ᠨᠦᠬᠦᠷᠰᠡᠭ ᠬᠠᠮᠳᠤᠷᠠᠯᠴᠠᠭ᠎ᠠ ᠪᠠᠨ ᠬᠦᠨᠵᠡᠭᠡᠶᠢᠷᠠᠬᠦᠯᠵᠤ ᠬᠠᠮᠳᠤ ᠶᠢᠨ ᠬᠦᠭᠵᠢᠯᠳᠠ ᠶᠢ ᠠᠬᠢᠭᠤᠯᠤᠨ᠎ᠡ ᠮᠠ ᠰᠢᠤᠸᠠᠢ ᠵᠢᠶᠦ᠋ᠨ ᠬᠦᠭᠡᠬᠤᠳᠠ ᠳᠤ ᠰᠠᠭᠤᠭ᠎ᠠ ᠮᠤᠩᠭᠤᠯ ᠤᠯᠤᠰ ᠤᠨ ᠰᠢᠨ᠎ᠡ ᠪᠠᠷ ᠲᠤᠰᠢᠶᠠᠯ ᠳᠤ ᠭᠠᠷᠤᠬᠰᠡᠨ ᠶᠡᠷᠤᠩᠭᠡᠢ ᠺᠤᠨᠰᠦ᠋ᠯ ᠪᠠᠳᠤᠬᠤᠶᠠᠭ ᠲᠠᠢ ᠠᠭᠤᠯᠵᠠᠪᠠ
ᠨᠡᠶᠢᠲᠡᠯᠡᠭᠰᠡᠨ ᠴᠠᠭ᠄
2020/6/18
     6 ᠰᠠᠷ᠎ᠡ ᠶᠢᠨ 15᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠬᠦᠨ᠂ ᠦᠪᠡᠷᠳᠡᠭᠡᠨ ᠵᠠᠰᠠᠬᠤ ᠤᠷᠤᠨ ᠤ ᠪᠠᠶᠢᠡᠭᠭᠤ ᠶᠢᠨ ᠲᠡᠳ᠋ ᠲᠡᠷᠢᠬᠦᠯᠡᠭᠴᠢ ᠮᠠ ᠰᠢᠤᠸᠠᠢ ᠵᠢᠶᠦ᠋ᠨ ᠬᠦᠭᠡᠬᠤᠳᠠ ᠳᠤ ᠰᠠᠭᠤᠭ᠎ᠠ ᠮᠤᠩᠭᠤᠯ ᠤᠯᠤᠰ ᠤᠨ ᠰᠢᠨ᠎ᠡ ᠪᠠᠷ ᠲᠤᠰᠢᠶᠠᠯ ᠳᠤ ᠭᠠᠷᠤᠬᠰᠡᠨ ᠶᠡᠷᠤᠩᠭᠡᠢ ᠺᠤᠨᠰᠦ᠋ᠯ ᠪᠠᠳᠤᠬᠤᠶᠠᠭ ᠨᠠᠷ ᠲᠠᠢ ᠠᠭᠤᠯᠵᠠᠪᠠ᠃      ᠮᠠ ᠰᠢᠤᠸᠠᠢ ᠵᠢᠶᠦ᠋ᠨ ᠡᠩ ᠲᠡᠷᠢᠬᠦᠨ ᠳᠤ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠡ᠂ ᠵᠠᠰᠠᠭ ᠎ ᠤᠨ ᠤᠷᠳᠤᠨ ᠢ ᠲᠦᠯᠦᠭᠡᠯᠡᠨ ᠪᠠᠳᠤᠬᠤᠶᠠᠭ ᠤᠨ ᠬᠦᠭᠡᠬᠤᠳᠠ ᠳᠤ ᠰᠠᠭᠤᠭ᠎ᠠ ᠮᠤᠩᠭᠤᠯ ᠤᠯᠤᠰ ᠤᠨ ᠶᠡᠷᠤᠩᠭᠡᠢ ᠺᠤᠨᠰᠦ᠋ᠯ ᠤᠨ ᠭᠠᠵᠠᠷ ᠲᠤ ᠠᠵᠢᠯᠯᠠᠬᠤ ᠪᠠᠷ ᠢᠷᠡᠭᠰᠡᠨ ᠢ ᠪᠠᠶᠠᠷᠯᠠᠨ ᠤᠬᠳᠤᠵᠤ ᠪᠠᠶᠢᠬᠤ ᠪᠠᠨ ᠢᠯᠡᠳᠭᠡᠪᠡ᠃ ᠲᠡᠷᠡ᠂ ᠦᠪᠤᠷ ᠮᠤᠩᠭᠤᠯ ᠤᠨ ᠬᠢᠨ ᠮᠤᠩᠭᠤᠯ ᠤᠯᠤᠰ ᠯᠤᠭ᠎ᠠ ᠶᠢᠨ ᠡᠯ᠎ᠡ ᠬᠦᠷᠢᠶᠠᠨ ᠤ ᠰᠤᠯᠢᠯᠴᠠᠭ᠎ᠠ ᠬᠠᠮᠳᠤᠷᠠᠯᠴᠠᠭ᠎ᠠ ᠪᠠᠨ ᠬᠦᠭᠵᠢᠬᠦᠯᠬᠦ ᠶᠢ ᠢᠮᠠᠬᠳᠠ ᠲᠡᠭᠡᠳᠤ ᠬᠡᠮᠵᠢᠶ᠎ᠡ ᠪᠠᠷ ᠴᠢᠬᠤᠯᠠᠴᠢᠯᠠᠵᠤ᠂ ᠢᠯᠠᠩᠭᠤᠶ᠎ᠡ ︽ᠨᠢᠭᠡ ᠪᠦᠰᠡ ᠨᠢᠭᠡ ᠵᠠᠮ︾ ᠎ ᠤᠨ ᠰᠠᠨᠠᠭᠠᠴᠢᠯᠠᠭ᠎ᠠ ᠪᠤᠯᠤᠨ ᠮᠤᠩᠭᠤᠯ ᠤᠯᠤᠰ ᠤᠨ ︽ᠬᠦᠭᠵᠢᠯᠳᠠ ᠶᠢᠨ ᠵᠠᠮ︾᠎ ᠤᠨ ᠪᠠᠶᠢᠯᠳᠤᠬᠤ ᠪᠤᠳᠤᠯᠭ᠎ᠠ ᠶᠢᠨ ᠬᠦᠨᠵᠡᠭᠡᠢ ᠵᠤᠯᠭᠠᠯᠴᠠᠭ᠎ᠠ ᠶᠢ ᠲᠡᠰᠤᠷᠡᠯᠳᠠ ᠦᠭᠡᠢ ᠴᠢᠩᠭᠠᠳᠬᠠᠵᠤ᠂ ᠲᠤᠮᠳᠠᠳᠤ ᠮᠤᠩᠭᠤᠯ ᠤᠨ ᠡᠯ᠎ᠡ ᠬᠦᠷᠢᠶᠠᠨ ᠤ ᠪᠤᠳᠠᠳᠠᠢ ᠶᠢ ᠡᠷᠬᠢᠮᠯᠡᠬᠦ ᠬᠠᠮᠳᠤᠷᠠᠯᠴᠠᠭ᠎ᠠ ᠶᠢ ᠠᠬᠢᠭᠤᠯᠪᠠ᠃ ᠤᠯᠠᠨ ᠵᠢᠯ ᠤᠨ ᠲᠤᠷᠰᠢ᠂ ᠶᠡᠷᠤᠩᠭᠡᠢ ᠺᠤᠨᠰᠦ᠋ᠯ ᠤᠨ ᠭᠠᠵᠠᠷ ᠤᠨ ᠬᠢᠨ ᠦᠪᠤᠷ ᠮᠤᠩᠭᠤᠯ ᠯᠤᠭ᠎ᠠ ᠨᠦᠬᠦᠷᠰᠡᠭ ᠬᠠᠮᠳᠤᠷᠠᠯᠴᠠᠭ᠎ᠠ ᠦᠷᠨᠢᠬᠦᠯᠵᠤ᠂ ᠲᠤᠮᠳᠠᠳᠤ ᠮᠤᠩᠭᠤᠯ ᠤᠨ ᠨᠦᠬᠦᠷᠰᠡᠭ ᠬᠠᠷᠢᠯᠴᠠᠭ᠎ᠠ ᠵᠢᠴᠢ ᠦᠪᠤᠷ ᠮᠤᠩᠭᠤᠯ ᠪᠤᠯᠤᠨ ᠮᠤᠩᠭᠤᠯ ᠤᠯᠤᠰ ᠤᠨ ᠨᠦᠬᠦᠷᠰᠡᠭ ᠶᠠᠪᠤᠯᠴᠠᠭ᠎ᠠ ᠪᠠ ᠡᠯ᠎ᠡ ᠬᠦᠷᠢᠶᠠᠨ ᠤ ᠪᠤᠳᠠᠳᠠᠢ ᠶᠢ ᠡᠷᠬᠢᠮᠯᠡᠬᠦ ᠬᠠᠮᠳᠤᠷᠠᠯᠴᠠᠭ᠎ᠠ ᠶᠢ ᠠᠬᠢᠭᠤᠯᠬᠤ ᠶᠢᠨ ᠲᠦᠯᠦᠭᠡ ᠢᠳᠡᠪᠬᠢᠳᠠᠢ ᠦᠢᠯᠡᠳᠦᠯ ᠪᠠᠳᠠᠷᠠᠭᠤᠯᠪᠠ᠃ ᠶᠡᠷᠤᠩᠭᠡᠢ ᠺᠤᠨᠰᠦ᠋ᠯ ᠠᠪᠤᠭᠠᠢ ᠲᠤᠰᠢᠶᠠᠯ ᠳᠤ ᠪᠠᠶᠢᠬᠤ ᠬᠤᠭᠤᠴᠠᠭᠠᠨ ᠳᠠᠭᠠᠨ ᠦᠪᠤᠷ ᠮᠤᠩᠭᠤᠯ ᠪᠤᠯᠤᠨ ᠮᠤᠩᠭᠤᠯ ᠤᠯᠤᠰ ᠤᠨ ᠡᠯ᠎ᠡ ᠬᠦᠷᠢᠶᠠᠨ ᠤ ᠰᠤᠯᠢᠯᠴᠠᠭ᠎ᠠ ᠬᠠᠮᠳᠤᠷᠠᠯᠴᠠᠭ᠎ᠠ ᠶᠢ ᠦᠷᠬᠦᠯᠵᠢᠯᠡᠨ ᠲᠠᠮᠵᠢᠵᠤ᠂ ᠬᠤᠶᠠᠷ ᠲᠠᠯ᠎ᠡ ᠶᠢᠨ ᠪᠤᠳᠠᠳᠠᠢ ᠶᠢ ᠡᠷᠬᠢᠮᠯᠡᠬᠦ ᠬᠠᠮᠳᠤᠷᠠᠯᠴᠠᠭ᠎ᠠ ᠶᠢ ᠲᠠᠰᠤᠷᠠᠯᠳᠠ ᠦᠭᠡᠢ ᠠᠬᠢᠭᠤᠯᠤᠨ᠂ ᠬᠤᠶᠠᠷ ᠲᠠᠯ᠎ᠡ ᠶᠢᠨ ᠶᠠᠪᠤᠯᠴᠠᠭ᠎ᠠ ᠶᠢ ᠠᠬᠢᠭᠤᠯᠵᠤ᠂ ᠬᠠᠷᠢᠯᠴᠠᠨ ᠠᠰᠢᠬᠳᠠᠢ ᠬᠠᠮᠳᠤᠷᠠᠯᠴᠠᠭ᠎ᠠ ᠶᠢ ᠦᠷᠬᠡᠳᠭᠡᠨ᠂ ᠬᠠᠮᠳᠤ ᠶᠢᠨ ᠬᠦᠭᠵᠢᠯᠳᠠ ᠶᠢ ᠪᠠᠶᠠᠯᠡᠬᠦᠯᠬᠦ ᠳᠤ ᠬᠤᠪᠢ ᠨᠠᠮᠠᠷᠢ ᠦᠵᠡᠬᠦᠯᠬᠦ ᠶᠢ ᠬᠦᠰᠡᠵᠤ ᠪᠠᠶᠢᠨ᠎ᠡ ᠭᠡᠵᠤ ᠬᠡᠯᠡᠪᠡ᠃      ᠪᠠᠳᠤᠬᠤᠶᠠᠭ᠂ ᠤᠯᠠᠨ ᠵᠢᠯ ᠤᠨ ᠲᠤᠷᠰᠢ᠂ ᠮᠤᠩᠭᠤᠯ ᠤᠯᠤᠰ ᠪᠤᠯᠤᠨ ᠦᠪᠤᠷ ᠮᠤᠩᠭᠤᠯ ᠤᠨ ᠬᠢᠨ ᠠᠵᠤ ᠠᠬᠤᠢ ᠠᠷᠠᠯᠵᠢᠶᠠᠨ ᠤ ᠬᠠᠮᠳᠤᠷᠠᠯᠴᠠᠭ᠎ᠠ᠂ ᠰᠤᠶᠤᠯ ᠢᠷᠭᠡᠨᠰᠢᠯ᠂ ᠰᠤᠷᠭᠠᠨ ᠬᠦᠮᠦᠵᠢᠯ ᠵᠡᠷᠭᠡ ᠲᠠᠯ᠎ᠡ ᠪᠠᠷ ᠤᠨᠴᠠ ᠪᠦᠳᠦᠮᠵᠢᠳᠠᠢ ᠠᠵᠢᠯ ᠦᠷᠨᠢᠬᠦᠯᠵᠠᠢ᠃ ᠲᠤᠮᠳᠠᠳᠤ ᠮᠤᠩᠭᠤᠯ ᠤᠨ ᠪᠦᠬᠦ ᠲᠠᠯ᠎ᠡ ᠶᠢᠨ ᠪᠠᠶᠢᠯᠳᠤᠬᠤ ᠪᠤᠳᠤᠯᠭ᠎ᠠ ᠶᠢᠨ ᠬᠠᠨᠢᠳᠠᠨ ᠤ ᠬᠠᠷᠢᠯᠴᠠᠭ᠎ᠠ ᠶᠢᠨ ᠪᠤᠷᠤ ᠲᠦᠯᠦᠪ ᠤᠨ ᠲᠤᠤᠷ᠎ᠡ᠂ ᠮᠤᠩᠭᠤᠯ ᠤᠯᠤᠰ ᠪᠤᠯᠤᠨ ᠦᠪᠤᠷ ᠮᠤᠩᠭᠤᠯ ᠤᠨ ᠠᠵᠤ ᠠᠬᠤᠢ ᠠᠷᠠᠯᠵᠢᠶᠠᠨ ᠤ ᠬᠠᠮᠳᠤᠷᠠᠯᠴᠠᠭ᠎ᠠ᠂ ᠬᠢᠯᠢ ᠶᠢᠨ ᠪᠤᠭᠤᠮᠳᠠ ᠶᠢᠨ ᠬᠠᠮᠵᠢᠯᠴᠠᠭ᠎ᠠ᠂ ᠰᠤᠶᠤᠯ ᠢᠷᠭᠡᠨᠰᠢᠯ ᠎ ᠤᠨ ᠰᠤᠯᠢᠯᠴᠠᠭ᠎ᠠ ᠵᠡᠷᠭᠡ ᠲᠠᠯ᠎ᠡ ᠪᠠᠷ ᠨᠡᠩ ᠶᠡᠭᠡ ᠬᠦᠭᠵᠢᠬᠦ ᠪᠤᠯᠤᠨ᠎ᠡ ᠭᠡᠳᠡᠭ ᠢ ᠢᠳᠡᠭᠡᠵᠤ ᠪᠠᠶᠢᠨ᠎ᠡ ᠭᠡᠵᠤ ᠬᠡᠯᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号