ᠦᠪᠦᠷ ᠮᠤᠩᠭᠤᠯ ᠤᠷᠤᠨ ᠳᠠᠬᠢ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2020/6/3
     6 ᠰᠠᠷ᠎ᠠ ᠶᠢᠨ 2᠎ ᠤᠨ ᠡᠳᠦᠷ ᠤᠨ 7 ᠴᠠᠭ ᠠᠴᠠ 6 ᠰᠠᠷ᠎ᠠ ᠶᠢᠨ 3᠎ ᠤ ᠡᠳᠦᠷ ᠤᠨ 7 ᠴᠠᠭ ᠪᠤᠯᠳᠠᠯ᠎ᠠ᠂ ᠦᠪᠦᠷ ᠮᠤᠩᠭᠤᠯ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠤᠨᠤᠰᠢᠯᠠᠭᠰᠠᠨ ᠡᠪᠡᠳᠴᠢᠨ ᠤ ᠵᠢᠱᠢᠶ᠎ᠡ ᠪᠠ ᠰᠡᠵᠢᠭᠯᠡᠯᠳᠠᠢ ᠡᠪᠡᠳᠴᠢᠨ ᠤ ᠵᠢᠱᠢᠶ᠎ᠡ ᠨᠡᠮᠡᠭᠳᠡᠭᠰᠡᠨ ᠦᠭᠡᠢ᠃      6 ᠰᠠᠷ᠎ᠠ ᠶᠢᠨ 3᠎ ᠤ ᠡᠳᠦᠷ ᠤᠨ 7 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠢᠯᠢ ᠶᠢᠨ ᠭᠠᠳᠠᠨ᠎ᠠ ᠠᠴᠠ ᠤᠷᠤᠵᠤ ᠢᠷᠡᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠣᠨᠣᠰᠢᠯᠠᠭᠰᠠᠨ ᠡᠪᠡᠳᠴᠢᠨ ᠤ ᠵᠢᠱᠢᠶ᠎ᠡ ᠶᠢ ᠨᠡᠶᠢᠳᠡ 158 ᠪᠠᠶᠢᠵᠤ ︵ᠤᠷᠤᠰ ᠠᠴᠠ 108᠂ ᠠᠩᠭ᠍ᠯᠢ ᠠᠴᠠ 23᠂ ᠹᠷᠠᠨᠼᠢ ᠠᠴᠠ 19᠂ ᠠᠮᠧᠷᠢᠺᠠ ᠠᠴᠠ 4᠂ ᠢᠰᠫᠠᠨᠢ ᠠᠴᠠ 2᠂ ᠰᠸᠧᠳᠧᠨ ᠠᠴᠠ 2︶᠂ ᠨᠡᠶᠢᠳᠡ 133 ᠡᠪᠡᠳᠴᠢᠳᠡᠨ ᠢᠯᠡᠷᠢᠰᠢᠵᠦ ᠡᠮᠨᠡᠯᠭᠡ ᠠᠴᠠ ᠭᠠᠷᠪᠠ᠃      ᠤᠳᠤ ᠬᠢᠯᠢ ᠶᠢᠨ ᠭᠠᠳᠠᠨ᠎ᠠ ᠠᠴᠠ ᠤᠷᠤᠵᠦ ᠢᠷᠡᠭᠰᠡᠨ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠤᠨᠤᠰᠢᠯᠠᠭᠰᠠᠨ ᠡᠪᠡᠳᠴᠢᠨ ᠤ ᠵᠢᠱᠢᠶ᠎ᠡ 25᠂ ᠰᠡᠵᠢᠭᠯᠡᠯᠳᠠᠢ ᠡᠪᠡᠳᠴᠢᠨ ᠤ ᠵᠢᠱᠢᠶ᠎ᠡ 1 ᠪᠤᠢ᠃      6 ᠰᠠᠷ᠎ᠠ ᠶᠢᠨ 2᠎ ᠤᠨ ᠡᠳᠦᠷ ᠤᠨ 24 ᠴᠠᠭ ᠪᠤᠯᠳᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ ᠢ 2 ᠮᠡᠳᠡᠬᠦᠯᠵᠦ᠂ ᠴᠦᠮ ᠢ ᠲᠤᠰᠠᠭᠠᠷᠯᠠᠨ ᠠᠨᠠᠭᠠᠬᠤ ᠤᠬᠠᠭᠠᠨ ᠤ ᠠᠵᠢᠬᠯᠠᠯᠳᠠ ᠬᠢᠵᠦ ᠪᠤᠢ᠃      ᠡᠳᠡᠬᠡᠷ ᠡᠪᠡᠳᠴᠢᠲᠡᠨ ᠢ ᠴᠥᠮ ᠲᠤᠭᠳᠠᠭᠰᠠᠨ ᠡᠮᠨᠡᠯᠭᠡ ᠶᠢᠨ ᠬᠤᠷᠢᠶᠠᠨ ᠳᠤ ᠲᠤᠰᠠᠭᠠᠷᠯᠠᠨ ᠡᠮᠨᠡᠵᠦ᠂ ᠨᠢᠭᠲᠠ ᠣᠶᠢᠷᠠᠲᠤᠭᠰᠠᠳ ᠢ ᠴᠥᠮ ᠲᠣᠭᠲᠠᠭᠰᠠᠨ ᠭᠠᠵᠠᠷ ᠲᠤ ᠲᠦᠪᠯᠡᠷᠡᠬᠦᠯᠦᠨ ᠲᠤᠰᠠᠭᠠᠷᠯᠠᠵᠦ ᠠᠨᠠᠭᠠᠬᠤ ᠤᠬᠠᠭᠠᠨ ᠤ ᠠᠵᠢᠬᠯᠠᠯᠳᠠ ᠬᠢᠵᠦ ᠪᠤᠢ᠂ ᠪᠦᠬᠦ ᠶᠠᠪᠤᠴᠠ ᠳᠤ ᠪᠢᠲᠡᠭᠦᠮᠵᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠵᠤ ᠪᠠᠶᠢᠨ᠎ᠠ᠃     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠤᠬᠠᠢ ᠶᠢᠨ ᠭᠠᠵᠠᠷ ᠤᠨ ᠪᠠ   ᠬᠢᠯᠢ ᠶᠢᠨ ᠭᠠᠳᠠᠨ᠎ᠠ ᠠᠴᠠ ᠤᠷᠤᠵᠤ ᠢᠷᠡᠭᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠵᠢᠴᠢ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠬᠰᠠᠳ ᠤᠨ ᠬᠠᠮᠢᠶ᠎ᠠ ᠪᠦᠬᠦᠢ ᠪᠠᠶᠢᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠤᠰ ᠤᠨ ᠬᠠᠮᠢᠶ᠎ᠠ ᠪᠥᠬᠦᠶ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠠᠪᠴᠠᠯ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠦ ᠪᠤᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号