ᠦᠪᠦᠷ ᠦᠨᠳᠦᠰᠦᠳᠡᠨ ᠤ ᠵᠦᠪᠯᠡᠯ ᠲᠠᠷᠬᠠᠭᠠᠨᠨᠰᠠᠨ ﹇2020﹈ 9 ᠳ᠋ᠤᠬᠡᠷ ᠲᠤᠭᠠᠳᠤ | | | ᠡᠯ᠎ᠡ ᠠᠶᠢᠮᠠᠭ ᠬᠤᠳᠠ ᠶᠢᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ᠂ ᠡᠯ᠎ᠡ ᠬᠤᠯᠪᠤᠨᠨᠳᠠᠯ ᠪᠦᠭᠦᠢ ᠶᠡᠭᠡ ᠲᠡᠬᠡᠳᠦ | ᠰᠤᠷᠭᠠᠭᠤᠯᠢ᠂ ᠡᠷᠳᠡᠮ ᠰᠢᠨᠵᠢᠯᠡᠬᠡᠨ ᠤ ᠭᠦᠷᠢᠶᠡᠯᠡᠩ ᠭᠠᠵᠠᠷ ᠲᠤ᠄ | | ᠮᠤᠩᠭᠤᠯ ᠦᠭᠡ ᠬᠡᠯᠡ ᠦᠰᠦᠭ ᠪᠢᠴᠢᠭ ᠤᠨ ᠡᠷᠳᠡᠮ ᠰᠢᠨᠵᠢᠯᠡᠬᠡᠨ ᠤ ᠲᠦᠷᠦᠯ ᠵᠦᠢᠯ ᠤᠨ ᠬᠠᠮᠢᠶᠠᠷᠤᠯᠳᠠ ᠶᠢ | ᠤᠯᠠᠮ ᠨᠢᠭᠡ ᠠᠯᠬᠤᠮ ᠵᠢᠷᠤᠮᠵᠢᠭᠤᠯᠤᠨ ᠲᠡᠭᠦᠯᠳᠡᠷᠵᠢᠬᠦᠯᠵᠦ᠂ ᠡᠷᠳᠡᠮ ᠰᠢᠨᠵᠢᠯᠡᠬᠡᠨ ᠤ ᠵᠤᠭᠤᠰ ᠢᠶᠠᠷ ᠲᠤᠰᠠᠯᠠᠬᠤ | ᠵᠠᠷᠤᠳᠠᠯ ᠬᠡᠷᠡᠭᠯᠡᠬᠦ ᠦᠷ᠎ᠡ ᠠᠰᠢᠭ ᠢ ᠲᠡᠬᠡᠭᠰᠢᠯᠡᠬᠦᠯᠬᠦ ᠶᠢᠨ ᠲᠤᠰᠠᠳᠠ᠂ ᠦᠪᠡᠷᠳᠡᠬᠡᠨ ᠵᠠᠰᠠᠬᠤ ᠤᠷᠤᠨ ᠤ | ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ︽ ᠮᠤᠩᠭᠤᠯ ᠦᠭᠡ ᠬᠡᠯᠡ ᠦᠰᠦᠭ ᠪᠢᠴᠢᠭ ᠤᠨ ᠡᠷᠳᠡᠮ | ᠰᠢᠨᠵᠢᠯᠡᠬᠡᠨ ᠤ ᠲᠦᠷᠦᠯ ᠵᠦᠢᠯ ᠤᠨ ᠬᠠᠮᠢᠶᠠᠷᠤᠯᠳᠠ ᠶᠢᠨ ᠠᠷᠭ᠎ᠠ︾ ︵ᠦᠪᠦᠷ ᠦᠨᠳᠦᠰᠦᠳᠡᠨ ᠤ ᠵᠦᠪᠯᠡᠯ | ᠲᠠᠷᠬᠠᠭᠠᠨᠨᠰᠠᠨ ﹇2015﹈ 215 ᠳ᠋ᠤᠭᠠᠷ ᠲᠤᠭᠠᠳᠤ ᠳᠤ ᠵᠠᠰᠠᠪᠤᠷᠢ ᠤᠷᠤᠭᠤᠯᠤᠨᠨᠰᠠᠨ ᠤ ᠬᠠᠮᠳᠤ᠂ 2020 | ᠤᠨ ᠤ 3 ᠳ᠋ᠤᠭᠠᠷ ᠰᠠᠷ᠎ᠠ ᠶᠢᠨ 26 ᠤ ᠡᠳᠦᠷ ᠦᠪᠡᠷᠳᠡᠬᠡᠨ ᠵᠠᠰᠠᠬᠤ ᠤᠷᠤᠨ ᠤ ᠦᠨᠳᠦᠰᠦᠳᠡᠨ ᠤ ᠬᠡᠷᠡᠭ ᠡᠷᠬᠢᠯᠡᠬᠦ | ᠵᠦᠪᠯᠡᠯ ᠤᠨ ᠡᠷᠬᠢᠯᠡᠭᠴᠢ ᠶᠢᠨ ᠠᠯᠪᠠᠨ ᠭᠡᠷ ᠤᠨ ᠬᠤᠷᠠᠯ ᠢᠶᠠᠷ ᠬᠢᠨᠠᠨ ᠵᠦᠪᠯᠡᠵᠦ ᠪᠠᠳᠤᠯᠠᠪᠠ᠃ ᠡᠳᠦᠬᠡ ᠲᠠ ᠨᠠᠷ ᠲᠤ | ᠲᠠᠷᠤᠮᠠᠯᠯᠠᠨ ᠶᠠᠪᠤᠭᠤᠯᠤᠯ᠎ᠠ᠂ ᠵᠢᠷᠤᠮᠯᠠᠨ ᠬᠡᠷᠡᠭᠵᠢᠬᠦᠯᠳᠦᠬᠡᠢ᠃ | | ᠮᠤᠩᠭᠤᠯ ᠦᠭᠡ ᠬᠡᠯᠡ ᠦᠰᠦᠭ ᠪᠢᠴᠢᠭ ᠤᠨ ᠡᠷᠳᠡᠮ ᠰᠢᠨᠵᠢᠯᠡᠭᠡᠨ ᠤ | ᠲᠦᠷᠦᠯ ᠵᠦᠢᠯ ᠤᠨ ᠬᠠᠮᠢᠶᠠᠷᠤᠯᠲᠠ ᠶᠢᠨ ᠠᠷᠭ᠎ᠠ | | ︵2020 ᠤᠨ ᠳᠤ ᠵᠠᠰᠠᠪᠤᠷᠢ ᠤᠷᠤᠭᠤᠯᠪᠠ︶ | | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠮᠤᠩᠭᠤᠯ ᠦᠭᠡ ᠬᠡᠯᠡ | ᠦᠰᠦᠭ ᠪᠢᠴᠢᠭ ᠤᠨ ᠠᠵᠢᠯ ᠤᠨ ᠲᠦᠷᠢᠮ︾ ᠢ ᠭᠦᠨᠵᠡᠭᠡᠢ ᠲᠣᠭᠤᠰᠢᠯᠠᠭᠤᠯᠵᠦ᠂ ᠦᠪᠡᠷᠳᠡᠭᠡᠨ ᠵᠠᠰᠠᠬᠤ ᠤᠷᠤᠨ ᠤ | ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ︵ᠲᠤᠷᠤᠬᠰᠢ ᠦᠪᠡᠷᠳᠡᠭᠡᠨ ᠵᠠᠰᠠᠬᠤ ᠤᠷᠤᠨ ᠤ ᠦᠨᠳᠦᠰᠦᠲᠡᠨ ᠤ | ᠵᠦᠪᠯᠡᠯ ᠭᠡᠵᠦ ᠲᠤᠪᠴᠢᠯᠠᠨ᠎ᠠ︶ ᠤᠨ ᠮᠤᠩᠭᠤᠯ ᠦᠭᠡ ᠬᠡᠯᠡ ᠦᠰᠦᠭ ᠪᠢᠴᠢᠭ ᠤᠨ ᠡᠷᠳᠡᠮ ᠰᠢᠨᠵᠢᠯᠡᠭᠡᠨ ᠤ ᠲᠦᠷᠦᠯ | ᠵᠦᠢᠯ ︵ᠲᠤᠷᠤᠬᠰᠢ ᠮᠤᠩᠭᠤᠯ ᠬᠡᠯᠡ ᠪᠢᠴᠢᠭ ᠤᠨ ᠡᠷᠳᠡᠮ ᠰᠢᠨᠵᠢᠯᠡᠭᠡᠨ ᠤ ᠲᠦᠷᠦᠯ ᠵᠦᠢᠯ ᠭᠡᠵᠦ ᠲᠤᠪᠴᠢᠯᠠᠨ᠎ᠠ︶ | ᠤᠨ ᠬᠠᠮᠢᠶᠠᠷᠤᠯᠳᠠ ᠶᠢ ᠴᠢᠩᠭᠠᠳᠬᠠᠬᠤ ᠶᠢᠨ ᠲᠤᠰᠠᠳᠠ ᠲᠤᠰ ᠠᠷᠭ᠎ᠠ ᠶᠢ ᠲᠤᠬᠳᠠᠭᠠᠪᠠ᠃ | ᠬᠤᠶᠠᠳᠤᠭᠠᠷ ᠵᠦᠢᠯ ᠮᠤᠩᠭᠤᠯ ᠬᠡᠯᠡ ᠪᠢᠴᠢᠭ ᠤᠨ ᠡᠷᠳᠡᠮ ᠰᠢᠨᠵᠢᠯᠡᠭᠡᠨ ᠤ ᠲᠦᠷᠤᠯ ᠵᠦᠢᠯ ᠳᠤ ᠰᠢᠨᠵᠢᠯᠡᠬᠦ | ᠤᠬᠠᠭᠠᠨᠴᠢ᠂ ᠢᠯᠡ ᠲᠣᠳᠣᠷᠬᠠᠢ᠂ ᠡᠷᠬᠡ ᠲᠡᠭᠰᠢ᠂ ᠲᠦᠪ ᠭᠤᠤᠯᠴᠢ ᠵᠠᠷᠴᠢᠮ ᠢ ᠪᠠᠷᠢᠮᠲᠠᠯᠠᠵᠦ᠂ ᠪᠦᠬᠦ ᠤᠷᠤᠨ ᠳᠤ | ᠬᠠᠨᠳᠤᠭᠤᠯᠤᠨ ᠰᠢᠯᠢᠳᠡᠭ ᠲᠦᠷᠦᠯ ᠵᠦᠢᠯ ᠢ ᠰᠤᠩᠭᠤᠨ ᠪᠠᠳᠤᠯᠠᠨ᠎ᠠ᠃ | ᠭᠤᠷᠪᠠᠳᠤᠭᠠᠷ ᠵᠦᠢᠯ ᠦᠪᠡᠷᠳᠡᠭᠡᠠ ᠵᠠᠰᠠᠬᠤ ᠣᠷᠤᠠ ᠤ ᠦᠠᠳᠤᠰᠤᠳᠠᠠ ᠤ ᠵᠦᠪᠯᠡᠯ ᠨᠢ ᠮᠤᠩᠭᠤᠯ ᠬᠡᠯᠡ | ᠪᠢᠴᠢᠭ ᠤᠨ ᠡᠷᠳᠡᠮ ᠰᠢᠨᠵᠢᠯᠡᠭᠡᠨ ᠤ ᠲᠦᠷᠦᠯ ᠵᠦᠢᠯ ᠤᠨ ᠨᠢᠭᠡᠳᠦᠯᠲᠡᠢ ᠲᠦᠯᠦᠪᠵᠢᠬᠦᠯᠬᠡ᠂ ᠪᠡᠯᠡ ᠮᠦᠩᠭᠦᠨ ᠤ | ᠲᠦᠰᠦᠪ᠂ ᠰᠠᠯᠭᠠᠨ ᠦᠭᠬᠦ᠂ ᠶᠡᠷᠦᠩᠬᠡᠶᠢᠯᠡᠨ ᠵᠣᠬᠢᠴᠠᠭᠤᠯᠬᠤ᠂ ᠬᠢᠨᠡᠨ ᠬᠠᠮᠢᠶᠠᠷᠠᠬᠤ ᠵᠡᠷᠭᠡ ᠠᠵᠢᠯ ᠢ | ᠬᠠᠷᠢᠭᠤᠴᠠᠨ᠎ᠠ᠃ | ᠲᠦᠷᠪᠡᠳᠦᠭᠡᠷ ᠵᠦᠢᠯ ᠮᠤᠩᠭᠤᠯ ᠬᠡᠯᠡ ᠪᠢᠴᠢᠭ ᠤᠨ ᠡᠷᠳᠡᠮ ᠰᠢᠨᠵᠢᠯᠡᠭᠡᠨ ᠤ ᠲᠦᠷᠦᠯ ᠵᠦᠢᠯ ᠢ ᠴᠢᠬᠤᠯᠠ | ᠶᠡᠭᠡ ᠲᠦᠷᠦᠯ ᠵᠦᠢᠯ᠂ ᠭᠤᠤᠯᠳᠠᠯᠭ᠎ᠠ ᠲᠠᠢ ᠲᠦᠷᠦᠯ ᠵᠦᠢᠯ ᠂ ᠡᠩ ᠤᠨ ᠲᠦᠷᠦᠯ ᠵᠦᠢᠯ᠂ ᠨᠠᠶᠢᠳᠠᠯᠭ᠎ᠠ ᠶᠢᠨ | ᠲᠦᠷᠦᠯ ᠵᠦᠢᠯ ᠪᠠ ᠰᠡᠭᠦᠯᠴᠢ ᠶᠢᠨ ᠬᠤᠭᠤᠴᠠᠭᠠᠨ ᠤ ᠵᠤᠭᠤᠰ ᠢᠶᠠᠷ ᠲᠤᠰᠠᠯᠠᠬᠤ ᠲᠦᠷᠦᠯ ᠵᠦᠢᠯ ᠭᠡᠵᠦ | ᠬᠤᠪᠢᠶᠠᠨ᠎ᠠ᠃ | ᠲᠠᠪᠤᠳᠤᠭᠠᠷ ᠵᠦᠢᠯ ᠲᠤᠰ ᠬᠠᠮᠢᠶᠠᠷᠣᠯᠳᠠ ᠶᠢᠨ ᠠᠷᠭ᠎ᠠ ᠳᠤ ᠵᠢᠭᠠᠭᠰᠠᠠ ᠮᠤᠩᠭᠤᠯ ᠬᠡᠯᠡ ᠪᠢᠴᠢᠭ ᠤᠨ | ᠡᠷᠳᠡᠮ ᠰᠢᠨᠵᠢᠯᠡᠭᠡᠨ ᠤ ᠲᠦᠷᠦᠯ ᠵᠦᠢᠯ ᠤᠨ ᠬᠡᠪᠴᠢᠶᠠᠠ ᠳᠤ ᠲᠣᠣᠷᠠᠬᠢ ᠵᠦᠢᠯᠡᠰ ᠪᠠᠭᠳᠠᠨ᠎ᠠ᠄ | ︵ᠨᠢᠭᠡ︶ ᠰᠠᠭᠤᠷᠢ ᠰᠤᠲᠤᠯᠭᠠᠨ᠄ ᠤᠷᠴᠢᠨ ᠴᠠᠭ ᠤᠨ ᠮᠤᠩᠭᠤᠯ ᠬᠡᠯᠡᠨ ᠤ ᠰᠤᠳᠤᠯᠭᠠᠠ ︵ᠭᠤᠤᠯᠳᠠᠭᠤ | ᠠᠪᠢᠶ᠎ᠠ᠂ ᠦᠭᠡ ᠵᠦᠢ᠂ ᠦᠭᠦᠯᠡᠪᠦᠷᠢ ᠵᠦᠢ᠂ ᠦᠬᠡᠰ ᠤᠨ ᠰᠠᠩ᠂ ᠨᠠᠶᠢᠷᠠᠭᠤᠯᠭ᠎ᠠ᠂ ᠵᠦᠪ ᠪᠢᠴᠢᠯᠭᠡ᠂ ᠬᠡᠯᠡᠨ ᠤ | ᠤᠳᠬ᠎ᠠ ᠶᠢᠨ ᠰᠤᠳᠤᠯᠭᠠᠨ ᠵᠡᠷᠭᠡ ᠶᠢ ᠪᠠᠭᠲᠠᠭᠠᠨ᠎ᠠ︶︔ ᠳᠣᠮᠳᠠᠲᠦ ᠡᠷᠲᠡᠨ ᠤ ᠮᠤᠩᠭᠤᠯ ᠬᠡᠯᠡᠨ ᠤ ᠰᠤᠲᠤᠯᠭᠠᠨ︔ | ᠨᠤᠲᠤᠭ ᠤᠨ ᠠᠶᠠᠯᠭᠤᠨ ᠤ ᠰᠤᠲᠤᠯᠭᠠᠨ︔ ᠠᠯᠲᠠᠢ ᠢᠵᠠᠭᠤᠷ ᠬᠡᠯᠡᠨ ᠤ ᠰᠤᠲᠤᠯᠭᠠᠨ᠂ ᠮᠣᠩᠭᠤᠯ ᠲᠦᠷᠦᠯ ᠬᠡᠯᠡᠨ ᠤ | ᠰᠤᠲᠤᠯᠭᠠᠨ︔ ᠮᠣᠩᠭᠤᠯ ᠰᠤᠷᠪᠤᠯᠵᠢ ᠪᠢᠴᠢᠭ ᠤᠨ ᠰᠤᠲᠤᠯᠭᠠᠨ︔ ᠡᠷᠲᠡᠨ ᠤ ᠦᠰᠦᠭ ᠪᠢᠴᠢᠭ ᠤᠨ ᠰᠤᠲᠤᠯᠭᠠᠨ︔ | ᠬᠡᠯᠡ ᠪᠢᠴᠢᠭ ᠤᠨ ᠤᠬᠠᠭᠠᠠ ᠤ ᠲᠡᠣᠬᠡ ᠶᠢᠨ ᠰᠤᠲᠤᠯᠭᠠᠨ︔ ᠲᠣᠯᠢ ᠵᠦᠢ ᠶᠢᠨ ᠰᠤᠳᠤᠯᠭᠠᠠ︔ ᠰᠤᠶᠤᠯ ᠬᠡᠯᠡ | ᠰᠢᠠᠵᠢᠯᠡᠯ ᠤᠨ ᠰᠤᠲᠤᠯᠭᠠᠨ ᠵᠡᠷᠭᠡ᠃ | ︵ᠬᠤᠶᠠᠷ︶ ᠬᠡᠷᠡᠭᠯᠡᠭᠡᠨ ᠤ ᠰᠤᠲᠤᠯᠭᠠᠨ᠄ ᠲᠦᠷᠢᠮᠵᠢᠯ᠂ ᠪᠠᠷᠢᠮᠵᠢᠶᠠᠵᠢᠯ ᠤᠨ ᠰᠤᠲᠤᠯᠭᠠᠨ︔ ᠬᠡᠯᠡᠨ ᠤ | ᠵᠢᠭᠠᠠ ᠰᠤᠷᠭᠠᠯᠳᠡ ᠶᠢᠨ ᠰᠤᠲᠤᠯᠭᠠᠨ︔ ᠭᠡᠯᠡᠨ ᠤ ᠬᠡᠷᠡᠭᠯᠡᠭᠡᠨ ᠤ ᠰᠤᠲᠤᠯᠭᠠᠨ︔ ᠤᠷᠴᠢᠭᠤᠯᠭ᠎ᠠ ᠶᠢᠨ ᠰᠤᠲᠤᠯᠭᠠᠨ︔ | ᠦᠭᠡ ᠬᠡᠯᠡᠨ ᠤ ᠲᠦᠷᠦ ᠶᠢᠨ ᠪᠤᠲᠤᠯᠭ᠎ᠠ᠂ ᠲᠦᠯᠦᠪᠵᠢᠭᠦᠯᠭᠡ ᠶᠢᠨ ᠰᠤᠲᠤᠯᠭᠠᠨ︔ ᠮᠤᠩᠭᠤᠯ ᠬᠡᠯᠡ ᠪᠢᠴᠢᠭ ᠤᠨ | ᠠᠵᠢᠯ ᠤᠨ ᠰᠢᠢᠳᠪᠦᠷᠢᠲᠦ ᠪᠣᠳᠤᠯᠭ᠎ᠠ ᠲᠣᠭᠲᠠᠭᠠᠬᠤ ᠳᠤ ᠯᠠᠪᠯᠠᠬᠤ ᠦᠷᠳᠡᠭ ᠲᠠᠢ ᠪᠤᠰᠤᠳ ᠪᠤᠳᠠᠳᠦ ᠠᠰᠠᠭᠤᠳᠠᠯ ᠤᠨ | ᠰᠤᠲᠤᠯᠭᠠᠨ ᠵᠡᠷᠭᠡ᠃ | | | ᠬᠤᠶᠠᠳᠤᠭᠠᠷ ᠪᠦᠯᠦᠭ ᠭᠤᠶᠤᠴᠢᠯᠠᠬᠤ ᠪᠠ ᠲᠦᠷᠦᠯ ᠵᠦᠢᠯ ᠪᠠᠳᠤᠯᠠᠬᠤ | | | ᠵᠢᠷᠭᠤᠳᠤᠭᠠᠷ ᠵᠦᠢᠯ ᠮᠤᠩᠭᠤᠯ ᠬᠡᠯᠡ ᠪᠢᠴᠢᠭ ᠤᠨ ᠡᠷᠳᠡᠮ ᠰᠢᠨᠵᠢᠯᠡᠭᠡᠨ ᠤ ᠲᠦᠷᠦᠯ ᠵᠦᠢᠯ ᠳᠤ | ᠳᠠᠭᠠᠭᠠᠴᠢᠯᠠᠯᠳᠠ ᠵᠠᠷᠯᠠᠬᠤ ᠪᠠ ᠨᠠᠶᠢᠳᠠᠯᠭ᠎ᠠ ᠬᠢᠬᠦ ᠬᠡᠯᠪᠡᠷᠢ ᠶᠢ ᠣᠶᠠᠯᠳᠣᠭᠤᠯᠵᠦ᠂ ᠲᠦᠷᠦᠯ ᠵᠦᠢᠯ | ᠬᠠᠷᠢᠭᠤᠴᠠᠭᠴᠢ ᠶᠢᠨ ᠬᠠᠷᠢᠭᠤᠴᠠᠬᠤ ᠲᠦᠷᠢᠮ ᠢ ᠬᠡᠷᠡᠭᠵᠢᠭᠦᠯᠦᠨ᠎ᠡ᠃ | ᠳᠤᠯᠤᠳᠤᠭᠠᠷ ᠵᠦᠢᠯ ᠦᠪᠡᠷᠳᠡᠭᠡᠨ ᠵᠠᠰᠠᠬᠤ ᠤᠷᠤᠨ ᠤ ᠦᠨᠳᠦᠰᠦᠲᠡᠨ ᠤ ᠵᠦᠪᠯᠡᠯ ᠵᠢᠯ ᠪᠦᠷᠢ ᠶᠢᠨ | ᠨᠢᠭᠡᠳᠣᠭᠡᠷ ᠤᠯᠠᠷᠢᠯ ᠳᠤ ᠦᠪᠡᠷᠳᠡᠭᠡᠨ ᠵᠠᠰᠠᠬᠤ ᠤᠷᠤᠨ ᠤ ᠦᠨᠳᠦᠰᠦᠲᠡᠨ ᠤ ᠵᠦᠪᠯᠡᠯ ᠤᠨ ᠰᠦᠯᠵᠢᠶᠡᠨ ᠳᠤ ᠲᠤᠰ | ᠵᠢᠯ ᠤᠨ ᠲᠦᠷᠦᠯ ᠵᠦᠢᠯ ᠭᠤᠶᠤᠴᠢᠯᠠᠨ ᠮᠡᠳᠡᠬᠦᠯᠬᠦ ᠮᠡᠳᠡᠭᠳᠡᠯ ᠪᠠ ︽ᠮᠤᠩᠭᠤᠯ ᠬᠡᠯᠡ ᠪᠢᠴᠢᠭ ᠤᠨ ᠡᠷᠳᠡᠮ | ᠰᠢᠨᠵᠢᠯᠡᠭᠡᠨ ᠤ ᠲᠦᠷᠦᠯ ᠵᠦᠢᠯ ᠭᠤᠶᠤᠴᠢᠯᠠᠨ ᠮᠡᠳᠡᠬᠦᠯᠬᠦ ᠵᠦᠪᠯᠡᠭᠦᠷ︾ ᠢ ᠨᠡᠶᠢᠲᠡᠯᠡᠵᠦ᠂ ᠲᠤᠬᠲᠠᠬᠰᠠᠨ | ᠬᠤᠭᠤᠴᠠᠭᠠᠨ ᠳᠤ ᠲᠦᠷᠦᠯ ᠵᠦᠢᠯ ᠭᠤᠶᠤᠴᠢᠯᠠᠨ ᠮᠡᠳᠡᠭᠦᠯᠦᠭᠰᠡᠨ ᠢ ᠬᠦᠯᠢᠶᠡᠠ ᠠᠪᠴᠤ ᠰᠢᠢᠳᠪᠦᠷᠢᠯᠡᠨ᠎ᠡ᠃ | ᠦᠪᠡᠷᠳᠡᠭᠡᠨ ᠵᠠᠰᠠᠬᠤ ᠤᠷᠤᠨ ᠤ ᠦᠨᠳᠦᠰᠦᠲᠡᠨ ᠤ ᠵᠦᠪᠯᠡᠯ ᠨᠢ ᠠᠵᠢᠯ ᠤᠨ ᠬᠡᠷᠡᠭᠴᠡᠭᠡ ᠪᠠᠨ ᠦᠠᠳᠤᠰᠤᠯᠠᠠ | ᠪᠠᠴᠢᠮ ᠪᠠᠶᠢᠳᠠᠯ ᠢ ᠠᠷᠭᠠᠴᠠᠭᠠᠬᠤ ᠲᠦᠷᠦᠯ ᠵᠦᠢᠯ ᠢ ᠴᠠᠭ ᠲᠤ ᠨᠢ ᠲᠤᠬᠢᠷᠠᠭᠤᠯᠤᠨ ᠲᠣᠭᠲᠠᠭᠠᠨ᠎ᠠ᠃ ᠪᠠᠴᠢᠮ | ᠪᠠᠶᠢᠳᠠᠯ ᠢ ᠠᠷᠭᠠᠴᠠᠭᠠᠬᠤ ᠲᠦᠷᠦᠯ ᠵᠦᠢᠯ ᠢ ᠨᠠᠶᠢᠳᠠᠯᠭ᠎ᠠ ᠶᠢᠨ ᠬᠡᠯᠪᠡᠷᠢ ᠪᠠᠷ ᠪᠠᠳᠤᠯᠠᠨ᠎ᠠ᠃ | ᠨᠠᠢᠮᠠᠳᠤᠭᠠᠷ ᠵᠦᠢᠯ ᠮᠤᠩᠭᠤᠯ ᠬᠡᠯᠡ ᠪᠢᠴᠢᠭ ᠤᠨ ᠡᠷᠳᠡᠮ ᠰᠢᠨᠵᠢᠯᠡᠭᠡᠨ ᠤ ᠲᠦᠷᠦᠯ ᠵᠦᠢᠯ ᠢ | ᠭᠤᠶᠤᠴᠢᠯᠠᠨ ᠮᠡᠳᠡᠭᠦᠯᠦᠭᠰᠡᠨ ᠬᠠᠷᠢᠭᠤᠴᠠᠭᠴᠢ ᠲᠤᠤᠷᠠᠬᠢ ᠨᠦᠬᠦᠴᠡᠯ ᠤᠳ ᠲᠤ ᠨᠡᠶᠢᠴᠡᠭᠰᠡᠨ ᠪᠠᠶᠢᠬᠤ ᠬᠡᠷᠩᠲᠡᠢ᠄ | ︵ᠨᠢᠭᠡ︶ ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠡᠷᠭᠡᠲᠦ ᠠᠷᠠᠳ᠂ ᠪᠦᠭᠦᠳᠡ | ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠦᠨᠳᠦᠰᠦᠨ ᠬᠠᠤᠯᠢ ᠪᠠ ᠬᠤᠯᠪᠤᠭᠳᠠᠯ ᠪᠦᠬᠦᠢ ᠬᠠᠤᠯᠢ ᠲᠤᠬᠳᠠᠭᠠᠯ ᠢ | ᠵᠢᠷᠤᠮᠯᠠᠭᠰᠠᠨ ᠪᠠᠶᠢᠬᠤ︔ | ︵ᠬᠤᠶᠠᠷ︶ ᠡᠩ ᠤᠨ ᠪᠠᠶᠢᠳᠠᠯ ᠳᠤ ᠶᠡᠭᠡ ᠳᠡᠭᠡᠲᠦ ᠰᠤᠷᠭᠠᠭᠤᠯᠢ᠂ ᠡᠷᠳᠡᠮ ᠰᠢᠨᠵᠢᠯᠡᠭᠡᠨ ᠤ ᠭᠦᠷᠢᠶᠡᠯᠡᠩ | ᠭᠠᠵᠠᠷ᠂ ᠦᠨᠳᠦᠰᠦᠲᠡᠨ ᠤ ᠵᠦᠪᠯᠡᠯ ᠵᠡᠷᠭᠡ ᠬᠤᠯᠪᠤᠭᠳᠠᠯ ᠪᠦᠬᠦᠢ ᠨᠢᠭᠡᠴᠢ ᠶᠢᠨ ᠵᠢᠩᠬᠢᠨᠢ ᠠᠵᠢᠯ ᠤᠨ ᠪᠠᠶᠢᠷᠢ ᠲᠠᠢ | ᠠᠵᠢᠯᠲᠠᠨ ᠠᠵᠢᠯᠴᠢᠨ ᠪᠠᠶᠢᠬᠤ ᠬᠡᠷᠩᠲᠡᠢ᠂ ᠤᠷᠢᠭᠳᠠᠠ ᠠᠵᠢᠯᠯᠠᠵᠤ ᠪᠠᠶᠢᠭ᠎ᠠ ᠠᠵᠢᠯᠳᠠᠠ ᠠᠵᠢᠯᠴᠢᠨ ᠡᠷᠬᠡᠪᠰᠢ | ᠨᠢᠭᠡᠴᠢ ᠲᠠᠢ ᠪᠠᠨ ᠵᠢᠩᠬᠢᠨᠢ ᠪᠠᠷ ᠭᠡᠷ᠎ᠡ ᠲᠤᠬᠲᠠᠬᠰᠠᠨ ᠪᠦᠭᠡᠳ ᠤᠷᠢᠭᠳᠠᠠ ᠠᠵᠢᠯᠯᠠᠬᠰᠠᠨ ᠬᠤᠭᠤᠴᠠᠭ᠎ᠠ ᠨᠢ ᠨᠠᠭᠠᠳᠤ | ᠵᠠᠬ᠎ᠠ ᠳᠤ ᠪᠠᠨ 2 ᠵᠢᠯ ᠪᠠᠶᠢᠬᠤ ᠬᠡᠷᠡᠭᠳᠡᠢ︔ | ︵ᠭᠤᠷᠪᠠ︶ ᠳᠡᠳ᠋ ᠳᠡᠭᠡᠳᠦ ᠵᠡᠷᠭᠡ ︵ᠳᠡᠭᠡᠳᠦ ᠵᠡᠷᠭᠡ ᠶᠢ ᠪᠠᠭᠲᠠᠭᠠᠨ᠎ᠠ︶ ᠠᠴᠠ ᠳᠡᠭᠡᠭᠰᠢ ᠲᠤᠰᠬᠠᠢ | ᠮᠡᠷᠭᠡᠵᠢᠯ ᠤᠨ ᠴᠤᠯᠠ ᠪᠤᠶᠤ ᠳ᠋ᠤᠺᠲ᠋ᠤᠷ ᠡᠷᠳᠡᠮ ᠤᠨ ᠴᠤᠯᠠ ᠲᠠᠢ ᠪᠠᠶᠢᠬᠤ︔ | ︵ᠲᠦᠷᠪᠡ︶ ᠮᠠᠭᠢᠰᠲ᠋ᠧᠷ ᠡᠷᠳᠡᠮ ᠤᠨ ᠴᠤᠯᠠ ᠲᠠᠢ ᠪᠦᠭᠡᠳ ᠲᠠᠪᠤᠨ ᠵᠢᠯ ᠠᠴᠠ ᠳᠡᠭᠡᠭᠰᠢᠬᠢ ᠠᠵᠢᠯ ᠤᠨ | ᠲᠤᠷᠰᠢᠯᠭ᠎ᠠ ᠲᠠᠢ ᠪᠠᠶᠢᠬᠤ ᠬᠡᠷᠡᠭᠲᠡᠢ᠃ | ᠶᠢᠰᠦᠲᠦᠭᠡᠷ ᠵᠦᠢᠯ ᠮᠤᠩᠭᠤᠯ ᠬᠡᠯᠡ ᠪᠢᠴᠢᠭ ᠤᠨ ᠡᠷᠳᠡᠮ ᠰᠢᠨᠵᠢᠯᠡᠭᠡᠨ ᠤ ᠲᠦᠷᠦᠯ ᠵᠦᠢᠯ ᠢ | ᠭᠤᠶᠤᠴᠢᠯᠠᠬᠤ ᠳᠤ ︽ᠮᠤᠩᠭᠤᠯ ᠬᠡᠯᠡ ᠪᠢᠴᠢᠭ ᠤᠨ ᠡᠷᠳᠡᠮ ᠰᠢᠨᠵᠢᠯᠡᠭᠡᠨ ᠤ ᠲᠦᠷᠦᠯ ᠵᠦᠢᠯ ᠢ ᠭᠤᠶᠤᠴᠢᠯᠠᠬᠤ | ᠬᠦᠰᠦᠨᠦᠭᠲᠦ︾ ᠶᠢ ᠲᠠᠭᠯᠠᠬᠤ ᠶᠢᠨ ᠬᠠᠮᠳᠤ ᠬᠠᠮᠢᠶ᠎ᠠ ᠪᠦᠬᠦᠢ ᠮᠠᠲ᠋ᠧᠷᠢᠶᠠᠯ ᠤᠳ ᠢᠶᠠᠨ ᠬᠠᠩᠭᠠᠵᠦ᠂ ᠲᠦᠷᠦᠯ ᠵᠦᠢᠯ | ᠬᠠᠷᠢᠭᠤᠴᠠᠭᠴᠢ ᠶᠢᠨ ᠪᠠᠶᠢᠭ᠎ᠠ ᠨᠢᠭᠡᠴᠢ ᠶᠢᠨ ᠡᠷᠳᠡᠮ ᠰᠢᠠᠵᠢᠯᠡᠭᠡᠠ ᠤ ᠬᠠᠮᠢᠶᠠᠷᠤᠯᠳᠡ ᠶᠢᠨ ᠰᠠᠯᠠᠭ᠎ᠠ ᠮᠦᠴᠢᠷ ᠢᠶᠠᠷ | ᠬᠢᠨᠠᠨ ᠬᠠᠷᠭᠤᠭᠤᠯᠵᠦ ᠰᠠᠨᠠᠯ ᠪᠢᠴᠢᠭᠦᠯᠦᠭᠰᠡᠨ ᠤ ᠳᠠᠷᠠᠭ᠎ᠠ᠂ ᠦᠪᠡᠷᠳᠡᠬᠡᠨ ᠵᠠᠰᠠᠬᠤ ᠤᠷᠤᠨ ᠤ ᠦᠨᠳᠦᠰᠦᠲᠡᠨ ᠤ | ᠵᠦᠪᠯᠡᠯ ᠳᠤ ᠮᠡᠳᠡᠭᠦᠯᠦᠠ ᠬᠦᠷᠭᠡᠨ᠎ᠡ᠃ | ᠠᠷᠪᠠᠳᠤᠭᠠᠷ ᠵᠦᠢᠯ ᠳᠣᠣᠷᠠᠬᠢ ᠪᠠᠶᠢᠲᠠᠯ ᠤᠳ ᠤᠨ ᠨᠢᠭᠡ ᠨᠢ ᠪᠠᠶᠢᠪᠠᠯ᠂ ᠭᠤᠶᠤᠴᠢᠯᠠᠨ ᠮᠡᠳᠡᠭᠦᠯᠬᠦ ᠬᠢᠷᠢ | ᠬᠡᠮ ᠢ ᠨᠢ ᠬᠦᠴᠤᠠ ᠦᠭᠡᠢ ᠪᠣᠯᠭᠠᠨ᠎ᠠ᠄ | ︵ᠨᠢᠭᠡ︶ ᠭᠤᠶᠤᠴᠢᠯᠠᠬᠤ ᠮᠠᠲ᠋ᠧᠷᠢᠶᠠᠯ ᠳᠤ ᠨᠢ ᠬᠤᠳᠠᠯ ᠬᠠᠭᠤᠷᠮᠠᠭ ᠠᠭᠤᠯᠭ᠎ᠠ ᠲᠠᠢ ᠪᠠᠶᠢᠬᠤ︔ | ︵ᠬᠤᠶᠠᠷ︶ ᠲᠦᠷᠦᠯ ᠵᠦᠢᠯ ᠭᠤᠶᠤᠴᠢᠯᠬᠠᠴᠢ ᠨᠢ ᠡᠷᠳᠡᠮ ᠰᠢᠨᠵᠢᠯᠡᠭᠡᠨ ᠤ ᠶᠤᠰᠤ ᠰᠣᠷᠲᠠᠬᠤᠨ ᠢ ᠬᠦᠨᠳᠦ | ᠨᠣᠴᠢᠳᠠᠢ ᠵᠦᠷᠢᠴᠡᠭᠰᠡᠨ︔ | ︵ᠭᠤᠷᠪᠠ︶ ᠲᠦᠷᠦᠯ ᠵᠦᠢᠯ ᠬᠠᠷᠢᠭᠤᠴᠠᠭᠴᠢ ᠨᠢ ᠦᠨᠳᠦᠰᠦᠲᠡᠨ ᠤ ᠵᠦᠪᠯᠡᠯ ᠤᠨ ᠡᠷᠳᠡᠮ ᠰᠢᠨᠵᠢᠯᠡᠭᠡᠨ ᠤ | ᠲᠦᠷᠦᠯ ᠵᠦᠢᠯ ᠢ ᠳᠠᠭᠠᠭᠠᠴᠢᠯᠠᠭᠰᠠᠨ ᠮᠦᠷᠲᠡᠭᠡᠨ ᠬᠠᠷᠠᠬᠠᠨ ᠳᠠᠭᠤᠰᠬᠠᠭᠠᠳᠤᠢ ᠪᠠᠶᠢᠬᠤ︔ | ︵ᠲᠦᠷᠪᠡ︶ ᠰᠡᠳᠦᠪ ᠤᠨ ᠰᠤᠳᠤᠯᠭᠠᠨ ᠤ ᠲᠤᠭᠤᠶᠢᠯᠠᠩ ᠤᠨ ᠭᠡᠰᠢᠭᠦᠨ ᠠᠳᠠᠯᠢ ᠰᠡᠳᠤᠪ ᠪᠤᠶᠤ | ᠠᠭᠤᠯᠭ᠎ᠠ ᠪᠠᠷ ᠨᠢᠭᠡᠨᠳᠡ ᠤᠯᠤᠰ ᠤᠨ ᠪᠠ ᠦᠪᠡᠷᠳᠡᠭᠡᠨ ᠵᠠᠰᠠᠬᠤ ᠤᠷᠤᠨ ᠤ ᠡᠯ᠎ᠡ ᠲᠦᠷᠦᠯ ᠤᠨ ᠰᠠᠭᠤᠷᠢ | ᠮᠦᠩᠬᠦᠨ ᠤ ᠲᠦᠷᠦᠯ ᠵᠦᠢᠯ ᠪᠠᠲᠣᠯᠠᠭᠤᠯᠣᠭᠰᠠᠨ︔ | ︵ᠲᠠᠪᠦ︶ ᠬᠠᠤᠯᠢ ᠴᠠᠭᠠᠵᠠ ᠬᠠᠤᠯᠢ ᠲᠤᠨᠨᠳᠠᠭᠠᠯ ᠠᠴᠠ ᠵᠦᠷᠢᠴᠡᠭᠰᠡᠨ ᠪᠤᠰᠤᠳ ᠦᠢᠯᠡ ᠠᠵᠢᠯᠯᠠᠭ᠎ᠠ | ᠲᠠᠢ᠃ | ᠠᠷᠪᠠᠨ ᠨᠢᠭᠡᠳᠦᠭᠡᠷ ᠵᠦᠢᠯ ᠦᠪᠡᠷᠳᠡᠭᠡᠠ ᠵᠠᠰᠠᠬᠤ ᠣᠷᠤᠠ ᠤ ᠦᠠᠳᠤᠰᠤᠳᠠᠠ ᠤ ᠵᠦᠪᠯᠡᠯ ᠨᠢ ᠮᠤᠩᠭᠤᠯ | ᠬᠡᠯᠡ ᠪᠢᠴᠢᠭ ᠤᠨ ᠡᠷᠳᠡᠮ ᠰᠢᠨᠵᠢᠯᠡᠭᠡᠨ ᠤ ᠲᠦᠷᠦᠯ ᠵᠦᠢᠯ ᠢ ᠪᠠᠲᠣᠯᠠᠵᠦ ᠬᠢᠨᠠᠠ ᠰᠢᠯᠭᠠᠷᠠᠭᠤᠯᠬᠤ ᠠᠵᠢᠯ ᠢ | ᠬᠠᠷᠢᠭᠤᠴᠠᠵᠤ ᠵᠣᠬᠢᠶᠠᠠ ᠪᠠᠶᠢᠭᠤᠯᠤᠨ᠎ᠠ᠃ | ︵ᠨᠢᠭᠡ︶ ᠲᠤᠰ ᠠᠷᠭ᠎ᠠ ᠶᠢᠨ ᠨᠠᠢᠮᠠ ᠠᠴᠠ ᠠᠷᠪᠠᠳᠤᠭᠠᠷ ᠵᠦᠢᠯ ᠤᠨ ᠱᠠᠭᠠᠷᠳᠠᠯᠭ᠎ᠠ ᠶᠤᠰᠤᠭᠠᠷ ᠮᠤᠩᠭᠤᠯ | ᠬᠡᠯᠡ ᠪᠢᠴᠢᠭ ᠤᠨ ᠡᠷᠳᠡᠮ ᠰᠢᠨᠵᠢᠯᠡᠬᠡᠨ ᠤ ᠲᠦᠷᠦᠯ ᠵᠦᠢᠯ ᠭᠤᠶᠤᠴᠢᠯᠠᠬᠤ ᠮᠠᠲ᠋ᠧᠷᠢᠶᠠᠯ ᠤᠨ ᠦᠨᠡᠨ ᠪᠤᠳᠠᠲᠦ | ᠴᠢᠨᠠᠷ᠂ ᠵᠦᠢᠲᠡᠢ ᠴᠢᠨᠠᠷ᠂ ᠪᠣᠯᠤᠮᠵᠢᠳᠤ ᠴᠢᠨᠠᠷ ᠢ ᠠᠩᠬ᠎ᠠ ᠠᠯᠬᠤᠮ ᠬᠢᠨᠠᠨ᠎ᠠ︔ | ︵ᠬᠤᠶᠠᠷ︶ ᠬᠢᠨᠠᠠ ᠰᠢᠯᠭᠠᠷᠠᠭᠤᠯᠬᠤ ᠲᠤᠰᠬᠠᠢ ᠮᠡᠷᠭᠡᠵᠢᠯᠳᠡᠳ ᠤᠨ ᠬᠦᠮᠦᠷᠭᠡ ᠶᠢ ᠵᠤᠬᠢᠶᠠᠨ ᠪᠠᠶᠢᠭᠤᠯᠤᠨ᠎ᠠ᠂ | ᠬᠢᠨᠠᠠ ᠰᠢᠯᠭᠠᠷᠠᠭᠤᠯᠬᠤ ᠲᠤᠰᠬᠠᠢ ᠮᠡᠷᠭᠡᠵᠢᠯᠳᠡᠨ ᠡᠷᠬᠡᠪᠰᠢ ᠲᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ | ᠲᠤᠰᠢᠶᠠᠯ ᠲᠠᠢ ᠪᠠᠶᠢᠵᠦ᠂ ᠬᠢᠨᠠᠨ ᠰᠢᠯᠭᠠᠭᠳᠠᠬᠤ ᠲᠦᠷᠦᠯ ᠵᠦᠢᠯ ᠤᠨ ᠬᠠᠷᠢᠶ᠎ᠠ ᠰᠢᠨᠵᠢᠯᠡᠭᠡᠨ ᠤ ᠲᠤᠰᠬᠠᠢ | ᠮᠡᠷᠭᠡᠵᠢᠯ ᠤᠨ ᠬᠦᠷᠢᠶ᠎ᠡ ᠬᠡᠪᠴᠢᠶ᠎ᠡ ᠶᠢ ᠲᠣᠳᠣᠷᠬᠠᠢ ᠣᠶᠢᠯᠠᠭᠠᠭᠰᠠᠠ ᠪᠠᠶᠢᠬᠤ ᠬᠡᠷᠡᠭᠳᠡᠢ᠃ ᠤᠳᠠᠭ᠎ᠠ ᠪᠦᠷᠢ ᠶᠢᠨ ᠬᠢᠨᠠᠨ | ᠰᠢᠯᠭᠠᠷᠠᠭᠤᠯᠤᠯᠲᠠ ᠳᠤ ᠲᠤᠰᠬᠠᠢ ᠮᠡᠷᠭᠡᠵᠢᠯᠳᠡᠳ ᠤᠨ ᠬᠦᠮᠦᠷᠭᠡ ᠠᠴᠠ 5 — 7 ᠮᠡᠷᠭᠡᠵᠢᠯᠳᠡᠨ ᠢ ᠲᠠᠰᠢᠷᠠᠮ ᠢᠶᠠᠷ | ᠰᠤᠩᠭᠤᠠ᠂ ᠬᠢᠨᠠᠠ ᠰᠢᠯᠭᠠᠷᠠᠭᠤᠯᠬᠤ ᠲᠤᠰᠬᠠᠢ ᠮᠡᠷᠭᠡᠵᠢᠯᠳᠡᠠ ᠤ ᠳᠤᠭᠤᠶᠢᠯᠠᠩ ᠪᠠᠶᠢᠭᠤᠯᠬᠤ ᠶᠢᠨ ᠳᠠᠭᠠᠤ | ᠳᠤᠭᠤᠶᠢᠯᠠᠩ ᠤᠨ ᠳᠠᠷᠤᠭ᠎ᠠ ᠶᠢ ᠰᠤᠩᠭᠤᠨ ᠭᠠᠷᠭᠠᠨ᠎ᠠ᠃ ᠬᠢᠨᠠᠨ ᠰᠢᠯᠭᠠᠷᠠᠭᠤᠯᠬᠤ ᠬᠤᠷᠠᠯ ᠢ ᠲᠤᠭᠤᠶᠢᠯᠠᠩ ᠤᠨ | ᠳᠠᠷᠤᠭ᠎ᠠ ᠡᠷᠬᠢᠯᠡᠵᠦ᠂ ᠵᠠᠳᠠᠭᠠᠢ ᠬᠠᠭᠤᠳᠠᠰᠤᠨ ᠳᠤ ᠨᠡᠷ᠎ᠡ ᠪᠤᠷᠤᠭᠤᠯᠠᠨ ᠬᠢᠨᠠᠨ ᠰᠢᠯᠭᠠᠷᠠᠭᠤᠯᠬᠤ ᠳᠦᠷᠢᠮ ᠢ | ᠬᠡᠷᠩᠵᠢᠭᠦᠯᠵᠤ᠂ ᠬᠢᠨᠠᠨ ᠰᠢᠯᠭᠠᠷᠠᠭᠤᠯᠬᠤ ᠳᠤᠭᠤᠶᠢᠯᠠᠩ ᠤᠨ ᠭᠤᠷᠪᠠᠨ ᠤ ᠬᠤᠶᠠᠷ ᠠᠴᠠ ᠳᠡᠭᠡᠭᠰᠢᠬᠢ ᠬᠡᠰᠢᠭᠦᠨ | ᠲᠦᠷᠦᠯ ᠵᠦᠢᠯ ᠪᠠᠲᠤᠯᠠᠭᠳᠠᠬᠤ ᠶᠢ ᠨᠢ ᠵᠦᠪᠰᠢᠶᠡᠷᠡᠪᠡᠯ ᠰᠠᠶ᠋ᠢ ᠬᠦᠴᠦᠨ ᠲᠠᠢ ᠪᠤᠯᠵᠤ᠂ ᠲᠤᠰᠬᠠᠢ ᠮᠡᠷᠭᠡᠵᠢᠯᠳᠡᠨ ᠤ | ᠳᠤᠭᠤᠶᠢᠯᠠᠩ ᠤᠨ ᠲᠠᠷᠤᠭ᠎ᠠ ᠠᠴᠠ ᠲᠦᠷᠦᠯ ᠵᠦᠢᠯ ᠪᠠᠲᠣᠯᠠᠭᠳᠠᠬᠤ ᠡᠰᠡᠬᠦ ᠰᠠᠨᠠᠯ ᠭᠠᠷᠭᠠᠵᠤ ᠭᠠᠷ ᠤᠨ ᠦᠰᠦᠭ | ᠵᠢᠷᠤᠨ᠎ᠠ︔ | ︵ᠭᠤᠷᠪᠠ︶ ᠲᠤᠰᠬᠠᠢ ᠮᠡᠷᠭᠡᠵᠢᠯᠳᠡᠨ ᠤ ᠳᠤᠭᠤᠶᠢᠯᠠᠩ ᠤᠨ ᠬᠢᠨᠠᠨ ᠰᠢᠯᠭᠠᠷᠠᠭᠤᠯᠤᠭᠰᠠᠨ ᠰᠠᠨᠠᠯ ᠢ | ᠦᠠᠳᠤᠰᠤᠯᠠᠠ᠂ ᠪᠠᠲᠣᠯᠠᠭᠳᠠᠬᠤ ᠲᠥᠯᠥᠪᠯᠡᠭᠡᠨ ᠳᠤ ᠣᠷᠣᠭᠰᠠᠨ ᠲᠦᠷᠦᠯ ᠵᠦᠢᠯ ᠤᠨ ᠨᠡᠷᠡᠰ ᠢ ᠭᠠᠷᠭᠠᠵᠤ᠂ | ᠦᠪᠡᠷᠳᠡᠭᠡᠨ ᠵᠠᠰᠠᠬᠤ ᠤᠷᠤᠨ ᠤ ᠦᠨᠳᠦᠰᠦᠲᠡᠨ ᠤ ᠵᠦᠪᠯᠡᠯ ᠤᠨ ᠰᠦᠯᠵᠢᠶᠡᠨ ᠳᠤ 5 ᠠᠵᠢᠯᠯᠠᠬᠤ ᠡᠳᠣᠷ ᠠᠴᠠ | ᠲᠡᠬᠡᠭᠰᠢ ᠬᠤᠭᠤᠴᠠᠭ᠎ᠠ ᠲᠠᠢ ᠢᠯᠡ ᠪᠠᠷ ᠨᠡᠶᠢᠲᠡᠯᠡᠨ᠎ᠡ︔ | ︵ᠲᠦᠷᠪᠡ︶ ᠦᠪᠡᠷᠳᠡᠭᠡᠨ ᠵᠠᠰᠠᠬᠤ ᠤᠷᠤᠨ ᠤ ᠦᠨᠳᠦᠰᠦᠲᠡᠨ ᠤ ᠵᠦᠪᠯᠡᠯ ᠨᠢ ᠢᠯᠡ ᠪᠠᠷ ᠨᠡᠶᠢᠲᠡᠯᠡᠭᠳᠡᠭᠰᠡᠨ | ᠪᠠᠳᠤᠯᠬᠠᠳᠠᠬᠤ ᠲᠦᠯᠦᠪᠯᠡᠭᠡᠨ ᠳᠤ ᠣᠷᠣᠭᠰᠠᠨ ᠲᠦᠷᠦᠯ ᠵᠦᠢᠯ ᠵᠢᠴᠢ ᠵᠤᠭᠤᠰ ᠢᠶᠠᠷ ᠲᠤᠰᠠᠯᠠᠬᠤ ᠵᠠᠷᠤᠳᠠᠯ ᠤᠨ | ᠲᠠᠯ᠎ᠠ ᠪᠠᠷ ᠬᠠᠮᠤᠭ ᠤᠨ ᠡᠴᠤᠰ ᠤᠨ ᠬᠢᠨᠡᠨ ᠵᠥᠪᠰᠢᠶᠡᠷᠡᠬᠦ ᠡᠷᠬᠡ ᠲᠠᠢ᠂ ᠬᠢᠨᠠᠨ ᠵᠥᠪᠰᠢᠶᠡᠷᠡᠭᠳᠡᠭᠰᠡᠨ ᠤ ᠲᠠᠷᠠᠭ᠎ᠠ᠂ | ᠲᠦᠷᠦᠯ ᠵᠦᠢᠯ ᠪᠠᠲᠣᠯᠠᠭᠳᠠᠭᠰᠠᠨ ᠢ ᠴᠠᠭ ᠲᠤᠬᠠᠢ ᠳᠤ ᠨᠢ ᠠᠯᠪᠠᠨ ᠵᠠᠷ ᠢᠶᠠᠷ ᠨᠡᠶᠢᠳᠡᠯᠡᠬᠦ ᠬᠡᠷᠡᠭᠳᠡᠢ᠃ | ᠠᠷᠪᠠᠨ ᠬᠤᠶᠠᠳᠤᠭᠠᠷ ᠵᠦᠢᠯ ᠲᠦᠷᠦᠯ ᠵᠦᠢᠯ ᠪᠠᠲᠣᠯᠠᠬᠤ ᠶᠢ ᠬᠢᠨᠠᠨ ᠰᠢᠯᠭᠠᠷᠠᠭᠤᠯᠬᠤ ᠳᠤ ᠭᠤᠣᠯᠳᠠᠭᠤ | ᠲᠤᠤᠷᠠᠬᠢ ᠬᠡᠳᠦᠨ ᠲᠠᠯ᠎ᠠ ᠪᠠᠷ ᠦᠨᠡᠯᠡᠯᠳᠡ ᠬᠢᠵᠤ ᠮᠠᠭᠠᠳᠯᠠᠬᠤ ᠬᠡᠷᠩᠲᠡᠢ᠄ | ︵ᠨᠢᠭᠡ︶ ᠲᠦᠷᠦᠯ ᠵᠦᠢᠯ ᠤᠨ ᠲᠦᠰᠦᠪᠯᠡᠯᠳᠡ ᠶᠢᠨ ᠰᠢᠨᠵᠢᠯᠡᠬᠦ ᠤᠬᠠᠭᠠᠨᠴᠢ ᠴᠢᠨᠠᠷ ᠪᠠ ᠵᠦᠢᠲᠡᠢ ᠴᠢᠨᠠᠷ︔ | ︵ᠬᠤᠶᠠᠷ︶ ᠰᠣᠳᠣᠯᠭᠠᠨ ᠤ ᠠᠭᠤᠯᠭ᠎ᠠ ᠶᠢᠨ ᠡᠭᠦᠳᠣᠯᠲᠡ ᠴᠢᠨᠠᠷ ᠪᠠ ᠮᠡᠷᠭᠡᠵᠢᠯ ᠤᠨ ᠠᠷᠭ᠎ᠠ ᠵᠠᠮ ᠤᠨ | ᠪᠣᠯᠣᠮᠵᠢᠲᠤ ᠴᠢᠨᠠᠷ︔ | ︵ᠭᠤᠷᠪᠠ︶ ᠲᠦᠷᠦᠯ ᠵᠦᠢᠯ ᠬᠠᠷᠢᠭᠤᠴᠠᠭᠴᠢ ᠶᠢᠨ ᠡᠷᠳᠡᠮ ᠰᠢᠨᠵᠢᠯᠡᠭᠡᠨ ᠤ ᠴᠢᠳᠠᠪᠤᠷᠢ ᠪᠠ ᠲᠦᠷᠦᠯ | ᠵᠦᠢᠯ ᠤᠨ ᠲᠣᠭᠤᠶᠢᠯᠠᠩ ᠤᠨ ᠬᠡᠰᠢᠭᠦᠳ ᠤᠨ ᠪᠦᠲᠦᠴᠠ ᠶᠢᠨ ᠲᠣᠬᠢᠷᠠᠮᠵᠢᠲᠦ ᠴᠢᠨᠠᠷ︔ | ︵ᠲᠦᠷᠪᠡ︶ ᠬᠠᠮᠢᠶ᠎ᠠ ᠪᠦᠬᠦᠢ ᠡᠷᠳᠡᠮ ᠰᠢᠠᠵᠢᠯᠡᠭᠡᠠ ᠤ ᠨᠦᠬᠦᠴᠡᠯ ᠪᠠ ᠰᠤᠳᠤᠯᠭᠠᠨ ᠤ ᠰᠠᠭᠤᠷᠢ ᠶᠢ | ᠪᠦᠷᠢᠯᠳᠦᠭᠦᠯᠦᠭᠰᠡᠨ ᠪᠠᠶᠢᠬᠤ︔ | ︵ᠲᠠᠪᠤ︶ ᠲᠦᠷᠦᠯ ᠵᠦᠢᠯ ᠤᠨ ᠰᠤᠳᠤᠯᠭᠠᠠ ᠤ ᠵᠠᠷᠤᠳᠠᠯ ᠤᠨ ᠲᠦᠰᠦᠪ ᠤᠨ ᠵᠦᠢᠲᠡᠢ ᠴᠢᠨᠠᠷ᠃ | ᠠᠷᠪᠠᠨ ᠭᠤᠷᠪᠠᠳᠤᠭᠠᠷ ᠵᠦᠢᠯ ᠬᠢᠨᠠᠨ ᠰᠢᠯᠭᠠᠷᠠᠭᠤᠯᠤᠯᠲᠠ ᠳᠤ ᠣᠷᠣᠯᠴᠠᠬᠤ ᠬᠠᠮᠢᠶ᠎ᠠ ᠪᠦᠬᠦᠢ ᠬᠦᠮᠦᠰ | ᠬᠢᠨᠠᠨ ᠰᠢᠯᠭᠠᠷᠠᠭᠤᠯᠣᠯᠳᠠ ᠶᠢᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠬᠤ ᠬᠡᠷᠩᠲᠡᠢ᠂ ᠵᠦᠢ ᠪᠤᠰᠤ ᠠᠵᠢᠯᠯᠠᠭ᠎ᠠ ᠲᠠᠢ | ᠪᠠᠶᠢᠪᠠᠯ᠂ ᠬᠤᠯᠪᠤᠭᠳᠠᠯ ᠪᠦᠬᠦᠢ ᠲᠤᠬᠲᠠᠭᠠᠯ ᠶᠤᠰᠤᠭᠠᠷ ᠴᠢᠩᠭ᠎ᠠ ᠰᠢᠢᠳᠪᠤᠷᠢᠯᠡᠨ᠎ᠡ᠃ | ᠠᠷᠪᠠᠨ ᠲᠦᠷᠪᠡᠳᠦᠭᠡᠷ ᠵᠦᠢᠯ ᠵᠥᠪᠰᠢᠶᠡᠷᠡᠭᠳᠡᠨ ᠪᠠᠲᠣᠯᠠᠭᠳᠠᠭᠰᠠᠨ ᠲᠦᠷᠦᠯ ᠵᠦᠢᠯ ᠳᠤ᠂ ᠦᠪᠡᠷᠳᠡᠭᠡᠠ | ᠵᠠᠰᠠᠬᠤ ᠣᠷᠤᠠ ᠤ ᠦᠠᠳᠤᠰᠤᠳᠠᠠ ᠤ ᠵᠦᠪᠯᠡᠯ ᠨᠢ ᠲᠦᠷᠦᠯ ᠵᠦᠢᠯ ᠬᠠᠷᠢᠭᠤᠴᠠᠭᠴᠢ ᠳᠤ ︽ᠮᠤᠩᠭᠤᠯ ᠬᠡᠯᠡ | ᠪᠢᠴᠢᠭ ᠤᠨ ᠡᠷᠳᠡᠮ ᠰᠢᠨᠵᠢᠯᠡᠭᠡᠨ ᠤ ᠲᠦᠷᠦᠯ ᠵᠦᠢᠯ ᠪᠠᠲᠣᠯᠠᠭᠳᠠᠭᠰᠠᠨ ᠮᠡᠳᠡᠭᠳᠡᠯ ᠤᠨ ᠪᠢᠴᠢᠭ︾ ᠭᠠᠷᠳᠠᠭᠤᠯᠤᠨ᠎ᠠ᠃ | ᠲᠦᠷᠦᠯ ᠵᠦᠢᠯ ᠪᠠᠲᠣᠯᠠᠭᠤᠯᠣᠭᠰᠠᠨ ᠴᠠᠭ ᠢ ᠲᠦᠷᠦᠯ ᠵᠦᠢᠯ ᠪᠠᠲᠣᠯᠠᠭᠳᠠᠭᠰᠠᠨ ᠮᠡᠳᠡᠭᠳᠡᠯ ᠤᠨ ᠪᠢᠴᠢᠭ | ᠪᠠᠭᠤᠯᠭᠠᠭᠰᠠᠨ ᠡᠳᠦᠷ ᠢᠶᠠᠷ ᠪᠠᠷᠢᠮᠵᠢᠶᠠᠯᠠᠨ᠎ᠠ᠃ | ᠠᠷᠪᠠᠨ ᠲᠠᠪᠤᠳᠤᠭᠠᠷ ᠵᠦᠢᠯ ᠲᠦᠷᠦᠯ ᠵᠦᠢᠯ ᠬᠠᠷᠢᠭᠤᠴᠠᠭᠴᠢ ᠲᠦᠷᠦᠯ ᠵᠦᠢᠯ ᠪᠠᠲᠣᠯᠠᠭᠳᠠᠭᠰᠠᠨ | ᠮᠡᠳᠡᠭᠳᠡᠯ ᠤᠨ ᠪᠢᠴᠢᠭ ᠢ ᠭᠠᠷᠳ᠋ᠬᠠᠰᠠᠨ ᠤ ᠳᠠᠷᠠᠭ᠎ᠠ ᠲᠣᠭᠲᠠᠭᠠᠭᠰᠠᠨ ᠬᠤᠭᠤᠴᠠᠭᠠᠨ ᠳᠤ ︽ᠮᠤᠩᠭᠤᠯ ᠬᠡᠯᠡ | ᠪᠢᠴᠢᠭ ᠤᠨ ᠡᠷᠳᠡᠮ ᠰᠢᠨᠵᠢᠯᠡᠭᠡᠨ ᠤ ᠲᠦᠷᠦᠯ ᠵᠦᠢᠯ ᠤᠨ ᠵᠦᠪᠯᠡᠯᠴᠡᠬᠡᠷ ᠤᠨ ᠪᠢᠴᠢᠭ︾ ︵ᠲᠤᠷᠤᠬᠰᠢ | ᠵᠦᠪᠯᠡᠯᠴᠡᠬᠡᠷ ᠤᠨ ᠪᠢᠴᠢᠭ ᠭᠡᠵᠦ ᠲᠤᠪᠴᠢᠯᠠᠨ᠎ᠠ︶ ᠢ ᠲᠬᠠᠯᠠᠵᠦ᠂ ᠭᠠᠷ ᠤᠨ ᠦᠰᠦᠭ ᠢᠶᠠᠨ ᠵᠢᠷᠤᠭᠰᠠᠠ ᠤ ᠳᠠᠷᠠᠭ᠎ᠠ | ᠪᠠᠶᠢᠭ᠎ᠠ ᠨᠢᠭᠡᠴᠢ ᠶᠢᠨ ᠡᠷᠳᠡᠮ ᠰᠢᠨᠵᠢᠯᠡᠭᠡᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠪᠠ ᠦᠪᠡᠷᠳᠡᠭᠡᠨ ᠵᠠᠰᠠᠬᠤ | ᠤᠷᠤᠨ ᠤ ᠦᠨᠳᠦᠰᠦᠲᠡᠨ ᠤ ᠵᠦᠪᠯᠡᠯ ᠳᠤ ᠮᠡᠳᠡᠭᠦᠯᠦᠠ᠂ ᠬᠢᠨᠠᠠ ᠬᠠᠷᠭᠤᠭᠤᠯᠵᠦ ᠲᠠᠮᠠᠭ᠎ᠠ ᠳᠠᠷᠤᠭᠤᠯᠬᠤ ᠬᠡᠷᠩᠲᠡᠢ᠂ | ᠬᠤᠭᠤᠴᠠᠭ᠎ᠠ ᠦᠩᠭᠡᠷᠡᠭᠡᠵᠦ ᠦᠯᠤ ᠮᠡᠳᠡᠭᠦᠯᠦᠭᠰᠡᠳ ᠢ ᠦᠪᠡᠷ ᠢᠶᠠᠨ ᠡᠷᠬᠡ ᠪᠠᠨ ᠲᠠᠶᠠᠭᠳᠠᠭᠰᠠᠨ ᠢᠶᠠᠷ ᠦᠵᠡᠨ᠎ᠡ᠃ | ︽ᠵᠦᠪᠯᠡᠯᠴᠡᠬᠡᠷ ᠤᠨ ᠪᠢᠴᠢᠭ︾ ᠪᠤᠯ ᠲᠦᠷᠦᠯ ᠵᠦᠢᠯ ᠢ ᠬᠠᠮᠢᠶᠠᠷᠬᠤ ᠴᠢᠬᠤᠯᠠ ᠦᠠᠳᠤᠰᠤᠯᠠᠯ ᠪᠤᠯᠬᠤ ᠲᠤᠯᠠ | ᠬᠤᠯᠪᠤᠨᠨᠳᠠᠯ ᠪᠦᠬᠦᠢ ᠲᠠᠯ᠎ᠠ ᠶᠢᠨ ᠬᠢᠨ ᠭᠡᠷ᠎ᠡ ᠶᠢᠨ ᠲᠤᠭᠳᠠᠭᠠᠯ ᠤᠳ ᠢ ᠴᠢᠩᠭ᠎ᠠ ᠭᠦᠢᠴᠡᠳᠬᠡᠬᠦ ᠬᠡᠷᠩᠲᠡᠢ᠃ | | | ᠭᠤᠷᠪᠠᠳᠤᠭᠠᠷ ᠪᠦᠯᠦᠭ ᠶᠠᠪᠤᠴᠠ ᠶᠢᠨ ᠬᠠᠮᠢᠶᠠᠷᠤᠯᠲᠠ ᠪᠠ ᠲᠦᠷᠦᠯ ᠵᠦᠢᠯ ᠤᠨ ᠳᠠᠭᠤᠰᠬᠠᠯᠳᠠ | | | ᠠᠷᠪᠠᠨ ᠵᠢᠷᠭᠤᠳᠤᠭᠠᠷ ᠵᠦᠢᠯ ᠮᠤᠩᠭᠤᠯ ᠬᠡᠯᠡ ᠪᠢᠴᠢᠭ ᠤᠨ ᠡᠷᠳᠡᠮ ᠰᠢᠨᠵᠢᠯᠡᠭᠡᠨ ᠤ ᠲᠦᠷᠦᠯ ᠵᠦᠢᠯ ᠤᠨ | ᠰᠤᠳᠤᠯᠭᠠᠨ ᠤ ᠬᠤᠭᠤᠴᠠᠭ᠎ᠠ ᠶᠢ ᠡᠩ ᠤᠨ ᠪᠠᠶᠢᠳᠠᠯ ᠳᠤ 1 ᠵᠢᠯ ᠤᠨ ᠬᠤᠭᠤᠴᠠᠭ᠎ᠠ ᠪᠠᠷ ᠬᠢᠵᠠᠭᠠᠷᠯᠠᠵᠤ᠂ ᠬᠠᠮᠤᠭ ᠤᠨ | ᠤᠷᠳᠦ ᠳᠤ ᠪᠠᠨ 1 ᠵᠢᠯ ᠬᠠᠭᠠᠰ ᠠᠴᠠ ᠬᠡᠲᠦᠷᠡᠭᠦᠯᠵᠦ ᠪᠤᠯᠬᠤ ᠦᠭᠡᠢ᠃ | ᠠᠷᠪᠠᠨ ᠲᠤᠯᠤᠳᠤᠭᠠᠷ ᠵᠦᠢᠯ ᠦᠪᠡᠷᠳᠡᠭᠡᠨ ᠵᠠᠰᠠᠬᠤ ᠤᠷᠤᠨ ᠤ ᠦᠨᠳᠦᠰᠦᠲᠡᠨ ᠤ ᠵᠦᠪᠯᠡᠯ ᠨᠢ | ᠰᠡᠳᠤᠪ ᠤᠨ ᠠᠬᠢᠴᠠ ᠶᠢᠨ ᠪᠠᠶᠢᠳᠠᠯ ᠢ ᠰᠤᠭᠤᠴᠢᠨ ᠪᠠᠶᠢᠴᠠᠭᠠᠨ᠎ᠠ᠃ ᠲᠦᠷᠦᠯ ᠵᠦᠢᠯ ᠬᠠᠷᠢᠭᠤᠴᠠᠭᠴᠢ ᠶᠢᠨ ᠪᠠᠶᠢᠭ᠎ᠠ | ᠨᠢᠭᠡᠴᠢ ᠨᠢ ᠲᠦᠷᠦᠯ ᠵᠦᠢᠯ ᠤᠨ ᠬᠡᠷᠡᠭᠵᠢᠬᠦᠯᠬᠦ ᠶᠠᠪᠤᠴᠠ ᠶᠢ ᠬᠠᠮᠢᠶᠠᠷᠬᠤ ᠬᠡᠷᠩᠲᠡᠢ᠃ | ᠠᠷᠪᠠᠨ ᠨᠠᠢᠮᠠᠳᠤᠭᠠᠷ ᠵᠦᠢᠯ ᠲᠤᠤᠷᠠᠬᠢ ᠪᠠᠶᠢᠳᠠᠯ ᠤᠳ ᠤᠨ ᠨᠢᠭᠡ ᠨᠢ ᠪᠠᠶᠢᠪᠠᠯ᠂ ᠲᠦᠷᠦᠯ ᠵᠦᠢᠯ | ᠬᠠᠷᠢᠭᠤᠴᠠᠭᠴᠢ ᠠᠴᠠ ᠪᠢᠴᠢᠭ ᠢᠶᠠᠷ ᠭᠤᠶᠤᠴᠢᠯᠠᠯ ᠳᠡᠪᠰᠢᠭᠦᠯᠬᠦ ᠶᠢᠨ ᠬᠠᠮᠳᠤ᠂ ᠪᠠᠶᠢᠭ᠎ᠠ ᠨᠢᠭᠡᠴᠢ ᠢᠶᠠᠷ | ᠵᠦᠪᠰᠢᠶᠡᠷᠠᠭᠦᠯᠵᠤ᠂ ᠦᠪᠡᠷᠳᠡᠭᠡᠨ ᠵᠠᠰᠠᠬᠤ ᠤᠷᠤᠨ ᠤ ᠦᠨᠳᠦᠰᠦᠲᠡᠨ ᠤ ᠵᠦᠪᠯᠡᠯ ᠳᠤ ᠮᠡᠳᠡᠭᠦᠯᠦᠠ ᠬᠢᠨᠠᠨ | ᠵᠥᠪᠰᠢᠶᠡᠷᠡᠭᠦᠯᠬᠦ ᠬᠡᠷᠩᠲᠡᠢ᠄ | ︵ᠨᠢᠭᠡ︶ ᠲᠦᠷᠦᠯ ᠵᠦᠢᠯ ᠬᠠᠷᠢᠭᠤᠴᠠᠭᠴᠢ ᠶᠢ ᠰᠤᠯᠢᠬᠤ︔ | ︵ᠬᠤᠶᠠᠷ︶ ᠲᠦᠷᠦᠯ ᠵᠦᠢᠯ ᠤᠨ ᠨᠡᠷᠡᠶᠢᠳᠦᠯ ᠢ ᠬᠠᠯᠠᠬᠤ︔ | ︵ᠭᠤᠷᠪᠠ︶ ᠲᠦᠷᠦᠯ ᠵᠦᠢᠯ ᠤᠨ ᠡᠴᠦᠰ ᠤᠨ ᠦᠷ᠎ᠡ ᠪᠦᠳᠦᠭᠡᠯ ᠤᠨ ᠬᠡᠯᠪᠡᠷᠢ ᠶᠢ ᠬᠤᠪᠢᠷᠠᠭᠤᠯᠬᠤ︔ | ︵ᠲᠦᠷᠪᠡ︶ ᠲᠦᠷᠦᠯ ᠵᠦᠢᠯ ᠤᠨ ᠰᠤᠳᠤᠯᠭᠠᠠ ᠤ ᠠᠭᠤᠯᠭ᠎ᠠ ᠶᠢ ᠬᠤᠪᠢᠷᠠᠭᠤᠯᠬᠤ︔ | ︵ᠲᠠᠪᠤ︶ ᠲᠦᠷᠦᠯ ᠵᠦᠢᠯ ᠤᠨ ᠬᠠᠮᠢᠶᠠᠷᠤᠯᠳᠠ ᠶᠢᠨ ᠨᠢᠭᠡᠴᠢ ᠶᠢ ᠰᠣᠯᠢᠬᠤ︔ | ︵ᠵᠢᠷᠭᠤᠭ᠎ᠠ︶ ᠲᠦᠷᠦᠯ ᠵᠦᠢᠯ ᠤᠨ ᠬᠤᠭᠤᠴᠠᠭ᠎ᠠ ᠶᠢ ᠤᠷᠳᠤᠳᠬᠠᠬᠤ ᠪᠠᠷ ᠭᠤᠶᠤᠴᠢᠯᠠᠬᠤ︔ | ︵ᠲᠤᠯᠤᠭ᠎ᠠ︶ ᠲᠦᠷᠦᠯ ᠵᠦᠢᠯ ᠢ ᠬᠦᠴᠦᠨ ᠦᠭᠡᠢ ᠪᠤᠯᠭᠠᠬᠤ ᠪᠠᠷ ᠭᠤᠶᠤᠴᠢᠯᠠᠬᠤ᠃ | ᠠᠷᠪᠠ ᠶᠢᠰᠦᠳᠦᠭᠡᠷ ᠵᠦᠢᠯ ᠲᠦᠷᠦᠯ ᠵᠦᠢᠯ ᠢ ᠬᠡᠷᠩᠵᠢᠭᠦᠯᠬᠦ ᠶᠠᠪᠤᠴᠠ ᠳᠤ ᠲᠤᠤᠷᠠᠬᠢ ᠪᠠᠶᠢᠳᠠᠯ ᠭᠠᠷᠪᠡᠯ᠂ | ᠦᠪᠡᠷᠳᠡᠭᠡᠨ ᠵᠠᠰᠠᠬᠤ ᠤᠷᠤᠨ ᠤ ᠦᠨᠳᠦᠰᠦᠲᠡᠨ ᠤ ᠵᠦᠪᠯᠡᠯ ᠨᠢ ᠲᠦᠷᠦᠯ ᠵᠦᠢᠯ ᠢ ᠬᠦᠴᠤᠠ ᠦᠭᠡᠢ ᠪᠤᠯᠭᠠᠵᠤ᠂ | ᠵᠠᠷᠤᠳᠠᠯ ᠰᠠᠯᠭᠠᠵᠦ ᠥᠭᠬᠦ ᠶᠢ ᠵᠣᠭᠰᠣᠭᠠᠵᠤ ᠪᠣᠯᠤᠨ᠎ᠠ᠃ | ︵ᠨᠢᠭᠡ︶ ᠲᠦᠷᠦᠯ ᠵᠦᠢᠯ ᠬᠠᠷᠢᠭᠤᠴᠠᠭᠴᠢ ᠨᠢ ᠡᠯ᠎ᠡ ᠵᠦᠢᠯ ᠤᠨ ᠰᠢᠯᠲᠠᠭᠠᠨ ᠠᠴᠠ ᠪᠣᠯᠵᠤ ᠲᠦᠷᠦᠯ | ᠵᠦᠢᠯ ᠤᠨ ᠰᠤᠳᠤᠯᠭᠠᠠ ᠢ ᠦᠷᠭᠦᠯᠵᠢᠯᠡᠨ ᠬᠢᠵᠤ ᠲᠡᠶᠢᠯᠬᠦ ᠦᠭᠡᠢ ᠪᠣᠯᠤᠭᠰᠠᠠ︔ | ︵ᠬᠤᠶᠠᠷ︶ ᠰᠢᠯᠭᠠᠨ ᠬᠤᠷᠢᠶᠠᠵᠦ ᠠᠪᠬᠤ ᠳᠤ ᠬᠢᠷᠢ ᠲᠡᠩᠴᠡᠭᠰᠡᠨ ᠦᠭᠡᠢ ᠮᠦᠷᠲᠡᠭᠡᠨ ᠤᠷᠲᠤᠳᠬᠠᠭᠰᠠᠨ | ᠬᠤᠭᠤᠴᠠᠭ᠎ᠠ ︵ᠬᠠᠮᠤᠭ ᠤᠨ ᠤᠷᠳᠤ ᠳᠤ ᠪᠠᠨ 6 ᠰᠠᠷ᠎ᠠ ᠠᠴᠠ ᠬᠡᠳᠦᠷᠡᠵᠦ ᠪᠤᠯᠬᠤ ᠦᠭᠡᠢ︶ ᠳᠠᠭᠤᠰᠤᠭᠰᠠᠠ ᠤ | ᠳᠠᠷᠠᠭ᠎ᠠ ᠰᠢᠯᠭᠠᠨ ᠬᠤᠷᠢᠶᠠᠵᠦ ᠠᠪᠬᠤ ᠳᠤ ᠮᠦᠠ ᠯᠡ ᠬᠢᠷᠢ ᠲᠡᠩᠴᠡᠭᠰᠡᠨ ᠦᠭᠡᠢ ᠪᠠᠶᠢᠬᠤ︔ | ︵ᠭᠤᠷᠪᠠ︶ ᠲᠤᠰ ᠠᠷᠭ᠎ᠠ ᠶᠢᠨ ᠠᠷᠪᠠᠳᠤᠭᠠᠷ ᠵᠦᠢᠯ ᠳᠤ ᠲᠤᠨᠨᠳᠠᠭᠠᠨᠨᠰᠠᠨ ᠪᠠᠶᠢᠳᠠᠯ ᠤᠨ ᠨᠢᠭᠡ ᠨᠢ | ᠪᠠᠶᠢᠬᠤ᠃ | ᠬᠤᠷᠢᠳᠤᠭᠠᠷ ᠵᠦᠢᠯ ᠦᠪᠡᠷᠳᠡᠭᠡᠨ ᠵᠠᠰᠠᠬᠤ ᠤᠷᠤᠨ ᠤ ᠦᠨᠳᠦᠰᠦᠲᠡᠨ ᠤ ᠵᠦᠪᠯᠡᠯ ᠨᠢ ᠬᠢᠨᠠᠨ | ᠰᠢᠯᠭᠠᠷᠠᠭᠤᠯᠬᠤ ᠲᠤᠰᠬᠠᠢ ᠮᠡᠷᠭᠡᠵᠢᠯᠳᠡᠨ ᠤ ᠬᠦᠮᠦᠷᠭᠡ ᠠᠴᠠ ᠬᠠᠮᠢᠶ᠎ᠠ ᠪᠦᠬᠦᠢ ᠲᠤᠰᠬᠠᠢ ᠮᠡᠷᠭᠡᠵᠢᠯᠳᠡᠨ ᠢ | ᠲᠠᠰᠢᠷᠠᠮ ᠢᠶᠠᠷ ᠰᠤᠩᠭᠤᠨ᠂ ᠲᠦᠷᠦᠯ ᠵᠦᠢᠯ ᠤᠨ ᠰᠤᠳᠤᠯᠭᠠᠨ ᠤ ᠡᠴᠦᠰ ᠤᠨ ᠦᠷ᠎ᠡ ᠪᠦᠳᠦᠭᠡᠯ ᠳᠤ ᠬᠢᠨᠠᠨ | ᠲᠤᠬᠲᠠᠭᠠᠯᠳᠠ ᠬᠢᠯᠭᠡᠨ᠎ᠡ᠃ | ︵ᠨᠢᠭᠡ︶ ᠲᠦᠷᠦᠯ ᠵᠦᠢᠯ ᠤᠨ ᠰᠤᠳᠤᠯᠭᠠᠨ ᠤ ᠠᠵᠢᠯ ᠲᠠᠭᠤᠰᠤᠬᠰᠠᠨ ᠤ ᠳᠠᠷᠠᠭ᠎ᠠ᠂ ᠲᠦᠷᠦᠯ ᠵᠦᠢᠯ | ᠬᠠᠷᠢᠭᠤᠴᠠᠭᠴᠢ ᠠᠴᠠ ︽ᠲᠦᠷᠦᠯ ᠵᠦᠢᠯ ᠤᠨ ᠬᠢᠨᠠᠨ ᠲᠤᠬᠲᠠᠭᠠᠯᠳᠠ ᠶᠢᠨ ᠭᠤᠶᠤᠴᠢᠯᠠᠯ ᠤᠨ ᠬᠦᠰᠦᠨᠦᠭᠳᠦ︾ ᠶᠢ | ᠲᠠᠭᠯᠠᠬᠤ ᠶᠢᠨ ᠬᠠᠮᠲᠤ᠂ ᠬᠠᠮᠢᠶ᠎ᠠ ᠪᠦᠬᠦᠢ ᠮᠠᠲ᠋ᠧᠷᠢᠶᠠᠯ ᠢᠶᠠᠨ ᠬᠠᠩᠭᠠᠵᠤ᠂ ᠪᠠᠶᠢᠭ᠎ᠠ ᠨᠢᠭᠡᠴᠢ ᠶᠢᠨ ᠡᠷᠳᠡᠮ | ᠰᠢᠨᠵᠢᠯᠡᠭᠡᠨ ᠪᠠ ᠡᠳ᠋ ᠤᠨ ᠵᠠᠰᠠᠭ ᠤᠨ ᠰᠠᠯᠠᠭ᠎ᠠ ᠮᠦᠴᠢᠷ ᠢᠶᠠᠷ ᠬᠢᠨᠠᠨ ᠬᠠᠷᠭᠤᠭᠤᠯᠤᠭᠠᠳ ᠬᠢᠷᠢ ᠲᠡᠩᠴᠡᠭᠰᠡᠨ ᠤ | ᠳᠠᠷᠠᠭ᠎ᠠ᠂ ᠦᠪᠡᠷᠳᠡᠭᠡᠨ ᠵᠠᠰᠠᠬᠤ ᠤᠷᠤᠨ ᠤ ᠦᠨᠳᠦᠰᠦᠲᠡᠨ ᠤ ᠵᠦᠪᠯᠡᠯ ᠳᠤ ᠮᠡᠳᠡᠭᠦᠯᠦᠨ ᠬᠦᠷᠭᠡᠨ᠎ᠡ︔ | ︵ᠬᠤᠶᠠᠷ︶ ᠦᠪᠡᠷᠳᠡᠭᠡᠨ ᠵᠠᠰᠠᠬᠤ ᠤᠷᠤᠨ ᠤ ᠦᠨᠳᠦᠰᠦᠲᠡᠨ ᠤ ᠵᠦᠪᠯᠡᠯ ᠨᠢ ᠡᠭᠦᠷᠬᠡ ᠴᠢᠳᠠᠪᠤᠷᠢᠳᠤ ᠭᠠᠵᠠᠷ | ᠲᠠᠰᠤᠭ ᠢ ᠱᠠᠭᠠᠷᠳᠠᠵᠦ ︽ᠲᠦᠷᠦᠯ ᠵᠦᠢᠯ ᠤᠨ ᠬᠢᠨᠠᠨ ᠲᠤᠬᠲᠠᠭᠠᠯᠳᠠ ᠶᠢᠨ ᠭᠤᠶᠤᠴᠢᠯᠠᠯ ᠤᠨ ᠬᠦᠰᠦᠨᠦᠭᠳᠦ︾ ᠪᠠ | ᠬᠠᠮᠢᠶ᠎ᠠ ᠪᠦᠬᠦᠢ ᠮᠠᠲ᠋ᠧᠷᠢᠶᠠᠯ ᠳᠤ ᠬᠢᠨᠠᠨ ᠪᠠᠶᠢᠴᠠᠭᠠᠯᠳᠠ ᠬᠢᠯᠭᠡᠵᠦ᠂ ᠬᠢᠨᠠᠠ ᠪᠠᠶᠢᠴᠠᠭᠠᠳ ᠬᠢᠷᠢ ᠲᠡᠩᠴᠡᠭᠰᠡᠨ ᠢ | ᠲᠤᠰᠬᠠᠢ ᠮᠡᠷᠭᠡᠵᠢᠯᠳᠡᠠ ᠤ ᠲᠤᠭᠤᠶᠢᠯᠠᠩ ᠳᠤ ᠬᠦᠷᠭᠡᠵᠦ ᠬᠢᠨᠠᠨ ᠲᠤᠬᠲᠠᠭᠠᠯᠳᠠ ᠬᠢᠯᠭᠡᠨ᠎ᠡ︔ | ︵ᠭᠤᠷᠪᠠ︶ ᠲᠤᠰᠬᠠᠢ ᠮᠡᠷᠭᠡᠵᠢᠯᠳᠡᠨ ᠤ ᠲᠤᠭᠤᠶᠢᠯᠠᠩ ᠨᠢ ᠲᠦᠷᠦᠯ ᠵᠦᠢᠯ ᠤᠨ ᠦᠷ᠎ᠡ ᠪᠦᠳᠦᠭᠡᠯ ᠤᠨ | ᠲᠤᠬᠠᠢ ᠪᠠᠳᠤᠯᠠᠬᠤ ᠡᠰᠡᠬᠦ ᠪᠠ ᠲᠣᠬᠢᠷᠠᠮᠵᠢᠳᠠᠢ ᠳᠡᠰ ᠦᠨᠡᠯᠡᠬᠦ ᠬᠢᠨᠠᠨ ᠲᠤᠬᠲᠠᠭᠠᠯᠲᠠ ᠶᠢᠨ ᠰᠠᠨᠠᠯ ᠢᠶᠠᠨ ᠳᠤᠷᠠᠳᠤᠠ | ᠭᠠᠷᠭᠠᠬᠤ ᠬᠡᠷᠩᠲᠡᠢ᠃ ᠬᠢᠨᠠᠨ ᠲᠤᠬᠲᠠᠭᠠᠬᠤ ᠲᠠᠰ ᠢ ᠶᠡᠷᠦ ᠳᠤ ᠪᠠᠨ ᠰᠢᠯᠢᠳᠡᠭ᠂ ᠰᠠᠶᠢᠨ᠂ ᠬᠢᠷᠢ ᠲᠡᠩᠴᠡᠭᠰᠡᠨ ᠭᠡᠵᠤ | ᠬᠤᠪᠢᠶᠠᠨ᠎ᠠ︔ | ︵ᠲᠦᠷᠪᠡ︶ ᠦᠪᠡᠷᠳᠡᠭᠡᠨ ᠵᠠᠰᠠᠬᠤ ᠤᠷᠤᠨ ᠤ ᠦᠨᠳᠦᠰᠦᠲᠡᠨ ᠤ ᠵᠦᠪᠯᠡᠯ ᠨᠢ ᠲᠤᠰᠬᠠᠢ ᠮᠡᠷᠭᠡᠵᠢᠯᠳᠡᠨ ᠤ | ᠬᠢᠨᠠᠨ ᠲᠤᠭᠳᠠᠭᠠᠯᠳᠠ ᠶᠢᠨ ᠰᠠᠨᠠᠯ ᠢ ᠬᠤᠷᠢᠶᠠᠩᠭᠤᠶᠢᠯᠠᠨ᠂ ᠲᠦᠷᠦᠯ ᠵᠦᠢᠯ ᠢ ᠳᠠᠭᠤᠰᠬᠠᠵᠤ ᠪᠣᠯᠬᠤ ᠡᠰᠡᠭᠦ ᠪᠠ | ᠲᠣᠬᠢᠷᠠᠮᠵᠢᠳᠠᠢ ᠵᠡᠷᠭᠡ ᠳᠡᠰ ᠦᠨᠡᠯᠡᠬᠦ ᠬᠢᠨᠠᠨ ᠲᠤᠬᠲᠠᠭᠠᠯᠲᠠ ᠶᠢᠨ ᠰᠢᠢᠳᠪᠦᠷᠢ ᠶᠢ ᠳᠤᠷᠠᠳᠤᠠ ᠭᠠᠷᠭᠠᠬᠤ ᠶᠢᠨ ᠬᠠᠮᠳᠤ᠂ | ᠨᠡᠶᠢᠳᠡ ᠳᠤ ᠵᠠᠷᠯᠬᠠᠰᠠᠨ ᠤ ᠲᠠᠷᠠᠭ᠎ᠠ ᠤᠨᠳᠤᠤ ᠰᠠᠨᠠᠯ ᠦᠬᠡᠢ ᠪᠤᠯ ᠲᠦᠷᠦᠯ ᠵᠦᠢᠯ ᠤᠨ ᠬᠠᠷᠢᠭᠤᠴᠠᠭᠴᠢ ᠪᠠ | ᠲᠡᠭᠦᠠ ᠤ ᠪᠠᠶᠢᠭ᠎ᠠ ᠨᠢᠭᠡᠴᠢ ᠶᠢᠨ ᠡᠷᠳᠡᠮ ᠰᠢᠨᠵᠢᠯᠡᠭᠡᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠮᠡᠳᠡᠭᠳᠡᠨ᠎ᠡ᠃ | ᠬᠢᠨᠠᠨ ᠲᠤᠬᠲᠠᠭᠠᠯᠳᠠ ᠳᠤ ᠰᠢᠯᠢᠳᠡᠭ ᠢᠶᠠᠷ ᠦᠨᠡᠯᠡᠭᠳᠡᠭᠰᠡᠨ ᠲᠦᠷᠦᠯ ᠵᠦᠢᠯ ᠬᠠᠷᠢᠭᠤᠴᠠᠭᠴᠢ ᠳᠠᠬᠢᠨᠳᠠ ᠰᠢᠨ᠎ᠡ | ᠰᠡᠳᠤᠪ ᠭᠤᠶᠤᠴᠢᠯᠠᠬᠤ ᠦᠶ᠎ᠡ ᠳᠤ ᠨᠢ ᠤᠷᠢᠳ ᠢᠶᠠᠷ ᠪᠤᠳᠤᠯᠬᠢᠯᠠᠨ᠎ᠠ᠃ | ᠬᠤᠷᠢᠨ ᠨᠢᠭᠡᠳᠦᠭᠡᠷ ᠵᠦᠢᠯ ᠦᠷ᠎ᠠ ᠪᠦᠳᠦᠭᠡᠯ ᠨᠢ ᠬᠢᠨᠡᠨ ᠲᠤᠭᠳᠠᠭᠠᠯᠳᠠ ᠳᠤ ᠪᠠᠲᠤᠯᠠᠭᠳᠠᠭᠰᠠᠨ ᠦᠭᠡᠢ | ᠪᠤᠯ᠂ 6 ᠰᠠᠷ᠎ᠠ ᠶᠢᠨ ᠬᠤᠭᠤᠴᠠᠭᠠᠠ ᠳᠤ ᠲᠦᠷᠦᠯ ᠵᠦᠢᠯ ᠤᠨ ᠲᠤᠭᠤᠶᠢᠯᠠᠩ ᠦᠷ᠎ᠠ ᠪᠦᠳᠦᠭᠡᠯ ᠳᠤ ᠪᠠᠨ ᠵᠠᠰᠠᠪᠦᠷᠢ | ᠣᠷᠣᠭᠤᠯᠤᠭᠰᠠᠨ ᠤ ᠳᠠᠷᠠᠭ᠎ᠠ ᠲᠠᠬᠢᠨ ᠬᠢᠨᠠᠨ ᠲᠤᠬᠲᠠᠭᠠᠯᠳᠠ ᠬᠢᠯᠭᠡᠬᠦ ᠭᠤᠶᠤᠴᠢᠯᠠᠯ ᠭᠠᠷᠭᠠᠬᠤ ᠶᠢ ᠵᠦᠪᠰᠢᠶᠡᠷᠡᠨ᠎ᠡ᠃ | ᠲᠠᠬᠢᠨ ᠬᠢᠨᠠᠨ ᠲᠤᠬᠲᠠᠭᠠᠯᠳᠠ ᠬᠢᠯᠭᠡᠭᠡᠳ ᠮᠦᠠ ᠯᠠ ᠪᠠᠲᠤᠯᠠᠭᠳᠠᠭᠰᠠᠨ ᠦᠭᠡᠢ ᠪᠠᠶᠢᠪᠠᠯ᠂ ᠲᠦᠷᠦᠯ ᠵᠦᠢᠯ ᠢ | ᠬᠦᠴᠤᠠ ᠦᠭᠡᠢ ᠪᠣᠯᠭᠠᠬᠤ ᠪᠠᠷ ᠰᠢᠢᠳᠪᠦᠷᠢᠯᠡᠵᠦ᠂ ᠰᠦᠯᠵᠢᠶᠡᠨ ᠳᠤ ᠨᠡᠶᠢᠳᠡᠯᠡᠨ᠎ᠠ᠃ ᠲᠤᠰ ᠲᠦᠷᠦᠯ ᠵᠦᠢᠯ ᠤᠨ | ᠬᠠᠷᠢᠭᠤᠴᠬᠠᠴᠢ ᠵᠢᠴᠢ ᠲᠤᠭᠤᠶᠢᠯᠠᠩ ᠤᠨ ᠬᠡᠰᠢᠭᠦᠳ ᠨᠢ 3 ᠵᠢᠯ ᠤᠨ ᠳᠤᠲᠤᠷ᠎ᠠ ᠦᠪᠡᠷᠲᠡᠭᠡᠨ ᠵᠠᠰᠠᠬᠤ ᠣᠷᠣᠨ ᠤ | ᠦᠨᠳᠦᠰᠦᠲᠡᠨ ᠤ ᠵᠦᠪᠯᠡᠯ ᠤᠨ ᠡᠷᠳᠡᠮ ᠰᠢᠨᠵᠢᠯᠡᠭᠡᠨ ᠤ ᠲᠦᠷᠦᠯ ᠵᠦᠢᠯ ᠢ ᠭᠤᠶᠤᠴᠢᠯᠠᠵᠦ ᠪᠤᠯᠬᠤ ᠦᠭᠡᠢ᠃ | ᠬᠤᠷᠢᠨ ᠬᠤᠶᠠᠳᠤᠭᠠᠷ ᠵᠦᠢᠯ ᠡᠴᠦᠰ ᠤᠨ ᠦᠷ᠎ᠡ ᠪᠦᠲᠦᠭᠡᠯ ᠬᠢᠨᠠᠨ ᠲᠤᠬᠲᠠᠭᠠᠯᠳᠠ ᠳᠤ | ᠪᠠᠲᠣᠯᠠᠭᠳᠠᠭᠰᠠᠨ ᠤ ᠳᠠᠷᠠᠭ᠎ᠠ᠂ ᠦᠪᠡᠷᠳᠡᠭᠡᠨ ᠵᠠᠰᠠᠬᠤ ᠤᠷᠤᠨ ᠤ ᠦᠨᠳᠦᠰᠦᠲᠡᠨ ᠤ ᠵᠦᠪᠯᠡᠯ ᠤᠨ ᠡᠭᠦᠷᠬᠡ | ᠴᠢᠳᠠᠪᠤᠷᠢᠳᠤ ᠭᠠᠵᠠᠷ ᠲᠠᠰᠤᠭ ᠨᠢ ᠲᠦᠷᠦᠯ ᠵᠦᠢᠯ ᠢ ᠰᠢᠯᠭᠠᠨ ᠬᠤᠷᠢᠶᠠᠵᠤ ᠳᠠᠭᠤᠰᠬᠠᠬᠤ ᠵᠦᠢᠯᠡᠰ ᠭᠦᠢᠴᠡᠳᠬᠡᠬᠦ ᠶᠢ | ᠬᠠᠷᠢᠭᠤᠴᠠᠬᠤ ᠶᠢᠨ ᠬᠠᠮᠳᠤ᠂ ᠲᠦᠷᠦᠯ ᠵᠦᠢᠯ ᠳᠠᠭᠤᠰᠬᠠᠭᠰᠠᠨ ᠦᠨᠡᠮᠯᠡᠯ ᠣᠯᠭᠤᠵᠤ᠂ ᠲᠦᠷᠦᠯ ᠵᠦᠢᠯ ᠤᠨ | ᠦᠯᠡᠳᠡᠭᠰᠡᠨ ᠵᠠᠷᠤᠳᠠᠯ ᠢ ᠰᠠᠯᠭᠠᠨ ᠦᠭᠴᠦ᠂ ᠰᠢᠯᠭᠠᠨ ᠬᠤᠷᠢᠶᠠᠵᠦ ᠠᠪᠤᠨᠨᠰᠠᠨ ᠲᠦᠷᠦᠯ ᠵᠦᠢᠯ ᠢ ᠳᠠᠭᠤᠰᠬᠠᠭᠰᠠᠨ | ᠪᠠᠶᠢᠳᠠᠯ ᠢ ᠨᠡᠶᠢᠲᠡᠯᠡᠨ᠎ᠡ᠃ ᠲᠤᠤᠷᠠᠬᠢ ᠪᠠᠶᠢᠳᠠᠯ ᠤᠨ ᠨᠢᠭᠡ ᠨᠢ ᠪᠠᠶᠢᠪᠠᠯ ᠲᠦᠷᠦᠯ ᠵᠦᠢᠯ ᠢ ᠳᠠᠭᠤᠰᠬᠠᠬᠤ ᠦᠭᠡᠢ᠄ | ︵ᠨᠢᠭᠡ︶ ᠦᠷ᠎ᠡ ᠪᠦᠳᠦᠭᠡᠯ ᠨᠢ ᠲᠤᠰᠬᠠᠢ ᠮᠡᠷᠭᠡᠵᠢᠯᠲᠡᠨ ᠤ ᠬᠢᠨᠡᠨ ᠲᠤᠬᠲᠠᠭᠠᠯᠳᠠ ᠳᠤ ᠪᠠᠲᠣᠯᠠᠭᠳᠠᠭᠰᠠᠨ | ᠦᠭᠡᠢ ᠪᠠᠶᠢᠬᠤ︔ | ︵ᠬᠤᠶᠠᠷ︶ ᠪᠤᠰᠤᠳ ᠤᠨ ᠦᠷ᠎ᠠ ᠪᠦᠲᠦᠭᠡᠯ ᠢ ᠬᠤᠯᠠᠭᠠᠶᠢᠯᠠᠭᠰᠠᠨ ᠪᠠᠶᠢᠬᠤ︔ | ︵ᠭᠤᠷᠪᠠ︶ ︽ᠵᠦᠪᠯᠡᠯᠴᠡᠬᠡᠷ ᠤᠨ ᠪᠢᠴᠢᠭ︾ ᠲᠠᠬᠢ ᠲᠦᠷᠦᠯ ᠵᠦᠢᠯ ᠤᠨ ᠰᠤᠳᠤᠯᠭᠠᠨ ᠤ ᠲᠦᠯᠦᠪᠯᠡᠭᠡᠨ ᠤ | ᠡᠭᠦᠷᠭᠡ ᠲᠠᠢ ᠪᠠᠨ ᠦᠯᠦ ᠨᠡᠶᠢᠴᠡᠬᠦ︔ | ︵ᠲᠦᠷᠪᠡ︶ ᠬᠤᠭᠤᠴᠠᠭ᠎ᠠ ᠬᠡᠲᠦᠷᠡᠭᠰᠡᠨ ᠪᠠᠶᠢᠳᠠᠯ᠎ᠠ ᠤᠷᠳᠤᠳᠬᠠᠬᠤ ᠭᠤᠶᠤᠴᠢᠯᠠᠯ ᠲᠤᠰᠢᠶᠠᠬᠰᠠᠨ ᠦᠭᠡᠢ | ᠪᠤᠶᠤ ᠤᠷᠳᠤᠳᠬᠠᠬᠰᠠᠨ ᠬᠤᠭᠤᠴᠠᠭᠠᠨ ᠳᠤ ᠪᠠᠨ ᠮᠦᠠ ᠯᠠ ᠡᠰᠡ ᠪᠡᠶᠡᠯᠡᠭᠦᠯᠵᠦ ᠲᠡᠶᠢᠯᠦᠭᠰᠡᠨ︔ | ︵ᠲᠠᠪᠤ︶ ᠡᠳ᠋ ᠤᠨ ᠵᠠᠰᠠᠭ ᠠᠵᠦ ᠠᠬᠤᠢ ᠶᠢᠨ ᠰᠠᠬᠢᠯᠭ᠎ᠠ ᠪᠠᠲᠤ ᠶᠢ ᠵᠦᠷᠢᠴᠡᠭᠰᠡᠨ ᠪᠠᠶᠢᠬᠤ︔ | ︵ᠵᠢᠷᠭᠤᠭ᠎ᠠ︶ ᠲᠤᠰ ᠠᠷᠭ᠎ᠠ ᠶᠢᠨ ᠪᠤᠰᠤᠳ ᠲᠤᠬᠲᠠᠭᠠᠯ ᠢ ᠵᠦᠷᠢᠴᠡᠭᠰᠡᠨ ᠪᠠᠶᠢᠳᠠᠯ ᠲᠠᠢ᠃ | ᠬᠤᠷᠢᠨ ᠭᠤᠷᠪᠠᠳᠤᠭᠠᠷ ᠵᠦᠢᠯ ᠡᠴᠦᠰ ᠤᠨ ᠦᠷ᠎ᠡ ᠪᠦᠳᠦᠭᠡᠯ ᠤᠨ ᠬᠡᠯᠪᠡᠷᠢ ᠨᠢ ᠦᠭᠦᠯᠡᠯ᠂ ᠪᠠᠶᠢᠴᠠᠭᠠᠨ | ᠰᠤᠲᠤᠯᠤᠭᠰᠠᠨ ᠮᠡᠳᠡᠭᠦᠯᠦᠯᠳᠡ᠂ ᠳ᠋ᠠᠶᠢᠲ᠋ᠠ ᠬᠦᠮᠦᠷᠭᠡ᠂ ᠲᠤᠰᠬᠠᠢ ᠵᠤᠬᠢᠶᠠᠯ ᠵᠡᠷᠭᠡ ᠪᠠᠶᠢᠵᠤ ᠪᠤᠯᠤᠨ᠎ᠠ᠃ | ᠡᠴᠦᠰ ᠤᠨ ᠦᠷ᠎ᠡ ᠪᠦᠳᠦᠭᠡᠯ ᠤᠨ ᠢᠯᠡᠳᠲᠡ ᠪᠠᠶᠢᠷᠢᠰᠢᠯ ᠳᠤ ︽ᠦᠪᠡᠷᠳᠡᠭᠡᠨ ᠵᠠᠰᠠᠬᠤ ᠤᠷᠤᠨ ᠤ | ᠦᠨᠳᠦᠰᠦᠲᠡᠨ ᠤ ᠵᠦᠪᠯᠡᠯ ᠤᠨ ᠮᠤᠩᠭᠤᠯ ᠬᠡᠯᠡ ᠪᠢᠴᠢᠭ ᠤᠨ ᠡᠷᠳᠡᠮ ᠰᠢᠨᠵᠢᠯᠡᠭᠡᠨ ᠤ ᠲᠦᠷᠦᠯ ᠵᠦᠢᠯ︾ ᠭᠡᠬᠦ | ᠦᠰᠦᠭ ᠢ ᠲᠣᠳᠣᠷᠬᠠᠶᠢᠯᠠᠨ ᠪᠢᠴᠢᠬᠦ ᠬᠡᠷᠡᠭᠳᠡᠢ᠂ ᠡᠰᠡ ᠲᠡᠭᠡᠪᠡᠯ ᠰᠢᠯᠭᠠᠨ ᠬᠤᠷᠢᠶᠠᠵᠦ ᠠᠪᠬᠤ ᠳᠤ ᠮᠡᠳᠡᠷᠡᠬᠦ | ᠦᠭᠡᠢ᠃ | | ᠲᠦᠷᠪᠡᠳᠦᠭᠡᠷ ᠪᠦᠯᠦᠭ ᠵᠠᠷᠤᠳᠠᠯ ᠤᠨ ᠬᠠᠮᠢᠶᠠᠷᠤᠯᠲᠠ | | | ᠬᠤᠷᠢᠨ ᠲᠦᠷᠪᠡᠳᠦᠭᠡᠷ ᠵᠦᠢᠯ ᠦᠪᠡᠷᠳᠡᠭᠡᠨ ᠵᠠᠰᠠᠬᠤ ᠤᠷᠤᠨ ᠤ ᠦᠨᠳᠦᠰᠦᠲᠡᠨ ᠤ ᠵᠦᠪᠯᠡᠯ ᠨᠢ ᠮᠤᠩᠭᠤᠯ | ᠬᠡᠯᠡ ᠪᠢᠴᠢᠭ ᠤᠨ ᠡᠷᠳᠡᠮ ᠰᠢᠨᠵᠢᠯᠡᠭᠡᠨ ᠤ ᠲᠦᠷᠦᠯ ᠵᠦᠢᠯ ᠤᠨ ᠲᠤᠰᠬᠠᠢ ᠵᠠᠷᠤᠳᠠᠯ ᠢ ᠲᠤᠬᠢᠷᠠᠭᠤᠯᠵᠤ᠂ ᠪᠤᠳᠠᠲᠠᠢ | ᠪᠠᠶᠢᠳᠠᠯ ᠢᠶᠠᠨ ᠦᠨᠳᠦᠰᠦᠯᠡᠨ ᠬᠡᠷᠡᠭᠯᠡᠬᠦ ᠬᠡᠮᠵᠢᠶ᠎ᠡ ᠶᠢ ᠳᠤᠭᠲᠠᠭᠠᠵᠦ᠂ ᠲᠤᠰ ᠵᠢᠯ ᠤᠨ ᠵᠠᠷᠤᠳᠠᠯ ᠤᠨ ᠲᠦᠰᠦᠪ ᠲᠤ | ᠤᠷᠤᠭᠤᠯᠤᠨ᠎ᠠ᠃ | ᠲᠦᠷᠦᠯ ᠵᠦᠢᠯ ᠬᠠᠷᠢᠭᠤᠴᠠᠭᠴᠢ ᠶᠢᠨ ᠪᠠᠶᠢᠭ᠎ᠠ ᠨᠢᠭᠡᠴᠢ ᠨᠢ ᠡᠳ᠋ ᠤᠨ ᠶᠠᠪᠤᠳᠠᠯ ᠤᠨ ᠳᠦᠷᠢᠮ ᠤᠨ | ᠱᠠᠭᠠᠷᠳᠠᠯᠭ᠎ᠠ ᠶᠤᠰᠤᠭᠠᠷ ᠲᠦᠷᠦᠯ ᠵᠦᠢᠯ ᠢ ᠳᠡᠮᠵᠢᠬᠦ ᠵᠠᠷᠤᠳᠠᠯ ᠢ ᠪᠤᠲᠠᠲᠠᠢ ᠬᠠᠮᠢᠶᠠᠷᠤᠨ᠎ᠠ᠃ | ᠬᠠᠮᠢᠶ᠎ᠠ ᠪᠦᠬᠦᠢ ᠡᠳ᠋ ᠤᠨ ᠶᠠᠪᠤᠳᠠᠯ ᠤᠨ ᠰᠠᠯᠠᠭ᠎ᠠ ᠮᠦᠴᠢᠷ ᠤᠳ ᠲᠦᠷᠦᠯ ᠵᠦᠢᠯ ᠤᠨ ᠵᠤᠭᠤᠰ ᠢᠶᠠᠷ | ᠲᠤᠰᠠᠯᠠᠬᠤ ᠵᠠᠷᠤᠳᠠᠯ ᠤᠨ ᠲᠠᠩᠰᠠ ᠶᠢ ᠰᠠᠶᠢᠲᠣᠷ ᠬᠠᠳᠠᠭᠠᠯᠠᠬᠤ ᠬᠡᠷᠩᠲᠡᠢ ᠪᠥᠭᠡᠳ ᠬᠤᠯᠪᠣᠭᠳᠠᠯ ᠪᠦᠬᠦᠢ ᠰᠠᠯᠠᠭ᠎ᠠ | ᠮᠦᠴᠢᠷ ᠤᠨ ᠬᠢᠨᠠᠨ ᠪᠠᠶᠢᠴᠠᠭᠠᠯᠲᠠ ᠪᠠ ᠬᠢᠨᠠᠨ ᠪᠤᠲᠤᠯᠲᠠ ᠬᠢᠬᠦ ᠶᠢ ᠬᠦᠯᠢᠶᠡᠨ ᠠᠪᠬᠤ ᠡᠭᠦᠷᠭᠡ ᠲᠠᠢ᠃ | ᠦᠪᠡᠷᠳᠡᠬᠡᠨ ᠵᠠᠰᠠᠬᠤ ᠤᠷᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠨᠢ ᠲᠦᠷᠦᠯ ᠵᠦᠢᠯ ᠤᠨ | ᠵᠠᠷᠤᠳᠠᠯ ᠤᠨ ᠬᠡᠷᠡᠭᠯᠡᠯᠳᠡ ᠶᠢᠨ ᠪᠠᠶᠢᠳᠠᠯ ᠳᠤ ᠬᠢᠨᠠᠯᠳᠠ ᠪᠠᠶᠢᠴᠠᠭᠠᠯᠳᠠ ᠬᠢᠬᠦ ᠡᠷᠬᠡ ᠲᠠᠢ᠃ | ᠬᠤᠷᠢᠨ ᠲᠠᠪᠤᠳᠤᠭᠠᠷ ᠵᠦᠢᠯ ᠦᠪᠡᠷᠳᠡᠭᠡᠨ ᠵᠠᠰᠠᠬᠤ ᠤᠷᠤᠨ ᠤ ᠦᠨᠳᠦᠰᠦᠲᠡᠨ ᠤ ᠵᠦᠪᠯᠡᠯ ᠨᠢ ᠲᠦᠷᠦᠯ | ᠵᠦᠢᠯ ᠵᠢᠴᠢ ᠵᠤᠭᠤᠰ ᠢᠶᠠᠷ ᠲᠤᠰᠠᠯᠠᠬᠤ ᠵᠠᠷᠤᠳᠠᠯ ᠤᠨ ᠲᠤᠭ᠎ᠠ ᠬᠡᠮᠵᠢᠶ᠎ᠡ ᠶᠢ ᠬᠢᠨᠠᠨ ᠵᠥᠪᠰᠢᠶᠡᠷᠡᠬᠦ ᠶᠢᠨ ᠬᠠᠮᠳᠤ᠂ | ᠪᠢᠯᠧᠲ ᠪᠠᠷᠢᠮᠳᠠ ᠶᠢ ᠬᠢᠨᠠᠨ ᠬᠠᠷᠭᠤᠭᠤᠯᠵᠦ ᠪᠠᠳᠤᠯᠬᠠᠰᠠᠨ ᠤ ᠲᠠᠷᠠᠭ᠎ᠠ᠂ ᠲᠣᠭᠲᠠᠭᠠᠯ ᠶᠤᠰᠤᠭᠠᠷ ᠲᠦᠷᠦᠯ ᠵᠦᠢᠯ ᠤᠨ | ᠵᠠᠷᠤᠳᠠᠯ ᠢ ᠲᠦᠷᠦᠯ ᠵᠦᠢᠯ ᠬᠠᠷᠢᠭᠤᠴᠠᠭᠴᠢ ᠶᠢᠨ ᠪᠠᠶᠢᠭ᠎ᠠ ᠨᠢᠭᠡᠴᠢ ᠶᠢᠨ ᠪᠠᠩᠭᠢ ᠶᠢᠨ ᠳᠠᠩᠰᠠᠨ ᠡᠷᠣᠭᠡ ᠳᠤ ᠨᠢ | ᠰᠢᠯᠵᠢᠭᠦᠯᠵᠦ᠂ ᠪᠠᠶᠢᠭ᠎ᠠ ᠨᠢᠭᠡᠴᠢ ᠠᠴᠠ ᠨᠢᠭᠡᠳᠦᠯᠲᠡᠢ ᠬᠠᠮᠢᠶᠠᠷᠤᠨ᠎ᠠ᠃ | ᠲᠦᠷᠦᠯ ᠵᠦᠢᠯ ᠤᠨ ᠵᠤᠭᠤᠰ ᠢᠶᠠᠷ ᠲᠤᠰᠠᠯᠠᠬᠤ ᠵᠠᠷᠤᠳᠠᠯ ᠢ ᠨᠢᠭᠡ ᠣᠳᠠᠭ᠎ᠠ ᠳᠤ ᠬᠠᠷᠭᠤᠭᠤᠯᠤᠨ ᠲᠤᠬᠳᠠᠭᠠᠵᠤ᠂ | ᠶᠡᠷᠦᠩᠬᠡᠢ ᠳᠤ ᠪᠠᠨ ᠬᠤᠶᠠᠷ ᠬᠤᠭᠤᠴᠠᠭ᠎ᠠ ᠬᠤᠪᠢᠶᠠᠨ ᠥᠭᠴᠦ᠂ ᠭᠡᠷ᠎ᠡ ᠶᠤᠰᠤᠭᠠᠷ ᠲᠠᠭᠠᠭᠠᠴᠢᠯᠠᠨ ᠬᠡᠷᠩᠯᠡᠭᠦᠯᠦᠨᠠ᠂ | ᠵᠠᠷᠣᠳᠠᠯ ᠨᠢ ᠬᠡᠳᠦᠷᠡᠪᠡᠯ ᠨᠦᠬᠦᠪᠦᠷᠢᠯᠡᠬᠦ ᠦᠭᠡᠢ᠃ ᠡᠩ ᠤᠨ ᠪᠠᠶᠢᠳᠠᠯ ᠳᠤ᠂ ᠡᠬᠢᠨ ᠤ ᠬᠤᠭᠤᠴᠠᠭᠠᠨ ᠳᠤ | ᠵᠤᠭᠤᠰ ᠢᠶᠠᠷ ᠲᠤᠰᠠᠯᠠᠬᠤ ᠲᠦᠷᠦᠯ ᠵᠦᠢᠯ ᠤᠨ ᠵᠠᠷᠤᠳᠠᠯ ᠤᠨ ᠲᠤᠭ᠎ᠠ ᠬᠡᠮᠵᠢᠶᠡᠨ ᠤ 50% ᠶᠢ ᠰᠠᠯᠭᠠᠨ ᠦᠭᠴᠤ᠂ | ᠰᠢᠯᠭᠠᠨ ᠬᠤᠷᠢᠶᠠᠵᠦ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ ᠳᠠᠬᠢᠭᠠᠳ 50% ᠶᠢ ᠨᠢ ᠰᠠᠯᠭᠠᠨ ᠦᠭᠬᠦᠨ᠎ᠠ᠂ | ᠰᠢᠯᠭᠠᠨ ᠬᠤᠷᠢᠶᠠᠵᠦ ᠠᠪᠬᠤ ᠳᠤ ᠬᠢᠷᠢ ᠲᠡᠩᠴᠡᠭᠰᠡᠨ ᠦᠭᠡᠢ ᠪᠤᠯ ᠦᠯᠡᠳᠡᠭᠰᠡᠨ ᠵᠠᠷᠤᠳᠠᠯ ᠢ ᠰᠠᠯᠭᠠᠵᠤ ᠦᠭᠬᠦ ᠦᠭᠡᠢ | ᠪᠦᠬᠡᠳ ᠬᠤᠯᠪᠤᠨᠨᠳᠠᠯ ᠪᠦᠭᠦᠢ ᠲᠤᠨᠨᠳᠠᠭᠠᠯ ᠶᠤᠰᠤᠭᠠᠷ ᠡᠬᠢᠨ ᠤ ᠬᠤᠭᠤᠴᠠᠭᠠᠨ ᠳᠤ ᠰᠠᠯᠭᠠᠵᠦ ᠦᠭᠭᠦᠭᠰᠡᠨ | ᠵᠠᠷᠤᠳᠠᠯ ᠢ ᠪᠠᠨ ᠨᠡᠬᠡᠮᠵᠢᠯᠡᠨ ᠬᠤᠷᠢᠶᠠᠨ᠎ᠠ᠃ | ᠲᠦᠷᠦᠯ ᠵᠦᠢᠯ ᠤᠨ ᠵᠤᠭᠤᠰ ᠢᠶᠠᠷ ᠲᠤᠰᠠᠯᠠᠬᠤ ᠵᠠᠷᠤᠳᠠᠯ ᠤᠨ ᠲᠤᠭ᠎ᠠ ᠬᠡᠮᠵᠢᠶ᠎ᠡ ᠨᠢ ᠨᠡᠯᠢᠶᠡᠳ ᠶᠡᠭᠡ ᠪᠠᠶᠢᠪᠠᠯ᠂ | ᠲᠤᠨᠨᠳᠠᠭᠠᠯ ᠶᠤᠰᠤᠭᠠᠷ ᠵᠠᠰᠠᠭ ᠤᠨ ᠤᠷᠳᠤᠨ ᠬᠤᠳᠠᠯᠳᠤᠨ ᠠᠪᠬᠤ ᠶᠢ ᠬᠡᠷᠡᠭᠵᠢᠬᠦᠯᠦᠨ᠎ᠠ᠃ | ᠬᠤᠷᠢᠨ ᠵᠢᠷᠭᠤᠳᠤᠭᠠᠷ ᠵᠦᠢᠯ ᠲᠦᠷᠦᠯ ᠵᠦᠢᠯ ᠤᠨ ᠵᠠᠷᠤᠳᠠᠯ ᠢ ᠵᠦᠪᠬᠡᠨ ᠲᠤᠤᠷᠠᠬᠢ ᠵᠠᠷᠤᠯᠭ᠎ᠠ ᠳᠤ | ᠬᠡᠷᠩᠯᠡᠬᠦ ᠪᠠᠷ ᠬᠢᠵᠠᠭᠠᠷᠯᠠᠨ᠎ᠠ᠄ | ︵ᠨᠢᠭᠡ︶ ᠮᠠᠲ᠋ᠧᠷᠢᠶᠠᠯ ᠤᠨ ᠵᠠᠷᠣᠳᠠᠯ᠄ ᠡᠨᠡ ᠨᠢ ᠲᠦᠷᠦᠯ ᠵᠦᠢᠯ ᠤᠨ ᠰᠤᠳᠤᠯᠭᠠᠠ ᠤ ᠶᠠᠪᠤᠴᠠ ᠳᠤ ᠪᠤᠢ | ᠪᠤᠯᠤᠭᠰᠠᠠ ᠮᠠᠲ᠋ᠧᠷᠢᠶᠠᠯ ᠴᠤᠬᠯᠠᠭᠤᠯᠬᠤ᠂ ᠺᠣᠮᠫᠢᠦ᠋ᠲ᠋ᠧᠷ ᠲᠤ ᠦᠰᠦᠭ ᠰᠢᠪᠡᠬᠦ᠂ ᠳᠠᠷᠣᠮᠠᠯᠯᠠᠬᠤ᠂ ᠬᠠᠭᠤᠯᠪᠤᠷᠢᠯᠠᠬᠤ᠂ | ᠳᠠᠬᠢᠨ ᠰᠡᠭᠦᠳᠡᠷᠯᠡᠬᠦ᠂ ᠤᠷᠴᠢᠭᠤᠯᠬᠤ ᠵᠡᠷᠭᠡ ᠵᠠᠷᠤᠳᠠᠯ᠂ ᠵᠢᠴᠢ ᠬᠡᠷᠡᠭᠴᠡᠭᠡ ᠪᠦᠬᠦᠢ ᠨᠤᠮ ᠪᠢᠴᠢᠭ ᠪᠠ ᠲᠤᠰᠬᠠᠢ | ᠬᠡᠷᠡᠭᠯᠡᠭᠡᠨ ᠤ ᠰᠣᠹᠲᠸᠡᠶᠢᠷ ᠬᠤᠳᠠᠯᠳᠤᠨ ᠠᠪᠬᠤ ᠵᠠᠷᠤᠳᠠᠯ ᠤᠳ ᠢ ᠵᠢᠭᠠᠵᠤ ᠪᠠᠶᠢᠨ᠎ᠠ︔ | ︵ᠬᠤᠶᠠᠷ︶ ᠲᠤᠭ᠎ᠠ ᠪᠠᠷᠢᠮᠳᠠ ᠴᠤᠬᠯᠠᠭᠤᠯᠬᠤ ᠵᠠᠷᠤᠳᠠᠯ᠄ ᠡᠨᠡ ᠨᠢ ᠲᠦᠷᠦᠯ ᠵᠦᠢᠯ ᠤᠨ ᠰᠤᠳᠤᠯᠭᠠᠠ ᠤ | ᠶᠠᠪᠤᠴᠠ ᠳᠤ ᠪᠤᠢ ᠪᠤᠯᠤᠭᠰᠠᠠ ᠠᠰᠠᠭᠤᠯᠳᠠ ᠶᠢᠨ ᠬᠠᠭᠤᠳᠠᠰᠤ ᠪᠠᠷ ᠪᠠᠶᠢᠴᠠᠭᠠᠯᠳᠠ ᠬᠢᠬᠦ᠂ ᠲᠤᠭ᠎ᠠ ᠪᠠᠷᠢᠮᠳᠡ ᠶᠢ | ᠮᠦᠷᠳᠡᠨ ᠴᠤᠭᠯᠠᠭᠤᠯᠬᠤ᠂ ᠪᠤᠳᠠᠳᠤ ᠵᠢᠱᠢᠶ᠎ᠡ ᠳᠤ ᠵᠠᠳᠠᠯᠤᠯᠲᠠ ᠬᠢᠬᠦ ᠵᠡᠷᠭᠡ ᠵᠠᠷᠤᠳᠠᠯ ᠢ ᠵᠢᠭᠠᠵᠤ ᠪᠠᠶᠢᠨ᠎ᠠ︔ | ︵ᠭᠤᠷᠪᠠ︶ ᠵᠠᠮ ᠤᠨ ᠵᠠᠷᠤᠳᠠᠯ᠄ ᠡᠨᠠ ᠨᠢ ᠲᠦᠷᠦᠯ ᠵᠦᠢᠯ ᠤᠨ ᠰᠤᠳᠤᠯᠭᠠᠠ ᠤ ᠶᠠᠪᠤᠴᠠ ᠳᠤ ᠪᠤᠢ | ᠪᠤᠯᠤᠭᠰᠠᠠ ᠤᠯᠤᠰ ᠤᠨ ᠳᠤᠲᠤᠭᠠᠳᠤ ᠳᠤ ᠪᠠᠶᠢᠴᠠᠭᠠᠠ ᠰᠤᠳᠤᠯᠬᠤ ᠠᠵᠢᠯᠯᠠᠭ᠎ᠠ ᠦᠷᠨᠢᠭᠦᠯᠬᠦ ᠳᠤ ᠬᠡᠷᠩᠯᠡᠬᠦ ᠵᠠᠮ ᠤᠨ | ᠵᠠᠷᠤᠳᠠᠯ᠂ ᠬᠤᠨᠤᠭ ᠪᠠᠭᠤᠳᠠᠯ ᠤᠨ ᠵᠠᠷᠤᠳᠠᠯ ᠵᠢᠴᠢ ᠪᠤᠰᠤᠳ ᠵᠠᠷᠤᠳᠠᠯ ᠤᠳ ᠢ ᠵᠢᠭᠠᠵᠤ ᠪᠠᠶᠢᠨ᠎ᠠ᠃ ᠵᠠᠮ ᠤᠨ | ᠵᠠᠷᠤᠳᠠᠯ ᠤᠨ ᠵᠠᠷᠤᠯᠭ᠎ᠠ ᠶᠢᠨ ᠪᠠᠷᠢᠮᠵᠢᠶ᠎ᠠ ᠶᠢ ᠤᠯᠤᠰ ᠤᠨ ᠬᠤᠯᠪᠣᠭᠳᠠᠯ ᠪᠦᠬᠦᠢ ᠲᠤᠭᠲᠠᠭᠠᠯ ᠶᠤᠰᠤᠭᠠᠷ ᠬᠡᠷᠩᠵᠢᠭᠦᠯᠬᠦ | ᠬᠡᠷᠩᠲᠡᠢ︔ | ︵ᠲᠦᠷᠪᠡ︶ ᠬᠤᠷᠠᠯ ᠤᠨ ᠵᠠᠷᠤᠳᠠᠯ᠄ ᠡᠨᠡ ᠨᠢ ᠲᠦᠷᠦᠯ ᠵᠦᠢᠯ ᠤᠨ ᠰᠤᠳᠤᠯᠭᠠᠠ ᠤ ᠶᠠᠪᠤᠴᠠ ᠳᠤ ᠡᠷᠳᠡᠮ | ᠰᠢᠨᠵᠢᠯᠡᠭᠡᠨ ᠤ ᠰᠤᠳᠤᠯᠤᠠ ᠶᠠᠷᠢᠯᠴᠠᠬᠤ ᠬᠤᠷᠠᠯ ᠢ ᠵᠤᠬᠢᠶᠠᠨ ᠪᠠᠶᠢᠭᠤᠯᠬᠤ᠂ ᠲᠦᠷᠦᠯ ᠵᠦᠢᠯ ᠪᠤᠶᠤ ᠰᠤᠳᠤᠯᠭᠠᠠ ᠤ | ᠰᠡᠳᠤᠪ ᠢ ᠠᠰᠠᠭᠤᠵᠤ ᠯᠠᠪᠯᠠᠬᠤ ᠪᠠ ᠵᠣᠬᠢᠴᠠᠭᠤᠯᠬᠤ ᠵᠡᠷᠭᠡ ᠠᠵᠢᠯᠯᠠᠭ᠎ᠠ ᠦᠷᠨᠢᠭᠦᠯᠬᠦ ᠶᠢᠨ ᠲᠤᠰᠠᠳᠠ ᠪᠠᠭ᠎ᠠ | ᠬᠡᠪᠴᠢᠶᠡᠨ ᠤ ᠬᠤᠷᠠᠯ ᠢ ᠬᠤᠷᠠᠯᠳᠤᠭᠤᠯᠬᠤ ᠵᠠᠷᠤᠳᠠᠯ ᠢ ᠵᠢᠭᠠᠵᠤ ᠪᠠᠶᠢᠨ᠎ᠠ᠃ ᠬᠤᠷᠠᠯ ᠤᠨ ᠵᠠᠷᠤᠳᠠᠯ ᠢ ᠤᠯᠤᠰ ᠤᠨ | ᠬᠤᠯᠪᠤᠭᠳᠠᠯ ᠪᠦᠬᠦᠢ ᠲᠤᠭᠲᠠᠭᠠᠯ ᠶᠤᠰᠤᠭᠠᠷ ᠵᠠᠷᠣᠴᠠᠭᠤᠯᠵᠦ᠂ ᠬᠤᠷᠠᠯ ᠤᠨ ᠬᠦᠷᠢᠶ᠎ᠡ ᠬᠡᠪᠴᠢᠶ᠎ᠡ᠂ ᠬᠤᠷᠠᠯ ᠤᠨ | ᠲᠤᠭ᠎ᠠ᠂ ᠬᠤᠷᠠᠯ ᠤᠨ ᠵᠠᠷᠤᠳᠠᠯ ᠤᠨ ᠵᠠᠷᠤᠯᠭ᠎ᠠ ᠶᠢᠨ ᠪᠠᠷᠢᠮᠵᠢᠶ᠎ᠠ ᠪᠠ ᠬᠤᠷᠠᠯ ᠤᠨ ᠬᠤᠭᠤᠴᠠᠭ᠎ᠠ ᠶᠢ ᠴᠢᠩᠭ᠎ᠠ | ᠬᠢᠵᠠᠭᠠᠷᠯᠠᠬᠤ ᠬᠡᠷᠩᠲᠡᠢ︔ | ︵ᠲᠠᠪᠤ︶ ᠲᠤᠰᠬᠠᠢ ᠮᠡᠷᠭᠡᠵᠢᠯᠲᠡᠨ ᠠᠴᠠ ᠠᠰᠠᠭᠤᠠ ᠯᠠᠪᠯᠠᠬᠤ ᠵᠠᠷᠤᠳᠠᠯ᠄ ᠡᠨᠡ ᠨᠢ ᠲᠦᠷᠦᠯ ᠵᠦᠢᠯ ᠤᠨ | ᠰᠤᠳᠤᠯᠭᠠᠠ ᠤ ᠶᠠᠪᠤᠴᠠ ᠳᠤ ᠪᠤᠢ ᠪᠤᠯᠤᠭᠰᠠᠠ ᠲᠦᠷ ᠴᠠᠭ ᠤᠷᠢᠠ ᠵᠠᠯᠠᠬᠰᠠᠨ ᠲᠤᠰᠬᠠᠢ ᠮᠡᠷᠭᠡᠵᠢᠯᠲᠡᠨ ᠳᠤ ᠥᠭᠬᠦ | ᠠᠰᠠᠭᠤᠠ ᠯᠠᠪᠯᠠᠬᠤ ᠬᠠᠷᠠᠮᠵᠢ ᠮᠦᠩᠭᠦ ᠶᠢ ᠵᠢᠭᠠᠵᠤ ᠪᠠᠶᠢᠨ᠎ᠠ᠃ ᠠᠰᠠᠭᠤᠠ ᠯᠠᠪᠯᠠᠬᠤ ᠬᠠᠷᠠᠮᠵᠢ ᠮᠦᠩᠭᠦ ᠶᠢ | ᠰᠡᠳᠦᠪ ᠤᠨ ᠰᠤᠳᠤᠯᠭᠠᠨ ᠤ ᠲᠤᠭᠤᠶᠢᠯᠠᠩ ᠤᠨ ᠬᠡᠰᠢᠭᠦᠨ ᠵᠢᠴᠢ ᠲᠦᠷᠦᠯ ᠵᠦᠢᠯ ᠢ ᠬᠠᠮᠢᠶᠠᠷᠬᠤ ᠬᠠᠮᠢᠶ᠎ᠠ ᠪᠦᠬᠦᠢ | ᠬᠦᠮᠦᠰ ᠲᠤ ᠰᠠᠯᠭᠠᠨ ᠦᠭᠴᠤ ᠪᠤᠯᠬᠤ ᠦᠭᠡᠢ᠃ ᠠᠰᠠᠭᠤᠠ ᠯᠠᠪᠯᠠᠬᠤ ᠵᠠᠷᠣᠳᠠᠯ ᠤᠨ ᠨᠡᠶᠢᠳᠡ ᠵᠠᠷᠤᠯᠭ᠎ᠠ ᠶᠢ | ᠶᠡᠷᠦᠩᠬᠡᠢ ᠳᠤ ᠪᠠᠨ ᠲᠦᠷᠦᠯ ᠵᠦᠢᠯ ᠢ ᠵᠤᠭᠤᠰ ᠢᠶᠠᠷ ᠲᠤᠰᠠᠯᠠᠬᠤ ᠲᠤᠭᠠᠨ ᠤ 5% ᠠᠴᠠ ᠬᠡᠲᠦᠷᠡᠭᠦᠯᠵᠦ ᠪᠤᠯᠬᠤ | ᠦᠭᠡᠢ︔ | ︵ᠵᠢᠷᠭᠤᠭ᠎ᠠ︶ ᠭᠦᠳᠡᠯᠮᠦᠷᠢ ᠦᠢᠯᠡᠴᠢᠯᠡᠬᠡᠨ ᠤ ᠵᠠᠷᠤᠳᠠᠯ᠄ ᠡᠨᠡ ᠨᠢ ᠲᠦᠷᠦᠯ ᠵᠦᠢᠯ ᠤᠨ ᠰᠤᠳᠤᠯᠭᠠᠠ ᠤ | ᠶᠠᠪᠤᠴᠠ ᠳᠤ ᠪᠤᠢ ᠪᠤᠯᠤᠭᠰᠠᠠ ᠲᠦᠷᠦᠯ ᠵᠦᠢᠯ ᠤᠨ ᠰᠤᠳᠤᠯᠭᠠᠠ ᠳᠤ ᠪᠡᠶᠡᠴᠢᠯᠡᠨ ᠤᠷᠤᠯᠴᠠᠬᠰᠠᠨ ᠰᠤᠷᠭᠠᠭᠤᠯᠢ ᠳᠤ | ᠪᠠᠶᠢᠭ᠎ᠠ ᠰᠤᠲᠤᠯᠬᠤ ᠰᠤᠷᠤᠬᠴᠢ ᠪᠠ ᠪᠤᠰᠤᠳ ᠰᠡᠳᠦᠪ ᠤᠨ ᠰᠤᠳᠤᠯᠭᠠᠨ ᠤ ᠳᠤᠭᠤᠶᠢᠯᠠᠩ ᠤᠨ ᠲᠦᠷ ᠴᠠᠭ ᠤᠷᠢᠠ | ᠬᠡᠷᠩᠯᠡᠭᠰᠡᠠ ᠬᠦᠮᠤᠰ ᠲᠤ ᠥᠭᠬᠦ ᠭᠦᠳᠡᠯᠮᠦᠷᠢ ᠦᠢᠯᠡᠴᠢᠯᠡᠬᠡᠨ ᠤ ᠴᠢᠨᠠᠷᠲᠠᠢ ᠵᠠᠷᠤᠳᠠᠯ ᠢ ᠵᠢᠭᠠᠵᠤ ᠪᠠᠶᠢᠨ᠎ᠠ᠃ | ᠭᠦᠳᠡᠯᠮᠦᠷᠢ ᠦᠢᠯᠡᠴᠢᠯᠡᠬᠡᠨ ᠤ ᠵᠠᠷᠤᠳᠠᠯ ᠤᠨ ᠨᠡᠶᠢᠳᠡ ᠵᠠᠷᠤᠯᠭ᠎ᠠ ᠶᠢ ᠶᠡᠷᠦᠩᠬᠡᠢ ᠳᠤ ᠪᠠᠨ ᠲᠦᠷᠦᠯ ᠵᠦᠢᠯ ᠢ | ᠵᠤᠭᠤᠰ ᠢᠶᠠᠷ ᠲᠤᠰᠠᠯᠠᠬᠤ ᠲᠤᠭᠠᠨ ᠤ 10 % ᠠᠴᠠ ᠬᠡᠲᠦᠷᠡᠭᠦᠯᠵᠦ ᠪᠤᠯᠬᠤ ᠦᠭᠡᠢ︔ | ︵ᠳᠤᠯᠤᠭ᠎ᠠ︶ ᠬᠡᠪᠯᠡᠯ ᠤᠨ ᠵᠠᠷᠤᠳᠠᠯ ᠪᠤᠶᠤ ᠬᠡᠪᠯᠡᠯ ᠤᠨ ᠨᠢᠭᠤᠷ ᠤᠨ ᠵᠠᠷᠤᠳᠠᠯ᠄ ᠡᠨᠡ ᠨᠢ ᠲᠦᠷᠦᠯ | ᠵᠦᠢᠯ ᠤᠨ ᠰᠤᠳᠤᠯᠭᠠᠠ ᠤ ᠶᠠᠪᠤᠴᠠ ᠳᠤ ᠪᠤᠢ ᠪᠤᠯᠤᠭᠰᠠᠠ ᠲᠦᠷᠦᠯ ᠵᠦᠢᠯ ᠤᠨ ᠰᠤᠳᠤᠯᠭᠠᠨ ᠤ ᠦᠷ᠎ᠡ ᠪᠦᠳᠦᠭᠡᠯ ᠢ | ᠬᠡᠪᠯᠡᠭᠦᠯᠬᠦ ᠪᠤᠶᠤ ᠬᠡᠪᠯᠡᠯ ᠤᠨ ᠨᠢᠭᠤᠷ ᠤᠨ ᠵᠠᠷᠤᠳᠠᠯ ᠵᠡᠷᠭᠡ ᠶᠢ ᠵᠢᠭᠠᠵᠤ ᠪᠠᠶᠢᠨ᠎ᠠ᠃ | ᠬᠤᠷᠢᠨ ᠲᠤᠯᠤᠳᠤᠭᠠᠷ ᠵᠦᠢᠯ ᠲᠦᠷᠦᠯ ᠵᠦᠢᠯ ᠤᠨ ᠰᠤᠳᠤᠯᠭᠠᠠ ᠤ ᠶᠠᠪᠤᠴᠠ ᠳᠤ ᠪᠤᠢ ᠪᠤᠯᠤᠭᠰᠠᠠ ᠳᠡᠭᠡᠷ᠎ᠠ | ᠳᠤᠷᠠᠳᠤᠭᠰᠠᠠ ᠵᠠᠷᠤᠳᠠᠯ ᠠᠴᠠ ᠭᠠᠳᠠᠨᠠᠬᠢ ᠵᠠᠷᠤᠯᠭ᠎ᠠ ᠶᠢ ᠲᠦᠷᠦᠯ ᠵᠦᠢᠯ ᠤᠨ ᠲᠦᠰᠦᠪ ᠲᠤ ᠲᠤᠰᠠᠭᠠᠷ ᠨᠢ | ᠵᠢᠬᠰᠠᠭᠠᠵᠦ᠂ ᠲᠤᠰᠠᠭᠠᠷ ᠬᠠᠷᠭᠤᠭᠤᠯᠤᠨ ᠲᠣᠭᠲᠠᠭᠠᠬᠤ ᠬᠡᠷᠡᠭᠲᠡᠢ᠃ | ᠬᠤᠷᠢᠨ ᠨᠠᠢᠮᠠᠳᠤᠭᠠᠷ ᠵᠦᠢᠯ ᠲᠦᠷᠦᠯ ᠵᠦᠢᠯ ᠬᠠᠷᠢᠭᠤᠴᠠᠭᠴᠢ ᠶᠢᠨ ᠪᠠᠶᠢᠭ᠎ᠠ ᠨᠢᠭᠡᠴᠢ ᠶᠢᠨ ᠡᠷᠳᠡᠮ | ᠰᠢᠨᠵᠢᠯᠡᠭᠡᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠨᠢ ᠤᠯᠤᠰ ᠤᠨ ᠬᠤᠯᠪᠤᠭᠳᠠᠯ ᠪᠦᠬᠦᠢ ᠲᠤᠬᠲᠠᠭᠠᠯ ᠶᠤᠰᠤᠭᠠᠷ | ᠬᠠᠮᠢᠶᠠᠷᠤᠯᠳᠠ ᠶᠢᠨ ᠵᠠᠷᠤᠳᠠᠯ ᠲᠠᠳᠠᠠ ᠠᠪᠴᠤ᠂ ᠲᠦᠷᠦᠯ ᠵᠦᠢᠯ ᠤᠨ ᠡᠳᠦᠷ ᠲᠤᠲᠤᠮ ᠤᠨ ᠬᠠᠮᠢᠶᠠᠷᠤᠯᠲᠠ ᠪᠠ | ᠪᠠᠶᠢᠴᠠᠭᠠᠯᠳᠠ ᠬᠢᠬᠦ ᠵᠡᠷᠭᠡ ᠲᠤᠰᠬᠠᠢ ᠵᠠᠷᠤᠯᠭ᠎ᠠ ᠳᠤ ᠬᠡᠷᠡᠭᠯᠡᠨ᠎ᠡ᠃ ᠪᠠᠴᠢᠮ ᠪᠠᠶᠢᠳᠠᠯ ᠢ ᠠᠷᠭᠠᠴᠠᠭᠠᠬᠤ ᠲᠦᠷᠦᠯ ᠵᠦᠢᠯ | ᠪᠠ ᠡᠩ ᠤᠨ ᠲᠦᠷᠦᠯ ᠵᠦᠢᠯ ᠠᠴᠠ ᠲᠠᠳᠠᠠ ᠠᠪᠬᠤ ᠬᠠᠮᠢᠶᠠᠷᠤᠯᠲᠠ ᠶᠢᠨ ᠵᠠᠷᠤᠳᠠᠯ ᠢ 2000 ᠲᠦᠭᠦᠷᠢᠭ ᠠᠴᠠ | ᠬᠡᠲᠦᠷᠡᠭᠦᠯᠵᠦ ᠪᠤᠯᠬᠤ ᠦᠭᠡᠢ᠂ ᠴᠢᠬᠤᠯᠠ ᠶᠡᠭᠡ ᠲᠦᠷᠦᠯ ᠵᠦᠢᠯ ᠪᠠ ᠭᠤᠤᠯᠳᠠᠯᠭ᠎ᠠ ᠲᠠᠢ ᠲᠦᠷᠦᠯ ᠵᠦᠢᠯ ᠠᠴᠠ | ᠲᠠᠲᠠᠠ ᠠᠪᠬᠤ ᠵᠠᠷᠤᠳᠠᠯ ᠢ 3000 ᠲᠦᠭᠦᠷᠢᠭ ᠠᠴᠠ ᠬᠡᠲᠦᠷᠡᠭᠦᠯᠵᠦ ᠪᠤᠯᠬᠤ ᠦᠭᠡᠢ᠃ | ᠬᠤᠷᠢ ᠶᠢᠰᠦᠳᠦᠭᠡᠷ ᠵᠦᠢᠯ ᠲᠦᠷᠦᠯ ᠵᠦᠢᠯ ᠬᠠᠷᠢᠭᠤᠴᠠᠭᠴᠢ ᠠᠴᠠ ᠪᠠᠶᠢᠭ᠎ᠠ ᠨᠢᠭᠡᠴᠢ ᠶᠢᠨ ᠢᠶᠠᠨ ᠡᠷᠳᠡᠮ | ᠰᠢᠨᠵᠢᠯᠡᠭᠡᠨ ᠪᠠ ᠡᠳ᠋ ᠤᠨ ᠶᠠᠪᠤᠳᠠᠯ ᠤᠨ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠵᠢᠯᠤᠭᠤᠳᠤᠯᠭ᠎ᠠ ᠳᠤᠤᠷ᠎ᠠ᠂ | ᠲᠦᠯᠦᠪᠯᠡᠭᠡ ᠶᠤᠰᠤᠭᠠᠷ ᠲᠦᠷᠦᠯ ᠵᠦᠢᠯ ᠤᠨ ᠵᠠᠷᠤᠳᠠᠯ ᠢ ᠡᠵᠡᠨ ᠮᠡᠳᠡᠵᠦ ᠲᠣᠬᠢᠷᠠᠭᠤᠯᠤᠨ᠎ᠠ᠂ ᠪᠤᠰᠤᠳ ᠵᠦᠢᠯ ᠳᠤ | ᠨᠡᠭᠦᠯᠭᠡᠨ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ | | ᠲᠠᠪᠤᠳᠤᠭᠠᠷ ᠪᠦᠯᠦᠭ ᠦᠷ᠎ᠡ ᠪᠦᠳᠦᠭᠡᠯ ᠤᠨ ᠬᠡᠷᠩᠯᠡᠯᠳᠡ | | | ᠭᠤᠴᠢᠳᠤᠭᠠᠷ ᠵᠦᠢᠯ ᠦᠪᠡᠷᠳᠡᠭᠡᠨ ᠵᠠᠰᠠᠬᠤ ᠤᠷᠤᠨ ᠤ ᠦᠨᠳᠦᠰᠦᠲᠡᠨ ᠤ ᠵᠦᠪᠯᠡᠯ ᠨᠢ ᠱᠠᠭᠠᠷᠳᠠᠯᠭ᠎ᠠ ᠳᠤ | ᠨᠡᠶᠢᠴᠡᠭᠰᠡᠨ ᠲᠦᠷᠦᠯ ᠵᠦᠢᠯ ᠤᠨ ᠦᠷ᠎ᠡ ᠪᠦᠳᠦᠭᠡᠯ ᠢ ᠦᠪᠡᠷᠳᠡᠭᠡᠨ ᠵᠠᠰᠠᠬᠤ ᠤᠷᠤᠨ ᠤ ᠦᠨᠳᠦᠰᠦᠲᠡᠨ ᠤ | ᠵᠦᠪᠯᠡᠯ ᠤᠨ ᠮᠤᠩᠭᠤᠯ ᠦᠭᠡ ᠬᠡᠯᠡ ᠦᠰᠦᠭ ᠪᠢᠴᠢᠭ ᠤᠨ ᠡᠷᠳᠡᠮ ᠰᠢᠨᠵᠢᠯᠡᠭᠡᠨ ᠤ ᠰᠢᠯᠢᠳᠡᠭ ᠦᠷ᠎ᠠ ᠪᠦᠲᠣᠭᠡᠯ ᠤᠨ | ᠱᠠᠩᠨᠠᠯ ᠲᠣᠭᠲᠠᠭᠠᠨ ᠰᠢᠯᠭᠠᠷᠠᠭᠤᠯᠬᠤ ᠳᠡᠰ ᠳᠠᠷᠠᠭᠠᠯᠠᠯ ᠳᠤ ᠰᠢᠭᠤᠳ ᠣᠷᠤᠭᠤᠯᠬᠤ ᠪᠠᠷ ᠲᠠᠨᠢᠯᠴᠠᠭᠤᠯᠵᠤ ᠪᠣᠯᠣᠨ᠎ᠠ᠃ | ᠲᠦᠷᠦᠯ ᠵᠦᠢᠯ ᠤᠨ ᠬᠠᠷᠢᠭᠤᠴᠠᠭᠴᠢ ᠭᠤᠶᠤᠴᠢᠯᠠᠯ ᠭᠠᠷᠭᠠᠭᠰᠠᠠ ᠪᠠᠶᠢᠪᠠᠯ᠂ ᠤᠯᠤᠰ ᠤᠨ ᠳᠤᠲᠤᠭᠠᠳᠤ | ᠭᠠᠳᠠᠭᠠᠳᠤ ᠶᠢᠨ ᠡᠯ᠎ᠡ ᠲᠦᠷᠤᠯ ᠤᠨ ᠱᠠᠩᠨᠠᠯ ᠲᠣᠭᠲᠠᠭᠠᠬᠤ ᠠᠵᠢᠯᠯᠠᠭ᠎ᠠ ᠳᠤ ᠤᠷᠤᠯᠴᠠᠭᠤᠯᠬᠤ ᠪᠠᠷ ᠲᠠᠨᠢᠯᠴᠠᠭᠤᠯᠵᠤ | ᠪᠤᠯᠤᠨ᠎ᠠ᠃ | ᠭᠤᠴᠢᠨ ᠨᠢᠭᠡᠳᠦᠭᠡᠷ ᠵᠦᠢᠯ ᠦᠪᠡᠷᠳᠡᠭᠡᠨ ᠵᠠᠰᠠᠬᠤ ᠤᠷᠤᠨ ᠤ ᠦᠨᠳᠦᠰᠦᠲᠡᠨ ᠤ ᠵᠦᠪᠯᠡᠯ ᠨᠢ ᠠᠵᠢᠯ ᠤᠨ | ᠮᠡᠳᠡᠭᠡ ᠵᠠᠩᠭᠢ ᠵᠢᠴᠢ ᠬᠠᠷᠢᠭᠤ ᠮᠡᠳᠡᠭᠦᠯᠦᠯᠳᠡ ᠶᠢᠨ ᠬᠤᠷᠠᠯ᠂ ᠲᠠᠨᠢᠯᠴᠠᠭᠤᠯᠬᠤ ᠬᠤᠷᠠᠯ ᠡᠷᠭᠢᠯᠡᠬᠦ ᠵᠡᠷᠭᠡ ᠠᠷᠭ᠎ᠠ | ᠪᠠᠷᠢᠯ ᠢᠶᠠᠷ ᠰᠢᠯᠢᠳᠡᠭ ᠦᠷ᠎ᠡ ᠪᠦᠳᠦᠭᠡᠯ ᠢ ᠤᠬᠠᠭᠤᠯᠬᠤ᠂ ᠳᠡᠯᠭᠡᠷᠠᠭᠦᠯᠬᠦ ᠪᠠ ᠬᠡᠷᠡᠭᠯᠡᠭᠡᠨ ᠳᠤ ᠣᠷᠣᠭᠤᠯᠬᠤ ᠶᠢ | ᠴᠢᠩᠭᠠᠳᠬᠠᠵᠤ ᠪᠣᠯᠣᠨ᠎ᠠ᠃ | | | ᠵᠢᠷᠭᠤᠳᠤᠭᠠᠷ ᠪᠦᠯᠦᠭ ᠦᠮᠴᠢᠯᠡᠯ ᠤᠨ ᠡᠷᠬᠡ ᠶᠢᠨ ᠬᠠᠷᠢᠶᠠᠯᠠᠯ ᠪᠠ ᠨᠢᠭᠤᠴᠠ ᠶᠢ ᠬᠠᠮᠠᠭᠠᠯᠠᠬᠤ | | | ᠭᠤᠴᠢᠨ ᠬᠤᠶᠠᠳᠤᠭᠠᠷ ᠵᠦᠢᠯ ᠤᠨᠴᠠᠭᠠᠢ ᠪᠣᠯᠵᠤᠯ ᠪᠠᠶᠢᠬᠤ ᠦᠭᠡᠢ ᠪᠤᠯ᠂ ᠲᠦᠷᠦᠯ ᠵᠦᠢᠯ ᠤᠨ ᠦᠷ᠎ᠡ | ᠪᠦᠳᠦᠭᠡᠯ ᠤᠨ ᠵᠣᠬᠢᠶᠠᠠ ᠪᠦᠳᠦᠭᠡᠬᠦ ᠡᠷᠬᠡ ᠨᠢ ᠵᠤᠬᠢᠶᠠᠬᠴᠢ ᠳᠤ ᠥᠮᠴᠢᠯᠡᠭᠳᠡᠨ᠎ᠡ᠂ ᠦᠷ᠎ᠡ ᠪᠦᠳᠦᠭᠡᠯ ᠭᠠᠷᠤᠭᠰᠡᠨ ᠤ | ᠳᠠᠷᠠᠭ᠎ᠠ ᠦᠪᠡᠷᠳᠡᠭᠡᠨ ᠵᠠᠰᠠᠬᠤ ᠤᠷᠤᠨ ᠤ ᠦᠨᠳᠦᠰᠦᠲᠡᠨ ᠤ ᠵᠦᠪᠯᠡᠯ ᠤᠷᠢᠳ ᠢᠶᠠᠷ ᠬᠡᠷᠡᠭᠯᠡᠬᠦ ᠡᠷᠬᠡ ᠲᠠᠢ᠃ | ᠭᠤᠴᠢᠨ ᠭᠤᠷᠪᠠᠳᠤᠭᠠᠷ ᠵᠦᠢᠯ ᠡᠷᠳᠡᠮ ᠰᠢᠨᠵᠢᠯᠡᠭᠡᠨ ᠤ ᠲᠦᠷᠦᠯ ᠵᠦᠢᠯ ᠳᠤ ᠤᠯᠤᠰ ᠤᠨ ᠨᠢᠭᠤᠴᠠ | ᠬᠤᠯᠪᠤᠬᠳᠠᠬᠰᠠᠨ ᠪᠠᠶᠢᠪᠠᠯ᠂ ᠬᠤᠯᠪᠤᠨᠨᠳᠠᠯ ᠪᠦᠬᠦᠢ ᠨᠢᠭᠡᠴᠢ ᠪᠠ ᠬᠤᠪᠢ ᠬᠦᠮᠤᠠ ︽ᠪᠦᠭᠦᠳᠡ ᠨᠠᠶᠢᠷᠠᠮᠳᠠᠬᠤ | ᠲᠤᠮᠳᠠᠳᠤ ᠠᠷᠠᠳ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ︾ ᠶᠢᠨ ᠬᠤᠯᠪᠤᠭᠳᠠᠯ ᠪᠦᠬᠦᠢ ᠲᠤᠬᠳᠠᠭᠠᠯ ᠢ | ᠦᠨᠳᠦᠰᠦᠯᠡᠨ ᠨᠢᠭᠤᠴᠠ ᠶᠢ ᠬᠠᠮᠠᠭᠠᠯᠠᠬᠤ ᠠᠵᠢᠯ ᠢ ᠦᠨᠡᠨ ᠬᠦ ᠰᠠᠶᠢᠳᠤᠷ ᠬᠢᠬᠦ ᠬᠡᠷᠡᠭᠳᠡᠢ᠃ | ᠲᠤᠯᠤᠳᠤᠭᠠᠷ ᠪᠦᠯᠦᠭ ᠲᠠᠭᠠᠯᠳᠤᠭᠤᠯᠤᠯ ᠲᠦᠷᠢᠮ | ᠭᠤᠴᠢᠨ ᠲᠦᠷᠪᠡᠳᠦᠭᠡᠷ ᠵᠦᠢᠯ ᠲᠤᠰ ᠠᠷᠭ᠎ᠠ ᠶᠢ ᠨᠡᠶᠢᠳᠡᠯᠡᠭᠰᠡᠠ ᠡᠳᠤᠷ ᠠᠴᠠ ᠡᠬᠢᠯᠠᠠ 30 ᠡᠳᠦᠷ ᠤᠨ | ᠳᠠᠷᠠᠭ᠎ᠠ ᠬᠡᠷᠡᠭᠵᠢᠭᠦᠯᠦᠨ᠎ᠡ᠃ | |