ᠥᠪᠥᠷ ᠵᠠᠰᠠᠭ ᠲᠠᠷᠬᠠᠭᠠᠭᠰᠠᠨ〔2020〕6 ᠳ᠋ᠤᠭᠠᠷ ᠲᠣᠭᠠᠲᠤ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠯᠵᠢᠶᠠᠨ ᠤ ᠲᠠᠯᠠᠪᠤᠷ ᠭᠠᠵᠠᠷ ᠤᠨ | ᠬᠠᠮᠢᠶᠠᠷᠤᠯᠲᠠ ᠶᠢᠨ ᠠᠷᠭ᠎ᠠ︾ ᠶᠢ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ | ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | | 2020 ᠣᠨ ᠤ 5 ᠳ᠋ᠤᠭᠠᠷ ᠰᠠᠷ᠎ᠠ ᠶᠢᠨ 9 ᠤ ᠡᠳᠦᠷ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠯᠵᠢᠶᠠᠨ ᠤ | ᠲᠠᠯᠠᠪᠤᠷ ᠭᠠᠵᠠᠷ ᠤᠨ ᠬᠠᠮᠢᠶᠠᠷᠤᠯᠲᠠ ᠶᠢᠨ ᠠᠷᠭ᠎ᠠ | | | ᠨᠢᠭᠡᠳᠦᠭᠡᠷ ᠪᠦᠯᠦᠭ ᠶᠡᠷᠦᠩᠬᠡᠶ ᠲᠦᠷᠢᠮ | | ᠨᠢᠭᠡᠳᠦᠭᠡᠷ ᠵᠦᠢᠯ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠬᠡᠶᠢᠯᠡᠨ ᠠᠷᠢᠯᠭᠠᠵᠤ᠂ ᠥᠪᠡᠷᠲᠡᠭᠡᠨ | ᠵᠠᠰᠠᠬᠤ ᠣᠷᠣᠨ ᠤ ᠠᠷᠠᠯᠵᠢᠶᠠᠨ ᠤ ᠲᠠᠯᠠᠪᠤᠷ ᠭᠠᠵᠠᠷ ᠤᠨ ᠠᠵᠢᠯᠯᠠᠭ᠎ᠠ ᠶᠢ ᠵᠢᠷᠤᠮᠵᠢᠭᠤᠯᠤᠨ᠂ ᠵᠠᠬ᠎ᠠ ᠳᠡᠯᠭᠡᠭᠦᠷ ᠲᠤ | ᠣᠷᠣᠯᠴᠠᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠤᠰᠠᠳᠠ᠂ ︽ᠡᠯ᠎ᠡ ᠲᠥᠷᠥᠯ ᠤᠨ | ᠠᠷᠠᠯᠵᠢᠶᠠᠨ ᠤ ᠲᠠᠯᠠᠪᠤᠷ ᠭᠠᠵᠠᠷ ᠢ ᠢᠯᠭᠠᠷᠠᠭᠤᠯᠤᠨ ᠴᠡᠭᠴᠡᠯᠡᠵᠦ ᠮᠥᠩᠭᠦᠨ ᠭᠦᠢᠯᠭᠡᠭᠡᠨ ᠤ ᠲᠦᠭᠰᠢᠭᠦᠷᠢ ᠶᠢ ᠦᠨᠡᠨ | ᠬᠦ ᠰᠡᠷᠭᠡᠶᠢᠯᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ︾ ︵ᠲᠥᠷᠥ ᠲᠠᠷᠬᠠᠭᠠᠭᠰᠠᠨ | ﹇2011﹈ 38 ᠳ᠋ᠤᠭᠠᠷ ᠲᠣᠭᠠᠲᠤ︶᠂ ︽ᠡᠯ᠎ᠡ ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠢ ᠢᠯᠭᠠᠷᠠᠭᠤᠯᠤᠨ | ᠴᠡᠭᠴᠡᠯᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ | ︵ᠲᠥᠷᠥ ᠠᠯᠪᠠᠨ ᠲᠠᠷᠬᠠᠭᠠᠭᠰᠠᠨ ﹇2012﹈ 37 ᠳ᠋ᠤᠭᠠᠷ ᠲᠣᠭᠠᠲᠤ︶᠂ ︽ᠲᠠᠸᠠᠷ ᠤᠨ ᠪᠡᠯᠡᠨ ᠪᠠᠷᠠᠭᠠᠨ ᠤ | ᠵᠠᠬ᠎ᠠ ᠳᠡᠯᠭᠡᠭᠦᠷ ᠤᠨ ᠠᠷᠠᠯᠵᠢᠶᠠᠨ ᠤ ᠣᠨᠴᠠᠭᠠᠢ ᠲᠣᠭᠲᠠᠭᠠᠯ ︵ᠲᠤᠷᠰᠢᠨ ᠬᠡᠷᠡᠭᠵᠢᠭᠦᠯᠬᠦ︶︾ ︵ᠬᠤᠳᠠᠯᠳᠤᠭᠠᠨ ᠤ | ᠶᠠᠪᠤᠳᠠᠯ ᠤᠨ ᠶᠠᠮᠤᠨ ᠤ ᠵᠠᠷᠯᠢᠭ ﹇2013﹈ 3 ᠳ᠋ᠤᠭᠠᠷ ᠲᠣᠭᠠᠲᠤ︶ ᠵᠡᠷᠭᠡ ᠬᠤᠯᠪᠣᠭᠳᠠᠯ ᠪᠦᠬᠦᠢ ᠲᠣᠭᠲᠠᠭᠠᠯ ᠢ | ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠣᠰ ᠠᠷᠭ᠎ᠠ ᠶᠢ | ᠲᠣᠭᠲᠠᠭᠠᠪᠠ᠃ | ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠠᠬᠢ ᠠᠷᠠᠯᠵᠢᠶᠠᠨ ᠤ | ᠲᠠᠯᠠᠪᠤᠷ ᠭᠠᠵᠠᠷ ᠬᠢᠭᠡᠳ ᠲᠡᠳᠡᠭᠡᠷ ᠤᠨ ᠡᠵᠡᠩᠨᠡᠯᠲᠡ ᠶᠢᠨ ᠴᠢᠨᠠᠷᠲᠠᠢ ᠰᠠᠯᠪᠤᠷᠢ ᠪᠠᠶᠢᠭᠤᠯᠤᠮᠵᠢ᠂ ᠭᠡᠰᠢᠭᠦᠳ᠂ | ᠣᠷᠣᠯᠠᠬᠤ ᠬᠤᠳᠠᠯᠳᠤᠭᠠᠴᠢᠨ᠂ ᠡᠷᠬᠡ ᠣᠯᠭᠤᠭᠰᠠᠨ ᠦᠢᠯᠡᠴᠢᠯᠡᠬᠦ ᠪᠠᠶᠢᠭᠤᠯᠤᠮᠵᠢ ᠪᠠ ᠲᠤᠬᠠᠶᠢᠯᠠᠭᠰᠠᠨ ᠠᠵᠢᠯ ᠤᠨ | ᠪᠤᠰᠤᠳ ᠬᠤᠯᠪᠣᠭᠳᠠᠯ ᠪᠥᠬᠦᠢ ᠪᠠᠶᠢᠭᠤᠯᠤᠮᠵᠢ ᠵᠢᠴᠢ ᠥᠪᠡᠷᠲᠡᠭᠡᠨ ᠵᠠᠰᠠᠬᠤ ᠣᠷᠣᠨ ᠠᠴᠠ ᠪᠤᠰᠤᠳ ᠭᠠᠵᠠᠷ ᠲᠠᠬᠢ | ᠠᠷᠠᠯᠵᠢᠶᠠᠨ ᠤ ᠲᠠᠯᠠᠪᠤᠷ ᠭᠠᠵᠠᠷ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠠᠬᠢ | ᠡᠵᠡᠩᠨᠡᠯᠲᠡ ᠶᠢᠨ ᠴᠢᠨᠠᠷᠲᠠᠶ ᠰᠠᠯᠪᠤᠷᠢ ᠪᠠᠶᠢᠭᠤᠯᠤᠮᠵᠢ᠂ ᠭᠡᠰᠢᠭᠦᠳ᠂ ᠣᠷᠣᠯᠠᠬᠤ ᠬᠤᠳᠠᠯᠳᠤᠭᠠᠴᠢᠨ᠂ ᠡᠷᠬᠡ | ᠣᠯᠭᠤᠭᠰᠠᠨ ᠦᠢᠯᠡᠴᠢᠯᠡᠬᠦ ᠪᠠᠶᠢᠭᠤᠯᠤᠮᠵᠢ ᠪᠠ ᠲᠤᠬᠠᠶᠢᠯᠠᠭᠰᠠᠨ ᠠᠵᠢᠯ ᠤᠨ ᠪᠤᠰᠤᠳ ᠬᠤᠯᠪᠣᠭᠳᠠᠯ ᠪᠦᠬᠦᠢ | ᠪᠠᠶᠢᠭᠤᠯᠤᠮᠵᠢ ᠨᠢ ᠴᠢᠬᠤᠯᠠ ᠬᠦᠴᠦᠨ ᠵᠦᠢᠯ ᠤᠨ ᠠᠷᠠᠯᠵᠢᠶᠠᠨ ᠤ ᠠᠵᠢᠯᠯᠠᠭ᠎ᠠ ᠬᠢᠬᠦ ᠳᠤ᠂ ᠲᠣᠰ ᠠᠷᠭ᠎ᠠ ᠶᠢ | ᠲᠣᠬᠢᠷᠠᠭᠤᠯᠤᠨ ᠬᠡᠷᠡᠭᠯᠡᠬᠦ ᠬᠡᠷᠡᠭᠲᠡᠢ᠃ | ᠭᠤᠷᠪᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠠᠷᠠᠯᠵᠢᠶᠠᠨ ᠤ ᠲᠠᠯᠠᠪᠤᠷ ᠭᠠᠵᠠᠷ ᠭᠡᠳᠡᠭ ᠨᠢ | ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠠᠬᠢ ᠬᠠᠤᠯᠢ ᠶᠣᠰᠣᠭᠠᠷ ᠪᠠᠶᠢᠭᠤᠯᠤᠭᠰᠠᠨ᠂ | ᠨᠡᠷᠡᠶᠢᠳᠦᠯ ᠳᠤ ᠨᠢ ︽ᠠᠷᠠᠯᠵᠢᠶᠠᠨ ᠤ ᠭᠠᠵᠠᠷ︾ ᠪᠤᠶᠤ ︽ᠠᠷᠠᠯᠵᠢᠶᠠᠨ ᠤ ᠲᠥᠪ︾ ᠭᠡᠰᠡᠨ ᠦᠬᠡ ᠦᠰᠦᠭ | ᠠᠭᠤᠯᠤᠨᠨᠰᠠᠨ᠂ ᠡᠷᠬᠡ ᠠᠰᠢᠭ ᠤᠨ ᠲᠦᠷᠦᠯ ᠪᠠ ᠲᠠᠸᠠᠷ ᠤᠨ ᠪᠡᠯᠡᠨ ᠪᠠᠷᠠᠭᠠᠨ ᠤ ᠲᠦᠷᠦᠯ ᠤᠨ ᠠᠷᠠᠯᠵᠢᠶ᠎ᠠ ᠶᠢ | ᠡᠷᠬᠢᠯᠡᠵᠦ ᠪᠠᠶᠢᠭ᠎ᠠ ᠠᠷᠠᠯᠵᠢᠶᠠᠨ ᠤ ᠲᠠᠯᠠᠪᠤᠷ ᠭᠠᠵᠠᠷ ᠢ ᠵᠢᠭᠠᠵᠤ ᠪᠣᠢ᠃ ᠵᠥᠪᠬᠡᠨ ᠲᠡᠷᠭᠡ ᠬᠥᠰᠬᠡ᠂ ᠭᠡᠷ ᠪᠠᠶᠢᠰᠢᠩ | ᠭᠠᠵᠠᠷ ᠬᠥᠷᠥᠩᠭᠡ ᠵᠡᠷᠭᠡ ᠪᠣᠳᠠᠲᠤ ᠪᠣᠳᠠᠰ ᠤᠨ ᠠᠷᠠᠯᠵᠢᠶ᠎ᠠ ᠬᠢᠵᠦ ᠪᠠᠶᠢᠭ᠎ᠠ ᠪᠠ ᠲᠥᠷᠥ ᠶᠢᠨ ᠶᠠᠪᠤᠳᠠᠯ ᠤᠨ ᠬᠤᠷᠢᠶ᠎ᠠ | ᠪᠤᠶᠤ ᠲᠥᠷᠥ ᠶᠢᠨ ᠶᠠᠪᠤᠳᠠᠯ ᠤᠨ ᠬᠤᠷᠢᠶᠠᠨ ᠤ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ | ᠵᠥᠪᠰᠢᠶᠡᠷᠡᠨ ᠪᠠᠶᠢᠭᠤᠯᠤᠭᠰᠠᠨ ᠠᠷᠠᠯᠵᠢᠶᠠᠨ ᠤ ᠲᠠᠯᠠᠪᠤᠷ ᠭᠠᠵᠠᠷ ᠨᠢ ᠡᠭᠦᠨ ᠳᠤ ᠪᠠᠭᠲᠠᠬᠤ ᠥᠬᠡᠶ᠃ | ᠡᠷᠬᠡ ᠠᠰᠢᠭ ᠤᠨ ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠭᠡᠳᠡᠭ ᠨᠢ ᠥᠮᠴᠢᠯᠡᠯ ᠤᠨ ᠡᠷᠬᠡ᠂ | ᠰᠲ᠋ᠣᠺ ᠤᠨ ᠡᠷᠬᠡ᠂ ᠠᠪᠴᠠᠭᠠᠨ ᠤ ᠡᠷᠬᠡ᠂ ᠣᠶ ᠮᠣᠳᠣᠨ ᠤ ᠡᠷᠬᠡ᠂ ᠠᠭᠤᠷᠬᠠᠶ ᠶᠢᠨ ᠡᠷᠬᠡ᠂ ᠪᠤᠬᠢᠷᠳᠤᠯ ᠪᠤᠳᠠᠰ | ᠭᠠᠳᠠᠭᠰᠢᠯᠠᠭᠤᠯᠬᠤ ᠡᠷᠬᠡ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ᠂ ᠮᠡᠳᠡᠯᠭᠡ ᠶᠢᠨ ᠥᠮᠴᠢᠯᠡᠯ ᠤᠨ ᠡᠷᠬᠡ᠂ | ᠰᠣᠶᠣᠯ ᠤᠨ ᠥᠮᠴᠢᠯᠡᠯ ᠤᠨ ᠡᠷᠬᠡ᠂ ᠮᠥᠩᠭᠦᠨ ᠭᠦᠢᠯᠭᠡᠭᠡᠨ ᠤ ᠡᠳ᠋ ᠬᠥᠷᠥᠩᠭᠡ ᠶᠢᠨ ᠡᠷᠬᠡ ᠠᠰᠢᠭ ᠵᠡᠷᠭᠡ ᠶᠢ | ᠪᠠᠭᠲᠠᠭᠠᠭᠰᠠᠨ ᠠᠷᠠᠯᠵᠢᠶᠠᠨ ᠤ ᠠᠵᠢᠯᠯᠠᠭ᠎ᠠ ᠬᠢᠵᠦ ᠪᠠᠶᠢᠭ᠎ᠠ ᠲᠠᠯᠠᠪᠤᠷ ᠭᠠᠵᠠᠷ ᠢ ᠵᠢᠭᠠᠵᠤ ᠪᠣᠶ᠃ | ᠲᠠᠸᠠᠷ ᠤᠨ ᠪᠡᠯᠡᠨ ᠪᠠᠷᠠᠭᠠᠨ ᠤ ᠠᠷᠠᠯᠵᠢᠶᠠᠨ ᠤ ᠲᠠᠯᠠᠪᠤᠷ ᠭᠠᠵᠠᠷ ᠭᠡᠳᠡᠭ ᠨᠢ ᠠᠷᠠᠯᠵᠢᠶ᠎ᠠ ᠮᠠᠶᠢᠮᠠᠢ ᠬᠢᠬᠦ ᠬᠤᠶᠠᠷ | ᠲᠠᠯ᠎ᠠ ᠪᠠᠷ ᠢᠶᠠᠨ ᠢᠯᠡ ᠲᠣᠳᠣ᠂ ᠦᠷᠭᠦᠯᠵᠢ ᠶᠢᠨ ᠴᠢᠨᠠᠷᠲᠠᠶ ᠪᠤᠶᠤ ᠲᠣᠭᠲᠠᠮᠠᠯ ᠬᠤᠭᠤᠴᠠᠭᠠᠨ ᠤ ᠴᠢᠨᠠᠷᠲᠠᠢ ᠪᠠᠷ | ᠲᠠᠸᠠᠷ ᠤᠨ ᠪᠡᠯᠡᠨ ᠪᠠᠷᠠᠭᠠᠨ ᠤ ᠠᠷᠠᠯᠵᠢᠶ᠎ᠠ ᠬᠢᠬᠦ ᠠᠵᠢᠯᠯᠠᠭ᠎ᠠ ᠲᠠᠢ ᠪᠠᠶᠢᠵᠤ᠂ ᠮᠡᠳᠡᠭᠡ ᠵᠠᠩᠭᠢ᠂ ᠪᠠᠷᠠᠭᠠᠨ ᠤ | ᠭᠦᠢᠯᠭᠡᠭᠡ ᠵᠡᠷᠭᠡ ᠲᠦᠬᠦᠷᠵᠢᠭᠰᠡᠨ ᠦᠢᠯᠡᠴᠢᠯᠡᠬᠦ ᠴᠢᠳᠠᠮᠵᠢ ᠲᠠᠢ ᠲᠠᠯᠠᠪᠤᠷ ᠭᠠᠵᠠᠷ ᠪᠤᠶᠤ ᠢᠨᠲ᠋ᠧᠷ ᠰᠦᠯᠵᠢᠶᠡᠨ ᠤ | ᠠᠷᠠᠯᠵᠢᠶᠠᠨ ᠤ ᠲᠠᠪᠴᠠᠩ ᠢ ᠵᠢᠭᠠᠵᠤ ᠪᠣᠢ᠃ | ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠢᠭᠡᠳᠦᠯᠲᠡᠢ | ᠤᠳᠤᠷᠢᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠡᠯ᠎ᠡ ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠢ | ᠢᠯᠭᠠᠷᠠᠭᠤᠯᠤᠨ ᠴᠡᠭᠴᠡᠯᠡᠬᠦ ᠠᠵᠢᠯ ᠤᠨ ᠲᠢᠩᠬᠢᠮ ᠤᠨ ᠬᠤᠭᠤᠷᠤᠨᠳᠤᠬᠢ ᠬᠠᠮᠲᠤᠷᠠᠭᠰᠠᠨ ᠬᠤᠷᠠᠯ ︵ᠳᠣᠷᠣᠭᠰᠢ | ᠬᠠᠮᠲᠤᠷᠠᠭᠰᠠᠨ ᠬᠤᠷᠠᠯ ᠭᠡᠵᠦ ᠲᠣᠪᠴᠢᠯᠠᠨ᠎ᠠ︶ ᠤᠨ ᠳᠦᠷᠢᠮ ᠢ ᠪᠠᠶᠢᠭᠤᠯᠵᠤ᠂ ᠪᠦᠬᠦ ᠣᠷᠣᠨ ᠤ ᠡᠯ᠎ᠡ ᠲᠥᠷᠥᠯ ᠤᠨ | ᠠᠷᠠᠯᠵᠢᠶᠠᠨ ᠤ ᠲᠠᠯᠠᠪᠤᠷ ᠭᠠᠵᠠᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠬᠦ᠂ | ᠲᠥᠯᠥᠪᠵᠢᠭᠦᠯᠬᠦ᠂ ᠵᠣᠬᠢᠴᠠᠭᠤᠯᠬᠤ ᠪᠠ ᠵᠢᠭᠠᠨ ᠵᠢᠯᠤᠭᠤᠳᠬᠤ ᠶᠢ ᠬᠠᠷᠢᠭᠤᠴᠠᠨ᠎ᠠ᠃ ᠬᠠᠮᠲᠤᠷᠠᠭᠰᠠᠨ ᠬᠤᠷᠠᠯ ᠤᠨ | ᠠᠯᠪᠠᠨ ᠭᠡᠷ ᠢ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠳᠤ ᠪᠠᠶᠢᠷᠢᠯᠠᠭᠤᠯᠤᠨ᠎ᠠ᠃ | ᠬᠠᠮᠲᠤᠷᠠᠭᠰᠠᠨ ᠬᠤᠷᠠᠯ ᠨᠢ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠢᠯ ᠲᠥᠷᠥᠯ ᠤᠨ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠪᠠ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ | ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠣᠷᠣᠯᠠᠨ ᠭᠦᠢᠴᠡᠳᠬᠡᠬᠦ ᠥᠬᠡᠶ᠃ | ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠢᠯ ᠲᠥᠷᠥᠯ ᠤᠨ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠨᠢ ᠲᠤᠰ ᠠᠵᠢᠯ ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠢ ᠬᠢᠨᠠᠨ ᠬᠠᠮᠢᠶᠠᠷᠬᠤ | ᠰᠠᠯᠠᠭ᠎ᠠ ᠮᠥᠴᠢᠷ ᠪᠤᠯᠤᠨᠨᠰᠠᠨ ᠤ ᠬᠤᠪᠢ ᠳᠤ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ | ᠭᠦᠢᠴᠡᠳᠭᠡᠬᠦ ᠬᠡᠷᠡᠭᠲᠡᠶ᠃ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠬᠠᠷᠢᠶ᠎ᠠ | ᠭᠠᠵᠠᠷ ᠢᠶᠠᠷ ᠢᠶᠠᠨ ᠬᠢᠨᠠᠨ ᠬᠠᠮᠢᠶᠠᠷᠬᠤ ᠨᠢᠭᠡᠳᠦᠭᠡᠷ ᠬᠠᠷᠢᠭᠤᠴᠠᠯᠭ᠎ᠠ ᠶᠢ ᠭᠦᠢᠴᠡᠳᠭᠡᠬᠦ ᠬᠡᠷᠡᠭᠲᠡᠶ᠃ | ᠵᠢᠷᠭᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠪᠦᠬᠦ ᠣᠷᠣᠨ ᠤ ᠠᠷᠠᠯᠵᠢᠶᠠᠨ ᠤ ᠲᠠᠯᠠᠪᠤᠷ ᠭᠠᠵᠠᠷ ᠤᠨ | ᠨᠢᠭᠡᠳᠦᠯᠲᠡᠢ ᠲᠥᠯᠥᠪᠯᠡᠨ ᠬᠠᠮᠢᠶᠠᠷᠬᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ ᠥᠪᠡᠷᠲᠡᠭᠡᠨ ᠵᠠᠰᠠᠬᠤ ᠣᠷᠣᠨ ᠤ | ᠬᠤᠳᠠᠯᠳᠤᠭᠠᠨ ᠤ ᠶᠠᠪᠤᠳᠠᠯ᠂ ᠤᠬᠠᠭᠤᠯᠭ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠪᠠᠶᠢᠭᠠᠯᠢ ᠶᠢᠨ ᠡᠬᠢ ᠪᠠᠶᠠᠯᠢᠭ᠂ ᠠᠮᠢ | ᠠᠬᠤᠶ ᠣᠷᠴᠢᠨ ᠲᠣᠭᠤᠷᠢᠨ᠂ ᠲᠠᠷᠢᠶᠠᠯᠠᠩ ᠮᠠᠯ ᠠᠵᠤ ᠠᠬᠤᠶ ᠪᠠ ᠭᠦᠳᠡᠭᠡ ᠲᠤᠰᠬᠤᠨ ᠮᠠᠯᠵᠢᠬᠤ ᠤᠷᠤᠨ᠂ ᠣᠢ | ᠰᠢᠭᠤᠶ ᠪᠠ ᠨᠤᠳᠤᠭ ᠪᠡᠯᠴᠢᠭᠡᠷ᠂ ᠰᠣᠶᠣᠯ ᠪᠠ ᠵᠢᠭᠤᠯᠴᠢᠯᠠᠯ᠂ ᠤᠯᠤᠰ ᠤᠨ ᠥᠮᠴᠢᠯᠡᠯᠲᠦ ᠡᠳ᠋ ᠬᠥᠷᠥᠩᠭᠡ᠂ | ᠮᠡᠳᠡᠯᠭᠡ ᠶᠢᠨ ᠥᠮᠴᠢᠯᠡᠯ ᠤᠨ ᠡᠷᠬᠡ᠂ ᠡᠨᠧᠷᠭᠢ ᠵᠢᠴᠢ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ | ᠪᠠᠩᠬᠢ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ | ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠪᠠ ᠨᠢᠭᠡᠴᠢ ᠲᠠᠢ | ᠬᠠᠮᠲᠤᠷᠠᠨ᠂ ᠠᠷᠠᠯᠵᠢᠶᠠᠨ ᠤ ᠲᠠᠯᠠᠪᠤᠷ ᠭᠠᠵᠠᠷ ᠪᠠᠶᠢᠭᠤᠯᠬᠤ ᠶᠢ ᠬᠢᠨᠠᠨ ᠵᠥᠪᠰᠢᠶᠡᠷᠡᠬᠦ᠂ ᠠᠵᠢᠯ ᠡᠬᠢᠯᠡᠭᠦᠯᠬᠦ ᠶᠢ ᠬᠢᠨᠠᠨ | ᠵᠥᠪᠰᠢᠶᠡᠷᠡᠬᠦ᠂ ᠬᠤᠪᠢᠷᠠᠭᠠᠬᠤ ᠶᠢ ᠬᠢᠨᠠᠨ ᠵᠥᠪᠰᠢᠶᠡᠷᠡᠬᠦ ︵ᠪᠦᠷᠢᠳᠬᠡᠨ ᠳᠠᠩᠰᠠᠯᠠᠭᠤᠯᠬᠤ︶᠂ ᠠᠬᠤᠢ ᠲᠠᠯᠠᠪᠠᠢ ᠶᠢᠨ | ᠪᠠᠶᠢᠴᠠᠭᠠᠯᠲᠠ᠂ ᠪᠠᠯᠠ ᠮᠦᠩᠬᠦᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ᠂ ᠲᠥᠷᠥ ᠶᠢᠨ ᠪᠣᠳᠣᠯᠭ᠎ᠠ ᠶᠢᠨ | ᠳᠡᠮᠵᠢᠯᠭᠡ ᠵᠢᠯᠣᠭᠤᠳᠤᠯᠭ᠎ᠠ᠂ ᠲᠤᠭ᠎ᠠ ᠪᠦᠷᠢᠳᠬᠡᠯ ᠤᠨ ᠬᠢᠨᠠᠨ ᠰᠢᠨᠵᠢᠯᠲᠡ᠂ ᠬᠥᠭᠵᠢᠯᠲᠡ ᠶᠢᠨ ᠲᠥᠯᠥᠪᠵᠢᠭᠦᠯᠪᠡ ᠶᠢ | ᠨᠠᠶᠢᠷᠠᠭᠤᠯᠤᠨ ᠵᠣᠬᠢᠶᠠᠬᠤ᠂ ᠲᠣᠭᠲᠠᠭᠠᠯ ᠠᠴᠠ ᠵᠥᠷᠢᠴᠡᠭᠰᠡᠨ ᠢ ᠰᠢᠢᠳᠪᠦᠷᠢᠯᠡᠬᠦ᠂ ᠲᠦᠭᠰᠢᠭᠦᠷᠢ ᠶᠢ ᠰᠡᠷᠭᠡᠶᠢᠯᠡᠨ | ᠡᠵᠡᠮᠳᠡᠬᠦ ᠪᠠ ᠰᠢᠢᠳᠪᠦᠷᠢᠯᠡᠬᠦ᠂ ᠴᠢᠬᠤᠯᠠ ᠶᠡᠭᠡ ᠵᠦᠢᠯᠡᠰ ᠢ ᠵᠣᠬᠢᠴᠠᠭᠤᠯᠬᠤ ᠵᠡᠷᠭᠡ ᠠᠵᠢᠯ ᠤᠳ ᠢ ᠬᠠᠮᠲᠤ ᠪᠠᠷ | ᠰᠠᠶᠢᠲᠤᠷ ᠬᠢᠬᠦ ᠬᠡᠷᠡᠭᠲᠡᠢ᠃ | ᠠᠶᠢᠮᠠᠭ ᠬᠤᠲᠠ ᠶᠢᠨ ᠮᠥᠩᠭᠦᠨ ᠭᠦᠢᠯᠭᠡᠭᠡᠨ ᠤ ᠠᠵᠢᠯ ᠤᠨ ᠰᠠᠯᠠᠭ᠎ᠠ ᠮᠥᠴᠢᠷ ᠪᠠ ᠠᠵᠢᠯ ᠲᠥᠷᠥᠯ ᠤᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ | ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠ ᠥᠪᠡᠷᠲᠡᠭᠡᠨ ᠵᠠᠰᠠᠬᠤ ᠣᠷᠣᠨ ᠤ ᠱᠠᠲᠤᠨ ᠤ | ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠷᠢᠴᠠᠭᠤᠯᠤᠨ᠂ ᠲᠤᠰ ᠵᠠᠰᠠᠭ ᠵᠠᠬᠢᠷᠭᠠᠨ ᠤ | ᠣᠷᠣᠨ ᠳᠠᠬᠢ ᠠᠷᠠᠯᠵᠢᠶᠠᠨ ᠤ ᠲᠠᠯᠠᠪᠤᠷ ᠭᠠᠵᠠᠷ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ᠂ ᠡᠭᠦᠨ ᠳᠤ | ᠪᠠᠶᠢᠭᠤᠯᠬᠤ ᠪᠠ ᠬᠤᠪᠢᠷᠠᠭᠠᠬᠤ ᠵᠦᠢᠯᠡᠰ ᠢ ᠠᠩᠬ᠎ᠠ ᠬᠢᠨᠠᠬᠤ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ᠂ | ᠲᠦᠭᠰᠢᠭᠦᠷᠢ ᠶᠢ ᠰᠡᠷᠡᠮᠵᠢᠯᠡᠭᠦᠯᠬᠦ ᠪᠠ ᠰᠢᠢᠳᠪᠦᠷᠢᠯᠡᠬᠦ ᠵᠡᠷᠭᠡ ᠶᠢ ᠪᠠᠭᠲᠠᠭᠠᠭᠰᠠᠨ ᠠᠵᠢᠯ ᠢ ᠬᠠᠷᠢᠭᠤᠴᠠᠬᠤ ᠶᠢᠨ ᠬᠠᠮᠲᠤ᠂ | ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠥᠴᠢᠷ ᠪᠠ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠯᠦᠭᠡ ᠵᠣᠯᠭᠠᠭᠤᠯᠬᠤ ᠪᠠ ᠬᠠᠮᠵᠢᠯᠴᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ | ᠳᠣᠯᠣᠳᠤᠭᠠᠷ ᠵᠦᠢᠯ ᠠᠷᠠᠯᠵᠢᠶᠠᠨ ᠤ ᠲᠠᠯᠠᠪᠤᠷ ᠭᠠᠵᠠᠷ ᠨᠢ ᠥᠪᠡᠷᠲᠡᠭᠡᠨ ᠵᠠᠰᠠᠬᠤ ᠣᠷᠣᠨ ᠤ ᠠᠵᠤ | ᠦᠢᠯᠡᠰ ᠤᠨ ᠲᠥᠯᠥᠪᠵᠢᠭᠦᠯᠭᠡ ᠳᠤ ᠨᠡᠶᠢᠴᠡᠵᠦ᠂ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠨ᠂ ᠬᠠᠤᠯᠢ | ᠲᠣᠭᠲᠠᠭᠠᠯ ᠶᠣᠰᠣᠭᠠᠷ ᠲᠤᠬᠠᠶᠢᠯᠠᠭᠰᠠᠨ ᠠᠵᠢᠯ ᠢᠶᠠᠨ ᠥᠷᠨᠢᠭᠦᠯᠵᠦ᠂ ᠵᠠᠬ᠎ᠠ ᠳᠡᠯᠭᠡᠭᠦᠷ ᠤᠨ ᠡᠵᠡᠩᠨᠡᠯᠲᠡ ᠪᠠ | ᠲᠦᠭᠰᠢᠭᠦᠷᠢ ᠶᠢ ᠨᠠᠮᠳᠠᠭᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠭᠦᠷᠭᠡᠯᠡᠨ᠂ ᠵᠠᠬ᠎ᠠ ᠳᠡᠯᠭᠡᠭᠦᠷ ᠤᠨ ᠡᠮᠬᠢ | ᠳᠢᠭᠯᠢᠮ ᠢ ᠬᠠᠮᠠᠭᠠᠯᠠᠵᠤ᠂ ᠵᠠᠬ᠎ᠠ ᠳᠡᠯᠭᠡᠭᠦᠷ ᠲᠤ ᠣᠷᠣᠯᠴᠠᠭᠰᠠᠳ ᠤᠨ ᠬᠠᠤᠯᠢ ᠶᠣᠰᠣᠨ ᠤ ᠡᠷᠬᠡ ᠠᠰᠢᠭ ᠢ | ᠬᠠᠮᠠᠭᠠᠯᠠᠨ᠂ ᠬᠠᠭᠤᠷᠴᠤ ᠮᠡᠬᠡᠯᠡᠬᠦ᠂ ᠲᠤᠳᠤᠷ ᠢᠶᠠᠨ ᠠᠷᠠᠯᠵᠢᠶᠠᠯᠠᠬᠤ᠂ ᠵᠠᠬ᠎ᠠ ᠳᠡᠯᠭᠡᠭᠦᠷ ᠢ ᠡᠷᠬᠡᠰᠢᠶᠡᠨ ᠵᠠᠬᠢᠷᠬᠤ | ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠬᠤᠷᠢᠭᠯᠠᠬᠤ ᠬᠡᠷᠡᠭᠲᠡᠢ᠃ | | ᠬᠤᠶᠠᠳᠤᠭᠠᠷ ᠪᠦᠯᠦᠭ ᠪᠠᠶᠢᠭᠤᠯᠬᠤ᠂ ᠬᠤᠪᠢᠷᠠᠭᠠᠬᠤ ᠪᠠ ᠵᠣᠭᠰᠣᠭᠠᠬᠤ | | ᠨᠠᠢᠮᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠠᠴᠠ ᠶᠡᠷᠦᠩᠬᠡᠢ ᠬᠡᠮᠵᠢᠶᠡᠨ ᠳᠤ ᠨᠢ ᠬᠢᠵᠠᠭᠠᠷᠯᠠᠬᠤ᠂ | ᠵᠣᠬᠢᠰᠲᠠᠢ ᠪᠠᠶᠢᠷᠢᠰᠢᠭᠤᠯᠬᠤ᠂ ᠬᠢᠨᠠᠭᠤᠷ ᠪᠣᠯᠭᠤᠮᠵᠢᠲᠠᠢ ᠬᠢᠨᠠᠨ ᠵᠥᠪᠰᠢᠶᠡᠷᠡᠬᠦ ᠵᠠᠷᠴᠢᠮ ᠶᠣᠰᠣᠭᠠᠷ᠂ ᠡᠯ᠎ᠡ | ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠤᠨ ᠲᠤᠭ᠎ᠠ᠂ ᠬᠡᠪᠴᠢᠶ᠎ᠡ ᠪᠠ ᠣᠷᠣᠨ ᠪᠦᠰᠡ ᠳᠠᠬᠢ ᠲᠠᠷᠬᠠᠯᠲᠠ ᠶᠢ | ᠨᠢᠭᠡᠳᠦᠯᠲᠡᠶ ᠲᠥᠯᠥᠪᠵᠢᠭᠦᠯᠬᠦ ᠬᠡᠷᠡᠭᠲᠡᠶ᠃ | ᠶᠢᠰᠦᠳᠦᠭᠡᠷ ᠵᠦᠢᠯ ᠠᠷᠠᠯᠵᠢᠶᠠᠨ ᠤ ᠲᠠᠯᠠᠪᠤᠷ ᠭᠠᠵᠠᠷ ᠪᠠᠶᠢᠭᠤᠯᠬᠤ ᠳᠤ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠬᠦ ᠬᠡᠷᠡᠭᠲᠡᠶ᠃ ᠵᠥᠪᠰᠢᠶᠡᠷᠡᠭᠦᠯᠦᠭᠰᠡᠨ ᠦᠭᠡᠢ ᠪᠠᠶᠢᠪᠠᠯ᠂ | ᠶᠠᠮᠠᠷᠪᠠ ᠨᠢᠭᠡᠴᠢ ᠪᠤᠶᠤ ᠬᠤᠪᠢ ᠬᠥᠮᠦᠨ ᠭᠡᠳ ᠠᠷᠠᠯᠵᠢᠶᠠᠨ ᠤ ᠲᠠᠯᠠᠪᠤᠷ ᠭᠠᠵᠠᠷ ᠪᠠᠶᠢᠭᠤᠯᠵᠤ ᠪᠣᠯᠬᠤ ᠦᠭᠡᠢ᠂ | ᠶᠠᠮᠠᠷᠪᠠ ᠬᠡᠯᠪᠡᠷᠢ ᠪᠠᠷ ᠠᠷᠠᠯᠵᠢᠶᠠᠨ ᠤ ᠲᠠᠯᠠᠪᠤᠷ ᠭᠠᠵᠠᠷ ᠤᠨ ᠠᠷᠠᠯᠵᠢᠶ᠎ᠠ ᠵᠢᠴᠢ ᠬᠠᠮᠢᠶ᠎ᠠ ᠪᠦᠬᠦᠢ ᠠᠵᠢᠯᠯᠠᠭ᠎ᠠ ᠶᠢ | ᠵᠣᠬᠢᠶᠠᠨ ᠪᠠᠶᠢᠭᠤᠯᠵᠤ ᠪᠣᠯᠬᠤ ᠦᠭᠡᠢ᠃ | ᠠᠷᠠᠯᠵᠢᠶᠠᠨ ᠤ ᠲᠠᠯᠠᠪᠤᠷ ᠭᠠᠵᠠᠷ ᠤᠨ ᠡᠵᠡᠩᠨᠡᠯᠲᠡ ᠶᠢᠨ ᠬᠦᠷᠢᠶ᠎ᠡ ᠬᠡᠪᠴᠢᠶ᠎ᠡ ᠨᠢ ᠲᠡᠳᠡᠭᠡᠷ ᠤᠨ | ᠨᠡᠷᠡᠶᠢᠳᠦᠯ ᠲᠠᠢ ᠪᠠᠨ ᠨᠢᠭᠡᠳᠦᠯᠲᠡᠶ ᠪᠠᠶᠢᠬᠤ ᠬᠡᠷᠡᠭᠲᠡᠶ᠃ ᠨᠡᠷᠡᠶᠢᠳᠦᠯ ᠳᠤ ᠪᠠᠨ ︽ᠠᠷᠠᠯᠵᠢᠶᠠᠨ ᠤ ᠭᠠᠵᠠᠷ︾ ᠪᠤᠶᠤ | ︽ᠠᠷᠠᠯᠵᠢᠶᠠᠨ ᠤ ᠲᠥᠪ︾ ᠭᠡᠰᠡᠨ ᠦᠬᠡ ᠦᠰᠦᠭ ᠢ ᠬᠡᠷᠡᠭᠯᠡᠭᠰᠡᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠬᠦ ᠠᠴᠠ ᠡᠮᠦᠨ᠎ᠡ᠂ ᠡᠯ᠎ᠡ ᠲᠥᠷᠥᠯ ᠤᠨ ᠠᠷᠠᠯᠵᠢᠶᠠᠨ ᠤ | ᠲᠠᠯᠠᠪᠤᠷ ᠭᠠᠵᠠᠷ ᠤᠨ ᠢᠯᠭᠠᠷᠠᠭᠤᠯᠤᠨ ᠴᠡᠭᠴᠡᠯᠡᠬᠦ ᠶᠠᠮᠤᠨ ᠤ ᠬᠤᠭᠤᠷᠣᠨᠳᠣᠬᠢ ᠬᠠᠮᠲᠤᠷᠠᠭᠰᠠᠨ ᠬᠤᠷᠠᠯ ᠠᠴᠠ ᠰᠠᠨᠠᠯ | ᠬᠤᠷᠢᠶᠠᠬᠤ ᠬᠡᠷᠡᠭᠲᠡᠶ᠃ | ᠳᠡᠭᠡᠷ᠎ᠡ ᠳᠤᠷᠠᠳᠤᠭᠰᠠᠨ ᠲᠣᠭᠲᠠᠭᠠᠯ ᠶᠣᠰᠣᠭᠠᠷ ᠵᠥᠪᠰᠢᠶᠡᠷᠡᠭᠰᠡᠨ ᠦᠭᠡᠢ ᠪᠤᠶᠤ ᠳᠡᠭᠡᠷᠡᠬᠢ ᠲᠣᠭᠲᠠᠭᠠᠯ ᠠᠴᠠ | ᠵᠥᠷᠢᠴᠡᠵᠦ ᠨᠡᠷᠡᠶᠢᠳᠦᠯ ᠳᠤ ᠪᠠᠨ ︽ᠠᠷᠠᠯᠵᠢᠶᠠᠨ ᠤ ᠭᠠᠵᠠᠷ︾ ᠪᠤᠶᠤ ︽ᠠᠷᠠᠯᠵᠢᠶᠠᠨ ᠤ ᠲᠥᠪ︾ ᠭᠡᠰᠡᠨ ᠦᠬᠡ | ᠦᠰᠦᠭ ᠢ ᠬᠡᠷᠡᠭᠯᠡᠭᠰᠡᠨ ᠠᠷᠠᠯᠵᠢᠶᠠᠨ ᠤ ᠲᠠᠯᠠᠪᠤᠷ ᠭᠠᠵᠠᠷ ᠲᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠥᠴᠢᠷ ᠨᠢ ᠲᠡᠳᠡᠨ ᠳᠤ ᠳᠠᠩᠰᠠᠯᠠᠭᠤᠯᠤᠨ ᠲᠡᠮᠳᠡᠭᠯᠡᠭᠦᠯᠬᠦ ᠭᠠᠷᠳᠠᠮ ᠭᠦᠢᠴᠡᠳᠬᠡᠨ ᠥᠭᠴᠦ ᠪᠣᠯᠬᠤ | ᠦᠭᠡᠢ᠃ | ᠠᠷᠪᠠᠳᠤᠭᠠᠷ ᠵᠦᠢᠯ ᠠᠷᠠᠯᠵᠢᠶᠠᠨ ᠤ ᠲᠠᠯᠠᠪᠤᠷ ᠭᠠᠵᠠᠷ ᠢ ᠰᠢᠨ᠎ᠡ ᠪᠠᠷ ᠪᠠᠶᠢᠭᠤᠯᠬᠤ ᠳᠤ᠂ ᠺᠣᠮᠫᠠᠨᠢ ᠶᠢᠨ | ᠳᠦᠷᠢᠮᠲᠦ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠶᠢ ᠬᠡᠷᠡᠭᠯᠡᠬᠦ ᠬᠡᠷᠡᠭᠲᠡᠢ᠂ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠺᠣᠮᠫᠠᠨᠢ ᠶᠢᠨ ᠬᠠᠤᠯᠢ︾ ᠶᠢᠨ ᠲᠣᠭᠲᠠᠭᠠᠯ ᠳᠤ ᠨᠡᠶᠢᠴᠡᠭᠦᠯᠬᠦ ᠠᠴᠠ ᠭᠠᠳᠠᠨ᠎ᠠ᠂ ᠪᠠᠰᠠ ᠳᠣᠤᠷᠠᠬᠢ | ᠨᠥᠬᠦᠴᠡᠯ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠶ᠄ | ︵ᠨᠢᠭᠡ︶ ᠡᠭᠦᠰᠭᠡᠨ ᠪᠠᠶᠢᠭᠤᠯᠤᠭᠴᠢᠳ ᠨᠢ ᠵᠣᠬᠢᠬᠤ ᠬᠡᠮᠵᠢᠶᠡᠨ ᠤ ᠬᠥᠷᠥᠩᠭᠡ ᠶᠢᠨ ᠪᠣᠳᠠᠲᠤ ᠬᠦᠴᠦᠨ ᠪᠠ | ᠲᠦᠭᠰᠢᠭᠦᠷᠢ ᠳᠠᠭᠠᠭᠠᠬᠤ ᠴᠢᠳᠠᠪᠤᠷᠢ ᠲᠠᠢ ᠪᠠᠶᠢᠬᠤ ᠬᠡᠷᠡᠭᠲᠡᠶ᠂ ᠠᠵᠤ ᠠᠬᠤᠶᠢᠯᠠᠯ ᠤᠨ ᠡᠭᠦᠰᠭᠡᠨ ᠪᠠᠶᠢᠭᠤᠯᠤᠭᠴᠢ ᠨᠢ | ᠪᠠᠰᠠ ᠬᠠᠮᠢᠶ᠎ᠠ ᠪᠦᠬᠦᠢ ᠠᠵᠢᠯ ᠲᠥᠷᠥᠯ ᠳᠤ ᠲᠡᠷᠢᠭᠦᠯᠡᠬᠦ ᠪᠤᠶᠤ ᠳᠠᠪᠠᠭᠤᠯᠢᠭ ᠪᠠᠶᠢᠷᠢ ᠰᠠᠭᠤᠷᠢ ᠲᠠᠢ ᠪᠠᠶᠢᠬᠤ ᠬᠡᠷᠡᠭᠲᠡᠶ᠂ | ᠳᠠᠩᠰᠠᠯᠠᠭᠤᠯᠤᠭᠰᠠᠨ ᠬᠥᠷᠥᠩᠭᠡ ᠨᠢ ᠡᠵᠡᠩᠨᠡᠯᠲᠡ ᠶᠢᠨ ᠠᠵᠢᠯᠯᠠᠭ᠎ᠠ ᠪᠠ ᠲᠦᠭᠰᠢᠭᠦᠷᠢ ᠰᠢᠢᠳᠪᠦᠷᠢᠯᠡᠬᠦ ᠬᠡᠷᠡᠭᠴᠡᠭᠡ ᠶᠢ | ᠬᠠᠩᠭᠠᠵᠤ᠂ ᠳᠠᠩᠰᠠᠯᠠᠭᠤᠯᠤᠭᠰᠠᠨ ᠬᠥᠷᠥᠩᠭᠡ ᠪᠠᠨ ᠠᠵᠢᠯᠯᠠᠵᠤ ᠡᠬᠢᠯᠡᠬᠦ ᠠᠴᠠ ᠡᠮᠦᠨ᠎ᠡ ᠭᠦᠢᠴᠡᠳ ᠲᠤᠰᠢᠶᠠᠭᠰᠠᠨ | ᠮᠥᠷᠲᠡᠭᠡᠨ ᠪᠣᠳᠠᠲᠠᠶ ᠲᠤᠰᠢᠶᠠᠭᠰᠠᠨ ᠵᠣᠭᠤᠰ ᠪᠠᠶᠢᠯᠭᠠᠬᠤ ᠬᠡᠷᠡᠭᠲᠡᠶ᠂ ᠪᠣᠳᠠᠲᠠᠶ ᠬᠢᠵᠠᠭᠠᠷᠯᠠᠬᠤ ᠲᠤᠭ᠎ᠠ ᠶᠢ | ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ | ᠪᠣᠳᠠᠲᠠᠢ ᠪᠠᠶᠢᠳᠠᠯ ᠢ ᠦᠨᠳᠦᠰᠦᠯᠡᠵᠦ ᠥᠪᠡᠰᠦᠪᠡᠨ ᠲᠣᠭᠲᠠᠭᠠᠬᠤ ᠬᠡᠷᠡᠭᠲᠡᠢ︔ | ︵ᠬᠤᠶᠠᠷ︶ ᠠᠷᠠᠯᠵᠢᠶᠠᠨ ᠤ ᠲᠠᠯᠠᠪᠤᠷ ᠭᠠᠵᠠᠷ ᠤᠨ ᠠᠵᠢᠯᠲᠠᠳ ᠵᠣᠬᠢᠬᠤ ᠲᠤᠰᠬᠠᠶ ᠮᠡᠷᠭᠡᠵᠢᠯ ᠤᠨ ᠮᠡᠳᠡᠯᠭᠡ | ᠪᠠ ᠡᠨᠡ ᠬᠦ ᠠᠵᠢᠯ ᠢ ᠡᠷᠬᠢᠯᠡᠬᠦ ᠲᠤᠷᠰᠢᠯᠭ᠎ᠠ ᠲᠠᠢ ᠪᠠᠶᠢᠬᠤ ᠬᠡᠷᠡᠭᠲᠡᠶ᠃ ᠠᠷᠠᠯᠵᠢᠶᠠᠨ ᠤ ᠲᠠᠯᠠᠪᠤᠷ ᠭᠠᠵᠠᠷ ᠤᠨ | ᠬᠠᠤᠯᠢ ᠪᠠᠷ ᠲᠣᠭᠲᠠᠭᠠᠭᠰᠠᠨ ᠲᠦᠯᠦᠬᠡᠯᠡᠬᠦ ᠭᠦᠮᠦᠨ᠂ ᠬᠡᠷᠡᠭ ᠮᠡᠳᠡᠭᠴᠢ᠂ ᠬᠢᠨᠠᠯᠲᠠ ᠲᠠᠯᠪᠢᠭᠴᠢ᠂ ᠳᠡᠭᠡᠳᠦ ᠳᠡᠰ ᠤᠨ | ᠬᠠᠮᠢᠶᠠᠷᠤᠯᠲᠠ ᠶᠢᠨ ᠠᠵᠢᠯᠲᠠᠨ ︵ᠶᠡᠷᠦᠩᠬᠡᠶ ᠳᠠᠭᠠᠭᠠᠮᠠᠯ᠂ ᠳᠡᠳ᠋ ᠶᠡᠷᠦᠩᠬᠡᠶ ᠳᠠᠭᠠᠭᠠᠮᠠᠯ ᠵᠢᠴᠢ ᠵᠣᠬᠢᠬᠤ ᠲᠡᠰ ᠤᠨ | ᠬᠥᠮᠦᠰ ᠪᠠᠭᠲᠠᠨ᠎ᠠ︶ ᠤ ᠲᠤᠰᠢᠶᠠᠯ ᠡᠭᠦᠷᠭᠡᠯᠡᠭᠴᠢᠳ ᠨᠢ ᠣᠶᠢᠷ᠎ᠠ ᠶᠢᠨ 5 ᠵᠢᠯ ᠳᠤ ᠬᠦᠨᠳᠦ ᠶᠡᠭᠡ ᠬᠠᠤᠯᠢ | ᠵᠥᠷᠢᠴᠡᠭᠰᠡᠨ ᠲᠡᠮᠳᠡᠭᠯᠡᠯ ᠪᠠ ᠬᠦᠨᠳᠦ ᠨᠣᠴᠢᠲᠠᠶ ᠢᠲᠡᠬᠡᠮᠵᠢ ᠠᠯᠳᠠᠭᠰᠠᠨ ᠮᠡᠳᠡᠭᠡ ᠵᠠᠩᠭᠢ ᠥᠬᠡᠶ ᠪᠠᠶᠢᠵᠤ᠂ ᠬᠠᠷᠠᠬᠠᠨ | ᠰᠢᠢᠳᠪᠦᠷᠢᠯᠡᠵᠦ ᠳᠠᠭᠤᠰᠤᠭᠠᠳᠤᠢ ᠴᠢᠬᠤᠯᠠ ᠶᠡᠭᠡ ᠠᠵᠤ ᠠᠬᠤᠢ ᠶᠢᠨ ᠵᠢᠭᠤᠷᠠᠯᠳᠤᠭᠠᠨ ᠤ ᠬᠡᠷᠡᠭ ᠲᠤ | ᠬᠤᠯᠪᠣᠭᠳᠠᠭᠰᠠᠨ ᠥᠬᠡᠶ ᠪᠠᠶᠢᠬᠤ ᠬᠡᠷᠡᠭᠲᠡᠢ︔ | ︵ᠭᠤᠷᠪᠠ︶ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠨᠢ ᠪᠦᠷᠢᠨ ᠲᠡᠭᠦᠯᠳᠡᠷ ᠪᠠ ᠲᠤᠬᠠᠶᠢᠯᠠᠭᠰᠠᠨ | ᠠᠵᠢᠯ ᠤᠨ ᠳᠦᠷᠢᠮ᠂ ᠲᠦᠭᠰᠢᠭᠦᠷᠢ ᠶᠢᠨ ᠬᠠᠮᠢᠶᠠᠷᠤᠯᠲᠠ ᠪᠠ ᠳᠣᠲᠣᠭᠠᠳᠤ ᠶᠢᠨ ᠡᠵᠡᠮᠳᠡᠬᠦ ᠳᠦᠷᠢᠮ ᠨᠢ | ᠲᠡᠭᠦᠯᠳᠡᠷᠵᠢᠭᠰᠡᠨ ᠪᠠᠶᠢᠵᠤ᠂ ᠠᠵᠢᠯ ᠲᠥᠷᠥᠯ ᠤᠨ ᠬᠥᠭᠵᠢᠯᠲᠡ ᠶᠢᠨ ᠲᠥᠯᠥᠪᠵᠢᠭᠦᠯᠭᠡ ᠳᠤ ᠨᠡᠶᠢᠴᠡᠭᠰᠡᠨ᠂ ᠪᠣᠳᠠᠲᠤ | ᠴᠣᠭᠴᠠ ᠶᠢᠨ ᠠᠵᠤ ᠠᠬᠤᠶ ᠳᠤ ᠦᠢᠯᠡᠴᠢᠯᠡᠬᠦ ᠬᠤᠳᠠᠯᠳᠤᠭᠠᠨ ᠤ ᠲᠥᠯᠥᠪᠯᠡᠭᠡ ᠶᠢᠨ ᠪᠢᠴᠢᠭ᠂ ᠬᠠᠤᠯᠢ | ᠲᠣᠭᠲᠠᠭᠠᠯ ᠳᠤ ᠨᠡᠶᠢᠴᠡᠭᠰᠡᠨ ᠡᠵᠡᠩᠨᠡᠯᠲᠡ ᠶᠢᠨ ᠠᠮᠠᠯᠠᠯᠲᠠ ᠶᠢᠨ ᠪᠢᠴᠢᠭ ᠲᠠᠢ ᠪᠠᠶᠢᠬᠤ ᠬᠡᠷᠡᠭᠲᠡᠢ︔ | ︵ᠳᠥᠷᠪᠡ︶ ᠲᠣᠳᠣᠷᠬᠠᠶ ᠠᠷᠠᠯᠵᠢᠶᠠᠯᠠᠬᠤ ᠲᠥᠷᠥᠯ ᠵᠦᠢᠯ ᠲᠠᠢ ᠪᠠᠶᠢᠬᠤ ᠬᠡᠷᠡᠭᠲᠡᠢ᠂ ᠡᠭᠦᠨ ᠳᠤ᠂ | ᠲᠠᠸᠠᠷ ᠤᠨ ᠪᠡᠯᠡᠨ ᠪᠠᠷᠠᠭᠠᠨ ᠤ ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠲᠤ ᠠᠷᠠᠯᠵᠢᠶᠠᠯᠠᠬᠤ ᠲᠥᠷᠥᠯ ᠵᠦᠢᠯ | ᠨᠢ ᠵᠠᠷᠴᠢᠮ ᠳᠡᠭᠡᠷ᠎ᠡ ᠪᠠᠨ ᠲᠣᠰ ᠭᠠᠵᠠᠷ ᠣᠷᠣᠨ ᠤ ᠠᠵᠤ ᠦᠢᠯᠡᠰ ᠯᠦᠭᠡ ᠬᠤᠯᠪᠣᠭ᠎ᠠ ᠲᠠᠢ ᠪᠠᠶᠢᠬᠤ ᠬᠡᠷᠡᠭᠲᠡᠶ︔ | ︵ᠲᠠᠪᠤ︶ ᠱᠠᠭᠠᠷᠳᠠᠯᠭ᠎ᠠ ᠳᠤ ᠨᠡᠶᠢᠴᠡᠭᠰᠡᠨ ᠡᠵᠡᠩᠨᠡᠯᠲᠡ ᠶᠢᠨ ᠲᠠᠯᠠᠪᠤᠷ ᠭᠠᠵᠠᠷ ᠪᠠ ᠠᠮᠤᠷ ᠲᠦᠪᠰᠢᠨ | ᠲᠣᠭᠲᠠᠭᠤᠨ ᠠᠷᠠᠯᠵᠢᠶᠠᠨ ᠤ ᠮᠡᠳᠡᠭᠡ ᠵᠠᠩᠭᠢ ᠶᠢᠨ ᠰᠢᠰᠲ᠋ᠧᠮ ᠲᠠᠢ ᠪᠠᠶᠢᠬᠤ ᠬᠡᠷᠡᠭᠲᠡᠢ︔ | ︵ᠵᠢᠷᠭᠤᠭ᠎ᠠ︶ ᠳᠠᠩᠰᠠᠯᠠᠭᠤᠯᠤᠭᠰᠠᠨ ᠭᠠᠵᠠᠷ᠂ ᠪᠣᠳᠠᠲᠠᠶ ᠡᠵᠡᠩᠨᠡᠯᠲᠡ ᠶᠢᠨ ᠭᠠᠵᠠᠷ ᠨᠢ ᠨᠢᠭᠡᠳᠦᠯᠲᠡᠶ ᠪᠠᠶᠢᠬᠤ | ᠬᠡᠷᠡᠭᠲᠡᠢ︔ | ︵ᠳᠣᠯᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠲᠦᠷᠢᠮ ᠵᠢᠴᠢ ᠲᠥᠷᠥ ᠶᠢᠨ | ᠶᠠᠪᠤᠳᠠᠯ ᠤᠨ ᠬᠤᠷᠢᠶᠠᠨ ᠤ ᠬᠠᠮᠢᠶ᠎ᠠ ᠪᠥᠬᠦᠶ ᠶᠠᠮᠤᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠲᠣᠭᠲᠠᠭᠠᠭᠰᠠᠨ ᠪᠤᠰᠤᠳ ᠪᠣᠯᠭᠤᠮᠵᠢᠯᠠᠬᠤ ᠨᠥᠬᠦᠴᠡᠯ ᠲᠠᠢ ᠪᠠᠶᠢᠬᠤ | ᠬᠡᠷᠡᠭᠲᠡᠢ᠃ | ᠠᠷᠪᠠᠨ ᠨᠢᠭᠡᠳᠦᠭᠡᠷ ᠵᠦᠢᠯ ᠠᠷᠠᠯᠵᠢᠶᠠᠨ ᠤ ᠲᠠᠯᠠᠪᠤᠷ ᠭᠠᠵᠠᠷ ᠪᠠᠶᠢᠭᠤᠯᠬᠤ ᠪᠠᠷ ᠭᠤᠶᠤᠴᠢᠯᠠᠬᠤ ᠳᠤ᠂ | ᠳᠣᠤᠷᠠᠬᠢ ᠭᠤᠶᠤᠴᠢᠯᠠᠯ ᠤᠨ ᠮᠠᠲ᠋ᠧᠷᠢᠶᠠᠯ ᠢ ᠲᠤᠰᠢᠶᠠᠬᠤ ᠬᠡᠷᠡᠭᠲᠡᠶ᠄ | ︵ᠨᠢᠭᠡ︶ ᠪᠠᠶᠢᠭᠤᠯᠬᠤ ᠭᠤᠶᠤᠴᠢᠯᠠᠯ ᠤᠨ ᠪᠢᠴᠢᠭ᠃ ᠠᠭᠤᠯᠭ᠎ᠠ ᠳᠤ ᠨᠢ ᠪᠠᠶᠢᠭᠤᠯᠬᠤ ᠪᠠᠷ ᠪᠠᠶᠢᠭ᠎ᠠ | ᠠᠷᠠᠯᠵᠢᠶᠠᠨ ᠤ ᠲᠠᠯᠠᠪᠤᠷ ᠭᠠᠵᠠᠷ ᠤᠨ ᠨᠡᠷᠡᠶᠢᠳᠦᠯ᠂ ᠳᠠᠩᠰᠠᠯᠠᠭᠤᠯᠬᠤ ᠭᠠᠵᠠᠷ᠂ ᠡᠵᠡᠩᠨᠡᠬᠦ ᠬᠦᠷᠢᠶ᠎ᠡ ᠬᠡᠪᠴᠢᠶ᠎ᠡ᠂ | ᠳᠠᠩᠰᠠᠯᠠᠭᠤᠯᠬᠤ ᠬᠥᠷᠥᠩᠭᠡ᠂ ᠰᠲ᠋ᠣᠺ ᠤᠨ ᠡᠷᠬᠡ ᠶᠢᠨ ᠪᠦᠲᠦᠴᠡ᠂ ᠠᠷᠠᠯᠵᠢᠶᠠᠯᠠᠬᠤ ᠲᠥᠷᠥᠯ ᠵᠦᠢᠯ᠂ | ᠠᠷᠠᠯᠵᠢᠶᠠᠯᠠᠬᠤ ᠠᠷᠭ᠎ᠠ ᠮᠠᠶ᠋ᠢᠭ ᠵᠡᠷᠭᠡ ᠦᠨᠳᠦᠰᠦᠨ ᠮᠡᠳᠡᠭᠡ ᠵᠠᠩᠭᠢ ᠶᠢ ᠪᠠᠭᠲᠠᠭᠠᠭᠰᠠᠨ ᠪᠠᠶᠢᠬᠤ ᠬᠡᠷᠡᠭᠲᠡᠢ︔ | ︵ᠬᠤᠶᠠᠷ︶ ᠪᠣᠯᠤᠮᠵᠢᠲᠤ ᠰᠤᠳᠤᠯᠭᠠᠨ ᠤ ᠮᠡᠳᠡᠭᠦᠯᠦᠯᠲᠡ᠃ ᠡᠭᠦᠨ ᠳᠤ ᠠᠷᠠᠯᠵᠢᠶᠠᠨ ᠤ ᠲᠠᠯᠠᠪᠤᠷ ᠭᠠᠵᠠᠷ | ᠪᠠᠶᠢᠭᠤᠯᠬᠤ ᠪᠠᠷ ᠪᠠᠶᠢᠭ᠎ᠠ ᠵᠣᠷᠢᠯᠭ᠎ᠠ᠂ ᠪᠣᠯᠤᠮᠵᠢᠲᠤ ᠴᠢᠨᠠᠷ᠂ ᠴᠢᠬᠤᠯᠠ ᠴᠢᠨᠠᠷ᠂ ᠵᠠᠬ᠎ᠠ ᠳᠡᠯᠭᠡᠭᠦᠷ ᠤᠨ ᠨᠥᠬᠦᠴᠡᠯ᠂ | ᠠᠷᠠᠯᠵᠢᠶᠠᠯᠠᠬᠤ ᠲᠥᠷᠥᠯ ᠵᠦᠢᠯ ᠤᠨ ᠵᠢᠷᠤᠭ ᠲᠥᠯᠥᠪᠯᠡᠭᠡ᠂ ᠲᠦᠭᠰᠢᠭᠦᠷᠢ ᠶᠢ ᠡᠵᠡᠮᠳᠡᠬᠦ ᠴᠢᠳᠠᠪᠤᠷᠢ ᠵᠢᠴᠢ ᠠᠷᠭ᠎ᠠ | ᠬᠡᠮᠵᠢᠶ᠎ᠡ᠂ ᠢᠷᠡᠭᠡᠳᠦᠶ ᠶᠢᠨ ᠲᠤᠬᠠᠶᠢᠯᠠᠭᠰᠠᠨ ᠠᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠵᠢᠴᠢ ᠨᠡᠶᠢᠭᠡᠮ ᠤᠨ | ᠠᠵᠤ ᠠᠬᠤᠶ ᠶᠢᠨ ᠦᠷ᠎ᠡ ᠠᠰᠢᠭ ᠤᠨ ᠵᠠᠳᠠᠯᠤᠯᠲᠠ ᠵᠡᠷᠭᠡ ᠶᠢ ᠪᠠᠭᠲᠠᠭᠠᠬᠤ ᠪᠥᠭᠡᠳ ᠡᠳᠡᠭᠡᠷ ᠲᠤ ᠬᠢᠵᠠᠭᠠᠷᠯᠠᠭᠳᠠᠬᠤ | ᠥᠬᠡᠶ ᠪᠠᠶᠢᠬᠤ ᠬᠡᠷᠡᠭᠲᠡᠢ︔ | ︵ᠭᠤᠷᠪᠠ︶ ᠺᠣᠮᠫᠠᠨᠢ ᠶᠢᠨ ᠲᠦᠷᠢᠮ ᠵᠢᠴᠢ ᠳᠣᠲᠣᠭᠠᠳᠤ ᠳᠠᠬᠢ ᠡᠵᠡᠮᠳᠡᠬᠦ ᠲᠦᠷᠢᠮ᠃ ᠺᠣᠮᠫᠠᠨᠢ ᠶᠢᠨ | ᠲᠦᠷᠢᠮ ᠳᠤ ᠪᠠᠶᠢᠭᠤᠯᠬᠤ ᠪᠠᠷ ᠪᠠᠶᠢᠭ᠎ᠠ ᠠᠷᠠᠯᠵᠢᠶᠠᠨ ᠤ ᠲᠠᠯᠠᠪᠤᠷ ᠭᠠᠵᠠᠷ ᠤᠨ ᠳᠣᠲᠣᠭᠠᠳᠤ ᠳᠠᠬᠢ ᠵᠣᠬᠢᠶᠠᠨ | ᠪᠠᠶᠢᠭᠤᠯᠤᠯᠲᠠ᠂ ᠪᠠᠶᠢᠭᠤᠯᠬᠤ ᠠᠷᠭ᠎ᠠ ᠬᠡᠯᠪᠡᠷᠢ᠂ ᠡᠭᠦᠰᠭᠡᠨ ᠪᠠᠶᠢᠭᠤᠯᠤᠭᠴᠢ ᠶᠢᠨ ᠪᠠᠶᠢᠳᠠᠯ᠂ ᠠᠵᠢᠯ ᠶᠠᠪᠤᠳᠠᠯ | ᠵᠥᠪᠯᠡᠬᠦ ᠲᠦᠷᠢᠮ᠂ ᠲᠠᠷᠠᠭᠠᠬᠤ ᠤᠴᠢᠷ ᠰᠢᠯᠲᠠᠭᠠᠨ ᠵᠢᠴᠢ ᠢᠯᠭᠠᠷᠠᠭᠤᠯᠤᠨ ᠨᠠᠷᠢᠪᠴᠢᠯᠠᠵᠤ ᠲᠣᠭᠠᠴᠠᠭᠠᠯᠠᠬᠤ ᠠᠷᠭ᠎ᠠ | ᠵᠡᠷᠭᠡ ᠶᠢ ᠪᠠᠭᠲᠠᠭᠠᠬᠤ ᠬᠡᠷᠡᠭᠲᠡᠢ᠃ ᠳᠣᠲᠣᠭᠠᠳᠤ ᠳᠠᠬᠢ ᠡᠵᠡᠮᠳᠡᠬᠦ ᠲᠦᠷᠢᠮ ᠳᠤ ᠠᠷᠠᠯᠵᠢᠶᠠᠯᠠᠬᠤ ᠲᠦᠷᠢᠮ᠂ | ᠠᠷᠠᠯᠵᠢᠶᠠᠯᠠᠬᠤ ᠪᠠᠯᠠ ᠮᠥᠩᠭᠦᠨ ᠤ ᠬᠠᠮᠢᠶᠠᠷᠤᠯᠲᠠ ᠶᠢᠨ ᠲᠦᠷᠢᠮ᠂ ᠪᠠᠯᠠ ᠣᠷᠣᠭᠤᠯᠤᠭᠴᠢᠳ ᠲᠤ | ᠲᠣᠬᠢᠷᠠᠯᠴᠠᠭᠤᠯᠤᠭᠰᠠᠨ ᠲᠦᠷᠢᠮ᠂ ᠭᠡᠰᠢᠭᠦᠳ ᠤᠨ ᠬᠠᠮᠢᠶᠠᠷᠤᠯᠲᠠ ᠶᠢᠨ ᠲᠦᠷᠢᠮ᠂ ᠮᠡᠳᠡᠭᠡ ᠵᠠᠩᠭᠢ ᠨᠡᠶᠢᠲᠡᠯᠡᠬᠦ | ᠲᠦᠷᠢᠮ᠂ ᠲᠦᠭᠰᠢᠭᠦᠷᠢ ᠶᠢᠨ ᠬᠠᠮᠢᠶᠠᠷᠤᠯᠲᠠ ᠶᠢᠨ ᠲᠦᠷᠢᠮ᠂ ᠡᠳ᠋ ᠤᠨ ᠶᠠᠪᠤᠳᠠᠯ ᠤᠨ ᠲᠦᠷᠢᠮ᠂ ᠪᠠᠴᠢᠮ ᠪᠠᠶᠢᠳᠠᠯ ᠢ | ᠠᠷᠭᠠᠴᠠᠭᠠᠨ ᠰᠢᠢᠳᠪᠦᠷᠢᠯᠡᠬᠦ ᠪᠡᠯᠡᠳᠬᠡᠯ ᠲᠥᠰᠦᠯ ᠵᠡᠷᠭᠡ ᠶᠢ ᠪᠠᠭᠲᠠᠭᠠᠬᠤ ᠬᠡᠷᠡᠭᠲᠡᠢ︔ | ︵ᠳᠥᠷᠪᠡ︶ ᠡᠭᠦᠰᠭᠡᠨ ᠪᠠᠶᠢᠭᠤᠯᠤᠭᠴᠢ ︵ᠪᠡᠯᠡ ᠭᠠᠷᠭᠠᠭᠴᠢ︶ ᠶᠢᠨ ᠦᠨᠳᠦᠰᠦᠨ ᠪᠠᠶᠢᠳᠠᠯ᠃ ᠠᠵᠤ | ᠠᠬᠤᠶᠢᠯᠠᠯ ᠤᠨ ᠡᠭᠦᠰᠭᠡᠨ ᠪᠠᠶᠢᠭᠤᠯᠤᠭᠴᠢ ︵ᠪᠠᠯᠠ ᠭᠠᠷᠭᠠᠭᠴᠢ︶ ᠶᠢᠨ ᠦᠨᠳᠦᠰᠦᠨ ᠪᠠᠶᠢᠳᠠᠯ ᠳᠤ ᠨᠡᠷᠡᠶᠢᠳᠦᠯ᠂ | ᠬᠠᠤᠯᠢ ᠪᠠᠷ ᠲᠣᠭᠲᠠᠭᠠᠭᠰᠠᠨ ᠲᠦᠯᠦᠬᠡᠯᠡᠬᠦ ᠭᠦᠮᠦᠨ᠂ ᠳᠠᠩᠰᠠᠯᠠᠭᠤᠯᠬᠤ ᠬᠥᠷᠥᠩᠭᠡ᠂ ᠪᠣᠳᠠᠲᠠᠶ ᠲᠤᠰᠢᠶᠠᠬᠤ | ᠬᠥᠷᠥᠩᠭᠡ᠂ ᠳᠠᠩᠰᠠᠯᠠᠭᠤᠯᠬᠤ ᠭᠠᠵᠠᠷ᠂ ᠡᠵᠡᠩᠨᠡᠯᠲᠡ ᠶᠢᠨ ᠦᠨᠡᠮᠯᠡᠯ᠂ ᠭᠠᠶᠢᠯᠢ ᠶᠢᠨ ᠶᠠᠪᠤᠳᠠᠯ ᠤᠨ ᠳᠠᠩᠰᠠᠯᠠᠨ | ᠲᠡᠮᠳᠡᠭᠯᠡᠬᠦ ᠦᠨᠡᠮᠯᠡᠯ᠂ ᠣᠶᠢᠷ᠎ᠠ ᠶᠢᠨ ᠬᠤᠶᠠᠷ ᠵᠢᠯ ᠳᠠᠬᠢ ᠬᠢᠨᠠᠨ ᠪᠣᠳᠣᠯᠲᠠ ᠬᠢᠯᠭᠡᠭᠰᠡᠨ ᠡᠳ᠋ ᠤᠨ ᠶᠠᠪᠤᠳᠠᠯ ᠤᠨ | ᠮᠡᠳᠡᠭᠦᠯᠦᠯᠲᠡ᠂ ᠡᠵᠡᠩᠨᠡᠭᠰᠡᠨ ᠬᠥᠭᠵᠢᠯᠲᠡ ᠶᠢᠨ ᠪᠠᠶᠢᠳᠠᠯ᠂ ᠣᠶᠢᠷ᠎ᠠ ᠶᠢᠨ ᠭᠤᠷᠪᠠᠨ ᠵᠢᠯ ᠳᠠᠬᠢ ᠢᠲᠡᠭᠡᠮᠵᠢ ᠶᠢᠨ | ᠪᠠᠶᠢᠳᠠᠯ ᠵᠡᠷᠭᠡ ᠶᠢ ᠪᠠᠭᠲᠠᠭᠠᠬᠤ ᠬᠡᠷᠡᠭᠲᠡᠢ᠃ ᠪᠠᠶᠢᠭᠠᠯᠢ ᠬᠥᠮᠦᠨ ᠪᠣᠯᠬᠤ ᠡᠭᠦᠰᠭᠡᠨ ᠪᠠᠶᠢᠭᠤᠯᠤᠭᠴᠢ ︵ᠪᠠᠯᠠ | ᠭᠠᠷᠭᠠᠭᠴᠢ︶ ᠶᠢᠨ ᠦᠨᠳᠦᠰᠦᠨ ᠪᠠᠶᠢᠳᠠᠯ ᠳᠤ ᠬᠤᠪᠢ ᠬᠥᠮᠥᠨ ᠤ ᠲᠣᠪᠴᠢ ᠨᠠᠮᠲᠠᠷ᠂ ᠪᠡᠶ᠎ᠡ ᠶᠢᠨ ᠦᠨᠡᠮᠯᠡᠯ ᠤᠨ | ᠬᠠᠭᠤᠯᠪᠤᠷᠢ᠂ ᠬᠤᠪᠢ ᠬᠥᠮᠦᠨ ᠤ ᠢᠲᠡᠭᠡᠮᠵᠢ ᠶᠢᠨ ᠮᠡᠳᠡᠭᠦᠯᠦᠯᠲᠡ᠂ ᠪᠠᠯᠠ ᠭᠠᠷᠭᠠᠬᠤ ᠴᠢᠳᠠᠯ ᠵᠡᠷᠭᠡ ᠶᠢ ᠪᠠᠭᠲᠠᠭᠠᠬᠤ | ᠬᠡᠷᠡᠭᠲᠡᠢ︔ | ︵ᠲᠠᠪᠤ︶ ᠬᠡᠷᠡᠭ ᠮᠡᠳᠡᠭᠴᠢ᠂ ᠬᠢᠨᠠᠯᠲᠠ ᠲᠠᠯᠪᠢᠭᠴᠢ᠂ ᠳᠡᠭᠡᠳᠦ ᠳᠡᠰ ᠤᠨ ᠬᠠᠮᠢᠶᠠᠷᠤᠯᠲᠠ ᠶᠢᠨ ᠠᠵᠢᠯᠳᠠᠨ ᠤ | ᠲᠤᠰᠢᠶᠠᠯ ᠳᠤ ᠲᠣᠮᠢᠯᠠᠬᠤ ᠪᠠᠷ ᠪᠠᠶᠢᠭ᠎ᠠ ᠬᠥᠮᠥᠰ ᠤᠨ ᠲᠣᠪᠴᠢ ᠨᠠᠮᠲᠠᠷ᠂ ᠪᠡᠶ᠎ᠡ ᠶᠢᠨ ᠦᠨᠡᠮᠯᠡᠯ ᠤᠨ ᠬᠠᠭᠤᠯᠪᠤᠷᠢ᠂ | ᠬᠤᠪᠢ ᠬᠥᠮᠦᠨ ᠤ ᠢᠲᠡᠬᠡᠮᠵᠢ ᠶᠢᠨ ᠮᠡᠳᠡᠭᠦᠯᠦᠯᠲᠡ᠂ ᠰᠤᠷᠤᠯᠭ᠎ᠠ ᠶᠢᠨ ᠨᠠᠮᠲᠠᠷ ᠤᠨ ᠦᠨᠡᠮᠯᠡᠯ ᠤᠨ ᠬᠠᠭᠤᠯᠪᠤᠷᠢ ᠵᠡᠷᠭᠡ | ᠮᠠᠲ᠋ᠧᠷᠢᠶᠠᠯ ᠪᠠᠶᠢᠬᠤ ᠬᠡᠷᠡᠭᠲᠡᠢ︔ | ︵ᠵᠢᠷᠭᠤᠭ᠎ᠠ︶ ᠲᠡᠳᠡᠭᠡᠷ ᠤᠨ ᠪᠠᠶᠢᠭ᠎ᠠ ᠠᠶᠢᠮᠠᠭ ᠬᠤᠲᠠ ᠶᠢᠨ ᠠᠵᠢᠯ ᠲᠥᠷᠥᠯ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠭᠠᠷᠭᠠᠵᠤ ᠥᠭᠭᠦᠭᠰᠡᠨ ᠠᠷᠠᠯᠵᠢᠶᠠᠨ ᠤ ᠲᠠᠯᠠᠪᠤᠷ ᠭᠠᠵᠠᠷ ᠤᠨ ᠬᠢᠨᠠᠯᠲᠠ | ᠬᠠᠮᠢᠶᠠᠷᠤᠯᠲᠠ᠂ ᠲᠦᠭᠰᠢᠭᠦᠷᠢ ᠶᠢ ᠰᠡᠷᠭᠡᠶᠢᠯᠡᠬᠦ ᠪᠠ ᠰᠢᠢᠳᠪᠦᠷᠢᠯᠡᠬᠦ ᠠᠮᠠᠯᠠᠯᠲᠠ ᠶᠢᠨ ᠪᠢᠴᠢᠭ ᠪᠠᠶᠢᠬᠤ ᠬᠡᠷᠡᠭᠲᠡᠢ︔ | ︵ᠳᠣᠯᠤᠭ᠎ᠠ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠭᠠᠷᠭᠠᠵᠤ | ᠥᠭᠭᠦᠭᠰᠡᠨ ︽ᠠᠵᠤ ᠠᠬᠤᠶᠢᠯᠠᠯ ᠤᠨ ᠨᠡᠷᠡᠶᠢᠳᠦᠯ ᠢ ᠤᠷᠢᠳᠴᠢᠯᠠᠨ ᠬᠠᠷᠭᠤᠭᠤᠯᠵᠤ ᠵᠥᠪᠰᠢᠶᠡᠷᠡᠭᠦᠯᠦᠭᠰᠡᠨ | ᠮᠡᠳᠡᠭᠳᠡᠯ ᠤᠨ ᠪᠢᠴᠢᠭ︾ ᠪᠠᠶᠢᠬᠤ ᠬᠡᠷᠡᠭᠲᠡᠢ︔ | ︵ᠨᠠᠢᠮᠠ︶ ᠠᠷᠠᠯᠵᠢᠶᠠᠨ ᠤ ᠲᠠᠯᠠᠪᠤᠷ ᠭᠠᠵᠠᠷ ᠲᠤ ᠬᠤᠯᠪᠣᠭᠳᠠᠭᠰᠠᠨ ᠠᠷᠠᠯᠵᠢᠶ᠎ᠠ ᠮᠠᠶᠢᠮᠠᠢ ᠬᠢᠭᠰᠡᠨ ᠬᠤᠶᠠᠷ | ᠲᠠᠯ᠎ᠠ ᠶᠢᠨ ᠠᠷᠠᠯᠵᠢᠶᠠᠯᠠᠭᠰᠠᠨ ᠪᠡᠯᠡ ᠮᠥᠩᠭᠦ ᠶᠢ ᠳ᠋ᠦᠩᠨᠡᠨ ᠪᠤᠳᠤᠬᠤ ᠪᠣᠳᠠᠲᠠᠶ ᠴᠤᠪᠤᠷᠠᠯ ᠵᠢᠴᠢ ᠬᠤᠯᠪᠣᠭᠳᠠᠵᠤ | ᠪᠠᠶᠢᠭ᠎ᠠ ᠳ᠋ᠦᠩᠨᠡᠨ ᠪᠣᠳᠣᠭᠰᠠᠨ ᠲᠠᠩᠰᠠᠨ ᠤ ᠨᠠᠷᠢᠨ ᠲᠣᠳᠣᠷᠬᠠᠶ ᠲᠣᠳᠣᠷᠬᠠᠶᠢᠯᠠᠯᠲᠠ ᠶᠢᠨ ᠮᠠᠲ᠋ᠧᠷᠢᠶᠠᠯ ᠪᠠᠶᠢᠬᠤ | ᠬᠡᠷᠡᠭᠲᠡᠢ︔ | ︵ᠶᠢᠰᠦ︶ ᠡᠵᠡᠩᠨᠡᠯᠲᠡ ᠶᠢᠨ ᠲᠠᠯᠠᠪᠤᠷ ᠭᠠᠵᠠᠷ ᠲᠦᠷᠢᠶᠡᠰᠦᠯᠡᠭᠰᠡᠨ ᠭᠡᠷ᠎ᠡ ᠪᠤᠶᠤ ᠥᠮᠴᠢᠯᠡᠯ ᠤᠨ ᠡᠷᠬᠡ ᠶᠢᠨ | ᠭᠡᠷᠡᠴᠢ᠂ ᠠᠷᠠᠯᠵᠢᠶᠠᠨ ᠤ ᠮᠡᠳᠡᠭᠡ ᠵᠠᠩᠭᠢ ᠶᠢᠨ ᠰᠢᠰᠲ᠋ᠧᠮ ᠤᠨ ᠠᠮᠤᠷ ᠲᠦᠪᠰᠢᠨ ᠤ ᠦᠨᠡᠯᠡᠨ ᠵᠢᠱᠢᠭᠰᠡᠨ | ᠮᠡᠳᠡᠭᠦᠯᠦᠯᠲᠡ ᠵᠡᠷᠭᠡ ᠬᠠᠮᠢᠶ᠎ᠠ ᠪᠥᠬᠦᠶ ᠮᠠᠲ᠋ᠧᠷᠢᠶᠠᠯ ᠪᠠᠶᠢᠬᠤ ᠬᠡᠷᠡᠭᠲᠡᠢ︔ | ︵ᠠᠷᠪᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠵᠢᠴᠢ ᠲᠥᠷᠥ ᠶᠢᠨ | ᠶᠠᠪᠤᠳᠠᠯ ᠤᠨ ᠬᠤᠷᠢᠶᠠᠨ ᠤ ᠬᠠᠮᠢᠶ᠎ᠠ ᠪᠦᠬᠦᠢ ᠶᠠᠮᠤᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠲᠣᠭᠲᠠᠭᠠᠭᠰᠠᠨ ᠪᠤᠰᠤᠳ ᠬᠠᠮᠢᠶ᠎ᠠ ᠪᠦᠬᠦᠢ ᠮᠠᠲ᠋ᠧᠷᠢᠶᠠᠯ ᠪᠠᠶᠢᠬᠤ | ᠬᠡᠷᠡᠭᠲᠡᠢ᠃ | ᠠᠷᠪᠠᠨ ᠬᠤᠶᠠᠳᠤᠭᠠᠷ ᠵᠦᠢᠯ ᠠᠷᠠᠯᠵᠢᠶᠠᠨ ᠤ ᠲᠠᠯᠠᠪᠤᠷ ᠭᠠᠵᠠᠷ ᠪᠠᠶᠢᠭᠤᠯᠬᠤ ᠳᠤ᠂ ᠭᠤᠶᠤᠴᠢᠯᠠᠭᠴᠢ ᠨᠢ | ᠪᠠᠶᠢᠭ᠎ᠠ ᠠᠶᠢᠮᠠᠭ ᠬᠤᠲᠠ ᠶᠢᠨ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠪᠠᠶᠢᠭᠤᠯᠬᠤ | ᠭᠤᠶᠤᠴᠢᠯᠠᠯ ᠭᠠᠷᠭᠠᠬᠤ ᠬᠡᠷᠡᠭᠲᠡᠢ︔ ᠠᠶᠢᠮᠠᠭ ᠬᠤᠲᠠ ᠶᠢᠨ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠨᠢ ᠠᠩᠬᠠᠨ ᠤ ᠬᠢᠨᠠᠯᠲᠠ ᠬᠢᠬᠦ ᠶᠢᠨ ᠬᠠᠮᠲᠤ᠂ ᠲᠣᠰ ᠱᠠᠲᠤᠨ ᠤ ᠮᠥᠩᠭᠦᠨ ᠭᠦᠢᠯᠭᠡᠭᠡᠨ ᠤ ᠠᠵᠢᠯ ᠪᠠ | ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠠᠴᠠ ᠰᠠᠨᠠᠯ ᠬᠤᠷᠢᠶᠠᠭᠰᠠᠨ ᠤ ᠳᠠᠷᠠᠭ᠎ᠠ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠬᠦ ᠬᠡᠷᠡᠭᠲᠡᠶ︔ ᠠᠶᠢᠮᠠᠭ ᠤᠨ ᠵᠠᠬᠢᠷᠭ᠎ᠠ᠂ ᠬᠤᠲᠠ ᠶᠢᠨ | ᠠᠷᠠᠳ ᠤᠨ ᠵᠠᠰᠠᠭ ᠤᠨ ᠣᠷᠳᠣᠨ ᠨᠢ ᠬᠢᠨᠠᠨ ᠬᠠᠷᠭᠤᠭᠤᠯᠵᠤ ᠵᠥᠪᠰᠢᠶᠡᠷᠡᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ | ᠣᠷᠣᠨ ᠤ ᠬᠠᠮᠢᠶ᠎ᠠ ᠪᠥᠬᠦᠶ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠬᠦ | ᠬᠡᠷᠡᠭᠲᠡᠢ︔ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠨᠢ ᠠᠷᠠᠯᠵᠢᠶᠠᠨ ᠤ ᠲᠠᠯᠠᠪᠤᠷ ᠭᠠᠵᠠᠷ ᠤᠨ ᠬᠠᠷᠢᠶᠠᠯᠠᠬᠤ ᠴᠢᠨᠠᠷ ︵ᠡᠷᠬᠡ ᠠᠰᠢᠭ ᠤᠨ ᠲᠥᠷᠥᠯ | ᠪᠤᠶᠤ ᠪᠡᠯᠡᠨ ᠪᠠᠷᠠᠭᠠᠨ ᠤ ᠲᠥᠷᠥᠯ︶ ᠤᠨ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ | ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠤᠶᠤ ᠥᠪᠡᠷᠲᠡᠭᠡᠨ ᠵᠠᠰᠠᠬᠤ ᠣᠷᠣᠨ ᠤ | ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠰᠠᠨᠠᠯ ᠬᠤᠷᠢᠶᠠᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ | ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠳᠡᠪᠰᠢᠭᠦᠯᠦᠭᠡᠳ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠶ᠃ | ᠵᠥᠪᠰᠢᠶᠡᠷᠡᠭᠦᠯᠦᠭᠡᠳ ᠪᠠᠶᠢᠭᠤᠯᠤᠭᠰᠠᠨ ᠠᠷᠠᠯᠵᠢᠶᠠᠨ ᠤ ᠲᠠᠯᠠᠪᠤᠷ ᠭᠠᠵᠠᠷ ᠤᠨ ᠭᠤᠶᠤᠴᠢᠯᠠᠭᠴᠢ ᠨᠢ | ᠵᠥᠪᠰᠢᠶᠡᠷᠡᠭᠰᠡᠨ ᠪᠢᠴᠢᠭ ᠮᠠᠲ᠋ᠧᠷᠢᠶᠠᠯ ᠢᠶᠠᠨ ᠠᠪᠴᠤ᠂ ᠬᠠᠷᠢᠶᠠᠯᠠᠭᠳᠠᠬᠤ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠠᠩᠰᠠᠯᠠᠭᠤᠯᠬᠤ ᠭᠠᠷᠳᠠᠮ ᠭᠦᠢᠴᠡᠳᠭᠡᠬᠦ ᠬᠡᠷᠡᠭᠲᠡᠶ᠃ | ᠰᠢᠨ᠎ᠡ ᠪᠠᠷ ᠪᠠᠶᠢᠭᠤᠯᠤᠭᠰᠠᠨ ᠠᠷᠠᠯᠵᠢᠶᠠᠨ ᠤ ᠲᠠᠯᠠᠪᠤᠷ ᠭᠠᠵᠠᠷ ᠨᠢ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠠᠴᠠ ᠣᠯᠭᠤᠭᠰᠠᠨ ᠡᠵᠡᠩᠨᠡᠵᠦ ᠡᠬᠢᠯᠡᠬᠦ ᠶᠢ ᠨᠢ ᠵᠥᠪᠰᠢᠶᠡᠷᠡᠭᠰᠡᠨ ᠪᠢᠴᠢᠭ | ᠮᠠᠲ᠋ᠧᠷᠢᠶᠠᠯ ᠢ ᠭᠠᠷᠳᠠᠭᠰᠠᠨ ᠤ ᠳᠠᠷᠠᠭ᠎ᠠ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠲᠡᠳᠡᠨ ᠳᠤ ᠳᠠᠩᠰᠠᠨ ᠡᠷᠦᠬᠡ | ᠪᠠᠶᠢᠭᠤᠯᠬᠤ ᠭᠠᠷᠳᠠᠮ ᠢ ᠭᠦᠢᠴᠡᠳᠬᠡᠨ ᠥᠭᠴᠦ ᠯᠡ ᠪᠣᠯᠤᠨ᠎ᠠ᠃ | ᠠᠷᠪᠠᠨ ᠭᠤᠷᠪᠠᠳᠤᠭᠠᠷ ᠵᠦᠢᠯ ᠠᠷᠠᠯᠵᠢᠶᠠᠨ ᠤ ᠲᠠᠯᠠᠪᠤᠷ ᠭᠠᠵᠠᠷ ᠨᠢ ᠡᠵᠡᠩᠨᠡᠯᠲᠡ ᠶᠢᠨ ᠦᠨᠡᠮᠯᠡᠯ ᠭᠠᠷᠳᠠᠭᠰᠠᠨ | ᠡᠳᠦᠷ ᠠᠴᠠ ᠡᠬᠢᠯᠡᠨ ᠵᠦᠢ ᠶᠣᠰᠣᠨ ᠤ ᠰᠢᠯᠲᠠᠭᠠᠨ ᠥᠭᠡᠢ ᠪᠠᠷ 6 ᠰᠠᠷ᠎ᠠ ᠬᠡᠲᠦᠷᠡᠭᠰᠡᠨ ᠪᠠᠶᠢᠲᠠᠯ᠎ᠠ ᠠᠵᠢᠯᠯᠠᠵᠤ | ᠡᠬᠢᠯᠡᠭᠰᠡᠨ ᠥᠭᠡᠢ᠂ ᠡᠰᠡᠬᠦᠯ᠎ᠡ ᠠᠵᠢᠯᠯᠠᠵᠤ ᠡᠬᠢᠯᠡᠭᠰᠡᠨ ᠤ ᠳᠠᠷᠠᠭ᠎ᠠ ᠥᠪᠡᠰᠦᠪᠡᠨ ᠠᠵᠢᠯᠯᠠᠬᠤ ᠪᠠᠨ ᠵᠣᠭᠰᠣᠭᠠᠭᠠᠳ | 6 ᠰᠠᠷ᠎ᠠ ᠭᠠᠷᠤᠢ ᠪᠣᠯᠣᠭᠰᠠᠨ ᠪᠠᠶᠢᠪᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ | ᠡᠵᠡᠩᠨᠡᠯᠲᠡ ᠶᠢᠨ ᠦᠨᠡᠮᠯᠡᠯ ᠢ ᠨᠢ ᠬᠠᠤᠯᠢ ᠶᠣᠰᠣᠭᠠᠷ ᠬᠦᠴᠦᠨ ᠦᠭᠡᠢ ᠪᠣᠯᠭᠠᠵᠤ ᠪᠣᠯᠤᠨ᠎ᠠ᠃ | ᠠᠷᠪᠠᠨ ᠳᠥᠷᠪᠡᠳᠦᠭᠡᠷ ᠵᠦᠢᠯ ᠠᠷᠠᠯᠵᠢᠶᠠᠨ ᠤ ᠲᠠᠯᠠᠪᠤᠷ ᠭᠠᠵᠠᠷ ᠨᠢ ᠵᠠᠷᠴᠢᠮ ᠳᠡᠭᠡᠷ᠎ᠡ ᠪᠠᠨ ᠰᠠᠯᠪᠤᠷᠢ | ᠪᠠᠶᠢᠭᠤᠯᠤᠮᠵᠢ ᠪᠠᠶᠢᠭᠤᠯᠬᠤ ᠵᠢᠴᠢ ᠭᠡᠰᠢᠭᠦᠳ᠂ ᠣᠷᠤᠯᠠᠬᠤ ᠬᠤᠳᠠᠯᠳᠤᠭᠠᠴᠢᠨ᠂ ᠡᠷᠬᠡ ᠣᠯᠭᠤᠭᠰᠠᠨ ᠦᠢᠯᠡᠴᠢᠯᠡᠬᠦ | ᠪᠠᠶᠢᠭᠤᠯᠤᠮᠵᠢ ᠪᠠᠶᠢᠭᠤᠯᠤᠨ ᠬᠥᠭᠵᠢᠭᠦᠯᠬᠦ ᠵᠡᠷᠭᠡ ᠪᠠᠷ ᠳᠠᠮᠵᠢᠭᠤᠯᠤᠨ ᠡᠵᠡᠩᠨᠡᠯᠲᠡ ᠶᠢᠨ ᠠᠵᠢᠯᠯᠠᠭ᠎ᠠ ᠥᠷᠨᠢᠭᠦᠯᠵᠦ | ᠪᠣᠯᠬᠤ ᠥᠬᠡᠶ᠃ ᠦᠨᠡᠨ ᠬᠦ ᠴᠢᠬᠤᠯᠠᠲᠠᠶ ᠪᠣᠯ᠂ ᠳᠣᠤᠷᠠᠬᠢ ᠱᠠᠭᠠᠷᠳᠠᠯᠭ᠎ᠠ ᠶᠢ ᠵᠢᠷᠤᠮᠯᠠᠬᠤ ᠬᠡᠷᠡᠭᠲᠡᠶ᠄ | ︵ᠨᠢᠭᠡ︶ ᠥᠪᠡᠷᠲᠡᠭᠡᠨ ᠵᠠᠰᠠᠬᠤ ᠣᠷᠣᠨ ᠳᠠᠬᠢ ᠠᠷᠠᠯᠵᠢᠶᠠᠨ ᠤ ᠲᠠᠯᠠᠪᠤᠷ ᠭᠠᠵᠠᠷ ᠨᠢ ᠥᠪᠡᠷᠲᠡᠭᠡᠨ ᠵᠠᠰᠠᠬᠤ | ᠣᠷᠣᠨ ᠤ ᠵᠠᠰᠠᠭ ᠵᠠᠬᠢᠷᠭᠠᠨ ᠤ ᠣᠷᠣᠨ ᠳᠤ ᠰᠠᠯᠪᠤᠷᠢ ᠪᠠᠶᠢᠭᠤᠯᠤᠮᠵᠢ ᠪᠠᠶᠢᠭᠤᠯᠵᠤ ᠪᠣᠯᠬᠤ ᠥᠬᠡᠶ︔ | ︵ᠬᠤᠶᠠᠷ︶ ᠥᠪᠡᠷᠲᠡᠭᠡᠨ ᠵᠠᠰᠠᠬᠤ ᠣᠷᠣᠨ ᠳᠠᠬᠢ ᠠᠷᠠᠯᠵᠢᠶᠠᠨ ᠤ ᠲᠠᠯᠠᠪᠤᠷ ᠭᠠᠵᠠᠷ ᠨᠢ ᠪᠤᠰᠤᠳ ᠮᠣᠵᠢ ︵ | ᠥᠪᠡᠷᠲᠡᠭᠡᠨ ᠵᠠᠰᠠᠬᠤ ᠣᠷᠣᠨ᠂ ᠬᠤᠲᠠ︶ ᠳᠤ ᠰᠠᠯᠪᠤᠷᠢ ᠪᠠᠶᠢᠭᠤᠯᠤᠮᠵᠢ ᠪᠠᠶᠢᠭᠤᠯᠬᠤ ᠳᠤ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠪᠠ ᠳᠠᠩᠰᠠᠯᠠᠭᠤᠯᠬᠤ ᠪᠠᠷ ᠪᠠᠶᠢᠭ᠎ᠠ ᠭᠠᠵᠠᠷ ᠤᠨ ᠮᠤᠵᠢ ᠶᠢᠨ ᠠᠷᠠᠳ ᠤᠨ | ᠵᠠᠰᠠᠭ ᠤᠨ ᠣᠷᠳᠣᠨ ᠳᠤ ᠲᠣᠰ ᠲᠣᠰ ᠮᠡᠳᠡᠭᠦᠯᠦᠨ ᠵᠥᠪᠰᠢᠶᠡᠷᠡᠭᠦᠯᠬᠦ ᠶᠢᠨ ᠬᠠᠮᠲᠤ᠂ ᠳᠠᠩᠰᠠᠯᠠᠭᠤᠯᠬᠤ ᠪᠠᠷ ᠪᠠᠶᠢᠭ᠎ᠠ | ᠭᠠᠵᠠᠷ ᠤᠨ ᠮᠤᠵᠢ ᠶᠢᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ | ᠪᠠᠶᠢᠭᠤᠯᠬᠤ ᠲᠠᠰ ᠳᠠᠷᠠᠭᠠᠯᠠᠯ ᠢ ᠭᠦᠢᠴᠡᠳᠬᠡᠬᠦ ᠬᠡᠷᠡᠭᠲᠡᠶ︔ | ︵ᠭᠤᠷᠪᠠ︶ ᠥᠪᠡᠷᠲᠡᠭᠡᠨ ᠵᠠᠰᠠᠬᠤ ᠣᠷᠣᠨ ᠠᠴᠠ ᠪᠤᠰᠤᠳ ᠭᠠᠵᠠᠷ ᠲᠠᠬᠢ ᠠᠷᠠᠯᠵᠢᠶᠠᠨ ᠤ ᠲᠠᠯᠠᠪᠤᠷ | ᠭᠠᠵᠠᠷ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠤ ᠰᠠᠯᠪᠤᠷᠢ ᠪᠠᠶᠢᠭᠤᠯᠤᠮᠵᠢ | ᠪᠠᠶᠢᠭᠤᠯᠬᠤ ᠳᠤ᠂ ᠠᠷᠠᠯᠵᠢᠶᠠᠨ ᠤ ᠲᠠᠯᠠᠪᠤᠷ ᠭᠠᠵᠠᠷ ᠤᠨ ᠪᠠᠶᠢᠭ᠎ᠠ ᠭᠠᠵᠠᠷ ᠤᠨ ᠮᠤᠵᠢ ᠶᠢᠨ ᠠᠷᠠᠳ ᠤᠨ ᠵᠠᠰᠠᠭ ᠤᠨ | ᠣᠷᠳᠣᠨ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠲᠣᠰ ᠲᠣᠰ ᠮᠡᠳᠡᠭᠦᠯᠦᠨ | ᠵᠥᠪᠰᠢᠶᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠷᠠᠯᠵᠢᠶᠠᠨ ᠤ ᠲᠠᠯᠠᠪᠤᠷ ᠭᠠᠵᠠᠷ ᠤᠨ ᠲᠥᠯᠥᠪᠵᠢᠭᠦᠯᠭᠡ ᠳᠤ | ᠣᠷᠣᠭᠤᠯᠬᠤ ᠶᠢᠨ ᠬᠠᠮᠲᠤ ᠡᠯ᠎ᠡ ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠢ ᠢᠯᠭᠠᠷᠠᠭᠤᠯᠤᠨ ᠴᠡᠭᠴᠡᠯᠡᠬᠦ | ᠶᠠᠮᠤᠨ ᠤ ᠬᠤᠭᠤᠷᠣᠨᠳᠣᠬᠢ ᠬᠠᠮᠲᠤᠷᠠᠭᠰᠠᠨ ᠬᠤᠷᠠᠯ ᠢᠶᠠᠷ ᠨᠤᠲᠠᠯᠠᠭᠤᠯᠵᠤ ᠵᠥᠪᠰᠢᠶᠡᠷᠡᠭᠦᠯᠦᠭᠰᠡᠨ ᠤ ᠳᠠᠷᠠᠭ᠎ᠠ᠂ ᠲᠣᠰ | ᠠᠷᠭ᠎ᠠ ᠳᠤ ᠲᠣᠭᠲᠠᠭᠠᠭᠰᠠᠨ ᠰᠢᠨ᠎ᠡ ᠪᠠᠷ ᠪᠠᠶᠢᠭᠤᠯᠬᠤ ᠲᠠᠰ ᠳᠠᠷᠠᠭᠠᠯᠠᠯ ᠶᠣᠰᠣᠭᠠᠷ ᠭᠦᠢᠴᠡᠳᠭᠡᠬᠦ ᠬᠡᠷᠡᠭᠲᠡᠶ︔ | ᠠᠷᠪᠠᠨ ᠲᠠᠪᠤᠳᠤᠭᠠᠷ ᠵᠦᠢᠯ ᠠᠷᠠᠯᠵᠢᠶᠠᠨ ᠤ ᠲᠠᠯᠠᠪᠤᠷ ᠭᠠᠵᠠᠷ ᠨᠢ ᠳᠣᠣᠷ᠎ᠠ ᠵᠢᠭᠰᠠᠭᠠᠭᠰᠠᠨ ᠵᠦᠢᠯᠡᠰ ᠤᠨ | ᠨᠢᠭᠡ ᠶᠢ ᠬᠤᠪᠢᠷᠠᠭᠠᠬᠤ ᠭᠡᠪᠡᠯ᠂ ᠡᠯ᠎ᠡ ᠠᠶᠢᠮᠠᠭ ᠬᠤᠲᠠ ᠶᠢᠨ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠨᠢ ᠠᠩᠬᠠᠨ ᠤ ᠬᠢᠨᠠᠯᠲᠠ ᠬᠢᠬᠦ ᠶᠢᠨ ᠬᠠᠮᠲᠤ᠂ ᠮᠥᠩᠭᠦᠨ ᠭᠦᠢᠯᠭᠡᠭᠡᠨ ᠤ ᠠᠵᠢᠯ ᠪᠠ | ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠠᠴᠠ ᠰᠠᠨᠠᠯ ᠬᠤᠷᠢᠶᠠᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ | ᠣᠷᠣᠨ ᠤ ᠱᠠᠲᠤᠨ ᠤ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ | ᠭᠦᠢᠴᠡᠳᠭᠡᠯᠭᠡᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠢᠯ ᠲᠥᠷᠥᠯ ᠤᠨ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠨᠢ ᠠᠷᠠᠯᠵᠢᠶᠠᠨ ᠤ ᠲᠠᠯᠠᠪᠤᠷ ᠭᠠᠵᠠᠷ ᠤᠨ ᠬᠠᠷᠢᠶᠠᠯᠠᠭᠳᠠᠬᠤ ᠴᠢᠨᠠᠷ ︵ᠡᠷᠬᠡ | ᠠᠰᠢᠭ ᠤᠨ ᠲᠥᠷᠥᠯ ᠪᠤᠶᠤ ᠪᠡᠯᠡᠨ ᠪᠠᠷᠠᠭᠠᠨ ᠤ ᠲᠥᠷᠥᠯ︶ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠣᠷᠣᠨ | ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠤᠶᠤ ᠥᠪᠡᠷᠲᠡᠭᠡᠨ ᠵᠠᠰᠠᠬᠤ | ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠰᠠᠨᠠᠯ ᠬᠤᠷᠢᠶᠠᠵᠤ᠂ ᠬᠦᠯᠢᠶᠡᠨ ᠠᠪᠴᠤ ᠭᠦᠢᠴᠡᠳᠭᠡᠬᠦ | ᠰᠠᠨᠠᠯ ᠳᠤᠷᠠᠳᠬᠤ ᠬᠡᠷᠡᠭᠲᠡᠢ᠄ | ︵ᠨᠢᠭᠡ︶ ᠨᠡᠷᠡᠶᠢᠳᠦᠯ ᠢᠶᠠᠨ ᠬᠤᠪᠢᠷᠠᠭᠠᠬᠤ︔ | ︵ᠬᠤᠶᠠᠷ︶ ᠡᠵᠡᠩᠨᠡᠬᠦ ᠬᠦᠷᠢᠶ᠎ᠡ ᠬᠡᠪᠴᠢᠶ᠎ᠡ ᠪᠠᠨ ᠬᠤᠪᠢᠷᠠᠭᠠᠬᠤ︔ | ︵ᠭᠤᠷᠪᠠ︶ ᠳᠠᠩᠰᠠᠯᠠᠭᠤᠯᠤᠭᠰᠠᠨ ᠬᠦᠷᠦᠩᠭᠡ ᠪᠠᠨ ᠬᠤᠪᠢᠷᠠᠭᠠᠬᠤ︔ | ︵ᠳᠥᠷᠪᠡ︶ ᠠᠷᠠᠯᠵᠢᠶᠠᠯᠠᠬᠤ ᠵᠦᠢᠯ᠂ ᠠᠷᠠᠯᠵᠢᠶᠠᠯᠠᠬᠤ ᠵᠠᠭᠪᠤᠷ᠂ ᠠᠷᠠᠯᠵᠢᠶᠠᠯᠠᠬᠤ ᠲᠦᠷᠢᠮ ᠢᠶᠠᠨ | ᠬᠤᠪᠢᠷᠠᠭᠠᠬᠤ︔ | ︵ᠲᠠᠪᠤ︶ ᠭᠤᠤᠯ ᠬᠤᠪᠢ ᠣᠷᠣᠭᠤᠯᠤᠭᠴᠢ︔ | ︵ᠵᠢᠷᠭᠤᠭ᠎ᠠ︶ ᠠᠵᠤ ᠠᠬᠤᠶᠢᠯᠠᠯ ᠤᠨ ᠲᠦᠷᠦᠯ ᠬᠡᠯᠪᠡᠷᠢ ᠪᠠᠨ ᠬᠤᠪᠢᠷᠠᠭᠠᠬᠤ︔ | ︵ᠳᠣᠯᠤᠭ᠎ᠠ︶ ᠠᠷᠠᠯᠵᠢᠶᠠᠨ ᠤ ᠲᠠᠯᠠᠪᠤᠷ ᠭᠠᠵᠠᠷ ᠢ ᠰᠠᠯᠭᠠᠬᠤ ᠪᠤᠶᠤ ᠨᠡᠶᠢᠯᠡᠭᠦᠯᠬᠦ︔ | ︵ᠨᠠᠢᠮᠠ︶ ᠲᠡᠳᠡᠭᠡᠷ ᠤᠨ ᠪᠠᠶᠢᠭᠤᠯᠬᠤ ᠨᠥᠬᠦᠴᠡᠯ ᠳᠤ ᠴᠢᠬᠤᠯᠠ ᠶᠡᠭᠡ ᠨᠥᠯᠥᠭᠡ ᠪᠣᠯᠬᠤ ᠪᠤᠰᠤᠳ | ᠵᠦᠢᠯ ᠤᠳ᠃ | ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠨᠢ ᠬᠤᠪᠢᠷᠠᠭᠠᠬᠤ ᠶᠢ ᠵᠥᠪᠰᠢᠶᠡᠷᠡᠭᠰᠡᠨ ᠪᠠᠶᠢᠪᠠᠯ᠂ ᠵᠥᠪᠰᠢᠶᠡᠷᠡᠭᠰᠡᠨ ᠰᠠᠨᠠᠯ ᠭᠠᠷᠭᠠᠵᠤ ᠥᠭᠬᠦ ᠶᠢᠨ ᠬᠠᠮᠲᠤ | ᠬᠠᠮᠲᠤᠷᠠᠭᠰᠠᠨ ᠬᠤᠷᠠᠯ ᠤᠨ ᠠᠯᠪᠠᠨ ᠭᠡᠷ ᠲᠤ ᠬᠠᠭᠤᠯᠤᠨ ᠢᠯᠡᠭᠡᠬᠦ ᠬᠡᠷᠡᠭᠲᠡᠶ᠂ ᠪᠡᠯᠡᠨ ᠪᠠᠷᠠᠭᠠᠨ ᠤ ᠲᠥᠷᠥᠯ ᠳᠤ | ᠪᠠᠭᠳ᠋ᠬᠠᠳᠠᠪᠠᠯ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠳᠤ ᠵᠡᠷᠭᠡ ᠳᠤ ᠨᠢ | ᠬᠠᠭᠤᠯᠤᠨ ᠢᠯᠡᠭᠡᠬᠦ ᠬᠡᠷᠡᠭᠲᠡᠶ᠃ | ᠠᠷᠪᠠᠨ ᠵᠢᠷᠭᠤᠳᠤᠭᠠᠷ ᠵᠦᠢᠯ ᠠᠷᠠᠯᠵᠢᠶᠠᠨ ᠤ ᠲᠠᠯᠠᠪᠤᠷ ᠭᠠᠵᠠᠷ ᠲᠤ ᠳᠣᠤᠷᠠᠬᠢ ᠬᠤᠪᠢᠷᠠᠭᠠᠬᠤ ᠵᠦᠢᠯᠡᠰ ᠤᠨ | ᠨᠢᠭᠡ ᠨᠢ ᠪᠠᠶᠢᠪᠠᠯ᠂ ᠡᠯ᠎ᠡ ᠠᠶᠢᠮᠠᠭ ᠬᠤᠲᠠ ᠶᠢᠨ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ | ᠨᠢ ᠬᠢᠨᠠᠨ ᠬᠠᠷᠭᠤᠭᠤᠯᠵᠤ ᠵᠥᠪᠰᠢᠶᠡᠷᠡᠬᠦ ᠶᠢᠨ ᠬᠠᠮᠲᠤ᠂ ᠡᠨᠡ ᠬᠦ ᠠᠵᠢᠯ ᠶᠠᠪᠤᠳᠠᠯ ᠪᠣᠢ ᠪᠣᠯᠣᠭᠰᠠᠨ ᠤ ᠳᠠᠷᠠᠭᠠᠬᠢ | 10 ᠠᠵᠢᠯᠯᠠᠬᠤ ᠡᠳᠦᠷ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠢᠯ ᠲᠥᠷᠥᠯ ᠤᠨ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠪᠦᠷᠢᠳᠬᠡᠨ ᠳᠠᠩᠰᠠᠯᠠᠭᠤᠯᠬᠤ ᠶᠢᠨ ᠬᠠᠮᠲᠤ᠂ | ᠬᠠᠮᠲᠤᠷᠠᠭᠰᠠᠨ ᠬᠤᠷᠠᠯ ᠤᠨ ᠠᠯᠪᠠᠨ ᠭᠡᠷ ᠲᠤ ᠬᠠᠭᠤᠯᠤᠨ ᠢᠯᠡᠭᠡᠬᠦ ᠬᠡᠷᠡᠭᠲᠡᠢ᠂ ᠪᠡᠯᠡᠨ ᠪᠠᠷᠠᠭᠠᠨ ᠤ ᠲᠥᠷᠥᠯ ᠳᠤ | ᠪᠠᠭᠳ᠋ᠬᠠᠳᠠᠪᠠᠯ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠳᠤ ᠵᠡᠷᠭᠡ ᠳᠤ ᠨᠢ | ᠬᠠᠭᠤᠯᠤᠨ ᠢᠯᠡᠭᠡᠬᠦ ᠬᠡᠷᠡᠭᠲᠡᠶ᠄ | ︵ᠨᠢᠭᠡ︶ ᠬᠠᠤᠯᠢ ᠪᠠᠷ ᠲᠣᠭᠲᠠᠭᠠᠭᠰᠠᠨ ᠲᠦᠯᠦᠬᠡᠯᠡᠬᠦ ᠭᠦᠮᠦᠨ᠂ ᠬᠡᠷᠡᠭ ᠮᠡᠳᠡᠭᠴᠢ᠂ ᠬᠢᠨᠠᠯᠲᠠ ᠲᠠᠯᠪᠢᠭᠴᠢ᠂ | ᠳᠡᠭᠡᠳᠦ ᠳᠡᠰ ᠤᠨ ᠬᠠᠮᠢᠶᠠᠷᠤᠯᠲᠠ ᠶᠢᠨ ᠠᠵᠢᠯᠳᠠᠨ ᠢᠶᠠᠨ ᠬᠤᠪᠢᠷᠠᠭᠠᠬᠤ︔ | ︵ᠬᠤᠶᠠᠷ︶ ᠣᠷᠣᠨ ᠰᠠᠭᠤᠴᠠ ᠪᠤᠶᠤ ᠰᠠᠯᠪᠤᠷᠢ ᠪᠠᠶᠢᠭᠤᠯᠤᠮᠵᠢ ᠶᠢᠨ ᠡᠵᠡᠩᠨᠡᠯᠲᠡ ᠶᠢᠨ ᠲᠠᠯᠠᠪᠤᠷ | ᠭᠠᠵᠠᠷ ᠢᠶᠠᠨ ᠬᠤᠪᠢᠷᠠᠭᠠᠬᠤ︔ | ︵ᠭᠤᠷᠪᠠ︶ ᠲᠦᠷᠢᠮ᠂ ᠲᠦᠭᠰᠢᠭᠦᠷᠢ ᠡᠵᠡᠮᠳᠡᠬᠦ ᠲᠦᠷᠢᠮ ᠵᠡᠷᠭᠡ ᠬᠠᠮᠢᠶᠠᠷᠤᠯᠲᠠ ᠶᠢᠨ ᠲᠦᠷᠢᠮ ᠳᠤ | ᠵᠠᠰᠠᠪᠤᠷᠢ ᠣᠷᠣᠭᠤᠯᠬᠤ︔ | ︵ᠲᠦᠷᠪᠡ︶ ᠭᠠᠳᠠᠭᠰᠢ ᠪᠠᠨ ᠬᠠᠮᠲᠤᠷᠠᠨ ᠠᠵᠢᠯᠯᠠᠵᠤ ᠡᠵᠡᠩᠨᠡᠬᠦ ᠶᠢ ᠥᠷᠨᠢᠭᠦᠯᠬᠦ︔ | ︵ᠲᠠᠪᠤ︶ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠤᠨ ᠲᠣᠭᠲᠠᠭᠠᠭᠰᠠᠨ ᠪᠤᠰᠤᠳ ᠬᠤᠪᠢᠷᠠᠭᠠᠬᠤ ᠵᠦᠢᠯᠡᠰ ᠤᠳ᠃ | ᠠᠷᠪᠠᠨ ᠳᠣᠯᠣᠳᠤᠭᠠᠷ ᠵᠦᠢᠯ ᠠᠷᠠᠯᠵᠢᠶᠠᠨ ᠤ ᠲᠠᠯᠠᠪᠤᠷ ᠭᠠᠵᠠᠷ ᠨᠢ ᠳᠣᠣᠷ᠎ᠠ ᠵᠢᠭᠰᠠᠭᠠᠭᠰᠠᠨ ᠤᠴᠢᠷ | ᠰᠢᠯᠲᠠᠭᠠᠨ ᠠᠴᠠ ᠠᠵᠢᠯᠯᠠᠭᠠᠨ ᠢᠶᠠᠨ ᠵᠣᠭᠰᠣᠭᠠᠵᠤ ᠪᠣᠯᠤᠨ᠎ᠠ᠄ | ︵ᠨᠢᠭᠡ︶ ᠺᠣᠮᠫᠠᠨᠢ ᠶᠢᠨ ᠲᠦᠷᠢᠮ ᠳᠤ ᠲᠣᠭᠲᠠᠭᠠᠭᠰᠠᠨ ᠡᠵᠡᠩᠨᠡᠬᠦ ᠬᠤᠭᠤᠴᠠᠭ᠎ᠠ ᠨᠢ ᠳᠦᠭᠦᠷᠡᠭᠰᠡᠨ ᠪᠤᠶᠤ | ᠲᠡᠭᠦᠨ ᠳᠤ ᠲᠣᠭᠲᠠᠭᠠᠭᠰᠠᠨ ᠲᠠᠷᠠᠭᠠᠬᠤ ᠪᠤᠰᠤᠳ ᠤᠴᠢᠷ ᠰᠢᠯᠲᠠᠭᠠᠨ ᠪᠣᠢ ᠪᠣᠯᠣᠭᠰᠠᠨ︔ | ︵ᠬᠤᠶᠠᠷ︶ ᠬᠤᠪᠢ ᠣᠷᠣᠭᠤᠯᠤᠭᠴᠢ ︵ᠲᠥᠯᠥᠭᠡᠯᠡᠭᠴᠢ︶ ᠶᠢᠨ ᠶᠡᠭᠡ ᠬᠤᠷᠠᠯ ᠨᠢ ᠲᠠᠷᠠᠭᠠᠬᠤ ᠰᠢᠢᠳᠪᠦᠷᠢ | ᠭᠠᠷᠭᠠᠭᠰᠠᠨ︔ | ︵ᠭᠤᠷᠪᠠ︶ ᠰᠠᠯᠭᠠᠬᠤ᠂ ᠨᠡᠶᠢᠯᠡᠭᠦᠯᠬᠦ ᠠᠴᠠ ᠪᠤᠯᠵᠤ ᠲᠠᠷᠠᠭᠠᠬᠤ ᠬᠡᠷᠡᠭᠴᠡᠭᠡ ᠲᠠᠢ ᠪᠣᠯᠤᠭᠰᠠᠨ︔ | ︵ᠲᠦᠷᠪᠡ︶ ᠠᠷᠠᠳ ᠤᠨ ᠰᠢᠭᠦᠬᠦ ᠬᠤᠷᠢᠶ᠎ᠠ ᠠᠴᠠ ᠺᠣᠮᠫᠠᠨᠢ ᠶᠢ ᠲᠠᠷᠠᠭᠠᠬᠤ ᠪᠠᠷ ᠬᠠᠤᠯᠢ ᠶᠣᠰᠣᠭᠠᠷ | ᠵᠠᠷᠯᠠᠭᠰᠠᠨ︔ | ︵ᠲᠠᠪᠤ︶ ᠲᠣᠭᠲᠠᠭᠠᠯ ᠢ ᠵᠥᠷᠢᠴᠡᠵᠦ ᠪᠠᠶᠢᠭᠤᠯᠤᠭᠰᠠᠨ ᠪᠤᠶᠤ ᠲᠣᠭᠲᠠᠭᠠᠯ ᠢ ᠵᠥᠷᠢᠴᠡᠵᠦ ᠡᠵᠡᠩᠨᠡᠭᠰᠡᠨ ᠠᠴᠠ | ᠪᠤᠯᠵᠤ ᠬᠦᠴᠦᠨ ᠦᠭᠡᠢ ᠪᠣᠯᠭᠠᠬᠤ ᠪᠠᠷ ᠵᠠᠷᠯᠢᠭᠳᠠᠭᠰᠠᠨ︔ | ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠵᠢᠴᠢ ᠲᠥᠷᠥ ᠶᠢᠨ | ᠶᠠᠪᠤᠳᠠᠯ ᠤᠨ ᠬᠤᠷᠢᠶᠠᠨ ᠤ ᠬᠠᠮᠢᠶ᠎ᠠ ᠪᠦᠬᠦᠢ ᠶᠠᠮᠤᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠲᠣᠭᠲᠠᠭᠠᠭᠰᠠᠨ ᠲᠠᠷᠠᠭᠠᠬᠤ᠂ ᠬᠠᠰᠤᠵᠤ ᠦᠭᠡᠢ ᠪᠣᠯᠭᠠᠬᠤ᠂ ᠬᠦᠴᠦᠨ | ᠦᠭᠡᠢ ᠪᠣᠯᠭᠠᠬᠤ ᠪᠤᠰᠤᠳ ᠤᠴᠢᠷ ᠰᠢᠯᠲᠠᠭᠠᠨ᠃ | ᠠᠷᠪᠠᠨ ᠨᠠᠢᠮᠠᠳᠤᠭᠠᠷ ᠵᠦᠢᠯ ᠠᠷᠠᠯᠵᠢᠶᠠᠨ ᠤ ᠲᠠᠯᠠᠪᠤᠷ ᠭᠠᠵᠠᠷ ᠨᠢ ᠠᠷᠠᠯᠵᠢᠶᠠᠨ ᠤ ᠲᠠᠪᠴᠠᠩ ᠤᠨ | ᠲᠣᠬᠠᠶᠢᠯᠠᠭᠰᠠᠨ ᠠᠵᠢᠯ ᠬᠠᠩᠭᠠᠬᠤ ᠪᠠᠨ ᠵᠣᠭᠰᠣᠭᠠᠭᠰᠠᠨ ᠪᠣᠯ᠂ ᠨᠠᠭᠠᠲᠤ ᠵᠠᠬ᠎ᠠ ᠳᠤ ᠪᠠᠨ 3 ᠰᠠᠷ᠎ᠠ ᠶᠢᠨ ᠡᠮᠦᠨ᠎ᠡ | ᠪᠠᠶᠢᠭ᠎ᠠ ᠭᠠᠵᠠᠷ ᠤᠨ ᠢᠶᠠᠨ ᠠᠶᠢᠮᠠᠭ ᠬᠤᠲᠠ ᠶᠢᠨ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠲᠤ ᠮᠡᠳᠡᠭᠦᠯᠬᠦ ᠶᠢᠨ ᠬᠠᠮᠲᠤ᠂ ᠪᠡᠯᠡ ᠣᠷᠣᠭᠤᠯᠤᠭᠴᠢ ᠵᠢᠴᠢ ᠪᠤᠰᠤᠳ ᠬᠠᠮᠢᠶ᠎ᠠ ᠪᠦᠬᠦᠢ ᠭᠤᠤᠯ | ᠴᠣᠭᠴᠠ ᠳᠤ ᠴᠠᠭ ᠲᠤᠬᠠᠶ ᠳᠤ ᠨᠢ ᠮᠡᠳᠡᠭᠳᠡᠬᠦ ᠬᠡᠷᠡᠭᠲᠡᠶ᠂ ᠤᠬᠤᠷᠢᠨ ᠭᠠᠷᠬᠤ ᠠᠯᠪᠠᠨ ᠵᠠᠷ ᠵᠢᠴᠢ ᠰᠢᠢᠳᠪᠦᠷᠢᠯᠡᠬᠦ | ᠲᠥᠰᠦᠯ ᠢᠶᠠᠨ ᠵᠠᠭᠤᠴᠢᠯᠠᠭᠤᠷ ᠢᠶᠠᠷ ᠵᠠᠷᠯᠠᠨ ᠨᠡᠶᠢᠲᠡᠯᠡᠵᠦ᠂ ᠪᠡᠯᠡ ᠣᠷᠣᠭᠤᠯᠤᠭᠴᠢ ᠶᠢᠨ ᠪᠠᠲᠤᠯᠠᠭ᠎ᠠ ᠶᠢᠨ ᠮᠥᠩᠭᠦ ᠪᠠ | ᠪᠤᠰᠤᠳ ᠡᠳ᠋ ᠬᠥᠷᠥᠩᠭᠡ ᠶᠢ ᠲᠣᠬᠢᠲᠠᠶ ᠰᠢᠢᠳᠪᠦᠷᠢᠯᠡᠨ᠂ ᠪᠡᠯᠡ ᠣᠷᠣᠭᠤᠯᠤᠭᠴᠢ ᠶᠢᠨ ᠪᠡᠯᠡ ᠮᠥᠩᠭᠦᠨ ᠤ ᠠᠮᠤᠷ | ᠲᠦᠪᠰᠢᠨ ᠵᠢᠴᠢ ᠪᠤᠰᠤᠳ ᠬᠠᠮᠢᠶ᠎ᠠ ᠪᠦᠬᠦᠢ ᠭᠤᠤᠯ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ | ᠪᠠᠲᠤᠯᠠᠬᠤ ᠬᠡᠷᠡᠭᠲᠡᠶ᠃ ᠠᠶᠢᠮᠠᠭ ᠬᠤᠲᠠ ᠶᠢᠨ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ | ᠠᠩᠬᠠᠨ ᠤ ᠬᠢᠨᠠᠯᠲᠠ ᠬᠢᠭᠰᠡᠨ ᠤ ᠳᠠᠷᠠᠭᠠᠬᠢ ᠠᠵᠤ ᠠᠬᠤᠶᠢᠯᠠᠯ ᠤᠨ ᠣᠨᠴᠠᠭᠠᠢ ᠲᠣᠭᠲᠠᠭᠠᠭᠰᠠᠨ ᠲᠤᠬᠠᠶᠢᠯᠠᠭᠰᠠᠨ | ᠠᠵᠢᠯ ᠢ ᠵᠣᠭᠰᠣᠭᠠᠭᠰᠠᠨ ᠪᠠᠶᠢᠳᠠᠯ ᠢᠶᠠᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠢᠯ ᠲᠥᠷᠥᠯ ᠤᠨ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠴᠠᠭ ᠲᠤᠬᠠᠶ ᠳᠤ ᠨᠢ ᠮᠡᠳᠡᠭᠦᠯᠦᠨ ᠬᠦᠷᠭᠡᠵᠦ᠂ ᠥᠪᠡᠷᠲᠡᠭᠡᠨ | ᠵᠠᠰᠠᠬᠤ ᠣᠷᠣᠨ ᠤ ᠱᠠᠲᠤᠨ ᠤ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠢᠨᠠᠨ | ᠪᠠᠶᠢᠴᠠᠭᠠᠬᠤ ᠶᠢᠨ ᠬᠠᠮᠲᠤ᠂ ᠡᠴᠦᠰ ᠤᠨ ᠬᠢᠨᠠᠨ ᠲᠣᠭᠲᠠᠭᠠᠭᠰᠠᠨ ᠰᠠᠨᠠᠯ ᠭᠠᠷᠭᠠᠬᠤ ᠬᠡᠷᠡᠭᠲᠡᠶ᠃ | ᠠᠷᠠᠯᠵᠢᠶᠠᠨ ᠤ ᠲᠠᠯᠠᠪᠤᠷ ᠭᠠᠵᠠᠷ ᠢ ᠲᠠᠷᠠᠭᠠᠬᠤ ᠳᠤ᠂ ᠬᠠᠤᠯᠢ ᠪᠠᠷ ᠲᠣᠭᠲᠠᠭᠠᠭᠰᠠᠨ ᠵᠢᠷᠤᠮ ᠶᠣᠰᠣᠭᠠᠷ | ᠨᠠᠷᠢᠪᠴᠢᠯᠠᠨ ᠲᠣᠭᠠᠴᠠᠭᠠᠯᠠᠬᠤ ᠬᠡᠷᠡᠭᠲᠡᠶ᠃ ᠨᠠᠷᠢᠪᠴᠢᠯᠠᠨ ᠲᠣᠭᠠᠴᠠᠭᠠᠯᠠᠵᠤ ᠳᠠᠭᠤᠰᠤᠭᠰᠠᠨ ᠤ ᠲᠠᠷᠠᠭ᠎ᠠ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠠᠩᠰᠠᠯᠠᠨ ᠲᠡᠮᠳᠡᠭᠯᠡᠭᠦᠯᠦᠭᠰᠡᠨ ᠢᠶᠠᠨ ᠬᠦᠴᠦᠨ | ᠦᠭᠡᠢ ᠪᠣᠯᠭᠠᠬᠤ ᠪᠠᠷ ᠭᠤᠶᠤᠴᠢᠯᠠᠬᠤ ᠶᠢᠨ ᠬᠠᠮᠲᠤ ᠵᠠᠭᠤᠴᠢᠯᠠᠭᠤᠷ ᠢᠶᠠᠷ ᠠᠯᠪᠠᠨ ᠵᠠᠷ ᠨᠡᠶᠢᠲᠡᠯᠡᠬᠦ ᠬᠡᠷᠡᠭᠲᠡᠶ᠃ | ᠠᠷᠠᠯᠵᠢᠶᠠᠨ ᠤ ᠲᠠᠯᠠᠪᠤᠷ ᠭᠠᠵᠠᠷ ᠨᠢ ᠳᠠᠮᠫᠤᠷᠠᠭᠰᠠᠨ ᠠᠴᠠ ᠪᠤᠯᠵᠤ ᠡᠵᠡᠩᠨᠡᠬᠦ ᠪᠠᠨ ᠵᠣᠭᠰᠣᠭᠠᠬᠤ ᠳᠤ᠂ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠤ ᠠᠬᠤᠶᠢᠯᠠᠯ ᠤᠨ ᠳᠠᠮᠫᠤᠷᠠᠯ ᠤᠨ ᠬᠠᠤᠯᠢ︾ ᠵᠢᠴᠢ | ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠲᠦᠷᠢᠮ ᠤᠨ ᠲᠣᠭᠲᠠᠭᠠᠭᠰᠠᠨ ᠶᠣᠰᠣᠭᠠᠷ | ᠳᠠᠮᠫᠤᠷᠠᠯ ᠤᠨ ᠨᠠᠷᠢᠪᠴᠢᠯᠠᠨ ᠲᠣᠭᠠᠴᠠᠭᠠᠯᠠᠬᠤ ᠠᠵᠢᠯ ᠢ ᠬᠢᠬᠦ ᠬᠡᠷᠡᠭᠲᠡᠢ᠃ | ᠠᠷᠪᠠ ᠶᠢᠰᠦᠳᠦᠭᠡᠷ ᠵᠦᠢᠯ ᠥᠷᠭᠡᠨ ᠬᠡᠷᠡᠭᠴᠡᠭᠡᠨ ᠤ ᠲᠠᠸᠠᠷ᠂ ᠤᠯᠤᠰ ᠤᠨ ᠥᠮᠴᠢᠯᠡᠯᠲᠦ ᠥᠮᠴᠢᠯᠡᠯ ᠤᠨ | ᠡᠷᠬᠡ᠂ ᠰᠣᠶᠣᠯ ᠤᠨ ᠥᠮᠴᠢᠯᠡᠯ ᠤᠨ ᠡᠷᠬᠡ᠂ ᠮᠠᠯᠵᠢᠬᠤ ᠲᠠᠷᠢᠶᠠᠯᠠᠬᠤ ᠣᠷᠣᠨ ᠤ ᠥᠮᠴᠢᠯᠡᠯ ᠤᠨ ᠡᠷᠬᠡ ᠶᠢᠨ | ᠰᠢᠯᠵᠢᠭᠦᠯᠦᠨ ᠡᠷᠭᠢᠯᠳᠦᠭᠦᠯᠬᠦ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠵᠡᠷᠭᠡ ᠬᠦᠷᠢᠶᠡᠨ ᠳᠠᠬᠢ | ᠠᠷᠠᠯᠵᠢᠶᠠᠨ ᠤ ᠲᠠᠯᠠᠪᠤᠷ ᠭᠠᠵᠠᠷ ᠢ ᠪᠠᠶᠢᠭᠤᠯᠬᠤ᠂ ᠬᠤᠪᠢᠷᠠᠭᠠᠬᠤ ᠪᠠ ᠡᠵᠡᠩᠨᠡᠬᠦ ᠶᠢ ᠨᠢ ᠵᠣᠭᠰᠣᠭᠠᠬᠤ ᠳᠤ᠂ ᠤᠯᠤᠰ | ᠪᠤᠶᠤ ᠥᠪᠡᠷᠲᠡᠭᠡᠨ ᠵᠠᠰᠠᠬᠤ ᠣᠷᠣᠨ ᠠᠴᠠ ᠠᠰᠲᠠᠭᠠᠨ ᠲᠣᠭᠲᠠᠭᠠᠯ ᠲᠠᠢ ᠪᠣᠯ ᠲᠡᠷᠡ ᠲᠣᠭᠲᠠᠭᠠᠯ ᠢᠶᠠᠷ ᠬᠡᠷᠡᠭᠵᠢᠭᠦᠯᠬᠦ | ᠬᠡᠷᠡᠭᠲᠡᠢ᠃ | | ᠭᠤᠷᠪᠠᠳᠤᠭᠠᠷ ᠪᠦᠯᠦᠭ ᠡᠵᠡᠩᠨᠡᠯᠲᠡ ᠶᠢᠨ ᠵᠢᠷᠤᠮᠵᠢᠯ | | ᠬᠤᠷᠢᠳᠤᠭᠠᠷ ᠵᠦᠢᠯ ᠠᠷᠠᠯᠵᠢᠶᠠᠨ ᠤ ᠲᠠᠯᠠᠪᠤᠷ ᠭᠠᠵᠠᠷ ᠨᠢ ᠬᠠᠮᠢᠶ᠎ᠠ ᠪᠥᠬᠦᠶ ᠬᠠᠤᠯᠢ ᠴᠠᠭᠠᠵᠠ᠂ ᠬᠠᠤᠯᠢ | ᠲᠣᠭᠲᠠᠭᠠᠯ᠂ ᠲᠣᠭᠲᠠᠭᠠᠯ ᠲᠦᠷᠢᠮ ᠵᠢᠴᠢ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠲᠣᠭᠲᠠᠭᠠᠯ ᠢ | ᠴᠢᠩᠭ᠎ᠠ ᠵᠢᠷᠤᠮᠯᠠᠨ᠂ ᠪᠣᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠬᠦ ᠪᠠᠷ ᠵᠣᠷᠢᠯᠭ᠎ᠠ ᠪᠣᠯᠭᠠᠵᠤ᠂ ᠬᠢᠨᠠᠯᠲᠠ | ᠬᠠᠮᠢᠶᠠᠷᠤᠯᠲᠠ ᠶᠢ ᠤᠬᠠᠮᠰᠠᠷ ᠠᠴᠠ ᠪᠠᠨ ᠬᠦᠯᠢᠶᠡᠨ᠂ ᠪᠡᠯᠡ ᠣᠷᠣᠭᠤᠯᠤᠭᠴᠢᠳ ᠲᠤ ᠦᠨᠡᠨᠴᠢ ᠢᠲᠡᠭᠡᠮᠵᠢᠲᠡᠶ ᠪᠠᠶᠢᠬᠤ | ᠡᠭᠦᠷᠭᠡ ᠪᠠᠨ ᠬᠢᠨᠠᠮᠠᠭᠠᠶ ᠭᠦᠢᠴᠡᠳᠭᠡᠵᠦ᠂ ᠪᠡᠯᠡ ᠣᠷᠣᠭᠤᠯᠤᠭᠴᠢᠳ ᠤᠨ ᠬᠠᠤᠯᠢ ᠶᠣᠰᠣᠨ ᠤ ᠠᠰᠢᠭ ᠲᠤᠰᠠ ᠶᠢ | ᠬᠠᠮᠠᠭᠠᠯᠠᠨ᠂ ᠲᠦᠭᠰᠢᠭᠦᠷᠢ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ | ᠬᠤᠷᠢᠨ ᠨᠢᠭᠡᠳᠦᠭᠡᠷ ᠵᠦᠢᠯ ᠠᠷᠠᠯᠵᠢᠶᠠᠨ ᠤ ᠲᠠᠯᠠᠪᠤᠷ ᠭᠠᠵᠠᠷ ᠲᠤ ᠡᠵᠡᠩᠨᠡᠯᠲᠡ ᠶᠢᠨ ᠠᠵᠢᠯᠯᠠᠭ᠎ᠠ | ᠥᠷᠨᠢᠭᠦᠯᠬᠦ ᠳᠤ ᠳᠣᠤᠷᠠᠬᠢ ᠦᠢᠯᠡ ᠠᠵᠢᠯᠯᠠᠭ᠎ᠠ ᠲᠠᠢ ᠪᠠᠶᠢᠵᠤ ᠪᠣᠯᠬᠤ ᠥᠬᠡᠶ᠄ | ︵ᠨᠢᠭᠡ︶ ᠶᠠᠮᠠᠷᠪᠠ ᠡᠷᠬᠡ ᠠᠰᠢᠭ ᠢ ᠠᠳᠠᠯᠢ ᠲᠡᠭᠰᠢ ᠬᠤᠪᠢ ᠪᠣᠯᠭᠠᠨ ᠢᠯᠡ ᠪᠠᠷ ᠲᠠᠷᠬᠠᠭᠠᠨ ᠥᠭᠴᠦ | ᠪᠣᠯᠬᠤ ᠦᠭᠡᠢ︔ | ︵ᠬᠤᠶᠠᠷ︶ ᠲᠥᠪᠯᠡᠷᠡᠭᠦᠯᠦᠨ ᠠᠷᠠᠯᠵᠢᠶᠠᠯᠠᠬᠤ ᠠᠷᠭ᠎ᠠ ᠮᠠᠶ᠋ᠢᠭ ᠢ ᠬᠡᠷᠡᠭᠯᠡᠨ ᠠᠷᠠᠯᠵᠢᠶᠠᠯᠠᠵᠤ ᠪᠣᠯᠬᠤ | ᠦᠭᠡᠢ︔ | ︵ᠭᠤᠷᠪᠠ︶ ᠡᠷᠬᠡ ᠠᠰᠢᠭ ᠢ ᠪᠠᠷᠢᠮᠵᠢᠶᠠᠵᠢᠭᠰᠠᠨ ᠠᠷᠠᠯᠵᠢᠶᠠᠯᠠᠬᠤ ᠨᠢᠭᠡᠴᠢ ᠶᠢᠨ ᠶᠣᠰᠣᠭᠠᠷ ᠦᠷᠭᠦᠯᠵᠢᠯᠡᠨ | ᠫᠠᠶᠢᠰᠠ ᠡᠯᠭᠦᠨ ᠠᠷᠠᠯᠵᠢᠶᠠᠯᠠᠵᠤ ᠪᠣᠯᠬᠤ ᠥᠬᠡᠶ︔ | ︵ᠳᠥᠷᠪᠡ︶ ᠡᠷᠬᠡ ᠠᠰᠢᠭ ᠡᠵᠡᠮᠰᠢᠭᠴᠢ ᠶᠢ 200 ᠬᠥᠮᠦᠨ ᠠᠴᠠ ᠬᠡᠲᠦᠷᠡᠭᠦᠯᠵᠦ ᠪᠣᠯᠬᠤ ᠥᠬᠡᠶ︔ | ︵ᠲᠠᠪᠤ︶ ᠲᠥᠪᠯᠡᠷᠡᠭᠦᠯᠦᠨ ᠠᠷᠠᠯᠵᠢᠶᠠᠯᠠᠬᠤ ᠠᠷᠭ᠎ᠠ ᠮᠠᠶ᠋ᠢᠭ ᠢᠶᠠᠷ ᠪᠠᠷᠢᠮᠵᠢᠶᠠᠵᠢᠭᠰᠠᠨ ᠭᠡᠷ᠎ᠡ ᠲᠠᠢ ᠠᠷᠠᠯᠵᠢᠶ᠎ᠠ | ᠬᠢᠵᠦ ᠪᠣᠯᠬᠤ ᠦᠭᠡᠢ︔ | ︵ᠵᠢᠷᠭᠤᠭ᠎ᠠ︶ ᠲᠥᠷᠥ ᠶᠢᠨ ᠶᠠᠪᠤᠳᠠᠯ ᠤᠨ ᠬᠤᠷᠢᠶᠠᠨ ᠤ ᠬᠠᠮᠢᠶ᠎ᠠ ᠪᠦᠬᠦᠢ ᠮᠥᠩᠭᠦᠨ ᠭᠦᠢᠯᠭᠡᠭᠡᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠦᠭᠡᠶ ᠪᠣᠯ ᠶᠠᠮᠠᠷᠪᠠ ᠠᠷᠠᠯᠵᠢᠶᠠᠨ ᠤ ᠲᠠᠯᠠᠪᠤᠷ | ᠭᠠᠵᠠᠷ ᠨᠢ ᠳᠠᠭᠠᠳᠬᠠᠯ᠂ ᠢᠲᠡᠭᠡᠮᠵᠢᠲᠦ ᠵᠢᠭᠡᠯᠡᠯᠭᠡ᠂ ᠰᠢᠵᠢᠷ ᠠᠯᠲᠠ ᠵᠡᠷᠭᠡ ᠮᠥᠩᠭᠦᠨ ᠭᠦᠢᠯᠭᠡᠭᠡᠨ ᠤ ᠨᠡᠷᠡᠳᠬᠦᠨ ᠤ | ᠠᠷᠠᠯᠵᠢᠶ᠎ᠠ ᠬᠢᠵᠦ ᠪᠣᠯᠬᠤ ᠦᠭᠡᠶ᠃ | ᠬᠤᠷᠢᠨ ᠬᠤᠶᠠᠳᠤᠭᠠᠷ ᠵᠦᠢᠯ ᠡᠷᠬᠡ ᠠᠰᠢᠭ ᠤᠨ ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠤᠨ | ᠡᠵᠡᠩᠨᠡᠬᠦ ᠬᠦᠷᠢᠶ᠎ᠡ ᠬᠡᠪᠴᠢᠶ᠎ᠡ ᠨᠢ ᠠᠵᠢᠯ ᠲᠥᠷᠥᠯ ᠤᠨ ᠬᠥᠭᠵᠢᠯᠲᠡ ᠶᠢᠨ ᠬᠡᠷᠡᠭᠴᠡᠭᠡ ᠲᠠᠢ ᠲᠣᠬᠢᠷᠠᠯᠴᠠᠭᠰᠠᠨ | ᠪᠠᠶᠢᠬᠤ ᠬᠡᠷᠡᠭᠲᠡᠶ᠃ | ᠲᠠᠸᠠᠷ ᠤᠨ ᠪᠡᠯᠡᠨ ᠪᠠᠷᠠᠭᠠᠨ ᠤ ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠵᠢᠴᠢ ᠠᠷᠠᠯᠵᠢᠶᠠᠯᠠᠬᠤ | ᠵᠦᠢᠯ ᠤᠨ ᠲᠣᠬᠢᠷᠠᠭᠤᠯᠤᠯᠲᠠ ᠨᠢ ᠪᠡᠯᠡᠨ ᠪᠠᠷᠠᠭ᠎ᠠ ᠳᠤ ᠰᠠᠭᠤᠷᠢᠯᠠᠵᠤ᠂ ᠠᠵᠤ ᠦᠢᠯᠡᠰ ᠤᠨ ᠣᠷᠴᠢᠨ ᠪᠠᠶᠢᠳᠠᠯ ᠪᠠ | ᠪᠠᠷᠠᠭᠠᠨ ᠤ ᠭᠦᠢᠯᠭᠡᠭᠡᠨ ᠵᠡᠷᠭᠡ ᠲᠦᠬᠦᠷᠵᠢᠭᠰᠡᠨ ᠠᠷᠭ᠎ᠠ ᠬᠡᠮᠵᠢᠶ᠎ᠡ ᠲᠠᠢ ᠪᠠᠶᠢᠬᠤ ᠬᠡᠷᠡᠭᠲᠡᠢ︔ ᠠᠷᠠᠯᠵᠢᠶᠠᠯᠠᠬᠤ | ᠬᠠᠷᠢᠴᠠᠭᠠᠨ ᠤ ᠡᠷᠦᠬᠡ ᠶᠢ ᠠᠵᠢᠯ ᠲᠥᠷᠥᠯ ᠤᠨ ᠳᠣᠲᠣᠭᠠᠳᠤ ᠶᠢᠨ ᠠᠵᠤ ᠠᠬᠤᠶᠢᠯᠠᠯ ᠢᠶᠠᠷ ᠬᠢᠵᠠᠭᠠᠷᠯᠠᠵᠤ᠂ | ᠠᠷᠠᠯᠵᠢᠶᠠᠯᠠᠬᠤ ᠳᠤ ᠵᠠᠪᠠᠯ ᠪᠥᠬᠦ ᠵᠣᠭᠤᠰ ᠢᠶᠠᠨ ᠲᠤᠰᠢᠶᠠᠭᠰᠠᠨ ᠪᠥᠭᠡᠳ ᠪᠣᠳᠠᠲᠤ ᠪᠠᠷᠠᠭ᠎ᠠ ᠠᠪᠤᠭᠰᠠᠨ ᠪᠠᠶᠢᠬᠤ | ᠬᠡᠷᠡᠭᠲᠡᠶ︔ ᠵᠥᠪᠰᠢᠶᠡᠷᠡᠭᠦᠯᠦᠭᠰᠡᠨ ᠦᠭᠡᠢ ᠠᠷᠠᠯᠵᠢᠶᠠᠯᠠᠬᠤ ᠵᠦᠢᠯ ᠢ ᠳᠤᠷ᠎ᠠ ᠪᠠᠷ ᠢᠶᠠᠨ ᠰᠦᠯᠵᠢᠶᠡᠨ ᠳᠤ ᠭᠠᠷᠭᠠᠵᠤ | ᠪᠣᠯᠬᠤ ᠦᠭᠡᠢ︔ ᠰᠦᠯᠵᠢᠶᠡᠨ ᠳᠤ ᠭᠠᠷᠭᠠᠬᠤ ᠵᠦᠢᠯ ᠤᠨ ᠠᠷᠠᠯᠵᠢᠶᠠᠯᠠᠬᠤ ᠦᠨ᠎ᠡ ᠶᠢ ᠠᠷᠠᠯᠵᠢᠶᠠᠯᠠᠵᠤ ᠮᠠᠶᠢᠮᠠᠶᠢᠯᠠᠬᠤ | ᠬᠤᠶᠠᠷ ᠲᠠᠯ᠎ᠠ ᠶᠢᠨ ᠦᠨᠡᠨ ᠪᠣᠳᠠᠲᠠᠶ ᠠᠷᠠᠯᠵᠢᠶᠠᠯᠠᠭᠰᠠᠨ ᠳᠤ ᠰᠠᠭᠤᠷᠢᠯᠠᠨ ᠲᠣᠬᠢᠷᠠᠯᠴᠠᠵᠤ᠂ ᠪᠡᠯᠡᠨ ᠪᠠᠷᠠᠭᠠᠨ ᠤ ᠵᠠᠬ᠎ᠠ | ᠳᠡᠯᠭᠡᠭᠦᠷ ᠤᠨ ᠦᠨ᠎ᠡ ᠶᠢ ᠲᠤᠰᠬᠠᠬᠤ ᠬᠡᠷᠡᠭᠲᠡᠢ᠂ ᠪᠤᠰᠤᠳ ᠶᠠᠮᠠᠷᠪᠠ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ | ᠪᠠᠶᠢᠳᠠᠯ ᠪᠤᠶᠤ ᠦᠨ᠎ᠡ ᠬᠠᠩᠰᠢ ᠶᠢᠨ ᠵᠢᠭᠠᠯᠲᠠ ᠲᠤᠭ᠎ᠠ ᠶᠢ ᠦᠨᠳᠦᠰᠦᠯᠡᠨ ᠠᠷᠠᠯᠵᠢᠶ᠎ᠠ ᠶᠢ ᠵᠣᠬᠢᠶᠠᠨ ᠪᠠᠶᠢᠭᠤᠯᠵᠤ | ᠪᠣᠯᠬᠤ ᠦᠭᠡᠢ᠂ ᠦᠨ᠎ᠡ ᠬᠠᠩᠰᠢ ᠶᠢᠨ ᠪᠠᠶᠢᠳᠠᠯ ᠢ ᠬᠤᠳᠠᠯ ᠢᠶᠠᠷ ᠵᠣᠬᠢᠶᠠᠬᠤ ᠪᠤᠶᠤ ᠵᠠᠬᠢᠷᠤᠨ ᠡᠷᠬᠡᠰᠢᠶᠡᠵᠦ ᠪᠣᠯᠬᠤ | ᠦᠭᠡᠢ᠂ ᠠᠷᠠᠯᠵᠢᠶᠠᠯᠠᠭᠰᠠᠨ ᠢᠶᠠᠨ ᠦᠨᠳᠦᠰᠦᠨ ᠳᠤ ᠪᠠᠨ ᠲᠠᠰᠤᠯᠤᠨ ᠲᠣᠭᠠᠴᠠᠭᠠᠯᠠᠵᠤ ᠪᠡᠶᠡᠯᠡᠭᠦᠯᠦᠭᠰᠡᠨ ᠪᠠᠶᠢᠬᠤ | ᠪᠥᠭᠡᠳ ᠲᠡᠭᠦᠨ ᠢ ᠦᠢᠯᠡᠳᠪᠦᠷᠢᠯᠡᠵᠦ ᠡᠵᠡᠩᠨᠡᠬᠦ ᠳᠤ ᠬᠡᠷᠡᠭᠯᠡᠭᠰᠡᠨ ᠪᠠᠶᠢᠬᠤ ᠬᠡᠷᠡᠭᠲᠡᠶ︔ ᠠᠷᠠᠯᠵᠢᠶᠠᠨ ᠤ ᠲᠠᠯᠠᠪᠤᠷ | ᠭᠠᠵᠠᠷ ᠨᠢ ᠲᠠᠷᠠᠬᠠᠶ ᠬᠡᠯᠪᠡᠷᠢ ᠪᠦᠬᠦᠢ ᠯᠠᠩᠭᠦᠶ ᠳᠤ ᠠᠷᠠᠯᠵᠢᠶᠠᠯᠠᠬᠤ ᠵᠠᠭᠪᠤᠷ ᠪᠠ ᠲᠡᠮᠳᠡᠭᠲᠦ ᠶᠢ ᠰᠲ᠋ᠣᠺ ᠤᠨ ᠵᠠᠬ᠎ᠠ | ᠳᠡᠯᠭᠡᠭᠦᠷ ᠲᠤ ᠭᠠᠷᠭᠠᠬᠤ ᠯᠤᠭ᠎ᠠ ᠲᠥᠰᠥᠭᠡᠲᠡᠢ ᠪᠠᠶᠢᠳᠠᠭ ᠪᠡᠯᠡᠨ ᠪᠠᠷᠠᠭ᠎ᠠ ᠬᠤᠳᠠᠯᠳᠤᠬᠤ ᠵᠠᠭᠪᠤᠷ ᠢᠶᠠᠷ ᠠᠵᠢᠯᠯᠠᠵᠤ | ᠪᠣᠯᠬᠤ ᠦᠭᠡᠢ᠂ ᠵᠠᠯᠭᠠᠯᠳᠤᠭ᠎ᠠ ᠪᠠᠷ ᠲᠥᠪᠯᠡᠷᠡᠭᠦᠯᠦᠨ ᠦᠨ᠎ᠡ ᠥᠷᠢᠰᠥᠯᠳᠦᠭᠦᠯᠵᠦ ᠠᠷᠠᠯᠵᠢᠶᠠᠯᠠᠬᠤ ᠶᠢ ᠥᠷᠨᠢᠭᠦᠯᠵᠦ | ᠪᠣᠯᠬᠤ ᠥᠬᠡᠶ᠃ | ᠬᠤᠷᠢᠨ ᠭᠤᠷᠪᠠᠳᠤᠭᠠᠷ ᠵᠦᠢᠯ ᠠᠷᠠᠯᠵᠢᠶᠠᠨ ᠤ ᠲᠠᠯᠠᠪᠤᠷ ᠭᠠᠵᠠᠷ ᠨᠢ ᠳᠣᠲᠣᠭᠠᠳᠤ ᠳᠠᠬᠢ ᠵᠠᠰᠠᠯᠲᠠ ᠶᠢᠨ | ᠪᠦᠲᠦᠴᠡ ᠶᠢ ᠬᠠᠤᠯᠢ ᠶᠣᠰᠣᠭᠠᠷ ᠪᠠᠶᠢᠭᠤᠯᠤᠨ ᠪᠦᠷᠢᠨᠰᠢᠭᠦᠯᠵᠦ᠂ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ | ᠵᠢᠴᠢ ᠲᠡᠳᠡᠭᠡᠷ ᠤᠨ ᠡᠭᠦᠷᠭᠡ ᠴᠢᠳᠠᠪᠤᠷᠢ ᠶᠢ ᠵᠣᠬᠢᠰᠲᠠᠶ ᠪᠠᠶᠢᠷᠢᠯᠠᠭᠤᠯᠤᠨ᠂ ᠠᠷᠠᠯᠵᠢᠶᠠᠨ ᠤ ᠳ᠋ᠦᠩᠨᠡᠨ ᠪᠣᠳᠣᠯᠲᠠ᠂ | ᠮᠡᠳᠡᠭᠡ ᠵᠠᠩᠭᠢ ᠶᠢᠨ ᠮᠡᠷᠭᠡᠵᠢᠯ᠂ ᠡᠳ᠋ ᠤᠨ ᠶᠠᠪᠤᠳᠠᠯ᠂ ᠲᠦᠭᠰᠢᠭᠦᠷᠢ ᠶᠢ ᠡᠵᠡᠮᠳᠡᠬᠦ᠂ ᠲᠣᠭᠲᠠᠭᠠᠯ ᠳᠤ ᠨᠡᠶᠢᠴᠡᠭᠦᠯᠵᠦ | ᠬᠢᠨᠠᠨ ᠪᠠᠶᠢᠴᠠᠭᠠᠬᠤ ᠵᠡᠷᠭᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠢ ᠪᠠᠶᠢᠭᠤᠯᠵᠤ᠂ ᠬᠡᠷᠡᠭ ᠵᠥᠪᠯᠡᠬᠦ ᠳᠦᠷᠢᠮ᠂ | ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠪᠠ ᠳᠣᠲᠣᠭᠠᠳᠤ ᠳᠠᠬᠢ ᠬᠢᠨᠠᠨ ᠪᠣᠳᠣᠬᠤ ᠳᠦᠷᠢᠮ ᠢ | ᠲᠡᠭᠦᠯᠳᠡᠷᠵᠢᠭᠦᠯᠬᠦ ᠶᠢᠨ ᠬᠠᠮᠲᠤ᠂ ᠵᠠᠩᠭᠢᠯᠠᠭ᠎ᠠ ᠶᠢᠨ ᠠᠵᠢᠯ ᠤᠨ ᠪᠠᠶᠢᠷᠢ ᠵᠢᠴᠢ ᠲᠤᠬᠠᠶᠢᠯᠠᠭᠰᠠᠨ ᠠᠵᠢᠯ ᠢ | ᠭᠤᠤᠯᠳᠠᠯᠭ᠎ᠠ ᠲᠠᠢ ᠡᠵᠡᠮᠳᠡᠬᠦ ᠬᠡᠷᠡᠭᠲᠡᠢ᠃ | ᠭᠡᠰᠢᠭᠦᠳ ᠤᠨ ᠳᠦᠷᠢᠮ ᠢ ᠬᠡᠷᠡᠭᠵᠢᠭᠦᠯᠵᠦ ᠪᠠᠶᠢᠭ᠎ᠠ ᠠᠷᠠᠯᠵᠢᠶᠠᠨ ᠤ ᠲᠠᠯᠠᠪᠤᠷ ᠭᠠᠵᠠᠷ ᠨᠢ ᠭᠡᠰᠢᠭᠦᠳ ᠢ | ᠵᠥᠪᠰᠢᠶᠡᠷᠡᠨ ᠡᠯᠰᠡᠬᠦ ᠵᠣᠬᠢᠰᠲᠠᠶ ᠪᠠᠷᠢᠮᠵᠢᠶ᠎ᠠ ᠭᠠᠷᠭᠠᠬᠤ ᠶᠢᠨ ᠬᠠᠮᠲᠤ᠂ ᠭᠡᠰᠢᠭᠦᠳ ᠢ ᠬᠢᠨᠠᠨ ᠬᠠᠮᠢᠶᠠᠷᠬᠤ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠭᠡᠰᠢᠭᠦᠳ ᠢ ᠲᠣᠭᠲᠠᠭᠠᠯ ᠳᠤ ᠨᠡᠶᠢᠴᠡᠭᠦᠯᠦᠨ ᠬᠠᠮᠢᠶᠠᠷᠬᠤ ᠡᠭᠦᠷᠭᠡ | ᠬᠠᠷᠢᠭᠤᠴᠠᠯᠭ᠎ᠠ ᠶᠢ ᠭᠦᠢᠴᠡᠳᠭᠡᠬᠦ ᠬᠡᠷᠡᠭᠲᠡᠶ᠃ | ᠬᠤᠷᠢᠨ ᠳᠥᠷᠪᠡᠳᠦᠭᠡᠷ ᠵᠦᠢᠯ ᠠᠷᠠᠯᠵᠢᠶᠠᠨ ᠤ ᠲᠠᠯᠠᠪᠤᠷ ᠭᠠᠵᠠᠷ ᠨᠢ ᠪᠡᠯᠡ ᠣᠷᠣᠭᠤᠯᠤᠭᠴᠢ ᠶᠢ ᠵᠣᠬᠢᠰᠲᠠᠢ | ᠬᠠᠮᠢᠶᠠᠷᠬᠤ ᠳᠦᠷᠢᠮ ᠪᠠ ᠪᠡᠯᠡ ᠣᠷᠣᠭᠤᠯᠤᠭᠴᠢ ᠶᠢ ᠵᠥᠪᠰᠢᠶᠡᠷᠡᠨ ᠣᠷᠣᠭᠤᠯᠬᠤ ᠨᠥᠬᠦᠴᠡᠯ ᠢ ᠪᠠᠶᠢᠭᠤᠯᠤᠨ᠂ ᠵᠠᠬ᠎ᠠ | ᠳᠡᠯᠭᠡᠭᠦᠷ ᠤᠨ ᠲᠦᠭᠰᠢᠭᠦᠷᠢ ᠶᠢ ᠮᠡᠳᠡᠭᠡ ᠵᠠᠩᠭᠢ ᠪᠠᠷ ᠲᠣᠭᠲᠠᠮᠠᠯ ᠬᠤᠭᠤᠴᠠᠭ᠎ᠠ ᠲᠠᠢ ᠰᠠᠨᠠᠭᠤᠯᠵᠦ᠂ ᠪᠡᠯᠡ | ᠣᠷᠣᠭᠤᠯᠤᠭᠴᠢ ᠶᠢᠨ ᠬᠠᠤᠯᠢ ᠶᠣᠰᠣᠨ ᠤ ᠠᠰᠢᠭ ᠲᠤᠰᠠ ᠶᠢ ᠪᠠᠲᠤᠯᠠᠬᠤ ᠬᠡᠷᠡᠭᠲᠡᠢ᠃ ᠤᠯᠤᠰ ᠪᠤᠶᠤ ᠥᠪᠡᠷᠲᠡᠭᠡᠨ | ᠵᠠᠰᠠᠬᠤ ᠣᠷᠣᠨ ᠠᠴᠠ ᠠᠰᠲᠠᠭᠠᠨ ᠲᠣᠭᠲᠠᠭᠠᠯ ᠲᠠᠢ ᠪᠣᠯ ᠲᠡᠷᠡ ᠲᠣᠭᠲᠠᠭᠠᠯ ᠢᠶᠠᠷ ᠬᠡᠷᠡᠭᠵᠢᠭᠦᠯᠬᠦ ᠬᠡᠷᠡᠭᠲᠡᠢ᠃ | ᠬᠤᠷᠢᠨ ᠲᠠᠪᠤᠳᠤᠭᠠᠷ ᠵᠦᠢᠯ ᠠᠷᠠᠯᠵᠢᠶᠠᠨ ᠤ ᠲᠠᠯᠠᠪᠤᠷ ᠭᠠᠵᠠᠷ ᠨᠢ ᠪᠡᠯᠡ ᠣᠷᠣᠭᠤᠯᠤᠭᠴᠢ ᠶᠢᠨ ᠪᠡᠯᠡ | ᠮᠥᠩᠭᠦᠨ ᠤ ᠠᠮᠤᠷ ᠲᠦᠪᠰᠢᠨ ᠢ ᠦᠨᠡᠨ ᠬᠦ ᠬᠠᠮᠠᠭᠠᠯᠠᠨ᠂ ᠬᠠᠷᠢᠴᠠᠭᠠᠨ ᠤ ᠡᠷᠦᠬᠡ ᠶᠢᠨ ᠠᠷᠠᠯᠵᠢᠶᠠᠨ ᠤ ᠳ᠋ᠦᠩᠨᠡᠨ | ᠪᠣᠳᠣᠭᠰᠠᠨ ᠪᠠᠯᠠ ᠮᠥᠩᠭᠦ ᠶᠢ ᠭᠤᠷᠪᠠᠳᠠᠬᠢ ᠡᠲᠡᠭᠡᠳ ᠢᠶᠠᠷ ᠬᠠᠳᠠᠭᠠᠯᠠᠨ ᠬᠠᠮᠢᠶᠠᠷᠤᠭᠤᠯᠬᠤ ᠲᠦᠷᠢᠮ ᠢ ᠬᠡᠷᠡᠭᠵᠢᠭᠦᠯᠵᠦ᠂ | ᠠᠷᠠᠯᠵᠢᠶᠠᠨ ᠤ ᠮᠡᠳᠡᠭᠡ ᠵᠠᠩᠭᠢ ᠶᠢᠨ ᠰᠢᠰᠲ᠋ᠧᠮ ᠢ ᠠᠮᠤᠷ ᠲᠦᠪᠰᠢᠨ ᠤ ᠲᠣᠭᠲᠠᠪᠤᠷᠢᠲᠤ ᠴᠢᠨᠠᠷ ᠤᠨ | ᠱᠠᠭᠠᠷᠳᠠᠯᠭ᠎ᠠ ᠳᠤ ᠨᠡᠶᠢᠴᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ | ᠬᠤᠷᠢᠨ ᠵᠢᠷᠭᠤᠳᠤᠭᠠᠷ ᠵᠦᠢᠯ ᠠᠷᠠᠯᠵᠢᠶᠠᠨ ᠤ ᠲᠠᠯᠠᠪᠤᠷ ᠭᠠᠵᠠᠷ ᠨᠢ ᠥᠪᠡᠷ ᠤᠨ ᠪᠡᠯᠡ ᠮᠥᠩᠭᠦ ᠪᠠ | ᠬᠠᠷᠢᠴᠠᠭᠠᠨ ᠤ ᠡᠷᠦᠬᠡ ᠶᠢᠨ ᠪᠡᠯᠡ ᠮᠥᠩᠭᠦ ᠶᠢ ᠰᠠᠯᠭᠠᠨ ᠲᠤᠰᠠᠭᠠᠷᠯᠠᠵᠤ ᠬᠠᠮᠢᠶᠠᠷᠬᠤ ᠶᠢ ᠬᠡᠷᠡᠭᠵᠢᠭᠦᠯᠵᠦ᠂ | ᠬᠠᠷᠢᠴᠠᠭᠠᠨ ᠤ ᠡᠷᠦᠬᠡ ᠶᠢᠨ ᠪᠡᠯᠡ ᠮᠥᠩᠭᠦᠨ ᠤ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠬᠡᠷᠡᠭᠲᠡᠶ᠃ | ᠠᠷᠠᠯᠵᠢᠶᠠᠨ ᠤ ᠲᠠᠯᠠᠪᠤᠷ ᠭᠠᠵᠠᠷ ᠨᠢ ᠪᠠᠶᠢᠭ᠎ᠠ ᠬᠤᠲᠠ ᠶᠢᠨ ᠢᠶᠠᠨ ᠡᠵᠡᠩᠨᠡᠵᠦ ᠪᠦᠬᠦᠢ ᠪᠠᠩᠬᠢ ᠶᠢᠨ ᠦᠢᠯᠡᠰ ᠤᠨ | ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠠᠷᠠᠯᠵᠢᠶᠠᠨ ᠤ ᠪᠠᠯᠠ ᠮᠥᠩᠭᠦ ᠶᠢ ᠳ᠋ᠦᠩᠨᠡᠨ ᠪᠤᠳᠤᠬᠤ ᠳᠤ ᠬᠡᠷᠡᠭᠯᠡᠬᠦ | ᠪᠠᠩᠬᠢ ᠶᠢᠨ ᠲᠠᠩᠰᠠᠨ ᠡᠷᠦᠬᠡ ᠶᠢ ᠪᠠᠶᠢᠭᠤᠯᠬᠤ ᠬᠡᠷᠡᠭᠲᠡᠶ᠃ | ᠬᠤᠷᠢᠨ ᠳᠣᠯᠣᠳᠤᠭᠠᠷ ᠵᠦᠢᠯ ᠠᠷᠠᠯᠵᠢᠶᠠᠨ ᠤ ᠲᠠᠯᠠᠪᠤᠷ ᠭᠠᠵᠠᠷ ᠨᠢ ᠠᠵᠤ ᠠᠬᠤᠶᠢᠯᠠᠯ ᠤᠨ ᠨᠢᠭᠲᠠᠯᠠᠨ | ᠪᠤᠳᠤᠬᠤ ᠵᠢᠷᠤᠮᠯᠠᠯ ᠵᠡᠷᠭᠡ ᠶᠢᠨ ᠱᠠᠭᠠᠷᠳᠠᠯᠭ᠎ᠠ ᠶᠣᠰᠣᠭᠠᠷ ᠡᠳ᠋ ᠤᠨ ᠶᠠᠪᠤᠳᠠᠯ ᠤᠨ ᠨᠢᠭᠲᠠᠯᠠᠨ ᠪᠤᠳᠤᠬᠤ ᠲᠥᠷᠢᠮ ᠢ | ᠪᠠᠶᠢᠭᠤᠯᠤᠨ ᠪᠦᠷᠢᠨᠰᠢᠭᠦᠯᠵᠦ᠂ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠪᠠᠶᠢᠳᠠᠯ᠂ ᠡᠵᠡᠩᠨᠡᠭᠰᠡᠨ ᠦᠷ᠎ᠡ | ᠪᠦᠲᠦᠭᠡᠯ ᠪᠠ ᠪᠡᠯᠡᠨ ᠵᠣᠭᠤᠰᠣᠨ ᠤ ᠭᠦᠢᠯᠭᠡᠭᠡᠨ ᠢ ᠦᠨᠡᠨ ᠪᠣᠳᠠᠲᠠᠶ ᠲᠡᠮᠳᠡᠭᠯᠡᠬᠦ ᠪᠠ ᠲᠤᠰᠬᠠᠬᠤ ᠬᠡᠷᠡᠭᠲᠡᠶ᠃ | ᠬᠤᠷᠢᠨ ᠨᠠᠢᠮᠠᠳᠤᠭᠠᠷ ᠵᠦᠢᠯ ᠠᠷᠠᠯᠵᠢᠶᠠᠨ ᠤ ᠲᠠᠯᠠᠪᠤᠷ ᠭᠠᠵᠠᠷ ᠨᠢ ᠲᠦᠭᠰᠢᠭᠦᠷᠢ ᠶᠢ ᠰᠡᠷᠡᠮᠵᠢᠯᠡᠭᠦᠯᠬᠦ᠂ | ᠲᠦᠭᠰᠢᠭᠦᠷᠢ ᠶᠢ ᠰᠢᠢᠳᠪᠦᠷᠢᠯᠡᠬᠦ ᠵᠡᠷᠭᠡ ᠲᠦᠭᠰᠢᠭᠦᠷᠢ ᠶᠢ ᠡᠵᠡᠮᠳᠡᠬᠦ ᠲᠦᠷᠢᠮ ᠵᠢᠴᠢ ᠭᠡᠨᠡᠳᠲᠡ ᠶᠢᠨ ᠬᠡᠷᠡᠭ ᠢ | ᠰᠢᠢᠳᠪᠦᠷᠢᠯᠡᠬᠦ ᠪᠡᠯᠡᠳᠬᠡᠯ ᠲᠥᠰᠦᠯ ᠲᠣᠭᠲᠠᠭᠠᠬᠤ ᠬᠡᠷᠡᠭᠲᠡᠶ᠃ | ᠬᠤᠷᠢ ᠶᠢᠰᠦᠳᠦᠭᠡᠷ ᠵᠦᠢᠯ ᠠᠷᠠᠯᠵᠢᠶᠠᠨ ᠤ ᠲᠠᠯᠠᠪᠤᠷ ᠭᠠᠵᠠᠷ ᠤᠨ ᠮᠡᠳᠡᠭᠡ ᠵᠠᠩᠭᠢ ᠶᠢᠨ ᠰᠢᠰᠲ᠋ᠧᠮ ᠨᠢ | ᠲᠤᠬᠠᠶᠢᠯᠠᠭᠰᠠᠨ ᠠᠵᠢᠯ ᠥᠷᠨᠢᠭᠦᠯᠬᠦ ᠵᠢᠴᠢ ᠬᠢᠨᠠᠨ ᠬᠠᠮᠢᠶᠠᠷᠬᠤ ᠱᠠᠭᠠᠷᠳᠠᠯᠭ᠎ᠠ ᠳᠤ ᠨᠡᠶᠢᠴᠡᠭᠦᠯᠵᠦ᠂ ᠥᠪᠡᠷᠲᠡᠭᠡᠨ | ᠵᠠᠰᠠᠬᠤ ᠣᠷᠣᠨ ᠤ ᠱᠠᠲᠤᠨ ᠤ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠠᠯᠤᠰ ᠠᠴᠠ | ᠵᠠᠯᠭᠠᠨ ᠣᠷᠣᠭᠤᠯᠬᠤ ᠠᠵᠢᠯ ᠢ ᠬᠠᠩᠭᠠᠵᠤ ᠴᠢᠳᠠᠬᠤ ᠬᠡᠷᠡᠭᠲᠡᠶ᠃ ᠠᠷᠠᠯᠵᠢᠶᠠᠨ ᠤ ᠲᠠᠯᠠᠪᠤᠷ ᠭᠠᠵᠠᠷ ᠨᠢ | ᠠᠷᠠᠯᠵᠢᠶᠠᠨ ᠤ ᠳ᠋ᠦᠩᠨᠡᠨ ᠪᠣᠳᠣᠭᠰᠠᠨ ᠳ᠋ᠠᠶᠢᠲ᠋ᠠ ᠶᠢ ᠬᠠᠳᠠᠭᠠᠯᠠᠵᠤ ᠬᠠᠮᠢᠶᠠᠷᠬᠤ ᠳᠦᠷᠢᠮ ᠢ ᠪᠠᠶᠢᠭᠤᠯᠤᠨ | ᠲᠡᠭᠦᠯᠳᠡᠷᠵᠢᠭᠦᠯᠵᠦ᠂ ᠳ᠋ᠠᠶᠢᠲ᠋ᠠ ᠶᠢ ᠪᠦᠷᠢᠨ ᠪᠦᠲᠦᠨ ᠬᠠᠳᠠᠭᠠᠯᠠᠬᠤ ᠶᠢᠨ ᠬᠠᠮᠲᠤ ᠭᠡᠨᠡᠳᠲᠡ ᠶᠢᠨ ᠰᠠᠭᠠᠲᠠᠯ ᠭᠠᠢ ᠠᠴᠠ | ᠰᠡᠷᠭᠡᠶᠢᠯᠡᠬᠦ ᠨᠥᠭᠡᠴᠡ ᠲᠠᠢ ᠪᠠᠶᠢᠯᠭᠠᠬᠤ ᠬᠡᠷᠡᠭᠲᠡᠶ ᠮᠥᠷᠲᠡᠭᠡᠨ 20 ᠵᠢᠯ ᠠᠴᠠ ᠳᠡᠭᠡᠭᠰᠢ ᠬᠠᠳᠠᠭᠠᠯᠠᠵᠤ ᠪᠠᠶᠢᠬᠤ | ᠬᠡᠷᠡᠭᠲᠡᠢ᠃ | ᠠᠷᠠᠯᠵᠢᠶᠠᠨ ᠤ ᠲᠠᠯᠠᠪᠤᠷ ᠭᠠᠵᠠᠷ ᠨᠢ ᠪᠡᠯᠡ ᠣᠷᠣᠭᠤᠯᠤᠭᠴᠢ ᠶᠢᠨ ᠮᠡᠳᠡᠭᠡ ᠵᠠᠩᠭᠢ ᠶᠢᠨ ᠨᠢᠭᠤᠴᠠ ᠶᠢ | ᠬᠠᠮᠠᠭᠠᠯᠠᠬᠤ ᠡᠭᠦᠷᠭᠡ ᠲᠠᠢ᠂ ᠬᠠᠤᠯᠢ ᠶᠣᠰᠣᠭᠠᠷ ᠪᠠᠶᠢᠴᠠᠭᠠᠬᠤ ᠪᠠ ᠰᠢᠯᠭᠠᠨ ᠪᠠᠶᠢᠴᠠᠭᠠᠬᠤ ᠶᠢ ᠬᠦᠯᠢᠶᠡᠬᠦ ᠠᠴᠠ | ᠭᠠᠳᠠᠨ᠎ᠠ᠂ ᠬᠠᠷᠢᠴᠠᠭᠠᠨ ᠤ ᠡᠷᠦᠬᠡ ᠶᠢᠨ ᠨᠢᠭᠤᠴᠠ ᠶᠢ ᠬᠠᠮᠠᠭᠠᠯᠠᠵᠤ ᠥᠭᠬᠦ ᠬᠡᠷᠡᠭᠲᠡᠶ᠂ ᠪᠡᠯᠡ ᠣᠷᠣᠭᠤᠯᠤᠭᠴᠢ ᠶᠢᠨ | ᠬᠠᠩᠭᠠᠭᠰᠠᠨ ᠮᠡᠳᠡᠭᠡ ᠵᠠᠩᠭᠢ ᠶᠢ ᠠᠰᠢᠭᠯᠠᠨ ᠠᠷᠠᠯᠵᠢᠶ᠎ᠠ ᠲᠠᠢ ᠬᠤᠯᠪᠣᠭᠳᠠᠬᠤ ᠦᠭᠡᠢ ᠪᠤᠶᠤ ᠪᠡᠯᠡ | ᠣᠷᠣᠭᠤᠯᠤᠭᠴᠢ ᠶᠢᠨ ᠠᠰᠢᠭ ᠲᠤᠰᠠ ᠶᠢ ᠬᠤᠬᠢᠷᠠᠭᠤᠯᠬᠤ ᠶᠠᠮᠠᠷᠴᠤ ᠠᠵᠢᠯᠯᠠᠭ᠎ᠠ ᠶᠢ ᠬᠢᠵᠦ ᠪᠣᠯᠬᠤ ᠦᠭᠡᠢ᠃ | ᠭᠤᠴᠢᠳᠤᠭᠠᠷ ᠵᠦᠢᠯ ᠠᠷᠠᠯᠵᠢᠶᠠᠨ ᠤ ᠲᠠᠯᠠᠪᠤᠷ ᠭᠠᠵᠠᠷ ᠲᠤ ᠳᠣᠣᠷ᠎ᠠ ᠵᠢᠭᠰᠠᠭᠠᠭᠰᠠᠨ ᠴᠢᠬᠤᠯᠠ ᠶᠡᠭᠡ | ᠵᠦᠢᠯᠡᠰ ᠲᠣᠬᠢᠶᠠᠯᠳᠤᠪᠠᠯ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠢᠯ ᠲᠥᠷᠥᠯ ᠤᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠲᠤ ᠴᠠᠭ ᠲᠤᠬᠠᠢ ᠳᠤ ᠨᠢ ᠮᠡᠳᠡᠭᠦᠯᠬᠦ ᠶᠢᠨ ᠬᠠᠮᠲᠤ᠂ ᠬᠠᠮᠲᠤᠷᠠᠭᠰᠠᠨ ᠬᠤᠷᠠᠯ ᠤᠨ | ᠠᠯᠪᠠᠨ ᠭᠡᠷ ᠲᠤ ᠬᠠᠭᠤᠯᠤᠨ ᠢᠯᠡᠭᠡᠵᠦ᠂ ᠪᠡᠯᠡᠨ ᠪᠠᠷᠠᠭᠠᠨ ᠤ ᠲᠥᠷᠥᠯ ᠳᠤ ᠪᠠᠭᠳ᠋ᠬᠠᠳᠠᠪᠠᠯ ᠥᠪᠡᠷᠲᠡᠭᠡᠨ ᠵᠠᠰᠠᠬᠤ | ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠳᠤ ᠵᠡᠷᠭᠡ ᠳᠤ ᠨᠢ ᠬᠠᠭᠤᠯᠤᠨ ᠢᠯᠡᠭᠡᠬᠦ ᠬᠡᠷᠡᠭᠲᠡᠶ᠄ | ︵ᠨᠢᠭᠡ︶ ᠠᠷᠠᠯᠵᠢᠶᠠᠨ ᠤ ᠲᠠᠯᠠᠪᠤᠷ ᠭᠠᠵᠠᠷ ᠪᠤᠶᠤ ᠲᠡᠳᠡᠭᠡᠷ ᠤᠨ ᠬᠠᠤᠯᠢ ᠪᠠᠷ ᠲᠣᠭᠲᠠᠭᠠᠭᠰᠠᠨ ᠲᠦᠯᠦᠬᠡᠯᠡᠬᠦ | ᠭᠦᠮᠦᠨ᠂ ᠬᠡᠷᠡᠭ ᠮᠡᠳᠡᠭᠴᠢ᠂ ᠬᠢᠨᠠᠯᠲᠠ ᠲᠠᠯᠪᠢᠭᠴᠢ᠂ ᠳᠡᠭᠡᠳᠦ ᠳᠡᠰ ᠤᠨ ᠬᠠᠮᠢᠶᠠᠷᠤᠯᠲᠠ ᠶᠢᠨ ᠠᠵᠢᠯᠲᠠᠨ ᠨᠢ ᠬᠠᠤᠯᠢ | ᠲᠣᠭᠲᠠᠭᠠᠯ ᠢ ᠵᠥᠷᠢᠴᠡᠭᠰᠡᠨ ᠳᠤ ᠬᠤᠯᠪᠣᠭᠳᠠᠭᠰᠠᠨ ᠬᠦᠨᠳᠦ ᠶᠡᠭᠡ ᠰᠡᠵᠢᠭᠯᠡᠯᠲᠡᠶ ᠪᠣᠯ᠂ ᠬᠡᠷᠡᠭ ᠪᠣᠯᠭᠠᠨ ᠪᠠᠶᠢᠴᠠᠭᠠᠬᠤ | ᠪᠤᠶᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠤᠭᠰᠠᠨ︔ | ︵ᠬᠤᠶᠠᠷ︶ ᠠᠷᠠᠯᠵᠢᠶᠠᠨ ᠤ ᠲᠠᠯᠠᠪᠤᠷ ᠭᠠᠵᠠᠷ ᠤᠨ ᠴᠢᠬᠤᠯᠠ ᠶᠡᠭᠡ ᠡᠳ᠋ ᠤᠨ ᠶᠠᠪᠤᠳᠠᠯ ᠤᠨ ᠵᠠᠷᠤᠯᠭ᠎ᠠ ᠪᠠ | ᠡᠳ᠋ ᠤᠨ ᠶᠠᠪᠤᠳᠠᠯ ᠤᠨ ᠰᠢᠢᠳᠪᠦᠷᠢᠲᠦ ᠪᠣᠳᠣᠯᠭ᠎ᠠ ᠨᠢ ᠨᠡᠯᠢᠶᠡᠳ ᠶᠡᠭᠡ ᠡᠳ᠋ ᠤᠨ ᠶᠠᠪᠤᠳᠠᠯ ᠪᠤᠶᠤ ᠡᠵᠡᠩᠨᠡᠯᠲᠡ ᠶᠢᠨ | ᠲᠦᠭᠰᠢᠭᠦᠷᠢ ᠭᠠᠷᠴᠤ ᠮᠡᠳᠡᠬᠦ᠂ ᠪᠡᠯᠡ ᠣᠷᠣᠭᠤᠯᠤᠭᠴᠢ ᠶᠢᠨ ᠠᠰᠢᠭ ᠲᠤᠰᠠ ᠶᠢ ᠨᠥᠯᠥᠭᠡᠯᠡᠭᠰᠡᠨ︔ | ︵ᠭᠤᠷᠪᠠ︶ ᠲᠡᠳᠡᠨ ᠤ ᠴᠡᠪᠡᠷ ᠡᠳ᠋ ᠬᠦᠷᠦᠩᠭᠡ ᠶᠢᠨ 10% ᠠᠴᠠ ᠳᠡᠭᠡᠭᠰᠢᠬᠢ ᠶᠢ ᠡᠵᠡᠯᠡᠭᠰᠡᠨ ᠳᠤ | ᠬᠤᠯᠪᠣᠭᠳᠠᠭᠰᠠᠨ ᠪᠤᠶᠤ ᠡᠵᠡᠩᠨᠡᠯᠲᠡ ᠶᠢᠨ ᠲᠦᠭᠰᠢᠭᠦᠷᠢ ᠳᠤ ᠨᠡᠯᠢᠶᠡᠳ ᠶᠡᠭᠡ ᠨᠥᠯᠥᠭᠡ ᠲᠠᠢ ᠵᠠᠷᠭᠤ︔ | ︵ᠲᠦᠷᠪᠡ︶ ᠨᠡᠶᠢᠭᠡᠮ ᠤᠨ ᠲᠣᠭᠲᠠᠭᠤᠨ ᠪᠠᠶᠢᠳᠠᠯ ᠳᠤ ᠠᠰᠢᠭ ᠦᠭᠡᠢ ᠶᠡᠭᠡ ᠨᠥᠯᠥᠭᠡ ᠭᠠᠷᠭᠠᠭᠰᠠᠨ︔ | ︵ᠲᠠᠪᠤ︶ ᠬᠤᠪᠢ ᠡᠵᠡᠮᠳᠡᠵᠦ ᠪᠠᠶᠢᠭ᠎ᠠ ᠬᠤᠪᠢ ᠣᠷᠣᠭᠤᠯᠤᠭᠴᠢᠳ ᠲᠤ ᠬᠤᠯᠪᠣᠭᠳᠠᠭᠰᠠᠨ ᠴᠢᠬᠤᠯᠠ ᠶᠡᠭᠡ | ᠠᠵᠢᠯ ᠶᠠᠪᠤᠳᠠᠯ ᠨᠢ ᠬᠤᠪᠢ ᠣᠷᠣᠭᠤᠯᠤᠭᠴᠢ ᠶᠢᠨ ᠡᠷᠬᠡ ᠠᠰᠢᠭ ᠢᠶᠠᠨ ᠬᠡᠷᠡᠭᠵᠢᠭᠦᠯᠬᠦ ᠶᠢ ᠨᠥᠯᠥᠭᠡᠯᠡᠭᠰᠡᠨ︔ | ︵ᠵᠢᠷᠭᠤᠭ᠎ᠠ︶ ᠪᠤᠰᠤᠳ ᠴᠢᠬᠤᠯᠠ ᠶᠡᠭᠡ ᠵᠦᠢᠯᠡᠰ᠃ | ᠭᠤᠴᠢᠨ ᠨᠢᠭᠡᠳᠦᠭᠡᠷ ᠵᠦᠢᠯ ᠠᠷᠠᠯᠵᠢᠶᠠᠨ ᠤ ᠲᠠᠯᠠᠪᠤᠷ ᠭᠠᠵᠠᠷ ᠵᠢᠴᠢ ᠲᠡᠳᠡᠭᠡᠷ ᠤᠨ ᠰᠠᠯᠪᠤᠷᠢ ᠪᠠᠶᠢᠭᠤᠯᠤᠮᠵᠢ᠂ | ᠭᠡᠰᠢᠭᠦᠳ᠂ ᠣᠷᠣᠯᠠᠬᠤ ᠬᠤᠳᠠᠯᠳᠤᠭᠠᠴᠢᠨ᠂ ᠡᠷᠬᠡ ᠣᠯᠭᠤᠭᠰᠠᠨ ᠦᠢᠯᠡᠴᠢᠯᠡᠬᠦ ᠪᠠᠶᠢᠭᠤᠯᠤᠮᠵᠢ ᠵᠡᠷᠭᠡ ᠨᠢ | ᠬᠠᠤᠯᠢ ᠠᠴᠠ ᠵᠥᠷᠢᠴᠡᠨ ᠳᠣᠤᠷᠠᠬᠢ ᠠᠵᠢᠯᠯᠠᠭ᠎ᠠ ᠶᠢ ᠬᠢᠵᠦ ᠪᠣᠯᠬᠤ ᠥᠬᠡᠶ᠄ | ︵ᠨᠢᠭᠡ︶ ᠬᠠᠷᠢᠴᠠᠭᠠᠨ ᠤ ᠡᠷᠦᠬᠡ ᠳᠤ ᠪᠡᠯᠡ ᠣᠷᠣᠭᠤᠯᠤᠭᠰᠠᠨ ᠡᠬᠡ ᠮᠥᠩᠭᠦ ᠨᠢ ᠬᠤᠬᠢᠷᠠᠬᠤ ᠦᠭᠡᠢ ᠪᠤᠶᠤ | ᠨᠠᠭᠠᠲᠤ ᠵᠠᠬ᠎ᠠ ᠶᠢᠨ ᠣᠯᠵᠠᠪᠤᠷᠢ ᠲᠠᠢ ᠪᠠᠶᠢᠬᠤ ᠶᠢ ᠠᠮᠠᠯᠠᠬᠤ︔ | ︵ᠬᠤᠶᠠᠷ︶ ᠲᠤᠬᠠᠶᠢᠯᠠᠭᠰᠠᠨ ᠠᠵᠢᠯ ᠤᠨ ᠶᠠᠪᠤᠴᠠ ᠳᠤ ᠪᠠᠨ ᠬᠠᠷᠢᠴᠠᠭᠠᠨ ᠤ ᠡᠷᠦᠬᠡ ᠲᠠᠢ ᠠᠰᠢᠭ ᠲᠤᠰᠠ ᠶᠢ | ᠬᠤᠪᠢᠶᠠᠯᠴᠠᠨ ᠬᠦᠷᠲᠡᠬᠦ ᠪᠤᠶᠤ ᠲᠦᠭᠰᠢᠭᠦᠷᠢ ᠶᠢ ᠬᠠᠮᠲᠤ ᠳᠤ ᠪᠠᠨ ᠡᠭᠦᠷᠭᠡᠯᠡᠬᠦ ᠪᠠᠷ ᠪᠣᠯᠵᠣᠨ ᠲᠣᠭᠲᠠᠬᠤ︔ | ︵ᠭᠤᠷᠪᠠ︶ ᠬᠠᠷᠢᠴᠠᠭᠠᠨ ᠤ ᠡᠷᠦᠬᠡ ᠶᠢ ᠣᠷᠣᠯᠠᠨ ᠠᠷᠠᠯᠵᠢᠶ᠎ᠠ ᠮᠠᠶᠢᠮᠠᠢ ᠬᠢᠬᠦ ᠲᠤᠭ᠎ᠠ ᠬᠡᠮᠵᠢᠶ᠎ᠡ᠂ ᠲᠦᠷᠦᠯ᠂ | ᠦᠨ᠎ᠡ ᠬᠠᠩᠰᠢ ᠵᠢᠴᠢ ᠬᠤᠳᠠᠯᠳᠤᠨ ᠠᠪᠬᠤ ᠪᠤᠶᠤ ᠬᠤᠳᠠᠯᠳᠤᠬᠤ ᠶᠢ ᠨᠢ ᠲᠣᠭᠲᠠᠭᠠᠬᠤ ᠪᠦᠷᠢᠨ ᠡᠷᠬᠡ ᠲᠠᠢ | ᠨᠠᠶᠢᠳᠠᠯᠭ᠎ᠠ ᠶᠢ ᠬᠦᠯᠢᠶᠡᠬᠦ︔ | ︵ᠲᠦᠷᠪᠡ︶ ᠬᠠᠷᠢᠴᠠᠭᠠᠨ ᠤ ᠡᠷᠦᠭᠡ ᠶᠢᠨ ᠬᠦᠰᠡᠯ ᠰᠠᠨᠠᠭ᠎ᠠ ᠠᠴᠠ ᠵᠥᠷᠢᠴᠡᠵᠦ᠂ ᠬᠠᠷᠢᠴᠠᠭᠠᠨ ᠤ | ᠡᠷᠦᠭᠡ ᠶᠢᠨ ᠨᠡᠷ᠎ᠡ ᠪᠠᠷ ᠠᠷᠠᠯᠵᠢᠶᠠᠯᠠᠬᠤ ᠠᠵᠢᠯᠯᠠᠭ᠎ᠠ ᠥᠷᠨᠢᠭᠦᠯᠬᠦ︔ | ︵ᠲᠠᠪᠤ︶ ᠶᠠᠮᠠᠷᠪᠠ ᠠᠷᠭ᠎ᠠ ᠬᠡᠯᠪᠡᠷᠢ ᠪᠠᠷ ᠲᠤᠰ ᠵᠠᠬ᠎ᠠ ᠳᠡᠯᠭᠡᠭᠦᠷ ᠤᠨ ᠠᠷᠠᠯᠵᠢᠶ᠎ᠠ ᠳᠤ ᠰᠢᠭᠤᠳ ᠪᠤᠶᠤ | ᠲᠡᠮ ᠢᠶᠠᠷ ᠣᠷᠣᠯᠴᠠᠬᠤ︔ | ︵ᠵᠢᠷᠭᠤᠭ᠎ᠠ︶ ᠬᠠᠷᠢᠴᠠᠭᠠᠨ ᠤ ᠡᠷᠦᠬᠡ ᠲᠠᠢ ᠮᠥᠷᠦᠢ ᠲᠠᠯᠪᠢᠬᠤ︔ | ︵ᠳᠣᠯᠤᠭ᠎ᠠ︶ ᠭᠤᠷᠪᠠᠳᠠᠬᠢ ᠡᠲᠡᠭᠡᠳ ᠢᠶᠠᠷ ᠪᠠᠯᠠ ᠮᠥᠩᠭᠦ ᠶᠢ ᠨᠠᠶᠢᠳᠠᠨ ᠬᠠᠮᠢᠶᠠᠷᠤᠭᠤᠯᠬᠤ ᠲᠠᠩᠰᠠᠨ | ᠡᠷᠦᠬᠡ ᠠᠴᠠ ᠭᠠᠳᠠᠭᠤᠷ ᠬᠠᠷᠢᠴᠠᠭᠠᠨ ᠤ ᠡᠷᠦᠬᠡ ᠶᠢᠨ ᠪᠠᠯᠠ ᠮᠥᠩᠭᠦ ᠶᠢ ᠬᠠᠳᠠᠭᠠᠯᠠᠵᠤ ᠲᠠᠯᠪᠢᠬᠤ᠂ ᠡᠰᠡᠬᠦᠯ᠎ᠡ | ᠪᠤᠰᠤᠳ ᠠᠷᠭ᠎ᠠ ᠮᠠᠶ᠋ᠢᠭ ᠢᠶᠠᠷ ᠬᠠᠷᠢᠴᠠᠭᠠᠨ ᠤ ᠡᠷᠦᠬᠡ ᠶᠢᠨ ᠠᠷᠠᠯᠵᠢᠶᠠᠨ ᠤ ᠪᠠᠯᠠ ᠮᠥᠩᠭᠦ ᠶᠢ ᠨᠡᠭᠦᠯᠭᠡᠨ ᠬᠡᠷᠡᠭᠯᠡᠬᠦ᠂ | ᠡᠵᠡᠯᠡᠨ ᠬᠡᠷᠡᠭᠯᠡᠬᠦ︔ | ︵ᠨᠠᠢᠮᠠ︶ ᠬᠤᠳᠠᠯ ᠬᠠᠭᠤᠷᠮᠠᠭ ᠪᠤᠶᠤ ᠪᠡᠯᠡ ᠣᠷᠣᠭᠤᠯᠤᠭᠴᠢ ᠶᠢ ᠪᠤᠷᠤᠭᠤ ᠵᠦᠭ ᠬᠥᠲᠥᠯᠬᠦ ᠮᠡᠳᠡᠭᠡ ᠵᠠᠩᠭᠢ | ᠪᠠ ᠦᠨᠡᠨ ᠪᠤᠰᠤ ᠤᠬᠠᠭᠤᠯᠭ᠎ᠠ ᠶᠢ ᠬᠠᠩᠭᠠᠬᠤ᠂ ᠲᠠᠷᠬᠠᠭᠠᠬᠤ︔ | ︵ᠶᠢᠰᠦ︶ ᠠᠷᠠᠯᠵᠢᠶᠠᠨ ᠤ ᠵᠥᠭᠡᠯᠡᠨ ᠬᠡᠷᠡᠭᠰᠡᠯ ᠢ ᠠᠰᠢᠭᠯᠠᠵᠤ ᠠᠵᠢᠯᠯᠠᠭᠠᠨ ᠤ ᠠᠷᠤ ᠲᠡᠪᠴᠡᠩ ᠢᠶᠠᠷ | ᠵᠠᠬᠢᠷᠤᠨ ᠵᠢᠯᠣᠭᠤᠳᠬᠤ︔ | ︵ᠠᠷᠪᠠ︶ ᠳᠤᠷ᠎ᠠ ᠪᠠᠷ ᠢᠶᠠᠨ ᠭᠠᠳᠠᠭᠰᠢ ᠬᠤᠷᠰᠢᠨ ᠡᠵᠡᠩᠨᠡᠬᠦ ᠪᠤᠶᠤ ᠡᠵᠡᠩᠨᠡᠯᠲᠡ ᠶᠢᠨ ᠡᠷᠬᠡ ᠶᠢ ᠭᠠᠳᠠᠭᠰᠢ | ᠳᠠᠭᠠᠭᠠᠴᠢᠯᠠᠭᠤᠯᠬᠤ︔ | ︵ᠠᠷᠪᠠᠨ ᠨᠢᠭᠡ︶ ᠬᠤᠪᠢ ᠣᠷᠣᠭᠤᠯᠤᠭᠴᠢ᠂ ᠪᠣᠳᠠᠲᠠᠶ ᠬᠤᠪᠢ ᠡᠵᠡᠮᠳᠡᠭᠴᠢ ᠪᠤᠶᠤ ᠪᠤᠰᠤᠳ ᠬᠤᠯᠪᠣᠭᠳᠠᠬᠤ | ᠲᠠᠯ᠎ᠠ ᠳᠤ ᠪᠡᠯᠡ ᠲᠣᠬᠢᠷᠠᠭᠤᠯᠭ᠎ᠠ ᠪᠤᠶᠤ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠬᠠᠩᠭᠠᠨ ᠥᠭᠴᠦ᠂ ᠣᠷᠣᠯᠠᠨ | ᠭᠦᠢᠴᠡᠳᠭᠡᠬᠦ ᠪᠠᠶᠢᠭᠤᠯᠤᠮᠵᠢ ᠠᠴᠠ ᠬᠠᠤᠯᠢ ᠪᠤᠰᠤ ᠠᠰᠢᠭ ᠲᠤᠰᠠ ᠤᠯᠬᠤ︔ | ︵ᠠᠷᠪᠠᠨ ᠬᠤᠶᠠᠷ︶ ᠬᠠᠷᠢᠴᠠᠭᠠᠨ ᠤ ᠡᠷᠦᠭᠡ ᠶᠢᠨ ᠤᠭ ᠰᠠᠨᠠᠭ᠎ᠠ ᠠᠴᠠ ᠵᠥᠷᠢᠴᠡᠭᠰᠡᠨ ᠪᠤᠶᠤ | ᠬᠠᠷᠢᠴᠠᠭᠠᠨ ᠤ ᠡᠷᠦᠬᠡ ᠶᠢᠨ ᠠᠰᠢᠭ ᠲᠤᠰᠠ ᠲᠠᠢ ᠬᠠᠷᠰᠢᠯᠳᠤᠭᠰᠠᠨ ᠪᠤᠰᠤᠳ ᠦᠢᠯᠡ ᠠᠵᠢᠯᠯᠠᠭ᠎ᠠ ᠲᠠᠢ ᠪᠠᠶᠢᠬᠤ᠃ | | ᠳᠥᠷᠪᠡᠳᠦᠭᠡᠷ ᠪᠦᠯᠦᠭ ᠬᠢᠨᠠᠯᠲᠠ ᠬᠠᠮᠢᠶᠠᠷᠤᠯᠲᠠ | | ᠭᠤᠴᠢᠨ ᠬᠤᠶᠠᠳᠤᠭᠠᠷ ᠵᠦᠢᠯ ᠬᠠᠮᠲᠤᠷᠠᠭᠰᠠᠨ ᠬᠤᠷᠠᠯ ᠨᠢ ᠥᠪᠡᠷᠲᠡᠭᠡᠨ ᠵᠠᠰᠠᠬᠤ ᠣᠷᠣᠨ ᠤ ᠡᠯ᠎ᠡ | ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠢ ᠢᠯᠭᠠᠷᠠᠭᠤᠯᠤᠨ ᠴᠡᠭᠴᠡᠯᠡᠬᠦ ᠠᠵᠢᠯ ᠤᠨ ᠲᠣᠭᠲᠠᠴᠠ ᠶᠣᠰᠣᠭᠠᠷ | ᠳᠣᠤᠷᠠᠬᠢ ᠡᠭᠦᠷᠭᠡ ᠬᠠᠷᠢᠭᠤᠴᠠᠯᠭ᠎ᠠ ᠶᠢ ᠭᠦᠢᠴᠡᠳᠭᠡᠬᠦ ᠬᠡᠷᠡᠭᠲᠡᠢ᠄ | ︵ᠨᠢᠭᠡ︶ ᠠᠷᠠᠯᠵᠢᠶᠠᠨ ᠤ ᠲᠠᠯᠠᠪᠤᠷ ᠭᠠᠵᠠᠷ ᠤᠨ ᠬᠥᠭᠵᠢᠯᠲᠡ ᠳᠠᠬᠢ ᠴᠢᠬᠤᠯᠠ ᠶᠡᠭᠡ ᠠᠰᠠᠭᠤᠳᠠᠯ ᠢ | ᠨᠢᠭᠡᠳᠦᠯᠲᠡᠢ ᠲᠥᠯᠥᠪᠯᠡᠨ ᠵᠣᠬᠢᠴᠠᠭᠤᠯᠬᠤ︔ | ︵ᠬᠤᠶᠠᠷ︶ ᠡᠯ᠎ᠡ ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠤᠨ ᠥᠪᠡᠷᠲᠡᠭᠡᠨ ᠵᠠᠰᠠᠬᠤ ᠣᠷᠣᠨ ᠤ | ᠱᠠᠲᠤᠨ ᠤ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠲᠣᠳᠣᠷᠬᠠᠶᠢᠯᠠᠬᠤ︔ | ︵ᠭᠤᠷᠪᠠ︶ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠢ ᠵᠢᠭᠠᠨ ᠵᠢᠯᠣᠭᠤᠳᠴᠤ᠂ ᠪᠠᠶᠢᠴᠠᠭᠠᠨ᠂ ᠰᠢᠮᠳᠠᠭᠤᠯᠬᠤ ᠪᠠ ᠵᠣᠬᠢᠴᠠᠭᠤᠯᠵᠤ ᠪᠠᠶᠢᠭᠠᠳ ᠬᠢᠨᠠᠯᠲᠠ | ᠬᠠᠮᠢᠶᠠᠷᠤᠯᠲᠠ ᠶᠢᠨ ᠠᠵᠢᠯ ᠥᠷᠨᠢᠭᠦᠯᠬᠦ︔ | ︵ᠳᠥᠷᠪᠡ︶ ᠡᠯ᠎ᠡ ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠤᠨ ᠢᠯᠭᠠᠷᠠᠭᠤᠯᠤᠨ ᠴᠡᠭᠴᠡᠯᠡᠬᠦ | ᠶᠠᠮᠤᠨ ᠤ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠲᠤᠰᠢᠶᠠᠨ ᠭᠦᠢᠴᠡᠳᠭᠡᠯᠭᠡᠬᠦ ᠠᠵᠢᠯ ᠢ | ᠨᠠᠶᠢᠳᠠᠪᠤᠷᠢᠵᠢᠭᠤᠯᠬᠤ᠃ | ᠭᠤᠴᠢᠨ ᠭᠤᠷᠪᠠᠳᠤᠭᠠᠷ ᠵᠦᠢᠯ ᠬᠠᠮᠲᠤᠷᠠᠭᠰᠠᠨ ᠬᠤᠷᠠᠯ ᠤᠨ ᠠᠯᠪᠠᠨ ᠬᠡᠷ ᠨᠢ ᠬᠠᠮᠢᠶ᠎ᠠ ᠪᠥᠬᠦᠶ ᠠᠵᠢᠯ ᠤᠨ | ᠱᠠᠭᠠᠷᠳᠠᠯᠭ᠎ᠠ ᠶᠣᠰᠣᠭᠠᠷ ᠳᠣᠤᠷᠠᠬᠢ ᠡᠭᠦᠷᠭᠡ ᠬᠠᠷᠢᠭᠤᠴᠠᠯᠭ᠎ᠠ ᠶᠢ ᠭᠦᠢᠴᠡᠳᠭᠡᠬᠦ ᠬᠡᠷᠡᠭᠲᠡᠢ᠄ | ︵ᠨᠢᠭᠡ︶ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠲᠠᠢ ᠬᠠᠮᠲᠤᠷᠠᠯᠴᠠᠵᠤ | ᠪᠦᠷᠢᠯᠳᠦᠬᠦᠨ ᠨᠢᠭᠡᠴᠢ ᠶᠢ ᠰᠢᠮᠳᠠᠭᠤᠯᠵᠤ ᠪᠠᠶᠢᠭᠠᠳ ᠬᠠᠮᠲᠤᠷᠠᠭᠰᠠᠨ ᠬᠤᠷᠠᠯ ᠤᠨ ᠬᠤᠯᠪᠣᠭᠳᠠᠯ ᠪᠥᠬᠦᠶ | ᠲᠣᠭᠲᠠᠭᠠᠯ ᠢ ᠨᠠᠶᠢᠳᠠᠪᠤᠷᠢᠵᠢᠭᠤᠯᠬᠤ︔ | ︵ᠬᠤᠶᠠᠷ︶ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠲᠠᠢ | ᠬᠠᠮᠲᠤᠷᠠᠯᠴᠠᠵᠤ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠢ ᠰᠢᠮᠳᠠᠭᠤᠯᠵᠤ ᠪᠠᠶᠢᠭᠠᠳ ᠲᠣᠰ ᠠᠵᠢᠯ ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠤᠨ | ᠬᠢᠨᠠᠯᠲᠠ ᠬᠠᠮᠢᠶᠠᠷᠤᠯᠲᠠ ᠶᠢᠨ ᠳᠦᠷᠢᠮ ᠢ ᠲᠣᠭᠲᠠᠭᠠᠬᠤ ᠶᠢᠨ ᠬᠠᠮᠲᠤ ᠲᠡᠳᠡᠨ ᠲᠠᠢ ᠬᠠᠮᠵᠢᠯᠴᠠᠵᠤ ᠵᠥᠪᠰᠢᠶᠡᠷᠡᠨ | ᠣᠷᠣᠭᠤᠯᠬᠤ ᠬᠠᠮᠢᠶᠠᠷᠤᠯᠲᠠ ᠪᠠ ᠲᠤᠬᠠᠶᠢᠯᠠᠭᠰᠠᠨ ᠠᠵᠢᠯ ᠤᠨ ᠵᠢᠷᠤᠮᠵᠢᠭᠤᠯᠬᠤ ᠠᠵᠢᠯ ᠢ ᠥᠷᠨᠢᠭᠦᠯᠬᠦ︔ | ︵ᠭᠤᠷᠪᠠ︶ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠬᠠᠮᠢᠶ᠎ᠠ ᠪᠦᠬᠦᠢ ᠮᠥᠩᠭᠦᠨ | ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠯᠴᠠᠵᠤ ᠰᠤᠭᠤᠴᠢᠨ ᠪᠠᠶᠢᠴᠠᠭᠠᠬᠤ ᠬᠢᠬᠡᠳ | ᠲᠣᠭᠲᠠᠭᠠᠯ ᠳᠤ ᠨᠡᠶᠢᠴᠡᠭᠦᠯᠵᠦ ᠬᠠᠮᠲᠤᠷᠠᠨ ᠵᠥᠪᠳᠡᠯᠴᠡᠬᠦ ᠶᠢ ᠵᠣᠬᠢᠶᠠᠨ ᠪᠠᠶᠢᠭᠤᠯᠵᠤ᠂ ᠣᠯᠵᠤ ᠮᠡᠳᠡᠭᠰᠡᠨ | ᠠᠰᠠᠭᠤᠳᠠᠯ ᠢ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠲᠠᠢ ᠬᠠᠮᠲᠤᠷᠠᠯᠴᠠᠵᠤ | ᠬᠠᠮᠢᠶ᠎ᠠ ᠪᠥᠬᠦᠶ ᠰᠠᠯᠠᠭ᠎ᠠ ᠮᠥᠴᠢᠷ ᠢ ᠰᠢᠮᠳᠠᠭᠤᠯᠤᠨ ᠵᠣᠬᠢᠴᠠᠭᠤᠯᠵᠤ ᠪᠠᠶᠢᠭᠠᠳ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠶᠣᠰᠣᠭᠠᠷ ᠴᠠᠭ ᠲᠤᠬᠠᠶ ᠲᠤ ᠨᠢ ᠰᠢᠢᠳᠪᠦᠷᠢᠯᠡᠭᠦᠯᠵᠦ᠂ ᠲᠦᠭᠰᠢᠭᠦᠷᠢ ᠶᠢᠨ ᠳᠠᠯᠳᠠ ᠬᠡᠮ ᠢ | ᠠᠷᠢᠯᠭᠠᠬᠤ︔ | ︵ᠳᠥᠷᠪᠡ︶ ᠰᠠᠯᠠᠭ᠎ᠠ ᠮᠥᠴᠢᠷ ᠠᠯᠤᠰᠯᠠᠭᠰᠠᠨ ᠠᠷᠠᠯᠵᠢᠶᠠᠨ ᠤ ᠲᠠᠯᠠᠪᠤᠷ ᠭᠠᠵᠠᠷ ᠤᠨ ᠪᠦᠷᠢᠳᠭᠡᠵᠦ ᠬᠢᠨᠠᠨ | ᠰᠢᠨᠵᠢᠬᠦ ᠪᠠ ᠲᠦᠭᠰᠢᠭᠦᠷᠢ ᠰᠡᠷᠡᠮᠵᠢᠯᠡᠭᠦᠯᠬᠦ ᠲᠠᠪᠴᠠᠩ ᠢ ᠲᠦᠷᠦᠭᠦᠯᠡᠨ ᠪᠠᠶᠢᠭᠤᠯᠬᠤ︔ | ︵ᠲᠠᠪᠤ︶ ᠬᠠᠮᠲᠤᠷᠠᠭᠰᠠᠨ ᠬᠤᠷᠠᠯ ᠤᠨ ᠲᠤᠰᠢᠶᠠᠨ ᠭᠦᠢᠴᠡᠳᠭᠡᠯᠭᠡᠬᠦ ᠪᠤᠰᠤᠳ ᠠᠵᠢᠯ ᠢ ᠬᠠᠷᠢᠭᠤᠴᠠᠬᠤ᠃ | ᠭᠤᠴᠢᠨ ᠳᠥᠷᠪᠡᠳᠦᠭᠡᠷ ᠵᠦᠢᠯ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ | ᠣᠷᠳᠣᠨ ᠨᠢ ᠲᠤᠰ ᠵᠠᠰᠠᠭ ᠵᠠᠬᠢᠷᠭᠠᠨ ᠤ ᠣᠷᠣᠨ ᠳᠠᠬᠢ ᠠᠷᠠᠯᠵᠢᠶᠠᠨ ᠤ ᠲᠠᠯᠠᠪᠤᠷ ᠭᠠᠵᠠᠷ ᠤᠨ ᠲᠦᠭᠰᠢᠭᠦᠷᠢ | ᠰᠡᠷᠭᠡᠶᠢᠯᠡᠬᠦ ᠪᠠ ᠰᠢᠢᠳᠪᠦᠷᠢᠯᠡᠬᠦ ᠬᠠᠷᠢᠭᠤᠴᠠᠯᠭ᠎ᠠ ᠶᠢ ᠪᠣᠳᠠᠲᠠᠢ ᠡᠭᠦᠷᠭᠡᠯᠡᠬᠦ ᠬᠡᠷᠡᠭᠲᠡᠢ᠂ ᠲᠤᠰ ᠵᠠᠰᠠᠭ ᠵᠠᠬᠢᠷᠭᠠᠨ ᠤ | ᠣᠷᠣᠨ ᠳᠠᠬᠢ ᠡᠯ᠎ᠡ ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠤᠨ ᠬᠢᠨᠠᠨ ᠬᠠᠮᠢᠶᠠᠷᠬᠤ ᠠᠵᠢᠯ ᠤᠨ | ᠲᠣᠭᠲᠠᠴᠠ ᠶᠢ ᠪᠠᠶᠢᠭᠤᠯᠵᠤ᠂ ᠠᠷᠠᠯᠵᠢᠶᠠᠨ ᠤ ᠲᠠᠯᠠᠪᠤᠷ ᠭᠠᠵᠠᠷ ᠤᠨ ᠲᠦᠭᠰᠢᠭᠦᠷᠢ ᠰᠢᠢᠳᠪᠦᠷᠢᠯᠡᠬᠦ ᠪᠡᠯᠡᠳᠬᠡᠯ | ᠲᠥᠰᠦᠯ ᠪᠠ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠣᠭᠲᠠᠭᠠᠨ᠂ | ᠲᠤᠰᠬᠠᠶ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ︵ᠳᠣᠷᠣᠭᠰᠢ ᠠᠶᠢᠮᠠᠭ ᠬᠤᠲᠠ ᠶᠢᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠭᠡᠵᠦ ᠲᠣᠪᠴᠢᠯᠠᠨ᠎ᠠ︶ ᠢ ᠲᠣᠳᠣᠷᠬᠠᠶᠢᠯᠠᠵᠤ᠂ ᠲᠦᠭᠰᠢᠭᠦᠷᠢ ᠰᠡᠷᠭᠡᠶᠢᠯᠡᠬᠦ ᠪᠠ | ᠰᠢᠢᠳᠪᠦᠷᠢᠯᠡᠬᠦ ᠠᠵᠢᠯ ᠢ ᠪᠣᠳᠠᠲᠠᠶ ᠬᠠᠷᠢᠭᠤᠴᠠᠨ᠂ ᠠᠷᠠᠯᠵᠢᠶᠠᠨ ᠤ ᠲᠠᠯᠠᠪᠤᠷ ᠭᠠᠵᠠᠷ ᠤᠨ ᠵᠢᠷᠤᠮᠵᠢᠯ ᠲᠠᠢ ᠡᠵᠡᠩᠨᠡᠬᠦ ᠶᠢ | ᠦᠨᠡᠨ ᠬᠦ ᠪᠠᠲᠤᠯᠠᠬᠤ ᠬᠡᠷᠡᠭᠲᠡᠶ᠃ | ᠭᠤᠴᠢᠨ ᠲᠠᠪᠤᠳᠤᠭᠠᠷ ᠵᠦᠢᠯ ᠬᠠᠮᠲᠤᠷᠠᠭᠰᠠᠨ ᠬᠤᠷᠠᠯ ᠤᠨ ᠬᠠᠮᠢᠶ᠎ᠠ ᠪᠥᠬᠦᠶ ᠪᠦᠷᠢᠯᠳᠦᠬᠦᠨ ᠨᠢᠭᠡᠴᠢ ᠨᠢ ᠡᠯ᠎ᠡ | ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠲᠤ ᠬᠠᠮᠵᠢᠯᠴᠠᠵᠤ ᠬᠢᠨᠠᠨ ᠬᠠᠮᠢᠶᠠᠷᠬᠤ ᠠᠵᠢᠯ ᠬᠢᠵᠦ᠂ ᠳᠣᠤᠷᠠᠬᠢ | ᠡᠭᠦᠷᠭᠡ ᠬᠠᠷᠢᠭᠤᠴᠠᠯᠭ᠎ᠠ ᠶᠢ ᠲᠣᠰ ᠲᠣᠰ ᠭᠦᠢᠴᠡᠳᠭᠡᠬᠦ ᠬᠡᠷᠡᠭᠲᠡᠢ᠄ | ︵ᠨᠢᠭᠡ︶ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ | ᠠᠷᠠᠯᠵᠢᠶᠠᠨ ᠤ ᠲᠠᠯᠠᠪᠤᠷ ᠭᠠᠵᠠᠷ ᠤᠨ ᠬᠠᠮᠢᠶᠠᠷᠤᠯᠲᠠ ᠶᠢᠨ ᠠᠵᠢᠯ ᠳᠤ ᠵᠢᠭᠠᠨ ᠵᠢᠯᠣᠭᠤᠳᠬᠤ᠂ ᠰᠢᠮᠳᠠᠭᠤᠯᠬᠤ᠂ | ᠬᠠᠮᠵᠢᠯᠴᠠᠨ ᠰᠠᠶᠢᠲᠤᠷ ᠬᠢᠬᠦ ᠶᠢ ᠬᠠᠷᠢᠭᠤᠴᠠᠨ᠂ ᠠᠷᠠᠯᠵᠢᠶᠠᠨ ᠤ ᠲᠠᠯᠠᠪᠤᠷ ᠭᠠᠵᠠᠷ ᠲᠤ ᠡᠭᠦᠰᠴᠦ ᠮᠡᠳᠡᠬᠦ ᠮᠥᠩᠭᠦᠨ | ᠭᠦᠢᠯᠭᠡᠭᠡᠨ ᠤ ᠲᠦᠭᠰᠢᠭᠦᠷᠢ ᠶᠢ ᠰᠡᠷᠡᠮᠵᠢᠯᠡᠭᠦᠯᠦᠨ ᠰᠠᠨᠠᠭᠤᠯᠵᠤ᠂ ᠢᠯᠭᠠᠷᠠᠭᠤᠯᠤᠨ ᠴᠡᠭᠴᠡᠯᠡᠬᠦ ᠪᠠ ᠲᠥᠷᠥᠯ | ᠬᠤᠪᠢᠶᠠᠨ ᠰᠢᠢᠳᠪᠦᠷᠢᠯᠡᠬᠦ ᠶᠢ ᠰᠢᠮᠳᠠᠭᠤᠯᠵᠤ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠢᠯ ᠲᠥᠷᠥᠯ ᠤᠨ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠲᠥᠷᠥ ᠶᠢᠨ ᠪᠣᠳᠣᠯᠭ᠎ᠠ ᠳᠠᠮᠵᠢᠭᠤᠯᠬᠤ ᠪᠠ ᠲᠤᠰᠬᠠᠶ ᠮᠡᠷᠭᠡᠵᠢᠯ ᠤᠨ | ᠳᠡᠮᠵᠢᠯᠭᠡ ᠬᠠᠩᠭᠠᠨ᠂ ᠡᠨᠡ ᠬᠦ ᠲᠠᠯ᠎ᠠ ᠶᠢᠨ ᠡᠷᠬᠡ ᠲᠠᠢ ᠰᠠᠯᠠᠭ᠎ᠠ ᠮᠥᠴᠢᠷ ᠤᠨ ᠬᠠᠮᠵᠢᠯᠴᠠᠬᠤ ᠭᠤᠶᠤᠴᠢᠯᠠᠯ ᠢ ᠴᠠᠭ | ᠲᠤᠬᠠᠶ ᠳᠤ ᠨᠢ ᠳᠠᠭᠠᠭᠠᠨ ᠵᠠᠯᠭᠠᠭᠤᠯᠵᠤ᠂ ᠠᠷᠠᠯᠵᠢᠶᠠᠨ ᠤ ᠲᠠᠯᠠᠪᠤᠷ ᠭᠠᠵᠠᠷ ᠲᠠᠬᠢ ᠶᠠᠪᠤᠭᠳᠠᠵᠤ ᠮᠡᠳᠡᠬᠦ | ᠲᠡᠮᠳᠡᠭᠲᠦ ᠶᠢᠨ ᠬᠤᠭᠤᠴᠠᠭᠠᠲᠤ ᠪᠠᠷᠠᠭᠠᠨ ᠤ ᠬᠠᠤᠯᠢ ᠪᠤᠰᠤ ᠪᠠᠷ ᠠᠷᠠᠯᠵᠢᠶᠠᠯᠠᠬᠤ ᠠᠵᠢᠯᠯᠠᠭ᠎ᠠ ᠶᠢᠨ ᠰᠢᠨᠵᠢ ᠴᠢᠨᠠᠷ ᠲᠤ | ᠮᠠᠭᠠᠳᠯᠠᠨ ᠲᠣᠭᠲᠠᠭᠠᠯᠲᠠ ᠬᠢᠬᠦ ᠶᠢ ᠬᠠᠤᠯᠢ ᠶᠣᠰᠣᠭᠠᠷ ᠥᠷᠨᠢᠭᠦᠯᠬᠦ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ | ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ | ᠶᠠᠪᠤᠳᠠᠯ ᠤᠨ ᠲᠢᠩᠬᠢᠮ ᠢ ᠬᠠᠪᠰᠤᠷᠴᠤ ᠠᠷᠠᠯᠵᠢᠶᠠᠨ ᠤ ᠲᠠᠯᠠᠪᠤᠷ ᠭᠠᠵᠠᠷ ᠲᠠᠬᠢ ᠲᠡᠮᠳᠡᠭᠲᠦ ᠶᠢᠨ ᠬᠤᠭᠤᠴᠠᠭᠠᠲᠤ | ᠪᠠᠷᠠᠭᠠᠨ ᠤ ᠬᠠᠤᠯᠢ ᠪᠤᠰᠤ ᠪᠠᠷ ᠠᠷᠠᠯᠵᠢᠶᠠᠯᠠᠬᠤ ᠠᠵᠢᠯᠯᠠᠭ᠎ᠠ ᠶᠢ ᠰᠢᠢᠳᠪᠦᠷᠢᠯᠡᠵᠦ ᠰᠢᠮᠳᠠᠭᠤᠯᠤᠨ ᠵᠢᠯᠣᠭᠤᠳᠬᠤ | ᠠᠵᠢᠯ ᠢ ᠰᠠᠶᠢᠲᠤᠷ ᠬᠢᠬᠦ ᠬᠡᠷᠡᠭᠲᠡᠢ︔ | ︵ᠬᠤᠶᠠᠷ︶ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠨᠢ ᠠᠷᠠᠯᠵᠢᠶᠠᠨ ᠤ ᠲᠠᠯᠠᠪᠤᠷ ᠭᠠᠵᠠᠷ ᠢ ᠪᠠᠶᠢᠭᠤᠯᠬᠤ᠂ ᠨᠡᠷᠡᠶᠢᠳᠦᠯ ᠢ ᠨᠢ ᠬᠤᠪᠢᠷᠠᠭᠠᠬᠤ᠂ ᠬᠦᠴᠦᠨ | ᠥᠬᠡᠶ ᠪᠣᠯᠭᠠᠬᠤ ᠵᠡᠷᠭᠡ ᠴᠢᠬᠤᠯᠠ ᠶᠡᠭᠡ ᠵᠦᠢᠯᠡᠰ ᠢ ᠳᠠᠩᠰᠠᠯᠠᠨ ᠲᠡᠮᠳᠡᠭᠯᠡᠬᠦ ᠠᠵᠢᠯ ᠢ ᠬᠠᠷᠢᠭᠤᠴᠠᠨ ᠰᠠᠶᠢᠲᠤᠷ ᠬᠢᠬᠦ | ᠬᠡᠷᠡᠭᠲᠡᠢ︔ ᠠᠷᠠᠯᠵᠢᠶᠠᠨ ᠤ ᠲᠠᠯᠠᠪᠤᠷ ᠭᠠᠵᠠᠷ ᠵᠢᠴᠢ ᠲᠡᠳᠡᠭᠡᠷ ᠤᠨ ᠭᠡᠰᠢᠭᠦᠳ᠂ ᠣᠷᠣᠯᠠᠬᠤ ᠬᠤᠳᠠᠯᠳᠤᠭᠠᠴᠢᠨ᠂ | ᠡᠷᠬᠡ ᠣᠯᠭᠤᠭᠰᠠᠨ ᠦᠢᠯᠡᠴᠢᠯᠡᠬᠦ ᠪᠠᠶᠢᠭᠤᠯᠤᠮᠵᠢ ᠵᠡᠷᠭᠡ ᠶᠢᠨ ᠵᠠᠷ ᠮᠡᠳᠡᠭᠡ ᠶᠢ ᠨᠢ ᠬᠢᠨᠠᠨ ᠰᠢᠨᠵᠢᠬᠦ ᠪᠠ | ᠪᠠᠶᠢᠴᠠᠭᠠᠬᠤ ᠪᠠᠨ ᠴᠢᠩᠭᠠᠳᠬᠠᠵᠤ᠂ ᠬᠠᠤᠯᠢ ᠠᠴᠠ ᠵᠥᠷᠢᠴᠡᠭᠰᠡᠨ ᠵᠠᠷ ᠮᠡᠳᠡᠭᠡ ᠶᠢ ᠨᠢ ᠬᠠᠤᠯᠢ ᠶᠣᠰᠣᠭᠠᠷ ᠪᠠᠶᠢᠴᠠᠭᠠᠨ | ᠰᠢᠢᠳᠪᠦᠷᠢᠯᠡᠬᠦ ᠬᠡᠷᠡᠭᠲᠡᠢ︔ | ︵ᠭᠤᠷᠪᠠ︶ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠨᠢ ᠠᠷᠠᠯᠵᠢᠶᠠᠨ ᠤ | ᠲᠠᠯᠠᠪᠤᠷ ᠭᠠᠵᠠᠷ ᠵᠢᠴᠢ ︽ᠸᠢᠴᠠᠲ ᠦᠵᠦᠭᠦᠷ︾ ᠤᠨ ᠠᠷᠠᠯᠵᠢᠶᠠᠨ ᠤ ᠲᠠᠪᠴᠠᠩ ᠳᠠᠬᠢ ᠶᠠᠯ᠎ᠠ ᠬᠢᠭᠰᠡᠨ ᠢᠶᠠᠷ | ᠰᠡᠵᠢᠭᠯᠡᠭᠳᠡᠭᠰᠡᠨ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠬᠦ ᠶᠢ ᠬᠠᠷᠢᠭᠤᠴᠠᠬᠤ ᠬᠡᠷᠡᠭᠲᠡᠢ︔ | ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠤᠷᠰᠢᠨ | ᠬᠠᠮᠵᠢᠯᠴᠠᠬᠤ ᠶᠢ ᠴᠢᠩᠭᠠᠳᠬᠠᠨ᠂ ᠠᠷᠠᠯᠵᠢᠶᠠᠨ ᠤ ᠲᠠᠯᠠᠪᠤᠷ ᠭᠠᠵᠠᠷ ᠲᠠᠬᠢ ᠬᠠᠤᠯᠢ ᠶᠢ ᠵᠥᠷᠢᠴᠡᠵᠦ ᠶᠠᠯ᠎ᠠ | ᠬᠢᠭᠰᠡᠨ ᠢᠶᠠᠷ ᠰᠡᠵᠢᠭᠯᠡᠭᠳᠡᠭᠰᠡᠨ ᠰᠦᠪᠡᠭᠴᠢ ᠶᠢ ᠴᠠᠭ ᠲᠤᠬᠠᠶ ᠳᠤ ᠨᠢ ᠵᠢᠭᠰᠠᠭᠠᠨ ᠪᠠᠶᠢᠴᠠᠭᠠᠵᠤ᠂ ᠠᠷᠠᠯᠵᠢᠶᠠᠨ ᠤ | ᠲᠠᠯᠠᠪᠤᠷ ᠭᠠᠵᠠᠷ ᠲᠤ ᠶᠠᠯ᠎ᠠ ᠬᠢᠭᠰᠡᠨ ᠢᠶᠠᠷ ᠰᠡᠵᠢᠭᠯᠡᠭᠳᠡᠭᠰᠡ ᠢ ᠬᠠᠮᠢᠶ᠎ᠠ ᠪᠦᠬᠦᠢ ᠰᠠᠯᠠᠭ᠎ᠠ ᠮᠥᠴᠢᠷ ᠰᠢᠯᠵᠢᠭᠦᠯᠦᠨ | ᠢᠷᠡᠭᠦᠯᠦᠭᠰᠡᠨ ᠪᠠ ᠥᠪᠡᠰᠦᠪᠡᠨ ᠣᠯᠵᠤ ᠮᠡᠳᠡᠭᠰᠡᠨ ᠪᠠᠶᠢᠪᠠᠯ᠂ ᠬᠠᠤᠯᠢ ᠶᠣᠰᠣᠭᠠᠷ ᠪᠠᠶᠢᠴᠠᠭᠠᠨ ᠲᠣᠳᠣᠯᠠᠬᠤ | ᠬᠡᠷᠡᠭᠲᠡᠢ︔ | ︵ᠳᠥᠷᠪᠡ︶ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ | ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠬᠠᠷᠢᠶᠠᠨ ᠳᠠᠬᠢ | ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠪᠠᠩᠬᠢ ᠶᠢᠨ ᠪᠤᠰᠤ ᠲᠣᠭᠠᠴᠠᠭ᠎ᠠ ᠬᠢᠬᠦ | ᠪᠠᠶᠢᠭᠤᠯᠤᠮᠵᠢ ᠶᠢ ᠬᠠᠷᠢᠭᠤᠴᠠᠨ ᠰᠢᠮᠳᠠᠭᠤᠯᠵᠤ ᠪᠠᠶᠢᠭᠠᠳ ᠤᠯᠤᠰ ᠪᠠ ᠥᠪᠡᠷᠲᠡᠭᠡᠨ ᠵᠠᠰᠠᠬᠤ ᠣᠷᠣᠨ ᠤ ᠡᠯ᠎ᠡ | ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠢ ᠢᠯᠭᠠᠷᠠᠭᠤᠯᠤᠨ ᠴᠡᠭᠴᠡᠯᠡᠬᠦ ᠠᠵᠢᠯ ᠤᠨ ᠡᠯ᠎ᠡ ᠵᠦᠢᠯ ᠤᠨ | ᠲᠣᠭᠲᠠᠭᠠᠯ ᠢ ᠴᠢᠩᠭ᠎ᠠ ᠬᠡᠷᠡᠭᠵᠢᠭᠦᠯᠦᠨ᠂ ᠠᠷᠠᠯᠵᠢᠶᠠᠨ ᠤ ᠲᠠᠯᠠᠪᠤᠷ ᠭᠠᠵᠠᠷ ᠤᠨ ᠲᠥᠷᠥᠯ ᠪᠦᠬᠦᠢ ᠣᠨᠴᠠ ᠤᠷᠢᠭᠰᠠᠨ | ᠬᠤᠳᠠᠯᠳᠤᠭᠠᠴᠢᠨ ᠡᠷᠦᠬᠡ ᠶᠢᠨ ᠬᠢᠷᠢ ᠬᠡᠮ ᠢ ᠬᠢᠨᠠᠨ ᠬᠠᠷᠭᠤᠭᠤᠯᠬᠤ ᠪᠠ ᠲᠦᠭᠰᠢᠭᠦᠷᠢ ᠶᠢ ᠨᠢ ᠬᠢᠨᠠᠨ ᠰᠢᠨᠵᠢᠬᠦ ᠶᠢ | ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ | ᠥᠬᠡᠶ ᠠᠷᠠᠯᠵᠢᠶᠠᠨ ᠤ ᠲᠠᠯᠠᠪᠤᠷ ᠭᠠᠵᠠᠷ ᠲᠤ ᠲᠣᠭᠠᠴᠠᠭ᠎ᠠ ᠬᠢᠵᠦ ᠳ᠋ᠦᠩᠨᠡᠨ ᠪᠤᠳᠤᠬᠤ ᠦᠢᠯᠡᠴᠢᠯᠡᠭᠡ ᠬᠠᠩᠭᠠᠬᠤ ᠶᠢ | ᠴᠢᠩᠭ᠎ᠠ ᠬᠤᠷᠢᠭᠯᠠᠬᠤ ᠬᠡᠷᠡᠭᠲᠡᠢ︔ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠤᠯᠢ ᠪᠠ ᠲᠣᠭᠲᠠᠭᠠᠯ ᠠᠴᠠ | ᠵᠥᠷᠢᠴᠡᠭᠰᠡᠨ ᠠᠷᠠᠯᠵᠢᠶᠠᠨ ᠤ ᠲᠠᠯᠠᠪᠤᠷ ᠭᠠᠵᠠᠷ ᠢ ᠵᠢᠩᠬᠢᠨᠢ ᠪᠠᠷ ᠮᠠᠭᠠᠳᠯᠠᠨ ᠲᠣᠭᠲᠠᠭᠠᠬᠤ ᠪᠢᠴᠢᠭ ᠮᠠᠲ᠋ᠧᠷᠢᠶᠠᠯ ᠪᠠ | ᠰᠢᠢᠳᠪᠦᠷᠢᠯᠡᠬᠦ ᠲᠥᠰᠦᠯ ᠢ ᠦᠨᠳᠦᠰᠦᠯᠡᠵᠦ᠂ ᠬᠠᠷᠢᠶᠠᠨ ᠳᠠᠬᠢ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ | ᠪᠠᠶᠢᠭᠤᠯᠤᠮᠵᠢ᠂ ᠪᠠᠩᠬᠢ ᠶᠢᠨ ᠪᠤᠰᠤ ᠲᠣᠭᠠᠴᠠᠭ᠎ᠠ ᠬᠢᠬᠦ ᠪᠠᠶᠢᠭᠤᠯᠤᠮᠵᠢ ᠳᠤ ᠪᠠᠨ ᠮᠡᠳᠡᠭᠳᠡᠬᠦ ᠶᠢᠨ ᠬᠠᠮᠲᠤ ᠲᠡᠳᠡᠨ ᠢ | ᠰᠢᠮᠳᠠᠭᠤᠯᠵᠤ ᠪᠠᠶᠢᠭᠠᠳ ᠬᠠᠤᠯᠢ ᠪᠠ ᠲᠣᠭᠲᠠᠭᠠᠯ ᠠᠴᠠ ᠵᠥᠷᠢᠴᠡᠭᠰᠡᠨ ᠠᠷᠠᠯᠵᠢᠶᠠᠨ ᠤ ᠲᠠᠯᠠᠪᠤᠷ ᠭᠠᠵᠠᠷ ᠲᠤ | ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠬᠤ ᠶᠢ ᠨᠢ ᠬᠤᠭᠤᠴᠠᠭ᠎ᠠ ᠬᠢᠵᠠᠭᠠᠷᠯᠠᠨ ᠵᠣᠭᠰᠣᠭᠠᠬᠤ ᠬᠡᠷᠡᠭᠲᠡᠢ︔ | ︵ᠲᠠᠪᠤ︶ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠬᠠᠷᠢᠶ᠎ᠠ | ᠭᠠᠵᠠᠷ ᠢᠶᠠᠷ ᠬᠠᠮᠢᠶᠠᠷᠤᠭᠤᠯᠬᠤ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ | ᠣᠷᠣᠨ ᠤ ᠱᠠᠲᠤᠨ ᠤ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠵᠢᠯᠴᠠᠵᠤ | ᠪᠠᠶᠢᠭᠠᠳ ᠬᠠᠤᠯᠢ ᠪᠠ ᠲᠣᠭᠲᠠᠭᠠᠯ ᠠᠴᠠ ᠵᠥᠷᠢᠴᠡᠭᠰᠡᠨ ᠢ ᠰᠢᠢᠳᠪᠦᠷᠢᠯᠡᠬᠦ᠂ ᠲᠦᠭᠰᠢᠭᠦᠷᠢ ᠶᠢ ᠰᠢᠢᠳᠪᠦᠷᠢᠯᠡᠬᠦ ᠵᠡᠷᠭᠡ | ᠠᠵᠢᠯ ᠢᠶᠠᠨ ᠰᠠᠶᠢᠲᠤᠷ ᠬᠢᠬᠦ ᠬᠡᠷᠡᠭᠲᠡᠢ᠃ ᠵᠥᠪᠰᠢᠶᠡᠷᠡᠭᠦᠯᠦᠭᠰᠡᠨ ᠥᠬᠡᠶ ᠪᠣᠯᠪᠠᠴᠤ ᠨᠢᠭᠡᠨᠲᠡ ᠲᠡᠮᠳᠡᠭᠯᠡᠭᠦᠯᠵᠦ | ᠳᠠᠩᠰᠠᠯᠠᠭᠤᠯᠤᠭᠰᠠᠨ ᠠᠷᠠᠯᠵᠢᠶᠠᠨ ᠤ ᠲᠠᠯᠠᠪᠤᠷ ᠭᠠᠵᠠᠷ ᠢ ᠪᠣᠯ ᠳᠠᠩᠰᠠᠯᠠᠭᠰᠠᠨ ᠭᠠᠵᠠᠷ ᠤᠨ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠲᠦᠷᠦᠭᠦᠯᠡᠨ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠢ︔ | ᠲᠡᠮᠳᠡᠭᠯᠡᠭᠦᠯᠵᠦ ᠳᠠᠩᠰᠠᠯᠠᠭᠤᠯᠤᠭᠰᠠᠨ ᠦᠭᠡᠢ ᠪᠠᠷ ᠲᠤᠬᠠᠶᠢᠯᠠᠭᠰᠠᠨ ᠠᠵᠢᠯ ᠢᠶᠠᠨ ᠪᠣᠳᠠᠲᠠᠶ ᠥᠷᠨᠢᠭᠦᠯᠦᠭᠰᠡᠨ | ᠠᠷᠠᠯᠵᠢᠶᠠᠨ ᠤ ᠲᠠᠯᠠᠪᠤᠷ ᠭᠠᠵᠠᠷ ᠢ ᠪᠣᠯ ᠪᠣᠳᠠᠲᠠᠶ ᠡᠵᠡᠩᠨᠡᠨ ᠠᠵᠢᠯᠯᠠᠵᠤ ᠪᠠᠶᠢᠭ᠎ᠠ ᠭᠠᠵᠠᠷ ᠤᠨ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠲᠦᠷᠦᠭᠦᠯᠡᠨ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠢ᠃ | ᠭᠤᠴᠢᠨ ᠵᠢᠷᠭᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ | ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠨᠢ | ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠯ᠎ᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ | ᠪᠠ ᠠᠶᠢᠮᠠᠭ ᠬᠤᠳᠠ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠠᠷᠠᠯᠵᠢᠶᠠᠨ ᠤ ᠲᠠᠯᠠᠪᠤᠷ | ᠭᠠᠵᠠᠷ ᠲᠤ ᠲᠤᠬᠠᠢ ᠶᠢᠨ ᠲᠠᠯᠠᠪᠠᠢ ᠶᠢᠨ ᠵᠢᠴᠢ ᠲᠤᠬᠠᠢ ᠶᠢᠨ ᠲᠠᠯᠠᠪᠠᠢ ᠶᠢᠨ ᠪᠤᠰᠤ ᠪᠠᠶᠢᠴᠠᠭᠠᠯᠲᠠ ᠬᠢᠵᠦ ᠪᠣᠯᠤᠨ᠎ᠠ᠃ | ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠯ᠎ᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ | ᠨᠢ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠠᠶᠢᠭᠠᠳ ᠲᠣᠰ ᠠᠵᠢᠯ ᠲᠥᠷᠥᠯ ᠤᠨ | ᠠᠷᠠᠯᠵᠢᠶᠠᠨ ᠤ ᠲᠠᠯᠠᠪᠤᠷ ᠭᠠᠵᠠᠷ ᠲᠤ ᠲᠣᠭᠲᠠᠮᠠᠯ ᠬᠤᠭᠤᠴᠠᠭ᠎ᠠ ᠲᠠᠢ ᠪᠠᠷ ᠲᠣᠭᠲᠠᠮᠠᠯ ᠪᠤᠰᠤ ᠬᠤᠭᠤᠴᠠᠭ᠎ᠠ ᠲᠠᠢ ᠪᠠᠷ | ᠲᠤᠬᠠᠶ ᠶᠢᠨ ᠲᠠᠯᠠᠪᠠᠢ ᠶᠢᠨ ᠪᠠᠶᠢᠴᠠᠭᠠᠯᠲᠠ ᠪᠠ ᠲᠤᠬᠠᠶ ᠶᠢᠨ ᠲᠠᠯᠠᠪᠠᠢ ᠶᠢᠨ ᠪᠤᠰᠤ ᠪᠠᠶᠢᠴᠠᠭᠠᠯᠲᠠ ᠬᠢᠬᠦ ᠬᠡᠷᠡᠭᠲᠡᠶ᠃ | ᠲᠤᠬᠠᠶ ᠶᠢᠨ ᠲᠠᠯᠠᠪᠠᠢ ᠶᠢᠨ ᠪᠠᠶᠢᠴᠠᠭᠠᠯᠲᠠ ᠬᠢᠬᠦ ᠳᠤ ᠳᠣᠤᠷᠠᠬᠢ ᠠᠷᠭ᠎ᠠ ᠬᠡᠮᠵᠢᠶ᠎ᠡ ᠶᠢ ᠠᠪᠴᠤ ᠪᠣᠯᠤᠨ᠎ᠠ᠄ | ︵ᠨᠢᠭᠡ︶ ᠲᠤᠬᠠᠶ ᠶᠢᠨ ᠲᠠᠯᠠᠪᠠᠢ ᠳᠤ ᠨᠢ ᠣᠴᠢᠵᠤ ᠪᠠᠶᠢᠴᠠᠭᠠᠯᠲᠠ ᠬᠢᠵᠦ ᠭᠡᠷᠡᠴᠢ ᠣᠯᠬᠤ︔ | ︵ᠬᠤᠶᠠᠷ︶ ᠲᠤᠬᠠᠶᠢᠲᠠᠢ ᠬᠥᠮᠦᠨ ᠵᠢᠴᠢ ᠪᠠᠶᠢᠴᠠᠭᠠᠭᠳᠠᠵᠤ ᠪᠠᠶᠢᠬᠤ ᠬᠡᠷᠡᠭ ᠲᠤ ᠬᠤᠯᠪᠣᠭᠳᠠᠭᠰᠠᠨ ᠨᠢᠭᠡᠴᠢ | ᠪᠠ ᠬᠤᠪᠢ ᠬᠥᠮᠦᠨ ᠠᠴᠠ ᠯᠠᠪᠯᠠᠨ ᠠᠰᠠᠭᠤᠵᠤ᠂ ᠪᠠᠶᠢᠴᠠᠭᠠᠭᠳᠠᠵᠤ ᠪᠠᠶᠢᠬᠤ ᠬᠡᠷᠡᠭ ᠤᠨ ᠬᠤᠯᠪᠣᠭᠳᠠᠯ ᠪᠦᠬᠦᠢ | ᠵᠦᠢᠯᠡᠰ ᠲᠤ ᠲᠣᠳᠣᠷᠬᠠᠶᠢᠯᠠᠯᠲᠠ ᠬᠢᠬᠦ ᠶᠢ ᠱᠠᠭᠠᠷᠳᠠᠬᠤ︔ | ︵ᠭᠤᠷᠪᠠ︶ ᠠᠷᠠᠯᠵᠢᠶᠠᠨ ᠤ ᠲᠠᠯᠠᠪᠤᠷ ᠭᠠᠵᠠᠷ ᠤᠨ ᠳᠡᠭᠡᠳᠦ ᠳᠡᠰ ᠤᠨ ᠬᠠᠮᠢᠶᠠᠷᠤᠭᠴᠢ ᠵᠢᠴᠢ | ᠪᠠᠶᠢᠴᠠᠭᠠᠭᠳᠠᠵᠤ ᠪᠠᠶᠢᠬᠤ ᠬᠡᠷᠡᠭ ᠲᠤ ᠬᠤᠯᠪᠣᠭᠳᠠᠭᠰᠠᠨ ᠪᠤᠰᠤᠳ ᠠᠵᠢᠯᠲᠠᠨ ᠲᠠᠢ ᠪᠣᠯᠵᠣᠨ ᠶᠠᠷᠢᠯᠴᠠᠬᠤ︔ | ︵ᠲᠦᠷᠪᠡ︶ ᠪᠠᠶᠢᠴᠠᠭᠠᠭᠳᠠᠵᠤ ᠪᠠᠶᠢᠬᠤ ᠬᠡᠷᠡᠭ ᠲᠤ ᠬᠤᠯᠪᠣᠭᠳᠠᠭᠰᠠᠨ ᠡᠳ᠋ ᠬᠦᠷᠦᠩᠭᠡ ᠶᠢᠨ ᠡᠷᠬᠡ ᠶᠢ | ᠳᠠᠩᠰᠠᠯᠠᠨ ᠲᠡᠮᠳᠡᠭᠯᠡᠭᠰᠡᠨ ᠵᠡᠷᠭᠡ ᠮᠠᠲ᠋ᠧᠷᠢᠶᠠᠯ ᠢ ᠪᠠᠶᠢᠴᠠᠭᠠᠨ ᠦᠵᠡᠬᠦ᠂ ᠬᠠᠭᠤᠯᠪᠤᠷᠢᠯᠠᠨ ᠠᠪᠬᠤ︔ | ︵ᠲᠠᠪᠤ︶ ᠠᠷᠠᠯᠵᠢᠶᠠᠨ ᠤ ᠲᠠᠯᠠᠪᠤᠷ ᠭᠠᠵᠠᠷ ᠤᠨ ᠠᠷᠠᠯᠵᠢᠶᠠᠯᠠᠬᠤ ᠰᠢᠰᠲ᠋ᠧᠮ ᠵᠢᠴᠢ ᠠᠷᠤ ᠲᠠᠪᠴᠠᠩ ᠤᠨ | ᠲᠦᠬᠦᠭᠡᠷᠦᠮᠵᠢ ᠶᠢ ᠪᠠᠶᠢᠴᠠᠭᠠᠬᠤ︔ | ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠲᠦᠷᠢᠮ ᠵᠢᠴᠢ ᠲᠥᠷᠥ ᠶᠢᠨ | ᠶᠠᠪᠤᠳᠠᠯ ᠤᠨ ᠬᠤᠷᠢᠶᠠᠨ ᠤ ᠬᠠᠮᠢᠶ᠎ᠠ ᠪᠥᠬᠦᠶ ᠶᠠᠮᠤᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠲᠣᠭᠲᠠᠭᠠᠭᠰᠠᠨ ᠪᠤᠰᠤᠳ ᠠᠷᠭ᠎ᠠ ᠬᠡᠮᠵᠢᠶ᠎ᠡ᠃ | ᠠᠷᠠᠯᠵᠢᠶᠠᠨ ᠤ ᠲᠠᠯᠠᠪᠤᠷ ᠭᠠᠵᠠᠷ ᠨᠢ ᠲᠤᠬᠠᠶ ᠶᠢᠨ ᠲᠠᠯᠠᠪᠠᠢ ᠶᠢᠨ ᠪᠠᠶᠢᠴᠠᠭᠠᠯᠲᠠ ᠳᠤ ᠢᠳᠡᠪᠬᠢᠲᠡᠢ | ᠬᠠᠮᠵᠢᠯᠴᠠᠬᠤ ᠬᠡᠷᠡᠭᠲᠡᠶ᠂ ᠲᠡᠪᠴᠢᠬᠦ᠂ ᠬᠠᠷᠰᠢᠯᠠᠬᠤ ᠪᠠ ᠨᠢᠭᠤᠨ ᠳᠠᠯᠳᠠᠯᠠᠵᠤ ᠪᠣᠯᠬᠤ ᠦᠭᠡᠢ᠃ | ᠭᠤᠴᠢᠨ ᠳᠣᠯᠣᠳᠤᠭᠠᠷ ᠵᠦᠢᠯ ᠠᠷᠠᠯᠵᠢᠶᠠᠨ ᠤ ᠲᠠᠯᠠᠪᠤᠷ ᠭᠠᠵᠠᠷ ᠨᠢ ᠲᠣᠭᠲᠠᠭᠠᠯ ᠶᠣᠰᠣᠭᠠᠷ ᠥᠪᠡᠷᠲᠡᠭᠡᠨ | ᠵᠠᠰᠠᠬᠤ ᠣᠷᠣᠨ ᠤ ᠱᠠᠲᠤᠨ ᠤ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠠᠮᠲᠤᠷᠠᠭᠰᠠᠨ | ᠬᠤᠷᠠᠯ ᠤᠨ ᠠᠯᠪᠠᠨ ᠬᠡᠷ ᠲᠤ ᠰᠠᠷ᠎ᠠ᠂ ᠤᠯᠠᠷᠢᠯ᠂ ᠣᠨ ᠤ ᠡᠵᠡᠩᠨᠡᠯᠲᠡ ᠶᠢᠨ ᠮᠡᠳᠡᠭᠦᠯᠦᠯᠲᠡ᠂ ᠬᠢᠨᠠᠨ ᠪᠤᠳᠤᠯᠲᠠ ᠶᠢᠨ | ᠮᠡᠳᠡᠭᠦᠯᠦᠯᠲᠡ ᠵᠢᠴᠢ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠱᠠᠭᠠᠷᠳᠠᠭᠰᠠᠨ | ᠪᠤᠰᠤᠳ ᠮᠠᠲ᠋ᠧᠷᠢᠶᠠᠯ ᠢ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠦᠨ ᠬᠦᠷᠭᠡᠵᠦ᠂ ᠪᠡᠯᠡᠨ ᠪᠠᠷᠠᠭᠠᠨ ᠤ | ᠲᠥᠷᠥᠯ ᠳᠤ ᠪᠠᠭᠲᠠᠭᠳᠠᠬᠤ ᠬᠠᠮᠢᠶ᠎ᠠ ᠪᠥᠬᠦᠶ ᠮᠠᠲ᠋ᠧᠷᠢᠶᠠᠯ ᠢ ᠪᠣᠯ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ | ᠶᠠᠪᠤᠳᠠᠯ ᠤᠨ ᠲᠢᠩᠬᠢᠮ ᠳᠤ ᠵᠡᠷᠭᠡ ᠳᠤ ᠨᠢ ᠮᠡᠳᠡᠭᠦᠯᠦᠨ ᠬᠦᠷᠭᠡᠬᠦ ᠬᠡᠷᠡᠭᠲᠡᠶ︔ ᠴᠢᠬᠤᠯᠠ ᠶᠡᠭᠡ ᠵᠦᠢᠯᠡᠰ ᠢ | ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ | ᠬᠠᠮᠲᠤᠷᠠᠭᠰᠠᠨ ᠬᠤᠷᠠᠯ ᠤᠨ ᠠᠯᠪᠠᠨ ᠭᠡᠷ ᠲᠤ ᠴᠠᠭ ᠲᠤᠬᠠᠶ ᠳᠤ ᠨᠢ ᠮᠡᠳᠡᠭᠦᠯᠵᠦ᠂ ᠪᠡᠯᠡᠨ ᠪᠠᠷᠠᠭᠠᠨ ᠤ ᠲᠥᠷᠥᠯ ᠳᠤ | ᠪᠠᠭᠲᠠᠭᠳᠠᠬᠤ ᠶᠢ ᠨᠢ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠳᠤ ᠵᠡᠷᠭᠡ ᠳᠤ ᠨᠢ | ᠮᠡᠳᠡᠭᠦᠯᠬᠦ ᠬᠡᠷᠡᠭᠲᠡᠶ᠃ | ᠭᠤᠴᠢᠨ ᠨᠠᠢᠮᠠᠳᠤᠭᠠᠷ ᠵᠦᠢᠯ ᠠᠷᠠᠯᠵᠢᠶᠠᠨ ᠤ ᠲᠠᠯᠠᠪᠤᠷ ᠭᠠᠵᠠᠷ ᠤᠨ ᠨᠡᠶᠢᠲᠡᠯᠡᠭᠰᠡᠨ᠂ ᠮᠡᠳᠡᠭᠦᠯᠵᠦ | ᠬᠦᠷᠭᠡᠭᠰᠡᠨ ᠪᠤᠶᠤ ᠬᠠᠩᠭᠠᠵᠤ ᠥᠭᠭᠦᠭᠰᠡᠨ ᠮᠠᠲ᠋ᠧᠷᠢᠶᠠᠯ ᠪᠠ ᠮᠡᠳᠡᠭᠡ ᠵᠠᠩᠭᠢ ᠨᠢ ᠦᠨᠡᠨ ᠪᠣᠳᠠᠲᠠᠶ᠂ ᠣᠨᠣᠪᠴᠢᠲᠠᠶ᠂ | ᠪᠦᠷᠢᠨ ᠪᠦᠲᠦᠨ ᠪᠠᠶᠢᠬᠤ ᠬᠡᠷᠡᠭᠲᠡᠶ᠃ ᠬᠤᠳᠠᠯ ᠬᠠᠭᠤᠷᠮᠠᠭ ᠢᠶᠠᠷ ᠲᠡᠮᠳᠡᠭᠯᠡᠭᠰᠡᠨ᠂ ᠪᠤᠷᠤᠭᠤ ᠬᠥᠲᠥᠯᠬᠦ ᠴᠢᠨᠠᠷᠲᠠᠶ | ᠲᠣᠭᠠᠴᠢᠯᠲᠠ ᠬᠢᠬᠦ ᠪᠤᠶᠤ ᠴᠢᠬᠤᠯᠠ ᠶᠡᠭᠡ ᠵᠦᠢᠯᠡᠰ ᠢ ᠣᠷᠬᠢᠭᠳᠠᠭᠤᠯᠤᠭᠰᠠᠨ ᠪᠠᠶᠢᠵᠤ ᠪᠣᠯᠬᠤ ᠦᠭᠡᠢ᠃ | ᠭᠤᠴᠢ ᠶᠢᠰᠦᠳᠦᠭᠡᠷ ᠵᠦᠢᠯ ᠬᠤᠳᠠᠯᠳᠤᠭᠠᠨ ᠤ ᠪᠠᠩᠬᠢ᠂ ᠲᠡᠮᠳᠡᠭᠲᠦ ᠶᠢᠨ ᠺᠣᠮᠫᠠᠨᠢ᠂ ᠬᠤᠭᠤᠴᠠᠭᠠᠲᠤ | ᠪᠠᠷᠠᠭᠠᠨ ᠤ ᠺᠣᠮᠫᠠᠨᠢ᠂ ᠳᠠᠭᠠᠳᠬᠠᠯ ᠤᠨ ᠺᠣᠮᠫᠠᠨᠢ᠂ ᠢᠲᠡᠭᠡᠮᠵᠢᠲᠦ ᠪᠠᠯᠠ ᠣᠷᠣᠭᠤᠯᠤᠯᠲᠠ ᠶᠢᠨ ᠺᠣᠮᠫᠠᠨᠢ ᠵᠡᠷᠭᠡ | ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠲᠣᠭᠲᠠᠭᠠᠯ ᠢ ᠵᠥᠷᠢᠴᠡᠵᠦ ᠪᠠᠶᠢᠭᠤᠯᠤᠭᠰᠠᠨ ᠠᠷᠠᠯᠵᠢᠶᠠᠨ ᠤ ᠲᠠᠯᠠᠪᠤᠷ | ᠭᠠᠵᠠᠷ ᠲᠤ ᠳᠠᠩᠰᠠᠨ ᠡᠷᠦᠬᠡ ᠨᠡᠭᠡᠭᠡᠬᠦ᠂ ᠳᠠᠭᠠᠭᠠᠨ ᠪᠣᠷᠣᠯᠠᠭᠤᠯᠬᠤ᠂ ᠨᠠᠶᠢᠳᠠᠨ ᠬᠠᠮᠢᠶᠠᠷᠤᠭᠤᠯᠬᠤ᠂ ᠡᠳ᠋ ᠬᠥᠷᠥᠩᠭᠡ | ᠰᠢᠯᠵᠢᠭᠦᠯᠬᠦ᠂ ᠣᠷᠣᠯᠠᠨ ᠬᠤᠳᠠᠯᠳᠤᠵᠤ ᠠᠪᠬᠤ ᠪᠠ ᠬᠤᠳᠠᠯᠳᠤᠬᠤ᠂ ᠪᠠᠯᠠ ᠣᠷᠣᠭᠤᠯᠤᠯᠲᠠ ᠶᠢᠨ ᠲᠠᠯ᠎ᠠ ᠪᠠᠷ ᠬᠢ | ᠠᠰᠠᠭᠤᠨ ᠯᠠᠪᠯᠠᠬᠤ᠂ ᠳᠠᠭᠠᠳᠬᠠᠯ ᠵᠡᠷᠭᠡ ᠦᠢᠯᠡᠴᠢᠯᠡᠭᠡ ᠬᠠᠩᠭᠠᠨ ᠥᠭᠴᠦ ᠪᠣᠯᠬᠤ ᠥᠬᠡᠶ᠃ | ᠳᠥᠴᠢᠳᠦᠭᠡᠷ ᠵᠦᠢᠯ ᠠᠷᠠᠯᠵᠢᠶᠠᠨ ᠤ ᠲᠠᠯᠠᠪᠤᠷ ᠭᠠᠵᠠᠷ ᠤᠨ ᠡᠵᠡᠩᠨᠡᠬᠦ ᠶᠠᠪᠤᠴᠠ ᠳᠤ᠂ ᠬᠡᠷᠪᠡ ᠲᠣᠰ | ᠠᠷᠭ᠎ᠠ ᠶᠢ ᠵᠥᠷᠢᠴᠡᠭᠰᠡᠨ ᠪᠤᠶᠤ ᠪᠤᠰᠤᠳ ᠬᠠᠤᠯᠢ ᠪᠠ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠲᠠᠢ | ᠪᠠᠶᠢᠪᠠᠯ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠤᠶᠤ ᠦᠪᠡᠷᠳᠡᠬᠡᠨ | ᠵᠠᠰᠠᠬᠤ ᠣᠷᠣᠨ ᠤ ᠱᠠᠲᠤᠨ ᠤ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠦᠢᠯᠡ | ᠪᠠᠶᠢᠳᠠᠯ ᠤᠨ ᠬᠦᠨᠳᠦ ᠬᠥᠩᠭᠡᠨ ᠢ ᠦᠵᠡᠵᠦ ᠪᠠᠶᠢᠭᠠᠳ ᠬᠠᠤᠯᠢ ᠶᠣᠰᠣᠭᠠᠷ ᠳᠣᠣᠷᠠᠬᠢ ᠬᠢᠨᠠᠯᠲᠠ ᠬᠠᠮᠢᠶᠠᠷᠤᠯᠲᠠ ᠶᠢᠨ | ᠠᠷᠭ᠎ᠠ ᠬᠡᠮᠵᠢᠶ᠎ᠡ ᠶᠢ ᠠᠪᠬᠤ ᠶᠢᠨ ᠬᠠᠮᠲᠤ᠂ ᠬᠠᠮᠲᠤᠷᠠᠭᠰᠠᠨ ᠬᠤᠷᠠᠯ ᠤᠨ ᠠᠯᠪᠠᠨ ᠭᠡᠷ ᠲᠤ ᠮᠡᠳᠡᠭᠦᠯᠦᠨ ᠬᠦᠷᠭᠡᠵᠦ | ᠪᠦᠷᠢᠳᠬᠡᠨ ᠳᠠᠩᠰᠠᠯᠠᠭᠤᠯᠬᠤ ᠬᠡᠷᠡᠭᠲᠡᠢ᠄ | ︵ᠨᠢᠭᠡ︶ ᠲᠦᠭᠰᠢᠭᠦᠷᠢ ᠶᠢ ᠰᠠᠨᠠᠭᠤᠯᠬᠤ︔ | ︵ᠬᠤᠶᠠᠷ︶ ᠬᠢᠨᠠᠨ ᠬᠠᠮᠢᠶᠠᠷᠴᠤ ᠶᠠᠷᠢᠯᠴᠠᠬᠤ︔ | ︵ᠭᠤᠷᠪᠠ︶ ᠰᠡᠷᠡᠮᠵᠢᠯᠡᠭᠦᠯᠬᠦ ᠪᠢᠴᠢᠭ ᠭᠠᠷᠭᠠᠵᠤ ᠥᠭᠬᠦ︔ | ︵ᠳᠥᠷᠪᠡ︶ ᠲᠣᠭᠲᠠᠭᠠᠯ ᠢ ᠵᠥᠷᠢᠴᠡᠵᠦ ᠠᠷᠠᠯᠵᠢᠶᠠᠯᠠᠭᠰᠠᠨ ᠵᠦᠢᠯ ᠢ ᠨᠢ ᠬᠦᠴᠦᠨ ᠥᠬᠡᠶ ᠪᠣᠯᠭᠠᠬᠤ ᠪᠠ | ᠲᠣᠭᠲᠠᠭᠠᠯ ᠢ ᠵᠥᠷᠢᠴᠡᠵᠦ ᠡᠵᠡᠩᠨᠡᠭᠰᠡᠨ ᠦᠢᠯᠡ ᠠᠵᠢᠯᠯᠠᠭ᠎ᠠ ᠶᠢ ᠨᠢ ᠵᠣᠭᠰᠣᠭᠠᠬᠤ ᠶᠢᠨ ᠳᠠᠭᠠᠤ᠂ ᠬᠤᠭᠤᠴᠠᠭ᠎ᠠ | ᠬᠢᠵᠠᠭᠠᠷᠯᠠᠵᠤ ᠴᠡᠭᠴᠡᠯᠡᠨ ᠰᠠᠶᠢᠵᠢᠷᠠᠭᠤᠯᠬᠤ ᠪᠠᠷ ᠵᠠᠷᠯᠢᠭᠳᠠᠬᠤ︔ | ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠵᠢᠴᠢ ᠲᠥᠷᠥ ᠶᠢᠨ ᠶᠠᠪᠤᠳᠠᠯ ᠤᠨ | ᠬᠤᠷᠢᠶᠠᠨ ᠤ ᠬᠠᠮᠢᠶ᠎ᠠ ᠪᠦᠬᠦᠢ ᠶᠠᠮᠤᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠥᠴᠢᠷ ᠤᠨ ᠲᠣᠭᠲᠠᠭᠠᠭᠰᠠᠨ ᠪᠤᠰᠤᠳ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠠᠪᠤᠭᠰᠠᠨ | ᠪᠠᠶᠢᠬᠤ᠃ | ᠬᠤᠭᠤᠴᠠᠭ᠎ᠠ ᠬᠢᠵᠠᠭᠠᠷ ᠨᠢ ᠥᠩᠭᠡᠷᠡᠭᠰᠡᠨ ᠪᠠᠶᠢᠲᠠᠯ᠎ᠠ ᠵᠠᠯᠠᠷᠠᠭᠤᠯᠤᠭᠰᠠᠨ ᠦᠭᠡᠢ ᠪᠤᠶᠤ ᠴᠡᠭᠴᠡᠯᠡᠵᠦ | ᠰᠠᠶᠢᠵᠢᠷᠠᠭᠤᠯᠤᠭᠰᠠᠨ ᠦᠭᠡᠢ ᠪᠠᠶᠢᠪᠠᠯ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ | ᠣᠷᠳᠣᠨ ᠨᠢ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠲᠠᠢ ᠵᠥᠪᠳᠡᠯᠴᠡᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ | ᠮᠡᠳᠡᠭᠦᠯᠵᠦ ᠵᠥᠪᠰᠢᠶᠡᠷᠡᠭᠦᠯᠦᠭᠡᠳ ᠡᠵᠡᠩᠨᠡᠬᠦ ᠬᠢᠷᠢ ᠬᠡᠮ ᠢ ᠨᠢ ᠬᠦᠴᠦᠨ ᠦᠭᠡᠢ ᠪᠣᠯᠭᠠᠬᠤ ᠶᠢᠨ ᠬᠠᠮᠲᠤ᠂ ᠬᠠᠤᠯᠢ | ᠶᠣᠰᠣᠭᠠᠷ ᠬᠠᠭᠠᠵᠤ ᠵᠣᠭᠰᠣᠭᠠᠬᠤ ᠪᠤᠶᠤ ᠬᠦᠴᠦᠨ ᠦᠭᠡᠢ ᠪᠣᠯᠭᠠᠬᠤ ᠬᠡᠷᠡᠭᠲᠡᠢ᠃ ᠶᠠᠯ᠎ᠠ ᠳᠤ ᠬᠦᠷᠦᠭᠰᠡᠨ ᠪᠠᠶᠢᠪᠠᠯ᠂ | ᠡᠷᠡᠭᠦᠤ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠬᠦ ᠬᠡᠷᠡᠭᠲᠡᠢ᠃ ᠰᠢᠢᠳᠬᠡᠭᠰᠡᠨ ᠬᠠᠮᠢᠶ᠎ᠠ ᠪᠦᠬᠦᠢ ᠦᠷ᠎ᠡ | ᠳ᠋ᠦᠩ ᠢ ᠬᠠᠮᠲᠤᠷᠠᠭᠰᠠᠨ ᠬᠤᠷᠠᠯ ᠤᠨ ᠠᠯᠪᠠᠨ ᠭᠡᠷ ᠲᠤ ᠵᠡᠷᠭᠡ ᠳᠤ ᠨᠢ ᠬᠠᠭᠤᠯᠤᠨ ᠢᠯᠡᠭᠡᠬᠦ ᠬᠡᠷᠡᠭᠲᠡᠶ᠃ | | ᠲᠠᠪᠤᠳᠤᠭᠠᠷ ᠪᠦᠯᠦᠭ ᠳᠠᠭᠠᠯᠳᠤᠭᠤᠯᠤᠯ ᠲᠦᠷᠢᠮ | | ᠳᠥᠴᠢᠨ ᠨᠢᠭᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠢᠯ ᠲᠥᠷᠥᠯ ᠤᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠤᠯᠤᠰ ᠤᠨ ᠡᠯ᠎ᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ | ᠶᠠᠮᠤᠨ ᠵᠥᠪᠯᠡᠯ ᠤᠨ ᠲᠥᠷᠥ ᠶᠢᠨ ᠪᠤᠳᠤᠯᠭ᠎ᠠ ᠲᠣᠭᠲᠠᠭᠠᠯ ᠲᠥᠷᠢᠮ ᠪᠠ ᠲᠤᠰ ᠠᠷᠭ᠎ᠠ ᠶᠢ ᠦᠨᠳᠦᠰᠦᠯᠡᠨ᠂ ᠲᠣᠰ | ᠠᠵᠢᠯ ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠤᠨ ᠬᠠᠮᠢᠶᠠᠷᠤᠯᠲᠠ ᠶᠢᠨ ᠬᠠᠮᠢᠶ᠎ᠠ ᠪᠦᠬᠦᠢ ᠬᠡᠷᠡᠭᠵᠢᠭᠦᠯᠬᠦ ᠨᠠᠷᠢᠨ | ᠳᠦᠷᠢᠮ ᠪᠠ ᠠᠵᠢᠯᠯᠠᠬᠤ ᠴᠤᠪᠤᠷᠠᠯ ᠢ ᠲᠣᠭᠲᠠᠭᠠᠵᠤ᠂ ᠠᠷᠠᠯᠵᠢᠶᠠᠨ ᠤ ᠲᠠᠯᠠᠪᠤᠷ ᠭᠠᠵᠠᠷ ᠤᠨ ᠵᠢᠷᠤᠮᠵᠢᠭᠤᠯᠤᠨ | ᠬᠠᠮᠢᠶᠠᠷᠬᠤ ᠠᠵᠢᠯ ᠢ ᠴᠢᠩᠭᠠᠳᠬᠠᠬᠤ ᠬᠡᠷᠡᠭᠲᠡᠢ᠃ | ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠪᠠ ᠤᠯᠤᠰ ᠠᠴᠠ ᠠᠷᠠᠯᠵᠢᠶᠠᠨ ᠤ ᠲᠠᠯᠠᠪᠤᠷ | ᠭᠠᠵᠠᠷ ᠤᠨ ᠬᠠᠮᠢᠶᠠᠷᠤᠯᠲᠠ ᠳᠤ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠬᠦ ᠲᠣᠭᠲᠠᠭᠠᠯ ᠢᠶᠠᠷ ᠬᠡᠷᠡᠭᠵᠢᠭᠦᠯᠬᠦ | ᠬᠡᠷᠡᠭᠲᠡᠢ᠃ | ᠳᠥᠴᠢᠨ ᠬᠤᠶᠠᠳᠤᠭᠠᠷ ᠵᠦᠢᠯ ᠲᠤᠰ ᠠᠷᠭ᠎ᠠ ᠶᠢ ᠬᠡᠷᠡᠭᠵᠢᠭᠦᠯᠦᠭᠰᠡᠨ ᠡᠳᠦᠷ ᠠᠴᠠ ᠡᠬᠢᠯᠡᠨ 6 ᠰᠠᠷ᠎ᠠ ᠶᠢᠨ | ᠳᠣᠲᠣᠷ᠎ᠠ᠂ ᠲᠣᠰ ᠠᠷᠭ᠎ᠠ ᠶᠢ ᠬᠡᠷᠡᠭᠵᠢᠭᠦᠯᠬᠦ ᠠᠴᠠ ᠡᠮᠦᠨ᠎ᠡ ᠨᠢᠭᠡᠨᠲᠡ ᠪᠠᠶᠢᠭᠤᠯᠤᠭᠰᠠᠨ ᠠᠷᠠᠯᠵᠢᠶᠠᠨ ᠤ ᠲᠠᠯᠠᠪᠤᠷ | ᠭᠠᠵᠠᠷ ᠢ ᠵᠢᠷᠤᠮᠵᠢᠭᠤᠯᠵᠤ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠦᠭᠡᠢ ᠪᠠᠷ ᠪᠠᠶᠢᠭᠤᠯᠤᠭᠰᠠᠨ ᠠᠷᠠᠯᠵᠢᠶᠠᠨ ᠤ ᠲᠠᠯᠠᠪᠤᠷ ᠭᠠᠵᠠᠷ ᠲᠤ | ᠪᠣᠯ ᠰᠢᠨ᠎ᠡ ᠪᠠᠷ ᠪᠠᠶᠢᠭᠤᠯᠬᠤ ᠠᠷᠠᠯᠵᠢᠶᠠᠨ ᠤ ᠲᠠᠯᠠᠪᠤᠷ ᠭᠠᠵᠠᠷ ᠤᠨ ᠱᠠᠭᠠᠷᠳᠠᠯᠭ᠎ᠠ ᠶᠣᠰᠣᠭᠠᠷ᠂ ᠬᠠᠮᠢᠶ᠎ᠠ ᠪᠦᠬᠦᠢ | ᠬᠢᠨᠠᠨ ᠵᠥᠪᠰᠢᠶᠡᠷᠡᠭᠦᠯᠬᠦ ᠳᠡᠰ ᠳᠠᠷᠠᠭᠠᠯᠠᠯ ᠢ ᠭᠦᠢᠴᠡᠳᠭᠡᠬᠦ ᠬᠡᠷᠡᠭᠲᠡᠢ᠃ | ᠳᠥᠴᠢᠨ ᠭᠤᠷᠪᠠᠳᠤᠭᠠᠷ ᠵᠦᠢᠯ ᠲᠣᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠯᠵᠢᠶᠠᠨ ᠤ ᠲᠠᠯᠠᠪᠤᠷ | ᠭᠠᠵᠠᠷ ᠤᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶﹀ ᠶᠢ ᠳᠠᠷᠤᠮᠠᠯᠯᠠᠨ ᠶᠠᠪᠤᠭᠤᠯᠬᠤ ᠲᠤᠬᠠᠶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ | ᠵᠠᠰᠠᠭ ᠲᠠᠷᠬᠠᠭᠠᠭᠰᠠᠨ ︹ 2016 ︺ 99 ᠳ᠋ᠤᠬᠡᠷ ᠲᠣᠭᠠᠲᠤ︶ ᠢ ᠬᠠᠮᠲᠤ ᠳᠤ ᠨᠢ ᠬᠦᠴᠦᠨ ᠥᠬᠡᠶ ᠪᠣᠯᠭᠠᠨ᠎ᠠ᠃ | | | | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | |