᠪᠯᠡᠭᠡ ᠳᠤ ᠪᠠᠨ | ᠣᠷᠣᠭᠤᠯᠵᠤ᠂ ᠲᠤᠰᠬᠠᠶ ᠰᠡᠳᠦᠪ ᠢᠶᠠᠷ ᠪᠣᠯᠪᠠᠰᠤᠷᠠᠭᠤᠯᠬᠤ᠂ ᠬᠤᠷᠠᠯ ᠢᠶᠠᠷ ᠪᠣᠯᠪᠠᠰᠤᠷᠠᠭᠤᠯᠬᠤ ᠶᠢ ᠣᠷᠣᠯᠠᠭᠤᠯᠬᠤ᠂ | ᠰᠤᠷᠤᠯᠴᠠᠨ ᠰᠣᠯᠢᠯᠴᠠᠬᠤ ᠵᠡᠷᠭᠡ ᠣᠯᠠᠨ ᠵᠦᠢᠯ ᠤᠨ ᠬᠡᠯᠪᠡᠷᠢ ᠶᠢ ᠠᠪᠴᠤ ᠪᠠᠶᠢᠭᠠᠳ ᠪᠣᠯᠪᠠᠰᠤᠷᠠᠭᠤᠯᠬᠤ ᠬᠡᠷᠡᠭᠲᠡᠶ᠃ | ᠬᠤᠰᠢᠭᠤ ᠰᠢᠶᠠᠨ ᠤ ᠱᠠᠲᠤᠨ ᠤ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠨᠢ ᠰᠤᠮᠤ ᠰᠢᠶᠠᠩ ᠪᠠᠯᠭᠠᠰᠤᠨ ᠤ | ᠲᠤᠭ᠎ᠠ ᠪᠦᠷᠢᠳᠬᠡᠯ ᠤᠨ ᠠᠵᠢᠯᠲᠠᠨ ᠢ ᠵᠢᠯ ᠪᠦᠷᠢ ᠠᠳᠠᠭ ᠲᠤ ᠪᠠᠨ ᠬᠤᠶᠠᠷ ᠤᠳᠠᠭ᠎ᠠ ᠲᠥᠪᠯᠡᠷᠡᠭᠦᠯᠦᠨ | ᠪᠣᠯᠪᠠᠰᠤᠷᠠᠭᠤᠯᠵᠤ᠂ ᠲᠤᠰ ᠣᠨ ᠤ ᠳᠣᠲᠣᠷ᠎ᠠ ᠲᠣᠰ ᠵᠠᠰᠠᠭ ᠵᠠᠬᠢᠷᠭᠠᠨ ᠤ ᠣᠷᠣᠨ ᠤ ᠰᠤᠮᠤ ᠰᠢᠶᠠᠩ ᠪᠠᠯᠭᠠᠰᠤᠨ ᠤ | ᠲᠤᠭ᠎ᠠ ᠪᠦᠷᠢᠳᠬᠡᠯ ᠤᠨ ᠠᠵᠢᠯᠲᠠᠨ ᠢ ᠪᠦᠷᠢᠨ ᠪᠣᠯᠪᠠᠰᠤᠷᠠᠭᠤᠯᠬᠤ ᠪᠠᠨ ᠪᠠᠲᠤᠯᠠᠬᠤ ᠬᠡᠷᠡᠭᠲᠡᠶ᠃ | ᠭᠤᠷᠪᠠ᠂ ᠪᠠᠲᠤᠯᠠᠬᠤ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠳᠬᠠᠨ᠎ᠠ᠃ ᠣᠷᠣᠨ ᠨᠤᠲᠤᠭ ᠤᠨ ᠡᠯ᠎ᠡ | ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠰᠤᠮᠤ ᠰᠢᠶᠠᠩ ᠪᠠᠯᠭᠠᠰᠤᠨ ᠤ ᠲᠤᠭ᠎ᠠ ᠪᠦᠷᠢᠳᠭᠡᠯ ᠤᠨ | ᠦᠨᠳᠦᠰᠦᠨ ᠱᠠᠲᠤᠨ ᠤ ᠰᠠᠭᠤᠷᠢ ᠪᠠᠶᠢᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠵᠤ ᠤᠳᠤᠷᠢᠳᠬᠤ ᠪᠠᠨ | ᠴᠢᠩᠬᠠᠳᠬᠠᠵᠤ᠂ ︽ᠬᠡᠨ ᠬᠠᠮᠢᠶᠠᠷᠬᠤ᠂ ᠬᠡᠷᠬᠢᠨ ᠬᠠᠮᠢᠶᠠᠷᠬᠤ᠂ ᠶᠠᠭᠠᠬᠢᠵᠤ ᠰᠠᠶᠢᠲᠤᠷ ᠬᠠᠮᠢᠶᠠᠷᠴᠦ ᠴᠢᠳᠠᠬᠤ︾ ᠶᠢᠨ | ᠲᠣᠭᠤᠷᠢᠨ ᠳᠤ᠂ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢ ᠤᠯᠠᠮ ᠨᠢᠭᠡ ᠠᠯᠬᠤᠮ ᠲᠣᠳᠣᠷᠬᠠᠶᠢᠯᠠᠨ᠂ | ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋ ᠤᠨ ᠵᠠᠰᠠᠭ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠵᠡᠷᠭᠡ ᠰᠠᠯᠠᠭ᠎ᠠ ᠮᠥᠴᠢᠷ ᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠬᠠᠮᠢᠶ᠎ᠠ ᠪᠦᠬᠦᠢ ᠠᠵᠢᠯ ᠢᠶᠠᠨ | ᠨᠠᠶᠢᠳᠠᠪᠤᠷᠢᠵᠢᠭᠤᠯᠬᠤ ᠶᠢ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠲᠤᠭ᠎ᠠ | ᠪᠦᠷᠢᠳᠬᠡᠯ ᠤᠨ ᠰᠠᠯᠠᠭ᠎ᠠ ᠮᠥᠴᠢᠷ ᠨᠢ ᠲᠤᠬᠠᠶᠢᠯᠠᠭᠰᠠᠨ ᠠᠵᠢᠯ ᠳᠤ ᠵᠢᠭᠠᠨ ᠵᠢᠯᠣᠭᠤᠳᠬᠤ ᠪᠠ ᠪᠦᠲᠦᠮᠵᠢᠲᠡᠶ | ᠵᠣᠯᠭᠠᠭᠤᠯᠬᠤ ᠶᠢ ᠰᠠᠶᠢᠲᠤᠷ ᠬᠢᠵᠦ᠂ ᠢᠯᠠᠩᠭᠤᠶ᠎ᠠ ᠬᠤᠰᠢᠭᠤ ᠰᠢᠶᠠᠨ ᠤ ᠱᠠᠲᠤᠨ ᠤ ᠲᠤᠭ᠎ᠠ ᠪᠦᠷᠢᠳᠬᠡᠯ ᠤᠨ ᠰᠠᠯᠠᠭ᠎ᠠ | ᠮᠥᠴᠢᠷ ᠨᠢ ᠰᠤᠮᠤ ᠰᠢᠶᠠᠩ ᠪᠠᠯᠭᠠᠰᠤ ᠯᠤᠭ᠎ᠠ ᠬᠠᠷᠢᠯᠴᠠᠬᠤ ᠳᠠᠪᠠᠭᠤᠯᠢᠭ ᠢᠶᠠᠨ ᠦᠨᠡᠨ ᠬᠦ ᠪᠠᠳᠠᠷᠠᠭᠤᠯᠵᠤ᠂ ᠰᠤᠮᠤ | ᠰᠢᠶᠠᠩ ᠪᠠᠯᠭᠠᠰᠤ ᠶᠢ ᠰᠠᠨᠠᠭᠠᠴᠢᠯᠠᠭ᠎ᠠ ᠠᠴᠠ ᠪᠠᠨ ᠬᠠᠪᠰᠤᠷᠴᠤ ᠪᠠᠶᠢᠭᠠᠳ ᠲᠤᠭ᠎ᠠ ᠪᠦᠷᠢᠳᠬᠡᠯ ᠤᠨ ᠡᠬᠡ ᠳᠠᠩᠰᠠ᠂ | ᠲᠤᠭ᠎ᠠ ᠪᠦᠷᠢᠳᠬᠡᠯ ᠤᠨ ᠳᠠᠩᠰᠠ ᠡᠪᠬᠡᠮᠡᠯ ᠵᠢᠴᠢ ᠠᠵᠢᠯ ᠤᠨ ᠳᠦᠷᠢᠮ ᠢ ᠨᠢ ᠵᠢᠷᠤᠮᠵᠢᠭᠤᠯᠵᠤ᠂ ᠲᠤᠭ᠎ᠠ | ᠪᠦᠷᠢᠳᠬᠡᠯ ᠤᠨ ᠠᠵᠢᠯᠲᠠᠨ ᠢ ᠵᠢᠭᠠᠨ ᠵᠢᠯᠣᠭᠤᠳᠴᠦ ᠪᠠᠶᠢᠭᠠᠳ ᠳ᠋ᠠᠶᠢᠲ᠋ᠠ ᠶᠢ ᠳᠡᠭᠡᠭᠰᠢ ᠮᠡᠳᠡᠭᠦᠯᠬᠦ ᠲᠠᠪᠴᠠᠩ ᠳᠤ | ᠪᠣᠯᠪᠠᠰᠤᠷᠠᠩᠭᠤᠶ ᠠᠵᠢᠯᠯᠠᠭᠤᠯᠵᠤ᠂ ᠡᠯ᠎ᠡ ᠵᠦᠢᠯ ᠤᠨ ᠭᠦᠢᠴᠡᠳᠭᠡᠯ ᠲᠤᠭ᠎ᠠ ᠶᠢᠨ ᠤᠳᠬ᠎ᠠ ᠠᠭᠤᠯᠭ᠎ᠠ ᠶᠢ | ᠣᠶᠢᠯᠠᠭᠠᠭᠤᠯᠵᠤ᠂ ᠡᠬᠢ ᠢᠷᠡᠯᠲᠡ ᠶᠢᠨ ᠳ᠋ᠠᠶᠢᠲ᠋ᠠ ᠶᠢᠨ ᠴᠢᠨᠠᠷ ᠴᠢᠨᠰᠠᠭ᠎ᠠ ᠶᠢ ᠦᠨᠡᠨ ᠬᠦ ᠪᠠᠲᠤᠯᠠᠬᠤ ᠬᠡᠷᠡᠭᠲᠡᠢ᠃ | ︵ᠬᠤᠶᠠᠷ︶ ᠵᠠᠷᠤᠳᠠᠯ ᠤᠨ ᠳᠡᠮᠵᠢᠯᠭᠡ ᠶᠢ ᠨᠡᠮᠡᠭᠳᠡᠭᠦᠯᠦᠨ᠎ᠡ᠃ ᠡᠯ᠎ᠡ ᠭᠠᠵᠠᠷ ᠣᠷᠣᠨ ᠨᠢ ᠰᠤᠮᠤ ᠰᠢᠶᠠᠩ | ᠪᠠᠯᠭᠠᠰᠤᠨ ᠤ ᠲᠤᠭ᠎ᠠ ᠪᠦᠷᠢᠳᠬᠡᠯ ᠤᠨ ᠠᠵᠢᠯ ᠤᠨ ᠵᠠᠷᠤᠳᠠᠯ ᠢ ᠬᠤᠰᠢᠭᠤ ᠰᠢᠶᠠᠨ ︵ᠬᠤᠲᠠ᠂ ᠲᠣᠭᠤᠷᠢᠭ︶ ᠤ | ᠡᠳ᠋ ᠤᠨ ᠵᠠᠰᠠᠭ ᠤᠨ ᠲᠥᠰᠦᠪ ᠲᠤ ᠣᠷᠤᠭᠤᠯᠤᠨ ᠪᠠᠲᠤᠯᠠᠵᠤ᠂ ᠰᠤᠮᠤ ᠰᠢᠶᠠᠩ ᠪᠠᠯᠭᠠᠰᠤᠨ ᠤ ᠲᠤᠭ᠎ᠠ | ᠪᠦᠷᠢᠳᠬᠡᠯ ᠤᠨ ᠠᠵᠢᠯ ᠤᠨ ᠬᠡᠪ ᠤᠨ ᠪᠠᠶᠢᠳᠠᠯ ᠢᠶᠠᠷ ᠠᠵᠢᠯᠯᠠᠬᠤ ᠪᠠ ᠲᠣᠮᠣ ᠬᠡᠪᠴᠢᠶᠡᠨ ᠤ ᠨᠡᠶᠢᠳᠡᠮ ᠪᠠᠶᠢᠴᠠᠭᠠᠬᠤ | ᠠᠵᠢᠯ ᠤᠨ ᠡᠮᠬᠢ ᠵᠢᠷᠤᠮ ᠲᠠᠢ ᠦᠷᠨᠢᠬᠦ ᠶᠢ ᠪᠠᠲᠤᠯᠠᠬᠤ ᠬᠡᠷᠡᠭᠲᠡᠶ᠃ ᠰᠤᠮᠤ ᠰᠢᠶᠠᠩ ᠪᠠᠯᠭᠠᠰᠤᠨ ᠤ ᠲᠤᠭ᠎ᠠ | ᠪᠦᠷᠢᠳᠬᠡᠯ ᠤᠨ ᠠᠵᠢᠯᠲᠠᠨ ᠨᠢ ᠲᠣᠮᠣ ᠬᠡᠪᠴᠢᠶᠡᠨ ᠤ ᠨᠡᠶᠢᠳᠡᠮ ᠪᠠᠶᠢᠴᠠᠭᠠᠯᠳᠠ ᠪᠠ ᠣᠷᠣᠨ ᠨᠤᠲᠤᠭ ᠤᠨ ᠴᠢᠨᠠᠷᠲᠠᠶ | ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠡᠭᠦᠷᠭᠡ ᠶᠢ ᠳᠠᠭᠠᠭᠠᠨ ᠡᠭᠦᠷᠭᠡᠯᠡᠪᠡᠯ᠂ ᠬᠠᠮᠢᠶ᠎ᠠ ᠪᠦᠬᠦᠢ ᠲᠣᠭᠲᠠᠭᠠᠯ | ᠶᠣᠰᠣᠭᠠᠷ᠂ ᠲᠡᠳᠡᠨ ᠳᠤ ᠴᠠᠭ ᠲᠤᠬᠠᠢ ᠳᠤ ᠨᠢ ᠨᠥᠬᠦᠪᠥᠷᠢ ᠥᠭᠬᠦ ᠬᠡᠷᠡᠭᠲᠡᠶ᠃ | ︵ᠭᠤᠷᠪᠠ︶ ᠱᠠᠩᠨᠠᠬᠤ ᠪᠠ ᠵᠠᠯᠬᠠᠭᠠᠬᠤ ᠲᠣᠭᠲᠠᠴᠠ ᠶᠢ ᠪᠠᠶᠢᠭᠤᠯᠤᠨ᠎ᠠ᠃ ᠣᠷᠣᠨ ᠨᠤᠲᠤᠭ ᠤᠨ ᠡᠯ᠎ᠡ | ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠺᠠᠳ᠋ᠷᠴᠤᠳ ᠢ | ᠬᠠᠯᠠᠮᠵᠢᠯᠠᠨ ᠬᠠᠶᠢᠷᠠᠯᠠᠵᠤ᠂ ᠠᠵᠢᠯ ᠦᠢᠯᠡᠰ ᠢᠶᠠᠷ ᠪᠠ ᠣᠯᠭᠤᠮᠵᠢ ᠬᠠᠷᠠᠭᠠᠯᠵᠠᠯ ᠢᠶᠠᠷ ᠠᠵᠢᠯᠳᠠᠳ ᠢ | ᠠᠵᠢᠯᠯᠠᠭᠤᠯᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠺᠠᠳ᠋ᠷᠴᠤᠳ ᠤᠨ ᠦᠰᠦᠨ | ᠪᠤᠶᠢᠵᠢᠵᠤ ᠳᠠᠪᠰᠢᠬᠤ ᠳᠤ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠲᠤᠭ᠎ᠠ | ᠪᠦᠷᠢᠳᠬᠡᠯ ᠤᠨ ᠲᠣᠪᠴᠢᠶ᠎ᠠ ᠨᠢ ᠡᠯ᠎ᠡ ᠭᠠᠵᠠᠷ ᠣᠷᠣᠨ ᠤ ᠲᠤᠭ᠎ᠠ ᠪᠦᠷᠢᠳᠭᠡᠯ ᠤᠨ ᠦᠨᠳᠦᠰᠦᠨ ᠱᠠᠲᠤᠨ ᠤ ᠰᠠᠭᠤᠷᠢ | ᠪᠠᠶᠢᠭᠤᠯᠤᠯᠲᠠ ᠶᠢ ᠣᠨ ᠤ ᠲᠤᠭ᠎ᠠ ᠪᠦᠷᠢᠳᠬᠡᠯ ᠤᠨ ᠠᠵᠢᠯ ᠤᠨ ᠰᠢᠯᠭᠠᠨ ᠬᠢᠨᠠᠬᠤ ᠭᠤᠤᠯᠳᠠᠯᠭ᠎ᠠ ᠲᠠᠢ ᠠᠭᠤᠯᠭ᠎ᠠ ᠳᠤ | ᠣᠷᠣᠭᠤᠯᠵᠤ᠂ ᠳ᠋ᠠᠶᠢᠲ᠋ᠠ ᠶᠢᠨ ᠴᠢᠨᠠᠷ ᠴᠢᠨᠰᠠᠭ᠎ᠠ ᠶᠢ ᠦᠨᠡᠯᠡᠨ ᠵᠢᠱᠢᠬᠦ ᠶᠢᠨ ᠴᠢᠬᠤᠯᠠ ᠦᠨᠳᠦᠰᠦᠯᠡᠯ ᠪᠣᠯᠭᠠᠨ᠂ ᠪᠦᠬᠦ | ᠣᠷᠣᠨ ᠤ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ ᠪᠠᠶᠢᠭᠤᠯᠤᠯᠲᠠ ᠶᠢᠨ ᠪᠠᠶᠢᠳᠠᠯ ᠢ ᠲᠣᠭᠲᠠᠮᠠᠯ | ᠬᠤᠭᠤᠴᠠᠭ᠎ᠠ ᠲᠠᠢ ᠪᠣᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠰᠤᠭᠤᠴᠢᠨ ᠪᠠᠶᠢᠴᠠᠭᠠᠬᠤ ᠬᠡᠷᠡᠭᠲᠡᠶ᠃ ᠡᠯ᠎ᠡ | ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠨᠡᠶᠢᠲᠡᠯᠢᠭ ᠵᠢᠱᠢᠶ᠎ᠡ ᠶᠢ ᠤᠬᠠᠭᠤᠯᠬᠤ ᠪᠠ | ᠰᠣᠩᠭᠤᠨ ᠪᠠᠶᠢᠭᠤᠯᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠠᠵᠢᠯ ᠳᠤ ᠪᠠᠨ ᠭᠠᠷᠮᠠᠭᠠᠶ᠂ ᠠᠵᠢᠯ ᠤᠨ | ᠠᠮᠵᠢᠯᠲᠠ ᠪᠦᠲᠦᠮᠵᠢ ᠪᠠᠷ ᠳᠣᠪᠣᠶᠢᠮ᠎ᠡ ᠰᠤᠮᠤ ᠰᠢᠶᠠᠩ ᠪᠠᠯᠭᠠᠰᠤᠨ ᠤ ᠲᠤᠭ᠎ᠠ ᠪᠦᠷᠢᠳᠭᠡᠯ ᠤᠨ ᠠᠵᠢᠯᠲᠠᠨ ᠢ ᠡᠯ᠎ᠡ | ᠲᠥᠷᠥᠯ ᠤᠨ ᠰᠣᠨᠢᠨ ᠮᠡᠳᠡᠭᠡᠨ ᠤ ᠵᠠᠭᠤᠴᠢᠯᠠᠭᠤᠷ ᠪᠠ ᠲᠠᠪᠴᠠᠩ ᠢᠶᠠᠷ ᠴᠠᠭ ᠲᠤᠬᠠᠶ ᠳᠤ ᠨᠢ ᠤᠬᠠᠭᠤᠯᠤᠨ | ᠮᠡᠳᠡᠭᠡᠯᠡᠵᠦ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤᠨ ᠳᠤ ᠲᠤᠭ᠎ᠠ | ᠪᠦᠷᠢᠳᠬᠡᠯ ᠤᠨ ᠠᠵᠢᠯ ᠢ 20 ᠵᠢᠯ ᠠᠴᠠ ᠳᠡᠭᠡᠭᠰᠢ ᠬᠢᠭᠰᠡᠨ ᠲᠤᠭ᠎ᠠ ᠪᠦᠷᠢᠳᠬᠡᠯ ᠤᠨ ᠠᠵᠢᠯᠲᠠᠨ ᠳᠤ ᠢᠷᠠᠭᠤ | ᠠᠯᠳᠠᠷ ᠤᠨ ᠦᠨᠡᠮᠯᠡᠯ ᠣᠯᠭᠤᠵᠤ᠂ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠠᠵᠢᠯᠲᠠᠨ ᠤ ᠥᠩᠭᠡ | ᠭᠡᠷᠡᠯᠲᠦ ᠲᠥᠷᠥᠭᠳᠡᠯ ᠢ ᠨᠢ ᠨᠡᠮᠡᠭᠳᠡᠬᠦᠯᠦᠨ᠂ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠠᠵᠢᠯ ᠤᠨ | ᠦᠷᠭᠦᠯᠵᠢᠯᠡᠨ ᠡᠷᠡᠭᠦᠯ ᠢᠶᠠᠷ ᠬᠥᠭᠵᠢᠬᠦ ᠳᠤ ᠰᠠᠶᠢᠨ ᠰᠠᠶᠢᠬᠠᠨ ᠨᠡᠶᠢᠭᠡᠮ ᠤᠨ ᠣᠷᠴᠢᠨ ᠨᠦᠬᠦᠴᠡᠯ ᠢ ᠪᠤᠢ ᠪᠣᠯᠭᠠᠵᠤ | ᠥᠭᠬᠦ ᠬᠡᠷᠡᠭᠲᠡᠶ᠃ | | 2020 ᠣᠨ ᠤ 5 ᠳ᠋ᠤᠭᠠᠷ ᠰᠠᠷ᠎ᠠ ᠶᠢᠨ 17 ᠤ ᠡᠳᠦᠷ | | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | |