ᠪᠦᠬᠦ ᠣᠷᠣᠨ ᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠲᠧᠯᠸᠢᠰ ᠤᠳᠠᠰᠤ ᠬᠤᠷᠠᠯ ᠬᠤᠷᠠᠯᠳᠤᠪᠠ  ᠮᠠ ᠰᠢᠤᠸᠠᠢ ᠵᠢᠶᠦ᠋ᠨ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ ᠯᠢ ᠪᠢᠩ ᠷᠦᠩ ᠣᠷᠣᠯᠴᠠᠪᠠ
ᠨᠡᠶᠢᠲᠡᠯᠡᠭᠰᠡᠨ ᠴᠠᠭ᠄
2020/6/28
     6 ᠰᠠᠷ᠎ᠠ ᠶᠢᠨ 24᠎ ᠤ ᠡᠳᠦᠷ᠂ ᠪᠦᠬᠦ ᠣᠷᠣᠨ ᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠲᠧᠯᠸᠢᠰ ᠤᠲᠠᠰᠤ ᠬᠤᠷᠠᠯ ᠬᠥᠬᠡᠬᠤᠲᠠ ᠳᠤ ᠬᠤᠷᠠᠯᠳᠤᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠮᠠ ᠰᠢᠤᠸᠠᠢ ᠵᠢᠶᠦ᠋ᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢ ᠪᠢᠩ ᠷᠦᠩ ᠬᠤᠷᠠᠯ ᠳᠤ ᠣᠷᠣᠯᠴᠠᠵᠤ ᠪᠣᠳᠠᠲᠠᠶ ᠪᠠᠶᠢᠷᠢᠯᠠᠭᠤᠯᠤᠯᠲᠠ ᠬᠢᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠥᠪᠥᠷ ᠮᠣᠩᠭᠤᠯ ᠎ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠦᠢᠯᠡᠰ ᠠᠵᠢᠯ ᠣᠯᠭᠤᠯᠲᠠ ᠪᠠᠷ ᠶᠠᠳᠠᠭᠤ ᠶᠢ ᠲᠡᠳᠬᠦᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠣᠷᠭᠠᠨᠢᠭ ᠢᠶᠠᠷ ᠵᠣᠯᠭᠠᠭᠤᠯᠬᠤ ᠶᠢ ᠠᠬᠢᠭᠤᠯᠬᠤ ᠶᠢ ᠨᠢᠭᠡᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠥ᠂ ᠬᠠᠷᠠᠯᠲᠠ ᠪᠠᠨ ᠴᠢᠩᠭ᠎ᠠ ᠠᠩᠬᠠᠷᠴᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠵᠤ᠂ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠵᠦ᠂ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠬᠢᠬᠦ᠂ ᠶᠠᠳᠠᠭᠤ ᠠᠴᠠ ᠠᠩᠭᠢᠵᠢᠷᠠᠭᠤᠯᠤᠬᠰᠠᠨ ᠦᠷ᠎ᠡ ᠪᠦᠲᠦᠭᠡᠯ ᠢ ᠪᠠᠬᠢᠵᠢᠭᠦᠯᠬᠦ ᠳᠤ ᠪᠠᠲᠤ ᠪᠠᠬᠢ ᠰᠠᠭᠤᠷᠢ ᠳᠠᠯᠪᠢᠬᠤ ᠬᠡᠷᠡᠭᠳᠡᠢ ᠬᠡᠵᠥ ᠴᠢᠬᠤᠯᠠᠴᠢᠯᠠᠪᠠ᠃      ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠰᠢᠰᠲ᠋ᠧᠮᠲᠦ ᠰᠡᠳᠬᠢᠬᠦᠶ ᠶᠢ ᠪᠤᠢ ᠪᠣᠯᠭᠠᠵᠤ᠂ ᠳᠠᠪᠠᠭᠤᠯᠢᠭ ᠣᠨᠴᠠᠯᠢᠭᠲᠤ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠬᠤ᠂ ᠳᠠᠭᠠᠭᠤᠯᠤᠭᠴᠢ ᠠᠵᠤ ᠠᠬᠤᠶᠢᠯᠠᠯ ᠢ ᠪᠤᠶᠢᠵᠢᠭᠤᠯᠤᠨ ᠠᠵᠤ ᠦᠢᠯᠡᠰ ᠤᠨ ᠪᠦᠯᠦᠭᠵᠢᠯ ᠢ ᠪᠠᠶᠢᠭᠤᠯᠬᠤ᠂ ᠪᠣᠬᠢᠷᠲᠤᠯ ᠦᠭᠡᠶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠨᠡᠷᠡᠲᠦ ᠲᠡᠮᠳᠡᠭ ᠢ ᠡᠬᠦᠳᠬᠦ᠂ ᠰᠠᠭᠤᠷᠢ ᠳᠦᠬᠦᠬᠡᠷᠤᠮᠵᠢ ᠶᠢᠨ ᠪᠦᠲᠦᠭᠡᠨ ᠪᠠᠶᠢᠭᠤᠯᠤᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠬᠢᠭᠡᠳ ᠳᠦᠷᠢᠮ ᠤᠨ ᠰᠢᠨ᠎ᠡ ᠶᠢ ᠡᠭᠦᠳᠬᠦ᠂ ᠲᠠᠷᠢᠶᠠᠯᠠᠩ ᠮᠠᠯ ᠠᠵᠤ ᠠᠬᠤᠶ ᠶᠢᠨ ᠣᠳᠣᠬᠢᠴᠢᠯᠠᠭᠰᠠᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ᠂ ᠲᠠᠷᠢᠶᠠᠴᠢᠨ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠪᠠᠬᠢᠵᠢᠭᠦᠯᠦᠨ ᠲᠡᠭᠦᠯᠳᠡᠷᠵᠢᠭᠦᠯᠬᠦ ᠵᠡᠷᠭᠡ ᠨᠠᠢᠮᠠᠨ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠲᠤᠰ ᠲᠤᠰ ᠤᠨ ᠣᠨᠴᠠᠯᠢᠭ ᠲᠠᠢ᠂ ᠠᠵᠤ ᠦᠢᠯᠡᠰᠵᠢᠬᠦᠯᠦᠨ ᠡᠵᠡᠩᠨᠡᠬᠦ ᠰᠡᠳᠬᠢᠴᠡ ᠶᠣᠰᠣᠭᠠᠷ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠬᠢᠭᠡᠳ ᠠᠵᠤ ᠦᠢᠯᠡᠰ ᠤᠨ ᠬᠥᠭᠵᠢᠯ ᠮᠠᠨᠳᠤᠯ ᠢ ᠣᠷᠭᠠᠨᠢᠭ ᠢᠶᠠᠷ ᠵᠣᠯᠭᠠᠭᠤᠯᠬᠤ ᠶᠢ ᠨᠢᠭᠡᠳᠦᠯᠲᠡᠶ ᠲᠥᠯᠥᠪᠵᠢᠬᠦᠯᠦᠨ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠠᠲᠤ ᠪᠠᠬᠢ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠬᠡᠷᠡᠭᠳᠡᠢ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ᠤ ᠬᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠥᠷᠥᠯ ᠵᠦᠢᠯ ᠢ ᠨᠠᠶᠢᠳᠠᠪᠤᠷᠢᠵᠢᠭᠤᠯᠬᠤ᠂ ᠪᠠᠯᠠ ᠮᠥᠩᠭᠦ ᠶᠢ ᠬᠡᠷᠡᠭᠯᠡᠬᠦ᠂ ᠬᠥᠮᠦᠨ ᠤ ᠬᠦᠴᠦᠨ ᠢ ᠳᠣᠭᠢᠷᠠᠭᠤᠯᠬᠤ᠂ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠵᠡᠷᠭᠡ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠢᠶᠠᠷ ᠤᠨᠢᠨ ᠳᠡᠬᠡᠷ᠎ᠡ ᠨᠢ ᠶᠠᠳᠠᠭᠤ ᠶᠢ ᠲᠡᠳᠬᠦᠬᠦ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠢ ᠳᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠥᠪᠡᠷ ᠥᠪᠡᠷ ᠤᠨ ᠡᠭᠦᠷᠭᠡᠯᠡᠭᠰᠡᠨ ᠡᠭᠦᠷᠭᠡ ᠪᠠᠨ ᠨᠠᠷᠢᠯᠢᠭᠵᠢᠭᠤᠯᠤᠨ ᠪᠤᠳᠠᠳᠠᠶᠢᠵᠢᠭᠤᠯᠵᠥ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠲᠣᠭᠲᠠᠭᠰᠠᠨ ᠬᠤᠭᠤᠴᠠᠭᠠᠨ ᠳᠤ ᠤᠯᠬᠤ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠶᠠᠳᠠᠭᠤ ᠠᠴᠠ ᠠᠩᠭᠢᠵᠢᠷᠠᠭᠰᠠᠨ ᠤᠯᠠᠨ ᠲᠦᠮᠡᠨ ᠢ ᠨᠡᠩ ᠦᠬᠡᠳᠡ ᠰᠠᠶᠢᠬᠠᠨ ᠠᠮᠢᠳᠤᠷᠠᠭᠤᠯᠬᠤ ᠬᠡᠷᠡᠭᠲᠡᠢ ᠬᠡᠵᠥ ᠱᠠᠭᠠᠷᠳᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号