ᠳᠡᠳ᠋ ᠶᠡᠷᠦᠩᠬᠡᠢ ᠰᠠᠶᠢᠳ ᠤᠯᠠᠭᠠᠨᠬᠦᠦ ᠪᠤᠭᠤᠲᠤ ᠶᠢᠨ ᠪᠤᠯᠤᠳ ᠲᠡᠮᠦᠷ ᠤᠨ ᠦᠢᠯᠡᠳᠪᠦᠷᠢ ᠶᠢᠨ ᠪᠤᠯᠤᠳ ᠬᠠᠶᠢᠯᠤᠭᠤᠯᠤᠬᠰᠠᠨ ᠳᠤ ᠲᠤᠤᠵᠠ ᠬᠠᠶᠢᠴᠢᠯᠠᠵᠦ ᠦᠭᠬᠦᠭᠰᠡᠨ 60 ᠵᠢᠯ ᠤᠨ ᠤᠢ ᠶᠢ ᠲᠤᠷᠠᠰᠬᠠᠬᠤ ᠶᠠᠷᠢᠯᠴᠠᠬᠤ ᠬᠤᠷᠠᠯ ᠬᠤᠷᠠᠯᠳᠣᠪᠠ  ᠠᠢ ᠯᠢ ᠬᠤᠸᠠ ᠡᠾᠧ ᠸᠧᠨ ᠪᠦᠸᠧ ᠶᠡᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2020/6/2
     6 ᠰᠠᠷ᠎ᠠ ᠶᠢᠨ 1᠎ ᠤ ᠡᠳᠦᠷ᠂ ᠳᠡᠳ᠋ ᠶᠡᠷᠦᠩᠬᠡᠢ ᠰᠠᠶᠢᠳ ᠤᠯᠠᠭᠠᠨᠬᠦᠦ ᠶᠢᠨ ᠪᠤᠭᠤᠲᠤ ᠶᠢᠨ ᠪᠤᠯᠤᠳ ᠲᠡᠮᠦᠷ ᠎ ᠤᠨ ᠦᠢᠯᠡᠳᠪᠦᠷᠢ ᠶᠢᠨ ᠪᠤᠯᠤᠳ ᠬᠠᠶᠢᠯᠤᠭᠤᠯᠤᠬᠰᠠᠨ ᠳᠤ ᠲᠤᠤᠵᠠ ᠬᠠᠶᠢᠴᠢᠯᠠᠵᠦ ᠦᠭᠬᠦᠭᠰᠡᠨ 60 ᠵᠢᠯ ᠤᠨ ᠤᠢ ᠶᠢ ᠲᠤᠷᠠᠰᠬᠠᠬᠤ ᠶᠠᠷᠢᠯᠴᠠᠬᠤ ᠬᠤᠷᠠᠯ ᠪᠤᠭᠤᠲᠤ ᠬᠤᠳᠡ ᠳᠤ ᠬᠤᠷᠠᠯᠳᠣᠪᠠ᠃      ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠠᠢ ᠯᠢ ᠬᠤᠸᠠ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠬᠡᠰᠢᠭᠦᠨ᠂ ᠲᠤᠮᠳᠠᠳᠤ ᠤᠯᠤᠰ ᠤᠨ ᠪᠤᠯᠤᠳ ᠲᠡᠮᠦᠷ ᠤᠨ ᠠᠵᠤ ᠦᠢᠯᠡᠳᠪᠦᠷᠢ ᠶᠢᠨ ᠨᠡᠶᠢᠭᠡᠮᠯᠢᠭ ᠤᠨ ᠨᠠᠮ ᠤᠨ ᠬᠤᠷᠢᠶ᠎ᠠ ᠶᠢᠨ ᠱᠦᠵᠢ᠂ ᠨᠡᠶᠢᠭᠡᠮᠯᠢᠭ ᠤᠨ ᠬᠦᠢᠴᠡᠳᠬᠡᠬᠦ ᠲᠠᠷᠤᠭ᠎ᠠ ᠡᠾᠧ ᠸᠧᠨ ᠪᠦᠸᠧ ᠶᠠᠷᠢᠶ᠎ᠠ ᠲᠠᠯᠪᠢᠪᠠ᠃      ᠳᠡᠳ᠋ ᠶᠡᠷᠦᠩᠬᠡᠢ ᠰᠠᠶᠢᠳ ᠤᠯᠠᠭᠠᠨᠬᠦᠦ ᠶᠢᠨ ᠬᠦᠪᠡᠭᠦᠨ᠂ ᠤᠤᠯ ᠤᠨ ᠤᠯᠤᠰ ᠤᠨ ᠠᠵᠤ ᠠᠬᠤᠢ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠵᠦᠪᠯᠡᠯ ᠤᠨ ᠲᠡᠳ᠋ ᠡᠷᠬᠢᠯᠡᠭᠴᠢ᠂ ᠤᠯᠤᠰ ᠤᠨ ᠬᠦᠭᠵᠢᠭᠦᠯᠦᠯᠳᠡ ᠪᠠ ᠦᠭᠡᠷᠡᠴᠢᠯᠡᠯᠲᠡ ᠶᠢᠨ ᠵᠦᠪᠯᠡᠯ ᠤᠨ ᠤᠤᠯ ᠤᠨ ᠵᠦᠪᠯᠡᠭᠴᠢ ᠡᠦ ᠵᠢᠶᠧ ᠤᠷᠢᠯᠭ᠎ᠠ ᠪᠠᠷ ᠬᠤᠷᠠᠯ ᠳᠤ ᠤᠷᠤᠯᠴᠠᠵᠠᠢ᠃      1960 ᠣᠨ ᠤ 5 ᠰᠠᠷ᠎ᠠ ᠶᠢᠨ 5᠎ ᠤ ᠡᠳᠦᠷ᠂ ᠳᠡᠳ᠋ ᠶᠡᠷᠦᠩᠬᠡᠢ ᠰᠠᠶᠢᠳ ᠤᠯᠠᠭᠠᠨᠬᠦᠦ ᠪᠤᠭᠤᠲᠤ ᠶᠢᠨ ᠪᠤᠯᠤᠳ ᠲᠡᠮᠦᠷ ᠤᠨ ᠦᠢᠯᠡᠳᠪᠦᠷᠢ ᠳᠤ ᠰᠠᠭᠠᠳᠠᠵᠣ᠂ ᠳᠣᠰ ᠦᠢᠯᠡᠳᠪᠦᠷᠢ ᠶᠢᠨ ᠪᠤᠯᠤᠳ ᠬᠠᠶᠢᠯᠤᠭᠤᠯᠬᠤ ᠨᠢᠭᠡᠳᠦᠭᠡᠷ ᠬᠡᠪᠳᠡᠭᠡ ᠵᠤᠤᠬ᠎ᠠ ᠶᠢᠨ ᠪᠤᠯᠤᠳ ᠬᠠᠶᠢᠯᠤᠭᠤᠯᠤᠬᠰᠠᠨ ᠳᠤ ᠲᠤᠤᠵᠠ ᠬᠠᠶᠢᠴᠢᠯᠠᠨ ᠦᠭᠴᠦ᠂ ᠪᠤᠯᠤᠳ ᠤᠨ ᠤᠷᠤᠰᠬᠠᠯ ᠦᠪᠦᠷ ᠮᠤᠩᠭᠤᠯ ᠤᠨ ᠪᠤᠯᠤᠳ ᠲᠡᠮᠦᠷ ᠤᠨ ᠠᠵᠤ ᠦᠢᠯᠡᠳᠪᠦᠷᠢ ᠶᠢᠨ ᠰᠢᠨ᠎ᠠ ᠴᠠᠭ ᠦᠶ᠎ᠡ ᠶᠢ ᠨᠡᠭᠡᠭᠡᠪᠡ᠃      ᠶᠠᠷᠢᠯᠴᠠᠬᠤ ᠬᠤᠷᠠᠯ ᠲᠡᠭᠡᠷ᠎ᠠ᠂ ᠳᠡᠳ᠋ ᠶᠡᠷᠦᠩᠬᠡᠢ ᠰᠠᠶᠢᠳ ᠤᠯᠠᠭᠠᠨᠬᠦᠦ ᠶᠢᠨ ᠪᠤᠯᠤᠳ ᠬᠠᠶᠢᠯᠤᠭᠤᠯᠬᠤ ᠨᠢᠭᠡᠳᠦᠭᠡᠷ ᠬᠡᠪᠳᠡᠭᠡ ᠵᠤᠤᠬ᠎ᠠ ᠶᠢᠨ ᠪᠤᠯᠤᠳ ᠬᠠᠶᠢᠯᠤᠭᠤᠯᠤᠬᠰᠠᠨ ᠳᠤ ᠲᠤᠤᠵᠠ ᠬᠠᠶᠢᠴᠢᠯᠠᠨ ᠦᠭᠬᠦ ᠳᠤ ᠤᠷᠤᠯᠴᠠᠬᠰᠠᠨ ᠪᠤᠭᠤᠲᠤ ᠶᠢᠨ ᠪᠤᠯᠤᠳ ᠲᠡᠮᠦᠷ ᠤᠨ ᠦᠢᠯᠡᠳᠪᠦᠷᠢ ᠶᠢᠨ ᠠᠵᠢᠯᠴᠢᠨ ᠤ ᠲᠦᠯᠦᠭᠡᠯᠡᠭᠴᠢ ᠪᠤᠯᠤᠨ ᠮᠦᠨ ᠪᠣᠭᠤᠳᠣ ᠶᠢᠨ ᠪᠣᠯᠣᠳ ᠳᠡᠮᠦᠷ ᠤᠨ ᠦᠢᠯᠡᠳᠪᠦᠷᠢ ᠶᠢᠨ ᠠᠵᠢᠯᠴᠢᠨ ᠤ ᠲᠦᠯᠦᠭᠡᠯᠡᠭᠴᠢ ᠦᠭᠡ ᠬᠡᠯᠡᠵᠦ᠂ ᠪᠤᠭᠤᠲᠤ ᠶᠢᠨ ᠪᠤᠯᠤᠳ ᠲᠡᠮᠦᠷ ᠤᠨ ᠦᠢᠯᠡᠳᠪᠦᠷᠢ ᠶᠢᠨ ᠪᠤᠯᠤᠳ ᠪᠤᠯᠪᠠᠰᠤᠷᠠᠭᠤᠯᠤᠬᠰᠠᠨ ᠲᠡᠤᠬᠡ ᠶᠢ ᠡᠷᠬᠢᠴᠡᠭᠦᠯᠪᠡ᠃      ᠠᠢ ᠯᠢ ᠬᠤᠸᠠ ᠶᠠᠷᠢᠶᠠᠨ ᠳᠠᠭᠠᠨ᠂ ᠲᠡᠤᠬᠡ ᠶᠢᠨ ᠰᠢᠨ᠎ᠠ ᠭᠠᠷᠤᠭ᠎ᠠ ᠲᠡᠭᠡᠷ᠎ᠠ᠂ ᠪᠤᠭᠤᠲᠤ ᠶᠢᠨ ᠪᠤᠯᠤᠳ ᠲᠡᠮᠦᠷ ᠤᠨ ᠪᠦᠯᠥᠭᠯᠡᠯ ᠠᠬᠠᠮᠠᠳ ᠨᠢᠭᠡ ᠦᠶ᠎ᠠ ᠶᠢᠨ ᠬᠤᠪᠢᠰᠬᠠᠯᠴᠢᠳ ᠤᠨ ᠬᠦᠨ ᠨᠠᠶᠢᠳᠠᠯᠭ᠎ᠠ ᠶᠢ ᠡᠭᠦᠷᠭᠡᠯᠡᠵᠦ᠂ ᠠᠵᠤ ᠠᠬᠤᠢᠢᠯᠠᠯ ᠤᠨ ᠵᠤᠷᠢᠭ ᠰᠠᠨᠠᠭ᠎ᠠ ᠪᠤᠯᠤᠨ ᠰᠢᠯᠢᠳᠡᠭ ᠤᠯᠠᠮᠵᠢᠯᠠᠯ ᠢᠶᠠᠨ ᠦᠷᠬᠦᠯᠵᠢᠯᠡᠨ ᠪᠠᠳᠠᠷᠠᠭᠤᠯᠵᠤ᠂ ᠦᠪᠡᠷᠳᠡᠭᠡᠨ ᠵᠠᠰᠠᠬᠤ ᠤᠷᠤᠨ ᠤ ᠪᠤᠯᠤᠳ ᠲᠡᠮᠦᠷ ᠤᠨ ᠰᠡᠭᠡᠷ ᠨᠢᠷᠤᠭᠤ ᠶᠢ ᠪᠤᠰᠬᠠᠬᠤ ᠬᠡᠷᠡᠭᠳᠠᠢ᠃ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠰᠠᠶᠢᠳᠤᠷ ᠲᠤᠭᠤᠰᠢᠯᠠᠭᠤᠯᠵᠦ᠂ ᠪᠦᠬᠦ ᠤᠷᠤᠨ ᠤ ᠴᠢᠨᠠᠷ ᠰᠠᠶᠢᠳᠠᠢ ᠬᠦᠭᠵᠢᠯᠳᠡ ᠶᠢᠨ ᠳᠠᠭᠠᠭᠤᠯᠤᠭᠴᠢ ᠪᠤᠯᠬᠤ ᠬᠡᠷᠡᠭᠳᠠᠢ ᠭᠡᠪᠡ᠃ ᠳᠡᠷᠡ ᠪᠣᠭᠤᠳᠣ ᠶᠢᠨ ᠪᠣᠯᠣᠳ ᠲᠡᠮᠦᠷ ᠤᠨ ᠪᠦᠯᠦᠭᠯᠡᠯ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ᠂ ᠦᠭᠡᠷᠡᠴᠢᠯᠡᠯᠳᠡ ᠶᠢ ᠬᠦᠨᠵᠡᠭᠡᠶᠢᠷᠡᠬᠦᠯᠬᠦ᠂ ᠮᠡᠷᠭᠡᠵᠢᠯ ᠤᠨ ᠰᠢᠨᠡᠴᠢᠯᠡᠯᠳᠡ᠂ ᠠᠶᠤᠯᠬᠦᠢ ᠦᠢᠯᠡᠳᠪᠦᠷᠢᠯᠡᠯ᠂ ᠪᠤᠬᠢᠷᠳᠤᠯ ᠦᠭᠡᠢ ᠬᠦᠭᠵᠢᠯᠳᠡ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠨᠡᠮᠡᠭᠳᠡᠯ ᠢ ᠳᠣᠭᠳᠠᠪᠣᠷᠢᠵᠢᠭᠤᠯᠬᠤ ᠲᠠᠯ᠎ᠠ ᠪᠠᠷ ᠵᠢᠱᠢᠶ᠎ᠡ ᠦᠵᠡᠭᠦᠯᠦᠨ ᠲᠠᠭᠤᠷᠢᠶᠠᠯ ᠪᠣᠯᠵᠣ᠂ ᠣᠯᠣᠰ ᠤᠨ ᠦᠮᠴᠢᠯᠡᠯ ᠤᠨ ᠡᠳ᠋ ᠬᠦᠷᠦᠩᠭᠡ ᠶᠢᠨ ᠦᠷᠳᠡᠭ ᠢ ᠪᠠᠳᠣᠯᠠᠨ ᠦᠷᠳᠡᠭ ᠢ ᠨᠡᠮᠡᠭᠳᠡᠭᠦᠯᠬᠦ ᠶᠢ ᠠᠬᠢᠭᠤᠯᠵᠣ᠂ ᠰᠢᠨ᠎ᠡ ᠶᠢ ᠡᠭᠦᠳᠬᠦ ᠬᠡᠯᠪᠡᠷᠢ ᠶᠢᠨ ᠠᠵᠣ ᠠᠬᠤᠢᠢᠯᠠᠯ ᠢ ᠦᠷᠬᠦᠯᠵᠢᠯᠡᠨ ᠪᠦᠳᠦᠭᠡᠨ ᠪᠠᠶᠢᠭᠤᠯᠵᠣ᠂ ᠪᠦᠬᠦ ᠤᠷᠤᠨ ᠤ ᠠᠵᠤ ᠠᠬᠤᠢ ᠶᠢᠨ ᠪᠠᠭᠤᠷᠠᠬᠤ ᠲᠠᠷᠤᠭᠠᠰᠤ ᠶᠢ ᠠᠷᠭᠠᠴᠠᠭᠠᠬᠤ᠂ ᠠᠵᠤ ᠠᠬᠤᠢ ᠶᠢᠨ ᠨᠡᠮᠡᠭᠳᠡᠯ ᠢ ᠲᠤᠬᠳᠠᠪᠣᠷᠢᠵᠢᠭᠤᠯᠬᠤ ᠳᠤ ᠢᠯᠡᠬᠦᠭᠡᠨ ᠬᠤᠪᠢ ᠨᠡᠮᠡᠷᠢ ᠦᠵᠡᠭᠦᠯᠦᠭᠡᠷᠡᠢ ᠭᠡᠵᠦ ᠬᠦᠰᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号