ᠰᠣᠶᠣᠯ ᠪᠠ ᠵᠢᠭᠤᠯᠴᠢᠯᠠᠯ ᠤᠨ ᠰᠢᠰᠲ᠋ᠧᠮ ᠤᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠰᠣᠳᠣᠨ ᠲᠣᠭᠯᠠᠯᠲᠠ᠂ ᠰᠣᠶᠣᠯ ᠤᠨ ᠡᠭᠦᠳᠦᠯᠲᠡ ᠪᠠ ᠪᠤᠳᠠᠰ ᠤᠨ ᠪᠣᠰᠤ ᠰᠣᠶᠣᠯ ᠤᠨ ᠥᠪ ᠢ ᠦᠵᠡᠮᠵᠢ ᠶᠢᠨ ᠣᠷᠣᠨ ᠳᠤ ᠣᠷᠤᠭᠤᠯᠬᠤ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2020/6/29
     6 ᠳ᠋ᠤᠭᠠᠷ ᠰᠠᠷ᠎ᠠ ᠶᠢᠨ 25᠎ ᠤ ᠡᠳᠦᠷ᠂ ᠬᠥᠬᠡᠬᠤᠲᠠ ᠶᠢᠨ ᠢᠥᠶᠢᠴᠢᠥᠸᠠᠨ ᠲᠣᠭᠤᠷᠢᠭ ᠤᠨ ᠶᠡᠭᠡ ᠵᠣᠣ ᠦᠵᠡᠮᠵᠢ ᠶᠢᠨ ᠣᠷᠣᠨ ᠤ ᠠᠭᠤᠳᠠᠮ ᠲᠠᠯᠠᠪᠠᠶ ᠳᠤ᠂ ᠬᠤᠶᠠᠷ ᠤᠲᠠᠰᠤᠲᠤ ᠬᠤᠭᠤᠷ ᠤᠨ ᠬᠥᠭᠵᠢᠮᠴᠢᠨ ᠣᠯᠠᠨ ᠲᠦᠮᠡᠨ ᠤ ᠳᠡᠷᠭᠡᠳᠡ ᠬᠤᠶᠠᠷ ᠤᠲᠠᠰᠤᠲᠤ ᠬᠤᠭᠤᠷ ᠤᠨ ᠭᠤᠴᠣᠯᠠᠯ ᠬᠥᠭᠵᠢᠮ ︽ᠮᠣᠷᠢᠨ ᠤᠷᠤᠯᠳᠤᠭᠠᠨ︾᠎ ᠢ ᠲᠣᠭᠯᠠᠪᠠ᠃ ᠲᠤᠰ ᠡᠳᠦᠷ᠂ ︽ᠰᠡᠳᠬᠢᠯ ᠨᠢᠭᠡᠳᠦᠨ ᠬᠠᠮᠲᠤ ᠪᠠᠷ ᠤᠷᠤᠭᠰᠢᠯᠠᠵᠤ ᠬᠦᠰᠡᠯ ᠵᠡᠭᠦᠳᠦ ᠪᠠᠨ ᠲᠡᠷᠭᠡᠯᠰᠢᠭᠦᠯᠬᠦ︾ ᠪᠥᠬᠦ ᠣᠷᠣᠨ ᠤ ᠰᠣᠶᠣᠯ ᠪᠠ ᠵᠢᠭᠤᠯᠴᠢᠯᠠᠯ ᠤᠨ ᠰᠢᠰᠲ᠋ᠧᠮ ᠤᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠰᠣᠳᠣᠨ ᠲᠣᠭᠯᠠᠯᠲᠠ᠂ ᠰᠣᠶᠣᠯ ᠤᠨ ᠡᠭᠦᠳᠦᠯᠲᠡ ᠪᠠ ᠪᠤᠳᠠᠰ ᠤᠨ ᠪᠣᠰᠤ ᠰᠣᠶᠣᠯ ᠤᠨ ᠥᠪ ᠢ ᠦᠵᠡᠮᠵᠢ ᠶᠢᠨ ᠣᠷᠣᠨ ᠳᠤ ᠣᠷᠤᠭᠤᠯᠬᠤ ᠠᠵᠢᠯᠯᠠᠭ᠎ᠠ ᠶᠢ ᠬᠥᠬᠡᠬᠤᠲᠠ ᠶᠢᠨ 4 ᠦᠵᠡᠮᠵᠢ ᠶᠢᠨ ᠣᠷᠣᠨ ᠳᠤ ᠵᠡᠷᠭᠡᠪᠡᠷ ᠥᠷᠨᠢᠭᠦᠯᠪᠡ᠃ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠠᠮᠠᠷᠠᠯᠲᠠ ᠳᠤ 30 ᠭᠠᠷᠤᠶ ᠲᠠᠯᠠᠪᠤᠷ ᠭᠤᠴᠣ ᠰᠠᠶᠢᠬᠠᠨ ᠤᠷᠠᠨ ᠰᠠᠶᠢᠬᠠᠨ ᠤ ᠲᠣᠭᠯᠠᠯᠲᠠ ᠲᠣᠬᠢᠷᠠᠭᠤᠯᠵᠤ᠂ 7 ᠳ᠋ᠤᠭᠠᠷ ᠰᠠᠷ᠎ᠠ ᠶᠢᠨ 26᠎ ᠤ ᠡᠳᠦᠷ ᠪᠣᠯᠲᠠᠯ᠎ᠠ᠂ ᠭᠠᠷᠠᠭ ᠤᠨ ᠠᠮᠠᠷᠠᠯᠲᠠ ᠶᠢᠨ ᠡᠳᠦᠷ ᠪᠦᠷᠢ ᠪᠠᠰᠠ ᠲᠣᠭᠯᠠᠯᠲᠠ ᠭᠠᠷᠭᠠᠬᠤ ᠠᠵᠢᠯᠯᠠᠭ᠎ᠠ ᠵᠣᠬᠢᠶᠠᠨ ᠪᠠᠶᠢᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号