ᠥᠪᠥᠷ ᠮᠣᠩᠭᠤᠯ ︽ᠭᠤᠷᠪᠠᠨ ᠣᠷᠣᠨ︾᠎ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠢ 5000 ᠭᠠᠷᠤᠶ ᠬᠥᠮᠦᠨ ᠤᠳᠠᠭ᠎ᠠ ᠰᠣᠩᠭᠤᠨ ᠲᠣᠮᠢᠯᠠᠵᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠳᠤ ᠬᠦᠴᠦᠨ ᠨᠡᠮᠡᠷᠢᠯᠡᠵᠦ ᠪᠤᠢ
ᠨᠡᠶᠢᠲᠡᠯᠡᠭᠰᠡᠨ ᠴᠠᠭ᠄
2020/6/29
     ᠮᠠᠨ ᠤ ᠣᠷᠣᠨ ︽ᠭᠤᠷᠪᠠᠨ ᠣᠷᠣᠨ︾᠎ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ ᠤ ᠲᠤᠰᠬᠠᠶ ᠲᠥᠯᠥᠪᠯᠡᠭᠡ ᠶᠢ 2014 ᠣᠨ ᠠᠴᠠ 2019 ᠣᠨ ᠪᠣᠯᠲᠠᠯ᠎ᠠ ᠬᠡᠷᠡᠭᠵᠢᠭᠦᠯᠦᠭᠡᠳ ᠨᠢᠭᠡᠨᠲᠡ ᠲᠠᠷᠢᠶᠠᠯᠠᠩ᠂ ᠮᠠᠯ ᠠᠵᠤ ᠠᠬᠤᠶ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠢᠶᠠᠷᠤᠯᠲᠠ ᠵᠡᠷᠭᠡ ᠣᠯᠠᠨ ᠬᠦᠷᠢᠶᠡᠨ ᠳᠤ ᠬᠤᠯᠪᠣᠭᠳᠠᠭᠰᠠᠨ ︽ᠭᠤᠷᠪᠠᠨ ᠣᠷᠣᠨ︾᠎ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠢ ᠨᠡᠶᠢᠲᠡ 5083 ᠬᠥᠮᠦᠨ ᠤᠳᠠᠭ᠎ᠠ ᠰᠣᠩᠭᠤᠨ ᠲᠣᠮᠢᠯᠠᠵᠤ᠂ ᠪᠦᠬᠦ ᠣᠷᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠳᠤ ᠮᠡᠷᠭᠡᠵᠢᠯ ᠪᠣᠯᠤᠨ ᠤᠶᠤᠨ ᠤ ᠲᠤᠯᠭᠠᠭᠤᠷᠢ ᠬᠠᠩᠭᠠᠪᠠ᠃      ︽ᠭᠤᠷᠪᠠᠨ ᠣᠷᠣᠨ︾᠎ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ ᠤ ᠲᠤᠰᠬᠠᠶ ᠲᠥᠯᠥᠪᠯᠡᠭᠡ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠴᠢᠬᠤᠯᠠ ᠶᠡᠭᠡ ᠴᠢᠳᠠᠪᠤᠷᠢᠲᠠᠨ ᠤ ᠢᠨᠵᠧᠨᠧᠷᠢᠩ ᠳᠤ ᠵᠢᠭᠰᠠᠭᠠᠨ ᠬᠡᠷᠡᠭᠵᠢᠭᠦᠯᠦᠭᠰᠡᠨ ︽ᠬᠢᠯᠢ ᠬᠢᠵᠠᠭᠠᠷ ᠤᠨ ᠶᠠᠳᠠᠭᠤ ᠬᠦᠴᠢᠷᠳᠡᠯᠲᠡᠶ ᠭᠠᠵᠠᠷ ᠣᠷᠣᠨ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠪᠠ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠢ ᠴᠢᠳᠠᠪᠤᠷᠢᠲᠠᠨ ᠢᠶᠠᠷ ᠳᠡᠮᠵᠢᠬᠦ ᠲᠥᠯᠥᠪᠯᠡᠭᠡ︾᠎ ᠶᠢᠨ ᠲᠤᠰᠬᠠᠶ ᠵᠦᠢᠯ ᠤᠨ ᠨᠢᠭᠡ ᠨᠢ ᠪᠣᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ ᠲᠦᠷᠦᠭᠦᠯᠡᠨ ᠵᠣᠬᠢᠶᠠᠨ ᠪᠠᠶᠢᠭᠤᠯᠤᠭᠰᠠᠨ ᠤ ᠵᠣᠷᠢᠯᠭ᠎ᠠ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠳ ᠢ ᠬᠥᠲᠥᠯᠥᠨ ᠵᠢᠯᠣᠭᠤᠳᠴᠤ ᠪᠠᠶᠢᠭᠠᠳ ᠬᠢᠯᠢ ᠬᠢᠵᠠᠭᠠᠷ ᠤᠨ ᠶᠠᠳᠠᠭᠤ ᠬᠦᠴᠢᠷᠳᠡᠯᠲᠡᠢ ᠭᠠᠵᠠᠷ ᠣᠷᠣᠨ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠪᠣᠯᠤᠨ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠲᠤ ᠢᠳᠡᠪᠬᠢᠲᠡᠶ ᠣᠴᠢᠭᠤᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡ ᠬᠠᠩᠭᠠᠬᠤ ᠪᠠ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠳᠤ ᠬᠠᠮᠲᠤ ᠶᠢᠨ ᠢᠳᠡᠪᠬᠢᠲᠡᠶ ᠦᠢᠯᠡᠳᠦᠯ ᠢᠶᠠᠨ ᠪᠠᠳᠠᠷᠠᠭᠤᠯᠬᠤ ᠶᠢᠨ ᠲᠥᠯᠥᠭᠡ ᠶᠤᠮ᠃      ᠪᠦᠷᠢᠳᠬᠡᠯ ᠢ ᠦᠨᠳᠦᠰᠦᠯᠡᠪᠡᠯ᠂ ᠮᠠᠨ ᠤ ᠣᠷᠣᠨ ︽ᠭᠤᠷᠪᠠᠨ ᠣᠷᠣᠨ︾᠎ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ ᠤ ᠲᠤᠰᠬᠠᠶ ᠲᠥᠯᠥᠪᠯᠡᠭᠡ ᠶᠢ ᠬᠡᠷᠡᠭᠵᠢᠭᠦᠯᠦᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠵᠢᠯ ᠪᠦᠷᠢ 900 ᠣᠷᠴᠢᠮ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ ᠢ ᠰᠣᠩᠭᠤᠨ ᠲᠣᠮᠢᠯᠠᠵᠤ ᠮᠠᠨ ᠤ ᠣᠷᠣᠨ ᠤ ︽ᠭᠤᠷᠪᠠᠨ ᠣᠷᠣᠨ︾᠎ ᠤ ᠬᠡᠪᠴᠢᠶᠡᠨ ᠳᠤ ᠵᠢᠭᠰᠠᠭᠠᠭᠰᠠᠨ 57 ᠬᠤᠰᠢᠭᠤ ᠰᠢᠶᠠᠨ ᠲᠣᠭᠤᠷᠢᠭ ᠲᠤ ᠠᠵᠢᠯᠯᠠᠭᠤᠯᠪᠠ᠃ ᠥᠷᠭᠡᠨ ᠣᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠳ ᠲᠤᠬᠠᠶ ᠶᠢᠨ ᠭᠠᠵᠠᠷ ᠤᠨ ᠠᠵᠤ ᠠᠬᠤᠶᠢᠯᠠᠯ᠂ ᠲᠠᠷᠢᠶᠠᠯᠠᠩ ᠠᠵᠤ ᠠᠬᠤᠶ ᠶᠢᠨ ᠬᠤᠷᠰᠢᠯᠴᠠᠭᠠᠨ ᠤ ᠵᠣᠬᠢᠶᠠᠨ ᠪᠠᠶᠢᠭᠤᠯᠤᠯᠲᠠ᠂ ᠲᠠᠷᠢᠵᠤ ᠲᠡᠵᠢᠭᠡᠬᠦ ᠲᠣᠮᠣ ᠡᠷᠦᠬᠡ ᠵᠢᠴᠢ ᠶᠠᠳᠠᠭᠤ ᠬᠦᠴᠢᠷᠳᠡᠯᠲᠡᠶ ᠲᠣᠰᠬᠤᠨ᠂ ᠶᠠᠳᠠᠭᠤ ᠬᠦᠴᠢᠷᠳᠡᠯᠲᠡᠶ ᠡᠷᠦᠬᠡ ᠲᠠᠢ ᠢᠳᠡᠪᠬᠢᠲᠡᠶ ᠬᠠᠮᠵᠢᠯᠴᠠᠵᠤ᠂ ᠲᠤᠬᠠᠶ ᠶᠢᠨ ᠭᠠᠵᠠᠷ ᠤᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠲᠣᠭᠤᠷᠢᠨ ᠳᠤ ᠰᠢᠨᠵᠢᠯᠡᠭᠡ ᠮᠡᠷᠭᠡᠵᠢᠯ ᠤᠨ ᠯᠠᠪᠯᠠᠯᠭ᠎ᠠ ᠥᠭᠬᠦ᠂ ᠮᠡᠷᠭᠡᠵᠢᠯ ᠤᠨ ᠪᠣᠯᠪᠠᠰᠤᠷᠠᠭᠤᠯᠤᠯ ᠬᠢᠬᠦ᠂ ᠦᠷ᠎ᠡ ᠪᠦᠲᠦᠭᠡᠯ ᠢ ᠳᠡᠯᠭᠡᠷᠡᠭᠦᠯᠬᠦ ᠪᠠ ᠬᠡᠷᠡᠭᠯᠡᠭᠡᠨ ᠤ ᠵᠢᠱᠢᠶ᠎ᠡ ᠦᠵᠡᠭᠦᠯᠬᠦ ᠠᠵᠢᠯ ᠦᠷᠨᠢᠭᠦᠯᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠶᠠᠳᠠᠭᠤ ᠶᠢ ᠲᠡᠳᠬᠦᠬᠦ ᠳᠤ ᠴᠢᠬᠤᠯᠠ ᠦᠢᠯᠡᠳᠦᠯ ᠦᠵᠡᠭᠦᠯᠪᠡ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号