6 ᠰᠠᠷ᠎ᠠ ᠶᠢᠨ 23 ᠤ ᠦᠳᠡ ᠶᠢᠨ ᠬᠤᠶᠢᠨ᠎ᠠ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ | ᠤᠬᠠᠭᠤᠯᠬᠤ ᠬᠡᠯᠳᠡᠰ ᠬᠦᠬᠡᠬᠤᠳᠠ ᠳᠤ ᠤᠮᠠᠷᠠᠳᠤ ᠬᠢᠯᠢ ᠶᠢᠨ ᠵᠢᠱᠢᠶᠡᠴᠢ ᠶᠢᠨ ᠲᠡᠷᠢᠬᠦᠨ ᠤ ᠦᠢᠯᠡ ᠠᠵᠢᠯᠯᠠᠭ᠎ᠠ ᠶᠢ | ᠨᠡᠶᠢᠳᠡᠯᠡᠬᠦ ᠬᠤᠷᠠᠯ ᠬᠢᠵᠤ᠂ ᠠᠳᠢᠶ᠎ᠠ᠂ ᠨᠢᠮ᠎ᠠ᠂ ᠵᠤᠤ ᠶᠦᠩ ᠴᠢᠶᠠᠨ ᠨᠦᠬᠦᠷ ᠢ ︽ᠤᠮᠠᠷᠠᠳᠤ ᠬᠢᠯᠢ ᠶᠢᠨ ᠵᠢᠱᠢᠶᠡᠴᠢ︾ | ᠪᠠᠷ ᠴᠣᠯᠠᠯᠠᠪᠠ᠃ | ᠤᠯᠤᠰ ᠤᠨ ᠨᠡᠬᠦᠳᠡᠯ ᠠᠷᠠᠳ ᠤᠨ ᠬᠠᠮᠢᠶᠠᠷᠤᠯᠳᠠ ᠶᠢᠨ ᠲᠤᠪᠴᠢᠶ᠎ᠠ ᠶᠢᠨ ᠨᠠᠮ ᠤᠨ ᠤᠳᠤᠷᠢᠳᠬᠤ | ᠲᠤᠭᠤᠢᠢᠯᠠᠩ ᠤᠨ ᠪᠦᠷᠢᠯᠳᠦᠬᠦᠨ᠂ ᠲᠤᠪᠴᠢᠶ᠎ᠠ ᠶᠢᠨ ᠳᠡᠳ᠋ ᠲᠠᠷᠤᠭ᠎ᠠ ᠵᠤᠤ ᠴᠠᠩ ᠬᠤᠸᠠ᠂ ᠦᠪᠡᠷᠳᠡᠬᠡᠨ ᠵᠠᠰᠠᠬᠤ | ᠤᠷᠤᠨ ᠤ ᠲᠡᠳ᠋ ᠲᠡᠷᠢᠬᠦᠯᠡᠭᠴᠢ ᠵᠧᠩ ᠬᠤᠩ ᠹᠠᠨ᠂ ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ᠂ | ᠲᠤᠳᠤᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠶᠢᠨ ᠱᠦᠵᠢ᠂ ᠲᠢᠩᠬᠢᠮ ᠤᠨ ᠲᠠᠷᠤᠭ᠎ᠠ ᠡᠾᠧᠩ | ᠰᠢᠶᠤᠤ ᠹᠠᠨ ᠦᠨᠡᠮᠯᠡᠯ ᠪᠠ ᠱᠠᠩᠨᠠᠯ ᠤᠨ ᠲᠡᠮᠳᠡᠭ ᠭᠠᠷᠳᠠᠭᠤᠯᠵᠠᠢ᠃ | ᠠᠳᠢᠶ᠎ᠠ ᠨᠦᠬᠦᠷ ᠪᠤᠯ ᠪᠤᠭᠤᠳᠤ ᠬᠤᠳᠠ ᠶᠢᠨ ᠲᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠮᠠᠨᠳᠤᠯ᠎ᠠ | ᠪᠠᠯᠭᠠᠰᠤᠨ ᠤ ᠪᠠᠶᠠᠨᠬᠠᠷ᠎ᠠ ᠭᠠᠴᠠᠭ᠎ᠠ ᠶᠢᠨ ᠮᠠᠯᠴᠢᠨ ᠪᠤᠯᠤᠨ᠎ᠠ᠃ 1984 ᠤᠨ ᠳᠤ ᠴᠡᠷᠢᠭ ᠠᠴᠠ ᠬᠠᠯᠠᠭᠳᠠᠭᠰᠠᠨ ᠤ | ᠳᠠᠷᠠᠭ᠎ᠠ ᠨᠣᠳᠤᠭ ᠲᠠᠭᠠᠨ ᠪᠣᠴᠠᠨ ᠬᠢᠯᠢ ᠬᠠᠮᠠᠭᠠᠯᠠᠬᠴᠢ ᠪᠣᠯᠵᠣ᠂ ᠳᠠᠷᠠᠭᠠᠯᠠᠨ 30 ᠭᠠᠷᠤᠢ ᠵᠢᠯ ᠬᠢᠯᠢ ᠬᠢᠵᠠᠭᠠᠷ ᠢ | ᠰᠠᠬᠢᠵᠤ᠂ ᠡᠬᠡᠯ ᠵᠢᠷ ᠤᠨ ᠠᠵᠢᠯ ᠤᠨ ᠪᠠᠶᠢᠷᠢ ᠲᠡᠭᠡᠷ᠎ᠡ ᠵᠢᠷ ᠤᠨ ᠪᠤᠰᠤ ᠠᠮᠵᠢᠯᠳᠠ ᠪᠦᠳᠦᠮᠵᠢ ᠭᠠᠷᠭᠠᠵᠤ᠂ 2019 | ᠤᠨ ᠳᠤ ︽ᠲᠤᠮᠳᠠᠳᠤ ᠤᠯᠤᠰ ᠤᠨ ᠰᠦᠯᠵᠢᠶᠡᠨ ᠤ ᠬᠡᠷᠡᠭ ᠶᠠᠪᠤᠳᠠᠯ · ᠰᠡᠳᠬᠢᠯ ᠢ ᠲᠤᠬᠳᠤᠯᠤᠭᠤᠯᠤᠬᠰᠠᠨ ᠦᠪᠦᠷ | ᠮᠤᠩᠭᠤᠯ︾ ᠤᠨ ᠤ ᠠᠵᠢᠯᠯᠠᠭ᠎ᠠ ᠶᠢᠨ ᠰᠦᠯᠵᠢᠶᠡᠨ ᠤ ᠤᠳᠤ᠂ ᠲᠤᠯᠤᠳᠤᠭᠠᠷ ᠬᠤᠭᠤᠴᠠᠭᠠᠨ ᠤ ᠪᠦᠬᠦ ᠤᠯᠤᠰ ᠤᠨ | ᠶᠤᠰᠤ ᠰᠤᠷᠳᠠᠬᠤᠨ ᠤ ᠵᠢᠱᠢᠶᠡᠴᠢ᠂ ᠪᠦᠬᠦ ᠤᠯᠤᠰ ᠤᠨ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠵᠢᠱᠢᠶᠡᠴᠢ | ᠬᠤᠪᠢ ᠬᠦᠮᠦᠨ ᠢᠶᠠᠷ ᠦᠨᠡᠯᠡᠭᠳᠡᠪᠡ᠃ | ᠨᠢᠮ᠎ᠠ ᠨᠦᠬᠦᠷ ᠪᠤᠯ ᠠᠯᠠᠱᠠ ᠪᠠᠷᠠᠭᠤᠨ ᠬᠤᠰᠢᠭᠤᠨ ᠤ ᠲᠠᠩᠰᠤᠬᠪᠤᠯᠠᠬ ᠰᠤᠮᠤ ᠶᠢᠨ ᠮᠠᠯᠴᠢᠨ ᠪᠤᠯᠤᠨ᠎ᠠ᠃ | 1971 ᠤᠨ ᠳᠤ ᠨᠢᠮ᠎ᠠ ᠭᠤᠷᠪᠠᠨ ᠨᠠᠰᠤᠳᠠᠢ ᠬᠦᠦ ᠪᠠᠨ ᠲᠠᠭᠠᠭᠤᠯᠤᠨ ᠡᠩᠬᠡᠷ ᠤᠰᠤ ᠭᠠᠴᠠᠭ᠎ᠠ ᠶᠢᠨ ᠲᠤᠮᠳᠠᠳᠤ | ᠮᠤᠩᠭᠤᠯ ᠤᠨ ᠬᠢᠯᠢ ᠶᠢᠨ ᠱᠤᠭᠤᠮ ᠳᠤ ᠬᠦᠷᠴᠦ ᠬᠢᠯᠢ ᠲᠡᠭᠡᠷ᠎ᠡ ᠨᠣᠳᠣᠭᠰᠢᠨ ᠬᠢᠯᠢ ᠬᠢᠵᠠᠭᠠᠷ ᠢ ᠰᠠᠬᠢᠨ ᠬᠠᠮᠠᠭᠠᠯᠠᠪᠠ᠂ | 49 ᠵᠢᠯ ᠤᠨ ᠲᠤᠷᠰᠢ ᠨᠢᠮ᠎ᠠ ᠡᠬᠡ ᠬᠦᠦ ᠬᠤᠶᠠᠭᠤᠯᠠ ᠡᠬᠡ ᠤᠯᠤᠰ ᠤᠨ ᠬᠢᠯᠢ ᠬᠢᠵᠠᠭᠠᠷ ᠤᠨ ᠠᠮᠤᠷ ᠲᠦᠪᠰᠢᠨ ᠢ | ᠴᠢᠩᠳᠠ ᠰᠠᠬᠢᠨ ᠬᠠᠮᠠᠭᠠᠯᠠᠵᠤ᠂ ᠤᠷᠢᠳ ᠬᠤᠵᠢᠳ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ | ᠰᠢᠯᠢᠳᠡᠭ ᠡᠪ ᠬᠠᠮᠳᠤ ᠨᠠᠮ ᠤᠨ ᠬᠡᠰᠢᠬᠦᠨ︾᠂ ︽ᠪᠦᠬᠦ ᠤᠯᠤᠰ ᠤᠨ ᠬᠦᠳᠡᠯᠮᠦᠷᠢ ᠶᠢᠨ ᠵᠢᠱᠢᠶᠡᠴᠢ︾ ᠶᠢᠨ ᠢᠷᠠᠭᠤ | ᠠᠯᠳᠠᠷ ᠢ ᠬᠦᠷᠳᠡᠵᠡᠢ᠃ | ᠵᠤᠤ ᠶᠦᠩ ᠴᠢᠶᠠᠨ ᠨᠦᠬᠦᠷ ᠪᠤᠯ ᠦᠪᠦᠷ ᠮᠤᠩᠭᠤᠯ ᠤᠨ ᠬᠢᠯᠢ ᠪᠠᠷ ᠤᠷᠤᠵᠤ ᠭᠠᠷᠬᠤ ᠬᠢᠯᠢ ᠶᠢᠨ | ᠬᠠᠮᠠᠭᠠᠯᠠᠯᠳᠠ ᠶᠢᠨ ᠪᠠᠶᠢᠴᠠᠭᠠᠬᠤ ᠶᠡᠷᠦᠩᠬᠡᠢ ᠦᠷᠳᠡᠭᠡ ᠶᠢᠨ ᠲᠡᠳ᠋ ᠲᠠᠷᠤᠭ᠎ᠠ ᠪᠣᠯᠣᠨ᠎ᠠ᠃ ᠠᠵᠢᠯ ᠳᠤ ᠣᠷᠣᠭᠰᠠᠨ | 31 ᠵᠢᠯ ᠤᠨ ᠲᠤᠷᠰᠢ ᠵᠤᠤ ᠶᠦᠩ ᠴᠢᠶᠠᠨ ᠤᠷᠢᠳ ᠬᠤᠵᠢᠳ ᠬᠤᠪᠢ ᠬᠦᠮᠦᠨ ᠤ ᠭᠤᠷᠪᠠᠳᠤᠭᠠᠷ ᠲᠡᠰ ᠤᠨ | ᠭᠠᠪᠢᠶ᠎ᠠ 2 ᠤᠳᠠᠭ᠎ᠠ ᠳᠡᠮᠳᠡᠭᠯᠡᠭᠦᠯᠵᠦ᠂ ︽ᠪᠦᠬᠦ ᠤᠷᠤᠨ ᠤ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ | ᠵᠢᠱᠢᠶᠡᠴᠢ ᠬᠤᠪᠢ ᠬᠦᠮᠦᠨ︾᠂ ᠪᠦᠬᠦ ᠤᠯᠤᠰ ᠤᠨ ᠳᠣᠳᠣᠭᠠᠳᠣ ᠶᠢ ᠬᠠᠮᠠᠭᠠᠯᠠᠬᠵᠣ ᠰᠢᠰᠲ᠋ᠧᠮ ᠤᠨ ᠬᠤᠶᠠᠳᠣᠭᠠᠷ | ᠳᠡᠰ ᠤᠨ ᠪᠠᠭᠠᠳᠣᠷ ᠵᠢᠱᠢᠶᠡᠴᠢ᠂ ︽ᠲᠤᠳᠤᠭᠠᠳᠤ ᠶᠢ ᠬᠠᠮᠠᠭᠠᠯᠠᠬᠤ ᠵᠢᠱᠢᠶᠡᠴᠢ︾ ᠪᠠᠷ ᠴᠣᠯᠠᠯᠠᠭᠳᠠᠪᠠ᠃ | ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠳᠡᠰ ᠠᠴᠠ ᠪᠦᠬᠦ ᠤᠷᠤᠨ ᠤ | ᠦᠨᠳᠦᠰᠦᠳᠡᠨ ᠨᠦᠭᠦᠳ ᠤᠨ ᠺᠠᠳ᠋ᠷ ᠤᠯᠠᠨ ᠲᠦᠮᠡᠨ᠂ ᠢᠯᠠᠩᠭᠤᠶ᠎ᠠ ᠦᠷᠬᠡᠨ ᠤᠯᠠᠨ ᠨᠠᠮ ᠤᠨ ᠬᠡᠰᠢᠬᠦᠨ ᠺᠠᠳ᠋ᠷᠴᠤᠳ | ᠠᠳᠢᠶ᠎ᠠ᠂ ᠨᠢᠮ᠎ᠠ᠂ ᠵᠤᠤ ᠶᠦᠩ ᠴᠢᠶᠠᠨ ᠭᠤᠷᠪᠠᠨ ᠨᠦᠬᠦᠷ ᠢᠶᠠᠷ ᠦᠯᠢᠬᠡᠷ ᠲᠠᠭᠤᠷᠢᠶᠠᠯ ᠪᠤᠯᠭᠠᠨ᠂ ᠲᠡᠳᠡᠨᠠᠷ ᠤᠨ | ᠬᠢᠯᠢ ᠬᠢᠵᠠᠭᠠᠷ ᠲᠤ ᠦᠨᠳᠦᠰᠦᠯᠡᠨ᠂ ᠡᠬᠡ ᠣᠯᠣᠰ ᠤᠨ ᠢᠶᠠᠨ ᠲᠦᠯᠦᠬᠡ ᠵᠢᠳᠬᠦᠬᠦ ᠬᠠᠷᠠᠮ ᠦᠭᠡᠢ ᠵᠣᠷᠢᠭᠤᠯᠬᠤ | ᠵᠤᠷᠢᠬ ᠰᠠᠨᠠᠭ᠎ᠠ ᠶᠢ ᠬᠢᠨᠠᠮᠠᠭᠠᠢ ᠰᠤᠷᠤᠯᠴᠠᠵᠤ᠂ ᠲᠡᠳᠡᠨᠠᠷ ᠤᠨ ᠡᠬᠦᠷᠬᠡ ᠲᠤᠰᠢᠶᠠᠯ ᠢᠶᠠᠨ ᠬᠢᠴᠢᠶᠡᠩᠬᠦ᠋ᠢᠯᠡᠨ | ᠬᠦᠢᠴᠡᠳᠬᠡᠵᠦ᠂ ᠳᠣᠷᠠᠳᠠᠶᠠ ᠬᠤᠪᠢ ᠨᠡᠮᠡᠷᠢ ᠦᠵᠡᠬᠦᠯᠬᠦ ᠡᠷᠬᠢᠮ ᠲᠡᠭᠡᠳᠦ ᠰᠡᠳᠬᠢᠯᠬᠡ ᠶᠢ ᠰᠤᠷᠤᠯᠴᠠᠵᠤ᠂ | ᠲᠡᠳᠡᠨᠦᠰ ᠤᠨ ᠡᠬᠡ ᠤᠯᠤᠰ ᠢᠶᠠᠨ ᠬᠠᠶᠢᠷᠠᠯᠠᠨ᠂ ᠤᠯᠤᠰ ᠤᠨ ᠪᠠᠳᠣᠯᠠᠨ ᠬᠠᠮᠠᠭᠠᠯᠠᠯᠳᠠ ᠲᠠᠢ ᠰᠡᠳᠬᠢᠯ ᠵᠢᠷᠦᠬᠡ ᠪᠠᠨ | ᠬᠤᠯᠪᠣᠬᠤ ᠨᠣᠳᠣᠭᠴᠢ ᠰᠡᠳᠬᠢᠯᠬᠡ ᠶᠢ ᠰᠤᠷᠤᠯᠴᠠᠵᠤ᠂ ᠲᠡᠳᠡᠨᠠᠷ ᠤᠨ ᠢᠳᠡᠬᠡᠯ ᠪᠢᠰᠢᠷᠡᠯ ᠪᠠᠳᠤ᠂ ᠨᠠᠮ ᠳᠠᠭᠠᠨ | ᠦᠨᠡᠨᠴᠢ ᠰᠢᠳᠤᠷᠭᠤ ᠤᠯᠤᠰ ᠲᠦᠷᠦ ᠶᠢᠨ ᠬᠡᠪ ᠴᠢᠨᠠᠷ ᠢ ᠰᠤᠷᠤᠯᠴᠠᠵᠤ᠂ ᠦᠵᠡᠰᠬᠦᠯᠡᠩᠳᠦ ᠰᠠᠶᠢᠬᠠᠨ ᠦᠪᠦᠷ | ᠮᠤᠩᠭᠤᠯ ᠢᠶᠠᠨ ᠪᠦᠳᠦᠬᠡᠨ ᠪᠠᠶᠢᠭᠤᠯᠵᠤ᠂ ᠠᠭᠤᠤ ᠶᠡᠭᠡ ᠲᠤᠮᠳᠠᠳᠤ ᠶᠢᠨ ᠵᠡᠬᠦᠳᠦ ᠪᠠᠨ ᠬᠠᠮᠳᠤ ᠪᠠᠷ | ᠲᠡᠷᠬᠡᠯᠰᠢᠬᠦᠯᠬᠦ ᠳᠤ ᠰᠢᠨ᠎ᠡ ᠨᠡᠩ ᠶᠡᠭᠡ ᠬᠤᠪᠢ ᠨᠡᠮᠡᠷᠢ ᠦᠵᠡᠬᠦᠯᠳᠦᠬᠡᠢ ᠬᠡᠵᠦ ᠤᠷᠢᠶᠠᠯᠠᠪᠠ᠃ |