ᠡᡁᠧᠩ ᠰᠢᠶᠤᠤ ᠹᠠᠨ ᠲᠠᠭᠠᠭᠠᠴᠢᠯᠠᠨ ᠬᠤᠯᠪᠤᠭᠠᠯᠠᠬᠤ ᠶᠠᠳᠠᠭᠤ ᠬᠦᠴᠢᠷᠳᠠᠯᠳᠠᠢ ᠬᠤᠰᠢᠭᠤ ᠰᠢᠶᠠᠨ ᠤ ᠸᠢᠳᠢᠣ᠋ ᠵᠤᠬᠢᠴᠠᠭᠤᠯᠬᠤ ᠬᠤᠷᠠᠯ ᠲᠡᠭᠡᠷ᠎ᠠ ᠴᠢᠬᠤᠯᠠᠴᠢᠯᠠᠬᠰᠠᠨ ᠨᠢ ᠦᠨᠡᠨ ᠬᠦ ᠴᠡᠭᠴᠡᠯᠠᠵᠤ ᠦᠨᠡᠨ ᠬᠦ ᠰᠠᠶᠢᠵᠢᠷᠠᠭᠤᠯᠵᠤ ᠪᠤᠳᠠᠳᠠᠢ ᠠᠳᠬᠤᠵᠤ ᠨᠠᠷᠢᠯᠢᠬ ᠠᠳᠬᠤᠵᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠰᠢᠢᠳᠪᠤᠷᠢᠳᠤ ᠲᠠᠶᠢᠯᠠᠯᠳᠤᠭᠠᠨ ᠬᠢᠵᠤ ᠰᠢᠢᠳᠪᠤᠷᠢᠳᠤ ᠢᠯᠠᠯᠳᠠ ᠤᠯᠬᠤ ᠡᠯ᠎ᠠ ᠵᠦᠢᠯ ᠤᠨ ᠬᠠᠷᠠᠯᠳᠠ ᠡᠬᠦᠷᠬᠡ ᠶᠢ ᠴᠢᠨᠠᠷ ᠰᠠᠶᠢᠳᠠᠢ ᠪᠡᠶᠡᠯᠡᠬᠦᠯᠬᠦ ᠭᠡᠷᠡᠭᠳᠠᠢ
ᠨᠡᠶᠢᠲᠡᠯᠡᠭᠰᠡᠨ ᠴᠠᠭ᠄
2020/6/28
     6 ᠰᠠᠷ᠎ᠠ ᠶᠢᠨ 23᠎ ᠤ ᠡᠳᠤᠷ᠂ ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ᠂ ᠳᠤᠳᠤᠭᠠᠳᠤ ᠶᠢ ᠬᠠᠮᠠᠭᠠᠯᠠᠬᠤ ᠲᠢᠩᠬᠢᠮ ᠤᠨ ᠲᠠᠷᠤᠭ᠎ᠠ ᠡᡁᠧᠩ ᠰᠢᠶᠤᠤ ᠹᠠᠨ ᠲᠠᠭᠠᠭᠠᠴᠢᠯᠠᠨ ᠬᠤᠯᠪᠤᠭᠠᠯᠠᠬᠤ ᠶᠠᠳᠠᠭᠤ ᠬᠦᠴᠢᠷᠳᠠᠯᠳᠠᠢ ᠬᠤᠰᠢᠭᠤ ᠰᠢᠶᠠᠨ ᠤ ᠸᠢᠳᠢᠣ᠋ ᠵᠤᠬᠢᠴᠠᠭᠤᠯᠬᠤ ᠬᠤᠷᠠᠯ ᠢ ᠡᠷᠬᠢᠯᠠᠨ ᠬᠤᠷᠠᠯᠳᠤᠭᠤᠯᠵᠤ᠂ ᠠᠤᠬᠠᠨ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠠᠬᠢᠴᠠ ᠶᠢᠨ ᠪᠠᠶᠢᠳᠠᠯ᠂ ᠲᠦᠪ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠤᠰᠬᠠᠢ ᠲᠤᠭᠤᠷᠢᠨ ᠪᠠᠶᠢᠴᠠᠭᠠᠯᠳᠠ ᠶᠢᠨ ︽ᠡᠷᠬᠢᠨ ᠬᠠᠷᠠᠬᠤ︾᠂ ᠤᠯᠤᠰ ᠤᠨ ᠦᠷ᠎ᠠ ᠪᠦᠳᠤᠮᠵᠢ ᠶᠢᠨ ᠬᠢᠨᠠᠨ ᠰᠢᠯᠭᠠᠬᠤ ᠪᠠ ᠦᠪᠡᠷᠳᠡᠬᠡᠨ ᠵᠠᠰᠠᠬᠤ ᠤᠷᠤᠨ ᠤ ᠭᠤᠷᠪᠠᠳᠤᠭᠠᠷ ᠡᠳᠡᠬᠡᠳ ᠤᠨ ᠦᠨᠡᠯᠠᠯᠳᠠ ᠠᠴᠠ ᠭᠠᠷᠬᠤ᠂ ᠶᠠᠳᠠᠭᠤ ᠶᠢ ᠲᠡᠳᠬᠦᠬᠦ ᠪᠡᠯᠡ ᠮᠦᠩᠬᠦᠨ ᠤ ᠦᠷ᠎ᠠ ᠪᠦᠳᠤᠮᠵᠢ ᠶᠢ ᠦᠨᠡᠯᠡᠬᠦ ᠳᠤ ᠵᠢᠭᠠᠵᠤ ᠭᠠᠷᠭᠠᠬᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠬᠰᠠᠨ ᠪᠠᠶᠢᠳᠠᠯ ᠤᠨ ᠬᠠᠷᠢᠭᠤ ᠮᠡᠳᠡᠬᠦᠯᠤᠯᠳᠠ ᠶᠢ ᠰᠤᠨᠤᠰᠴᠤ᠂ ᠲᠠᠷᠠᠭᠠᠴᠢ ᠠᠯᠬᠤᠮ ᠤᠨ ᠠᠵᠢᠯ ᠡᠬᠦᠷᠬᠡ ᠶᠢ ᠰᠤᠳᠤᠯᠤᠨ ᠪᠠᠶᠢᠷᠢᠯᠠᠭᠤᠯᠪᠠ᠃      ᠡᡁᠧᠩ ᠰᠢᠶᠤᠤ ᠹᠠᠨ᠂ ᠶᠠᠷᠤᠩᠬᠡᠢ ᠱᠦᠵᠢ ᠰᠢ ᠶᠢᠨ ᠫᠢᠩ ᠤᠨ ᠶᠡᠳᠠᠭᠤ ᠶᠢ ᠲᠡᠳᠬᠦᠬᠦ ᠠᠵᠢᠯ ᠤᠨ ᠲᠤᠬᠠᠢ ᠴᠢᠬᠤᠯᠠ ᠦᠬᠦᠯᠠᠯᠳᠠ᠂ ᠢᠯᠠᠩᠭᠤᠶ᠎ᠠ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠦᠪᠤᠷ ᠮᠤᠩᠭᠤᠯ ᠤᠨ ᠲᠦᠯᠤᠬᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠤᠷᠤᠯᠴᠠᠬᠤ ᠦᠶ᠎ᠠ ᠶᠢᠨ ᠴᠢᠬᠤᠯᠠ ᠶᠠᠷᠢᠶᠠᠨ ᠤ ᠵᠤᠷᠢᠬ ᠰᠠᠨᠠᠭ᠎ᠠ ᠶᠢ ᠬᠦᠨᠵᠡᠬᠡᠢ ᠰᠤᠷᠤᠯᠴᠠᠨ ᠤᠢᠢᠯᠠᠭᠠᠵᠤ᠂ ︽ᠵᠢᠷᠭᠤᠭ᠎ᠠ ᠶᠢ ᠲᠤᠭᠳᠠᠪᠤᠷᠢᠵᠢᠭᠤᠯᠬᠤ︾ ︽ᠵᠢᠷᠭᠤᠭ᠎ᠠ ᠶᠢ ᠪᠠᠳᠤᠯᠠᠬᠤ︾ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠯᠠᠪᠳᠠᠭᠤᠨ ᠪᠠᠳᠤᠳᠠᠢ ᠠᠬᠢᠭᠤᠯᠬᠤ ᠭᠡᠷᠡᠭᠳᠠᠢ᠃ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠤ ᠤᠷᠤᠰᠢᠵᠤ ᠪᠦᠬᠦᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠰᠠᠶᠢᠳᠤᠷ ᠠᠳᠬᠤᠵᠤ᠂ ᠦᠨᠡᠨ ᠬᠦ ᠴᠡᠭᠴᠡᠯᠡᠵᠤ ᠦᠨᠡᠨ ᠬᠦ ᠰᠠᠶᠢᠵᠢᠷᠠᠭᠤᠯᠵᠤ᠂ ᠪᠤᠳᠠᠳᠠᠢ ᠠᠳᠬᠤᠵᠤ ᠨᠠᠷᠢᠯᠢᠬ ᠠᠳᠬᠤᠵᠤ᠂ ᠤᠯᠤᠰ ᠤᠨ ᠰᠢᠯᠭᠠᠨ ᠠᠪᠬᠤ ᠲᠦᠷᠤᠯ ᠵᠦᠢᠯ ᠤᠨ ᠱᠠᠭᠠᠷᠳᠠᠯᠭ᠎ᠠ ᠶᠢ ᠴᠢᠩᠭ᠎ᠠ ᠡᠵᠡᠮᠳᠡᠵᠤ᠂ ᠰᠠᠶᠢᠵᠢᠷᠠᠭᠤᠯᠬᠤ ᠠᠵᠢᠯ ᠢ ᠲᠤᠬᠳᠠᠬᠰᠠᠨ ᠬᠤᠭᠤᠴᠠᠭᠠᠨ ᠳᠠᠭᠠᠨ ᠴᠡᠭᠴᠡᠯᠠᠨ ᠴᠢᠨᠠᠷ ᠰᠠᠶᠢᠳᠠᠢ ᠪᠡᠶᠡᠯᠡᠬᠦᠯᠬᠦ ᠭᠡᠷᠡᠭᠳᠠᠢ᠃ ᠶᠠᠳᠠᠭᠤ ᠶᠢ ᠲᠡᠳᠬᠦᠬᠦ ᠠᠵᠤ ᠤᠢᠢᠯᠡᠰ ᠤᠨ ᠬᠦᠭᠵᠢᠯᠳᠠ ᠶᠢ ᠴᠢᠨᠠᠬᠰᠢᠳᠠ ᠲᠦᠷᠬᠡᠳᠬᠡᠵᠤ᠂ ᠤᠰᠤ ᠴᠠᠬᠢᠯᠭᠠᠨ ᠵᠠᠮ ᠰᠦᠯᠵᠢᠶ᠎ᠠ ᠵᠡᠷᠬᠡ ᠰᠠᠭᠤᠷᠢ ᠲᠦᠬᠦᠬᠡᠷᠤᠮᠵᠢ ᠶᠢᠨ ᠪᠦᠳᠤᠬᠡᠨ ᠪᠠᠶᠢᠭᠤᠯᠤᠯᠳᠠ ᠶᠢ ᠴᠢᠩᠭᠠᠳᠬᠠᠵᠤ᠂ ᠲᠠᠷᠢᠶᠠᠯᠠᠩ ᠤᠨ ᠪᠦᠳᠦᠭᠡᠭᠳᠡᠬᠦᠨ ᠤ ᠪᠤᠷᠤᠯᠠᠭᠤᠯᠭ᠎ᠠ ᠶᠢᠨ ᠠᠷᠭ᠎ᠠ ᠵᠠᠮ ᠢ ᠦᠷᠬᠡᠳᠬᠡᠵᠤ᠂ ᠶᠠᠳᠠᠭᠤ ᠠᠴᠠ ᠠᠩᠬᠢᠵᠢᠷᠠᠭᠤᠯᠬᠤ ᠪᠠ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠶᠢ ᠤᠷᠭᠠᠨᠢᠬ ᠢᠶᠠᠷ ᠵᠤᠯᠭᠠᠭᠤᠯᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠰᠢᠢᠳᠪᠤᠷᠢᠳᠤ ᠲᠠᠶᠢᠯᠠᠯᠳᠤᠭᠠᠨ ᠬᠢᠵᠤ ᠰᠢᠢᠳᠪᠤᠷᠢᠳᠤ ᠢᠯᠠᠯᠳᠠ ᠤᠯᠬᠤ ᠡᠯ᠎ᠠ ᠵᠦᠢᠯ ᠤᠨ ᠬᠠᠷᠠᠯᠳᠠ ᠡᠬᠦᠷᠬᠡ ᠶᠢ ᠴᠢᠨᠠᠷ ᠰᠠᠶᠢᠳᠠᠢ ᠪᠡᠶᠡᠯᠡᠬᠦᠯᠬᠦ ᠭᠡᠷᠡᠭᠳᠠᠢ ᠬᠡᠵᠤ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号