ᠨᠠᠮ ᠤᠨ ᠲᠦᠪ ᠬᠤᠷᠢᠶᠠᠨ ᠤ ᠶᠡᠷᠦᠩᠭᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ 6 ᠰᠠᠷ᠎ᠠ ᠶᠢᠨ 2 ᠤᠨ ᠦᠳᠡ ᠶᠢᠨ ᠬᠤᠶᠢᠨ᠎ᠠ ᠲᠤᠰᠬᠠᠢ | ᠮᠡᠷᠭᠡᠵᠢᠯᠳᠠᠨ ᠡᠷᠳᠡᠮᠳᠡᠨ ᠤ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ ᠴᠢᠬᠤᠯᠠ ᠶᠠᠷᠢᠶ᠎ᠠ ᠲᠠᠯᠪᠢᠵᠠᠢ᠃ | ᠲᠡᠷᠡ᠂ ᠠᠷᠠᠳ ᠲᠦᠮᠡᠨ ᠤ ᠠᠮᠤᠷ ᠲᠦᠪᠰᠢᠨ ᠪᠤᠯ ᠤᠯᠤᠰ ᠤᠨ ᠠᠮᠤᠷ ᠲᠦᠪᠰᠢᠨ ᠤ ᠰᠠᠭᠤᠷᠢ ᠴᠢᠯᠠᠭᠤ ᠮᠦᠨ᠃ | ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠦ᠂ ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠨ᠂ ᠡᠷᠡᠬᠦᠯ | ᠬᠠᠮᠠᠭᠠᠯᠠᠯ ᠡᠷᠡᠬᠦᠯ ᠮᠡᠨᠳᠦ ᠶᠢᠨ ᠬᠦᠷᠢᠶᠡᠨ ᠳᠠᠬᠢ ᠬᠦᠨᠳᠦ ᠶᠡᠭᠡ ᠠᠶᠦᠯ ᠲᠦᠭᠰᠢᠬᠦᠷᠢ ᠶᠢ ᠴᠠᠭ ᠢᠮᠠᠬᠳᠠ ᠰᠡᠷᠭᠡᠶᠢᠯᠡᠬᠦ | ᠭᠡᠷᠡᠭᠲᠡᠢ᠃ ᠭᠠᠭᠴᠠ ᠬᠦ ᠬᠦᠴᠦᠷᠭᠡᠭ ᠶᠡᠭᠡ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠰᠢᠰᠲ᠋ᠧᠮ ᠢ ᠴᠤᠬᠴᠠᠯᠠᠵᠦ᠂ | ᠤᠷᠢᠳᠴᠢᠯᠡᠨ ᠰᠡᠷᠡᠮᠵᠢᠯᠡᠬᠦᠯᠬᠦ ᠴᠤᠤᠷᠢᠶᠠᠳᠤᠨ ᠲᠠᠭᠠᠬᠤ ᠲᠤᠭᠳᠠᠴᠠ ᠶᠢ ᠪᠦᠷᠢᠨᠰᠢᠬᠦᠯᠦᠨ᠂ ᠰᠡᠷᠭᠡᠶᠢᠯᠡᠨ ᠡᠵᠡᠮᠳᠡᠬᠦ | ᠪᠠ ᠠᠪᠤᠷᠠᠨ ᠵᠠᠰᠠᠬᠤ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠬᠦᠯᠵᠦ᠂ ᠰᠡᠷᠭᠡᠶᠢᠯᠡᠯᠳᠠ ᠶᠢᠨ ᠲᠤᠤᠷ ᠢ | ᠪᠠᠬᠢᠵᠢᠬᠦᠯᠵᠦ᠂ ᠲᠤᠰᠠᠭᠠᠷᠯᠠᠬᠤ ᠭᠡᠷᠡᠮ ᠢ ᠪᠤᠳᠠᠳᠠᠢ ᠪᠠᠳᠤ ᠴᠤᠬᠴᠠᠯᠠᠪᠠᠯ ᠰᠠᠶ᠋ᠢ ᠠᠷᠠᠳ ᠲᠦᠮᠡᠨ ᠤ ᠡᠷᠡᠬᠦᠯ ᠮᠡᠨᠳᠦ ᠶᠢ | ᠬᠠᠮᠠᠭᠠᠯᠠᠬᠤ ᠳᠤ ᠦᠨᠡᠨ ᠬᠦ ᠬᠦᠴᠦᠳᠠᠢ ᠪᠠᠳᠤᠯᠠᠭ᠎ᠠ ᠬᠠᠩᠭᠠᠵᠦ ᠴᠢᠳᠠᠨ᠎ᠠ ᠭᠡᠵᠦ ᠴᠢᠬᠤᠯᠠᠴᠢᠯᠠᠪᠠ᠃ | | | | | ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠭᠡᠰᠢᠬᠦᠨ᠂ ᠲᠦᠷᠦ ᠶᠢᠨ | ᠶᠠᠪᠤᠳᠠᠯ ᠤᠨ ᠬᠤᠷᠢᠶᠠᠨ ᠤ ᠶᠡᠷᠦᠩᠭᠡᠢ ᠰᠠᠶᠢᠳ ᠯᠢ ᠺᠧ ᠴᠢᠶᠠᠩ᠂ ᠨᠠᠮ ᠤᠨ ᠲᠦᠪ ᠬᠤᠷᠢᠶᠠᠨ ᠤ ᠤᠯᠤᠰ | ᠲᠦᠷᠦ ᠶᠢᠨ ᠲᠤᠪᠴᠢᠶᠠᠨ ᠤ ᠪᠠᠶᠢᠩᠭᠤ ᠶᠢᠨ ᠭᠡᠰᠢᠬᠦᠨ᠂ ᠲᠦᠪ ᠤᠨ ᠱᠦᠵᠢ ᠨᠠᠷ ᠤᠨ ᠭᠠᠵᠠᠷ ᠤᠨ ᠱᠦᠵᠢ ᠸᠠᠩ | ᠬᠤ᠋ ᠨᠢᠩ ᠶᠠᠷᠢᠯᠴᠠᠬᠤ ᠬᠤᠷᠠᠯ ᠳᠤ ᠤᠷᠤᠯᠴᠠᠵᠠᠢ᠃ | ᠶᠠᠷᠢᠯᠴᠠᠬᠤ ᠬᠤᠷᠠᠯ ᠳᠡᠭᠡᠷ᠎ᠠ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ᠂ | ᠭᠤᠸᠠᠩᠵᠸᠦ ᠶᠢᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠠᠮᠢᠰᠬᠤᠯ ᠤᠨ ᠳᠤᠳᠤᠷ ᠰᠠᠯᠠᠭᠠᠨ ᠤ | ᠫᠷᠦᠹᠧᠰᠰᠤᠷ ᠵᠦᠩ ᠨᠠᠨ ᠱᠠᠨ᠂ ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠳᠦ | ᠪᠡᠭᠡᠵᠢᠩ ᠤᠨ ᠴᠤᠤᠶᠠᠩ ᠡᠮᠨᠡᠯᠭᠡ ᠶᠢᠨ ᠬᠤᠷᠢᠶᠠᠨ ᠤ ᠳᠡᠳ᠋ ᠳᠠᠷᠤᠭ᠎ᠠ᠂ ᠡᠷᠬᠢᠯᠡᠭᠴᠢ ᠡᠮᠴᠢ ᠲᠦᠩ ᠴᠤᠤ ᠬᠤᠢ᠂ | ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ᠂ ᠲᠢᠶᠠᠨᠵᠢᠨ ᠤ ᠬᠢᠳᠡᠳ ᠡᠮ | ᠡᠮᠨᠡᠯᠭᠡ ᠶᠢᠨ ᠶᠡᠭᠡ ᠰᠤᠷᠭᠠᠭᠤᠯᠢ ᠶᠢᠨ ᠵᠠᠬᠢᠷᠤᠯ ᠵᠠᠩ ᠪᠦᠸᠧ ᠯᠢ᠂ ᠳᠤᠮᠳᠠᠳᠤ ᠤᠯᠤᠰ ᠤᠨ ᠢᠨᠵᠧᠨᠧᠷᠢᠩ ᠤᠨ | ᠬᠦᠷᠢᠶᠡᠯᠡᠩ ᠤᠨ ᠠᠺᠠᠳᠧᠮᠢᠴᠢ᠂ ᠴᠡᠷᠢᠭ ᠤᠨ ᠶᠠᠪᠤᠳᠠᠯ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠴᠡᠷᠢᠭ ᠤᠨ | ᠶᠠᠪᠤᠳᠠᠯ ᠤᠨ ᠠᠨᠠᠭᠠᠬᠤ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠬᠤᠤᠷᠳᠦ ᠪᠤᠳᠠᠰ ᠡᠮ ᠤᠨ ᠵᠦᠢᠯ ᠤᠨ | ᠰᠤᠳᠤᠯᠭᠠᠨ ᠤ ᠭᠠᠵᠠᠷ ᠤᠨ ᠰᠤᠳᠤᠯᠤᠬᠴᠢ ᠯᠢ ᠰᠦᠩ᠂ ᠴᠢᠩᠬᠤᠸᠠ ᠶᠡᠭᠡ ᠰᠤᠷᠭᠠᠭᠤᠯᠢ ᠶᠢᠨ ᠰᠤ᠋ ᠱᠢ ᠮᠢᠨ | ᠪᠢᠴᠢᠭ ᠤᠨ ᠬᠦᠷᠢᠶᠡᠯᠡᠩ ᠤᠨ ᠳᠠᠷᠤᠭ᠎ᠠ᠂ ᠤᠯᠠᠨ ᠨᠡᠶᠢᠳᠡ ᠶᠢᠨ ᠬᠠᠮᠢᠶᠠᠷᠤᠯᠳᠠ ᠶᠢᠨ ᠤᠬᠠᠭᠠᠨ ᠤ ᠳᠡᠭᠡᠳᠦ | ᠰᠤᠷᠭᠠᠭᠤᠯᠢ ᠶᠢᠨ ᠫᠷᠦᠹᠧᠰᠰᠤᠷ ᠰᠢᠤᠸᠠᠢ ᠯᠠᠨ᠂ ᠳᠤᠮᠳᠠᠳᠤ ᠶᠢᠨ ᠤᠷᠢᠳᠴᠢᠯᠡᠨ ᠰᠡᠷᠭᠡᠶᠢᠯᠡᠬᠦ ᠠᠨᠠᠭᠠᠬᠤ ᠤᠬᠠᠭᠠᠨ ᠤ | ᠨᠡᠶᠢᠭᠡᠮᠯᠢᠭ ᠤᠨ ᠳᠡᠳ᠋ ᠳᠠᠷᠤᠭ᠎ᠠ᠂ ᠡᠷᠬᠢᠯᠡᠭᠴᠢ ᠡᠮᠴᠢ ᠶᠠᠩ ᠸᠧᠢ ᠵᠦᠩ᠂ ᠴᠢᠩᠬᠤᠸᠠ ᠶᠡᠭᠡ ᠰᠤᠷᠭᠠᠭᠤᠯᠢ ᠶᠢᠨ | ᠬᠠᠤᠯᠢ ᠶᠢᠨ ᠤᠬᠠᠭᠠᠨ ᠤ ᠳᠡᠭᠡᠳᠦ ᠰᠤᠷᠭᠠᠭᠤᠯᠢ ᠶᠢᠨ ᠫᠷᠦᠹᠧᠰᠰᠤᠷ᠂ ᠡᠷᠡᠬᠦᠯ ᠬᠠᠮᠠᠭᠠᠯᠠᠯ ᠤᠨ ᠬᠠᠤᠯᠢ ᠶᠢᠨ | ᠰᠤᠳᠤᠯᠭᠠᠨ ᠤ ᠲᠦᠪ ᠤᠨ ᠡᠷᠬᠢᠯᠡᠭᠴᠢ ᠸᠠᠩ ᠴᠧᠨ ᠭᠤᠸᠠᠩ ᠤᠷᠢᠳ ᠬᠤᠵᠢᠳ ᠦᠭᠡ ᠭᠡᠯᠡᠵᠦ᠂ ᠮᠠᠨ ᠤ | ᠤᠯᠤᠰ ᠤᠨ ᠬᠦᠨᠳᠦ ᠶᠡᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠲᠤᠭᠳᠠᠴᠠ ᠶᠢ | ᠳᠡᠬᠦᠯᠳᠡᠷᠵᠢᠬᠦᠯᠬᠦ᠂ ᠤᠯᠤᠰ ᠤᠨ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠰᠢᠰᠲ᠋ᠧᠮ ᠢ ᠪᠦᠷᠢᠨᠰᠢᠬᠦᠯᠬᠦ᠂ | ᠡᠮᠴᠢᠯᠡᠭᠡᠨ ᠤ ᠠᠪᠤᠷᠠᠨ ᠵᠠᠰᠠᠬᠤ ᠲᠦᠪᠰᠢᠨ ᠢ ᠳᠡᠭᠡᠭᠰᠢᠯᠡᠬᠦᠯᠬᠦ᠂ ᠬᠢᠳᠡᠳ ᠡᠮ ᠡᠮᠨᠡᠯᠭᠡ ᠶᠢᠨ ᠦᠢᠯᠡᠳᠦᠯ ᠢ | ᠪᠠᠳᠠᠷᠠᠭᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠬᠤ᠂ ᠤᠯᠠᠨ | ᠨᠡᠶᠢᠳᠡ ᠶᠢᠨ ᠡᠷᠡᠬᠦᠯ ᠬᠠᠮᠠᠭᠠᠯᠠᠯ ᠤᠨ ᠬᠠᠤᠯᠢ ᠴᠠᠭᠠᠵᠠ ᠲᠦᠷᠢᠮ ᠲᠤᠭᠳᠠᠭᠠᠯ ᠤᠨ ᠰᠢᠰᠲ᠋ᠧᠮ ᠢ ᠳᠡᠬᠦᠯᠳᠡᠷᠵᠢᠬᠦᠯᠬᠦ | ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠳᠤᠷᠠᠳᠪᠠ᠃ ᠡᠨᠡ ᠬᠦ ᠶᠠᠪᠤᠴᠠ ᠳᠤ ᠰᠢ ᠶᠢᠨ ᠫᠢᠩ ᠲᠤᠰᠬᠠᠢ ᠮᠡᠷᠭᠡᠵᠢᠯᠳᠠᠨ | ᠨᠢᠭᠡᠪᠦᠷᠢ ᠲᠠᠢ ᠰᠠᠨᠠᠯ ᠢᠶᠠᠨ ᠰᠤᠯᠢᠯᠴᠠᠵᠦ᠂ ᠵᠠᠷᠢᠮ ᠠᠰᠠᠭᠤᠳᠠᠯ ᠤᠨ ᠲᠤᠬᠠᠢ ᠪᠠᠶᠢᠳᠠᠯ ᠢ ᠬᠦᠨᠵᠡᠭᠡᠢ ᠤᠢᠢᠯᠠᠭᠠᠨ᠂ | ᠬᠤᠯᠪᠤᠭᠳᠠᠯ ᠪᠦᠬᠦᠢ ᠲᠠᠯ᠎ᠠ ᠶᠢᠨ ᠬᠢᠨ ᠨᠠᠷᠢᠨ ᠬᠢᠨᠠᠮᠠᠭᠠᠢ ᠰᠤᠳᠤᠯᠵᠦ᠂ ᠰᠢᠨᠵᠢᠯᠡᠬᠦ ᠤᠬᠠᠭᠠᠨᠴᠢ ᠪᠠᠷ ᠰᠠᠶᠢᠵᠢᠷᠠᠭᠤᠯᠤᠨ᠂ | ᠲᠤᠬᠢᠳᠠᠢ ᠰᠢᠢᠳᠪᠤᠷᠢᠯᠡᠬᠦ ᠭᠡᠷᠡᠭᠲᠡᠢ ᠭᠡᠵᠦ ᠱᠠᠭᠠᠷᠳᠠᠵᠠᠢ᠃ | ᠤᠯᠠᠨ ᠤ ᠭᠡᠯᠡᠬᠦ ᠶᠢ ᠨᠠᠷᠢᠨ ᠬᠢᠨᠠᠮᠠᠭᠠᠢ ᠰᠤᠨᠤᠰᠤᠬᠰᠠᠨ ᠤ ᠳᠠᠷᠠᠭ᠎ᠠ᠂ ᠶᠡᠷᠦᠩᠭᠡᠢ ᠱᠦᠵᠢ ᠰᠢ ᠶᠢᠨ ᠫᠢᠩ ᠮᠠᠰᠢ | ᠴᠢᠬᠤᠯᠠ ᠶᠠᠷᠢᠶ᠎ᠠ ᠲᠠᠯᠪᠢᠪᠠ᠃ ᠲᠡᠷᠡ᠂ ᠭᠡᠨᠡᠳᠳᠡ ᠪᠠᠷ ᠲᠠᠭᠠᠷᠢᠵᠦ ᠢᠷᠡᠭᠰᠡᠨ ᠰᠢᠨ᠎ᠠ ᠳᠢᠳᠢᠮᠯᠢᠭ ᠠᠭᠤᠰᠬᠢᠨ | ᠦᠷᠪᠢᠰᠤᠯ ᠤᠨ ᠬᠢᠵᠢᠭ ᠤᠨ ᠪᠠᠶᠢᠳᠠᠯ ᠤᠨ ᠡᠮᠦᠨ᠎ᠠ᠂ ᠨᠠᠮ ᠤᠨ ᠲᠦᠪ ᠬᠤᠷᠢᠶ᠎ᠠ ᠪᠦᠬᠦ ᠲᠠᠯ᠎ᠠ ᠶᠢ ᠨᠢᠭᠡᠳᠦᠯᠳᠠᠢ | ᠲᠦᠯᠦᠪᠵᠢᠬᠦᠯᠵᠦ᠂ ᠡᠷᠡᠰ ᠳᠠᠰᠤᠷᠬᠠᠢ ᠰᠢᠢᠳᠪᠤᠷᠢᠳᠦ ᠪᠤᠳᠤᠯᠭ᠎ᠠ ᠠᠪᠴᠦ᠂ ᠠᠷᠠᠳ ᠲᠦᠮᠡᠨ ᠤ ᠠᠮᠢ ᠨᠠᠰᠤᠨ ᠤ | ᠠᠮᠤᠷ ᠲᠦᠪᠰᠢᠨ ᠪᠠ ᠪᠡᠶ᠎ᠠ ᠮᠠᠬᠠᠪᠤᠳ ᠤᠨ ᠡᠷᠡᠬᠦᠯ ᠮᠡᠨᠳᠦ ᠶᠢ ᠲᠡᠷᠢᠬᠦᠨ ᠪᠠᠶᠢᠷᠢᠨ ᠳᠤ ᠲᠠᠯᠪᠢᠵᠤ᠂ ᠪᠦᠬᠦ ᠨᠠᠮ | ᠪᠦᠬᠦ ᠴᠡᠷᠢᠭ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠰᠡᠳᠬᠢᠯ ᠨᠢᠭᠡᠳᠴᠦ᠂ ᠪᠦᠬᠦ | ᠬᠦᠴᠦ ᠪᠠᠷ ᠢᠶᠠᠨ ᠴᠢᠷᠮᠠᠶᠢᠨ᠂ ᠬᠠᠮᠤᠬ ᠤᠨ ᠴᠢᠩᠭ᠎ᠠ᠂ ᠬᠠᠮᠤᠬ ᠤᠨ ᠪᠦᠷᠢᠨ ᠬᠦᠢᠴᠡᠳ᠂ ᠬᠠᠮᠤᠭ ᠤᠨ ᠲᠤᠭᠤᠰᠢᠳᠠᠢ | ᠰᠡᠷᠭᠡᠶᠢᠯᠡᠨ ᠡᠵᠡᠮᠳᠡᠬᠦ ᠠᠷᠭ᠎ᠠ ᠭᠡᠮᠵᠢᠶ᠎ᠠ ᠠᠪᠤᠭᠰᠠᠠ ᠠᠴᠠ᠂ ᠪᠦᠬᠦ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠬᠤᠷᠢᠬᠯᠠᠯᠳᠠ ᠶᠢᠨ ᠲᠠᠶᠢᠯᠠᠯᠳᠤᠭᠠᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠦᠷ᠎ᠡ ᠪᠦᠳᠦᠭᠡᠯ | ᠤᠯᠵᠠᠢ᠃ ᠡᠳᠡᠭᠡᠷ ᠠᠮᠵᠢᠯᠳᠠ ᠶᠢ ᠤᠯᠤᠬᠰᠠᠨ ᠨᠢ ᠳᠤᠮᠳᠠᠳᠤ ᠤᠯᠤᠰ ᠤᠨ ᠡᠪ ᠬᠠᠮᠳᠦ ᠨᠠᠮ ᠤᠨ ᠤᠳᠤᠷᠢᠳᠤᠯᠭ᠎ᠠ | ᠪᠠ ᠮᠠᠨ ᠤ ᠤᠯᠤᠰ ᠤᠨ ᠨᠡᠶᠢᠭᠡᠮ ᠵᠢᠷᠤᠮ ᠤᠨ ᠪᠠᠶᠢᠭᠤᠯᠤᠯ ᠤᠨ ᠢᠯᠡᠳᠳᠡ ᠤᠯᠤᠰ ᠲᠦᠷᠦ ᠶᠢᠨ ᠳᠠᠪᠠᠭᠤᠯᠢᠭ ᠢ | ᠢᠯᠡᠷᠡᠬᠦᠯᠵᠦ᠂ ᠦᠭᠡᠷᠡᠴᠢᠯᠡᠯᠳᠠ ᠨᠡᠭᠡᠭᠡᠯᠳᠠ ᠠᠴᠠ ᠨᠠᠭᠠᠰᠢᠬᠢ ᠮᠠᠨ ᠤ ᠤᠯᠤᠰ ᠤᠨ ᠡᠳᠦᠷ ᠢᠷᠡᠬᠦᠶ᠎ᠠ ᠴᠢᠩᠭᠠᠷᠠᠵᠦ | ᠪᠠᠶᠢᠭ᠎ᠠ ᠤᠯᠤᠰ ᠤᠨ ᠶᠡᠷᠦᠩᠭᠡᠢ ᠬᠦᠴᠦᠨ ᠢ ᠬᠠᠷᠠᠭᠤᠯᠵᠦ᠂ ᠪᠦᠬᠦ ᠨᠠᠮ ᠪᠦᠬᠦ ᠴᠡᠷᠢᠭ ᠪᠦᠬᠦ ᠤᠯᠤᠰ ᠤᠨ | ᠦᠨᠳᠦᠰᠦᠳᠡᠨ ᠨᠦᠭᠦᠳ ᠤᠨ ᠠᠷᠠᠳ ᠲᠦᠮᠡᠨ ᠤ ᠬᠠᠳᠠᠭᠤ ᠪᠡᠷᠭᠡᠰᠢᠶᠡᠯ ᠢ ᠬᠠᠮᠳᠦ ᠪᠠᠷ ᠲᠤᠭᠤᠯᠵᠦ᠂ ᠲᠦᠮᠡᠨ | ᠤᠯᠠᠨ ᠢᠶᠠᠷ ᠢᠶᠠᠨ ᠪᠤᠯᠤᠳ ᠭᠡᠷᠡᠮ ᠪᠤᠯᠬᠤ ᠬᠦᠴᠦᠷᠭᠡᠭ ᠶᠡᠭᠡ ᠬᠦᠴᠦᠨ ᠴᠢᠳᠠᠯ ᠢ ᠳᠡᠯᠭᠡᠨ ᠦᠵᠡᠬᠦᠯᠵᠡᠢ ᠭᠡᠵᠦ | ᠢᠯᠡᠳᠭᠡᠪᠡ᠃ | ᠰᠢ ᠶᠢᠨ ᠫᠢᠩ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠡᠮᠡᠴᠡᠯ ᠳᠤᠮᠳᠠ᠂ ᠦᠷᠭᠡᠨ ᠤᠯᠠᠨ | ᠲᠤᠰᠬᠠᠢ ᠮᠡᠷᠭᠡᠵᠢᠯᠳᠠᠨ ᠡᠷᠳᠡᠮᠳᠡᠨ ᠨᠠᠷ ᠳᠡᠭᠡᠳᠦ ᠭᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠳᠦ ᠰᠡᠳᠬᠢᠯᠭᠡ | ᠪᠠ ᠡᠬᠦᠷᠭᠡᠳᠦ ᠪᠤᠳᠤᠯ ᠢᠶᠠᠷ ᠲᠤᠰᠬᠠᠢ ᠮᠡᠷᠭᠡᠵᠢᠯ ᠤᠨ ᠢᠶᠠᠨ ᠲᠠᠪᠠᠭᠤᠯᠢᠬ ᠢ ᠪᠠᠳᠠᠷᠠᠭᠤᠯᠵᠦ᠂ ᠬᠢᠵᠢᠭ ᠤᠨ | ᠪᠠᠶᠢᠳᠠᠯ ᠤᠨ ᠬᠠᠨᠳᠤᠰᠢ ᠶᠢ ᠵᠠᠳᠠᠯᠬᠤ᠂ ᠰᠡᠷᠭᠡᠶᠢᠯᠡᠨ ᠡᠵᠡᠮᠳᠡᠬᠦ ᠠᠷᠭ᠎ᠠ ᠪᠤᠳᠤᠯᠭ᠎ᠠ ᠶᠢ ᠳᠡᠬᠦᠯᠳᠡᠷᠵᠢᠬᠦᠯᠬᠦ᠂ | ᠡᠮᠴᠢᠯᠡᠭᠡᠨ ᠤ ᠠᠪᠤᠷᠠᠨ ᠵᠠᠰᠠᠬᠤ ᠶᠢ ᠵᠢᠯᠤᠭᠤᠳᠬᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠤᠭᠤᠮᠳᠠ | ᠰᠢᠪᠳᠤᠯᠬᠤ ᠶᠢ ᠲᠦᠷᠭᠡᠳᠭᠡᠬᠦ᠂ ᠬᠠᠤᠯᠢ ᠴᠠᠭᠠᠵᠠ ᠬᠠᠤᠯᠢ ᠲᠤᠭᠳᠠᠭᠠᠯ ᠳᠤ ᠵᠠᠰᠠᠪᠤᠷᠢ ᠤᠷᠤᠭᠤᠯᠬᠤ᠂ ᠤᠯᠠᠨ | ᠤᠯᠤᠰ ᠤᠨ ᠬᠠᠮᠳᠤᠷᠠᠯᠴᠠᠭ᠎ᠠ ᠶᠢ ᠠᠬᠢᠭᠤᠯᠬᠤ ᠵᠡᠷᠭᠡ ᠲᠠᠯ᠎ᠠ ᠪᠠᠷ ᠠᠷᠭ᠎ᠠ ᠤᠬᠠᠭᠠᠨ ᠭᠠᠷᠭᠠᠨ ᠦᠭᠴᠦ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠲᠡᠮᠡᠴᠡᠯ ᠳᠤ ᠴᠢᠬᠤᠯᠠ ᠬᠤᠪᠢ ᠨᠡᠮᠡᠷᠢ ᠦᠵᠡᠬᠦᠯᠵᠡᠢ ᠭᠡᠵᠦ ᠵᠢᠭᠠᠵᠦ ᠭᠠᠷᠭᠠᠪᠠ᠃ | ᠰᠢ ᠶᠢᠨ ᠫᠢᠩ ᠨᠠᠮ ᠤᠨ ᠲᠦᠪ ᠬᠤᠷᠢᠶᠠᠨ ᠤ ᠡᠮᠦᠨ᠎ᠠ ᠠᠴᠠ ᠤᠯᠠᠨ ᠳᠤ ᠴᠢᠩ ᠰᠡᠳᠬᠢᠯ ᠠᠴᠠ ᠪᠠᠨ ᠳᠠᠯᠠᠷᠬᠠᠵᠦ | ᠪᠠᠶᠢᠬᠤ ᠪᠠᠨ ᠢᠯᠡᠳᠭᠡᠪᠡ᠃ | ᠰᠢ ᠶᠢᠨ ᠫᠢᠩ᠂ ᠬᠦᠮᠦᠨ ᠲᠦᠷᠦᠯᠬᠢᠳᠡᠨ ᠤ ᠡᠷᠡᠬᠦᠯ ᠮᠡᠨᠳᠦ ᠪᠤᠯ ᠨᠡᠶᠢᠭᠡᠮ ᠤᠨ ᠪᠤᠯᠪᠠᠰᠤᠨ ᠤ | ᠲᠠᠪᠰᠢᠯᠳᠠ ᠶᠢᠨ ᠰᠠᠭᠤᠷᠢ ᠮᠦᠨ᠃ ᠨᠠᠮ ᠤᠨ ᠠᠷᠪᠡᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠦᠪ | ᠬᠤᠷᠢᠶ᠎ᠠ ᠰᠢᠨ᠎ᠠ ᠴᠠᠭ ᠦᠶ᠎ᠠ ᠶᠢᠨ ᠨᠠᠮ ᠤᠨ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠠᠵᠢᠯ ᠤᠨ ᠴᠢᠭᠯᠡᠯᠳᠠ ᠶᠢ | ᠳᠤᠳᠤᠷᠬᠠᠢᠢᠯᠠᠵᠦ᠂ ᠠᠷᠠᠳ ᠲᠦᠮᠡᠨ ᠤ ᠡᠷᠡᠬᠦᠯ ᠮᠡᠨᠳᠦ ᠶᠢᠨ ᠲᠦᠪᠰᠢᠨ ᠢ ᠳᠡᠭᠡᠭᠰᠢᠯᠡᠬᠦᠯᠬᠦ ᠲᠦᠷᠢᠮ ᠤᠨ | ᠪᠠᠳᠤᠯᠠᠭ᠎ᠠ ᠶᠢ ᠴᠢᠩᠭᠠᠳᠬᠠᠨ᠂ ᠰᠡᠷᠭᠡᠶᠢᠯᠡᠬᠦ ᠪᠠᠷ ᠭᠤᠤᠯ ᠪᠤᠯᠭᠠᠬᠤ ᠶᠢ ᠪᠠᠷᠢᠮᠳᠠᠯᠠᠵᠦ᠂ ᠤᠯᠠᠨ ᠨᠡᠶᠢᠳᠡ ᠶᠢᠨ ᠡᠷᠡᠬᠦᠯ | ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠲᠤᠭᠳᠠᠭᠤᠨ ᠢᠶᠠᠷ ᠬᠦᠭᠵᠢᠬᠦᠯᠦᠨ᠂ ᠬᠦᠭᠡ ᠭᠡᠯᠪᠡᠷᠢ ᠶᠢᠨ H1N1 | ᠬᠠᠯᠳᠠᠪᠤᠷᠢᠳᠦ ᠳᠠᠬᠰᠢᠭᠤᠷ᠂ H7N9᠂ ᠡᠸ᠋ᠪᠦ᠋ᠯᠠ ᠴᠢᠰᠤ ᠭᠠᠷᠬᠤ ᠬᠠᠯᠠᠭᠤᠨ ᠬᠢᠵᠢᠭ ᠵᠡᠷᠭᠡ ᠭᠡᠨᠡᠳᠳᠡ | ᠡᠬᠦᠰᠦᠭᠰᠡᠨ ᠬᠢᠵᠢᠭ ᠤᠨ ᠪᠠᠶᠢᠳᠠᠯ ᠢ ᠠᠮᠵᠢᠯᠳᠠᠳᠠᠢ ᠰᠡᠷᠭᠡᠶᠢᠯᠡᠨ ᠠᠷᠭᠠᠴᠠᠭᠠᠵᠦ᠂ ᠭᠤᠤᠯ ᠪᠤᠯᠬᠤ ᠬᠠᠯᠳᠠᠪᠤᠷᠢᠳᠦ | ᠡᠪᠡᠳᠴᠢᠨ ᠡᠬᠦᠰᠬᠦ ᠨᠤᠷᠮ᠎ᠠ ᠮᠡᠳᠡᠭᠳᠡᠮ᠎ᠠ ᠪᠠᠭᠤᠷᠠᠵᠠᠢ᠃ ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠳᠠ ᠶᠢ | ᠪᠡᠶᠡᠯᠡᠬᠦᠯᠬᠦ ᠲᠡᠦᠭᠡᠨ ᠶᠠᠪᠤᠴᠠ ᠳᠤᠮᠳᠠ᠂ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠦᠢᠯᠡᠰ ᠤᠨ ᠬᠦᠭᠵᠢᠯᠳᠠ ᠨᠢ | ᠢᠮᠠᠬᠳᠠ ᠰᠠᠭᠤᠷᠢ ᠴᠢᠨᠠᠷᠳᠠᠢ ᠪᠠᠶᠢᠷᠢᠨ ᠳᠤ ᠪᠠᠶᠢᠵᠦ᠂ ᠤᠯᠤᠰ ᠤᠨ ᠪᠦᠬᠦᠯᠢ ᠴᠤᠬᠴᠠ ᠶᠢᠨ ᠪᠠᠶᠢᠯᠳᠤᠬᠤ | ᠪᠤᠳᠤᠯᠭ᠎ᠠ ᠯᠤᠭ᠎ᠠ ᠨᠢᠬᠳᠠ ᠵᠤᠯᠭᠠᠯᠴᠠᠵᠦ᠂ ᠴᠢᠬᠤᠯᠠ ᠲᠤᠯᠭᠠᠭᠤᠷᠢᠯᠠᠬᠤ ᠦᠢᠯᠡᠳᠦᠯ ᠦᠵᠡᠬᠦᠯᠵᠦ ᠪᠠᠶᠢᠳᠠᠭ ᠶᠤᠮ | ᠭᠡᠵᠦ ᠴᠢᠬᠤᠯᠠᠴᠢᠯᠠᠵᠠᠢ᠃ | | | | | ᠰᠢ ᠶᠢᠨ ᠫᠢᠩ᠂ ᠡᠪᠡᠳᠴᠢᠨ ᠡᠮᠬᠡᠭ ᠢ ᠰᠡᠷᠬᠡᠶᠢᠯᠡᠨ ᠡᠵᠡᠮᠳᠡᠬᠦ ᠰᠢᠰᠲ᠋ᠧᠮ ᠪᠤᠯ ᠠᠷᠠᠳ ᠲᠦᠮᠡᠨ ᠤ ᠡᠷᠡᠬᠦᠯ | ᠮᠡᠨᠳᠤ ᠶᠢ ᠬᠠᠮᠠᠭᠠᠯᠠᠬᠤ᠂ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠠᠮᠤᠷ ᠲᠦᠪᠰᠢᠨ ᠢ ᠪᠠᠳᠤᠯᠠᠬᠤ᠂ ᠠᠵᠥ | ᠠᠬᠤᠢ ᠨᠡᠶᠢᠬᠡᠮ ᠤᠨ ᠲᠤᠭᠳᠠᠭᠤᠨ ᠢ ᠬᠠᠮᠠᠭᠠᠯᠠᠬᠤ ᠴᠢᠬᠤᠯᠠ ᠪᠠᠳᠤᠯᠠᠭ᠎ᠠ ᠪᠤᠯᠤᠨ᠎ᠠ᠃ ᠨᠡᠩ ᠤᠨᠤᠴᠠᠳᠠᠢ ᠨᠡᠩ | ᠪᠦᠳᠦᠮᠵᠢᠳᠡᠢ ᠪᠠᠷ ᠰᠡᠷᠬᠡᠶᠢᠯᠡᠬᠦ ᠳᠤ ᠰᠠᠭᠤᠷᠢᠯᠠᠵᠥ᠂ ᠪᠠᠶᠢᠭᠤᠯᠤᠮᠵᠢ ᠲᠤᠭᠳᠠᠴᠠ ᠶᠢ ᠰᠢᠯᠤᠭᠤᠳᠬᠠᠬᠤ᠂ | ᠴᠢᠳᠠᠪᠬᠢ ᠶᠢᠨ ᠪᠠᠶᠢᠷᠢ ᠲᠤᠭᠳᠠᠭᠠᠯᠳᠠ ᠶᠢ ᠲᠤᠳᠤᠷᠬᠠᠢᠢᠯᠠᠬᠤ᠂ ᠲᠤᠰᠬᠠᠢ ᠮᠡᠷᠬᠡᠵᠢᠯ ᠤᠨ ᠴᠢᠳᠠᠪᠤᠷᠢ ᠶᠢ | ᠲᠡᠬᠡᠭᠰᠢᠯᠡᠬᠦᠯᠬᠦ ᠵᠡᠷᠬᠡ ᠲᠡᠯ᠎ᠡ ᠪᠠᠷ ᠦᠬᠡᠷᠡᠴᠢᠯᠡᠯᠳᠡ ᠶᠢᠨ ᠡᠷᠴᠢᠮ ᠢᠶᠠᠨ ᠴᠢᠩᠭᠠᠷᠠᠭᠤᠯᠬᠤ ᠬᠡᠷᠡᠭᠳᠡᠢ᠃ ᠲᠤᠭᠳᠠᠭᠤᠨ | ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠦᠢᠯᠡᠰ ᠤᠨ ᠤᠷᠤᠭᠤᠯᠤᠯᠳᠠ ᠶᠢᠨ ᠲᠤᠭᠳᠠᠴᠠ ᠶᠢ ᠪᠠᠶᠢᠭᠤᠯᠵᠥ᠂ | ᠡᠪᠡᠳᠴᠢᠨ ᠡᠮᠬᠡᠭ ᠢ ᠰᠡᠷᠬᠡᠶᠢᠯᠡᠨ ᠡᠵᠡᠮᠳᠡᠬᠦ ᠦᠨᠳᠦᠰᠦᠨ ᠨᠦᠬᠦᠴᠡᠯ ᠢ ᠰᠠᠶᠢᠵᠢᠷᠠᠭᠤᠯᠵᠥ᠂ ᠤᠯᠠᠨ ᠨᠡᠶᠢᠳᠡ ᠶᠢᠨ | ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠲᠦᠷᠦᠯ ᠵᠦᠢᠯ ᠢ ᠲᠡᠬᠦᠯᠳᠡᠷᠵᠢᠬᠦᠯᠬᠦ ᠬᠡᠷᠡᠭᠳᠡᠢ᠃ ᠡᠪᠡᠳᠴᠢᠨ ᠡᠮᠬᠡᠭ ᠢ | ᠰᠡᠷᠬᠡᠶᠢᠯᠡᠨ ᠡᠵᠡᠮᠳᠡᠬᠦ ᠪᠠᠶᠢᠭᠤᠯᠤᠮᠵᠢ ᠶᠢᠨ ᠡᠬᠦᠷᠬᠡ ᠴᠢᠳᠠᠪᠬᠢ ᠶᠢᠨ ᠲᠤᠬᠢᠷᠠᠭᠤᠯᠤᠯᠳᠠ ᠶᠢ ᠰᠢᠯᠢᠳᠡᠭᠵᠢᠬᠦᠯᠦᠨ | ᠲᠡᠬᠦᠯᠳᠡᠷᠵᠢᠬᠦᠯᠵᠦ᠂ ᠲᠡᠬᠡᠳᠦ ᠲᠤᠤᠷᠠᠳᠤ ᠱᠠᠳᠤ ᠪᠠᠷ ᠢᠶᠠᠨ ᠬᠤᠯᠪᠤᠭᠠᠯᠠᠨ ᠬᠦᠳᠡᠯᠥᠯᠴᠡᠵᠤ ᠠᠵᠢᠯ ᠬᠤᠪᠢᠶᠠᠨ | ᠬᠠᠮᠵᠢᠯᠴᠠᠬᠤ ᠲᠤᠭᠳᠠᠴᠠ ᠶᠢ ᠪᠠᠶᠢᠭᠤᠯᠬᠤ ᠬᠡᠷᠡᠭᠳᠡᠢ᠃ ᠤᠯᠤᠰ ᠤᠨ ᠲᠡᠰ ᠤᠨ ᠡᠪᠡᠳᠴᠢᠨ ᠡᠮᠬᠡᠭ ᠢ ᠰᠡᠷᠬᠡᠶᠢᠯᠡᠨ | ᠡᠵᠡᠮᠳᠡᠬᠦ ᠪᠠᠶᠢᠭᠤᠯᠤᠮᠵᠢ ᠶᠢᠨ ᠴᠢᠳᠠᠪᠤᠷᠢ ᠶᠢᠨ ᠪᠠᠶᠢᠭᠤᠯᠤᠯᠳᠠ ᠶᠢ ᠴᠢᠩᠭᠠᠳᠬᠠᠵᠥ᠂ ᠲᠡᠬᠦᠨ ᠤ ᠮᠡᠷᠬᠡᠵᠢᠯ᠂ | ᠴᠢᠳᠠᠪᠤᠷᠢ᠂ ᠴᠢᠳᠠᠪᠤᠷᠢᠳᠡᠨ ᠤ ᠨᠦᠬᠡᠴᠡ ᠶᠢ ᠴᠢᠩᠭᠠᠳᠬᠠᠬᠤ ᠬᠡᠷᠡᠭᠳᠡᠢ᠃ ᠡᠪᠡᠳᠴᠢᠨ ᠡᠮᠬᠡᠭ ᠢ ᠰᠡᠷᠬᠡᠶᠢᠯᠡᠨ | ᠡᠵᠡᠮᠳᠡᠬᠦ ᠪᠠᠶᠢᠭᠤᠯᠤᠮᠵᠢ ᠪᠤᠯᠤᠨ ᠬᠤᠳᠠ ᠬᠦᠳᠡᠭᠡ ᠨᠡᠶᠢᠬᠡᠮ ᠲᠤᠭᠤᠷᠢᠭ ᠤᠨ ᠬᠤᠯᠪᠤᠭᠠᠯᠠᠨ ᠬᠦᠳᠡᠯᠥᠯᠴᠡᠬᠦ | ᠠᠵᠢᠯ ᠤᠨ ᠲᠤᠭᠳᠠᠴᠠ ᠶᠢ ᠪᠦᠷᠢᠨᠰᠢᠬᠦᠯᠵᠥ᠂ ᠰᠢᠶᠠᠩ ᠪᠠᠯᠭᠠᠰᠤᠨ ᠤ ᠡᠷᠡᠬᠦᠯ ᠬᠠᠮᠠᠭᠠᠯᠠᠯ ᠤᠨ ᠬᠤᠷᠢᠶ᠎ᠡ ᠪᠤᠯᠤᠨ | ᠨᠡᠶᠢᠬᠡᠮ ᠲᠤᠭᠤᠷᠢᠭ ᠤᠨ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠲᠦᠪ ᠤᠨ ᠡᠪᠡᠳᠴᠢᠨ ᠡᠮᠬᠡᠭ ᠢ ᠰᠡᠷᠬᠡᠶᠢᠯᠡᠬᠦ | ᠡᠬᠦᠷᠬᠡ ᠬᠠᠷᠢᠭᠤᠴᠠᠯᠭ᠎ᠠ ᠶᠢ ᠴᠢᠩᠭᠠᠳᠬᠠᠵᠥ᠂ ᠬᠤᠯᠪᠤᠭᠠᠯᠠᠨ ᠰᠡᠷᠬᠡᠶᠢᠯᠡᠵᠥ ᠬᠤᠯᠪᠤᠭᠠᠯᠠᠨ ᠡᠵᠡᠮᠳᠡᠬᠦ ᠠᠵᠢᠯ ᠤᠨ | ᠦᠨᠳᠦᠰᠦᠨ ᠱᠠᠳᠤᠨ ᠤ ᠰᠠᠭᠤᠷᠢ ᠶᠢ ᠪᠠᠬᠢᠵᠢᠬᠦᠯᠬᠦ ᠬᠡᠷᠡᠭᠳᠡᠢ᠃ ᠡᠮᠨᠡᠬᠦ ᠪᠠ ᠰᠡᠷᠬᠡᠶᠢᠯᠡᠬᠦ ᠶᠢ ᠬᠠᠮᠵᠢᠯᠴᠠᠭᠤᠯᠬᠤ | ᠲᠤᠭᠳᠠᠴᠠ ᠶᠢ ᠰᠢᠨᠡᠴᠢᠯᠡᠵᠥ᠂ ᠬᠦᠮᠥᠰ ᠤᠨ ᠨᠡᠪᠳᠡᠷᠡᠯᠴᠡᠭᠡ᠂ ᠮᠡᠳᠡᠭᠡ ᠵᠠᠩᠬᠢ ᠶᠢᠨ ᠨᠡᠪᠳᠡᠷᠡᠯᠴᠡᠭᠡ᠂ ᠡᠬᠢ | ᠪᠠᠶᠠᠯᠢᠭ ᠤᠨ ᠨᠡᠪᠳᠡᠷᠡᠯᠴᠡᠭᠡ ᠪᠤᠯᠤᠨ ᠬᠢᠨᠠᠯᠳᠠ ᠬᠠᠮᠢᠶᠠᠷᠤᠯᠳᠠ ᠪᠠᠷ ᠬᠠᠷᠢᠯᠴᠠᠨ ᠬᠢᠵᠠᠭᠠᠷᠯᠠᠬᠤ ᠲᠤᠭᠳᠠᠴᠠ ᠶᠢ | ᠪᠠᠶᠢᠭᠤᠯᠬᠤ ᠬᠡᠷᠡᠭᠳᠡᠢ᠃ ᠡᠪᠡᠳᠴᠢᠨ ᠡᠮᠬᠡᠭ ᠢ ᠰᠡᠷᠬᠡᠶᠢᠯᠡᠨ ᠡᠵᠡᠮᠳᠡᠬᠦ ᠴᠢᠳᠠᠪᠤᠷᠢᠳᠡᠨ ᠤ ᠡᠩᠨᠡᠭᠡ ᠶᠢᠨ | ᠪᠠᠶᠢᠭᠤᠯᠤᠯᠳᠠ ᠶᠢ ᠴᠢᠩᠭᠠᠳᠬᠠᠵᠥ᠂ ᠤᠳᠤᠬᠢᠴᠢᠯᠠᠬᠰᠠᠠ ᠡᠪᠡᠳᠴᠢᠨ ᠡᠮᠬᠡᠭ ᠢ ᠰᠡᠷᠬᠡᠶᠢᠯᠡᠨ ᠡᠵᠡᠮᠳᠡᠬᠦ ᠰᠢᠰᠲ᠋ᠧᠮ ᠳᠤ | ᠲᠤᠬᠢᠷᠠᠬᠰᠠᠠ ᠴᠢᠳᠠᠪᠤᠷᠢᠳᠡᠨ ᠢ ᠬᠦᠮᠥᠵᠢᠬᠦᠯᠬᠦ ᠬᠡᠷᠡᠭᠯᠡᠬᠦ ᠲᠤᠭᠳᠠᠴᠠ ᠶᠢ ᠪᠠᠶᠢᠭᠤᠯᠵᠥ᠂ ᠦᠨᠳᠦᠰᠦᠨ ᠱᠠᠳᠤᠨ ᠤ | ᠡᠪᠡᠳᠴᠢᠨ ᠡᠮᠬᠡᠭ ᠢ ᠰᠡᠷᠬᠡᠶᠢᠯᠡᠨ ᠡᠵᠡᠮᠳᠡᠬᠦ ᠡᠩᠨᠡᠭᠡ ᠶᠢ ᠲᠤᠭᠳᠠᠪᠤᠷᠢᠵᠢᠭᠤᠯᠬᠤ ᠬᠡᠷᠡᠭᠳᠡᠢ᠃ ᠨᠢᠬᠡ ᠪᠦᠯᠥᠭ ᠦᠨᠳᠤᠷ | ᠲᠦᠪᠰᠢᠨ ᠪᠦᠬᠦᠢ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠲᠡᠬᠡᠳᠤ ᠰᠤᠷᠭᠠᠭᠤᠯᠢ ᠪᠠᠶᠢᠭᠤᠯᠵᠥ᠂ ᠡᠪᠡᠳᠴᠢᠨ | ᠡᠬᠦᠰᠭᠡᠭᠴᠢ ᠶᠢᠨ ᠰᠤᠳᠤᠯᠤᠯ ᠤᠨ ᠬᠢᠨᠠᠨ ᠲᠤᠭᠳᠠᠭᠠᠬᠤ᠂ ᠬᠢᠵᠢᠭ ᠤᠨ ᠪᠠᠶᠢᠳᠠᠯ ᠢ ᠰᠤᠳᠤᠯᠤᠨ ᠮᠠᠭᠠᠳᠯᠠᠬᠤ ᠪᠠ | ᠬᠠᠯᠲᠠᠪᠤᠷᠢᠯᠠᠨ ᠲᠠᠷᠬᠠᠬᠤ ᠵᠢᠮ᠎ᠡ ᠶᠤᠰᠤ ᠶᠢ ᠰᠤᠳᠤᠯᠬᠤ᠂ ᠲᠤᠬᠠᠢ ᠶᠢᠨ ᠲᠠᠯᠠᠪᠠᠢ ᠳᠤ ᠲᠠᠬᠤᠯ ᠡᠪᠡᠳᠴᠢᠨ ᠤ | ᠪᠠᠶᠢᠴᠠᠭᠠᠨ ᠰᠤᠳᠤᠯᠤᠯᠳᠡ ᠬᠢᠬᠦ᠂ ᠲᠤᠷᠰᠢᠯᠳᠠ ᠶᠢᠨ ᠲᠠᠰᠤᠭ ᠲᠤ ᠰᠢᠯᠭᠠᠨ ᠪᠠᠶᠢᠴᠠᠭᠠᠬᠤ ᠵᠡᠷᠬᠡ ᠪᠤᠳᠠᠳᠠᠢ | ᠠᠰᠠᠭᠤᠳᠠᠯ ᠢ ᠰᠢᠢᠳᠪᠤᠷᠢᠯᠡᠬᠦ ᠴᠢᠳᠠᠪᠤᠷᠢᠳᠡᠨ ᠢ ᠬᠦᠴᠦᠯᠡᠨ ᠬᠦᠮᠥᠵᠢᠬᠦᠯᠬᠦ ᠬᠡᠷᠡᠭᠳᠡᠢ ᠬᠡᠵᠥ ᠵᠢᠭᠠᠵᠥ ᠭᠠᠷᠭᠠᠪᠠ᠃ | ᠰᠢ ᠶᠢᠨ ᠫᠢᠩ᠂ ᠡᠬᠢᠨ ᠤ ᠬᠤᠭᠤᠴᠠᠭᠠᠨ ᠳᠠᠬᠢ ᠬᠢᠨᠠᠨ ᠬᠡᠮᠵᠢᠵᠥ ᠰᠡᠷᠡᠮᠵᠢᠯᠡᠬᠦᠯᠬᠦ ᠴᠢᠳᠠᠪᠤᠷᠢ ᠶᠢ | ᠴᠢᠩᠭᠠᠳᠬᠠᠬᠤ ᠶᠢ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠰᠢᠰᠲ᠋ᠧᠮ ᠢ ᠪᠦᠷᠢᠨᠰᠢᠬᠦᠯᠬᠦ ᠪᠠᠷᠢᠨ ᠬᠦᠢᠴᠡᠳᠬᠡᠬᠦ | ᠪᠠᠴᠢᠮ ᠡᠬᠦᠷᠬᠡ ᠪᠤᠯᠭᠠᠵᠥ᠂ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠪᠤᠯᠤᠨ ᠬᠡᠨᠡᠳᠳᠡ ᠡᠬᠦᠰᠬᠦ ᠤᠯᠠᠨ | ᠨᠡᠶᠢᠳᠡ ᠶᠢᠨ ᠡᠷᠡᠬᠦᠯ ᠬᠠᠮᠠᠭᠠᠯᠠᠯ ᠤᠨ ᠬᠡᠷᠡᠭ ᠶᠠᠪᠤᠳᠠᠯ ᠢ ᠬᠢᠨᠠᠨ ᠬᠡᠮᠵᠢᠬᠦ ᠰᠢᠰᠲ᠋ᠧᠮ ᠢ ᠲᠡᠬᠦᠯᠳᠡᠷᠵᠢᠬᠦᠯᠵᠥ᠂ | ᠰᠢᠯᠳᠠᠭᠠᠨ ᠨᠢ ᠲᠤᠳᠤ ᠦᠬᠡᠢ ᠡᠪᠡᠳᠴᠢᠨ ᠡᠮᠬᠡᠭ ᠪᠤᠯᠤᠨ ᠬᠡᠪ ᠤᠨ ᠪᠤᠰᠤ ᠡᠷᠡᠬᠦᠯ ᠮᠡᠨᠳᠦ ᠶᠢᠨ ᠬᠡᠷᠡᠭ ᠶᠠᠪᠤᠳᠠᠯ ᠢ | ᠬᠢᠨᠡᠨ ᠬᠡᠮᠵᠢᠬᠦ ᠲᠤᠭᠳᠠᠴᠠ ᠶᠢ ᠰᠠᠶᠢᠵᠢᠷᠠᠭᠤᠯᠵᠥ᠂ ᠦᠨᠡᠯᠡᠨ ᠵᠢᠱᠢᠬᠦ ᠬᠢᠨᠡᠨ ᠬᠡᠮᠵᠢᠬᠦ ᠰᠡᠷᠬᠡᠭ ᠴᠢᠨᠠᠷ ᠪᠤᠯᠤᠨ | ᠤᠨᠤᠪᠴᠢᠳᠤ ᠴᠢᠨᠠᠷ ᠢ ᠲᠡᠭᠡᠭᠰᠢᠯᠡᠬᠦᠯᠵᠥ᠂ ᠤᠶᠤᠨᠴᠢ ᠪᠠᠷ ᠰᠡᠷᠡᠮᠵᠢᠯᠡᠬᠦᠯᠵᠤ ᠤᠯᠠᠨ ᠲᠡᠯ᠎ᠡ ᠠᠴᠠ ᠲᠤᠰᠬᠠᠯ ᠭᠠᠷᠭᠠᠬᠤ | ᠲᠤᠭᠳᠠᠴᠠ ᠶᠢ ᠪᠠᠶᠢᠭᠤᠯᠵᠥ᠂ ᠤᠯᠠᠨ ᠠᠷᠭ᠎ᠠ ᠵᠠᠮ ᠢᠶᠠᠷ ᠬᠢᠨᠡᠨ ᠬᠡᠮᠵᠢᠵᠥ ᠰᠡᠷᠡᠮᠵᠢᠯᠡᠬᠦᠯᠬᠦ ᠲᠤᠭᠳᠠᠴᠠ ᠶᠢ | ᠪᠦᠷᠢᠨᠰᠢᠬᠦᠯᠵᠥ᠂ ᠴᠠᠭ ᠲᠤᠬᠠᠢ ᠳᠤᠨᠢ ᠵᠠᠳᠠᠯᠬᠤ᠂ ᠲᠦᠪᠯᠡᠷᠡᠬᠦᠯᠵᠥ ᠰᠤᠳᠤᠯᠤᠨ ᠮᠠᠭᠠᠳᠯᠠᠬᠤ ᠴᠢᠳᠠᠪᠤᠷᠢ ᠶᠢ | ᠲᠡᠭᠡᠭᠰᠢᠯᠡᠬᠦᠯᠬᠦ ᠬᠡᠷᠡᠭᠳᠡᠢ᠃ ᠲᠤᠷᠰᠢᠯᠳᠠ ᠶᠢᠨ ᠲᠠᠰᠤᠭ ᠤᠨ ᠰᠢᠯᠭᠠᠨ ᠪᠠᠶᠢᠴᠠᠭᠠᠬᠤ ᠲᠤᠤᠷ ᠤᠨ ᠪᠠᠶᠢᠭᠤᠯᠤᠯᠳᠠ ᠶᠢ | ᠴᠢᠩᠭᠠᠳᠬᠠᠵᠥ᠂ ᠬᠠᠯᠳᠠᠪᠤᠷᠢᠳᠤ ᠡᠪᠡᠳᠴᠢᠨ ᠢ ᠰᠢᠯᠭᠠᠨ ᠪᠠᠶᠢᠴᠠᠭᠠᠬᠤ ᠴᠢᠳᠠᠪᠤᠷᠢ ᠶᠢ ᠲᠡᠭᠡᠭᠰᠢᠯᠡᠬᠦᠯᠬᠦ ᠬᠡᠷᠡᠭᠳᠡᠢ᠃ | ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠪᠤᠯᠤᠨ ᠡᠮᠴᠢᠯᠡᠬᠡᠨ ᠤ ᠪᠠᠶᠢᠭᠤᠯᠤᠮᠵᠢ ᠶᠢᠨ ᠬᠠᠮᠵᠢᠯᠴᠠᠨ | ᠬᠢᠨᠡᠨ ᠬᠡᠮᠵᠢᠬᠦ ᠲᠤᠭᠳᠠᠴᠠ ᠶᠢ ᠪᠠᠶᠢᠭᠤᠯᠵᠥ᠂ ᠦᠨᠳᠦᠰᠦᠨ ᠱᠠᠳᠤᠨ ᠤ ᠬᠠᠷᠠᠭᠤᠯ ᠤᠨ ᠴᠡᠭ ᠤᠨ ᠦᠢᠯᠡᠳᠦᠯ ᠢ | ᠪᠠᠳᠠᠷᠠᠭᠤᠯᠵᠥ᠂ ᠡᠷᠳᠡ ᠢᠯᠡᠷᠡᠬᠦᠯᠬᠦ᠂ ᠡᠷᠳᠡ ᠮᠡᠳᠡᠬᠦᠯᠬᠦ᠂ ᠡᠷᠳᠡ ᠰᠢᠢᠳᠪᠤᠷᠢᠯᠡᠬᠦ ᠶᠢ ᠪᠡᠶᠡᠯᠡᠬᠦᠯᠬᠦ ᠬᠡᠷᠡᠭᠳᠡᠢ᠃ | ᠬᠡᠨᠡᠳᠳᠡ ᠡᠬᠦᠰᠬᠦ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠬᠡᠷᠡᠭ ᠢ ᠠᠷᠭᠠᠴᠠᠭᠠᠬᠤ ᠲᠦᠰᠦᠪ ᠤᠨ ᠰᠢᠰᠲ᠋ᠧᠮ ᠢ | ᠪᠦᠷᠢᠨᠰᠢᠬᠦᠯᠵᠥ᠂ ᠡᠷᠡᠬᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠡᠩᠨᠡᠭᠡ ᠶᠢ ᠱᠠᠳᠤ ᠬᠤᠪᠢᠶᠠᠨ ᠲᠦᠷᠦᠯ | ᠬᠤᠪᠢᠶᠠᠨ ᠪᠠᠶᠢᠭᠤᠯᠵᠥ᠂ ᠪᠠᠶᠢᠳᠠᠯ ᠢ ᠰᠤᠳᠤᠯᠤᠨ ᠮᠠᠭᠠᠳᠯᠠᠬᠤ᠂ ᠲᠠᠬᠤᠯ ᠡᠪᠡᠳᠴᠢᠨ ᠤ ᠰᠤᠳᠤᠯᠤᠯ ᠤᠨ | ᠪᠠᠶᠢᠴᠠᠭᠠᠯᠳᠠ ᠬᠢᠬᠦ᠂ ᠡᠮᠴᠢᠯᠡᠭᠡ ᠪᠠᠷ ᠠᠪᠤᠷᠠᠨ ᠵᠠᠰᠠᠬᠤ᠂ ᠲᠤᠷᠰᠢᠯᠳᠠ ᠶᠢᠨ ᠲᠠᠰᠤᠭ ᠤᠨ ᠰᠢᠯᠭᠠᠨ ᠪᠠᠶᠢᠴᠠᠭᠠᠯᠳᠠ᠂ | ᠨᠡᠶᠢᠬᠡᠮ ᠲᠤᠭᠤᠷᠢᠭ ᠤᠨ ᠵᠢᠯᠤᠭᠤᠳᠤᠯᠭ᠎ᠠ᠂ ᠡᠳ᠋ ᠪᠤᠳᠠᠰ ᠤᠨ ᠲᠤᠬᠢᠷᠠᠭᠤᠯᠭ᠎ᠠ ᠵᠡᠷᠬᠡ ᠬᠦᠷᠢᠶᠡᠨ ᠳᠤ ᠪᠦᠷᠬᠦᠬᠦᠯᠬᠦ | ᠬᠡᠷᠡᠭᠳᠡᠢ᠃ ᠦᠨᠳᠦᠰᠦᠨ ᠱᠠᠳᠤᠨ ᠤ ᠡᠷᠡᠬᠦᠯ ᠬᠠᠮᠠᠭᠠᠯᠠᠯ ᠤᠨ ᠠᠵᠢᠯᠳᠠᠨ ᠤ ᠮᠡᠳᠡᠯᠬᠡ ᠶᠢᠨ ᠨᠦᠬᠡᠴᠡ ᠪᠤᠯᠤᠨ | ᠪᠤᠯᠪᠠᠰᠤᠷᠠᠯ ᠰᠤᠷᠢᠯᠳᠡ ᠶᠢ ᠴᠢᠩᠭᠠᠳᠬᠠᠵᠥ᠂ ᠤᠷᠢᠳ ᠢᠶᠠᠷ ᠰᠢᠢᠳᠪᠤᠷᠢᠯᠡᠬᠦ ᠴᠢᠳᠠᠪᠤᠷᠢ ᠶᠢ ᠲᠡᠭᠡᠭᠰᠢᠯᠡᠬᠦᠯᠬᠦ ᠬᠡᠷᠡᠭᠳᠡᠢ᠃ | ᠡᠷᠡᠬᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠮᠡᠳᠡᠯᠬᠡ ᠶᠢᠨ ᠤᠬᠠᠭᠤᠯᠭ᠎ᠠ ᠬᠦᠮᠥᠵᠢᠯ ᠢ ᠬᠦᠨᠵᠡᠬᠡᠢ | ᠦᠷᠨᠢᠬᠦᠯᠵᠥ᠂ ᠠᠷᠠᠳ ᠤᠯᠠᠨ ᠤ ᠬᠡᠨᠡᠳᠳᠡ ᠡᠬᠦᠰᠬᠦ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠬᠡᠷᠡᠭ ᠢ ᠲᠠᠨᠢᠨ | ᠮᠡᠳᠡᠬᠦ ᠲᠦᠪᠰᠢᠨ ᠪᠤᠯᠤᠨ ᠤᠷᠢᠳᠴᠢᠯᠡᠨ ᠰᠡᠷᠬᠡᠶᠢᠯᠡᠬᠦ ᠦᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ | ᠴᠢᠳᠠᠪᠤᠷᠢ ᠶᠢ ᠲᠡᠭᠡᠭᠰᠢᠯᠡᠬᠦᠯᠬᠦ ᠬᠡᠷᠡᠭᠳᠡᠢ᠃ ᠡᠯ᠎ᠡ ᠱᠠᠳᠤᠨ ᠤ ᠨᠠᠮ ᠤᠨ ᠬᠤᠷᠢᠶ᠎ᠡ ᠪᠤᠯᠤᠨ ᠵᠠᠰᠠᠭ ᠤᠨ ᠤᠷᠳᠤᠨ | ᠬᠦᠨᠳᠤ ᠶᠡᠭᠡ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠶᠢ ᠲᠤᠭᠳᠠᠮᠠᠯ ᠬᠤᠭᠤᠴᠠᠭ᠎ᠠ ᠲᠠᠢ ᠪᠠᠷ ᠰᠤᠳᠤᠯᠤᠨ | ᠪᠠᠶᠢᠷᠢᠯᠠᠭᠤᠯᠬᠤ ᠵᠡᠷᠬᠡ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠠᠵᠢᠯ ᠤᠨ ᠲᠤᠭᠳᠠᠴᠠ ᠶᠢ ᠪᠠᠶᠢᠭᠤᠯᠵᠥ᠂ ᠵᠢᠭᠠᠪᠤᠷᠢ | ᠵᠠᠷᠯᠢᠭ ᠲᠤᠳᠤᠷᠬᠠᠢ᠂ ᠰᠢᠰᠲ᠋ᠧᠮ ᠨᠢ ᠡᠮᠬᠢ ᠵᠢᠷᠤᠮ ᠲᠠᠢ᠂ ᠵᠦᠢᠯ ᠵᠤᠷᠪᠤᠰ ᠨᠢ ᠰᠢᠯᠤᠭᠤᠬᠠᠨ᠂ ᠬᠡᠷᠡᠭᠵᠢᠬᠦᠯᠥᠯᠳᠡ | ᠬᠦᠴᠦᠳᠠᠢ ᠪᠠᠶᠢᠬᠤ ᠶᠢ ᠪᠡᠶᠡᠯᠡᠬᠦᠯᠬᠦ ᠬᠡᠷᠡᠭᠳᠡᠢ ᠬᠡᠵᠥ ᠴᠢᠬᠤᠯᠠᠴᠢᠯᠠᠪᠠ᠃ | ᠰᠢ ᠶᠢᠨ ᠫᠢᠩ᠂ ᠡᠨᠡ ᠤᠳᠠᠭ᠎ᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠳᠤ ᠨᠡᠷᠪᠡᠭᠳᠡᠭᠰᠡᠳ ᠢ | ᠠᠪᠤᠷᠠᠨ ᠵᠠᠰᠠᠬᠤ ᠠᠵᠢᠯ ᠳᠤ᠂ ᠪᠢᠳᠡ ᠠᠷᠠᠳ ᠲᠦᠮᠡᠨ ᠢ ᠲᠡᠬᠡᠳᠤᠯᠡᠬᠦ᠂ ᠠᠮᠢ ᠨᠠᠰᠤ ᠶᠢ ᠲᠡᠬᠡᠳᠤᠯᠡᠬᠦ ᠶᠢ | ᠪᠠᠷᠢᠮᠳᠠᠯᠠᠵᠥ᠂ ᠤᠷᠢᠳ ᠡᠮᠤᠨ᠎ᠡ ᠪᠠᠶᠢᠭ᠎ᠠ ᠦᠬᠡᠢ ᠪᠠᠷ ᠪᠦᠬᠦ ᠤᠯᠤᠰ ᠤᠨ ᠡᠬᠢ ᠪᠠᠶᠠᠯᠢᠭ ᠢ ᠲᠥᠪᠯᠡᠷᠡᠭᠦᠯᠦᠨ ᠶᠡᠭᠡ | ᠬᠡᠪᠴᠢᠶᠡᠨ ᠤ ᠠᠪᠤᠷᠠᠨ ᠵᠠᠰᠠᠬᠤ ᠠᠵᠢᠯ ᠦᠷᠨᠢᠬᠦᠯᠵᠥ᠂ ᠬᠠᠯᠳᠠᠪᠤᠷᠢᠯᠠᠬᠳᠠᠭᠰᠠᠳ ᠢ ᠨᠢᠭᠡ ᠶᠢ ᠴᠤ | ᠭᠤᠭᠤᠵᠢᠭᠳᠠᠭᠤᠯᠬᠤ ᠦᠭᠡᠢ᠂ ᠨᠢᠭᠡ ᠡᠪᠡᠳᠴᠢᠲᠡᠨ ᠢ ᠴᠤ ᠲᠠᠶᠠᠭᠲᠠᠬᠤ ᠦᠭᠡᠢ ᠪᠠᠶᠢᠵᠤ᠂ ᠲᠦᠷᠦᠬᠡᠳ ᠲᠡᠮᠡᠢ | ᠤᠳᠠᠭᠠᠳᠤᠢ ᠨᠢᠯᠬ᠎ᠠ ᠬᠡᠤᠬᠡᠳ ᠠᠴᠠ 100 ᠭᠠᠷᠤᠭᠰᠠᠠ ᠨᠠᠰᠤᠳᠠᠨ ᠢ ᠴᠦ ᠦᠯᠥ ᠤᠷᠬᠢᠬᠳᠠᠭᠤᠯᠵᠥ᠂ | ᠡᠪᠡᠳᠴᠢᠳᠡᠨ ᠤ ᠰᠦᠢᠳᠬᠡᠯ ᠤᠨ ᠠᠰᠠᠭᠤᠳᠠᠯ ᠠᠴᠠ ᠪᠤᠯᠵᠥ ᠡᠮᠨᠡᠬᠦᠯᠬᠦ ᠪᠠᠨ ᠨᠥᠯᠥᠭᠡᠯᠡᠬᠦ ᠦᠬᠡᠢ ᠪᠠᠶᠢᠬᠤ ᠶᠢ ᠦᠨᠡᠨ | ᠬᠦ ᠪᠠᠳᠤᠯᠠᠪᠠ᠃ ᠪᠠᠴᠢᠮ ᠪᠠᠶᠢᠳᠠᠯ ᠢ ᠠᠷᠭᠠᠴᠠᠭᠠᠬᠤ ᠶᠢ ᠨᠢᠬᠡᠳᠤᠯᠳᠡᠢ ᠲᠦᠯᠥᠪᠵᠢᠬᠦᠯᠥᠭᠰᠡᠡ ᠪᠠᠶᠢᠳᠠᠯ ᠲᠤᠤᠷ᠎ᠡ ᠡᠮ | ᠡᠮᠨᠡᠯᠬᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠲᠠᠶᠢᠴᠢᠯᠠᠨ ᠴᠤᠤᠷᠢᠶᠠᠳᠤᠵᠥ᠂ ᠤᠷᠤᠨ ᠪᠦᠰᠡ ᠶᠢᠨ ᠬᠢᠨ | ᠬᠤᠯᠪᠤᠭᠠᠯᠠᠨ ᠬᠦᠳᠡᠯᠥᠯᠴᠡᠵᠥ᠂ ᠬᠦᠮᠥᠰ ᠢ ᠲᠦᠪᠯᠡᠷᠡᠬᠦᠯᠵᠥ᠂ ᠱᠠᠳᠤ ᠬᠤᠪᠢᠶᠠᠬᠰᠠᠠ᠂ ᠲᠠᠪᠬᠤᠷᠭ᠎ᠠ ᠬᠤᠪᠢᠶᠠᠬᠰᠠᠠ᠂ | ᠢᠯᠭᠠᠨ ᠰᠠᠯᠪᠤᠷᠢᠯᠠᠭᠰᠠᠠ ᠬᠦᠨᠳᠤ ᠶᠡᠭᠡ ᠬᠢᠵᠢᠭ ᠤᠨ ᠪᠠᠶᠢᠳᠠᠯ ᠤᠨ ᠠᠪᠤᠷᠡᠨ ᠵᠠᠰᠠᠬᠤ ᠲᠤᠭᠳᠠᠴᠠ ᠶᠢ ᠪᠠᠶᠢᠭᠤᠯᠤᠨ | ᠪᠦᠷᠢᠨᠰᠢᠬᠦᠯᠬᠦ ᠬᠡᠷᠡᠭᠲᠡᠢ᠃ ᠠᠯᠪᠠᠨ ᠠᠴᠠ ᠪᠠᠶᠢᠭᠤᠯᠤᠬᠰᠠᠠ ᠡᠮᠨᠡᠯᠬᠡ ᠶᠢᠨ ᠬᠤᠷᠢᠶ᠎ᠡ ᠶᠢᠨ ᠬᠠᠯᠳᠠᠪᠤᠷᠢᠳᠤ | ᠡᠪᠡᠳᠴᠢᠨ ᠢ ᠠᠪᠤᠷᠡᠨ ᠵᠠᠰᠠᠬᠤ ᠴᠢᠳᠠᠪᠤᠷᠢ ᠶᠢᠨ ᠪᠠᠶᠢᠭᠤᠯᠤᠯᠳᠠ ᠶᠢ ᠪᠦᠬᠦ ᠲᠡᠯ᠎ᠡ ᠪᠠᠷ ᠴᠢᠩᠭᠠᠳᠬᠠᠵᠥ᠂ | ᠶᠡᠷᠤᠩᠬᠡᠶᠢᠯᠡᠭᠰᠡᠡ ᠡᠮᠨᠡᠯᠬᠡ ᠶᠢᠨ ᠬᠤᠷᠢᠶ᠎ᠡ ᠶᠢᠨ ᠬᠠᠯᠳᠠᠪᠤᠷᠢᠳᠤ ᠡᠪᠡᠳᠴᠢᠨ ᠢ ᠰᠡᠷᠬᠡᠶᠢᠯᠡᠨ ᠵᠠᠰᠠᠬᠤ | ᠲᠦᠬᠦᠬᠡᠷᠤᠮᠵᠢ ᠶᠢᠨ ᠪᠦᠳᠦᠬᠡᠨ ᠪᠠᠶᠢᠭᠤᠯᠤᠯᠳᠠ ᠶᠢᠨ ᠪᠠᠷᠢᠮᠵᠢᠶ᠎ᠠ ᠶᠢ ᠲᠡᠬᠦᠯᠳᠡᠷᠵᠢᠬᠦᠯᠵᠥ᠂ ᠪᠠᠴᠢᠮ ᠪᠠᠶᠢᠳᠠᠯ ᠢ | ᠠᠷᠭᠠᠴᠠᠭᠠᠬᠤ ᠡᠮᠴᠢᠯᠡᠬᠡᠨ ᠤ ᠠᠪᠤᠷᠠᠨ ᠵᠠᠰᠠᠬᠤ ᠨᠦᠬᠡᠴᠡ ᠴᠢᠳᠠᠪᠤᠷᠢ ᠶᠢ ᠲᠡᠭᠡᠭᠰᠢᠯᠡᠬᠦᠯᠬᠦ ᠬᠡᠷᠡᠭᠳᠡᠢ᠃ ᠬᠤᠳᠠ ᠶᠢᠨ | ᠨᠡᠶᠢᠬᠡᠮ ᠲᠤᠭᠤᠷᠢᠭ ᠪᠤᠯᠤᠨ ᠬᠦᠳᠡᠭᠡ ᠲᠤᠰᠬᠤᠨ ᠤ ᠦᠨᠳᠦᠰᠦᠨ ᠱᠠᠳᠤ᠂ ᠬᠢᠯᠢ ᠶᠢᠨ ᠪᠤᠭᠤᠮᠳᠠ ᠶᠢᠨ ᠬᠤᠳᠠ᠂ | ᠰᠢᠶᠠᠨ ᠤ ᠱᠠᠳᠤᠨ ᠤ ᠡᠮᠨᠡᠯᠬᠡ ᠶᠢᠨ ᠬᠤᠷᠢᠶ᠎ᠡ ᠪᠤᠯᠤᠨ ᠬᠢᠳᠠᠳ ᠡᠮᠨᠡᠯᠬᠡ ᠶᠢᠨ ᠬᠤᠷᠢᠶ᠎ᠡ ᠪᠠᠷ ᠭᠤᠤᠯᠳᠠᠯᠭ᠎ᠠ ᠪᠤᠯᠭᠠᠵᠥ᠂ | ᠬᠤᠳᠠ ᠬᠦᠳᠡᠭᠡ ᠶᠢᠨ ᠭᠤᠷᠪᠠᠨ ᠱᠠᠳᠤᠨ ᠤ ᠡᠮ ᠡᠮᠨᠡᠯᠬᠡ ᠶᠢᠨ ᠦᠢᠯᠡᠴᠢᠯᠡᠬᠡᠨ ᠤ ᠲᠤᠤᠷ ᠢ ᠲᠡᠬᠦᠯᠳᠡᠷᠵᠢᠬᠦᠯᠬᠦ | ᠬᠡᠷᠡᠭᠳᠡᠢ᠃ ᠤᠯᠤᠰ ᠤᠨ ᠠᠨᠠᠭᠠᠬᠤ ᠤᠬᠠᠭᠠᠨ ᠤ ᠲᠦᠪ᠂ ᠤᠷᠤᠨ ᠪᠦᠰᠡ ᠶᠢᠨ ᠡᠮᠴᠢᠯᠡᠬᠡᠨ ᠤ ᠲᠦᠪ ᠵᠡᠷᠬᠡ | ᠰᠠᠭᠤᠷᠢᠨ ᠤ ᠪᠦᠳᠦᠬᠡᠨ ᠪᠠᠶᠢᠭᠤᠯᠤᠯᠳᠠ ᠶᠢ ᠴᠢᠩᠭᠠᠳᠬᠠᠵᠥ᠂ ᠬᠦᠨᠳᠤ ᠶᠡᠭᠡ ᠬᠠᠯᠳᠠᠪᠤᠷᠢᠳᠤ ᠡᠪᠡᠳᠴᠢᠨ ᠢ ᠠᠪᠤᠷᠡᠨ | ᠵᠠᠰᠠᠬᠤ ᠴᠢᠳᠠᠪᠤᠷᠢ ᠶᠢ ᠲᠡᠭᠡᠭᠰᠢᠯᠡᠬᠦᠯᠬᠦ ᠬᠡᠷᠡᠭᠳᠡᠢ ᠬᠡᠵᠥ ᠵᠢᠭᠠᠵᠥ ᠭᠠᠷᠭᠠᠪᠠ᠃ | ᠰᠢ ᠶᠢᠨ ᠫᠢᠩ᠂ ᠤᠯᠤᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ ᠬᠦᠳᠡᠯᠭᠡᠭᠡᠨ ᠪᠤᠯ ᠮᠠᠨ ᠤ ᠨᠠᠮ ᠤᠨ | ᠤᠯᠠᠨ ᠲᠦᠮᠡᠨᠴᠢ ᠱᠤᠭᠤᠮ ᠢ ᠡᠷᠡᠬᠦᠯ ᠬᠠᠮᠠᠭᠠᠯᠠᠯ ᠡᠪᠡᠳᠴᠢᠨ ᠡᠮᠭᠡᠭ ᠢ ᠰᠡᠷᠭᠡᠶᠢᠯᠡᠬᠦ ᠠᠵᠢᠯ ᠳᠤ ᠭᠡᠷᠡᠭᠯᠡᠭᠰᠡᠨ | ᠠᠮᠵᠢᠯᠳᠠᠳᠠᠢ ᠦᠢᠯᠡᠳᠦᠯᠭᠡ ᠪᠤᠯᠤᠨ᠎ᠡ᠃ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠲᠠᠮᠠᠴᠡᠯ ᠤᠨ ᠲᠤᠷᠰᠢᠯᠭ᠎ᠠ ᠪᠠᠨ ᠳ᠋ᠦᠡᠭᠨᠡᠵᠤ᠂ ᠤᠯᠤᠰ ᠢᠶᠠᠨ ᠬᠠᠶᠢᠷᠠᠯᠠᠬᠤ ᠡᠷᠡᠬᠦᠯ | ᠬᠠᠮᠠᠭᠠᠯᠠᠯ ᠤᠨ ᠬᠦᠳᠡᠯᠭᠡᠭᠡᠨ ᠤ ᠠᠭᠤᠯᠤᠬᠳᠠᠬᠤᠨ ᠢ ᠪᠠᠶᠠᠯᠢᠬᠵᠢᠭᠤᠯᠵᠤ᠂ ᠠᠷᠭ᠎ᠠ ᠬᠡᠯᠪᠡᠷᠢ ᠠᠷᠭ᠎ᠠ ᠬᠡᠮᠵᠢᠶ᠎ᠡ ᠪᠠᠨ | ᠰᠢᠨᠡᠴᠢᠯᠡᠵᠤ᠂ ᠤᠷᠴᠢᠨ ᠲᠤᠭᠤᠷᠢᠨ ᠤ ᠡᠷᠡᠬᠦᠯ ᠬᠠᠮᠠᠭᠠᠯᠠᠯ ᠤᠨ ᠵᠠᠰᠠᠯᠳᠠ ᠠᠴᠠ ᠪᠦᠬᠦ ᠲᠠᠯ᠎ᠡ ᠶᠢᠨ ᠨᠡᠶᠢᠭᠡᠮ ᠤᠨ | ᠡᠷᠡᠬᠦᠯ ᠮᠠᠨᠳᠤ ᠶᠢᠨ ᠬᠠᠮᠢᠶᠡᠷᠤᠯᠳᠠ ᠲᠠᠶᠢᠰᠢ ᠬᠤᠪᠢᠷᠠᠭᠤᠯᠬᠤ ᠶᠢ ᠠᠬᠢᠭᠤᠯᠵᠤ᠂ ᠠᠷᠠᠳ ᠲᠦᠮᠨᠨ ᠤ ᠡᠷᠡᠬᠦᠯ | ᠮᠠᠨᠳᠤ ᠳᠤ ᠬᠤᠯᠪᠤᠬᠳᠠᠬᠤ ᠪᠦᠬᠦ ᠲᠠᠯ᠎ᠠ ᠶᠢᠨ ᠴᠢᠨᠠᠷᠲᠠᠢ ᠤᠷᠳᠤ ᠬᠤᠭᠤᠴᠠᠭᠠᠨ ᠤ ᠴᠢᠨᠠᠷᠲᠠᠢ ᠠᠰᠠᠭᠤᠳᠠᠯ ᠢ ᠰᠠᠶᠢᠳᠤᠷ | ᠰᠢᠢᠳᠪᠤᠷᠢᠯᠡᠬᠦ ᠭᠡᠷᠡᠭᠳᠠᠢ᠃ ᠬᠦᠮᠦᠰ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠪᠦᠬᠦ ᠲᠠᠯ᠎ᠡ ᠪᠠᠷ | ᠰᠠᠶᠢᠵᠢᠷᠠᠭᠤᠯᠵᠤ᠂ ᠤᠯᠠᠨ ᠨᠠᠶᠢᠳᠠ ᠶᠢᠨ ᠡᠷᠡᠬᠦᠯ ᠬᠠᠮᠠᠭᠠᠯᠠᠯ ᠤᠷᠴᠢᠨ ᠲᠤᠭᠤᠷᠢᠨ ᠤ ᠰᠠᠭᠤᠷᠢ ᠲᠦᠬᠦᠭᠡᠷᠤᠮᠵᠢ ᠶᠢᠨ | ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠬᠤᠳᠠ ᠬᠦᠳᠡᠭᠡ ᠶᠢᠨ ᠤᠷᠴᠢᠨ ᠲᠤᠭᠤᠷᠢᠨ ᠤ ᠡᠷᠡᠬᠦᠯ | ᠬᠠᠮᠠᠭᠠᠯᠠᠯ ᠤᠨ ᠴᠡᠭᠴᠡᠯᠡᠨ ᠵᠠᠰᠠᠯᠳᠠ ᠶᠢ ᠠᠬᠢᠭᠤᠯᠵᠤ᠂ ᠠᠷᠢᠭᠤᠨ ᠴᠡᠪᠡᠷ ᠬᠤᠳᠠ ᠪᠠᠯᠭᠠᠰᠤ ᠶᠢ ᠡᠬᠦᠳᠤᠨ | ᠪᠠᠶᠢᠭᠤᠯᠬᠤ ᠠᠵᠢᠯ ᠢ ᠠᠬᠢᠭᠤᠯᠬᠤ ᠭᠡᠷᠡᠭᠳᠠᠢ᠃ ᠪᠤᠯᠪᠠᠰᠤᠨ ᠡᠷᠡᠬᠦᠯ ᠰᠠᠷᠠᠭᠤᠯ ᠪᠤᠬᠢᠷᠳᠤᠯ ᠦᠭᠡᠢ ᠤᠷᠴᠢᠨ | ᠲᠤᠭᠤᠷᠢᠨ ᠢ ᠬᠠᠮᠠᠭᠠᠯᠠᠬᠤ ᠠᠮᠢᠳᠤᠷᠠᠯ ᠤᠨ ᠠᠷᠭ᠎ᠠ ᠬᠡᠯᠪᠡᠷᠢ ᠶᠢ ᠰᠠᠨᠠᠭᠠᠴᠢᠯᠠᠵᠤ᠂ ᠡᠷᠡᠬᠦᠯ ᠮᠡᠨᠳᠦ ᠶᠢᠨ ᠮᠡᠳᠡᠯᠭᠡ ᠶᠢ | ᠲᠦᠭᠡᠮᠡᠯᠵᠢᠬᠦᠯᠬᠦ ᠠᠵᠢᠯ ᠢ ᠦᠷᠨᠢᠬᠦᠯᠵᠤ᠂ ᠰᠠᠶᠢᠨ ᠰᠠᠶᠢᠬᠠᠨ ᠢᠳᠡᠭᠡᠨ ᠤᠮᠳᠠᠭᠠᠨ ᠤ ᠬᠡᠪ ᠰᠤᠷᠳᠠᠯ ᠢ ᠪᠤᠢ ᠪᠤᠯᠭᠠᠵᠤ᠂ | ᠪᠤᠯᠪᠠᠰᠤᠨ ᠡᠷᠡᠬᠦᠯ ᠰᠠᠷᠠᠭᠤᠯ ᠠᠮᠢᠳᠤᠷᠠᠯ ᠤᠨ ᠲᠠᠳᠬᠠᠯ ᠢ ᠲᠡᠯᠭᠡᠷᠡᠬᠦᠯᠬᠦ ᠭᠡᠷᠡᠭᠳᠠᠢ᠃ ᠡᠷᠡᠬᠦᠯ ᠡᠩᠭᠡ ᠶᠢ ᠪᠤᠢ ᠪᠦᠬᠦᠢ | ᠲᠦᠷᠦ ᠶᠢᠨ ᠪᠤᠳᠤᠯᠭ᠎ᠠ ᠲᠠᠢ ᠠᠭᠤᠰᠤᠯᠴᠠᠭᠤᠯᠬᠤ ᠶᠢ ᠠᠬᠢᠭᠤᠯᠵᠤ᠂ ᠪᠦᠬᠦ ᠠᠮᠢ ᠨᠠᠰᠤᠨ ᠤ ᠦᠶᠠᠯᠡᠯ ᠤᠨ | ᠬᠤᠭᠤᠴᠠᠭᠠᠨ ᠤ ᠡᠷᠡᠬᠦᠯ ᠮᠡᠨᠳᠦ ᠶᠢᠨ ᠬᠠᠮᠢᠶᠡᠷᠤᠯᠳᠠ ᠶᠢᠨ ᠤᠢᠢᠯᠠᠭᠠᠬᠳᠠᠬᠤᠨ ᠢ ᠬᠤᠳᠠ ᠶᠢᠨ ᠲᠦᠯᠦᠪᠵᠢᠬᠦᠯᠭᠡ᠂ | ᠪᠦᠳᠦᠭᠡᠨ ᠪᠠᠶᠢᠭᠤᠯᠤᠯᠳᠠ᠂ ᠬᠠᠮᠢᠶᠡᠷᠤᠯᠳᠠ ᠶᠢᠨ ᠪᠦᠬᠦ ᠶᠠᠪᠤᠴᠠ ᠡᠯ᠎ᠡ ᠭᠤᠬᠴᠤᠭ᠎ᠠ ᠳᠤ ᠲᠤᠭᠤᠰᠢᠯᠠᠭᠤᠯᠬᠤ | ᠭᠡᠷᠡᠭᠳᠠᠢ᠃ ᠡᠯ᠎ᠡ ᠱᠠᠳᠤᠨ ᠤ ᠨᠠᠮ ᠤᠨ ᠬᠤᠷᠢᠶ᠎ᠡ ᠪᠠ ᠵᠠᠰᠠᠭ ᠤᠨ ᠤᠷᠳᠤᠨ ᠤᠯᠤᠰ ᠢᠶᠠᠨ ᠬᠠᠶᠢᠷᠠᠯᠠᠬᠤ ᠡᠷᠡᠬᠦᠯ | ᠬᠠᠮᠠᠭᠠᠯᠠᠯ ᠤᠨ ᠠᠵᠢᠯ ᠢ ᠴᠢᠬᠤᠯᠠ ᠵᠦᠪᠯᠡᠬᠦ ᠵᠦᠢᠯ ᠳᠤ ᠤᠷᠤᠭᠤᠯᠵᠤ᠂ ᠨᠡᠩ ᠪᠦᠳᠦᠮᠵᠢᠳᠠᠢ ᠨᠡᠶᠢᠭᠡᠮ ᠤᠨ | ᠲᠠᠶᠢᠴᠢᠯᠠᠯᠳᠠ ᠶᠢᠨ ᠠᠷᠭ᠎ᠠ ᠬᠡᠯᠪᠡᠷᠢ ᠶᠢ ᠬᠠᠶᠢᠨ ᠰᠦᠪᠡᠭᠴᠢᠯᠡᠬᠦ ᠭᠡᠷᠡᠭᠳᠠᠢ ᠭᠡᠵᠤ ᠴᠢᠬᠤᠯᠠᠴᠢᠯᠠᠪᠠ᠃ | ᠰᠢ ᠶᠢᠨ ᠫᠢᠩ᠂ ᠬᠢᠳᠠᠳ ᠡᠮᠨᠡᠯᠭᠡ ᠡᠸᠦ᠋ᠷᠤᠫᠠ ᠡᠮᠨᠡᠯᠭᠡ ᠶᠢ ᠤᠶᠠᠯᠳᠤᠭᠤᠯᠵᠤ᠂ ᠬᠢᠳᠠᠳ ᠡᠮ ᠡᠸᠦ᠋ᠷᠤᠫᠠ | ᠡᠮ ᠢ ᠵᠡᠷᠭᠡ ᠪᠠᠷ ᠭᠡᠷᠡᠭᠯᠡᠭᠰᠡᠨ ᠨᠢ ᠡᠨᠡ ᠤᠳᠠᠭ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ | ᠨᠢᠭᠡ ᠶᠡᠭᠡ ᠤᠨᠴᠠᠯᠢᠭ ᠪᠤᠯᠬᠤ ᠪᠦᠭᠡᠳ ᠪᠠᠰᠠ ᠴᠤ ᠬᠢᠳᠡᠳ ᠡᠮ ᠡᠮᠨᠡᠯᠭᠡ ᠶᠢᠨ ᠤᠬᠢ ᠰᠤᠳᠤ ᠶᠢ ᠨᠢ ᠵᠠᠯᠭᠠᠮᠵᠢᠯᠠᠵᠤ᠂ | ᠲᠦᠪ ᠶᠤᠰᠤ ᠶᠢ ᠵᠢᠷᠤᠮᠯᠠᠵᠤ ᠰᠢᠨ᠎ᠡ ᠶᠢ ᠡᠬᠦᠳᠦᠭᠰᠡᠨ ᠠᠮᠢᠳᠤᠯᠢᠭ ᠦᠢᠯᠡᠳᠦᠯᠭᠡ ᠪᠤᠯᠤᠨ᠎ᠡ᠃ ᠡᠷᠳᠡᠨ ᠤ | ᠰᠤᠩᠭᠤᠳᠠᠭ ᠠᠨᠠᠭᠠᠬᠤ ᠤᠬᠠᠭᠠᠨ ᠤ ᠨᠤᠮ ᠰᠤᠳᠤᠷ ᠤᠨ ᠤᠬᠢ ᠰᠤᠳᠤ ᠶᠢ ᠡᠮᠬᠢᠯᠡᠨ ᠠᠭᠤᠳᠠᠯᠠᠬᠤ ᠪᠠᠨ | ᠴᠢᠩᠭᠠᠳᠬᠠᠵᠤ᠂ ᠨᠢᠭᠡ ᠪᠦᠯᠦᠭ ᠰᠢᠨᠵᠢᠯᠡᠬᠦ ᠤᠬᠠᠭᠠᠨ ᠤ ᠰᠤᠳᠤᠯᠭᠠᠨ ᠤ ᠲᠤᠯᠭᠠᠭᠤᠷᠢᠯᠡᠬᠤ ᠲᠠᠪᠴᠠᠩ ᠢ | ᠪᠠᠶᠢᠭᠤᠯᠵᠤ᠂ ᠬᠢᠳᠠᠳ ᠡᠮ ᠤᠨ ᠬᠢᠨᠠᠨ ᠦᠨᠡᠯᠡᠬᠦ ᠬᠢᠨᠡᠨ ᠵᠦᠪᠰᠢᠶᠡᠷᠡᠬᠦ ᠲᠤᠬᠳᠠᠴᠠ ᠶᠢ ᠦᠭᠡᠷᠡᠴᠢᠯᠡᠨ | ᠲᠡᠬᠦᠯᠳᠡᠷᠵᠢᠬᠦᠯᠵᠤ᠂ ᠬᠢᠳᠠᠳ ᠡᠮ ᠤᠨ ᠰᠢᠨ᠎ᠡ ᠡᠮ ᠢ ᠰᠤᠳᠤᠯᠤᠨ ᠨᠡᠭᠡᠭᠡᠬᠦ ᠪᠠ ᠠᠵᠤ ᠦᠢᠯᠡᠰᠵᠢᠬᠦᠯᠦᠨ | ᠬᠦᠭᠵᠢᠬᠦ ᠶᠢ ᠠᠬᠢᠭᠤᠯᠬᠤ ᠭᠡᠷᠡᠭᠳᠠᠢ᠃ ᠬᠢᠳᠠᠳ ᠡᠮ ᠡᠮᠨᠡᠯᠭᠡ ᠶᠢᠨ ᠦᠢᠯᠡᠴᠢᠯᠡᠭᠡᠨ ᠤ ᠰᠢᠰᠲ᠋ᠧᠮ ᠤᠨ | ᠪᠠᠶᠢᠭᠤᠯᠤᠯᠳᠠ ᠶᠢ ᠴᠢᠩᠭᠠᠳᠬᠠᠵᠤ᠂ ᠬᠢᠳᠠᠳ ᠡᠮᠨᠡᠯᠭᠡ ᠶᠢᠨ ᠬᠤᠷᠢᠶᠠᠨ ᠤ ᠪᠠᠴᠢᠮ ᠪᠠᠶᠢᠳᠠᠯ ᠢ ᠠᠷᠭᠠᠴᠠᠭᠠᠬᠤ ᠪᠠ | ᠠᠪᠤᠷᠠᠨ ᠵᠠᠰᠠᠬᠤ ᠴᠢᠳᠠᠪᠤᠷᠢ ᠶᠢ ᠲᠡᠭᠡᠭᠰᠢᠯᠡᠬᠦᠯᠬᠦ ᠭᠡᠷᠡᠭᠳᠠᠢ᠃ ᠬᠢᠳᠠᠳ ᠡᠮ ᠡᠮᠨᠡᠯᠭᠡ ᠶᠢᠨ ᠤᠨᠴᠠᠯᠢᠭᠳᠤ | ᠴᠢᠳᠠᠪᠤᠷᠢᠳᠠᠨ ᠤ ᠪᠠᠶᠢᠭᠤᠯᠤᠯᠳᠠ ᠶᠢ ᠴᠢᠩᠭᠠᠳᠬᠠᠵᠤ᠂ ᠨᠢᠭᠡ ᠰᠠᠯᠠᠭ᠎ᠠ ᠦᠨᠳᠤᠷ ᠲᠦᠪᠰᠢᠨ ᠪᠦᠬᠦᠢ ᠤᠯᠤᠰ ᠤᠨ | ᠬᠢᠳᠠᠳ ᠡᠮᠨᠡᠯᠭᠡ ᠶᠢᠨ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠡᠩᠨᠡᠭᠡ ᠶᠢ ᠴᠤᠬᠴᠠᠯᠠᠬᠤ ᠭᠡᠷᠡᠭᠳᠠᠢ᠃ ᠬᠢᠳᠠᠳ | ᠡᠮ ᠡᠮᠨᠡᠯᠭᠡ ᠶᠢᠨ ᠠᠵᠢᠯ ᠢ ᠵᠤᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠬᠢᠳᠠᠳ ᠡᠸᠦ᠋ᠷᠦᠫᠠ ᠡᠮ | ᠡᠮᠨᠡᠯᠭᠡ ᠶᠢᠨ ᠬᠠᠷᠢᠯᠴᠠᠨ ᠨᠦᠬᠦᠪᠤᠷᠢᠯᠡᠵᠤ᠂ ᠵᠤᠬᠢᠴᠠᠩᠭᠤᠢ ᠬᠦᠭᠵᠢᠬᠦ ᠶᠢ ᠠᠬᠢᠭᠤᠯᠬᠤ ᠭᠡᠷᠡᠭᠳᠠᠢ ᠭᠡᠵᠤ ᠵᠢᠭᠠᠵᠤ | ᠭᠠᠷᠭᠠᠪᠠ᠃ | ᠰᠢ ᠶᠢᠨ ᠫᠢᠩ᠂ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ᠂ ᠭᠡᠨᠡᠳᠳᠠ ᠡᠬᠦᠰᠦᠭᠰᠡᠨ | ᠤᠯᠠᠨ ᠨᠠᠶᠢᠳᠠ ᠶᠢᠨ ᠡᠷᠡᠬᠦᠯ ᠬᠠᠮᠠᠭᠠᠯᠠᠯ ᠤᠨ ᠭᠡᠷᠡᠭ ᠢ ᠠᠷᠭᠠᠴᠠᠭᠠᠬᠤ ᠬᠠᠤᠯᠢ ᠵᠡᠷᠭᠡ ᠬᠠᠤᠯᠢ ᠴᠠᠭᠠᠵᠠ ᠳᠤ ᠵᠠᠰᠠᠪᠤᠷᠢ | ᠤᠷᠤᠭᠤᠯᠬᠤ ᠪᠠ ᠬᠠᠤᠯᠢ ᠲᠤᠬᠳᠠᠭᠠᠬᠤ ᠠᠵᠢᠯ ᠢ ᠴᠢᠭᠯᠡᠬᠦᠯᠦᠯᠳᠤ ᠴᠢᠨᠠᠷᠳᠠᠢ ᠪᠠᠷ ᠠᠬᠢᠭᠤᠯᠵᠤ᠂ ᠡᠷᠭᠡ | ᠬᠠᠷᠢᠭᠤᠴᠠᠯᠭ᠎ᠠ ᠲᠤᠳᠤᠷᠬᠠᠢ᠂ ᠲᠡᠰ ᠳᠠᠷᠠᠭᠠᠯᠠᠯ ᠵᠢᠷᠤᠮᠵᠢᠬᠰᠡᠨ᠂ ᠭᠡᠷᠡᠭᠵᠢᠬᠦᠯᠦᠯᠳᠠ ᠬᠦᠴᠤᠳᠠᠢ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠬᠠᠤᠯᠢ ᠭᠡᠷᠡᠭᠵᠢᠬᠦᠯᠬᠦ ᠲᠤᠬᠳᠠᠴᠠ ᠶᠢ ᠪᠦᠷᠢᠨᠰᠢᠬᠦᠯᠵᠤ᠂ ᠰᠢᠨ᠎ᠡ ᠪᠠᠷ ᠡᠬᠦᠰᠦᠭᠰᠡᠨ | ᠭᠡᠨᠡᠳᠳᠠ ᠡᠬᠦᠰᠦᠭᠰᠡᠨ ᠬᠦᠨᠳᠤ ᠶᠡᠭᠡ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠬᠠᠤᠯᠢ ᠴᠠᠭᠠᠵᠠ ᠶᠢᠨ ᠲᠠᠯ᠎ᠠ ᠠᠴᠠ ᠤᠯᠠᠮ ᠴᠢᠨᠠᠬᠰᠢᠳᠠ ᠲᠡᠬᠦᠯᠳᠡᠷᠵᠢᠬᠦᠯᠵᠤ᠂ ᠲᠦᠪ ᠪᠠ ᠤᠷᠤᠨ ᠨᠤᠳᠤᠭ᠂ | ᠵᠠᠰᠠᠭ ᠤᠨ ᠤᠷᠳᠤᠨ ᠪᠠ ᠰᠠᠯᠠᠭ᠎ᠠ ᠮᠦᠴᠢᠷ᠂ ᠵᠠᠰᠠᠭ ᠵᠠᠬᠢᠷᠭᠠᠨ ᠤ ᠪᠠᠶᠢᠭᠤᠯᠭ᠎ᠠ ᠪᠠ ᠲᠤᠰᠬᠠᠢ ᠮᠡᠷᠭᠡᠵᠢᠯ ᠤᠨ | ᠪᠠᠶᠢᠭᠤᠯᠤᠮᠵᠢ ᠶᠢᠨ ᠲᠤᠰᠢᠶᠠᠯ ᠬᠠᠷᠢᠭᠤᠴᠠᠯᠭ᠎ᠠ ᠶᠢ ᠲᠤᠳᠤᠷᠬᠠᠢᠢᠯᠠᠬᠤ ᠭᠡᠷᠡᠭᠳᠠᠢ᠃ ᠤᠯᠠᠨ ᠨᠠᠶᠢᠳᠠ ᠶᠢᠨ ᠡᠷᠡᠬᠦᠯ | ᠬᠠᠮᠠᠭᠠᠯᠠᠯ ᠤᠨ ᠠᠮᠤᠷ ᠲᠦᠪᠰᠢᠨ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠤᠯᠢ ᠴᠠᠭᠠᠵᠠ ᠬᠠᠤᠯᠢ | ᠲᠤᠬᠳᠠᠭᠠᠯ ᠢ ᠲᠦᠭᠡᠮᠡᠯᠵᠢᠬᠦᠯᠵᠤ᠂ ᠪᠦᠬᠦ ᠨᠡᠶᠢᠭᠡᠮ ᠤᠨ ᠬᠠᠤᠯᠢ ᠶᠤᠰᠤᠭᠠᠷ ᠠᠵᠢᠯᠯᠠᠵᠤ᠂ ᠬᠠᠤᠯᠢ ᠶᠤᠰᠤᠭᠠᠷ | ᠬᠦᠢᠴᠡᠳᠭᠡᠬᠦ ᠶᠢ ᠠᠬᠢᠭᠤᠯᠬᠤ ᠭᠡᠷᠡᠭᠳᠠᠢ ᠭᠡᠵᠤ ᠴᠢᠬᠤᠯᠠᠴᠢᠯᠠᠪᠠ᠃ | ᠰᠢ ᠶᠢᠨ ᠫᠢᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠤᠯ ᠬᠦᠮᠦᠨ ᠲᠦᠷᠦᠯᠬᠢᠳᠠᠨ ᠤ ᠬᠢᠵᠢᠭ | ᠡᠪᠡᠳᠴᠢᠨ ᠯᠦᠭᠡ ᠲᠡᠮᠡᠴᠡᠬᠦ ᠬᠤᠷᠴᠠ ᠵᠡᠪᠰᠡᠭ ᠮᠦᠨ᠂ ᠬᠦᠮᠦᠨ ᠲᠦᠷᠦᠯᠬᠢᠳᠠᠨ ᠶᠡᠭᠡ ᠭᠠᠮᠰᠢᠭ ᠶᠡᠭᠡ ᠬᠢᠵᠢᠭ ᠢ | ᠢᠯᠡᠨ ᠲᠠᠪᠠᠭ᠋ᠤ ᠳᠤ ᠰᠢᠨᠵᠢᠯᠡᠬᠦ ᠤᠬᠠᠭᠠᠨ ᠤ ᠬᠦᠭᠵᠢᠯᠳᠠ ᠪᠠ ᠮᠡᠷᠭᠡᠵᠢᠯ ᠤᠨ ᠰᠢᠨᠡᠴᠢᠯᠡᠯᠳᠠ ᠠᠴᠠ ᠰᠠᠯᠵᠤ ᠴᠢᠳᠠᠬᠤ | ᠦᠭᠡᠢ ᠶᠤᠮ᠃ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠬᠦᠷᠢᠶᠠᠨ ᠳᠠᠬᠢ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠤᠷᠤᠭᠤᠯᠤᠯᠳᠠ ᠪᠠᠨ ᠨᠡᠮᠡᠭᠳᠡᠬᠦᠯᠵᠤ᠂ ᠵᠠᠩᠭᠢᠯᠠᠭ᠎ᠠ ᠶᠢᠨ ᠮᠡᠷᠭᠡᠵᠢᠯ ᠤᠨ ᠪᠤᠭᠤᠮᠳᠠ ᠰᠢᠪᠳᠤᠯᠤᠯᠳᠠ ᠶᠢ | ᠬᠦᠴᠤ ᠪᠠᠨ ᠲᠦᠪᠯᠡᠷᠡᠬᠦᠯᠤᠨ ᠦᠷᠨᠢᠬᠦᠯᠵᠤ᠂ ᠰᠢᠨ᠎ᠡ ᠮᠠᠶ᠋ᠢᠭ ᠤᠨ ᠪᠦᠬᠦ ᠤᠯᠤᠰ ᠤᠨ ᠪᠠᠶᠢᠭᠤᠯᠤᠮᠵᠢ ᠶᠢᠨ | ᠲᠠᠪᠠᠭᠤᠯᠢᠭ ᠢ ᠪᠠᠳᠠᠷᠠᠭᠤᠯᠬᠤ ᠭᠡᠷᠡᠭᠳᠠᠢ᠃ ᠰᠢᠨᠵᠢᠯᠡᠬᠦ ᠤᠬᠠᠭᠠᠨ ᠤ ᠰᠤᠳᠤᠯᠭᠠᠨ ᠤ ᠴᠢᠳᠠᠪᠤᠷᠢᠳᠠᠨ ᠢ ᠬᠦᠭᠵᠢᠬᠦᠯᠬᠦ | ᠪᠠᠶᠢᠭᠤᠯᠤᠮᠵᠢ ᠲᠤᠬᠳᠠᠴᠠ ᠶᠢᠨ ᠦᠭᠡᠷᠡᠴᠢᠯᠡᠯᠳᠠ ᠶᠢ ᠬᠦᠨᠵᠡᠭᠡᠶᠢᠷᠠᠬᠦᠯᠵᠤ᠂ ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ | ᠤᠬᠠᠭᠠᠨᠳᠠᠨ ᠪᠠ ᠰᠢᠨ᠎ᠡ ᠶᠢ ᠡᠬᠦᠳᠬᠦ ᠮᠠᠶ᠋ᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠳᠠᠨ ᠢ | ᠢᠯᠡᠷᠡᠬᠦᠯᠬᠦ᠂ ᠬᠦᠮᠦᠵᠢᠬᠦᠯᠬᠦ᠂ ᠤᠷᠮᠠᠰᠢᠭᠤᠯᠤᠨ ᠵᠤᠷᠢᠬᠵᠢᠭᠤᠯᠬᠤ ᠲᠤᠬᠳᠠᠴᠠ ᠶᠢ ᠲᠡᠬᠦᠯᠳᠡᠷᠵᠢᠬᠦᠯᠵᠤ᠂ ᠨᠡᠩ ᠤᠯᠠᠨ | ᠰᠢᠯᠢᠳᠡᠭ ᠴᠢᠳᠠᠪᠤᠷᠢᠳᠠᠨ ᠢ ᠰᠢᠨᠵᠢᠯᠡᠬᠦ ᠤᠬᠠᠭᠠᠨ ᠤ ᠰᠤᠳᠤᠯᠭᠠᠨ ᠤ ᠡᠩᠨᠡᠭᠡᠨ ᠳᠤ ᠲᠠᠳᠠᠨ ᠤᠷᠤᠭᠤᠯᠵᠤ᠂ ᠲᠠᠳᠡᠨ ᠤ | ᠴᠤᠯᠭᠤᠷᠠᠨ ᠭᠠᠷᠬᠤ ᠳᠤ ᠨᠦᠬᠦᠴᠡᠯ ᠡᠬᠦᠳᠬᠦ ᠭᠡᠷᠡᠭᠳᠠᠢ ᠭᠡᠵᠤ ᠵᠢᠭᠠᠵᠤ ᠭᠠᠷᠭᠠᠪᠠ᠃ | ᠰᠢ ᠶᠢᠨ ᠫᠢᠩ᠂ ᠡᠨᠡ ᠤᠳᠠᠭ᠎ᠠ ᠶᠢᠨ ᠬᠢᠵᠢᠭ ᠤᠨ ᠪᠠᠶᠢᠳᠠᠯ ᠭᠠᠷᠤᠬᠰᠡᠨ ᠠᠴᠠ ᠨᠠᠭᠠᠰᠢ᠂ ᠪᠢᠳᠠ ᠬᠦᠮᠦᠨ | ᠲᠦᠷᠦᠯᠬᠢᠳᠠᠨ ᠤ ᠬᠤᠪᠢ ᠵᠠᠶᠠᠭᠠᠨ ᠤ ᠬᠠᠮᠳᠤ ᠶᠢᠨ ᠴᠤᠬᠴᠠ ᠶᠢᠨ ᠤᠢᠢᠯᠠᠭᠠᠬᠳᠠᠬᠤᠨ ᠢ ᠪᠠᠷᠢᠮᠳᠠᠯᠠᠵᠤ᠂ ᠤᠯᠠᠨ | ᠤᠯᠤᠰ ᠤᠨ ᠡᠬᠦᠷᠭᠡ ᠪᠠᠨ ᠢᠳᠡᠪᠬᠢᠳᠠᠢ ᠬᠦᠢᠴᠡᠳᠭᠡᠵᠤ᠂ ᠲᠡᠯᠡᠭᠡᠢ ᠶᠢᠨ ᠡᠷᠡᠬᠦᠯ ᠬᠠᠮᠠᠭᠠᠯᠠᠯ ᠤᠨ ᠵᠤᠬᠢᠶᠠᠨ | ᠪᠠᠶᠢᠭᠤᠯᠤᠯᠳᠠ ᠪᠤᠯᠤᠨ ᠬᠤᠯᠪᠤᠬᠳᠠᠯ ᠪᠦᠬᠦᠢ ᠤᠯᠤᠰ ᠯᠤᠭ᠎ᠠ ᠨᠦᠬᠦᠷᠰᠡᠭ ᠬᠠᠮᠳᠤᠷᠠᠯᠴᠠᠭ᠎ᠠ ᠪᠠᠨ ᠨᠢᠬᠳᠠᠷᠠᠭᠤᠯᠵᠤ᠂ | ᠲᠡᠯᠡᠭᠡᠢ ᠨᠡᠶᠢᠭᠡᠮ ᠯᠦᠭᠡ ᠬᠢᠵᠢᠭ ᠤᠨ ᠪᠠᠶᠢᠳᠠᠯ ᠪᠠ ᠸᠢᠷᠦ᠋ᠰ ᠤᠨ ᠮᠡᠳᠡᠭᠡ ᠵᠠᠩᠭᠢ᠂ ᠬᠢᠵᠢᠭ ᠲᠠᠢ ᠲᠡᠮᠡᠴᠡᠭᠰᠡᠨ | ᠲᠤᠷᠰᠢᠯᠭ᠎ᠠ ᠠᠷᠭ᠎ᠠ ᠬᠢᠳᠠᠯ ᠢᠶᠠᠨ ᠰᠠᠨᠠᠭᠠᠴᠢᠯᠠᠭ᠎ᠠ ᠠᠴᠠ ᠪᠠᠨ ᠬᠤᠪᠢᠶᠠᠯᠴᠠᠵᠤ᠂ 100 ᠭᠠᠷᠤᠢ ᠤᠯᠤᠰ ᠪᠠ ᠤᠯᠠᠨ | ᠤᠯᠤᠰ ᠤᠨ ᠵᠤᠬᠢᠶᠠᠨ ᠪᠠᠶᠢᠭᠤᠯᠤᠯᠳᠠ ᠳᠤ ᠴᠢᠳᠠᠯ ᠤᠨ ᠬᠢᠷᠢ ᠪᠠᠷ ᠢᠶᠠᠨ ᠡᠳ᠋ ᠪᠤᠳᠠᠰ ᠪᠠ ᠮᠡᠷᠭᠡᠵᠢᠯ ᠤᠨ ᠲᠤᠰᠠᠯᠠᠮᠠᠵᠢ | ᠦᠵᠡᠬᠦᠯᠵᠤ᠂ ᠬᠠᠷᠢᠭᠤᠴᠠᠯᠭ᠎ᠠ ᠲᠠᠢ ᠶᠡᠭᠡ ᠤᠯᠤᠰ ᠤᠨ ᠬᠠᠷᠢᠭᠤᠴᠠᠯᠭ᠎ᠠ ᠡᠬᠦᠷᠭᠡᠯᠡᠯ ᠢ ᠢᠯᠡᠷᠡᠬᠦᠯᠪᠠ᠃ ᠪᠢᠳᠠ ᠤᠯᠠᠨ | ᠤᠯᠤᠰ ᠤᠨ ᠡᠬᠦᠷᠭᠡ ᠪᠠᠨ ᠦᠷᠬᠦᠯᠵᠢᠯᠡᠨ ᠬᠦᠢᠴᠡᠳᠭᠡᠵᠤ᠂ ᠪᠦᠬᠦ ᠪᠦᠮᠪᠦᠷᠴᠡᠭ ᠤᠨ ᠬᠢᠵᠢᠭ ᠲᠠᠢ ᠲᠡᠮᠡᠴᠡᠬᠦ ᠡᠳ᠋ | ᠪᠤᠳᠠᠰ ᠤᠨ ᠬᠠᠮᠤᠭ ᠤᠨ ᠶᠡᠭᠡ ᠬᠠᠨᠭ᠍ᠭᠠᠯᠭ᠎ᠠ ᠶᠢᠨ ᠤᠯᠤᠰ ᠤᠨ ᠦᠢᠯᠡᠳᠦᠯ ᠢᠶᠠᠨ ᠪᠠᠳᠠᠷᠠᠭᠤᠯᠵᠤ᠂ ᠬᠦᠮᠦᠨ | ᠲᠦᠷᠦᠯᠬᠢᠳᠠᠨ ᠤ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠬᠠᠮᠳᠤ ᠶᠢᠨ ᠴᠤᠬᠴᠠ ᠶᠢ ᠬᠠᠮᠳᠤ ᠪᠠᠷ ᠪᠠᠶᠢᠭᠤᠯᠬᠤ | ᠭᠡᠷᠡᠭᠳᠠᠢ ᠭᠡᠵᠤ ᠴᠢᠬᠤᠯᠠᠴᠢᠯᠠᠪᠠ᠃ | ᠳ᠋ᠢᠩ ᠰᠢᠤᠸᠠᠢ ᠰᠢᠶᠠᠩ᠂ ᠯᠢᠤ ᠾᠧ᠂ ᠰᠦᠨ ᠴᠦᠨ ᠯᠠᠨ᠂ ᠶᠠᠩ ᠵᠢᠶᠧ ᠤᠣᠢ᠂ ᠵᠠᠩ ᠶᠢᠤ ᠰᠢᠶᠠ᠂ | ᠬᠤᠸᠠᠩ ᠺᠦᠨ ᠮᠢᠩ᠂ ᠼᠠᠢ ᠴᠢ᠂ ᠸᠠᠩ ᠶᠦᠩ᠂ ᠰᠢᠶᠤᠤ ᠵᠢᠶᠧ᠂ ᠵᠤᠤ ᠺᠧ ᡁᠢ᠂ ᠾᠧ ᠯᠢ ᠹᠧᠩ ᠶᠠᠷᠢᠯᠴᠠᠬᠤ | ᠬᠤᠷᠠᠯ ᠳᠤ ᠤᠷᠤᠯᠴᠠᠵᠠᠢ᠃ | ᠲᠦᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠭᠤᠤᠯ | ᠬᠠᠷᠢᠭᠤᠴᠠᠯᠭᠠᠳᠠᠨ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ | ᠬᠤᠷᠢᠶᠠᠨ ᠤ ᠬᠠᠤᠯᠢ ᠴᠠᠭᠠᠵᠠ ᠶᠢᠨ ᠠᠵᠢᠯ ᠤᠨ ᠵᠦᠪᠯᠡᠯ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ | ᠠᠯᠪᠡᠨ ᠲᠢᠩᠭᠢᠮ ᠤᠨ ᠭᠤᠤᠯ ᠬᠠᠷᠢᠭᠤᠴᠠᠯᠭᠠᠳᠠᠨ᠂ ᠲᠤᠰᠬᠠᠢ ᠮᠡᠷᠭᠡᠵᠢᠯᠳᠠᠨ ᠡᠷᠳᠡᠮᠳᠠᠳ ᠤᠨ ᠲᠦᠯᠦᠭᠡᠯᠡᠭᠴᠢ | ᠶᠠᠷᠢᠯᠴᠠᠬᠤ ᠬᠤᠷᠠᠯ ᠳᠤ ᠤᠷᠤᠯᠴᠠᠵᠠᠢ᠃ | | |