ᠨᠠᠮ ᠤᠨ ᠲᠦᠪ ᠬᠤᠷᠢᠶᠡᠨ ᠤ ᠶᠡᠷᠤᠩᠬᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᠤᠢᠢᠷ᠎ᠠ ᠶᠢᠨ ᠡᠳᠤᠷ ᠬᠠᠶᠢᠨᠠᠨ ᠤ ᠴᠢᠯᠥᠬᠡᠳᠤ | ᠠᠷᠠᠯᠵᠢᠶᠠᠨ ᠤ ᠭᠠᠷᠠᠮ ᠤᠨ ᠪᠦᠳᠦᠬᠡᠨ ᠪᠠᠶᠢᠭᠤᠯᠤᠯᠳᠠ ᠳᠤ ᠴᠢᠬᠤᠯᠠ ᠵᠢᠭᠠᠪᠤᠷᠢ ᠦᠭᠴᠦ᠂ ᠬᠠᠶᠢᠨᠠᠨ ᠳᠤ ᠴᠢᠯᠥᠬᠡᠳᠤ | ᠠᠷᠠᠯᠵᠢᠶᠠᠨ ᠤ ᠭᠠᠷᠠᠮ ᠪᠠᠶᠢᠭᠤᠯᠬᠤ ᠪᠤᠯ ᠨᠠᠮ ᠤᠨ ᠲᠦᠪ ᠬᠤᠷᠢᠶ᠎ᠡ ᠠᠴᠠ ᠤᠯᠤᠰ ᠤᠨ ᠲᠤᠳᠤᠭᠠᠳᠤ ᠪᠤᠯᠤᠨ | ᠲᠡᠯᠡᠬᠡᠢ ᠶᠢᠨ ᠬᠤᠶᠠᠷ ᠶᠡᠭᠡ ᠲᠡᠯ᠎ᠡ ᠶᠢ ᠪᠤᠳᠤᠯᠬᠢᠯᠠᠵᠥ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ | ᠰᠢᠨ᠎ᠡ ᠶᠢ ᠡᠬᠦᠳᠦᠨ ᠬᠦᠭᠵᠢᠬᠦ ᠶᠢ ᠠᠬᠢᠭᠤᠯᠬᠤ ᠪᠠᠷ ᠭᠠᠷᠭᠠᠭᠰᠠᠠ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ | ᠰᠢᠢᠳᠪᠤᠷᠢᠳᠤ ᠪᠤᠳᠤᠯᠭ᠎ᠠ ᠪᠤᠯᠤᠨ᠎ᠠ᠂ ᠮᠠᠨ ᠤ ᠤᠯᠤᠰ ᠤᠨ ᠰᠢᠨ᠎ᠡ ᠴᠠᠭ ᠦᠶ᠎ᠡ ᠶᠢᠨ ᠦᠬᠡᠷᠡᠴᠢᠯᠡᠯᠳᠡ | ᠨᠡᠬᠡᠬᠡᠯᠳᠡ ᠶᠢᠨ ᠶᠠᠪᠤᠴᠠ ᠳᠠᠬᠢ ᠶᠡᠭᠡ ᠶᠠᠪᠤᠳᠠᠯ ᠪᠤᠯᠤᠨ᠎ᠠ᠃ ᠨᠠᠮ ᠤᠨ ᠤᠳᠤᠷᠢᠳᠤᠯᠭ᠎ᠠ ᠶᠢ ᠪᠠᠷᠢᠮᠳᠠᠯᠠᠵᠥ᠂ ᠲᠤᠮᠳᠠᠳᠤ | ᠤᠯᠤᠰ ᠤᠨ ᠤᠠᠴᠠᠯᠢᠭ ᠲᠠᠢ ᠨᠡᠶᠢᠬᠡᠮ ᠵᠢᠷᠤᠮ ᠤᠨ ᠪᠠᠶᠢᠭᠤᠯᠤᠯ ᠢ ᠪᠠᠷᠢᠮᠳᠠᠯᠠᠵᠥ᠂ ᠲᠡᠯᠡᠬᠡᠢ ᠶᠢᠨ ᠦᠨᠳᠤᠷ ᠲᠦᠪᠰᠢᠨ | ᠪᠦᠬᠦᠢ ᠠᠵᠥ ᠠᠬᠤᠢ ᠠᠷᠠᠯᠵᠢᠶᠠᠨ ᠤ ᠲᠦᠷᠢᠮ ᠲᠠᠢ ᠵᠤᠯᠭᠠᠭᠤᠯᠵᠥ᠂ ᠦᠢᠯᠡᠳᠪᠤᠷᠢᠯᠡᠯ ᠤᠨ ᠴᠢᠬᠤᠯᠠ ᠡᠯᠧᠮᠧᠨ᠋ᠲ ᠤᠨ | ᠴᠢᠯᠦᠬᠡᠳᠡᠢ ᠲᠦᠬᠦᠮ ᠲᠦᠳᠡ ᠪᠠᠷ ᠬᠦᠢᠯᠬᠡᠬᠡᠭᠳᠡᠬᠦ ᠶᠢ ᠠᠬᠢᠭᠤᠯᠵᠥ᠂ ᠴᠢᠨᠠᠷ ᠰᠠᠶᠢᠳᠠᠢ ᠦᠨᠳᠤᠷ ᠪᠠᠷᠢᠮᠵᠢᠶ᠎ᠠ ᠪᠠᠷ | ᠴᠢᠯᠥᠬᠡᠳᠤ ᠠᠷᠠᠯᠵᠢᠶᠠᠨ ᠤ ᠭᠠᠷᠠᠮ ᠢ ᠪᠦᠳᠦᠬᠡᠨ ᠪᠠᠶᠢᠭᠤᠯᠬᠤ ᠬᠡᠷᠡᠭᠳᠡᠢ᠃ ᠲᠦᠷᠢᠮ ᠤᠨ ᠲᠦᠪᠯᠡᠷᠡᠬᠦᠯᠦᠭᠰᠡᠨ | ᠰᠢᠨᠡᠴᠢᠯᠡᠯᠳᠠ ᠶᠢ ᠲᠤᠪᠤᠶᠢᠮ᠎ᠡ ᠪᠠᠶᠢᠷᠢᠨ ᠳᠤ ᠲᠠᠯᠪᠢᠵᠤ᠂ ᠦᠵᠡᠯ ᠰᠠᠨᠠᠭ᠎ᠠ ᠪᠠᠨ ᠴᠢᠯᠦᠭᠡᠯᠡᠵᠤ᠂ ᠵᠤᠷᠢᠬᠳᠠᠢ ᠪᠠᠷ | ᠰᠢᠨ᠎ᠡ ᠶᠢ ᠡᠬᠦᠳᠴᠤ᠂ ᠨᠢᠭᠡ ᠲᠦᠷᠦᠯ ᠨᠢ ᠪᠤᠯᠪᠠᠰᠤᠷᠠᠩᠭᠤᠢ ᠪᠤᠯᠪᠡᠯ ᠨᠢᠭᠡ ᠲᠦᠷᠦᠯ ᠢ ᠲᠠᠯᠭᠡᠷᠡᠬᠦᠯᠵᠤ᠂ | ᠯᠠᠪᠳᠠᠭᠤᠨ ᠢᠶᠠᠷ ᠬᠤᠯᠠ ᠠᠶᠠᠯᠠᠵᠤ᠂ ᠤᠷᠳᠤ ᠤᠳᠠᠭᠠᠨ ᠢᠶᠠᠷ ᠵᠢᠳᠬᠦᠯ ᠴᠢᠷᠮᠠᠶᠢᠯᠭ᠎ᠠ ᠭᠠᠷᠭᠠᠬᠤ ᠭᠡᠷᠡᠭᠳᠠᠢ ᠭᠡᠵᠤ | ᠵᠢᠭᠠᠵᠤ ᠭᠠᠷᠭᠠᠪᠠ᠃ | ᠰᠢ ᠶᠢᠨ ᠫᠢᠩ᠂ ᠬᠠᠶᠢᠨᠠᠨ ᠮᠤᠵᠢ ᠶᠢᠨ ᠬᠢᠨ ᠨᠠᠮ ᠤᠨ ᠲᠦᠪ ᠬᠤᠷᠢᠶᠠᠨ ᠤ ᠰᠢᠢᠳᠪᠤᠷᠢᠳᠤ ᠪᠤᠳᠤᠯᠭ᠎ᠠ | ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠴᠢᠭᠯᠡᠯ ᠢ ᠤᠨᠤᠴᠠᠳᠠᠢ ᠡᠵᠡᠮᠳᠡᠵᠤ᠂ ᠵᠤᠷᠢᠬᠳᠠᠢ ᠪᠠᠷ | ᠬᠠᠷᠢᠭᠤᠴᠠᠯᠭ᠎ᠠ ᠡᠬᠦᠷᠭᠡᠯᠡᠵᠤ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠲᠦᠷᠦ ᠶᠢᠨ | ᠪᠤᠳᠤᠯᠭ᠎ᠠ ᠶᠢᠨ ᠠᠩᠬᠠᠨ ᠤ ᠲᠤᠬᠢᠷᠠᠭᠤᠯᠤᠯᠳᠠ ᠶᠢ ᠱᠠᠯᠠᠪᠳᠠᠨ ᠨᠠᠶᠢᠳᠠᠪᠤᠷᠢᠵᠢᠭᠤᠯᠵᠤ᠂ ᠬᠠᠳᠠᠭᠠᠰᠤ ᠬᠠᠳᠠᠬᠤ ᠵᠤᠷᠢᠭ | ᠰᠠᠨᠠᠭ᠎ᠠ ᠪᠠᠷ ᠴᠢᠯᠦᠭᠡᠳᠤ ᠠᠷᠠᠯᠵᠢᠶᠠᠨ ᠤ ᠭᠠᠷᠠᠮ ᠤᠨ ᠪᠦᠳᠦᠭᠡᠨ ᠪᠠᠶᠢᠭᠤᠯᠤᠯᠳᠠ ᠶᠢᠨ ᠰᠠᠭᠤᠷᠢ ᠶᠢ ᠪᠠᠬᠢᠵᠢᠬᠦᠯᠬᠦ | ᠭᠡᠷᠡᠭᠳᠠᠢ᠃ ᠲᠦᠪ ᠤᠨ ᠪᠠ ᠤᠯᠤᠰ ᠤᠨ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠢᠨ ᠶᠡᠭᠡ ᠲᠠᠯ᠎ᠡ ᠠᠴᠠ | ᠡᠬᠦᠰᠴᠤ᠂ ᠬᠠᠶᠢᠨᠠᠨ ᠤ ᠵᠤᠷᠢᠬᠳᠠᠢ ᠪᠠᠷ ᠦᠭᠡᠷᠡᠴᠢᠯᠡᠯᠳᠠ ᠬᠢᠵᠤ ᠰᠢᠨ᠎ᠡ ᠶᠢ ᠡᠬᠦᠳᠬᠦ ᠶᠢ ᠲᠠᠮᠵᠢᠵᠤ᠂ ᠬᠠᠶᠢᠨᠠᠨ ᠤ | ᠴᠢᠯᠤᠭᠡᠳᠤ ᠠᠷᠠᠯᠵᠢᠶᠠᠨ ᠤ ᠭᠠᠷᠠᠮ ᠤᠨ ᠪᠦᠳᠦᠭᠡᠨ ᠪᠠᠶᠢᠭᠤᠯᠤᠯᠳᠠ ᠶᠢᠨ ᠲᠠᠰᠤᠷᠠᠯᠳᠠ ᠦᠭᠡᠢ ᠰᠢᠨ᠎ᠡ ᠦᠷ᠎ᠡ | ᠪᠦᠳᠦᠮᠵᠢ ᠤᠯᠬᠤ ᠶᠢ ᠠᠬᠢᠭᠤᠯᠬᠤ ᠭᠡᠷᠡᠭᠳᠠᠢ ᠭᠡᠵᠤ ᠴᠢᠬᠤᠯᠠᠴᠢᠯᠠᠪᠠ᠃ | ᠬᠠᠶᠢᠨᠠᠨ ᠤ ᠴᠢᠯᠦᠭᠡᠳᠤ ᠠᠷᠠᠯᠵᠢᠶᠠᠨ ᠤ ᠭᠠᠷᠠᠮ ᠤᠨ ᠭᠡᠷᠡᠭᠵᠢᠬᠦᠯᠦᠯᠳᠠ ᠶᠢᠨ ᠬᠡᠪᠴᠢᠶ᠎ᠡ ᠨᠢ ᠪᠦᠬᠦ᠋ᠢᠯᠡ | ᠬᠠᠶᠢᠨᠠᠨ ᠠᠷᠠᠯ ᠪᠠᠶᠢᠵᠤ᠂ 2025 ᠤᠨ ᠪᠤᠯᠬᠤ ᠳᠤ ᠠᠷᠠᠯᠵᠢᠶᠠᠨ ᠤ ᠴᠢᠯᠦᠭᠡᠵᠢᠯᠳᠠ ᠪᠠ ᠲᠦᠬᠦᠮᠴᠢᠯᠠᠯᠳᠠ ᠪᠤᠯᠤᠨ | ᠪᠡᠯᠡ ᠤᠷᠤᠭᠤᠯᠤᠯᠳᠠ ᠶᠢᠨ ᠴᠢᠯᠦᠭᠡᠵᠢᠯᠳᠠ ᠪᠠ ᠲᠦᠬᠦᠮᠴᠢᠯᠠᠯᠳᠠ ᠪᠠᠷ ᠭᠤᠤᠯ ᠪᠤᠯᠭᠠᠬᠰᠡᠨ ᠴᠢᠯᠦᠭᠡᠳᠤ | ᠠᠷᠠᠯᠵᠢᠶᠠᠨ ᠤ ᠭᠠᠷᠠᠮ ᠤᠨ ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠠᠩᠬ᠎ᠠ ᠠᠯᠬᠤᠮ ᠪᠠᠶᠢᠭᠤᠯᠵᠤ᠂ 2035 | ᠤᠨ ᠪᠤᠯᠬᠤ ᠳᠤ ᠮᠠᠨ ᠤ ᠤᠯᠤᠰ ᠤᠨ ᠨᠡᠭᠡᠭᠡᠯᠳᠠᠳᠤ ᠮᠠᠶ᠋ᠢᠭ ᠤᠨ ᠠᠵᠤ ᠠᠬᠤᠢ ᠶᠢᠨ ᠰᠢᠨ᠎ᠡ ᠦᠨᠳᠦᠷᠯᠢᠭ ᠪᠤᠯᠭᠠᠵᠤ᠂ | ᠲᠤᠰ ᠵᠠᠭᠤᠨ ᠤ ᠲᠤᠮᠳᠠᠴᠢ ᠪᠤᠯᠬᠤ ᠳᠤ ᠲᠡᠯᠡᠭᠡᠢ ᠶᠢᠨ ᠨᠦᠯᠦᠭᠡᠯᠡᠬᠦ ᠬᠦᠴᠤᠨ ᠲᠠᠢ ᠦᠨᠳᠤᠷ ᠲᠦᠪᠰᠢᠨ ᠪᠦᠬᠦᠢ | ᠴᠢᠯᠦᠭᠡᠳᠤ ᠠᠷᠠᠯᠵᠢᠶᠠᠨ ᠤ ᠭᠠᠷᠠᠮ ᠢ ᠪᠠᠶᠢᠭᠤᠯᠬᠤ ᠪᠤᠯᠤᠨ᠎ᠡ᠃ | | |