ᠪᠦ᠋ ᠰᠢᠶᠤᠤ ᠯᠢᠨ ᠲᠦᠩᠯᠢᠶᠣᠤ ᠬᠤᠳᠠ ᠳᠤ ᠦᠨᠳᠦᠰᠦᠲᠡᠨ ᠤ ᠰᠣᠶᠣᠯ ᠢ ᠬᠠᠮᠠᠭᠠᠯᠠᠵᠤ ᠣᠯᠠᠮᠵᠢᠯᠠᠵᠣ ᠪᠠᠶᠢᠬᠤ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020/6/18
     6 ᠰᠠᠷ᠎ᠠ ᠶᠢᠨ 16᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠲᠦᠩᠯᠢᠶᠣᠤ ᠬᠤᠲᠠ ᠳᠤ ᠦᠨᠳᠦᠰᠦᠲᠡᠨ ᠤ ᠰᠣᠶᠣᠯ ᠢ ᠬᠠᠮᠠᠭᠠᠯᠠᠵᠤ ᠤᠯᠠᠮᠵᠢᠯᠠᠵᠦ ᠪᠠᠶᠢᠬᠤ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃
     ᠲᠦᠩᠯᠢᠶᠣᠤ ᠬᠤᠲᠠ ᠪᠣᠯ ︽ᠳᠤᠮᠳᠠᠳᠤ ᠤᠯᠤᠰ ᠤᠨ ᠦᠯᠢᠭᠡᠷ ᠤᠨ ᠨᠤᠲᠤᠭ︾᠂ ︽ᠳᠤᠮᠳᠠᠳᠤ ᠤᠯᠤᠰ ᠤᠨ ᠠᠨᠳᠠᠶ ᠤᠷᠠᠯᠢᠭ ᠤᠨ ᠨᠤᠲᠤᠭ︾ ᠪᠠᠶᠢᠵᠤ᠂ ᠠᠨᠳᠠᠢ ᠪᠥᠵᠢᠭ᠂ ᠦᠯᠢᠭᠡᠷ᠂ ᠮᠣᠩᠭᠤᠯ ᠦᠨᠳᠦᠰᠦᠲᠡᠨ ᠤ ᠳᠥᠷᠪᠡᠨ ᠤᠲᠠᠰᠤᠲᠤ ᠬᠤᠭᠤᠷ ᠤᠨ ᠬᠥᠭᠵᠢᠮ ᠨᠢ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠲᠤ ᠵᠢᠭᠰᠠᠭᠠᠭᠳᠠᠵᠠᠢ᠃ ᠲᠦᠩᠯᠢᠶᠣᠤ ᠬᠤᠲᠠ ᠶᠢᠨ ᠦᠯᠢᠭᠡᠷ ᠤᠷᠠᠯᠢᠭ ᠤᠨ ᠣᠷᠳᠣᠨ ᠤ ᠠᠭᠤᠳᠠᠮ ᠲᠠᠯᠠᠪᠠᠢ ᠳᠤ᠂ ᠤᠳᠬ᠎ᠠ ᠤᠷᠠᠯᠢᠭ ᠤᠨ ᠠᠵᠢᠯᠲᠠᠳ ᠬᠤᠲᠠ ᠶᠢᠨ ᠠᠷᠠᠳ ᠲᠤ ᠠᠨᠳᠠᠢ ᠪᠥᠵᠢᠭ ᠵᠢᠭᠠᠵᠤ ᠪᠠᠶᠢᠯ᠎ᠠ᠂ ᠪᠦ᠋ ᠰᠢᠶᠤᠤ ᠯᠢᠨ ᠠᠨᠳᠠᠢ ᠪᠥᠵᠢᠭ ᠵᠡᠷᠭᠡ ᠦᠨᠳᠦᠰᠦᠲᠡᠨ ᠤ ᠰᠣᠶᠣᠯ ᠤᠷᠠᠯᠢᠭ ᠤᠨ ᠬᠠᠮᠠᠭᠠᠯᠠᠯᠲᠠ ᠬᠥᠭᠵᠢᠯᠲᠡ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠪᠠ᠃ ᠳᠡᠷᠡ ᠦᠯᠢᠭᠡᠷ ᠤᠷᠠᠯᠢᠭ ᠤᠨ ᠣᠷᠳᠣᠨ ᠳᠤ ᠣᠷᠣᠵᠤ᠂ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠭᠴᠢ ᠠᠴᠠ ᠳᠥᠷᠪᠡᠨ ᠤᠲᠠᠰᠤᠲᠤ ᠬᠤᠭᠤᠷ ᠤᠨ ᠲᠡᠦᠬᠡᠨ ᠤᠯᠠᠷᠢᠯ ᠬᠤᠪᠢᠰᠤᠯ ᠵᠢᠴᠢ ᠦᠢᠯᠡᠳᠬᠦ᠂ ᠬᠥᠭᠵᠢᠮᠳᠡᠬᠦ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠡᠭᠦᠨ ᠢ ᠬᠤᠷᠴᠢᠨ ᠨᠤᠳᠤᠬ ᠤᠨ ᠦᠨᠳᠦᠰᠦᠲᠡᠨ ᠤ ᠳᠠᠭᠤᠤ ᠬᠥᠭᠵᠢᠮ ᠢ ᠠᠭᠤᠳᠠᠯᠤᠨ ᠡᠮᠬᠢᠳᠬᠡᠬᠦ ᠪᠠ ᠤᠯᠠᠮᠵᠢᠯᠠᠬᠤ ᠠᠵᠢᠯ ᠢ ᠰᠠᠶᠢᠳᠤᠷ ᠬᠢᠭᠡᠷᠡᠢ ᠭᠡᠵᠦ ᠵᠣᠷᠢᠭᠵᠢᠭᠤᠯᠪᠠ᠃ ᠤᠷᠠᠯᠢᠭ ᠤᠨ ᠣᠷᠳᠣᠨ ᠤ ᠵᠢᠵᠢᠭ ᠲᠢᠶᠠᠲᠷ ᠲᠤ᠂ ᠲᠡᠷᠡ ᠤᠯᠠᠭᠠᠨᠮᠥ᠋ᠴᠢᠷ ᠤᠨ ᠭᠡᠰᠢᠭᠦᠳ ᠤᠨ ᠪᠣᠯᠪᠠᠰᠤᠷᠠᠯ ᠢ ᠨᠠᠷᠢᠨ ᠬᠢᠨᠠᠮᠠᠭᠠᠶ ᠰᠣᠨᠢᠷᠬᠠᠭᠰᠠᠨ ᠪᠥᠭᠡᠳ ᠣᠯᠠᠨ ᠲᠠᠢ ᠬᠤᠷᠴᠢᠨ ᠠᠷᠠᠳ ᠤᠨ ᠳᠠᠭᠤᠤ ᠪᠣᠯᠤᠨ ᠦᠯᠢᠭᠡᠷ ᠵᠣᠬᠢᠶᠠᠨ ᠪᠦᠲᠦᠭᠡᠵᠤ ᠲᠤᠭᠯᠠᠬᠤ᠂ ᠤᠷᠠᠯᠢᠭ ᠤᠨ ᠢᠯᠡᠷᠡᠭᠦᠯᠬᠦ ᠬᠡᠯᠪᠡᠷᠢ ᠵᠡᠷᠭᠡ ᠲᠠᠯ᠎ᠠ ᠪᠠᠷ ᠰᠠᠨᠠᠯ ᠢᠶᠠᠨ ᠰᠣᠯᠢᠯᠴᠠᠵᠠᠶ᠃ ᠪᠦ᠋ ᠰᠢᠶᠣᠤ ᠯᠢᠨ᠂ ᠡᠯ᠎ᠡ ᠦᠨᠳᠦᠰᠦᠲᠡᠨ ᠤ ᠰᠣᠶᠣᠯ ᠪᠣᠯ ᠳᠤᠮᠳᠠᠳᠤ ᠶᠢᠨ ᠰᠣᠶᠣᠯ ᠤᠨ ᠰᠠᠯᠵᠤ ᠪᠣᠯᠤᠰᠢ ᠦᠭᠡᠢ ᠨᠢᠭᠡ ᠬᠡᠰᠡᠭ ᠮᠥᠨ᠂ ᠰᠣᠶᠣᠯ ᠤᠨ ᠢᠲᠡᠭᠡᠯ ᠢᠶᠠᠨ ᠤᠯᠠᠮ ᠲᠠᠬᠡᠭᠰᠢᠯᠡᠬᠦᠯᠵᠤ᠂ ᠦᠨᠳᠦᠰᠦᠲᠡᠨ ᠤ ᠰᠣᠶᠣᠯ ᠤᠨ ᠥᠷᠲᠡᠭ ᠢ ᠭᠦᠨᠵᠡᠭᠡᠶ ᠠᠭᠤᠳᠠᠯᠤᠨ᠂ ᠪᠦᠲᠦᠭᠡᠯᠴᠢ ᠴᠢᠨᠠᠷᠲᠠᠶ ᠪᠠᠷ ᠬᠤᠪᠢᠷᠠᠭᠤᠯᠬᠤ᠂ ᠰᠢᠨ᠎ᠡ ᠶᠢ ᠡᠭᠦᠳᠬᠦ ᠴᠢᠨᠠᠷᠲᠠᠶ ᠪᠠᠷ ᠬᠥᠭᠵᠢᠭᠦᠯᠬᠦ ᠶᠢ ᠪᠠᠷᠢᠮᠲᠠᠯᠠᠵᠤ᠂ ᠦᠨᠳᠦᠰᠦᠲᠡᠨ ᠤ ᠰᠣᠶᠣᠯ ᠢ ᠬᠠᠮᠠᠭᠠᠯᠠᠬᠤ ᠪᠠ ᠤᠯᠠᠮᠵᠢᠯᠠᠬᠤ ᠠᠵᠢᠯ ᠢ ᠰᠠᠶᠢᠲᠤᠷ ᠬᠢᠵᠦ᠂ ᠨᠡᠩ ᠤᠯᠠᠨ ᠰᠣᠳᠣᠨ ᠪᠦᠲᠦᠭᠡᠯ ᠵᠣᠬᠢᠶᠠᠨ ᠪᠦᠲᠦᠭᠡᠵᠦ᠂ ᠦᠨᠳᠦᠰᠦᠲᠡᠨ ᠤ ᠰᠣᠶᠣᠯ ᠤᠨ ᠬᠥᠭᠵᠢᠯ ᠴᠡᠴᠡᠭᠯᠡᠯ ᠢ ᠠᠬᠢᠭᠤᠯᠤᠨ᠂ ᠲᠡᠭᠦᠨ ᠢ ᠰᠢᠨ᠎ᠡ ᠴᠠᠭ ᠦᠶ᠎ᠡ ᠳᠤ ᠨᠡᠩ ᠭᠡᠷᠡᠯ ᠭᠢᠯᠪᠠᠭ᠎ᠠ ᠰᠠᠴᠤᠷᠠᠭᠤᠯᠬᠤ ᠬᠡᠷᠡᠭᠳᠡᠢ ᠬᠡᠵᠥ ᠵᠢᠭᠠᠵᠥ ᠭᠠᠷᠭᠠᠪᠠ᠃
     ᠪᠦ᠋ ᠰᠢᠶᠤᠤ ᠯᠢᠨ ᠪᠠᠰᠠ ᠲᠦᠩᠯᠢᠶᠣᠤ ᠬᠤᠲᠠ ᠶᠢᠨ ᠤᠯᠠᠭᠠᠨᠮᠥ᠋ᠴᠢᠷ ᠤᠨ ᠣᠷᠳᠣᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠭᠠᠵᠠᠷ ᠲᠤ ᠬᠦᠷᠴᠦ ᠰᠢᠨᠵᠢᠯᠡᠨ ᠪᠠᠶᠢᠴᠠᠭᠠᠵᠤ᠂ ᠲᠥᠷᠥᠯ ᠵᠦᠢᠯ ᠤᠨ ᠲᠥᠯᠥᠪᠵᠢᠭᠦᠯᠭᠡ᠂ ᠵᠢᠷᠤᠭ ᠲᠥᠯᠥᠪᠯᠡᠭᠡ ᠪᠤᠯᠤᠨ ᠪᠠᠷᠢᠯᠭ᠎ᠠ ᠶᠢᠨ ᠠᠬᠢᠴᠠ ᠵᠡᠷᠭᠡ ᠪᠠᠶᠢᠳᠠᠯ ᠢ ᠣᠶᠢᠯᠠᠭᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号