ᠥᠪᠥᠷ ᠮᠣᠩᠭᠤᠯ ᠤᠨ 22 ᠠᠵᠤ ᠦᠢᠯᠡᠳᠪᠦᠷᠢ ᠶᠢᠨ ᠠᠵᠢᠯ ᠲᠥᠷᠥᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ ᠨᠡᠮᠡᠭᠳᠡᠪᠡ
ᠨᠡᠶᠢᠲᠡᠯᠡᠭᠰᠡᠨ ᠴᠠᠭ᠄
2020/6/2
     ᠦᠢᠯᠡᠳᠪᠦᠷᠢᠯᠡᠯ ᠢᠶᠠᠨ ᠰᠡᠷᠭᠦᠭᠡᠬᠦ ᠡᠷᠴᠢᠮ ᠢᠶᠠᠨ ᠴᠢᠩᠭᠠᠷᠠᠭᠤᠯᠬᠤ ᠶᠢ ᠳᠠᠭᠠᠯᠳᠤᠨ᠂ ᠪᠥᠬᠦ ᠣᠷᠣᠨ ᠤ ᠠᠵᠢᠯ ᠲᠥᠷᠥᠯ ᠤᠨ ᠨᠡᠮᠡᠭᠳᠡᠯ ᠤᠨ ᠬᠡᠪᠴᠢᠶ᠎ᠡ ᠶᠡᠬᠡᠪᠡᠷ ᠳᠡᠭᠡᠭᠰᠢᠯᠡᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠥᠷᠭᠦᠯᠵᠢᠯᠡᠨ ᠰᠡᠷᠭᠦᠪᠡ᠃ 1 — 4 ᠳ᠋ᠦ᠋ᠭᠡᠷ ᠰᠠᠷ᠎ᠠ ᠳᠤ᠂ ᠪᠦᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ 41 ᠲᠣᠮᠣ ᠠᠵᠢᠯ ᠲᠥᠷᠥᠯ ᠤᠨ ᠳᠣᠲᠣᠷ᠎ᠠ᠂ 22 ᠠᠵᠢᠯ ᠲᠥᠷᠥᠯ ᠤᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ ᠨᠡᠮᠡᠭᠳᠡᠪᠡ᠃ 17᠎ ᠨᠢ ᠠᠳᠠᠯᠢ ᠬᠤᠭᠤᠴᠠᠭᠠᠨ ᠤ ᠬᠢ ᠠᠴᠠ ᠪᠠᠭᠤᠷᠠᠵᠤ᠂ ᠠᠵᠢᠯ ᠲᠥᠷᠥᠯ ᠤᠨ ᠨᠡᠮᠡᠭᠳᠡᠯ ᠤᠨ ᠬᠡᠪᠴᠢᠶ᠎ᠡ ᠨᠢᠭᠡᠳᠦᠭᠡᠷ ᠤᠯᠠᠷᠢᠯ ᠳᠤ 39.0% ᠪᠠᠶᠢᠭᠰᠠᠨ ᠠᠴᠠ ᠪᠠᠨ 53.7% ᠪᠣᠯᠵᠣ ᠳᠡᠭᠡᠭᠰᠢᠯᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ 41 ᠲᠣᠮᠣ ᠠᠵᠢᠯ ᠲᠥᠷᠥᠯ ᠤᠨ ᠳᠣᠲᠣᠷ᠎ᠠ᠂ 29 ᠠᠵᠢᠯ ᠲᠥᠷᠥᠯ ᠤᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠨᠢ ᠨᠢᠭᠡᠳᠦᠭᠡᠷ ᠤᠯᠠᠷᠢᠯ ᠤᠨ ᠬᠢ ᠠᠴᠠ ᠳᠡᠭᠡᠭᠰᠢᠯᠡᠪᠡ᠃      ᠡᠭᠦᠨ ᠳᠤ᠂ ᠲᠠᠷᠢᠶᠠᠯᠠᠩ ᠲᠤᠰᠠᠯᠠᠬᠤ ᠦᠢᠯᠡᠳᠪᠦᠷᠢᠯᠡᠯ ᠢᠳᠡᠭᠡᠨ ᠡᠳ᠋ᠰᠢᠭᠦᠯᠬᠦ ᠦᠢᠯᠡᠰ᠂ ᠡᠮ ᠡᠮᠨᠡᠯᠭᠡ ᠶᠢᠨ ᠦᠢᠯᠡᠳᠬᠦ ᠦᠢᠯᠡᠰ᠂ ᠢᠳᠡᠭᠡᠨ ᠤ ᠦᠢᠯᠡᠳᠬᠦ ᠦᠢᠯᠡᠰ ᠵᠡᠷᠭᠡ 3 ᠠᠮᠢᠳᠤᠷᠠᠯ ᠤᠨ ᠪᠠᠲᠤᠯᠠᠭ᠎ᠠ ᠶᠢᠨ ᠴᠢᠨᠠᠷᠲᠠᠶ ᠠᠵᠢᠯ ᠲᠥᠷᠥᠯ ᠤᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠨᠢ ᠨᠢᠭᠡᠳᠦᠭᠡᠷ ᠤᠯᠠᠷᠢᠯ ᠤᠨ ᠬᠢ ᠠᠴᠠ ᠲᠣᠰ ᠲᠣᠰ 6.8᠂ 3.9᠂ 2.5 ᠵᠠᠭᠤᠨ ᠤ ᠴᠡᠭ ᠳᠡᠭᠡᠭᠰᠢᠯᠡᠪᠡ︔ ᠴᠢᠯᠠᠭᠤᠨ ᠲᠣᠰᠣ ᠪᠠ ᠪᠠᠶᠢᠭᠠᠯᠢ ᠶᠢᠨ ᠰᠢᠲᠠᠮᠠᠬᠠᠶ ᠬᠡᠶ ᠶᠢ ᠨᠡᠭᠡᠭᠡᠨ ᠮᠠᠯᠲᠠᠬᠤ ᠦᠢᠯᠡᠰ᠂ ᠬᠢᠮᠢ ᠶᠢᠨ ᠲᠥᠭᠦᠬᠡᠢ ᠮᠠᠲ᠋ᠧᠷᠢᠶᠠᠯ ᠪᠠ ᠬᠢᠮᠢ ᠶᠢᠨ ᠦᠢᠯᠡᠳᠬᠦᠨ ᠦᠢᠯᠡᠳᠬᠦ ᠦᠢᠯᠡᠰ᠂ ᠬᠠᠷ᠎ᠠ ᠥᠩᠭᠡᠲᠦ ᠲᠡᠮᠦᠷᠯᠢᠭ ᠬᠠᠶᠢᠯᠤᠭᠤᠯᠬᠤ ᠪᠠ ᠳᠠᠷᠤᠵᠤ ᠰᠤᠨᠤᠭᠠᠬᠤ ᠪᠣᠯᠪᠠᠰᠤᠷᠠᠭᠤᠯᠬᠤ ᠦᠢᠯᠡᠰ ᠵᠡᠷᠭᠡ 3 ᠰᠠᠭᠤᠷᠢ ᠴᠢᠨᠠᠷᠲᠠᠶ ᠠᠵᠢᠯ ᠲᠥᠷᠥᠯ ᠤᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠨᠢ ᠨᠢᠭᠡᠳᠦᠭᠡᠷ ᠤᠯᠠᠷᠢᠯ ᠤᠨ ᠬᠢ ᠠᠴᠠ ᠲᠣᠰ ᠲᠣᠰ 12.7᠂ 2.1᠂ 1.1 ᠵᠠᠭᠤᠨ ᠤ ᠴᠡᠭ ᠳᠡᠭᠡᠭᠰᠢᠯᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号