︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠳᠤᠷᠠᠯᠴᠠᠭᠠᠨ ᠤ ᠳᠡᠭᠡᠳᠤ ᠲᠡᠰ ᠤᠨ ᠸᠢᠳᠢᠣ᠋ | ᠬᠤᠷᠠᠯ 18 ᠤ ᠡᠳᠦᠷ ᠪᠡᠭᠡᠵᠢᠩ ᠳᠤ ᠠᠮᠵᠢᠯᠳᠠ ᠲᠠᠢ ᠬᠤᠷᠠᠯᠳᠤᠵᠠᠢ᠃ ᠤᠯᠤᠰ ᠤᠨ ᠲᠡᠷᠢᠭᠦᠯᠡᠭᠴᠢ ᠰᠢ ᠶᠢᠨ ᠫᠢᠩ | ᠬᠤᠷᠠᠯ ᠳᠤ ᠪᠢᠴᠢᠭ ᠤᠨ ᠬᠡᠯᠪᠡᠷᠢ ᠪᠠᠷ ᠦᠭᠡ ᠬᠡᠯᠡᠪᠡ᠃ | ᠰᠢ ᠶᠢᠨ ᠫᠢᠩ᠂ ᠡᠨᠡ ᠤᠳᠠᠭ᠎ᠠ ᠶᠢᠨ ᠭᠡᠨᠡᠳᠳᠡ ᠪᠠᠷ ᠳᠠᠭᠠᠷᠢᠨ ᠢᠷᠡᠭᠰᠡᠨ ᠬᠢᠵᠢᠭ ᠤᠨ ᠪᠠᠶᠢᠳᠠᠯ ᠨᠢ ᠡᠯ᠎ᠠ | ᠤᠯᠤᠰ ᠤᠨ ᠠᠷᠠᠳ ᠲᠦᠮᠡᠨ ᠤ ᠠᠮᠢ ᠨᠠᠰᠤ ᠪᠤᠯᠤᠨ ᠪᠡᠶ᠎ᠠ ᠮᠠᠬᠠᠪᠤᠳ ᠤᠨ ᠡᠷᠡᠭᠦᠯ ᠮᠡᠨᠳᠦ ᠳᠤ ᠬᠦᠨᠳᠤ ᠨᠤᠴᠢᠳᠠᠢ | ᠰᠦᠷᠳᠡᠭᠦᠯᠦᠯ ᠪᠤᠯᠵᠤ᠂ ᠳᠡᠯᠡᠬᠡᠢ ᠶᠢᠨ ᠠᠵᠤ ᠠᠬᠤᠢ ᠳᠤ ᠬᠦᠨᠳᠤ ᠨᠤᠴᠢᠳᠠᠢ ᠳᠠᠭᠠᠷᠢᠯᠳᠠ ᠤᠴᠠᠷᠠᠭᠤᠯᠵᠤ᠂ ᠵᠠᠷᠢᠮ | ᠤᠯᠤᠰ ᠤᠨᠴᠠᠭᠠᠢᠢᠯᠠᠨ ᠬᠦᠭᠵᠢᠵᠤ ᠪᠠᠶᠢᠭ᠎ᠠ ᠤᠯᠤᠰ ᠤᠨ ᠠᠵᠤ ᠠᠬᠤᠢ ᠨᠡᠶᠢᠭᠡᠮ ᠬᠦᠨᠳᠦ ᠨᠤᠴᠢᠳᠠᠢ ᠬᠦᠴᠢᠷᠳᠡᠯ ᠳᠤ | ᠲᠤᠯᠭᠠᠷᠠᠵᠠᠢ᠃ ᠬᠢᠵᠢᠭ ᠤᠨ ᠪᠠᠶᠢᠳᠠᠯ ᠢ ᠠᠷᠭᠠᠴᠠᠭᠠᠬᠤ ᠶᠢᠨ ᠲᠦᠯᠦᠭᠡ᠂ ᠡᠯ᠎ᠠ ᠤᠯᠤᠰ ᠤᠨ ᠬᠢᠨ ᠲᠤᠰ ᠤᠯᠤᠰ ᠤᠨ | ᠪᠠᠶᠢᠳᠠᠯ ᠳᠠᠭᠠᠨ ᠰᠠᠭᠤᠷᠢᠯᠠᠨ᠂ ᠰᠡᠷᠭᠡᠶᠢᠯᠡᠨ ᠡᠵᠡᠮᠳᠡᠬᠦ ᠴᠢᠩᠭ᠎ᠠ ᠠᠷᠭ᠎ᠠ ᠬᠡᠮᠵᠢᠶ᠎ᠠ ᠠᠪᠴᠦ᠂ ᠢᠳᠡᠪᠬᠢᠳᠠᠢ ᠦᠷ᠎ᠠ | ᠪᠦᠲᠦᠮᠵᠢ ᠤᠯᠪᠠ᠃ ᠮᠠᠰᠢ ᠤᠯᠠᠨ ᠤᠯᠤᠰ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠰᠠᠶᠢᠳᠤᠷ ᠬᠢᠬᠦ ᠶᠢᠨ | ᠬᠠᠮᠳᠤ ᠠᠵᠤ ᠠᠬᠤᠢ ᠨᠡᠶᠢᠭᠡᠮ ᠤᠨ ᠬᠦᠭᠵᠢᠯᠳᠡ ᠪᠠᠨ ᠴᠢᠷᠮᠠᠶᠢᠨ ᠰᠡᠷᠭᠦᠭᠡᠵᠤ ᠪᠠᠶᠢᠨ᠎ᠠ᠃ ᠳᠤᠮᠳᠠᠳᠤ ᠤᠯᠤᠰ ᠠᠷᠠᠳ | ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠳᠠᠯᠠᠵᠤ᠂ ᠪᠦᠬᠦ ᠳᠡᠯᠡᠬᠡᠢ ᠪᠠᠷ ᠢᠶᠠᠨ ᠬᠢᠵᠢᠭ ᠤᠨ | ᠪᠠᠶᠢᠳᠠᠯ ᠢ ᠡᠷᠳᠡᠬᠡᠨ ᠢᠯᠠᠨ ᠳᠠᠪᠠᠭ᠋ᠤ᠂ ᠳᠡᠯᠡᠬᠡᠢ ᠶᠢᠨ ᠠᠵᠤ ᠠᠬᠤᠢ ᠶᠢᠨ ᠰᠡᠷᠭᠦᠯᠳᠡ ᠶᠢ ᠠᠬᠢᠭᠤᠯᠬᠤ ᠳᠤ ᠳᠤᠷᠠᠳᠠᠶ᠎ᠠ | ᠬᠤᠪᠢ ᠨᠡᠮᠡᠷᠢ ᠦᠵᠡᠭᠦᠯᠦᠨ᠎ᠠ ᠭᠡᠵᠤ ᠵᠢᠭᠠᠵᠤ ᠭᠠᠷᠭᠠᠪᠠ᠃ | ᠰᠢ ᠶᠢᠨ ᠫᠢᠩ᠂ ᠬᠢᠵᠢᠭ ᠤᠨ ᠪᠠᠶᠢᠳᠠᠯ ᠨᠢ ᠪᠢᠳᠡᠨ ᠳᠤ ᠠᠯᠢ ᠤᠯᠠᠨ ᠬᠦᠨ ᠰᠡᠩᠬᠡᠷᠡᠬᠦᠯᠤᠯ ᠦᠭᠴᠠᠢ᠃ ᠡᠯ᠎ᠠ | ᠤᠯᠤᠰ ᠤᠨ ᠬᠤᠪᠢ ᠵᠠᠶᠠᠭ᠎ᠠ ᠨᠢᠬᠳᠠ ᠬᠤᠯᠪᠤᠯᠳᠤᠵᠤ ᠪᠠᠶᠢᠨ᠎ᠠ᠂ ᠬᠦᠮᠤᠨ ᠲᠦᠷᠤᠯᠬᠢᠳᠠᠨ ᠪᠤᠯ ᠬᠠᠳᠠᠭᠤ | ᠪᠡᠷᠬᠡᠰᠢᠶᠡᠯ ᠢ ᠬᠠᠮᠳᠤ ᠪᠠᠷ ᠲᠤᠭᠤᠯᠬᠤ ᠬᠤᠪᠢ ᠵᠠᠶᠠᠭᠠᠨ ᠤ ᠬᠠᠮᠳᠤ ᠶᠢᠨ ᠴᠤᠬᠴᠠ ᠮᠦᠨ᠃ ᠬᠢᠵᠢᠭ ᠤᠨ ᠪᠠᠶᠢᠳᠠᠯ ᠢ | ᠠᠷᠭᠠᠴᠠᠭᠠᠬᠰᠠᠨ ᠴᠤ ᠲᠡᠷᠡ᠂ ᠠᠵᠤ ᠠᠬᠤᠢ ᠪᠠᠨ ᠰᠡᠷᠬᠦᠭᠡᠭᠰᠡᠨ ᠴᠤ ᠲᠡᠷᠡ᠂ ᠴᠦᠮ ᠪᠦᠯᠬᠦᠮᠳᠠᠨ ᠬᠠᠮᠳᠤᠷᠠᠯᠴᠠᠬᠤ | ᠵᠠᠮ ᠢᠶᠠᠷ ᠵᠠᠮᠨᠠᠵᠤ᠂ ᠴᠦᠮ ᠤᠯᠠᠨ ᠲᠠᠯᠠᠳᠤ ᠦᠵᠡᠯ ᠢ ᠪᠠᠷᠢᠮᠳᠠᠯᠠᠬᠤ ᠭᠡᠷᠡᠭᠳᠠᠢ᠃ ᠬᠠᠷᠢᠯᠴᠠᠨ ᠬᠤᠯᠪᠤᠯᠳᠤᠵᠤ | ᠬᠠᠷᠢᠯᠴᠠᠨ ᠨᠡᠪᠳᠡᠷᠡᠯᠴᠡᠬᠦ ᠶᠢ ᠠᠬᠢᠭᠤᠯᠵᠤ᠂ ᠨᠡᠬᠡᠬᠡᠯᠳᠠᠳᠠᠢ ᠪᠠᠭᠳᠠᠭᠠᠮᠵᠢᠳᠠᠢ ᠪᠠᠶᠢᠬᠤ ᠶᠢ ᠪᠠᠷᠢᠮᠳᠠᠯᠠᠬᠤ ᠪᠤᠯ ᠪᠦᠬᠦ | ᠪᠦᠮᠪᠦᠷᠴᠡᠭ ᠤᠨ ᠴᠢᠨᠠᠷᠳᠠᠢ ᠬᠢᠮᠤᠷᠠᠯ ᠢ ᠠᠷᠭᠠᠴᠠᠭᠠᠬᠤ ᠪᠠ ᠠᠯᠤᠰ ᠬᠡᠳᠤ ᠶᠢᠨ ᠬᠦᠭᠵᠢᠯᠳᠠ ᠶᠢ ᠪᠡᠶᠡᠯᠡᠬᠦᠯᠬᠦ ᠶᠢᠨ | ᠵᠠᠶᠢᠯᠠᠰᠢ ᠦᠬᠡᠢ ᠵᠠᠮ ᠮᠦᠨ᠂ ︽ᠨᠢᠬᠡ ᠪᠦᠰᠠ ᠨᠢᠬᠡ ᠵᠠᠮ︾ ᠢ ᠬᠠᠮᠳᠤ ᠪᠠᠷ ᠪᠦᠳᠤᠬᠡᠨ ᠪᠠᠶᠢᠭᠤᠯᠬᠤ ᠤᠯᠠᠨ | ᠤᠯᠤᠰ ᠤᠨ ᠬᠠᠮᠳᠤᠷᠠᠯᠴᠠᠭ᠎ᠠ ᠨᠢ ᠴᠢᠬᠤᠯᠠ ᠤᠢᠢᠯᠡᠳᠤᠯ ᠢᠶᠠᠨ ᠪᠠᠳᠠᠷᠠᠭᠤᠯᠵᠦ ᠪᠤᠯᠤᠨ᠎ᠠ ᠬᠡᠵᠤ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠢᠮᠠᠬᠳᠠ ᠡᠩᠬᠡ ᠲᠠᠶᠢᠪᠤᠩ ᠬᠦᠭᠵᠢᠯᠳᠠ ᠶᠢ ᠪᠠᠷᠢᠮᠳᠠᠯᠠᠵᠤ ᠬᠠᠷᠢᠯᠴᠠᠨ | ᠠᠰᠢᠬᠳᠠᠢ ᠬᠠᠮᠳᠤ ᠪᠠᠷ ᠠᠰᠢᠬ ᠬᠦᠷᠳᠡᠬᠦ ᠶᠢ ᠪᠠᠷᠢᠮᠳᠠᠯᠠᠨ᠎ᠠ᠃ ᠪᠢᠳᠠ ᠲᠤᠷᠠᠳᠠᠶ᠎ᠠ ᠬᠠᠮᠳᠤᠷᠠᠯᠴᠠᠭ᠎ᠠ ᠶᠢᠨ | ᠬᠠᠨᠢᠳᠠᠨ ᠲᠠᠢ ᠪᠠᠨ ᠬᠠᠮᠳᠤ ᠪᠠᠷ ︽ᠨᠢᠬᠡ ᠪᠦᠰᠠ ᠨᠢᠬᠡ ᠵᠠᠮ︾ ᠢ ᠪᠦᠯᠬᠦᠮᠳᠡᠨ ᠨᠢᠭᠳᠠᠷᠠᠵᠤ ᠦᠷᠢᠰᠤᠯᠳᠤᠬᠡᠨ ᠢ | ᠠᠷᠭᠠᠴᠠᠭᠠᠬᠤ ᠬᠠᠮᠳᠤᠷᠠᠯᠴᠠᠭᠠᠨ ᠤ ᠵᠠᠮ᠂ ᠠᠷᠠᠳ ᠲᠦᠮᠡᠨ ᠤ ᠡᠷᠡᠬᠦᠯ ᠮᠡᠨᠳᠤ ᠠᠮᠤᠷ ᠲᠦᠪᠰᠢᠨ ᠢ ᠬᠠᠮᠠᠭᠠᠯᠠᠬᠤ | ᠡᠷᠡᠬᠦᠯ ᠡᠩᠬᠡ ᠶᠢᠨ ᠵᠠᠮ᠂ ᠠᠵᠤ ᠠᠬᠤᠢ ᠨᠡᠶᠢᠬᠡᠮ ᠤᠨ ᠰᠡᠷᠬᠦᠬᠡᠯᠳᠡ ᠶᠢ ᠠᠬᠢᠭᠤᠯᠬᠤ ᠰᠡᠷᠬᠦᠬᠡᠯᠳᠠ ᠶᠢᠨ ᠵᠠᠮ᠂ | ᠬᠦᠭᠵᠢᠯᠳᠠ ᠶᠢᠨ ᠲᠠᠯᠳᠠ ᠬᠦᠴᠤᠨ ᠢ ᠲᠠᠶᠢᠴᠢᠯᠠᠬᠤ ᠨᠡᠮᠡᠭᠳᠡᠯ ᠤᠨ ᠵᠠᠮ ᠪᠤᠯᠭᠠᠨ ᠪᠦᠳᠦᠬᠡᠨ ᠪᠠᠶᠢᠭᠤᠯᠤᠨ᠎ᠠ᠃ ︽ | ᠨᠢᠬᠡ ᠪᠦᠰᠠ ᠨᠢᠬᠡ ᠵᠠᠮ︾ ᠢ ᠴᠢᠨᠠᠷ ᠰᠠᠶᠢᠳᠠᠢ ᠪᠦᠳᠤᠬᠡᠨ ᠪᠠᠶᠢᠭᠤᠯᠬᠤ ᠪᠠᠷ ᠲᠠᠮᠵᠢᠨ ᠬᠦᠮᠤᠨ ᠲᠦᠷᠤᠯᠬᠢᠳᠠᠨ ᠤ | ᠬᠤᠪᠢ ᠵᠠᠶᠠᠭᠠᠨ ᠤ ᠬᠠᠮᠳᠤ ᠶᠢᠨ ᠴᠤᠬᠴᠠ ᠶᠢ ᠭᠠᠷ ᠬᠤᠯᠪᠤᠨ ᠪᠠᠶᠢᠭᠤᠯᠤᠶ᠎ᠠ ᠬᠡᠵᠤ ᠴᠢᠬᠤᠯᠠᠴᠢᠯᠠᠪᠠ᠃ | ᠲᠤᠰ ᠤᠳᠠᠭ᠎ᠠ ᠶᠢᠨ ᠬᠤᠷᠠᠯ ᠢ ᠳᠤᠮᠳᠠᠳᠤ ᠤᠯᠤᠰ ᠤᠨ ᠭᠠᠳᠠᠭᠠᠳᠤ ᠶᠠᠪᠤᠳᠠᠯ ᠤᠨ ᠶᠠᠮᠤᠨ᠂ ᠬᠦᠭᠵᠢᠬᠦᠯᠦᠯᠳᠡ | ᠪᠠ ᠦᠬᠡᠷᠡᠴᠢᠯᠠᠯᠳᠠ ᠶᠢᠨ ᠵᠦᠪᠯᠡᠯ᠂ ᠬᠤᠳᠠᠯᠳᠤᠭᠠᠨ ᠤ ᠶᠠᠪᠤᠳᠠᠯ ᠤᠨ ᠶᠠᠮᠤᠨ᠂ ᠡᠷᠡᠬᠦᠯ ᠬᠠᠮᠠᠭᠠᠯᠠᠯ ᠡᠷᠡᠬᠦᠯ | ᠮᠡᠨᠳᠤ ᠶᠢᠨ ᠵᠦᠪᠯᠡᠯ ᠬᠠᠮᠳᠤ ᠪᠠᠷ ᠡᠷᠬᠢᠯᠠᠵᠤ᠂ ︽︿ᠨᠢᠬᠡ ᠪᠦᠰᠠ ᠨᠢᠬᠡ ᠵᠠᠮ﹀ ᠤᠨ ᠤᠯᠠᠨ ᠤᠯᠤᠰ ᠤᠨ | ᠬᠠᠮᠳᠤᠷᠠᠯᠴᠠᠭ᠎ᠠ ᠶᠢ ᠴᠢᠩᠭᠠᠳᠬᠠᠵᠤ᠂ ᠭᠠᠷ ᠬᠤᠯᠪᠤᠨ ᠰᠢᠨ᠎ᠠ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠲᠠᠢ | ᠲᠡᠮᠡᠴᠡᠶ᠎ᠠ︾ ᠬᠡᠬᠦ ᠭᠤᠤᠯ ᠰᠡᠳᠤᠪ ᠢᠶᠠᠷ ᠶᠠᠪᠤᠭᠳᠠᠵᠤ᠂ 25 ᠤᠯᠤᠰ ᠤᠨ ᠭᠠᠳᠠᠭᠠᠳᠤ ᠶᠠᠪᠤᠳᠠᠯ ᠤᠨ ᠶᠠᠮᠤᠨ ᠤ | ᠰᠠᠶᠢᠳ ᠪᠤᠶᠤ ᠰᠠᠶᠢᠳ ᠤᠨ ᠲᠡᠰ ᠤᠨ ᠠᠯᠪᠠᠨ ᠲᠤᠰᠢᠶᠠᠯᠳᠠᠨ ᠵᠢᠴᠢ ᠲᠡᠯᠡᠬᠡᠢ ᠶᠢᠨ ᠡᠷᠡᠬᠦᠯ ᠬᠠᠮᠠᠭᠠᠯᠠᠯ ᠤᠨ ᠵᠤᠬᠢᠶᠠᠨ | ᠪᠠᠶᠢᠭᠤᠯᠤᠯᠳᠠ ᠶᠢᠨ ᠶᠠᠷᠤᠩᠬᠡᠢ ᠠᠵᠢᠯᠯᠠᠬᠴᠢ ᠲᠠᠨᠳᠧᠰᠠᠢ᠂ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ | ᠲᠡᠳ᠋ ᠨᠠᠷᠢᠨ ᠪᠢᠴᠢᠭ ᠤᠨ ᠲᠠᠷᠤᠭ᠎ᠠ ᠪᠦᠬᠡᠳ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ ᠨᠡᠬᠡᠬᠡᠨ | ᠬᠦᠭᠵᠢᠬᠦᠯᠬᠦ ᠲᠦᠯᠤᠪᠯᠡᠭᠡ ᠶᠢᠨ ᠵᠠᠬᠢᠷᠭᠠᠨ ᠤ ᠲᠠᠷᠤᠭ᠎ᠠ ᠱᠧᠲ᠋ᠠᠶᠢᠨᠠ ᠬᠤᠷᠠᠯ ᠳᠤ ᠤᠷᠤᠯᠴᠠᠪᠠ᠂ ᠬᠤᠷᠠᠯ ᠠᠴᠠ | ᠬᠠᠮᠳᠤᠷᠠᠬᠰᠠᠨ ᠢᠯᠡᠷᠬᠡᠶᠢᠯᠠᠯᠳᠠ ᠨᠡᠶᠢᠳᠠᠯᠠᠵᠠᠢ᠃ | | |