6 ᠰᠠᠷ᠎ᠠ ᠶᠢᠨ 1 ᠤ ᠡᠳᠤᠷ᠂ ᠲᠤᠰᠬᠠᠢ ᠲᠤᠭᠤᠷᠢᠨ ᠪᠠᠶᠢᠴᠠᠭᠠᠵᠥ ︽ᠡᠷᠬᠢᠨ ᠬᠠᠷᠠᠬᠤ︾ ᠪᠠ ᠶᠠᠳᠠᠭᠤ ᠠᠴᠠ | ᠠᠩᠬᠢᠵᠢᠷᠠᠭᠤᠯᠬᠤ ᠪᠤᠭᠤᠮᠳᠠ ᠰᠢᠪᠳᠤᠯᠬᠤ ᠦᠷ᠎ᠡ ᠪᠦᠳᠦᠮᠵᠢ ᠶᠢ ᠰᠢᠯᠭᠠᠨ ᠪᠠᠶᠢᠴᠠᠭᠠᠵᠥ ᠴᠡᠭᠴᠡᠯᠡᠨ | ᠰᠠᠶᠢᠵᠢᠷᠠᠭᠤᠯᠵᠥ ᠨᠠᠶᠢᠳᠠᠪᠤᠷᠢᠵᠢᠭᠤᠯᠬᠤ ᠶᠢ ᠵᠤᠬᠢᠴᠠᠭᠤᠯᠬᠤ ᠬᠤᠷᠡᠯ ᠬᠤᠷᠡᠯᠳᠤᠪᠠ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠲᠡᠳ᠋ ᠱᠦᠵᠢ᠂ ᠤᠯᠤᠰ ᠲᠦᠷᠦ ᠬᠠᠤᠯᠢ ᠴᠠᠭᠠᠵᠠ | ᠶᠢᠨ ᠬᠤᠷᠢᠶᠡᠨ ᠤ ᠱᠦᠵᠢ ᠯᠢᠨ ᠱᠤᠤ ᠴᠦᠨ ᠬᠤᠷᠡᠯ ᠳᠤ ᠤᠷᠤᠯᠴᠠᠬᠰᠠᠠ ᠪᠦᠬᠡᠳ ᠶᠠᠷᠢᠶ᠎ᠠ ᠲᠠᠯᠪᠢᠵᠥ᠂ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠪᠠᠶᠢᠩᠭᠤ ᠶᠢᠨ ᠬᠡᠰᠢᠬᠦᠨ᠂ ᠦᠪᠡᠷᠳᠡᠭᠡᠨ ᠵᠠᠰᠠᠬᠤ ᠤᠷᠤᠨ | ᠤ ᠪᠠᠶᠢᠩᠭᠤ ᠶᠢᠨ ᠲᠡᠳ᠋ ᠲᠡᠷᠢᠬᠦᠯᠡᠭᠴᠢ ᠮᠠ ᠰᠢᠤᠸᠠᠢ ᠵᠢᠶᠦ᠋ᠨ ᠬᠤᠷᠡᠯ ᠢ ᠡᠷᠬᠢᠯᠡᠵᠥ ᠶᠠᠷᠢᠶ᠎ᠠ ᠲᠠᠯᠪᠢᠪᠠ᠃ | ᠬᠤᠷᠡᠯ ᠠᠴᠠ᠂ ᠬᠤᠶᠠᠷ ᠰᠠᠷ᠎ᠠ ᠶᠢᠨ ︽ᠵᠠᠭᠤᠨ ᠡᠳᠤᠷ ᠤᠨ ᠪᠤᠭᠤᠮᠳᠠ ᠰᠢᠪᠳᠤᠯᠬᠤ︾ ᠠᠵᠢᠯᠯᠠᠭ᠎ᠠ ᠲᠤᠮᠳᠠ᠂ | ᠡᠯ᠎ᠡ ᠭᠠᠵᠠᠷ ᠡᠯ᠎ᠡ ᠰᠠᠯᠠᠭ᠎ᠠ ᠮᠦᠴᠢᠷ ᠤᠨ ᠬᠢᠨ ᠲᠦᠰᠦᠯ ᠤᠨ ᠱᠠᠭᠠᠷᠳᠠᠯᠭ᠎ᠠ ᠶᠤᠰᠤᠭᠠᠷ ᠴᠡᠭᠴᠡᠯᠡᠨ ᠰᠠᠶᠢᠵᠢᠷᠠᠭᠤᠯᠬᠤ | ᠠᠵᠢᠯ ᠢ ᠡᠮᠬᠢ ᠵᠢᠷᠤᠮ ᠲᠠᠢ ᠠᠬᠢᠭᠤᠯᠤᠬᠰᠠᠠ ᠪᠦᠬᠡᠳ ᠢᠳᠡᠪᠬᠢ ᠠᠬᠢᠴᠠ ᠲᠠᠢ ᠪᠤᠯᠵᠥ᠂ ᠠᠵᠢᠯ ᠤᠨ ᠠᠬᠢᠴᠠ | ᠵᠢᠱᠢᠭᠰᠡᠡ ᠬᠠᠷᠠᠯᠳᠡ ᠲᠠᠢ ᠨᠡᠶᠢᠴᠡᠵᠥ ᠪᠠᠶᠢᠨ᠎ᠠ᠃ ᠬᠡᠪᠡᠴᠦ ᠡᠩ ᠤᠨ ᠦᠶ᠎ᠡ ᠶᠢᠨ ᠡᠵᠡᠮᠰᠢᠭᠰᠡᠡ ᠪᠡ ᠶᠠᠳᠠᠭᠤ ᠠᠴᠠ | ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠨᠢᠭᠤᠴᠠ ᠪᠠᠷ ᠪᠠᠶᠢᠴᠠᠭᠠᠭᠰᠠᠠ ᠪᠠᠶᠢᠳᠠᠯ ᠠᠴᠠ ᠠᠪᠴᠦ | ᠦᠵᠡᠪᠡᠯ᠂ ᠴᠡᠭᠴᠡᠯᠡᠨ ᠰᠠᠶᠢᠵᠢᠷᠠᠭᠤᠯᠬᠤ ᠠᠵᠢᠯ ᠳᠤ ᠪᠠᠰᠠ ᠪᠠᠯᠠᠢ ᠤᠷᠤᠨ ᠤᠷᠤᠰᠢᠵᠥ᠂ ᠠᠵᠢᠯ ᠤᠨ ᠰᠤᠷᠳᠠᠯ ᠳᠤ | ᠴᠢᠩᠭ᠎ᠠ ᠪᠢᠰᠢ ᠨᠠᠷᠢᠯᠢᠭ ᠪᠢᠰᠢ ᠪᠤᠳᠠᠳᠠᠢ ᠪᠢᠰᠢ ᠵᠡᠷᠬᠡ ᠠᠰᠠᠭᠤᠳᠠᠯ ᠠᠳᠠᠯᠢ ᠪᠤᠰᠤ ᠬᠡᠮᠵᠢᠶ᠎ᠡ ᠪᠠᠷ ᠤᠷᠤᠰᠢᠵᠥ | ᠪᠠᠶᠢᠨ᠎ᠠ᠃ ᠪᠦᠬᠦ ᠤᠷᠤᠨ ᠤ ᠡᠯ᠎ᠡ ᠭᠠᠵᠠᠷ ᠡᠯ᠎ᠡ ᠰᠠᠯᠠᠭ᠎ᠠ ᠮᠦᠴᠢᠷ ᠤᠨ ᠬᠢᠨ ᠤᠯᠤᠰ ᠲᠦᠷᠦ ᠶᠢᠨ ᠵᠤᠭᠰᠤᠴᠠ ᠪᠠᠨ | ᠤᠯᠠᠮ ᠴᠢᠨᠠᠬᠰᠢᠳᠠ ᠲᠡᠭᠡᠭᠰᠢᠯᠡᠬᠦᠯᠵᠥ᠂ ᠬᠠᠷᠢᠭᠤᠴᠠᠯᠭᠠᠳᠤ ᠰᠡᠳᠬᠢᠯᠬᠡ ᠡᠬᠦᠷᠬᠡᠳᠤ ᠪᠤᠳᠤᠯ ᠲᠤᠯᠭᠠᠮ | ᠰᠡᠳᠬᠢᠯᠬᠡ ᠪᠠᠨ ᠦᠨᠡᠨ ᠬᠦ ᠴᠢᠩᠭᠠᠷᠠᠭᠤᠯᠵᠥ᠂ ᠡᠷᠴᠢ ᠵᠤᠷᠢᠭ ᠢᠶᠠᠨ ᠬᠦᠪᠴᠢᠯᠡᠵᠥ᠂ ᠨᠡᠩ ᠦᠨᠳᠤᠷ ᠪᠠᠷᠢᠮᠵᠢᠶ᠎ᠠ᠂ | ᠨᠡᠩ ᠴᠢᠩᠭ᠎ᠠ ᠱᠠᠭᠠᠷᠳᠠᠯᠭ᠎ᠠ᠂ ᠨᠡᠩ ᠬᠦᠴᠦᠳᠠᠢ ᠡᠷᠴᠢᠮ ᠢᠶᠠᠷ ᠠᠰᠠᠭᠤᠳᠠᠯ ᠢ ᠲᠦᠢᠯᠪᠤᠷᠢᠳᠡᠢ ᠴᠡᠭᠴᠡᠯᠡᠨ | ᠰᠠᠶᠢᠵᠢᠷᠠᠭᠤᠯᠬᠤ ᠠᠵᠢᠯ ᠢ ᠠᠬᠢᠭᠤᠯᠵᠥ᠂ ᠨᠠᠮ ᠪᠤᠯᠤᠨ ᠠᠷᠠᠳ ᠲᠦᠮᠡᠨ ᠳᠤ ᠬᠢᠷᠢ ᠲᠡᠩᠴᠡᠭᠰᠡᠡ ᠬᠠᠷᠢᠭᠤᠯᠳᠠ ᠶᠢᠨ | ᠬᠠᠭᠤᠳᠠᠰᠤ ᠲᠤᠰᠢᠶᠠᠬᠤ ᠬᠡᠷᠡᠭᠳᠡᠢ ᠬᠡᠵᠥ ᠴᠢᠬᠤᠯᠠᠴᠢᠯᠠᠪᠠ᠃ | ᠬᠤᠷᠡᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠦᠴᠢᠷ ᠤᠨ ᠬᠢᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ | ᠰᠢᠪᠳᠤᠯᠬᠤ ᠬᠠᠷᠠᠯᠳᠡ ᠱᠠᠭᠠᠷᠳᠠᠯᠭ᠎ᠠ ᠲᠠᠢ ᠪᠠᠷᠢᠮᠵᠢᠶᠠᠯᠠᠨ ᠬᠠᠷᠭᠤᠭᠤᠯᠵᠥ᠂ ᠵᠦᠢᠯ ᠲᠠᠷᠠᠭᠠᠯᠠᠨ ᠵᠠᠳᠠᠯᠵᠥ ᠰᠤᠳᠤᠯᠤᠨ | ᠮᠠᠭᠠᠳᠯᠠᠵᠥ᠂ ᠵᠤᠷᠪᠤᠰ ᠲᠠᠷᠠᠭᠠᠯᠠᠨ ᠬᠡᠭᠡᠭᠳᠡᠭᠰᠡᠡ ᠵᠦᠢᠯ ᠢ ᠪᠠᠶᠢᠴᠠᠭᠠᠨ ᠨᠦᠬᠦᠪᠦᠷᠢᠯᠡᠵᠥ᠂ ᠴᠠᠭ ᠤᠨ ᠵᠠᠩᠬᠢᠯᠠᠭ᠎ᠠ | ᠶᠢᠨ ᠴᠡᠭ ᠢ ᠴᠢᠩᠭ᠎ᠠ ᠡᠵᠡᠮᠰᠢᠵᠥ᠂ ᠠᠵᠢᠯ ᠤᠨ ᠡᠬᠦᠷᠬᠡ ᠶᠢ ᠬᠡᠳᠡᠷᠬᠦ ᠵᠢᠭᠰᠠᠭᠠᠵᠥ᠂ ᠲᠦᠯᠥᠪᠯᠡᠭᠡ ᠶᠤᠰᠤᠭᠠᠷ | ᠲᠠᠶᠢᠯᠠᠯᠳᠤᠭᠠᠨ ᠬᠢᠵᠥ᠂ ᠨᠢᠬᠡ ᠠᠴᠠ ᠵᠦᠢᠴᠢᠯᠡᠵᠥ ᠨᠦᠬᠦᠬᠡ ᠶᠢ ᠮᠡᠳᠡᠵᠥ᠂ ᠦᠩᠬᠡᠨ ᠲᠠᠯ᠎ᠠ ᠪᠡ ᠡᠬᠢ | ᠦᠨᠳᠦᠰᠦ ᠶᠢ ᠨᠢ ᠵᠡᠷᠬᠡ ᠪᠠᠷ ᠵᠠᠰᠠᠵᠥ᠂ ᠴᠡᠭᠴᠡᠯᠡᠨ ᠰᠠᠶᠢᠵᠢᠷᠠᠭᠤᠯᠬᠤ ᠡᠬᠦᠷᠬᠡ ᠶᠢ ᠲᠤᠭᠳᠠᠭᠰᠠᠠ ᠬᠤᠭᠤᠴᠠᠭᠠᠨ ᠳᠤ | ᠪᠡᠶᠡᠯᠡᠬᠦᠯᠬᠦ ᠶᠢ ᠦᠨᠡᠨ ᠬᠦ ᠪᠠᠳᠤᠯᠠᠬᠤ ᠬᠡᠷᠡᠭᠳᠡᠢ᠃ ᠭᠤᠤᠯᠳᠠᠯᠭ᠎ᠠ ᠲᠠᠢ ᠠᠰᠠᠭᠤᠳᠠᠯ ᠳᠤ ᠠᠩᠬᠠᠷᠤᠯ ᠢᠶᠠᠨ | ᠲᠦᠪᠯᠠᠷᠡᠬᠦᠯᠵᠥ᠂ ᠴᠡᠭᠴᠡᠯᠡᠨ ᠰᠠᠶᠢᠵᠢᠷᠠᠭᠤᠯᠬᠤ ᠪᠠᠷ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ | ᠠᠵᠢᠯ ᠤᠨ ᠴᠢᠨᠠᠷ ᠴᠢᠨᠰᠠᠭ᠎ᠠ ᠶᠢ ᠲᠡᠭᠡᠭᠰᠢᠯᠡᠬᠦᠯᠵᠥ ᠦᠷ᠎ᠡ ᠪᠦᠳᠦᠮᠵᠢ ᠶᠢ ᠨᠡᠮᠡᠭᠳᠡᠬᠦᠯᠬᠦ ᠶᠢ ᠠᠬᠢᠭᠤᠯᠵᠥ᠂ | ︽ᠭᠤᠷᠪᠠ ᠶᠢ ᠪᠠᠳᠤᠯᠠᠬᠤ︾ ᠪᠤᠯᠤᠨ ᠤᠰᠤ ᠤᠮᠳᠠ ᠶᠢᠨ ᠠᠮᠤᠷ ᠲᠦᠪᠰᠢᠨ ᠤ ᠲᠤᠳᠠᠭᠤᠳᠠᠯ ᠪᠠᠭᠤᠷᠠᠢ ᠵᠦᠢᠯ ᠢ | ᠪᠦᠬᠦ ᠲᠡᠯ᠎ᠡ ᠪᠠᠷ ᠨᠦᠬᠦᠪᠦᠷᠢᠯᠡᠵᠥ᠂ ᠠᠵᠥ ᠦᠢᠯᠡᠰ ᠢᠶᠠᠷ ᠶᠠᠳᠠᠭᠤ ᠶᠢ ᠲᠡᠳᠬᠦᠬᠦ ᠪᠤᠯᠤᠨ ᠭᠠᠳᠠᠭᠰᠢ ᠭᠠᠷᠴᠦ ᠠᠵᠢᠯ | ᠤᠯᠬᠤ ᠶᠢ ᠲᠤᠪᠤᠶᠢᠯᠭᠠᠨ ᠰᠠᠶᠢᠳᠤᠷ ᠠᠳᠬᠤᠵᠥ᠂ ᠤᠯᠠᠨ ᠵᠦᠢᠯ ᠤᠨ ᠠᠷᠭ᠎ᠠ ᠬᠡᠮᠵᠢᠶ᠎ᠡ ᠠᠪᠴᠦ ᠪᠠᠶᠢᠭᠠᠳ | ᠶᠠᠳᠠᠭᠤ ᠠᠴᠠ ᠠᠩᠬᠢᠵᠢᠷᠠᠭᠤᠯᠤᠬᠰᠠᠠ ᠦᠷ᠎ᠡ ᠪᠦᠳᠦᠬᠡᠯ ᠢ ᠪᠠᠬᠢᠵᠢᠬᠦᠯᠵᠥ᠂ ᠨᠡᠶᠢᠳᠡᠮ ᠪᠠᠶᠢᠴᠠᠭᠠᠬᠤ ᠪᠡᠯᠡᠳᠬᠡᠯ | ᠪᠤᠯᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠦᠯᠥᠪᠵᠢᠬᠦᠯᠬᠡ ᠲᠤᠭᠳᠠᠭᠠᠬᠤ ᠠᠵᠢᠯ ᠢ | ᠰᠠᠶᠢᠳᠤᠷ ᠬᠢᠬᠦ ᠬᠡᠷᠡᠭᠳᠡᠢ᠃ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠪᠤᠳᠠᠳᠠᠶᠢᠵᠢᠭᠤᠯᠵᠥ᠂ ᠤᠪᠤᠷ | ᠰᠤᠷᠳᠠᠯ ᠢᠶᠠᠨ ᠦᠨᠡᠨ ᠬᠦ ᠬᠤᠪᠢᠷᠠᠭᠤᠯᠵᠥ᠂ ᠴᠡᠭᠴᠡᠯᠡᠨ ᠰᠠᠶᠢᠵᠢᠷᠠᠭᠤᠯᠬᠤ ᠠᠵᠢᠯ ᠢ ᠪᠤᠳᠠᠳᠠᠢ ᠨᠠᠶᠢᠳᠠᠪᠤᠷᠢᠵᠢᠭᠤᠯᠵᠥ | ᠨᠠᠷᠢᠯᠢᠭ ᠨᠠᠶᠢᠳᠠᠪᠤᠷᠢᠵᠢᠭᠤᠯᠬᠤ ᠶᠢ ᠪᠦᠬᠦ ᠬᠦᠴᠦ ᠪᠠᠷ ᠢᠶᠠᠨ ᠠᠬᠢᠭᠤᠯᠬᠤ ᠬᠡᠷᠡᠭᠳᠡᠢ ᠬᠡᠵᠥ ᠱᠠᠭᠠᠷᠳᠠᠪᠠ᠃ | ᠬᠤᠷᠡᠯ ᠢ ᠸᠢᠳᠢᠣ᠋ ᠬᠡᠯᠪᠡᠷᠢ ᠪᠠᠷ ᠬᠤᠷᠡᠯᠳᠤᠭᠤᠯᠪᠠ᠃ ᠦᠪᠡᠷᠳᠡᠭᠡᠨ ᠵᠠᠰᠠᠬᠤ ᠤᠷᠤᠨ ᠤ ᠶᠠᠳᠠᠭᠤ ᠶᠢ | ᠲᠡᠳᠬᠦᠵᠥ ᠨᠡᠬᠡᠬᠡᠨ ᠬᠦᠭᠵᠢᠬᠦᠯᠬᠦ ᠤᠳᠤᠷᠢᠳᠬᠤ ᠲᠤᠭᠤᠢᠢᠯᠠᠩ ᠤᠨ ᠪᠦᠷᠢᠯᠳᠦᠬᠦᠨ ᠪᠤᠯᠤᠨ ᠬᠠᠮᠢᠶ᠎ᠠ ᠪᠦᠬᠦᠢ ᠰᠠᠯᠠᠭ᠎ᠠ | ᠮᠦᠴᠢᠷ ᠨᠢᠬᠡᠴᠢ ᠶᠢᠨ ᠬᠠᠷᠢᠭᠤᠴᠠᠯᠭᠠᠳᠠᠨ ᠭᠤᠤᠯ ᠬᠤᠷᠡᠯ ᠤᠨ ᠲᠡᠯᠡᠪᠡᠢ ᠳᠤ ᠬᠤᠷᠡᠯ ᠳᠤ ᠤᠷᠤᠯᠴᠠᠵᠥ᠂ ᠡᠯ᠎ᠡ | ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶ ᠤ ᠶᠠᠳᠠᠭᠤ ᠶᠢ ᠲᠡᠳᠬᠦᠵᠥ ᠨᠡᠬᠡᠬᠡᠨ ᠬᠦᠭᠵᠢᠬᠦᠯᠬᠦ | ᠤᠳᠤᠷᠢᠳᠬᠤ ᠲᠤᠭᠤᠢᠢᠯᠠᠩ ᠤᠨ ᠪᠦᠷᠢᠯᠳᠦᠬᠦᠨ᠂ ᠶᠠᠳᠠᠭᠤ ᠬᠦᠴᠢᠷᠳᠡᠯᠳᠡᠢ ᠬᠤᠰᠢᠭᠤ ᠰᠢᠶᠠᠨ ᠳᠤ ᠲᠤᠮᠢᠯᠠᠨ | ᠰᠠᠭᠤᠯᠭᠠᠭᠰᠠᠠ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠶᠡᠷᠤᠩᠬᠡᠢ ᠠᠩᠬᠢ ᠶᠢᠨ | ᠲᠠᠷᠤᠭ᠎ᠠ ᠪᠤᠯᠤᠨ ᠰᠤᠮᠤ ᠰᠢᠶᠠᠩ ᠪᠠᠯᠭᠠᠰᠤᠨ ᠤ ᠭᠤᠤᠯ ᠬᠠᠷᠢᠭᠤᠴᠠᠯᠭᠠᠳᠠᠨ ᠬᠤᠪᠢᠶᠡᠷᠢ ᠬᠤᠷᠡᠯ ᠤᠨ ᠲᠡᠯᠡᠪᠡᠢ ᠳᠤ | ᠬᠤᠷᠡᠯ ᠳᠤ ᠤᠷᠤᠯᠴᠠᠵᠠᠢ᠃ |