ᠬᠦᠯᠥᠨ ᠪᠤᠶᠢᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠳᠤ ᠰᠢᠯᠢᠳᠡᠭ ᠬᠢᠷᠢ ᠪᠦᠲᠦᠮᠵᠢ ᠶᠢᠨ ᠬᠠᠭᠤᠳᠠᠰᠤ ᠲᠤᠰᠢᠶᠠᠪᠠ
ᠨᠡᠶᠢᠲᠡᠯᠡᠭᠰᠡᠨ ᠴᠠᠭ᠄
2020/6/24
     ᠠᠵᠢᠯᠴᠢᠳ ᠶᠠᠭᠰᠢ ᠬᠤᠲᠠ ᠶᠢᠨ ᠲᠦᠯᠢ ᠭᠤᠤᠯ ᠪᠠᠯᠭᠠᠰᠤᠨ ᠤ ᠣᠳᠣᠨ ᠴᠡᠴᠡᠭ ᠲᠠᠷᠢᠬᠤ ᠲᠥᠷᠥᠯ ᠵᠦᠢᠯ ᠤᠨ ᠰᠠᠭᠤᠷᠢᠨ ᠭᠠᠵᠠᠷ ᠲᠤ ᠶᠠᠭᠠᠷᠠᠯᠳᠤᠵᠤ ᠪᠠᠶᠢᠭ᠎ᠠ ᠨᠢ᠃
     ᠶᠠᠭᠰᠢ ᠬᠤᠲᠠ ᠶᠢᠨ ᠠᠷᠠᠳ ᠠᠮᠲᠠᠲᠤ ᠢᠳᠡᠭᠡᠨ ᠢ ᠠᠮᠲᠠᠯᠠᠵᠤ ᠪᠠᠶᠢᠭ᠎ᠠ ᠨᠢ᠃
     ᠣᠷᠴᠣᠨ ᠤ ᠥᠪᠡᠷᠲᠡᠭᠡᠨ ᠵᠠᠰᠠᠬᠤ ᠬᠤᠰᠢᠭᠤ ᠢᠳᠡᠰᠢᠨ ᠮᠦᠬᠦ ᠶᠢᠨ ᠠᠵᠤ ᠦᠢᠯᠡᠰ ᠢ ᠬᠥᠭᠵᠢᠭᠦᠯᠬᠦ ᠪᠠᠷ ᠳᠠᠮᠵᠢᠭᠤᠯᠤᠨ ᠶᠠᠳᠠᠭᠤ ᠬᠦᠴᠢᠷᠳᠡᠯᠲᠡᠶ ᠡᠷᠦᠬᠡ ᠶᠢ ᠪᠠᠶᠠᠵᠢᠯ ᠤᠨ ᠵᠠᠮ ᠢᠶᠠᠷ ᠵᠠᠮᠨᠠᠭᠤᠯᠵᠤ ᠪᠠᠶᠢᠨ᠎ᠠ᠃
     ᠶᠠᠭᠰᠢ ᠬᠤᠲᠠ ᠶᠢᠨ ᠬᠥᠳᠡᠭᠡ ᠲᠣᠰᠬᠤᠨ ᠤ ᠵᠢᠭᠤᠯᠴᠢᠯᠠᠯ ᠤᠨ ᠠᠮᠲᠠᠲᠤ ᠢᠳᠡᠭᠡᠨ ᠤ ᠵᠠᠬ᠎ᠠ᠃      ᠵᠤᠨ ᠤ ᠡᠬᠢᠨ ᠤ ᠬᠥᠯᠥᠨ ᠪᠤᠶᠢᠷ ᠤᠨ ᠲᠠᠯ᠎ᠠ ᠨᠤᠲᠤᠭ ᠨᠣᠮᠢᠨ ᠨᠣᠭᠤᠭᠠᠨ ᠢᠶᠠᠷ ᠴᠡᠯᠭᠡᠷᠡᠵᠦ᠂ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ ᠶᠠᠳᠠᠭᠤ ᠬᠦᠴᠢᠷᠳᠡᠯᠲᠡᠢ ᠲᠣᠰᠬᠤᠨ ᠪᠦᠬᠦᠨ ᠶᠠᠭ ᠭᠤᠶᠤ ᠰᠠᠶᠢᠬᠠᠨ ᠬᠤᠪᠢᠷᠠᠯᠲᠠ ᠭᠠᠷᠴᠤ᠂ ᠠᠷᠠᠳ ᠤᠨ ᠠᠮᠢᠳᠤᠷᠠᠯ ᠤᠨ ᠠᠯᠢ ᠤᠯᠠᠨ ᠲᠦᠷᠦᠯ ᠵᠦᠢᠯ ᠬᠦᠷ ᠬᠥᠭᠵᠢᠶᠡᠨᠲᠡᠢ ᠪᠦᠳᠦᠭᠡᠨ ᠪᠠᠶᠢᠭᠤᠯᠤᠭᠳᠠᠵᠤ᠂ ᠪᠦᠷ ᠵᠣᠯ ᠵᠢᠷᠭᠠᠯ ᠲᠠᠢ ᠮᠦᠰᠢᠶᠡᠨ᠎ᠡ᠃      ᠣᠶᠢᠷ᠎ᠠ ᠶᠢᠨ ᠵᠢᠯ ᠤᠨ ᠲᠤᠷᠰᠢ᠂ ᠬᠥᠯᠥᠨ ᠪᠣᠶᠢᠷ ᠬᠤᠲᠠ ᠲᠦᠢᠯ ᠤᠨ ᠣᠨᠤᠪᠴᠢᠲᠠᠢ ᠪᠠᠷ ᠶᠠᠳᠠᠭᠤ ᠶᠢ ᠲᠡᠳᠬᠦᠬᠦ ᠲᠦᠢᠯ ᠤᠨ ᠣᠨᠤᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠦᠨᠳᠦᠰᠦᠨ ᠠᠷᠭ᠎ᠠ ᠪᠣᠳᠣᠯᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠡᠷᠡᠯᠬᠡᠭ ᠵᠣᠷᠢᠭ ᠢᠶᠠᠨ ᠬᠥᠪᠴᠢᠯᠡᠨ᠂ ᠡᠷᠳᠡᠮ ᠴᠢᠳᠠᠯ ᠢᠶᠠᠨ ᠰᠢᠪᠬᠠᠵᠤ᠂ ᠰᠡᠳᠬᠢᠯ ᠰᠠᠨᠠᠭ᠎ᠠ ᠪᠠᠨ ᠨᠢᠭᠡᠳᠬᠡᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠳᠤ ᠰᠢᠯᠢᠳᠡᠭ ᠬᠢᠷᠢ ᠪᠦᠲᠦᠮᠵᠢ ᠶᠢᠨ ᠬᠠᠭᠤᠳᠠᠰᠤ ᠶᠢ ᠲᠤᠰᠢᠶᠠᠪᠠ᠄ 7190 ᠬᠥᠮᠦᠨ ᠶᠠᠳᠠᠭᠤ ᠠᠴᠠ ᠠᠩᠭᠢᠵᠢᠷᠠᠵᠤ᠂ 39 ᠶᠠᠳᠠᠭᠤ ᠬᠦᠴᠢᠷᠳᠡᠯᠲᠡᠢ ᠭᠠᠴᠠᠭ᠎ᠠ ᠲᠤᠰᠬᠤᠨ ᠶᠠᠳᠠᠭᠤ ᠠᠴᠠ ᠮᠣᠯᠲᠣᠷᠠᠨ ᠭᠠᠷᠴᠤ᠂ ᠤᠯᠤᠰ ᠤᠨ ᠳᠡᠰ ᠤᠨ ᠶᠠᠳᠠᠭᠤ ᠬᠦᠴᠢᠷᠳᠡᠯᠲᠡᠢ 2 ᠬᠤᠰᠢᠭᠤ ᠶᠠᠳᠠᠭᠤ ᠮᠠᠯᠠᠭᠠᠢ ᠪᠠᠨ ᠲᠠᠶᠠᠭᠳᠠᠵᠤ᠂ ᠪᠦᠬᠦ ᠬᠤᠲᠠ ᠶᠢᠨ ᠶᠠᠳᠠᠭᠤᠷᠠᠯ ᠤᠨ ᠨᠣᠷᠮ᠎ᠠ 0.06% ᠪᠣᠯᠵᠤ ᠪᠠᠭᠤᠷᠠᠪᠠ᠃      ᠡᠨᠡ ᠵᠢᠯ ᠪᠣᠯ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠰᠢᠢᠳᠪᠦᠷᠢᠲᠦ ᠳᠠᠶᠢᠯᠠᠯᠳᠤᠭᠠᠨ ᠬᠢᠵᠦ ᠰᠢᠢᠳᠪᠦᠷᠢᠲᠦ ᠢᠯᠠᠯᠲᠠ ᠶᠢ ᠣᠯᠬᠤ ᠰᠢᠪᠲᠤᠷᠠᠭᠠᠨ ᠤ ᠵᠢᠯ ᠮᠦᠨ᠂ ᠬᠥᠯᠥᠨ ᠪᠤᠶᠢᠷ ᠬᠤᠲᠠ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠭᠤᠣᠯᠳᠠᠯᠭ᠎ᠠ ᠲᠠᠢ ᠠᠵᠢᠯ ᠳᠤ ᠨᠡᠷ᠎ᠡ ᠵᠢᠭᠠᠨ ᠳᠠᠶᠢᠯᠠᠯᠳᠤᠭᠠᠨ ᠬᠢᠵᠦ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠵᠦ᠂ ᠠᠵᠤ ᠦᠢᠯᠡᠰ ᠢ ᠬᠥᠭᠵᠢᠭᠦᠯᠬᠦ᠂ ᠠᠵᠢᠯ ᠣᠯᠭᠤᠯᠲᠠ ᠶᠢ ᠠᠬᠢᠭᠤᠯᠬᠤ᠂ ᠣᠨᠳᠣᠤ ᠭᠠᠵᠠᠷ ᠲᠤ ᠰᠢᠯᠵᠢᠭᠦᠯᠦᠨ ᠶᠠᠳᠠᠭᠤ ᠶᠢ ᠲᠡᠳᠬᠦᠭᠰᠡᠨ ᠤ ᠳᠠᠷᠠᠭ᠎ᠠ ᠲᠡᠳᠬᠦᠮᠵᠢ ᠳᠡᠮᠵᠢᠯᠭᠡ ᠦᠵᠡᠭᠦᠯᠬᠦ ᠵᠡᠷᠭᠡ ᠲᠠᠯ᠎ᠠ ᠠᠴᠠ ᠭᠠᠷᠳᠠᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠬᠦ ᠪᠠ ᠬᠥᠳᠡᠯᠦᠩᠭᠦᠢ ᠪᠠᠷ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠲᠡᠮᠡᠴᠡᠨ ᠣᠯᠬᠤ ᠪᠠᠷ ᠴᠢᠷᠮᠠᠶᠢᠵᠤ ᠪᠠᠶᠢᠨ᠎ᠠ᠃      ︽ᠠᠵᠤ ᠦᠢᠯᠡᠰ ᠤᠨ ᠮᠣᠳᠣ︾᠎ ᠳᠤ ︽ᠶᠠᠳᠠᠭᠤ ᠠᠴᠠ ᠠᠩᠭᠢᠵᠢᠷᠠᠭᠤᠯᠬᠤ ᠦᠷ᠎ᠡ ᠵᠢᠮᠢᠰ︾ ᠰᠠᠭᠤᠯᠭᠠᠵᠤ᠂ ᠠᠵᠤ ᠦᠢᠯᠡᠰ ᠬᠦᠭᠵᠢᠨ ᠪᠠᠳᠠᠷᠠᠪᠠᠯ ᠰᠠᠶ᠋ᠢ ᠶᠠᠳᠠᠭᠤ ᠬᠦᠴᠢᠷᠳᠡᠯᠲᠡᠶ ᠣᠯᠠᠨ ᠲᠦᠮᠡᠨ ᠳᠤ ᠲᠣᠭᠲᠠᠪᠤᠷᠢᠲᠠᠶ ᠣᠷᠣᠯᠭ᠎ᠠ ᠲᠠᠢ ᠪᠣᠯᠭᠠᠵᠤ ᠴᠢᠳᠠᠨ᠎ᠠ᠃ ᠣᠷᠴᠣᠨ ᠬᠤᠰᠢᠭᠤ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠲᠥᠷᠥᠯ ᠵᠦᠢᠯ ᠢ ᠠᠰᠢᠭᠯᠠᠨ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠲᠣᠬᠢᠷᠠᠭᠤᠯᠤᠨ ᠢᠳᠡᠰᠢᠨ ᠮᠥᠭᠦ ᠶᠢᠨ ᠠᠵᠤ ᠦᠢᠯᠡᠰ ᠢ ᠬᠦᠭᠵᠢᠭᠦᠯᠵᠦ᠂ ᠲᠠᠷᠢᠮᠠᠯ ᠤᠨ ᠪᠦᠲᠦᠴᠡ ᠶᠢᠨ ᠲᠣᠬᠢᠷᠠᠭᠤᠯᠤᠯᠲᠠ ᠶᠢ ︽ᠨᠢᠭᠡ ᠲᠣᠰᠬᠤᠨ ᠳᠤ ᠨᠢᠭᠡ ᠲᠡᠮᠳᠡᠭᠲᠦ︾᠎ ᠶᠢ ᠴᠣᠭᠴᠠᠯᠠᠬᠤ ᠭᠤᠣᠯᠳᠠᠯᠭ᠎ᠠ ᠪᠣᠯᠭᠠᠨ᠂ ᠢᠳᠡᠰᠢᠨ ᠮᠦᠬᠦ ᠶᠢᠨ ᠦᠢᠯᠡᠳᠪᠦᠷᠢᠯᠡᠯ ᠤᠨ ᠬᠡᠪᠴᠢᠶ᠎ᠡ ᠶᠢ ᠲᠠᠰᠤᠷᠠᠯᠲᠠ ᠦᠭᠡᠢ ᠪᠤᠵᠠᠭᠠᠶᠢᠷᠠᠭᠤᠯᠵᠤ᠂ ᠮᠥᠭᠦ ᠶᠢ ᠶᠠᠳᠠᠭᠤ ᠠᠴᠠ ᠠᠩᠭᠢᠵᠢᠷᠠᠭᠤᠯᠬᠤ ︽ᠪᠠᠶᠠᠵᠢᠯ ᠤᠨ ᠮᠦᠭᠦ︾ ᠪᠣᠯᠭᠠᠨ ᠬᠤᠪᠢᠷᠠᠭᠤᠯᠵᠡᠢ᠃ ᠨᠢᠳᠤᠨᠤᠨ᠂ ᠦᠷᠦᠪᠳᠡᠢ ᠪᠠᠯᠭᠠᠰᠤᠨ ᠤ ᠢᠳᠡᠰᠢᠨ ᠮᠦᠬᠦ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠲᠤ 120 ᠲᠦᠮᠡᠨ ᠤᠭᠤᠲᠠ ᠢᠳᠡᠰᠢᠨ ᠮᠦᠬᠦ ᠦᠢᠯᠡᠳᠪᠦᠷᠢᠯᠡᠵᠦ᠂ ᠡᠷᠭᠢᠨ ᠲᠣᠭᠤᠷᠢᠨ ᠤ 12 ᠶᠠᠳᠠᠭᠤ ᠬᠦᠴᠢᠷᠳᠡᠯᠲᠡᠢ ᠲᠣᠰᠬᠤᠨ ᠤ 145 ᠡᠷᠦᠬᠡ᠂ 256 ᠬᠥᠮᠦᠨ ᠢ ᠶᠠᠳᠠᠭᠤ ᠠᠴᠠ ᠠᠩᠭᠢᠵᠢᠷᠠᠭᠤᠯᠪᠠ᠃      ᠣᠨᠳᠣᠤ ᠭᠠᠵᠠᠷ ᠲᠤ ᠰᠢᠯᠵᠢᠭᠦᠯᠦᠨ ᠶᠠᠳᠠᠭᠤ ᠶᠢ ᠲᠡᠳᠬᠦᠬᠦ ᠪᠠᠷ ᠳᠠᠮᠵᠢᠭᠤᠯᠤᠨ ᠵᠣᠯ ᠵᠢᠷᠭᠠᠯᠲᠤ ᠠᠮᠢᠳᠤᠷᠠᠯ ᠢ ᠡᠳ᠋ᠯᠡᠭᠦᠯᠪᠡ᠃ ᠶᠠᠭᠰᠢ ᠬᠤᠲᠠ ᠶᠢᠨ ᠣᠳᠣᠨ ᠴᠡᠴᠡᠭ ᠲᠠᠷᠢᠵᠦ ᠶᠠᠳᠠᠭᠤ ᠶᠢ ᠲᠡᠳᠬᠦᠬᠦ ᠲᠥᠷᠥᠯ ᠵᠦᠢᠯ ᠨᠢ ᠣᠨᠳᠣᠣ ᠭᠠᠵᠠᠷ ᠲᠤ ᠲᠥᠪᠬᠢᠨᠡᠭᠦᠯᠦᠨ ᠠᠵᠢᠯ ᠣᠯᠭᠤᠵᠤ᠂ ᠠᠰᠢᠭ ᠲᠤᠰᠠ ᠶᠢ ᠬᠤᠯᠪᠣᠬᠤ ᠵᠠᠭᠪᠤᠷ ᠲᠤ ᠰᠢᠨ᠎ᠡ ᠶᠢ ᠡᠭᠦᠳᠴᠦ᠂ ︽ᠴᠢᠰᠤ ᠪᠦᠲᠦᠭᠡᠵᠦ ᠶᠠᠳᠠᠭᠤ ᠶᠢ ᠲᠡᠳᠬᠦᠬᠦ︾ ᠦᠢᠯᠡᠳᠦᠯ ᠢ ᠪᠠᠳᠠᠷᠠᠭᠤᠯᠤᠨ᠂ ᠠᠵᠤ ᠦᠢᠯᠡᠰ ᠤᠨ ᠬᠥᠭᠵᠢᠯᠲᠡ ᠪᠠᠷ ᠶᠠᠳᠠᠭᠤ ᠬᠦᠴᠢᠷᠳᠡᠯᠲᠡᠶ ᠡᠷᠦᠬᠡ ᠶᠢᠨ ᠣᠷᠳᠣ ᠬᠤᠭᠤᠴᠠᠭᠠᠨ ᠤ ᠣᠷᠣᠯᠭ᠎ᠠ ᠶᠢᠨ ᠲᠣᠭᠲᠠᠭᠤᠨ ᠨᠡᠮᠡᠭᠳᠡᠯ ᠢ ᠠᠬᠢᠭᠤᠯᠪᠠ᠃ ᠶᠠᠭᠰᠢ ᠬᠤᠲᠠ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠠᠴᠠ ᠪᠡᠯᠡ ᠣᠷᠣᠭᠤᠯᠵᠤ᠂ ᠶᠢᠨ ᠯᠢᠩ ᠲᠠᠷᠢᠶᠠᠯᠠᠩ ᠤᠨ ᠲᠠᠯᠠᠪᠠᠢ ᠶᠢᠨ ᠪᠦᠲᠦᠭᠡᠨ ᠪᠠᠶᠢᠭᠤᠯᠤᠨ ᠬᠠᠮᠢᠶᠠᠷᠴᠤ ᠪᠠᠶᠢᠭ᠎ᠠ ᠣᠳᠣᠨ ᠴᠡᠴᠡᠭ ᠲᠠᠷᠢᠵᠦ ᠶᠠᠳᠠᠭᠤ ᠶᠢ ᠲᠡᠳᠬᠦᠬᠦ ᠰᠠᠭᠤᠷᠢᠨ ᠭᠠᠵᠠᠷ ᠨᠢ ᠨᠢᠭᠡ ᠪᠦᠯᠦᠭ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠬᠥᠳᠡᠯᠮᠦᠷᠢᠯᠡᠬᠦ ᠴᠢᠳᠠᠪᠤᠷᠢ ᠲᠠᠢ᠂ ᠠᠵᠢᠯ ᠣᠯᠬᠤ ᠬᠦᠰᠡᠯ ᠲᠠᠢ ᠪᠣᠯᠪᠠᠴᠤ ᠨᠠᠰᠤ ᠨᠢ ᠠᠬᠢᠵᠤ ᠭᠠᠳᠠᠭᠰᠢ ᠭᠠᠷᠬᠤ ᠳᠤᠷ᠎ᠠ ᠦᠭᠡᠢ ᠪᠠᠶᠢᠬᠤ ᠪᠤᠶᠤ ᠡᠪᠡᠳᠴᠢᠨ ᠠᠴᠠ ᠪᠣᠯᠵᠤ ᠶᠠᠳᠠᠭᠤᠷᠠᠭᠠᠳ ᠭᠠᠳᠠᠭᠰᠢ ᠭᠠᠷᠴᠤ ᠴᠢᠳᠠᠬᠤ ᠦᠭᠡᠢ ᠪᠠᠶᠢᠬᠤ ᠬᠥᠮᠦᠰ ᠲᠤ ᠴᠢᠭᠯᠡᠭᠦᠯᠦᠨ᠂ ᠭᠤᠣᠯ ᠴᠠᠭᠳᠠᠭᠴᠢ ᠶᠠᠳᠠᠭᠤ ᠶᠢ ᠲᠡᠳᠬᠦᠬᠦ ᠬᠠᠷᠠᠭᠤᠯ ᠭᠠᠷᠭᠠᠵᠤ᠂ ᠣᠳᠣᠨ ᠴᠡᠴᠡᠭ ᠲᠠᠷᠢᠵᠦ ᠶᠠᠳᠠᠭᠤ ᠶᠢ ᠲᠡᠳᠬᠦᠬᠦ ᠰᠠᠭᠤᠷᠢᠨ ᠭᠠᠵᠠᠷ ᠤᠨ ᠲᠠᠷᠢᠮᠠᠯ ᠤᠨ ᠠᠰᠢᠭ ᠣᠯᠵᠠᠪᠤᠷᠢ ᠪᠠᠷ᠂ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ 7 ᠡᠷᠦᠬᠡ ᠶᠢ ᠲᠥᠪᠬᠢᠨᠡᠭᠦᠯᠪᠡ᠃      ᠣᠶᠢᠯᠠᠭᠠᠭᠰᠠᠨ ᠢᠶᠠᠷ᠂ ᠬᠥᠯᠥᠨ ᠪᠤᠶᠢᠷ ᠬᠤᠲᠠ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠶᠠᠳᠠᠭᠤ ᠬᠦᠴᠢᠷᠳᠡᠯᠲᠡᠶ ᠬᠥᠮᠦᠨ ᠠᠮᠠ ᠶᠢ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠭᠤᠤᠯ ᠠᠷᠭ᠎ᠠ ᠵᠠᠮ ᠪᠠ ᠣᠷᠳᠣ ᠬᠤᠭᠤᠴᠠᠭᠠᠨ ᠤ ᠠᠷᠭ᠎ᠠ ᠪᠣᠳᠣᠯᠭ᠎ᠠ ᠪᠣᠯᠭᠠᠵᠤ᠂ ᠶᠠᠳᠠᠭᠤ ᠶᠢ ᠲᠡᠳᠬᠦᠬᠦ ᠠᠵᠤ ᠦᠢᠯᠡᠰ ᠢ ᠲᠠᠰᠤᠷᠠᠯᠲᠠ ᠥᠬᠡᠶ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠥᠪᠡᠷᠮᠢᠴᠡ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ᠭᠠᠵᠠᠷ ᠣᠷᠣᠨ ᠨᠢᠭᠡᠪᠦᠷᠢ ᠳᠤ 1᠎ ᠠᠴᠠ 3 ᠣᠨᠴᠠᠯᠢᠭ ᠨᠢ ᠢᠯᠡ ᠲᠣᠳᠣ᠂ ᠳᠠᠪᠠᠭᠤᠯᠢᠭ ᠨᠢ ᠲᠥᠪᠯᠡᠷᠡᠭᠰᠡᠨ᠂ ᠠᠵᠤ ᠦᠢᠯᠡᠰ ᠢ ᠠᠭᠤᠰᠤᠯᠴᠠᠭᠤᠯᠤᠭᠰᠠᠨ᠂ ᠶᠠᠳᠠᠭᠤ ᠠᠴᠠ ᠠᠩᠭᠢᠵᠢᠷᠠᠭᠤᠯᠬᠤ ᠴᠢᠳᠠᠪᠤᠷᠢ ᠪᠠᠷ ᠴᠢᠩᠭ᠎ᠠ ᠪᠦᠬᠦᠢ ᠶᠠᠳᠠᠭᠤ ᠶᠢ ᠲᠡᠳᠬᠦᠬᠦ ᠭᠤᠣᠯᠯᠠᠬᠤ ᠠᠵᠤ ᠦᠢᠯᠡᠰ ᠢ ᠪᠤᠶᠢᠵᠢᠭᠤᠯᠵᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠡᠯ᠎ᠡ ᠲᠥᠷᠥᠯ ᠤᠨ ᠠᠶᠤᠯ ᠲᠥᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠦᠷᠭᠦᠯᠵᠢᠯᠡᠬᠦ ᠴᠢᠨᠠᠷ ᠪᠠ ᠲᠣᠭᠲᠠᠪᠤᠷᠢᠲᠤ ᠴᠢᠨᠠᠷ ᠢ ᠪᠠᠲᠤᠯᠠᠵᠠᠢ᠃ ᠠᠵᠤ ᠠᠬᠤᠶᠢᠯᠠᠯ ᠤᠨ ᠶᠠᠳᠠᠭᠤ ᠬᠦᠴᠢᠷᠳᠡᠯᠲᠡᠶ ᠭᠠᠵᠠᠷ ᠣᠷᠣᠨ ᠳᠤ ᠶᠠᠳᠠᠭᠤ ᠶᠢ ᠲᠡᠳᠬᠦᠬᠦ ᠠᠵᠤ ᠦᠢᠯᠡᠰ ᠢ ᠬᠥᠭᠵᠢᠭᠦᠯᠬᠦ ᠶᠢ ᠨᠢ ᠳᠡᠮᠵᠢᠵᠦ᠂ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠴᠢᠬᠤᠯᠠᠴᠢᠯᠠᠬᠤ ᠶᠢᠨ ᠬᠠᠮᠲᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠡᠢ᠃ ᠭᠡᠷᠡᠯ ᠴᠡᠨᠡᠭ᠂ ᠬᠥᠳᠡᠭᠡ ᠲᠣᠰᠬᠤᠨ ᠤ ᠵᠢᠭᠤᠯᠴᠢᠯᠠᠯ᠂ ᠡᠯᠧᠺᠲᠷᠣᠨ ᠬᠤᠳᠠᠯᠳᠤᠭ᠎ᠠ ᠵᠡᠷᠭᠡ ᠰᠢᠨ᠎ᠡ ᠬᠡᠯᠪᠡᠷᠢ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠬᠦᠷᠢᠶᠡᠯᠡᠩ ᠲᠣᠭᠤᠷᠢᠭ ᠢᠶᠠᠷ ᠳᠠᠶᠢᠴᠢᠯᠠᠬᠤ᠂ ᠠᠵᠤ ᠠᠬᠤᠶᠢᠯᠠᠯ ᠢᠶᠠᠷ ᠳᠠᠶᠢᠴᠢᠯᠠᠬᠤ᠂ ᠣᠨᠴᠠᠯᠢᠭᠲᠤ ᠠᠵᠤ ᠦᠢᠯᠡᠰ ᠢᠶᠠᠷ ᠳᠠᠶᠢᠴᠢᠯᠠᠬᠤ ᠵᠡᠷᠭᠡ ᠵᠠᠭᠪᠤᠷ ᠢ ᠬᠡᠷᠡᠭᠯᠡᠨ᠂ ᠬᠥᠳᠡᠯᠮᠦᠷᠢᠯᠡᠬᠦ ᠴᠢᠳᠠᠪᠤᠷᠢ ᠲᠠᠢ ᠶᠠᠳᠠᠭᠤ ᠬᠦᠴᠢᠷᠳᠡᠯᠲᠡᠶ ᠬᠥᠮᠦᠨ ᠠᠮᠠ ᠪᠦᠬᠦᠨ ᠳᠤ ᠠᠵᠤ ᠦᠢᠯᠡᠰ ᠢ ᠪᠦᠷᠢᠨ ᠪᠦᠷᠬᠦᠭᠦᠯᠬᠦ ᠶᠢ ᠪᠡᠶᠡᠯᠡᠭᠦᠯᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号