ᠭᠡᠷᠡᠯ ᠴᠡᠨᠡᠭ ᠤᠨ ᠴᠠᠬᠢᠯᠭᠠᠨ ᠭᠠᠷᠭᠠᠯᠲᠠ ᠨᠢ ᠬᠥᠪᠴᠢ ᠶᠢᠨ ᠡᠯᠡᠰᠦᠨ ᠤ ︽ᠰᠢᠷᠭᠠᠯ ᠡᠯᠡᠰᠦ᠂ ᠴᠡᠩᠬᠡᠭ ᠨᠠᠭᠤᠷ᠂ ᠨᠣᠭᠤᠭᠠᠨ ᠪᠦᠷᠢᠳᠦ︾ ᠪᠣᠬᠢᠷᠲᠤᠯ ᠦᠭᠡᠢ ᠠᠮᠢ ᠠᠬᠤᠢ ᠶᠢᠨ ᠬᠠᠯᠬᠠᠪᠴᠢ ᠶᠢᠨ ᠴᠢᠬᠤᠯᠠ ᠬᠥᠳᠡᠯᠭᠡᠭᠦᠷ ᠪᠣᠯᠪᠠ
ᠨᠡᠶᠢᠲᠡᠯᠡᠭᠰᠡᠨ ᠴᠠᠭ᠄
2020/6/18
     6 ᠳ᠋ᠤᠭᠠᠷ ᠰᠠᠷ᠎ᠠ ᠶᠢᠨ 16᠎ ᠤ ᠡᠳᠦᠷ᠂ ᠳᠠᠯᠠᠳ ᠬᠤᠰᠢᠭᠤᠨ ᠤ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠳᠠᠭᠠᠭᠤᠯᠬᠤ ᠰᠠᠭᠤᠷᠢᠨ ᠭᠠᠵᠠᠷ ᠢ ᠣᠭᠲᠠᠷᠭᠤᠢ ᠠᠴᠠ ᠰᠡᠭᠦᠳᠡᠷᠯᠡᠪᠡ᠃ ᠲᠣᠰ ᠰᠠᠭᠤᠷᠢᠨ ᠭᠠᠵᠠᠷ ᠨᠢ ᠬᠥᠪᠴᠢ ᠶᠢᠨ ᠡᠯᠡᠰᠦᠨ ᠳᠣᠲᠣᠷ᠎ᠠ ᠪᠠᠶᠢᠷᠢᠯᠠᠵᠤ᠂ 2.5 ᠲᠦᠮᠡᠨ ᠮᠦ ᠲᠠᠯᠠᠪᠠᠢ ᠡᠵᠡᠯᠡᠨ᠂ ᠶᠡᠷᠦᠩᠬᠡᠢ ᠪᠡᠯᠡ ᠣᠷᠣᠭᠤᠯᠤᠯᠲᠠ ᠨᠢ 32.5 ᠳ᠋ᠦᠩᠰᠢᠭᠤᠷ ᠲᠥᠭᠦᠷᠢᠭ ᠲᠤ ᠬᠦᠷᠴᠦ᠂ 5 ᠳᠠᠩ ᠴᠣᠭᠴᠠᠲᠤ ᠲᠥᠷᠥᠯ ᠵᠦᠢᠯ ᠬᠤᠪᠢᠶᠠᠵᠤ᠂ ᠪᠦᠲᠦᠭᠡᠨ ᠪᠠᠶᠢᠭᠤᠯᠬᠤ ᠬᠡᠪᠴᠢᠶ᠎ᠡ ᠨᠢ 50 ᠲᠦᠮᠡᠨ ᠺᠢᠯᠣᠸᠠᠲ ᠪᠣᠯᠣᠨ᠎ᠠ᠃ ᠲᠤᠰ ᠰᠠᠭᠤᠷᠢᠨ ᠭᠠᠵᠠᠷ ᠨᠢ ᠬᠥᠪᠴᠢ ᠶᠢᠨ ᠡᠯᠡᠰᠦᠨ ᠳᠤ ︽ᠰᠢᠷᠭᠠᠯ ᠡᠯᠡᠰᠦ᠂ ᠴᠡᠩᠬᠡᠭ ᠨᠠᠭᠤᠷ᠂ ᠨᠣᠭᠤᠭᠠᠨ ᠪᠦᠷᠢᠳᠦ︾ ᠪᠣᠬᠢᠷᠲᠤᠯ ᠦᠭᠡᠢ ᠠᠮᠢ ᠠᠬᠤᠢ ᠶᠢᠨ ᠬᠠᠯᠬᠠᠪᠴᠢ ᠶᠢ ᠴᠣᠭᠴᠠᠯᠠᠬᠤ ᠴᠢᠬᠤᠯᠠ ᠬᠥᠳᠡᠯᠭᠡᠭᠦᠷ ᠪᠣᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号