ᠦᠪᠣᠷ ᠵᠠᠰᠠᠭ ᠠᠯᠪᠡᠨ ᠳᠠᠷᠬᠠᠭᠠᠭᠰᠠᠨ ﹇2020﹈ 6 ᠳ᠋ᠣᠭᠠᠷ ᠲᠣᠭᠠᠳᠣ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠥᠨᠳᠥᠷ ᠥᠷᠲᠡᠭᠲᠦ | ᠬᠤᠷᠣᠭᠳᠠᠯ ᠮᠠᠲ᠋ᠧᠷᠢᠶᠠᠯ ᠢ ᠵᠠᠰᠠᠬᠤ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾ ᠢ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠨ ᠨᠠᠷ ᠲᠤ ᠳᠠᠷᠤᠮᠠᠯᠯᠠᠨ ᠶᠠᠪᠤᠭᠤᠯᠤᠯ᠎ᠠ᠂ | ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠣᠭᠤᠰᠢᠯᠠᠭᠤᠯᠣᠨ ᠨᠠᠶᠢᠳᠠᠪᠤᠷᠢᠵᠢᠭᠤᠯᠲᠤᠭᠠᠶ᠃ | 2020 ᠣᠨ ᠤ 4 ᠳ᠋ᠣᠭᠡᠷ ᠰᠠᠷ᠎ᠠ ᠶᠢᠨ 11 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ | ᠮᠠᠲ᠋ᠧᠷᠢᠶᠠᠯ ᠢ ᠵᠠᠰᠠᠬᠤ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ | | | ︽ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠢ ᠵᠠᠰᠠᠬᠤ ᠥᠭᠡᠷᠡᠴᠢᠯᠡᠯᠲᠡ ᠶᠢᠨ | ᠲᠦᠰᠣᠯ ᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ | ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2019﹈ 37 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ | ᠲᠣᠭᠤᠰᠢᠯᠠᠭᠤᠯᠣᠨ ᠨᠠᠶᠢᠳᠠᠪᠤᠷᠢᠵᠢᠭᠤᠯᠵᠣ᠂ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠤᠨ | ᠦᠨ᠎ᠡ ᠬᠠᠩᠰᠢ ᠬᠡᠢ ᠥᠨᠳᠥᠷ ᠪᠠᠶᠢᠭ᠎ᠠ ᠪᠠ ᠬᠡᠲᠦᠷᠡᠲᠡᠯ᠎ᠡ ᠬᠡᠷᠡᠭᠯᠡᠵᠣ ᠪᠠᠶᠢᠭ᠎ᠠ ᠵᠡᠷᠭᠡ ᠣᠯᠠᠨ ᠲᠦᠮᠡᠨ ᠤ ᠲᠤᠰᠬᠠᠯ | ᠴᠢᠩᠭ᠎ᠠ᠂ ᠨᠡᠶᠢᠭᠡᠮ ᠤᠨ ᠠᠩᠬᠠᠷᠤᠯ ᠤᠨ ᠬᠡᠮᠵᠢᠶ᠎ᠡ ᠶᠡᠭᠡ ᠪᠠᠶᠢᠬᠤ ᠲᠣᠪᠣᠶᠢᠮ᠎ᠠ ᠠᠰᠠᠭᠤᠳᠠᠯ ᠢ ᠪᠥᠬᠦ ᠲᠠᠯ᠎ᠠ ᠪᠠᠷ | ᠭᠦᠨᠵᠡᠭᠡᠢ ᠵᠠᠰᠠᠵᠤ᠂ ᠡᠮᠴᠢᠯᠡᠭᠡᠨ ᠤ ᠦᠶᠯᠡᠴᠢᠯᠡᠭᠦ ᠠᠵᠢᠯᠯᠠᠭ᠎ᠠ ᠶᠢ ᠵᠢᠷᠤᠮᠵᠢᠭᠤᠯᠤᠨ᠂ ᠡᠮᠴᠢᠯᠡᠭᠡᠨ ᠤ ᠵᠠᠷᠤᠳᠠᠯ ᠤᠨ | ᠵᠦᠶ ᠵᠣᠬᠢᠰ ᠥᠬᠡᠶ ᠪᠠᠷ ᠨᠡᠮᠡᠭᠳᠡᠬᠦ ᠶᠢ ᠬᠢᠵᠠᠭᠠᠷᠯᠠᠵᠤ᠂ ᠠᠷᠠᠳ ᠣᠯᠠᠨ ᠤ ᠡᠷᠡᠭᠦᠯ ᠮᠡᠨᠳᠦ ᠶᠢᠨ ᠡᠷᠬᠡ ᠠᠰᠢᠭ ᠢ | ᠬᠠᠮᠠᠭᠠᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠳᠠᠢ ᠲᠠᠢ ᠤᠶᠠᠯᠳᠤᠭᠤᠯᠤᠨ᠂ ᠲᠣᠰ ᠲᠥᠰᠦᠯ ᠢ | ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠣᠨ᠂ ᠠᠷᠠᠳ ᠲᠦᠮᠡᠨ ᠢᠶᠠᠷ ᠭᠤᠤᠯ ᠪᠣᠯᠭᠠᠬᠤ | ᠦᠵᠡᠯ ᠰᠠᠨᠠᠭ᠎ᠠ ᠶᠢ ᠪᠠᠲᠤ ᠪᠣᠶ ᠪᠣᠯᠭᠠᠵᠤ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ᠂ | ᠲᠦᠷᠢᠮ ᠤᠨ ᠬᠠᠮᠢᠶᠠᠷᠤᠯᠲᠠ ᠶᠢ ᠰᠢᠯᠢᠳᠡᠭᠵᠢᠭᠦᠯᠬᠦ᠂ ᠠᠷᠭ᠎ᠠ ᠬᠡᠯᠪᠡᠷᠢ ᠳᠤ ᠰᠢᠨ᠎ᠠ ᠶᠢ ᠡᠭᠦᠣᠡᠭᠦ ᠪᠠᠷ ᠳᠠᠮᠵᠢᠭᠤᠯᠤᠨ᠂ | ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢᠨ ᠰᠢᠰᠲ᠋ᠧᠮᠵᠢ ᠶᠢ ᠤᠯᠠᠮ | ᠨᠢᠭᠡ ᠠᠯᠬᠤᠮ ᠰᠢᠯᠤᠭᠤᠳᠬᠠᠵᠤ᠂ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠤᠨ ᠪᠥᠬᠦ | ᠶᠠᠪᠤᠴᠠ ᠳᠠᠬᠢ ᠬᠢᠨᠠᠯᠲᠠ ᠬᠠᠮᠢᠶᠠᠷᠣᠯᠳᠠ ᠶᠢ ᠴᠢᠩᠭᠠᠳᠬᠠᠵᠤ᠂ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ | ᠮᠠᠲ᠋ᠧᠷᠢᠶᠠᠯ ᠤᠨ ᠵᠠᠬ᠎ᠠ ᠳᠡᠯᠭᠡᠭᠦᠷ ᠤᠨ ᠣᠷᠴᠢᠨ ᠪᠠ ᠡᠮᠴᠢᠯᠡᠭᠡᠨ ᠤ ᠦᠶᠯᠡᠴᠢᠯᠡᠭᠦ ᠠᠵᠢᠯ ᠡᠷᠭᠢᠯᠡᠬᠦ ᠣᠷᠴᠢᠨ ᠢ | ᠴᠡᠪᠡᠷᠰᠢᠭᠦᠯᠣᠨ᠂ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠥᠮᠴᠢᠯᠡᠯ ᠤᠨ ᠡᠷᠬᠡ ᠲᠠᠢ ᠤᠯᠤᠰ ᠲᠤ ᠪᠠᠨ | ᠦᠶᠯᠡᠳᠪᠦᠷᠢᠯᠡᠭᠰᠡᠨ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠤᠨ ᠭᠤᠣᠯᠯᠠᠭᠴᠢ ᠥᠷᠢᠰᠦᠯᠳᠦᠬᠦ | ᠬᠦᠴᠦᠨ ᠢᠶᠠᠨ ᠳᠡᠭᠡᠭᠰᠢᠯᠡᠭᠦᠯᠭᠦ ᠶᠢ ᠳᠡᠮᠵᠢᠵᠣ᠂ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠤᠨ | ᠶᠠᠰᠤ ᠴᠢᠨᠠᠷ ᠨᠢ ᠨᠠᠶᠢᠳᠠᠪᠤᠷᠢᠲᠠᠶ᠂ ᠭᠦᠶᠯᠭᠡᠭᠡᠨ ᠨᠢ ᠲᠦᠷᠭᠡᠨ᠂ ᠦᠨ᠎ᠡ ᠬᠠᠩᠰᠢ ᠨᠢ ᠵᠦᠶ ᠵᠣᠬᠢᠰᠲᠠᠶ᠂ ᠬᠡᠷᠡᠭᠯᠡᠭᠦ | ᠳᠤ ᠵᠢᠷᠤᠮᠵᠢᠯ ᠲᠠᠢ᠂ ᠬᠠᠮᠢᠶᠠᠷᠤᠯᠲᠠ ᠨᠢ ᠡᠮᠬᠢ ᠵᠢᠷᠤᠮ ᠲᠠᠢ ᠵᠠᠰᠠᠯᠲᠠ ᠶᠢᠨ ᠪᠠᠶᠢᠷᠢᠰᠢᠯ ᠢ ᠠᠬᠢᠭᠤᠯᠣᠨ | ᠪᠦᠷᠢᠯᠳᠦᠭᠦᠯᠵᠣ᠂ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠤᠨ ᠠᠵᠢᠯ ᠲᠥᠷᠥᠯ ᠤᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠣᠨ᠂ ᠠᠷᠠᠳ ᠣᠯᠠᠨ ᠤ ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ ᠤᠯᠠᠮ | ᠨᠢᠭᠡ ᠠᠯᠬᠤᠮ ᠬᠥᠩᠭᠡᠷᠡᠭᠦᠯᠦᠨ᠎ᠡ᠃ | ᠬᠤᠶᠠᠷ᠂ ᠦᠨᠳᠦᠰᠦᠨ ᠵᠠᠷᠴᠢᠮ | ︵ᠨᠢᠭᠡ︶ ᠭᠤᠤᠯᠳᠠᠯᠭ᠎ᠠ ᠶᠢ ᠳᠣᠪᠤᠶᠢᠯᠭᠠᠨ᠎ᠠ᠃ ᠤᠯᠤᠰ ᠠᠴᠠ ᠲᠣᠳᠣᠷᠬᠠᠶ ᠲᠣᠭᠲᠠᠭᠠᠭᠰᠠᠨ ᠡᠮᠴᠢᠯᠡᠭᠡᠨ ᠤ | ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠢ ᠵᠠᠰᠠᠬᠤ ᠬᠡᠪᠴᠢᠶ᠎ᠡ ᠶᠣᠰᠣᠭᠠᠷ᠂ ᠡᠮᠴᠢᠯᠡᠭᠡᠨ ᠳᠤ ᠬᠡᠷᠩᠯᠡᠭᠦ | ᠬᠡᠮᠵᠢᠶ᠎ᠡ ᠨᠢ ᠶᠡᠭᠡ᠂ ᠨᠢᠭᠡᠴᠢ ᠶᠢᠨ ᠦᠨ᠎ᠡ ᠨᠢ ᠬᠠᠷᠢᠴᠠᠩᠭᠤᠢ ᠨᠡᠯᠢᠶᠡᠳ ᠥᠨᠳᠥᠷ᠂ ᠵᠠᠬ᠎ᠠ ᠳᠡᠯᠭᠡᠭᠦᠷ ᠤᠨ | ᠥᠷᠢᠰᠥᠯᠳᠦᠭᠡᠨ ᠢᠶᠠᠷ ᠬᠠᠷᠢᠴᠠᠩᠭᠤᠶ ᠭᠦᠶᠴᠡᠳ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠢᠶᠠᠷ | ᠭᠤᠤᠯᠳᠠᠯᠭ᠎ᠠ ᠪᠣᠯᠭᠠᠨ ᠪᠦᠬᠦ ᠲᠠᠯ᠎ᠠ ᠪᠠᠷ ᠭᠦᠨᠵᠡᠭᠡᠶ ᠵᠠᠰᠠᠬᠤ ᠠᠵᠢᠯ ᠢ ᠥᠷᠨᠢᠭᠦᠯᠦᠨ᠎ᠡ᠃ | ︵ᠬᠤᠶᠠᠷ︶ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠣᠨ᠎ᠠ᠃ ᠡᠮᠴᠢᠯᠡᠭᠡᠨ ᠤ ᠥᠨᠳᠥᠷ | ᠥᠷᠲᠡᠭᠲᠦ ᠬᠤᠷᠣᠭᠳᠠᠯ ᠮᠠᠲ᠋ᠧᠷᠢᠶᠠᠯ ᠦᠶᠯᠡᠳᠪᠦᠷᠢᠯᠡᠭᠦ᠂ ᠭᠦᠶᠯᠭᠡᠭᠡᠭᠦ᠂ ᠬᠤᠳᠠᠯᠳᠤᠨ ᠠᠪᠬᠤ᠂ ᠬᠡᠷᠡᠭᠯᠡᠬᠦ᠂ | ᠲᠣᠭᠠᠴᠠᠯᠠᠨ ᠥᠭᠬᠦ ᠪᠠ ᠬᠢᠨᠠᠨ ᠬᠠᠮᠢᠶᠠᠷᠬᠤ ᠵᠡᠷᠭᠡ ᠡᠯ᠎ᠡ ᠭᠤᠭᠴᠤᠭ᠎ᠠ᠂ ᠡᠯ᠎ᠡ ᠬᠦᠷᠢᠶ᠎ᠠ ᠴᠠᠷᠠᠭᠠᠨ ᠳᠤ ᠣᠷᠣᠰᠢᠵᠤ | ᠪᠠᠶᠢᠭ᠎ᠠ ᠲᠣᠪᠤᠶᠢᠮ᠎ᠠ ᠠᠰᠠᠭᠤᠳᠠᠯ ᠳᠤ ᠴᠢᠭᠯᠡᠭᠦᠯᠦᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠩᠵᠢᠭᠦᠯᠵᠣ᠂ | ᠰᠢᠯᠤᠭᠤᠳᠬᠠᠬᠤ ᠪᠠ ᠬᠤᠷᠢᠭᠯᠠᠬᠤ ᠶᠢ ᠵᠡᠷᠭᠡ ᠪᠠᠷ ᠠᠳᠬᠤᠵᠤ᠂ ᠬᠦᠴᠦ ᠪᠠᠨ ᠬᠠᠮᠲᠤᠳᠬᠠᠨ ᠵᠠᠰᠠᠨ᠎ᠠ᠃ | ︵ᠭᠤᠷᠪᠠ︶ ᠢᠳᠡᠪᠬᠢᠲᠡᠢ ᠪᠥᠭᠡᠳ ᠯᠠᠪᠳᠠᠭᠤᠨ ᠢᠶᠠᠷ ᠶᠠᠪᠣᠭᠳᠠᠭᠤᠯᠣᠨ᠎ᠠ᠃ ᠡᠮᠴᠢᠯᠡᠭᠡᠨ ᠤ ᠥᠨᠳᠥᠷ | ᠥᠷᠲᠡᠭᠲᠦ ᠬᠤᠷᠣᠭᠳᠠᠯ ᠮᠠᠲ᠋ᠧᠷᠢᠶᠠᠯ ᠤᠨ ᠬᠡᠪ ᠪᠠᠷᠢᠮᠵᠢᠶ᠎ᠠ ᠪᠠ ᠲᠦᠷᠣᠯ ᠵᠦᠶᠯ ᠨᠢ ᠣᠯᠠᠨ᠂ ᠶᠠᠰᠤ ᠴᠢᠨᠠᠷ ᠪᠠ | ᠦᠨ᠎ᠡ ᠬᠠᠩᠰᠢ ᠶᠢᠨ ᠵᠥᠷᠢᠶ᠎ᠡ ᠨᠢ ᠶᠡᠭᠡ ᠪᠣᠯᠬᠤᠷ ᠦᠶᠯᠡᠳᠬᠦᠨ ᠤ ᠴᠢᠳᠠᠮᠵᠢ ᠪᠠ ᠬᠡᠷᠡᠭᠯᠡᠬᠦ ᠬᠡᠪᠴᠢᠶ᠎ᠠ ᠶᠢ ᠢᠯᠭᠠᠨ | ᠬᠤᠪᠢᠶᠠᠵᠣ᠂ ᠲᠤᠷᠰᠢᠯᠲᠠ ᠶᠢᠨ ᠴᠡᠭ ᠤᠨ ᠭᠠᠵᠠᠷ ᠣᠷᠣᠨ ᠪᠠ ᠵᠣᠬᠢᠬᠤ ᠦᠶᠯᠡᠳᠬᠦᠨ ᠢ ᠵᠣᠬᠢᠰᠲᠠᠶ ᠰᠣᠩᠭᠤᠨ᠂ | ᠲᠤᠷᠰᠢᠯᠲᠠ ᠶᠢᠨ ᠴᠡᠭ ᠲᠤ ᠣᠷᠢᠣᠨ ᠢᠶᠠᠷ ᠬᠡᠷᠩᠵᠢᠭᠦᠯᠣᠨ ᠠᠯᠬᠤᠮ ᠠᠯᠬᠤᠮ ᠢᠶᠠᠷ ᠳᠡᠯᠭᠡᠷᠡᠭᠦᠯᠵᠦ ᠯᠠᠪᠳᠠᠭᠤᠨ ᠢᠶᠠᠷ | ᠵᠠᠰᠠᠨ᠎ᠠ᠃ | ︵ᠳᠥᠷᠪᠡ︶ ᠪᠣᠳᠠᠲᠠᠶ ᠶᠢ ᠡᠷᠬᠢᠮᠯᠡᠨ ᠥᠨᠳᠥᠷ ᠦᠷ᠎ᠡ ᠪᠦᠲᠦᠮᠵᠢᠲᠡᠶ ᠪᠣᠯᠭᠠᠨ᠎ᠠ᠃ ᠠᠰᠠᠭᠤᠳᠠᠯ ᠪᠠ ᠦᠷ᠎ᠡ | ᠳ᠋ᠦᠩ ᠬᠤᠶᠠᠷ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠠᠵᠠᠷ ᠣᠷᠣᠨ ᠤ ᠪᠣᠳᠠᠲᠤ ᠪᠠᠶᠢᠳᠠᠯ ᠪᠠ | ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠲᠠᠢ ᠤᠶᠠᠯᠳᠤᠭᠤᠯᠤᠨ᠂ ᠰᠢᠨᠵᠢᠯᠡᠬᠦ ᠤᠬᠠᠭᠠᠨᠴᠢ ᠪᠠᠷ ᠰᠢᠢᠣᠡᠪᠣᠷᠢᠳᠣ | ᠪᠣᠳᠣᠯᠭ᠎ᠠ ᠲᠣᠭᠲᠠᠭᠠᠨ ᠪᠦᠲᠦᠮᠵᠢᠲᠡᠶ ᠵᠠᠰᠠᠵᠣ᠂ ᠡᠯ᠎ᠡ ᠲᠠᠯ᠎ᠠ ᠶᠢᠨ ᠬᠢᠨ ᠤ ᠵᠠᠰᠠᠯᠲᠠ ᠳᠤ ᠣᠷᠣᠯᠴᠠᠬᠤ ᠢᠳᠡᠪᠬᠢᠵᠢᠯ᠂ | ᠰᠠᠨᠠᠭᠠᠴᠢᠯᠠᠭᠠᠲᠤ ᠴᠢᠨᠠᠷ ᠢ ᠭᠦᠶᠴᠡᠳ ᠳᠠᠶᠢᠴᠢᠯᠠᠵᠤ᠂ ᠬᠠᠮᠳᠣ ᠪᠠᠷ ᠵᠠᠰᠠᠵᠤ ᠬᠠᠮᠳᠣ ᠪᠠᠷ ᠭᠦᠷᠳᠡᠭᠦ ᠶᠢ ᠴᠢᠷᠮᠠᠶᠢᠨ | ᠪᠡᠶᠡᠯᠡᠭᠦᠯᠦᠨ᠎ᠡ᠃ | ᠭᠤᠷᠪᠠ᠂ ᠭᠤᠤᠯ ᠡᠭᠦᠷᠭᠡ | ︵ᠨᠢᠭᠡ︶ ᠦᠨ᠎ᠡ ᠬᠠᠩᠰᠢ ᠪᠦᠷᠢᠯᠳᠣᠭᠦ ᠲᠣᠭᠲᠠᠴᠠ ᠶᠢ ᠲᠡᠭᠦᠯᠳᠡᠷᠵᠢᠭᠦᠯᠵᠦ᠂ ᠬᠡᠢ ᠥᠨᠳᠥᠷ ᠪᠣᠯᠣᠭᠰᠠᠨ | ᠦᠨ᠎ᠡ ᠬᠠᠩᠰᠢ ᠶᠢ ᠪᠠᠭᠤᠷᠠᠭᠤᠯᠤᠨ᠎ᠠ᠃ | 1. ᠺᠣᠳ᠋ ᠤᠨ ᠰᠢᠰᠲ᠋ᠧᠮᠵᠢ ᠪᠠ ᠮᠡᠳᠡᠭᠡ ᠵᠠᠩᠭᠢ ᠶᠢᠨ ᠲᠠᠪᠴᠠᠩ ᠢ ᠨᠢᠭᠡᠳᠬᠡᠨ᠎ᠡ᠃ ᠡᠮᠴᠢᠯᠡᠭᠡᠨ ᠤ ᠥᠨᠳᠥᠷ | ᠥᠷᠲᠡᠭᠲᠦ ᠬᠤᠷᠣᠭᠳᠠᠯ ᠮᠠᠲ᠋ᠧᠷᠢᠶᠠᠯ ᠤᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠵᠤ᠂ ᠨᠢᠭᠡᠴᠢ ᠶᠢᠨ ᠦᠨ᠎ᠡ | ᠪᠠ ᠡᠬᠢ ᠪᠠᠶᠠᠯᠢᠭ ᠤᠨ ᠬᠤᠷᠣᠭᠳᠠᠯ ᠤᠨ ᠡᠵᠡᠯᠡᠬᠦ ᠬᠠᠷᠢᠴᠠᠯ ᠢᠶᠠᠷ ᠬᠠᠷᠢᠴᠠᠩᠭᠤᠶ ᠨᠡᠯᠢᠶᠠᠣᠨ ᠦᠨᠳᠣᠷ ᠪᠠᠶᠢᠭ᠎ᠠ | ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠳᠤ ᠵᠠᠰᠠᠬᠤ ᠡᠷᠴᠢᠮ ᠢ ᠭᠤᠤᠯᠳᠠᠯᠭ᠎ᠠ ᠲᠠᠢ | ᠴᠢᠩᠭᠠᠷᠠᠭᠤᠯᠣᠨ᠂ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠢ ᠵᠦᠶ ᠵᠣᠬᠢᠰ ᠥᠬᠡᠶ | ᠬᠡᠷᠡᠭᠯᠡᠬᠦ ᠶᠢ ᠨᠢ ᠬᠤᠷᠢᠭᠯᠠᠨ᠎ᠠ᠃ ᠤᠯᠤᠰ ᠤᠨ ︽ᠡᠮᠴᠢᠯᠡᠭᠡᠨ ᠤ ᠪᠠᠭᠠᠵᠢ ᠬᠡᠷᠡᠭᠰᠡᠯ ᠤᠨ ᠴᠣᠷ ᠤᠨ ᠭᠠᠭᠴᠠ ᠢᠯᠭᠠᠨ | ᠳᠠᠨᠢᠬᠤ ᠲᠡᠮᠳᠡᠭ ᠤᠨ ᠰᠢᠰᠲ᠋ᠧᠮ ᠤᠨ ᠲᠦᠷᠢᠮ︾ ᠵᠢᠴᠢ ᠲᠥᠷᠥᠯ ᠬᠤᠪᠢᠶᠠᠨ ᠬᠡᠷᠡᠭᠵᠢᠭᠦᠯᠬᠦ ᠪᠣᠳᠠᠲᠠᠶ ᠠᠯᠬᠤᠮ | ᠳᠠᠷᠠᠭ᠎ᠠ ᠶᠣᠰᠣᠭᠠᠷ᠂ ᠡᠮᠴᠢᠯᠡᠭᠡᠨ ᠤ ᠦᠨᠳᠣᠷ ᠥᠷᠲᠡᠭᠲᠦ ᠬᠤᠷᠣᠭᠳᠠᠯ ᠮᠠᠲ᠋ᠧᠷᠢᠶᠠᠯ ᠤᠨ ᠬᠠᠮᠢᠶ᠎ᠠ ᠪᠥᠬᠦᠶ | ᠳᠠᠩᠰᠠᠯᠠᠭᠤᠯᠤᠭᠴᠢ ᠶᠢᠨ ᠺᠣᠳ᠋ ᠣᠯᠭᠤᠬᠤ᠂ ᠳ᠋ᠠᠶᠢᠲᠨ ᠶᠢ ᠳᠡᠭᠡᠭᠰᠢ ᠳᠠᠮᠵᠢᠭᠤᠯᠬᠤ ᠪᠠ ᠬᠠᠮᠠᠭᠠᠯᠠᠬᠤ ᠵᠡᠷᠭᠡ ᠠᠵᠢᠯ | ᠥᠷᠨᠢᠭᠦᠯᠬᠦ ᠶᠢ ᠠᠬᠢᠭᠤᠯᠣᠨ᠎ᠠ᠃ ᠪᠥᠬᠦ ᠤᠯᠤᠰ ᠤᠨ ᠨᠢᠭᠡᠳᠦᠯᠲᠡᠶ ᠡᠮᠴᠢᠯᠡᠭᠡᠨ ᠤ ᠳᠠᠭᠠᠳᠬᠠᠯ ᠤᠨ ᠡᠮᠴᠢᠯᠡᠭᠡᠨ ᠤ | ᠬᠤᠷᠣᠭᠳᠠᠯ ᠮᠠᠲ᠋ᠧᠷᠢᠶᠠᠯ ᠤᠨ ᠲᠦᠷᠦᠯ ᠠᠩᠬᠢᠯᠠᠯ ᠪᠠ ᠺᠤᠳ᠋ ᠢ ᠬᠡᠷᠡᠭᠵᠢᠭᠦᠯᠵᠦ᠂ ᠡᠮᠴᠢᠯᠡᠭᠡᠨ ᠳᠤ ᠬᠡᠷᠩᠯᠡᠭᠦ ᠥᠨᠳᠥᠷ | ᠥᠷᠲᠡᠭᠲᠦ ᠬᠤᠷᠣᠭᠳᠠᠯ ᠮᠠᠲ᠋ᠧᠷᠢᠶᠠᠯ ᠤᠨ ᠳᠠᠩᠰᠠᠯᠠᠬᠤ᠂ ᠬᠤᠳᠠᠯᠳᠤᠨ ᠠᠪᠬᠤ᠂ ᠬᠡᠷᠡᠭᠯᠡᠬᠦ ᠵᠡᠷᠭᠡ ᠭᠤᠭᠴᠣᠭᠠᠨ ᠳᠤ | ᠵᠢᠷᠣᠮᠵᠢᠭᠰᠠᠨ ᠺᠣᠳ᠋ ᠢ ᠵᠣᠯᠭᠠᠭᠤᠯᠤᠨ ᠬᠡᠷᠡᠭᠯᠡᠬᠦ ᠶᠢ ᠨᠢ ᠰᠦᠪᠡᠭᠴᠢᠯᠡᠨ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ | ᠣᠷᠣᠨ ᠤ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢ ᠬᠢᠨᠠᠨ ᠰᠢᠨᠵᠢᠬᠦ | ᠪᠠ ᠲᠥᠪᠯᠡᠷᠡᠭᠦᠯᠵᠣ ᠬᠤᠳᠠᠯᠳᠤᠨ ᠠᠪᠬᠤ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠣ᠂ ᠪᠦᠷᠢᠳᠬᠡᠨ ᠵᠠᠳᠠᠯᠬᠤ ᠶᠢ | ᠴᠢᠩᠭᠠᠳᠬᠠᠨ᠂ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠶᠢ ᠬᠢᠨᠠᠨ ᠬᠠᠷᠭᠤᠭᠤᠯᠬᠤ ᠲᠠᠪᠴᠠᠩ ᠯᠤᠭ᠎ᠠ | ᠬᠠᠷᠢᠯᠴᠠᠨ ᠬᠤᠯᠪᠣᠵᠣ ᠬᠠᠷᠢᠯᠴᠠᠨ ᠨᠡᠪᠲᠡᠷᠡᠯᠴᠡᠭᠦᠯᠭᠦ ᠶᠢ ᠰᠠᠶᠢᠲᠤᠷ ᠬᠢᠨ᠎ᠠ᠃ ᠰᠠᠯᠠᠭ᠎ᠠ ᠮᠥᠴᠢᠷ ᠤᠨ | ᠬᠤᠭᠤᠷᠣᠨᠳᠣᠬᠢ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢᠨ ᠮᠡᠳᠡᠭᠡ | ᠵᠠᠩᠭᠢ ᠶᠢ ᠬᠠᠮᠳᠣ ᠪᠠᠷ ᠬᠦᠷᠳᠡᠭᠦ ᠪᠠ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠬᠤᠳᠠᠯᠳᠤᠨ | ᠠᠪᠬᠤ ᠪᠠ ᠪᠣᠷᠣᠯᠠᠭᠤᠯᠬᠤ ᠦᠨ᠎ᠡ ᠬᠠᠩᠰᠢ ᠶᠢᠨ ᠮᠡᠳᠡᠭᠡ ᠵᠠᠩᠭᠢ ᠳᠤ ᠬᠢᠨᠠᠨ ᠰᠢᠨᠵᠢᠭᠦ ᠶᠢ ᠴᠢᠩᠭᠠᠷᠠᠭᠤᠯᠣᠨ᠎ᠠ᠃ | ︵ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮᠴᠢᠯᠡᠭᠡᠨ ᠤ ᠳᠠᠭᠠᠣᠡᠬᠠᠯ | ᠤᠨ ᠲᠣᠪᠴᠢᠶ᠎ᠠ᠂ ᠡᠮ ᠤᠨ ᠵᠦᠶᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠵᠤ ᠦᠶᠯᠡᠳᠪᠦᠷᠢ ᠪᠠ ᠮᠡᠳᠡᠭᠡ | ᠵᠠᠩᠭᠢᠴᠢᠯᠠᠯᠳᠠ ᠶᠢᠨ ᠲᠢᠩᠬᠢᠮ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠲᠣᠰ ᠲᠣᠰ ᠬᠠᠷᠢᠭᠤᠴᠠᠨ᠎ᠠ᠃ | ᠳᠠᠷᠠᠭᠠᠴᠢ ᠶᠢᠨ ᠵᠢᠭᠰᠠᠭᠠᠯᠳᠠ ᠳᠤ ᠲᠤᠰ ᠲᠤᠰ ᠢᠶᠠᠷ ᠨᠢ ᠬᠠᠷᠢᠭᠤᠴᠠᠬᠤ ᠶᠢ ᠲᠣᠳᠣᠷᠬᠠᠶᠢᠯᠠᠭᠰᠠᠨ ᠦᠭᠡᠢ ᠪᠠᠶᠢᠪᠠᠯ᠂ | ᠨᠢᠭᠡᠳᠣᠭᠡᠷ ᠲᠤ ᠵᠢᠭᠰᠠᠭᠠᠭᠳᠠᠭᠰᠠᠨ ᠨᠢ ᠲᠦᠷᠦᠭᠦᠯᠡᠨ ᠬᠢᠭᠦ ᠰᠠᠯᠠᠭ᠎ᠠ ᠮᠥᠴᠢᠷ ᠪᠣᠯᠣᠨ᠎ᠠ︶ | 2.ᠡᠮᠴᠢᠯᠡᠭᠡᠨ ᠤ ᠳᠠᠭᠠᠳᠬᠠᠯ ᠤᠨ ᠵᠥᠪᠰᠢᠶᠡᠷᠡᠨ ᠣᠷᠣᠭᠤᠯᠬᠤ ᠪᠠ ᠭᠠᠷᠴᠠᠭ ᠤᠨ ᠬᠥᠳᠡᠯᠦᠩᠭᠦᠶ | ᠬᠠᠮᠢᠶᠠᠷᠤᠯᠲᠠ ᠶᠢ ᠬᠡᠷᠩᠵᠢᠭᠦᠯᠣᠨ᠎ᠠ᠃ ᠤᠯᠤᠰ ᠤᠨ ᠡᠮᠴᠢᠯᠡᠭᠡᠨ ᠤ ᠳᠠᠭᠠᠳᠬᠠᠯ ᠳᠤ ᠵᠥᠪᠰᠢᠶᠡᠷᠡᠨ ᠣᠷᠣᠭᠤᠯᠬᠤ | ᠬᠠᠮᠢᠶᠠᠷᠤᠯᠲᠠ ᠶᠢᠨ ᠬᠤᠯᠪᠣᠭᠳᠠᠯ ᠪᠥᠬᠦᠶ ᠲᠣᠭᠳᠠᠭᠠᠯ ᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ | ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠤᠨ ᠦᠨᠳᠦᠰᠦᠨ ᠡᠮᠴᠢᠯᠡᠭᠡᠨ ᠤ ᠳᠠᠭᠠᠳᠬᠠᠯ ᠳᠤ | ᠵᠥᠪᠰᠢᠶᠡᠷᠡᠨ ᠣᠷᠣᠭᠤᠯᠬᠤ ᠲᠦᠷᠢᠮ ᠢ ᠠᠯᠬᠤᠮ ᠠᠯᠬᠤᠮ ᠢᠶᠠᠷ ᠪᠠᠶᠢᠭᠤᠯᠣᠨ᠂ ᠡᠮᠴᠢᠯᠡᠭᠡᠨ ᠤ ᠥᠨᠳᠥᠷ ᠥᠷᠲᠡᠭᠲᠦ | ᠬᠤᠷᠣᠭᠳᠠᠯ ᠮᠠᠲ᠋ᠧᠷᠢᠶᠠᠯ ᠳᠤ ᠭᠠᠷᠴᠠᠭ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ | ᠡᠮᠴᠢᠯᠡᠭᠡᠨ ᠤ ᠦᠶᠯᠡᠴᠢᠯᠡᠭᠡᠨ ᠤ ᠦᠨ᠎ᠡ ᠬᠠᠩᠰᠢ ᠶᠢᠨ ᠲᠥᠷᠥᠯ ᠵᠦᠶᠯ ᠤᠨ ᠵᠢᠷᠣᠮᠵᠢᠯ ᠳᠤ ᠬᠠᠷᠢᠶᠠᠯᠠᠭᠳᠠᠬᠤ | ᠲᠤᠰᠠᠭᠠᠷ ᠰᠦᠶᠳᠬᠡᠯ ᠬᠤᠷᠢᠶᠠᠵᠤ ᠪᠣᠯᠬᠤ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠨᠢ | ᠡᠮᠴᠢᠯᠡᠭᠡᠨ ᠳᠤ ᠵᠠᠪᠠᠯ ᠱᠠᠭᠠᠷᠳᠠᠭᠳᠠᠬᠤ᠂ ᠠᠮᠤᠷ ᠲᠦᠪᠰᠢᠨ ᠪᠥᠭᠡᠳ ᠪᠦᠳᠣᠮᠵᠢᠳᠠᠢ᠂ ᠵᠠᠷᠤᠳᠠᠯ ᠨᠢ ᠲᠣᠬᠢᠷᠠᠮᠵᠢᠲᠠᠶ | ᠵᠡᠷᠭᠡ ᠨᠥᠬᠦᠴᠡᠯ ᠳᠤ ᠨᠡᠶᠢᠴᠡᠪᠡᠯ᠂ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ | ᠣᠷᠣᠭᠤᠯᠤᠨ᠎ᠠ᠃ ᠡᠮᠴᠢᠯᠡᠭᠡᠨ ᠤ ᠳᠠᠭᠠᠳᠬᠠᠯ ᠳᠤ ᠵᠥᠪᠰᠢᠶᠡᠷᠡᠨ ᠣᠷᠣᠭᠤᠯᠬᠤ ᠬᠥᠳᠡᠯᠦᠩᠭᠦᠶ ᠲᠣᠬᠢᠷᠠᠭᠤᠯᠤᠯᠲᠠ ᠶᠢᠨ | ᠲᠣᠭᠲᠠᠴᠠ ᠶᠢ ᠪᠠᠶᠢᠭᠤᠯᠵᠣ᠂ ᠴᠢᠬᠤᠯᠠ ᠪᠦᠬᠦᠢ ᠰᠢᠨ᠎ᠡ ᠮᠡᠷᠭᠡᠵᠢᠯ ᠤᠨ ᠦᠶᠯᠡᠳᠬᠦᠨ ᠢ ᠴᠠᠭ ᠲᠤᠬᠠᠶ ᠳᠤ ᠨᠢ | ᠨᠥᠬᠦᠪᠥᠷᠢᠯᠡᠨ᠂ ᠡᠮᠴᠢᠯᠡᠭᠡᠨ ᠳᠤ ᠲᠣᠬᠢᠷᠠᠬᠤ ᠦᠭᠡᠢ ᠦᠶᠯᠡᠳᠬᠦᠨ ᠢ ᠪᠤᠴᠠᠭᠠᠨ ᠭᠠᠷᠭᠠᠨ᠎ᠠ᠃ ᠡᠮᠴᠢᠯᠡᠭᠡᠨ ᠤ | ᠳᠠᠭᠠᠳᠬᠠᠯ ᠳᠤ ᠣᠷᠣᠭᠤᠯᠬᠤ ᠶᠢ ᠵᠥᠪᠰᠢᠶᠡᠷᠡᠬᠦ ᠦᠨ᠎ᠡ ᠬᠠᠩᠰᠢ ᠶᠢᠨ ᠬᠡᠯᠡᠯᠴᠡᠯ ᠢ ᠠᠯᠬᠤᠮ ᠠᠯᠬᠤᠮ ᠢᠶᠠᠷ | ᠬᠡᠷᠡᠭᠵᠢᠭᠦᠯᠵᠦ᠂ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠳᠤ ︽ᠲᠦᠪᠯᠡᠷᠡᠭᠦᠯᠵᠣ ᠬᠤᠳᠠᠯᠳᠣᠨ | ᠠᠪᠬᠤ ᠬᠡᠮᠵᠢᠶ᠎ᠠ ᠪᠠᠷ ᠦᠨ᠎ᠠ ᠬᠠᠩᠰᠢ ᠶᠢ ᠨᠢ ᠪᠠᠭᠤᠷᠠᠭᠤᠯᠬᠤ︾ ᠶᠢ ᠪᠡᠶᠡᠯᠡᠭᠦᠯᠦᠨ᠎ᠡ᠃ ᠡᠮᠴᠢᠯᠡᠭᠡᠨ ᠤ ᠳᠠᠭᠠᠳᠬᠠᠯ | ᠳᠤ ᠵᠦᠪᠰᠢᠶᠡᠷᠡᠨ ᠣᠷᠣᠭᠤᠯᠬᠤ ᠶᠢ ᠨᠢ ᠬᠢᠨᠠᠨ ᠲᠣᠭᠲᠠᠭᠠᠬᠤ ᠶᠢ ᠴᠢᠩᠭ᠎ᠠ ᠬᠡᠷᠡᠭᠵᠢᠭᠦᠯᠵᠦ᠂ ᠡᠮᠴᠢᠯᠡᠭᠡᠨ ᠤ | ᠳᠠᠭᠠᠳᠬᠠᠯ ᠳᠤ ᠣᠷᠣᠭᠤᠯᠬᠤ ᠪᠠᠷ ᠪᠠᠶᠢᠭ᠎ᠠ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠤᠨ | ᠦᠶᠯᠡᠳᠬᠦᠨ ᠳᠤ ᠦᠶᠯᠡᠳᠪᠦᠷᠢᠯᠡᠬᠦ ᠠᠵᠤ ᠠᠬᠤᠶᠢᠯᠠᠯ ᠨᠢ ᠬᠠᠮᠢᠶ᠎ᠠ ᠪᠦᠬᠦᠢ ᠦᠨ᠎ᠡ ᠬᠠᠩᠰᠢ᠂ ᠵᠠᠬ᠎ᠠ ᠳᠡᠯᠭᠡᠭᠦᠷ ᠤᠨ | ᠪᠣᠷᠣᠯᠠᠭᠤᠯᠭ᠎ᠠ᠂ ᠡᠷᠡᠭᠦᠯ ᠬᠠᠮᠠᠭᠠᠯᠠᠯ ᠤᠨ ᠠᠵᠤ ᠠᠬᠤᠢ ᠶᠢᠨ ᠤᠬᠠᠭᠠᠨ ᠤ ᠦᠨᠡᠯᠡᠨ ᠵᠢᠱᠢᠯᠲᠡ᠂ ᠭᠠᠵᠢ ᠨᠦᠯᠣᠭᠡ | ᠲᠠᠢ ᠬᠡᠷᠡᠭ ᠢ ᠬᠢᠨᠠᠨ ᠰᠢᠨᠵᠢᠭᠰᠡᠨ ᠵᠡᠷᠭᠡ ᠮᠡᠳᠡᠭᠦᠯᠦᠯᠲᠡ ᠪᠠᠨ ᠲᠣᠭᠲᠠᠭᠠᠯ ᠶᠣᠰᠣᠭᠠᠷ ᠲᠤᠰᠢᠶᠠᠵᠤ᠂ ᠡᠮᠴᠢᠯᠡᠭᠡᠨ ᠤ | ᠳᠠᠭᠠᠳᠬᠠᠯ ᠳᠤ ᠵᠦᠪᠰᠢᠶᠡᠷᠡᠨ ᠣᠷᠣᠭᠤᠯᠬᠤ ᠶᠢ ᠨᠢ ᠬᠢᠨᠠᠨ ᠲᠣᠭᠲᠠᠭᠠᠬᠤ ᠴᠢᠬᠤᠯᠠ ᠪᠦᠬᠦᠢ ᠦᠨᠳᠦᠰᠦᠯᠡᠯ | ᠪᠣᠯᠭᠠᠨ᠎ᠠ᠃ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠤᠨ ᠡᠮᠴᠢᠯᠡᠭᠡᠨ ᠤ ᠳᠠᠭᠠᠳᠬᠠᠯ ᠤᠨ | ᠦᠨᠡᠯᠡᠨ ᠵᠢᠱᠢᠬᠦ ᠬᠠᠮᠢᠶᠠᠷᠤᠯᠲᠠ ᠶᠢᠨ ᠰᠢᠰᠲ᠋ᠧᠮᠵᠢ ᠪᠠ ᠪᠠᠷᠢᠮᠵᠢᠶᠠᠨ ᠤ ᠰᠢᠰᠲ᠋ᠧᠮᠵᠢ ᠶᠢ ᠪᠠᠶᠢᠭᠤᠯᠤᠨ᠎ᠠ᠃ | ︵ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ | ᠬᠠᠷᠢᠭᠤᠴᠠᠨ᠎ᠠ︶ | 3.ᠲᠦᠷᠦᠯ ᠬᠤᠪᠢᠶᠠᠨ ᠲᠥᠪᠯᠡᠷᠡᠭᠦᠯᠵᠣ ᠬᠤᠳᠠᠯᠳᠤᠨ ᠠᠪᠬᠤ ᠠᠷᠭ᠎ᠠ ᠶᠢ ᠲᠡᠭᠦᠯᠳᠡᠷᠵᠢᠭᠦᠯᠦᠨ᠎ᠡ᠃ | ᠬᠡᠮᠵᠢᠶ᠎ᠡ ᠲᠠᠢ ᠬᠤᠳᠠᠯᠳᠤᠨ ᠠᠪᠬᠤ᠂ ᠬᠡᠮᠵᠢᠶ᠎ᠡ ᠪᠠ ᠦᠨ᠎ᠡ ᠶᠢ ᠬᠤᠯᠪᠣᠭᠳᠠᠭᠤᠯᠬᠤ᠂ ᠵᠠᠬ᠎ᠠ ᠳᠡᠯᠭᠡᠭᠦᠷ ᠤᠨ | ᠦᠷᠢᠰᠣᠯᠳᠣᠭᠡᠨ ᠢ ᠠᠬᠢᠭᠤᠯᠬᠤ ᠵᠡᠷᠭᠡ ᠵᠠᠷᠴᠢᠮ ᠶᠣᠰᠣᠭᠠᠷ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ | ᠮᠠᠲ᠋ᠧᠷᠢᠶᠠᠯ ᠢ ᠲᠥᠷᠥᠯ ᠬᠤᠪᠢᠶᠠᠨ ᠲᠥᠪᠯᠡᠷᠡᠭᠦᠯᠵᠣ ᠬᠤᠳᠠᠯᠳᠤᠨ ᠠᠪᠬᠤ ᠶᠢ ᠰᠦᠪᠡᠭᠴᠢᠯᠡᠨ᠎ᠡ᠃ ᠪᠦᠬᠦ ᠣᠷᠣᠨ ᠤ | ᠠᠯᠪᠠᠨ ᠠᠴᠠ ᠡᠷᠬᠢᠯᠡᠭᠰᠠᠨ ᠡᠮᠴᠢᠯᠡᠭᠡᠨ ᠤ ᠪᠠᠶᠢᠭᠤᠯᠤᠮᠵᠢ ᠪᠦᠭᠦᠨ ᠨᠢ ᠡᠮᠴᠢᠯᠡᠭᠡᠨ ᠤ ᠥᠨᠳᠥᠷ ᠦᠷᠳᠡᠭᠳᠣ | ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠳᠤ ᠪᠠᠨ ᠡᠷᠬᠡᠪᠰᠢ ᠦᠪᠡᠷᠳᠡᠭᠡᠨ ᠵᠠᠰᠠᠬᠤ ᠣᠷᠣᠨ ᠤ ᠡᠮ ᠤᠨ ᠵᠦᠶᠯ | ᠪᠠᠭᠠᠵᠢ ᠬᠡᠷᠡᠭᠰᠡᠯ ᠢ ᠲᠥᠪᠯᠡᠷᠡᠭᠦᠯᠵᠣ ᠬᠤᠳᠠᠯᠳᠤᠨ ᠠᠪᠬᠤ ᠲᠠᠪᠴᠠᠩ ᠳᠤ ᠢᠯᠡ ᠪᠠᠷ ᠠᠷᠠᠯᠵᠢᠶᠠᠯᠠᠵᠤ ᠢᠯᠡ ᠪᠠᠷ | ᠬᠤᠳᠠᠯᠳᠤᠨ ᠠᠪᠣᠨ᠎ᠠ᠃ ᠡᠮᠴᠢᠯᠡᠭᠡᠨ ᠳᠤ ᠬᠡᠷᠩᠯᠡᠭᠦ ᠬᠡᠮᠵᠢᠶ᠎ᠡ ᠪᠠᠷ ᠨᠡᠯᠢᠶᠡᠳ ᠶᠡᠭᠡ᠂ ᠬᠤᠳᠠᠯᠳᠤᠨ ᠠᠪᠬᠤ | ᠵᠣᠭᠤᠰᠣᠨ ᠤ ᠲᠤᠭ᠎ᠠ ᠨᠢ ᠨᠡᠯᠢᠶᠠᠣᠨ ᠥᠨᠳᠥᠷ᠂ ᠡᠮᠴᠢᠯᠡᠭᠡᠨ ᠳᠤ ᠬᠡᠷᠩᠯᠡᠭᠦ ᠳᠤ ᠨᠡᠯᠢᠶᠡᠳ ᠪᠣᠯᠪᠠᠰᠤᠷᠠᠩᠭᠤᠶ᠂ | ᠣᠯᠠᠨ ᠠᠵᠤ ᠠᠬᠤᠶᠢᠯᠡᠯ ᠤᠨ ᠦᠶᠯᠡᠳᠪᠦᠷᠢᠯᠡᠭᠰᠡᠨ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠢ | ᠲᠥᠷᠥᠯ ᠢᠯᠭᠠᠯ ᠢᠶᠠᠷ ᠨᠢ ᠲᠥᠪᠯᠡᠷᠡᠭᠦᠯᠵᠣ ᠬᠤᠳᠠᠯᠳᠤᠨ ᠠᠪᠬᠤ ᠶᠢ ᠰᠦᠪᠡᠭᠴᠢᠯᠡᠨ᠂ ᠡᠮᠴᠢᠯᠡᠭᠡᠨ ᠤ ᠪᠠᠶᠢᠭᠤᠯᠣᠮᠵᠢ | ᠶᠢ ᠵᠣᠷᠢᠭᠵᠢᠭᠤᠯᠵᠣ ᠪᠠᠶᠢᠭᠠᠣᠨ ᠬᠤᠳᠠᠯᠳᠣᠨ ᠠᠪᠬᠤ ᠬᠡᠮᠵᠢᠶ᠎ᠡ ᠪᠠᠷ ᠢᠶᠠᠨ ᠬᠡᠯᠡᠯᠴᠡᠭᠡ ᠬᠢᠵᠦ ᠬᠤᠳᠠᠯᠳᠤᠨ ᠠᠪᠬᠤ ᠶᠢ | ᠬᠠᠮᠳᠣᠷᠠᠨ ᠦᠷᠨᠢᠭᠦᠯᠵᠣ᠂ ᠮᠣᠵᠢ ᠠᠯᠤᠰᠯᠠᠨ ᠬᠤᠯᠪᠣᠭ᠎ᠠ ᠪᠠᠶᠢᠭᠤᠯᠵᠣ ᠬᠤᠳᠠᠯᠳᠤᠨ ᠠᠪᠬᠤ ᠶᠢ ᠢᠳᠡᠪᠬᠢᠲᠡᠢ | ᠰᠦᠪᠡᠭᠴᠢᠯᠡᠨ᠎ᠡ᠃ ᠨᠢᠭᠡᠨᠲᠡ ᠡᠮᠴᠢᠯᠡᠭᠡᠨ ᠤ ᠳᠠᠭᠠᠳᠬᠠᠯ ᠳᠤ ᠵᠥᠪᠰᠢᠶᠡᠷᠡᠨ ᠣᠷᠣᠭᠤᠯᠬᠤ ᠶᠢ ᠳᠠᠮᠵᠢᠭᠰᠠᠨ ᠤ | ᠬᠠᠮᠳᠣ ᠡᠮᠴᠢᠯᠡᠭᠡᠨ ᠤ ᠳᠠᠭᠠᠳᠬᠠᠯ ᠢᠶᠠᠷ ᠲᠣᠭᠠᠴᠠᠭ᠎ᠠ ᠬᠢᠬᠦ ᠪᠠᠷᠢᠮᠵᠢᠶ᠎ᠠ ᠶᠢ ᠲᠣᠳᠣᠷᠬᠠᠶᠢᠯᠠᠭᠰᠠᠨ᠂ ᠦᠨ᠎ᠡ | ᠬᠠᠩᠰᠢ ᠨᠢ ᠬᠠᠷᠢᠴᠠᠩᠭᠤᠢ ᠲᠣᠭᠲᠠᠭᠤᠨ ᠪᠠᠶᠢᠬᠤ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠢ | ᠪᠣᠯ ᠪᠦᠬᠦ ᠣᠯᠣᠰ ᠤᠨ ᠰᠦᠯᠵᠢᠶᠠᠨ ᠳᠠᠬᠢ ᠬᠠᠮᠤᠭ ᠤᠨ ᠳᠣᠤᠷ᠎ᠠ ᠦᠨ᠎ᠡ ᠬᠠᠩᠰᠢ ᠠᠴᠠ ᠥᠨᠳᠥᠷ ᠪᠠᠶᠢᠯᠭᠠᠬᠤ | ᠦᠭᠡᠢ ᠵᠠᠷᠴᠢᠮ ᠶᠣᠰᠣᠭᠠᠷ᠂ ᠰᠢᠭᠤᠳ ᠰᠦᠯᠵᠢᠶ᠎ᠠ ᠪᠠᠷ ᠬᠤᠳᠠᠯᠳᠤᠨ ᠠᠪᠬᠤ ᠶᠢ ᠬᠡᠷᠡᠭᠵᠢᠭᠦᠯᠦᠨ᠎ᠡ᠃ ᠡᠮᠴᠢᠯᠡᠭᠡᠨ ᠤ | ᠪᠠᠶᠢᠭᠤᠯᠤᠮᠵᠢ ᠶᠢᠨ ᠡᠮᠴᠢᠯᠡᠭᠡᠨ ᠤ ᠥᠨᠳᠥᠷ ᠦᠷᠳᠡᠭᠳᠣ ᠬᠤᠷᠣᠭᠳᠠᠯ ᠮᠠᠲ᠋ᠧᠷᠢᠶᠠᠯ ᠤᠨ ᠪᠣᠳᠠᠲᠠᠶ ᠬᠤᠳᠠᠯᠳᠤᠨ ᠠᠪᠬᠤ | ᠬᠡᠮᠵᠢᠶ᠎ᠡ ᠳᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ︵ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ | ᠳᠠᠭᠠᠳᠬᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠡᠳᠣ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ | ᠬᠠᠷᠢᠭᠤᠴᠠᠨ᠎ᠠ︶ | 4. ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠳᠤ ︽ᠵᠥᠷᠢᠶ᠎ᠠ ᠦᠭᠡᠢ ᠨᠣᠷᠮ᠎ᠠ︾ ᠲᠠᠢ ᠪᠣᠷᠣᠯᠠᠭᠤᠯᠬᠤ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠪᠦᠬᠦ ᠣᠷᠣᠨ ᠤ ᠠᠯᠪᠠᠨ ᠠᠴᠠ ᠡᠷᠬᠢᠯᠡᠭᠰᠠᠨ ᠡᠮᠴᠢᠯᠡᠭᠡᠨ ᠤ | ᠪᠠᠶᠢᠭᠤᠯᠤᠮᠵᠢ ᠪᠦᠭᠦᠨ ᠨᠢ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠳᠤ ᠦᠨ᠎ᠡ ᠨᠡᠮᠡᠬᠦ ᠶᠢ ᠦᠭᠡᠶᠢᠰᠬᠡᠵᠦ᠂ | ︽ᠵᠥᠷᠢᠶ᠎ᠡ ᠦᠭᠡᠢ ᠨᠣᠷᠮ᠎ᠠ︾ ᠪᠠᠷ ᠪᠣᠷᠣᠯᠠᠭᠤᠯᠤᠨ ᠬᠤᠳᠠᠯᠳᠤᠬᠤ ᠶᠢ ᠬᠡᠷᠡᠭᠵᠢᠭᠦᠯᠣᠨ᠂ ᠡᠮᠴᠢᠯᠡᠭᠡᠨ ᠤ ᠦᠨᠳᠣᠷ | ᠦᠷᠳᠡᠭᠳᠣ ᠬᠤᠷᠣᠭᠳᠠᠯ ᠮᠠᠲ᠋ᠧᠷᠢᠶᠠᠯ ᠤᠨ ᠪᠣᠷᠣᠯᠠᠭᠤᠯᠤᠨ ᠬᠤᠳᠠᠯᠳᠤᠬᠤ ᠦᠨ᠎ᠡ ᠬᠠᠩᠰᠢ ᠶᠢ ᠬᠤᠳᠠᠯᠳᠤᠨ ᠠᠪᠤᠭᠰᠠᠨ | ᠦᠨ᠎ᠡ ᠬᠠᠩᠰᠢ ᠪᠠᠷ ᠬᠡᠷᠡᠭᠵᠢᠭᠦᠯᠦᠨ᠎ᠡ᠃ ᠲᠥᠷᠥᠯ ᠬᠤᠪᠢᠶᠠᠨ ᠲᠥᠪᠯᠡᠷᠡᠭᠦᠯᠵᠣ ᠬᠤᠳᠠᠯᠳᠤᠨ ᠠᠪᠬᠤ᠂ ᠥᠪᠡᠷ ᠤᠨ | ᠥᠷᠲᠡᠭ ᠤᠨ ᠲᠣᠭᠠᠴᠠᠭ᠎ᠠ ᠶᠢ ᠴᠢᠩᠭᠠᠳᠬᠬᠤ᠂ ᠵᠢᠷᠤᠮᠵᠢᠭᠤᠨ ᠪᠦᠭᠡᠣᠨ ᠵᠣᠬᠢᠰᠲᠠᠶ ᠬᠡᠷᠡᠭᠯᠡᠬᠦ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠵᠣ ᠡᠮᠴᠢᠯᠡᠭᠡᠨ ᠤ ᠥᠨᠳᠥᠷ ᠦᠷᠳᠡᠭᠳᠣ ᠬᠤᠷᠣᠭᠳᠠᠯ ᠮᠠᠲ᠋ᠧᠷᠢᠶᠠᠯ ᠤᠨ ᠥᠪᠡᠷ ᠤᠨ | ᠥᠷᠲᠡᠭ ᠢ ᠪᠠᠭᠤᠷᠠᠭᠤᠯᠣᠨ᠂ ᠰᠠᠶᠢᠨ ᠪᠥᠭᠡᠳ ᠲᠣᠭᠲᠠᠭᠤᠨ ᠢᠶᠠᠷ ᠠᠵᠢᠯᠯᠠᠬᠤ ᠶᠢ ᠪᠡᠶᠡᠯᠡᠭᠦᠯᠣᠨ᠎ᠠ᠃ ︵ᠥᠪᠡᠷᠲᠡᠭᠡᠨ | ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠡᠳᠣ ᠶᠢᠨ ᠵᠥᠪᠯᠡᠯ᠂ | ᠡᠳ᠋ ᠤᠨ ᠵᠠᠰᠠᠭ ᠤᠨ ᠲᠢᠩᠬᠢᠮ ᠬᠠᠷᠢᠭᠤᠴᠠᠨ᠎ᠠ︶ | 5.ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠭᠦ ᠲᠥᠷᠥ ᠶᠢᠨ ᠪᠣᠳᠣᠯᠭ᠎ᠠ ᠶᠢ ᠲᠣᠭᠲᠠᠭᠠᠨ᠎ᠠ᠃ | ᠡᠮᠴᠢᠯᠡᠭᠡᠨ ᠤ ᠳᠠᠭᠠᠳᠬᠠᠯ ᠤᠨ ᠰᠠᠭᠤᠷᠢ ᠮᠦᠩᠭᠦᠨ ᠤ ᠲᠣᠭᠠᠴᠠᠭ᠎ᠠ ᠬᠢᠬᠦ ᠴᠢᠳᠠᠪᠤᠷᠢ᠂ ᠳᠠᠭᠠᠳᠬᠠᠯ ᠳᠤ ᠣᠷᠣᠭᠰᠠᠳ | ᠤᠨ ᠬᠤᠪᠢ ᠬᠥᠮᠦᠨ ᠤ ᠳᠠᠷᠤᠭᠠᠰᠤ᠂ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠢ | ᠲᠦᠪᠯᠡᠷᠡᠭᠦᠯᠵᠣ ᠬᠤᠳᠠᠯᠳᠤᠨ ᠠᠪᠬᠤ ᠪᠠ ᠦᠨ᠎ᠡ ᠬᠠᠩᠰᠢ ᠶᠢᠨ ᠬᠡᠯᠡᠯᠴᠡᠯ ᠬᠢᠬᠦ ᠵᠡᠷᠭᠡ ᠬᠦᠴᠦᠨ ᠵᠦᠶᠯ ᠲᠠᠢ | ᠤᠶᠠᠯᠳᠣᠭᠤᠯᠵᠣ᠂ ᠡᠮᠴᠢᠯᠡᠭᠡᠨ ᠤ ᠪᠠᠶᠢᠭᠤᠯᠤᠮᠵᠢ ᠶᠢᠨ ᠬᠡᠪ ᠤᠨ ᠠᠵᠢᠯᠯᠠᠭᠠᠨ ᠢ ᠭᠦᠶᠴᠡᠳ ᠪᠣᠳᠣᠯᠬᠢᠯᠠᠵᠤ᠂ | ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠪᠠᠷᠢᠮᠵᠢᠶ᠎ᠠ ᠶᠢ ᠲᠥᠷᠥᠯ ᠬᠤᠪᠢᠶᠠᠨ ᠲᠣᠭᠲᠠᠭᠠᠬᠤ ᠶᠢᠨ ᠬᠠᠮᠲᠤ᠂ | ᠬᠦᠳᠡᠯᠣᠩᠭᠦᠢ ᠪᠠᠷ ᠲᠣᠬᠢᠷᠠᠭᠤᠯᠤᠯᠲᠠ ᠬᠢᠬᠦ ᠲᠣᠭᠲᠠᠴᠠ ᠶᠢ ᠪᠠᠶᠢᠭᠤᠯᠣᠨ᠎ᠠ᠃ ᠴᠢᠳᠠᠮᠵᠢ ᠨᠢ ᠠᠳᠠᠯᠢ᠂ | ᠥᠷᠢᠰᠥᠯᠳᠦᠭᠡᠨ ᠨᠢ ᠭᠦᠶᠴᠡᠳ᠂ ᠣᠷᠣᠯᠠᠵᠤ ᠪᠣᠯᠬᠤᠶᠢᠴᠨ ᠦᠶᠯᠡᠳᠬᠦᠨ ᠲᠠᠢ ᠡᠮᠴᠢᠯᠡᠭᠡᠨ ᠤ ᠥᠨᠳᠥᠷ ᠥᠷᠲᠡᠭᠲᠦ | ᠬᠤᠷᠣᠭᠳᠠᠯ ᠮᠠᠲ᠋ᠧᠷᠢᠶᠠᠯ ᠳᠤ᠂ ᠡᠮᠴᠢᠯᠡᠭᠡᠨ ᠳᠠᠬᠢ ᠦᠨᠳᠦᠰᠦᠨ ᠡᠮᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ | ᠬᠠᠩᠭᠠᠬᠤ ᠪᠠᠷ ᠵᠠᠷᠴᠢᠮ ᠪᠣᠯᠭᠠᠨ ᠠᠳᠠᠯᠢ ᠲᠥᠷᠥᠯ ᠤᠨ ᠦᠶᠯᠡᠳᠬᠦᠨ ᠤ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ | ᠬᠢᠬᠦ ᠪᠠᠷᠢᠮᠵᠢᠶ᠎ᠠ ᠶᠢ ᠲᠣᠭᠲᠠᠭᠠᠵᠤ᠂ ᠪᠣᠷᠣᠯᠠᠭᠤᠯᠬᠤ ᠦᠨ᠎ᠡ ᠬᠠᠩᠰᠢ ᠨᠢ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ | ᠬᠢᠬᠦ ᠪᠠᠷᠢᠮᠵᠢᠶᠠᠨ ᠳᠤ ᠪᠠᠶᠢᠪᠠᠯ᠂ ᠲᠣᠰ ᠦᠶᠯᠡᠳᠬᠦᠨ ᠤ ᠪᠣᠷᠣᠯᠠᠭᠤᠯᠬᠤ ᠦᠨ᠎ᠡ ᠬᠠᠩᠰᠢ ᠪᠠᠷ ᠡᠮᠴᠢᠯᠡᠭᠡᠨ ᠤ | ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠵᠤ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ | ᠲᠣᠭᠲᠠᠭᠠᠯ ᠶᠣᠰᠣᠭᠠᠷ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠪᠠ ᠡᠪᠡᠳᠴᠢᠲᠡᠨ ᠬᠠᠮᠳᠣ ᠪᠠᠷ ᠲᠣᠭᠠᠴᠠᠭ᠎ᠠ | ᠬᠢᠨ᠎ᠡ︔ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠪᠠᠷᠢᠮᠵᠢᠶ᠎ᠠ ᠠᠴᠠ ᠥᠨᠳᠥᠷ ᠪᠣᠯᠣᠭᠰᠠᠨ ᠡᠮᠴᠢᠯᠡᠭᠡᠨ ᠤ | ᠦᠨᠳᠣᠷ ᠦᠷᠳᠡᠭᠳᠣ ᠬᠤᠷᠣᠭᠳᠠᠯ ᠮᠠᠲ᠋ᠧᠷᠢᠶᠠᠯ ᠤᠨ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠪᠠᠷᠢᠮᠵᠢᠶᠠᠨ | ᠠᠴᠠ ᠬᠡᠲᠦᠷᠡᠭᠰᠡᠨ ᠬᠡᠰᠡᠭ ᠲᠤ ᠦᠨᠳᠦᠰᠦᠨ ᠡᠮᠴᠢᠯᠡᠭᠡᠨ ᠤ ᠳᠠᠭᠠᠳᠬᠠᠯ ᠠᠴᠠ ᠲᠣᠭᠠᠴᠠᠭ᠎ᠠ ᠬᠢᠵᠣ ᠦᠭᠭᠦ ᠦᠭᠡᠢ᠃ | ᠥᠷᠢᠰᠥᠯᠳᠦᠭᠡᠨ ᠨᠢ ᠭᠦᠶᠴᠡᠳ ᠪᠤᠰᠤ᠂ ᠣᠷᠣᠯᠠᠬᠤ ᠦᠶᠯᠡᠳᠬᠦᠨ ᠥᠬᠡᠶ ᠡᠮᠴᠢᠯᠡᠭᠡᠨ ᠤ ᠥᠨᠳᠥᠷ ᠥᠷᠲᠡᠭᠲᠦ | ᠬᠤᠷᠣᠭᠳᠠᠯ ᠮᠠᠲ᠋ᠧᠷᠢᠶᠠᠯ ᠳᠤ᠂ ᠬᠡᠯᠡᠯᠴᠡᠯ ᠬᠢᠬᠦ ᠠᠷᠭ᠎ᠠ ᠮᠠᠶ᠋ᠢᠭ ᠢᠶᠠᠷ ᠳᠠᠮᠵᠢᠭᠤᠯᠤᠨ ᠡᠮᠴᠢᠯᠡᠭᠡᠨ ᠤ ᠳᠠᠭᠠᠳᠬᠠᠯ ᠤᠨ | ᠲᠣᠭᠠᠴᠠᠭ᠎ᠠ ᠬᠢᠬᠦ ᠪᠠᠷᠢᠮᠵᠢᠶ᠎ᠠ ᠲᠣᠭᠲᠠᠭᠠᠬᠤ ᠶᠢ ᠰᠦᠪᠡᠭᠴᠢᠯᠡᠨ᠎ᠡ᠃ ᠤᠯᠤᠰ ᠤᠨ ᠡᠮᠴᠢᠯᠡᠭᠡᠨ ᠤ ᠳᠠᠭᠠᠳᠬᠠᠯ ᠳᠤ | ᠵᠥᠪᠰᠢᠶᠡᠷᠡᠨ ᠣᠷᠣᠭᠤᠯᠬᠤ ᠪᠠᠷ ᠬᠡᠯᠡᠯᠴᠡᠯ ᠬᠢᠭᠰᠡᠨ ᠪᠠᠶᠢᠪᠠᠯ᠂ ᠬᠡᠯᠡᠯᠴᠡᠯ ᠤᠨ ᠦᠨ᠎ᠡ ᠬᠠᠩᠰᠢ ᠪᠠᠷ ᠡᠮᠴᠢᠯᠡᠭᠡᠨ ᠤ | ᠳᠠᠭᠠᠳᠬᠠᠯ ᠤᠨ ᠲᠣᠭᠠᠴᠠᠭ᠎ᠠ ᠬᠢᠭᠦ ᠪᠠᠷᠢᠮᠵᠢᠶ᠎ᠠ ᠶᠢ ᠲᠣᠭᠲᠠᠭᠠᠨ᠎ᠠ᠃ ︵ᠥᠪᠡᠷᠲᠡᠭᠡᠨ ᠵᠠᠰᠠᠬᠤ ᠣᠷᠣᠨ ᠤ | ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠬᠠᠷᠢᠭᠤᠴᠠᠨ᠎ᠠ︶ | ︵ᠬᠤᠶᠠᠷ︶ ᠡᠮᠴᠢᠯᠡᠭᠡᠨ ᠤ ᠦᠶᠯᠡᠴᠢᠯᠡᠭᠦ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ᠵᠣᠬᠢᠰ ᠦᠭᠡᠢ ᠪᠠᠷ | ᠬᠡᠷᠩᠯᠡᠭᠦ ᠶᠢ ᠴᠢᠩᠭ᠎ᠠ ᠬᠢᠵᠠᠭᠠᠷᠯᠠᠨ᠎ᠠ᠃ | 1. ᠡᠮᠴᠢᠯᠡᠭᠡᠨ ᠡᠷᠡᠭᠦᠯ ᠬᠠᠮᠠᠭᠠᠯᠠᠯ ᠤᠨ ᠠᠵᠢᠯ ᠲᠥᠷᠥᠯ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ | ᠴᠢᠩᠳᠠᠯᠠᠨ᠎ᠠ᠃ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠤᠨ ᠡᠮᠴᠢᠯᠡᠭᠡᠨ ᠤ ᠬᠡᠷᠡᠭᠯᠡᠭᠡᠨ ᠢ | ᠠᠯᠪᠠᠨ ᠠᠴᠠ ᠡᠷᠬᠢᠯᠡᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠠᠮᠵᠢᠯᠲᠠ ᠪᠦᠲᠦᠮᠵᠢ ᠶᠢ ᠰᠢᠯᠭᠠᠨ ᠬᠢᠨᠠᠵᠤ ᠦᠨᠡᠯᠡᠬᠦ | ᠰᠢᠰᠲ᠋ᠧᠮᠵᠢ ᠪᠠ ᠬᠠᠮᠢᠶ᠎ᠠ ᠪᠦᠬᠦᠢ ᠢᠲᠡᠭᠡᠮᠵᠢ ᠶᠢ ᠦᠨᠡᠯᠡᠬᠦ ᠰᠢᠰᠲ᠋ᠧᠮᠵᠢ ᠳᠤ ᠣᠷᠣᠭᠤᠯᠤᠨ᠎ᠠ᠃ ᠭᠤᠤᠯᠳᠠᠯᠭ᠎ᠠ ᠲᠠᠢ | ᠬᠦᠷᠢᠶ᠎ᠡ ᠴᠠᠷᠠᠭᠠᠨ ᠳᠤ ᠲᠣᠰᠬᠠᠶᠢᠯᠠᠨ ᠵᠠᠰᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠣᠨ ᠥᠷᠨᠢᠭᠦᠯᠵᠦ᠂ ᠡᠮᠴᠢᠯᠡᠭᠡᠨ ᠤ | ᠶᠠᠰᠤ ᠴᠢᠨᠠᠷ ᠢ ᠰᠤᠭᠤᠴᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠡᠮᠴᠢᠯᠡᠭᠡᠨ ᠤ ᠥᠨᠳᠥᠷ ᠥᠷᠲᠡᠭᠲᠦ | ᠬᠤᠷᠣᠭᠳᠠᠯ ᠮᠠᠲ᠋ᠧᠷᠢᠶᠠᠯ ᠢ ᠲᠣᠭᠲᠠᠭᠠᠯ ᠠᠴᠠ ᠵᠥᠷᠢᠴᠡᠨ ᠬᠡᠷᠩᠯᠡᠵᠣ ᠪᠠᠶᠢᠭ᠎ᠠ ᠡᠮᠴᠢᠯᠡᠭᠡᠨ ᠤ ᠪᠠᠶᠢᠭᠤᠯᠤᠮᠵᠢ ᠶᠢ | ︽ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠤᠨ ᠬᠠᠮᠢᠶᠠᠷᠤᠯᠲᠠ ᠶᠢᠨ ᠠᠷᠭ᠎ᠠ | ︵ᠲᠤᠷᠰᠢᠨ ᠬᠡᠷᠡᠭᠵᠢᠭᠦᠯᠬᠦ︶︾ ᠶᠢᠨ ᠬᠤᠯᠪᠣᠭᠳᠠᠯ ᠪᠦᠬᠦᠢ ᠲᠣᠭᠲᠠᠭᠠᠯ ᠢᠶᠠᠷ ᠦᠨᠳᠦᠰᠦᠯᠡᠯ ᠪᠣᠯᠭᠠᠵᠣ ᠴᠢᠩᠭ᠎ᠠ | ᠪᠠᠶᠢᠴᠠᠭᠠᠨ ᠰᠢᠶᠳᠪᠦᠷᠢᠯᠡᠨ᠎ᠡ᠃ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠤᠨ ᠡᠮᠴᠢᠯᠡᠭᠡᠨ ᠤ | ᠬᠡᠷᠡᠭᠯᠡᠯᠲᠡ ᠶᠢ ᠡᠮᠴᠢᠯᠡᠭᠡᠨ ᠤ ᠶᠠᠰᠤ ᠴᠢᠨᠠᠷ ᠢ ᠨᠢ ᠡᠵᠡᠮᠳᠡᠬᠦ ᠰᠢᠰᠲ᠋ᠧᠮᠵᠢ ᠳᠤ ᠣᠷᠣᠭᠤᠯᠵᠤ᠂ ᠡᠮᠴᠢᠯᠡᠭᠡᠨ ᠳᠤ | ᠬᠡᠷᠡᠭᠯᠡᠬᠦ ᠶᠢ ᠬᠢᠵᠠᠭᠠᠷᠯᠠᠬᠤ ᠲᠦᠷᠦᠯ ᠤᠨ ᠡᠮᠴᠢᠯᠡᠭᠡᠨ ᠤ ᠮᠡᠷᠭᠡᠵᠢᠯ ᠪᠠ ᠭᠤᠤᠯᠳᠠᠯᠭ᠎ᠠ ᠲᠠᠢ ᠮᠡᠰᠡ ᠵᠠᠰᠠᠯ ᠤᠨ | ᠬᠠᠮᠢᠶᠠᠷᠤᠯᠲᠠ ᠶᠢ ᠴᠢᠩᠭᠠᠳᠬᠠᠨ᠂ ᠦᠪᠡᠷᠳᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠤᠰᠬᠠᠶ ᠮᠡᠷᠭᠡᠵᠢᠯ ᠤᠨ ᠶᠠᠰᠤ | ᠴᠢᠨᠠᠷ ᠢ ᠡᠵᠡᠮᠳᠡᠬᠦ ᠵᠣᠬᠢᠶᠠᠨ ᠪᠠᠶᠢᠭᠤᠯᠣᠯᠳᠠ ᠳᠤ ᠲᠦᠰᠢᠭᠯᠡᠨ ᠡᠮᠴᠢᠯᠡᠭᠡᠨ ᠤ ᠶᠠᠰᠤ ᠴᠢᠨᠠᠷ ᠢ ᠨᠢ ᠡᠵᠡᠮᠳᠡᠬᠦ ᠠᠵᠢᠯ ᠢ | ᠵᠣᠬᠢᠶᠠᠨ ᠪᠠᠶᠢᠭᠤᠯᠣᠨ ᠥᠷᠨᠢᠭᠦᠯᠵᠦ᠂ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠤᠨ ᠡᠮᠴᠢᠯᠡᠭᠡᠨ | ᠤ ᠬᠡᠷᠡᠭᠯᠡᠭᠡᠨ ᠤ ᠡᠳᠦᠷ ᠲᠤᠲᠤᠮ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠡᠮᠴᠢᠯᠡᠭᠡᠨ ᠤ ᠪᠠᠶᠢᠭᠤᠯᠤᠮᠵᠢ ᠶᠢᠨ | ᠬᠠᠮᠢᠶ᠎ᠠ ᠪᠥᠬᠦᠶ ᠠᠵᠢᠯᠯᠠᠭᠰᠠᠳ ᠤᠨ ᠠᠵᠢᠯ ᠮᠡᠷᠭᠡᠵᠢᠯ ᠤᠨ ᠰᠢᠰᠲ᠋ᠧᠮᠵᠢ ᠪᠠ ᠲᠤᠰᠬᠠᠶᠢᠵᠢᠭᠰᠠᠨ ᠡᠩᠨᠡᠭᠡ ᠶᠢᠨ | ᠪᠠᠶᠢᠭᠤᠯᠤᠯᠲᠠ ᠶᠢ ᠰᠦᠪᠡᠭᠴᠢᠯᠡᠨ ᠠᠬᠢᠭᠤᠯᠵᠤ᠂ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠢ | ᠵᠢᠷᠤᠮᠵᠢᠯ ᠲᠠᠢ ᠬᠡᠷᠡᠭᠯᠡᠬᠦ ᠴᠢᠳᠠᠪᠤᠷᠢ ᠪᠠ ᠬᠢᠷᠢ ᠲᠦᠪᠰᠢᠨ ᠢ ᠨᠢ ᠳᠡᠭᠡᠭᠰᠢᠯᠡᠭᠦᠯᠣᠨ᠎ᠠ᠃ ︵ᠥᠪᠡᠷᠲᠡᠭᠡᠨ ᠵᠠᠰᠠᠬᠤ | ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠥᠭᠵᠢᠭᠦᠯᠦᠯᠲᠡ ᠪᠠ ᠦᠭᠡᠷᠡᠴᠢᠯᠡᠯᠳᠠ ᠶᠢᠨ ᠵᠥᠪᠯᠡᠯ | ᠬᠠᠷᠢᠭᠤᠴᠠᠨ᠎ᠠ︶ | 2.ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠳᠤ ᠬᠡᠷᠡᠭᠯᠡᠭᠦ ᠬᠠᠮᠢᠶᠠᠷᠤᠯᠲᠠ ᠶᠢ ᠴᠢᠩᠭᠠᠳᠬᠠᠨ᠎ᠠ᠃ | ᠡᠮᠴᠢᠯᠡᠭᠡᠨ ᠤ ᠪᠠᠶᠢᠭᠤᠯᠤᠮᠵᠢ ᠨᠢ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠤᠨ | ᠬᠠᠮᠢᠶᠠᠷᠤᠯᠲᠠ ᠶᠢᠨ ᠰᠠᠯᠠᠭ᠎ᠠ ᠲᠠᠰᠤᠭ ᠢᠶᠠᠨ ᠲᠣᠳᠣᠷᠬᠠᠶᠢᠯᠠᠵᠤ᠂ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢ | ᠠᠵᠢᠯᠳᠠᠨ ᠳᠤ ᠨᠢ ᠬᠦᠷᠲᠡᠯ᠎ᠡ ᠨᠠᠶᠢᠳᠠᠪᠤᠷᠢᠵᠢᠭᠤᠯᠣᠨ᠎ᠠ᠃ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ | ᠮᠠᠲ᠋ᠧᠷᠢᠶᠠᠯ ᠢ ᠡᠮᠨᠡᠯᠭᠡ ᠶᠢᠨ ᠬᠤᠷᠢᠶᠠᠨ ᠳᠤ ᠵᠥᠪᠰᠢᠶᠡᠷᠡᠨ ᠣᠷᠣᠭᠤᠯᠬᠤ ᠠᠵᠢᠯ ᠤᠨ ᠰᠢᠯᠢᠨ ᠰᠣᠩᠭᠤᠬᠤ | ᠲᠣᠭᠲᠠᠴᠠ ᠶᠢ ᠪᠠᠶᠢᠭᠤᠯᠣᠨ᠂ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ | ᠨᠢ ᠨᠢᠭᠡᠳᠦᠯᠲᠡᠶ ᠬᠤᠳᠠᠯᠳᠤᠨ ᠠᠪᠬᠤ ᠬᠠᠮᠢᠶᠠᠷᠤᠯᠲᠠ ᠶᠢ ᠬᠡᠷᠩᠵᠢᠭᠦᠯᠵᠣ᠂ ᠰᠠᠯᠠᠭ᠎ᠠ ᠲᠠᠰᠤᠭ ᠤᠨ ᠥᠪᠡᠰᠦᠪᠡᠨ | ᠬᠤᠳᠠᠯᠳᠣᠵᠣ ᠠᠪᠬᠤ ᠶᠢ ᠴᠢᠩᠭ᠎ᠠ ᠬᠤᠷᠢᠭᠯᠠᠨ᠎ᠠ᠃ ᠡᠮᠴᠢᠯᠡᠭᠡᠨ ᠤ ᠮᠡᠷᠭᠡᠵᠢᠯ ᠤᠨ ᠲᠠᠰ ᠲᠥᠷᠥᠯ ᠬᠤᠪᠢᠶᠠᠨ | ᠬᠠᠮᠢᠶᠠᠷᠬᠤ ᠪᠠ ᠮᠡᠰᠡ ᠵᠠᠰᠠᠯ ᠤᠨ ᠲᠠᠰ ᠬᠤᠪᠢᠶᠠᠨ ᠬᠠᠮᠢᠶᠠᠷᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ | ᠡᠮᠴᠢᠯᠡᠭᠡᠨ ᠤ ᠮᠡᠷᠭᠡᠵᠢᠯ ᠪᠠ ᠮᠡᠰᠡ ᠵᠠᠰᠠᠯ ᠤᠨ ᠲᠠᠰ ᠬᠤᠪᠢᠶᠠᠨ ᠬᠠᠮᠢᠶᠠᠷᠬᠤ ᠭᠠᠷᠴᠠᠭ ᠢ ᠲᠣᠭᠲᠠᠭᠠᠨ | ᠲᠡᠭᠦᠯᠳᠡᠷᠵᠢᠭᠦᠯᠦᠨ᠎ᠡ︔ ᠡᠮᠴᠢᠯᠡᠭᠡᠨ ᠤ ᠮᠡᠷᠭᠡᠵᠢᠯ ᠪᠠ ᠮᠡᠰᠡ ᠵᠠᠰᠠᠯ ᠤᠨ ᠳᠡᠰ ᠬᠤᠪᠢᠶᠠᠨ ᠬᠠᠮᠢᠶᠠᠷᠬᠤ ᠶᠢᠨ | ᠵᠥᠪᠰᠢᠶᠡᠷᠡᠨ ᠣᠷᠣᠭᠤᠯᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ | ᠮᠠᠲ᠋ᠧᠷᠢᠶᠠᠯ ᠳᠤ ᠬᠤᠯᠪᠣᠭᠳᠠᠬᠤ ᠡᠮᠴᠢᠯᠡᠭᠡᠨ ᠤ ᠮᠡᠷᠭᠡᠵᠢᠯ ᠪᠠ ᠮᠡᠰᠡ ᠵᠠᠰᠠᠯ ᠤᠨ ᠬᠠᠮᠢᠶᠠᠷᠤᠯᠲᠠ ᠶᠢ ᠴᠢᠩᠭᠠᠳᠬᠠᠨ᠂ | ᠶᠡᠭᠡ ᠡᠮᠴᠢ ᠶᠢᠨ ᠮᠡᠷᠭᠡᠵᠢᠯ ᠪᠠ ᠮᠡᠰᠡ ᠵᠠᠰᠠᠯ ᠬᠢᠬᠦ ᠬᠢᠷᠢ ᠬᠡᠮ ᠢ ᠲᠣᠳᠣᠷᠬᠠᠶᠢᠯᠠᠵᠤ᠂ ᠡᠮᠴᠢᠯᠡᠭᠡᠨ ᠤ ᠥᠨᠳᠥᠷ | ᠥᠷᠲᠡᠭᠲᠦ ᠬᠤᠷᠣᠭᠳᠠᠯ ᠮᠠᠲ᠋ᠧᠷᠢᠶᠠᠯ ᠤᠨ ᠡᠮᠴᠢᠯᠡᠭᠡᠨ ᠳᠤ ᠬᠡᠷᠡᠭᠯᠡᠬᠦ ᠳᠤ ᠬᠤᠯᠪᠣᠭᠳᠠᠬᠤ ᠶᠡᠭᠡ ᠡᠮᠴᠢ ᠨᠡᠷ ᠢ ᠡᠷᠬᠡᠪᠰᠢ | ᠬᠠᠮᠢᠶ᠎ᠠ ᠪᠦᠬᠦᠢ ᠪᠣᠯᠪᠠᠰᠤᠷᠠᠭᠤᠯᠤᠯ ᠢ ᠥᠩᠭᠡᠷᠡᠭᠡᠭᠰᠡᠨ ᠤ ᠳᠠᠷᠠᠭ᠎ᠠ ᠪᠠᠷ ᠬᠡᠷᠡᠭᠯᠡᠵᠦ ᠪᠣᠯᠤᠨ᠎ᠠ᠃ ᠡᠮᠴᠢᠯᠡᠭᠡᠨ ᠤ | ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠢ ᠡᠮᠨᠡᠯᠭᠡ ᠶᠢᠨ ᠬᠤᠷᠢᠶᠠᠨ ᠳᠤ ᠬᠡᠷᠩᠯᠡᠭᠰᠠᠨ ᠢ ᠨᠢ ᠵᠢᠭᠠᠨ ᠦᠨᠡᠯᠡᠬᠦ | ᠲᠣᠭᠲᠠᠴᠠ ᠪᠠ ᠬᠡᠪ ᠤᠨ ᠪᠤᠰᠤ ᠬᠡᠷᠡᠭᠯᠡᠭᠰᠡᠨ ᠳᠤ ᠰᠡᠷᠡᠮᠵᠢᠯᠡᠭᠦᠯᠬᠦ ᠲᠣᠭᠳᠠᠴᠨ ᠶᠢ ᠲᠡᠭᠦᠯᠳᠡᠷᠵᠢᠭᠦᠯᠵᠦ᠂ | ᠡᠮᠨᠡᠯᠭᠡ ᠶᠢᠨ ᠠᠵᠢᠯᠲᠠᠨ ᠤ ᠳᠠᠩ ᠭᠠᠭᠴᠠ ᠨᠡᠷᠡᠲᠦ ᠲᠡᠮᠳᠡᠭ ᠤᠨ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ | ᠮᠠᠲ᠋ᠧᠷᠢᠶᠠᠯ ᠢ ᠬᠡᠷᠡᠭᠯᠡᠭᠰᠡᠨ ᠪᠠ ᠳᠠᠩ ᠵᠦᠢᠯ ᠤᠨ ᠮᠡᠰᠡ ᠵᠠᠰᠠᠯ ᠤᠨ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ | ᠮᠠᠲ᠋ᠧᠷᠢᠶᠠᠯ ᠢ ᠬᠡᠷᠡᠭᠯᠡᠭᠰᠡᠨ ᠬᠡᠮᠵᠢᠶᠠᠨ ᠤ ᠪᠠᠶᠢᠳᠠᠯ ᠳᠤ ᠬᠢᠨᠠᠨ ᠰᠢᠨᠵᠢᠵᠦ ᠵᠠᠳᠠᠯᠬᠤ ᠶᠢ ᠥᠷᠨᠢᠭᠦᠯᠣᠨ᠂ ᠬᠡᠪ ᠤᠨ | ᠪᠤᠰᠤ ᠬᠡᠷᠡᠭᠯᠡᠭᠰᠡᠨ ᠪᠠᠶᠢᠳᠠᠯ ᠭᠠᠷᠣᠭᠰᠠᠨ ᠪᠠᠶᠢᠪᠠᠯ ᠬᠠᠮᠢᠶ᠎ᠠ ᠪᠦᠬᠦᠢ ᠡᠮᠨᠡᠯᠭᠡ ᠶᠢᠨ ᠠᠵᠢᠯᠲᠠᠨ ᠲᠠᠢ ᠴᠠᠭ ᠲᠤᠬᠠᠶ ᠳᠤ | ᠨᠢ ᠪᠣᠯᠵᠣᠨ ᠶᠠᠷᠢᠯᠴᠠᠵᠤ᠂ ᠬᠢᠨᠠᠨ ᠰᠢᠨᠵᠢᠵᠣ ᠵᠠᠳᠠᠯᠤᠭᠰᠠᠨ ᠦᠷ᠎ᠡ ᠳ᠋ᠦᠩ ᠢ ᠨᠢ ᠵᠣᠬᠢᠬᠤ ᠡᠮᠴᠢᠯᠡᠭᠡᠨ ᠤ ᠮᠡᠷᠭᠡᠵᠢᠯ | ᠪᠠ ᠮᠡᠰᠡ ᠵᠠᠰᠠᠯ ᠬᠢᠬᠦ ᠡᠷᠭᠡ ᠬᠢᠵᠠᠭᠠᠷ ᠲᠤ ᠲᠣᠬᠢᠷᠠᠭᠤᠯᠤᠯᠲᠠ ᠬᠢᠬᠦ ᠪᠠ ᠠᠮᠵᠢᠯᠲᠠ ᠪᠦᠲᠦᠮᠵᠢ ᠶᠢ ᠰᠢᠯᠭᠠᠨ | ᠬᠢᠨᠠᠬᠤ ᠶᠢᠨ ᠴᠢᠬᠤᠯᠠ ᠦᠨᠳᠦᠰᠣᠯᠠᠯ ᠪᠣᠯᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠬᠠᠷᠢᠭᠤᠴᠠᠨ᠎ᠠ︶ | 3. ᠡᠮᠴᠢᠯᠡᠭᠡᠨ ᠤ ᠳᠠᠭᠠᠳᠬᠠᠯ ᠤᠨ ᠴᠩ ᠲᠣᠭᠳᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠦᠶᠯᠡᠴᠢᠯᠡᠭᠦ | ᠦᠢᠯᠨ ᠠᠵᠢᠯᠯᠠᠭ᠎ᠠ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ | ᠮᠠᠲ᠋ᠧᠷᠢᠶᠠᠯ ᠬᠡᠷᠡᠭᠯᠡᠭᠰᠡᠨ ᠪᠠᠶᠢᠳᠠᠯ ᠢ ᠴᠩ ᠲᠣᠭᠳᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ | ᠳᠠᠭᠠᠳᠬᠠᠯ ᠤᠨ ᠦᠶᠯᠡᠴᠢᠯᠡᠭᠦ ᠵᠥᠪᠳᠡᠯᠴᠡᠭᠡᠷ ᠤᠨ ᠠᠭᠤᠯᠭ᠎ᠠ ᠳᠤ ᠣᠷᠣᠭᠤᠯᠵᠤ᠂ ᠡᠮᠴᠢᠯᠡᠭᠡᠨ ᠤ ᠳᠠᠭᠠᠳᠬᠠᠯ ᠤᠨ | ᠦᠶᠯᠡᠴᠢᠯᠡᠭᠦ ᠵᠥᠪᠳᠡᠯᠴᠡᠬᠡᠷ ᠠᠴᠠ ᠵᠦᠷᠢᠴᠡᠭᠰᠠᠨ ᠪᠠᠶᠢᠪᠠᠯ᠂ ᠪᠣᠯᠵᠣᠨ ᠶᠠᠷᠢᠯᠴᠠᠬᠤ᠂ ᠰᠡᠷᠡᠮᠵᠢᠯᠡᠭᠦᠯᠬᠦ᠂ | ᠨᠡᠪᠲᠡᠷᠡᠭᠦᠯᠦᠨ ᠰᠢᠭᠦᠮᠵᠢᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠳᠡᠳᠠᠨ ᠢ ᠬᠤᠭᠤᠴᠠᠭ᠎ᠠ ᠬᠢᠵᠠᠭᠠᠷᠯᠠᠨ | ᠴᠡᠭᠴᠡᠯᠡᠵᠣ ᠰᠠᠶᠢᠵᠢᠷᠠᠭᠤᠯᠬᠤ ᠪᠠᠷ ᠵᠠᠷᠯᠢᠭᠳᠠᠨ᠎ᠠ᠂ ᠴᠢᠬᠤᠯᠠ ᠲᠠᠢ ᠪᠣᠯ ᠵᠥᠪᠳᠡᠯᠴᠡᠬᠡᠷ ᠢ ᠲᠦᠷ ᠵᠣᠭᠰᠣᠭᠠᠬᠤ ᠪᠤᠶᠤ | ᠬᠦᠴᠦᠨ ᠥᠬᠡᠶ ᠪᠣᠯᠭᠠᠵᠤ ᠪᠣᠯᠤᠨ᠎ᠠ᠃ ᠡᠮᠴᠢᠯᠡᠭᠡᠨ ᠤ ᠳᠠᠭᠠᠳᠬᠠᠯ ᠤᠨ ᠣᠶᠤᠨᠴᠢ ᠬᠢᠨᠠᠨ ᠬᠠᠷᠭᠤᠭᠤᠯᠬᠤ ᠮᠡᠳᠡᠭᠡ | ᠵᠠᠩᠭᠢ ᠶᠢᠨ ᠰᠢᠰᠲ᠋ᠧᠮ ᠤᠨ ᠪᠠᠶᠢᠭᠤᠯᠣᠯᠳᠠ ᠶᠢ ᠲᠡᠭᠦᠯᠳᠡᠷᠵᠢᠭᠦᠯᠵᠦ᠂ ᠡᠮᠴᠢᠯᠡᠭᠡᠨ ᠤ ᠥᠨᠳᠥᠷ ᠥᠷᠲᠡᠭᠲᠦ | ᠬᠤᠷᠣᠭᠳᠠᠯ ᠮᠠᠲ᠋ᠧᠷᠢᠶᠠᠯ ᠤᠨ ᠲᠣᠮᠣ ᠳ᠋ᠠᠶᠢᠲ᠋ᠠ ᠪᠠᠷ ᠬᠠᠷᠭᠤᠭᠤᠯᠤᠨ ᠵᠠᠳᠠᠯᠬᠤ ᠶᠢ ᠴᠢᠩᠭᠠᠳᠬᠠᠨ᠂ ᠡᠮᠨᠡᠯᠭᠡ ᠶᠢᠨ | ᠠᠵᠢᠯᠲᠠᠨ ᠤ ᠳᠠᠩ ᠭᠠᠭᠴᠠ ᠨᠠᠷᠠᠲᠤ ᠳᠡᠮᠳᠡᠭ᠂ ᠳᠠᠩ ᠵᠦᠢᠯ ᠤᠨ ᠮᠡᠰᠡ ᠵᠠᠰᠠᠯ ᠵᠡᠷᠭᠡ ᠶᠢᠨ ᠡᠮᠴᠢᠯᠡᠭᠡᠨ ᠤ | ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠢ ᠬᠡᠷᠡᠭᠯᠡᠭᠰᠡᠨ ᠤᠳᠠᠭ᠎ᠠ ᠨᠢ ᠣᠯᠠᠨ᠂ ᠲᠤᠭ᠎ᠠ ᠬᠡᠮᠵᠢᠶ᠎ᠡ ᠪᠤᠶᠤ | ᠵᠠᠷᠤᠳᠠᠯ ᠨᠢ ᠶᠡᠭᠡ ᠪᠣᠯᠣᠭᠰᠠᠨ ᠡᠮᠴᠢᠯᠡᠭᠡᠨ ᠤ ᠪᠠᠶᠢᠭᠤᠯᠤᠮᠵᠢ ᠶᠢ ᠭᠤᠤᠯᠳᠠᠯᠭ᠎ᠠ ᠲᠠᠢ ᠬᠢᠨᠠᠨ ᠡᠵᠡᠮᠳᠡᠵᠦ | ᠭᠤᠤᠯᠳᠠᠯᠭ᠎ᠠ ᠲᠠᠢ ᠪᠠᠶᠢᠴᠠᠭᠠᠨ ᠬᠠᠷᠭᠤᠭᠤᠯᠵᠣ᠂ ᠲᠣᠭᠲᠠᠮᠠᠯ ᠬᠤᠭᠤᠴᠠᠭ᠎ᠠ ᠲᠠᠢ ᠪᠠᠷ ᠨᠡᠪᠲᠡᠷᠡᠭᠦᠯᠬᠦ ᠶᠢᠨ ᠬᠠᠮᠲᠤ | ᠨᠡᠶᠢᠭᠡᠮ ᠨᠡᠶᠢᠲᠡ ᠳᠤ ᠢᠯᠡ ᠪᠣᠯᠭᠠᠨ᠎ᠠ᠃ ᠴᠩ ᠲᠣᠭᠳᠠᠭᠠᠭᠰᠠᠨ ᠡᠮᠴᠢᠯᠡᠭᠡᠨ ᠤ ᠪᠠᠶᠢᠭᠤᠯᠤᠮᠵᠢ ᠪᠠ ᠡᠮᠨᠡᠯᠭᠡ ᠶᠢᠨ | ᠠᠵᠢᠯᠲᠠᠨ ᠤ ︽ᠬᠠᠷ᠎ᠠ ᠳᠠᠩᠰᠠ︾ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠡᠮᠴᠢᠯᠡᠭᠡᠨ ᠤ ᠳᠠᠭᠠᠳᠬᠠᠯ ᠤᠨ | ᠴᠩ ᠲᠣᠭᠳᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠢᠲᠡᠭᠡᠮᠵᠢ ᠶᠢᠨ ᠦᠨᠡᠯᠡᠯᠲᠡ ᠶᠢᠨ ᠰᠢᠰᠲ᠋ᠧᠮᠵᠢ ᠶᠢᠨ | ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ | ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ | ᠬᠠᠷᠢᠭᠤᠴᠠᠨ᠎ᠠ︶ | ︵ᠭᠤᠷᠪᠠ︶ ᠬᠢᠨᠠᠯᠲᠠ ᠲᠠᠯᠪᠢᠵᠤ ᠬᠠᠮᠢᠶᠠᠷᠬᠤ ᠲᠣᠭᠲᠠᠴᠠ ᠶᠢ ᠪᠦᠷᠢᠨᠰᠢᠭᠦᠯᠵᠦ᠂ ᠬᠠᠤᠯᠢ ᠲᠣᠭᠲᠠᠭᠠᠯ ᠠᠴᠠ | ᠵᠦᠷᠢᠴᠡᠭᠰᠠᠨ ᠦᠢᠯᠡ ᠠᠵᠢᠯᠯᠠᠭ᠎ᠠ ᠶᠢ ᠪᠠᠶᠢᠴᠠᠭᠠᠨ ᠰᠢᠶᠳᠪᠦᠷᠢᠯᠡᠨ᠎ᠠ᠃ | 1. ᠶᠠᠰᠤ ᠴᠢᠨᠠᠷ ᠤᠨ ᠬᠠᠮᠢᠶᠠᠷᠤᠯᠲᠠ ᠶᠢ ᠲᠡᠭᠦᠯᠳᠡᠷᠵᠢᠭᠦᠯᠣᠨ᠎ᠠ᠃ ᠬᠤᠶᠠᠳᠤᠭᠠᠷ ᠲᠥᠷᠥᠯ ᠤᠨ ᠡᠮᠴᠢᠯᠡᠭᠡᠨ ᠤ | ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠤᠨ ᠵᠠᠬ᠎ᠠ ᠳᠡᠯᠭᠡᠭᠦᠷ ᠲᠤ ᠭᠠᠷᠬᠤ ᠠᠴᠠ ᠡᠮᠦᠨᠡᠬᠢ ᠳᠠᠩᠰᠠᠯᠠᠭᠤᠯᠵᠣ | ᠬᠢᠨᠠᠨ ᠵᠥᠪᠰᠢᠶᠡᠷᠡᠬᠦ ᠴᠤᠪᠤᠷᠠᠯ ᠢ ᠴᠢᠩᠭ᠎ᠠ ᠵᠢᠷᠣᠮᠵᠢᠭᠤᠯᠵᠣ᠂ ᠰᠢᠨ᠎ᠡ ᠦᠶᠯᠡᠳᠬᠦᠨ ᠤ ᠡᠮᠴᠢᠯᠡᠭᠡᠨ ᠤ | ᠳᠠᠭᠠᠳᠬᠠᠯ ᠤᠨ ᠬᠠᠮᠢᠶᠠᠷᠤᠯᠲᠠ ᠬᠢᠭᠡᠳ ᠳᠠᠩᠰᠠᠯᠠᠭᠤᠯᠵᠣ ᠬᠢᠨᠠᠨ ᠵᠥᠪᠰᠢᠶᠡᠷᠡᠬᠦ ᠶᠢ ᠪᠦᠲᠦᠮᠵᠢᠲᠡᠶ ᠵᠣᠯᠭᠠᠭᠤᠯᠬᠤ ᠪᠠᠨ | ᠴᠢᠩᠭᠠᠳᠬᠨ᠎ᠠ ᠃ ᠡᠮᠴᠢᠯᠡᠭᠡᠨ ᠤ ᠪᠠᠭᠠᠵᠢ ᠬᠡᠷᠡᠭᠰᠡᠯ ᠤᠨ ᠳᠠᠩᠰᠠᠯᠠᠭᠤᠯᠬᠤ ᠮᠡᠷᠭᠡᠵᠢᠯ ᠤᠨ ᠱᠠᠭᠠᠷᠳᠠᠯᠭ᠎ᠠ ᠶᠢ ᠴᠢᠩᠭ᠎ᠠ | ᠬᠡᠷᠩᠵᠢᠭᠦᠯᠵᠣ᠂ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠤᠨ ᠪᠠᠷᠢᠮᠵᠢᠶ᠎ᠠ ᠶᠢ ᠠᠯᠬᠤᠮ | ᠠᠯᠬᠤᠮ ᠢᠶᠠᠷ ᠣᠯᠠᠨ ᠤᠯᠤᠰ ᠤᠨ ᠪᠠᠷᠢᠮᠵᠢᠶ᠎ᠠ ᠯᠤᠭ᠎ᠠ ᠵᠣᠯᠭᠠᠭᠤᠯᠬᠤ ᠶᠢ ᠠᠬᠢᠭᠤᠯᠣᠨ᠎ᠠ᠃ ᠬᠠᠮᠢᠶ᠎ᠠ ᠪᠥᠬᠦᠶ ᠬᠢᠨᠠᠨ | ᠵᠥᠪᠰᠢᠶᠡᠷᠡᠭᠰᠡᠨ ᠮᠡᠳᠡᠭᠡ ᠵᠠᠩᠭᠢ ᠶᠢ ᠴᠠᠭ ᠲᠤᠬᠠᠶ ᠳᠤ ᠨᠢ ᠢᠯᠡ ᠪᠣᠯᠭᠠᠵᠤ᠂ ᠨᠡᠶᠢᠭᠡᠮ ᠤᠨ ᠬᠢᠨᠠᠯᠲᠠ | ᠲᠠᠯᠪᠢᠯᠲᠠ ᠶᠢ ᠴᠢᠩᠭᠠᠷᠠᠭᠤᠯᠣᠨ᠎ᠠ᠃ ᠦᠶᠯᠡᠳᠬᠦᠨ ᠤ ᠮᠡᠳᠡᠭᠡ ᠵᠠᠩᠭᠢ ᠶᠢᠨ ᠮᠥᠷᠳᠡᠭᠦ ᠰᠢᠰᠲ᠋ᠧᠮᠵᠢ ᠪᠠ | ᠦᠶᠯᠡᠳᠪᠦᠷᠢᠯᠡᠭᠰᠡᠨ ᠠᠵᠤ ᠠᠬᠤᠶᠢᠯᠡᠯ ᠤᠨ ᠦᠶᠯᠡᠳᠬᠦᠨ ᠤ ᠶᠠᠰᠤ ᠴᠢᠨᠠᠷ ᠲᠤ ᠪᠠᠨ ᠨᠠᠰᠤᠨ ᠲᠤᠷᠰᠢᠳᠠ | ᠬᠠᠷᠢᠭᠤᠴᠠᠬᠤ ᠳᠦᠷᠢᠮ ᠢ ᠪᠠᠶᠢᠭᠤᠯᠣᠨ᠎ᠠ᠃ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠤᠨ | ᠬᠡᠷᠩᠯᠡᠭᠦ ᠪᠥᠬᠦ ᠦᠶᠡᠯᠡᠯ ᠤᠨ ᠬᠤᠭᠤᠴᠠᠭᠠᠨ ᠳᠠᠬᠢ ᠶᠠᠰᠤ ᠴᠢᠨᠠᠷ ᠤᠨ ᠬᠠᠮᠢᠶᠠᠷᠤᠯᠲᠠ ᠶᠢ ᠴᠢᠩᠭᠠᠳᠬᠠᠵᠤ᠂ | ᠰᠤᠳᠤᠯᠤᠨ ᠨᠡᠭᠡᠭᠡᠬᠦ᠂ ᠬᠢᠨᠠᠨ ᠵᠦᠪᠰᠢᠶᠡᠷᠡᠭᠦ᠂ ᠵᠢᠷᠤᠮᠵᠢᠭᠤᠯᠤᠨ ᠬᠡᠷᠡᠭᠯᠡᠭᠦ ᠲᠥᠷᠥ ᠶᠢᠨ ᠪᠣᠳᠣᠯᠭ᠎ᠠ ᠶᠢ | ᠲᠡᠭᠦᠯᠳᠡᠷᠵᠢᠭᠦᠯᠦᠨ᠎ᠡ᠃ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠳᠤ ᠰᠢᠨ᠎ᠡ ᠶᠢ ᠡᠭᠦᠳᠦᠨ | ᠬᠥᠭᠵᠢᠭᠦᠯᠭᠦ ᠶᠢ ᠵᠣᠷᠢᠭᠵᠢᠭᠤᠯᠣᠨ᠂ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠤᠨ ᠰᠤᠳᠤᠯᠤᠨ ᠨᠡᠭᠡᠭᠡᠵᠦ | ᠦᠶᠯᠡᠳᠪᠦᠷᠢᠯᠡᠭᠦ ᠶᠢ ᠳᠠᠮᠵᠢᠵᠣ᠂ ᠤᠯᠤᠰ ᠤᠨ ᠡᠮ ᠤᠨ ᠵᠦᠶᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ | ᠬᠢᠨᠠᠨ ᠪᠠᠶᠢᠴᠠᠭᠠᠯᠳᠠ ᠪᠠᠷ ᠵᠦᠪᠰᠢᠶᠡᠷᠡᠭᠦᠯᠣᠭ᠍ᠰᠡᠨ ᠰᠢᠨ᠎ᠡ ᠶᠢ ᠡᠭᠦᠳᠣᠭ᠍ᠰᠡᠨ ᠡᠮᠴᠢᠯᠡᠭᠡᠨ ᠤ ᠪᠠᠭᠠᠵᠢ ᠬᠡᠷᠡᠭᠰᠡᠯ ᠤᠨ | ᠣᠨᠴᠠᠭᠠᠢ ᠬᠢᠨᠠᠨ ᠪᠠᠶᠢᠴᠠᠭᠠᠬᠤ ᠳᠡᠰ ᠳᠠᠷᠠᠭᠠᠯᠠᠯ ᠢᠶᠠᠷ ᠬᠢᠨᠠᠨ ᠪᠠᠶᠢᠴᠠᠭᠠᠭᠰᠠᠨ ᠪᠥᠭᠡᠳ ᠥᠪᠡᠷᠲᠡᠭᠡᠨ ᠵᠠᠰᠠᠬᠤ | ᠣᠷᠣᠨ ᠤ ᠡᠮ ᠤᠨ ᠵᠦᠶᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠷᠢᠭᠤᠴᠠᠵᠣ ᠬᠢᠨᠠᠨ | ᠵᠥᠪᠰᠢᠶᠡᠷᠡᠭᠰᠡᠨ ᠡᠮᠴᠢᠯᠡᠭᠡᠨ ᠤ ᠪᠠᠭᠠᠵᠢ ᠬᠡᠷᠡᠭᠰᠡᠯ ᠳᠤ ᠲᠤᠰᠬᠠᠶ ᠬᠥᠮᠦᠨ ᠵᠢᠭᠠᠨ ᠲᠣᠭᠲᠠᠭᠠᠵᠤ ᠭᠤᠶᠤᠴᠢᠯᠠᠭᠴᠢ | ᠯᠤᠭ᠎ᠠ ᠴᠠᠭ ᠲᠤᠬᠠᠶ ᠳᠤ ᠨᠢ ᠨᠡᠪᠲᠡᠷᠡᠯᠴᠡᠭᠦᠯᠭᠦ ᠪᠦᠭᠡᠣᠨ ᠵᠢᠯᠣᠭᠤᠳᠣᠯᠭ᠎ᠠ ᠬᠠᠩᠭᠠᠨ᠎ᠠ᠃ ᠥᠪᠡᠷᠲᠡᠭᠡᠨ ᠵᠠᠰᠠᠬᠤ | ᠣᠷᠣᠨ ᠤ ᠵᠠᠰᠠᠭ ᠵᠠᠬᠢᠷᠭᠠᠨ ᠤ ᠣᠷᠣᠨ ᠳᠠᠬᠢ ᠦᠶᠯᠡᠳᠪᠦᠷᠢᠯᠡᠭᠦ ᠠᠵᠤ ᠠᠬᠤᠶᠢᠯᠠᠯ ᠳᠤ ᠬᠢᠨᠠᠯᠲᠠ ᠲᠠᠯᠪᠢᠵᠤ | ᠰᠤᠭᠤᠴᠢᠨ ᠪᠠᠶᠢᠴᠠᠭᠠᠬᠤ᠂ ᠭᠡᠨᠡᠳᠡᠭᠦᠯᠣᠨ ᠪᠠᠶᠢᠴᠠᠭᠠᠬᠤ᠂ ᠦᠶᠯᠡᠳᠪᠦᠷᠢᠯᠡᠭᠦ ᠭᠤᠭᠴᠣᠭᠠᠨ ᠳᠤ ᠪᠠᠶᠢᠴᠠᠭᠠᠬᠤ | ᠡᠷᠴᠢᠮ ᠢ ᠴᠢᠩᠭᠠᠷᠠᠭᠤᠯᠤᠨ᠎ᠠ᠃ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠤᠨ | ᠵᠡᠷᠠᠮᠳᠡᠭ ᠵᠦᠢᠯ ᠤᠨ ᠨᠣᠷᠮ᠎ᠠ ᠶᠢᠨ ᠮᠡᠳᠡᠭᠦᠯᠬᠦ ᠰᠢᠰᠲ᠋ᠧᠮ ᠢ ᠬᠡᠷᠡᠭᠯᠡᠨ᠂ ︽ᠡᠮᠴᠢᠯᠡᠭᠡᠨ ᠤ ᠪᠠᠭᠠᠵᠢ ᠬᠡᠷᠡᠭᠰᠡᠯ ᠤᠨ | ᠭᠠᠵᠢ ᠨᠦᠯᠣᠭᠡ ᠲᠠᠢ ᠬᠡᠷᠡᠭ ᠢ ᠬᠢᠨᠠᠨ ᠰᠢᠨᠵᠢᠬᠦ ᠪᠠ ᠳᠠᠬᠢᠨ ᠦᠨᠡᠯᠡᠬᠦ ᠬᠠᠮᠢᠶᠠᠷᠤᠯᠲᠠ ᠶᠢᠨ ᠠᠷᠭ᠎ᠠ︾ ᠶᠢᠨ | ᠬᠤᠯᠪᠣᠭᠳᠠᠯ ᠪᠦᠬᠦᠢ ᠲᠣᠭᠲᠠᠭᠠᠯ ᠢᠶᠠᠷ ᠡᠮᠴᠢᠯᠡᠭᠡᠨ ᠤ ᠪᠠᠭᠠᠵᠢ ᠬᠡᠷᠡᠭᠰᠡᠯ ᠤᠨ ᠭᠠᠵᠢ ᠨᠦᠯᠣᠭᠡ ᠲᠠᠢ ᠬᠡᠷᠡᠭ ᠢ ᠬᠢᠨᠠᠨ | ᠰᠢᠨᠵᠢᠬᠦ ᠪᠠ ᠳᠠᠬᠢᠨ ᠦᠨᠡᠯᠡᠬᠦ ᠠᠵᠢᠯ ᠢ ᠥᠷᠨᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠡᠮ ᠤᠨ ᠵᠦᠶᠯ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠥᠭᠵᠢᠭᠦᠯᠦᠯᠲᠡ | ᠪᠠ ᠥᠭᠡᠷᠡᠴᠢᠯᠡᠯᠲᠡ ᠶᠢᠨ ᠵᠥᠪᠯᠡᠯ᠂ ᠡᠮᠴᠢᠯᠡᠭᠡᠨ ᠤ ᠳᠠᠭᠠᠣᠡᠬᠠᠯ ᠤᠨ ᠲᠣᠪᠴᠢᠶ᠎ᠠ ᠬᠠᠷᠢᠭᠤᠴᠠᠨ᠎ᠠ︶ | 2. ᠭᠦᠶᠯᠭᠡᠭᠡᠨ ᠤ ᠬᠠᠮᠢᠶᠠᠷᠤᠯᠲᠠ ᠶᠢ ᠴᠢᠩᠭᠠᠷᠠᠭᠤᠯᠣᠨ᠎ᠠ᠃ ᠡᠮᠴᠢᠯᠡᠭᠡᠨ ᠤ ᠥᠨᠳᠥᠷ ᠥᠷᠲᠡᠭᠲᠦ | ᠬᠤᠷᠣᠭᠳᠠᠯ ᠮᠠᠲ᠋ᠧᠷᠢᠶᠠᠯ ᠤᠨ ᠭᠦᠶᠯᠭᠡᠭᠡᠨ ᠤ ᠬᠦᠷᠢᠶᠠᠨ ᠳᠠᠬᠢ ᠬᠡᠪᠴᠢᠶᠠᠵᠢᠭᠦ᠂ ᠲᠤᠰᠬᠠᠶᠢᠵᠢᠬᠤ᠂ ᠮᠡᠳᠡᠭᠡ | ᠵᠠᠩᠬᠢᠴᠢᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠠᠯᠪᠠᠨ ᠠᠴᠠ ᠡᠷᠬᠢᠯᠡᠭᠰᠠᠨ ᠡᠮᠴᠢᠯᠡᠭᠡᠨ ᠤ ᠪᠠᠶᠢᠭᠤᠯᠤᠮᠵᠢ | ᠨᠢ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠢ ᠲᠤᠬᠢᠷᠠᠭᠤᠯᠣᠨ ᠬᠦᠷᠭᠡᠵᠣ ᠰᠢᠯᠢᠨ ᠰᠣᠩᠭᠤᠬᠤ | ᠲᠣᠭᠲᠠᠴᠠ ᠶᠢ ᠪᠠᠶᠢᠭᠤᠯᠵᠤ᠂ ᠵᠠᠬ᠎ᠠ ᠳᠡᠯᠭᠡᠭᠦᠷ ᠤᠨ ᠵᠦᠶ ᠵᠣᠬᠢᠰᠲᠠᠶ ᠥᠷᠢᠰᠥᠯᠳᠦᠭᠡᠨ ᠢ ᠠᠬᠢᠭᠤᠯᠬᠤ ᠬᠡᠷᠡᠭᠲᠡᠶ᠃ | ᠬᠤᠳᠠᠯᠳᠤᠨ ᠠᠪᠬᠤ ᠪᠠ ᠪᠣᠷᠣᠯᠠᠭᠤᠯᠬᠤ ᠭᠡᠷ᠎ᠡ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠡᠮᠴᠢᠯᠡᠭᠡᠨ ᠤ | ᠪᠠᠶᠢᠭᠤᠯᠣᠮᠵᠢ ᠨᠢ ᠭᠡᠷ᠎ᠡ ᠶᠢ ᠦᠨᠳᠦᠰᠦᠯᠡᠨ ᠵᠣᠭᠤᠰ ᠢ ᠨᠢ ᠦᠭᠭᠦ ᠶᠢ ᠴᠢᠩᠭ᠎ᠠ ᠬᠡᠷᠩᠵᠢᠭᠦᠯᠭᠦ ᠬᠡᠷᠡᠭᠲᠡᠶ᠃ | ᠪᠣᠳᠠᠳᠠᠢ ᠲᠠᠢ ᠪᠠᠨ ᠤᠶᠠᠯᠳᠤᠭᠤᠯᠤᠨ ︽ᠬᠤᠶᠠᠷ ᠪᠠᠷᠢᠮᠲᠠ ᠶᠢᠨ ᠳᠦᠷᠢᠮ︾ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠤᠨ ᠭᠦᠶᠯᠭᠡᠭᠡᠨ ᠤ ᠭᠤᠭᠴᠤᠭ᠎ᠠ ᠶᠢ | ᠪᠠᠭᠠᠰᠬᠠᠵᠤ᠂ ᠬᠤᠳᠠᠯᠳᠤᠨ ᠠᠪᠬᠤ ᠪᠠ ᠪᠣᠷᠣᠯᠠᠭᠤᠯᠬᠤ ᠠᠵᠢᠯᠯᠠᠭ᠎ᠠ ᠶᠢᠨ ᠢᠯᠡ ᠲᠣᠳᠣ ᠪᠠᠶᠢᠬᠤ ᠶᠢ ᠠᠬᠢᠭᠤᠯᠬᠤ | ᠬᠡᠷᠡᠭᠲᠡᠶ᠃ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠤᠨ ᠦᠶᠯᠡᠳᠪᠦᠷᠢᠯᠡᠯ᠂ ᠭᠦᠶᠯᠭᠡᠭᠡ ᠪᠠ | ᠬᠡᠷᠡᠭᠯᠡᠯᠲᠡ ᠵᠡᠷᠭᠡ ᠭᠤᠭᠴᠣᠭᠠᠨ ᠳᠠᠬᠢ ᠢᠲᠡᠭᠡᠮᠵᠢ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠳᠦᠷᠢᠮ ᠢ ᠪᠠᠶᠢᠭᠤᠯᠵᠣ᠂ | ᠬᠤᠯᠪᠣᠭᠠᠯᠠᠵᠣ ᠵᠠᠯᠬᠠᠭᠠᠨ ᠴᠡᠭᠡᠷᠯᠡᠭᠦᠯᠬᠦ ᠶᠢᠨ ᠰᠦᠷ ᠬᠦᠴᠦᠨ ᠢ ᠪᠠᠳᠠᠷᠠᠭᠤᠯᠣᠨ᠎ᠠ᠃ ᠡᠮᠴᠢᠯᠡᠭᠡᠨ ᠤ ᠥᠨᠳᠥᠷ | ᠥᠷᠲᠡᠭᠲᠦ ᠬᠤᠷᠣᠭᠳᠠᠯ ᠮᠠᠲ᠋ᠧᠷᠢᠶᠠᠯ ᠤᠨ ᠬᠠᠮᠢᠶ᠎ᠠ ᠪᠦᠬᠦᠢ ᠠᠵᠤ ᠠᠬᠤᠶᠢᠯᠠᠯ ᠵᠢᠴᠢ ᠳᠡᠳᠡᠭᠡᠷ ᠤᠨ ᠠᠵᠢᠯ | ᠡᠷᠬᠢᠯᠡᠭᠰᠡᠳ ᠤᠨ ᠢᠲᠡᠭᠡᠯ ᠢᠶᠠᠨ ᠠᠯᠳᠠᠭᠰᠠᠨ ᠦᠢᠯᠡ ᠠᠵᠢᠯᠯᠠᠭ᠎ᠠ ᠶᠢ ᠲᠡᠮᠳᠡᠭᠯᠡᠬᠦ ᠪᠠ ᠢᠯᠡ ᠨᠡᠶᠢᠲᠡᠯᠡᠬᠦ ᠶᠢ | ᠴᠢᠩᠭᠠᠳᠬᠠᠨ᠎ᠠ᠃ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠢ ᠦᠶᠯᠡᠳᠪᠦᠷᠢᠯᠡᠬᠦ ᠠᠵᠤ | ᠠᠬᠤᠶᠢᠯᠠᠯ ᠵᠢᠴᠢ ᠬᠠᠮᠢᠶ᠎ᠠ ᠪᠦᠬᠦᠢ ᠲᠣᠬᠠᠢ ᠶᠢᠨ ᠬᠥᠮᠦᠨ ᠤ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ | ᠶᠠᠪᠣᠴᠨ ᠳᠠᠬᠢ ᠬᠡᠪ ᠤᠨ ᠪᠣᠰᠣ ᠦᠢᠯᠨ ᠠᠵᠢᠯᠯᠠᠭ᠎ᠠ ᠶᠢᠨ ᠳᠠᠯ᠎ᠠ ᠪᠠᠷ ᠬᠢ ᠢᠲᠡᠭᠡᠮᠵᠢ ᠶᠢᠨ ᠲᠡᠮᠳᠡᠭᠯᠡᠯ ᠢ ᠪᠠᠶᠢᠭᠤᠯᠤᠨ | ᠪᠦᠷᠢᠨᠰᠢᠭᠦᠯᠬᠦ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ | ᠲᠠᠪᠴᠠᠩ ᠳᠤ ᠳᠡᠮᠵᠢᠭᠤᠯᠵᠣ ᠵᠠᠷᠯᠠᠨ ᠨᠠᠶᠢᠳᠠᠯᠠᠵᠣ᠂ ᠬᠤᠯᠪᠣᠭᠠᠯᠠᠵᠣ ᠵᠠᠯᠬᠠᠭᠠᠨ ᠴᠡᠭᠡᠷᠯᠡᠭᠦᠯᠭᠦ ᠶᠢ ᠬᠡᠷᠡᠭᠵᠢᠭᠦᠯᠦᠨ᠂ | ᠭᠡᠷ᠎ᠡ ᠪᠠᠨ ᠭᠦᠶᠴᠡᠳᠬᠡᠬᠦ ᠬᠠᠮᠢᠶᠠᠷᠤᠯᠲᠠ ᠶᠢ ᠴᠢᠩᠭᠠᠷᠠᠭᠤᠯᠣᠨ᠎ᠠ᠃ ︵ᠥᠪᠡᠷᠲᠡᠭᠡᠨ ᠵᠠᠰᠠᠬᠤ ᠣᠷᠣᠨ ᠤ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠣᠡᠪᠣᠷᠢ ᠪᠠ ᠮᠡᠳᠡᠭᠡ ᠵᠠᠩᠭᠢᠴᠢᠯᠠᠯᠳᠠ ᠶᠢᠨ | ᠲᠢᠩᠬᠢᠮ ᠲᠣᠰ ᠲᠣᠰ ᠬᠠᠷᠢᠭᠤᠴᠠᠨ᠎ᠠ︶ | 3 . ᠠᠯᠪᠠᠨ ᠠᠴᠠ ᠡᠷᠬᠢᠯᠡᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠨᠠᠮ ᠤᠨ ᠰᠤᠷᠲᠠᠯ ᠪᠠ ᠠᠷᠢᠭᠤᠨ | ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠢᠩᠭᠠᠳᠬᠠᠨ᠎ᠠ᠃ ᠠᠯᠪᠠᠨ ᠠᠴᠠ ᠡᠷᠬᠢᠯᠡᠭᠰᠠᠨ ᠡᠮᠴᠢᠯᠡᠭᠡᠨ ᠤ | ᠪᠠᠶᠢᠭᠤᠯᠤᠮᠵᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠣᠳᠣᠷᠢᠣᠡᠬᠤ ᠦᠶᠯᠡᠳᠦᠯ ᠢ ᠭᠦᠶᠴᠡᠳ ᠪᠠᠳᠠᠷᠠᠭᠤᠯᠵᠤ᠂ | ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠬᠤ︾ ᠶᠢ ᠴᠢᠩᠭ᠎ᠠ ᠨᠠᠶᠢᠳᠠᠪᠤᠷᠢᠵᠢᠭᠤᠯᠤᠨ᠂ | ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠣᠯᠳᠠ ᠬᠢᠭᠡᠣᠨ ᠢᠯᠵᠠᠷᠠᠯ ᠢ ᠡᠰᠡᠷᠭᠦᠴᠡᠬᠦ | ᠠᠵᠢᠯ ᠢ ᠦᠨᠡᠨ ᠬᠦ ᠴᠢᠩᠭᠠᠳᠬᠠᠨ᠎ᠠ᠃ ᠠᠯᠪᠠᠨ ᠠᠴᠠ ᠡᠷᠬᠢᠯᠡᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠨᠠᠮ ᠤᠨ | ᠵᠣᠬᠢᠶᠠᠨ ᠪᠠᠶᠢᠭᠤᠯᠤᠯᠲᠠ ᠨᠢ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠢ ᠬᠠᠮᠢᠶᠠᠷᠴᠤ ᠬᠡᠷᠡᠭᠯᠡᠬᠦ | ᠳᠠᠯ᠎ᠠ ᠪᠠᠷ ᠬᠢ ᠢᠯᠵᠠᠷᠠᠯ ᠤᠨ ᠠᠰᠠᠭᠤᠳᠠᠯ ᠢ ᠰᠡᠷᠭᠡᠶᠢᠯᠡᠬᠦ ᠪᠠ ᠵᠠᠯᠬᠠᠭᠠᠨ ᠰᠢᠳᠬᠡᠬᠦ ᠶᠢ ᠨᠠᠮ ᠢ ᠪᠥᠬᠦ ᠲᠠᠯ᠎ᠠ ᠪᠠᠷ | ᠴᠢᠩᠭ᠎ᠠ ᠵᠠᠰᠠᠬᠤ ᠶᠢᠨ ᠴᠢᠬᠤᠯᠠ ᠠᠭᠤᠯᠭ᠎ᠠ ᠪᠣᠯᠭᠠᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠨ᠂ | ᠲᠦᠭᠰᠢᠭᠦᠷᠢ ᠶᠡᠬᠡᠲᠡᠶ ᠰᠠᠯᠠᠭ᠎ᠠ ᠲᠠᠰᠤᠭ᠂ ᠠᠵᠢᠯ ᠤᠨ ᠪᠠᠶᠢᠷᠢ ᠵᠢᠴᠢ ᠠᠵᠢᠯᠲᠠᠨ ᠢ ᠴᠢᠩᠭ᠎ᠠ ᠬᠢᠨᠠᠨ ᠬᠠᠮᠢᠶᠠᠷᠬᠤ | ᠠᠵᠢᠯ ᠤᠨ ᠳᠦᠷᠢᠮ ᠢᠶᠠᠨ ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃ ᠠᠯᠪᠠᠨ ᠠᠴᠠ ᠡᠷᠬᠢᠯᠡᠭᠰᠠᠨ ᠡᠮᠴᠢᠯᠡᠭᠡᠨ ᠤ | ᠪᠠᠶᠢᠭᠤᠯᠤᠮᠵᠢ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠨᠢ ᠬᠢᠨᠠᠯᠲᠠ ᠲᠠᠯᠪᠢᠵᠣ | ᠰᠠᠬᠢᠯᠭ᠎ᠠ ᠪᠠᠲᠤ ᠶᠢ ᠬᠡᠷᠡᠭᠵᠢᠭᠦᠯᠣᠨ ᠬᠠᠷᠢᠭᠤᠴᠠᠯᠭ᠎ᠠ ᠨᠡᠬᠡᠮᠵᠢᠯᠡᠬᠦ ᠳᠠᠯ᠎ᠠ ᠪᠠᠷ ᠬᠢ ᠡᠭᠦᠷᠭᠡ ᠬᠠᠷᠢᠭᠤᠴᠠᠯᠭ᠎ᠠ ᠪᠠᠨ | ᠭᠦᠶᠴᠡᠳᠬᠡᠵᠦ᠂ ᠨᠠᠮ ᠤᠨ ᠭᠡᠰᠢᠭᠦᠨ ᠺᠠᠳ᠋ᠷᠴᠣᠣᠨ ᠪᠠ ᠡᠮᠨᠡᠯᠭᠡ ᠶᠢᠨ ᠠᠵᠢᠯᠳᠠᠣᠨ ᠤᠨ ᠨᠠᠮ ᠤᠨ ᠰᠠᠬᠢᠯᠭ᠎ᠠ ᠪᠠᠳᠣ | ᠤᠯᠤᠰ ᠤᠨ ᠬᠠᠤᠯᠢ ᠴᠠᠭᠠᠵᠨ ᠶᠢ ᠴᠢᠩᠭ᠎ᠠ ᠵᠢᠷᠤᠮᠯᠠᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ | ᠴᠢᠩᠭᠠᠳᠬᠠᠵᠤ᠂ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠤᠨ ᠬᠦᠷᠢᠶᠡᠨ ᠳᠠᠬᠢ ᠲᠥᠪ ᠪᠤᠰᠤ | ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠢᠩᠭ᠎ᠠ ᠪᠠᠷ ᠪᠠᠶᠢᠴᠠᠭᠠᠨ ᠰᠢᠶᠳᠪᠦᠷᠢᠯᠡᠨ᠎ᠠ᠃ ᠠᠯᠪᠠᠨ ᠠᠴᠠ | ᠡᠷᠬᠢᠯᠡᠭᠰᠠᠨ ᠡᠮᠴᠢᠯᠡᠭᠡᠨ ᠤ ᠪᠠᠶᠢᠭᠤᠯᠤᠮᠵᠢ ᠨᠢ ᠣᠨ ᠤ ᠲᠤᠰᠢᠶᠠᠯ ᠤᠨ ᠮᠡᠳᠡᠭᠦᠯᠦᠯᠲᠡ ᠬᠢᠬᠦ ᠳᠤ ᠪᠠᠨ᠂ ᠣᠳᠣᠷᠢᠣᠡᠬᠤ | ᠪᠠᠭ ᠤᠨ ᠪᠦᠷᠢᠯᠳᠦᠬᠦᠨ ᠨᠢ ᠬᠤᠪᠢᠳᠠᠨ ᠬᠠᠮᠢᠶᠠᠷᠴᠤ ᠪᠦᠬᠦᠢ ᠬᠦᠷᠢᠶᠡᠨ ᠳᠠᠬᠢ ᠠᠷᠢᠭᠤᠨ ᠴᠢᠬᠡᠴᠢ ᠪᠠᠷ ᠵᠠᠰᠠᠭ | ᠪᠠᠷᠢᠵᠣ ᠪᠠᠶᠢᠭ᠎ᠠ ᠪᠠᠶᠢᠭᠤᠯᠤᠯᠲᠠ ᠶᠢᠨ ᠠᠵᠢᠯ ᠤᠨ ᠠᠭᠤᠯᠭ᠎ᠠ ᠪᠠᠨ ᠮᠡᠳᠡᠭᠦᠯᠬᠦ ᠬᠡᠷᠡᠭᠲᠡᠶ᠃ ︵ᠥᠪᠡᠷᠲᠡᠭᠡᠨ ᠵᠠᠰᠠᠬᠤ | ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠷᠢᠭᠤᠴᠠᠨ᠎ᠠ︶ | 4. ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠵᠦ ᠪᠠᠶᠢᠭᠠᠳ ᠰᠠᠬᠢᠯᠭ᠎ᠠ ᠪᠠᠲᠤ ᠪᠠ ᠬᠠᠤᠯᠢ ᠴᠠᠭᠠᠵᠠ ᠶᠢ | ᠵᠥᠷᠢᠴᠡᠭᠰᠡᠨ ᠦᠢᠯᠨ ᠠᠵᠢᠯᠯᠠᠭ᠎ᠠ ᠶᠢ ᠪᠠᠶᠢᠴᠠᠭᠠᠨ ᠰᠢᠶᠳᠪᠦᠷᠢᠯᠡᠬᠦ ᠡᠷᠴᠢᠮ ᠢᠶᠠᠨ ᠴᠢᠩᠭᠠᠷᠠᠭᠤᠯᠣᠨ᠎ᠠ᠃ ᠣᠯᠠᠨ | ᠰᠠᠯᠠᠭ᠎ᠠ ᠮᠥᠴᠢᠷ ᠤᠨ ᠬᠤᠯᠪᠣᠭᠠᠯᠠᠵᠣ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠠᠶᠢᠭᠤᠯᠵᠤ᠂ ᠬᠤᠳᠠᠯᠳᠤᠭᠠᠨ ᠤ | ᠬᠡᠭᠡᠯᠢ ᠬᠠᠭ᠋ᠤᠤᠯᠢ ᠲᠦᠯᠬᠢᠬᠦ᠂ ᠭᠠᠭᠴᠠᠭᠠᠷ ᠡᠵᠡᠮᠰᠢᠬᠦ ᠪᠠ ᠵᠦᠶ ᠪᠤᠰᠤ ᠪᠠᠷ ᠥᠷᠢᠰᠥᠯᠳᠦᠭᠦ᠂ ᠪᠠᠷᠢᠮᠳᠠ ᠶᠢ | ᠬᠠᠭᠤᠷᠮᠠᠭ ᠢᠶᠠᠷ ᠵᠣᠬᠢᠶᠠᠬᠤ ᠪᠠ ᠬᠤᠳᠠᠯ ᠢᠶᠠᠷ ᠭᠠᠷᠭᠠᠵᠤ ᠥᠭᠬᠦ᠂ ᠠᠵᠤ ᠠᠬᠤᠶᠢᠯᠠᠯ ᠤᠨ ᠬᠡᠯᠪᠡᠷᠢ ᠦᠭᠡᠷᠡᠲᠡᠭᠦᠯᠦᠨ | ᠪᠡᠯᠡᠭᠯᠡᠵᠣ ᠬᠦᠷᠭᠡᠬᠦ ᠵᠡᠷᠭᠡ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠦᠭᠭᠦᠨ᠎ᠠ᠃ ᠡᠷᠡᠭᠦᠤ ᠶᠢᠨ ᠬᠠᠷᠢᠭᠤᠴᠠᠯᠭ᠎ᠠ | ᠨᠡᠬᠡᠮᠵᠢᠯᠡᠬᠦ ᠴᠢᠬᠤᠯᠠᠲᠠᠶ ᠪᠠ ᠬᠠᠤᠯᠢ ᠴᠠᠭᠠᠵᠠ ᠶᠢᠨ ᠪᠠᠶᠢᠭᠤᠯᠭ᠎ᠠ ᠬᠠᠮᠢᠶᠠᠷᠪᠡᠯ ᠵᠣᠬᠢᠬᠤ ᠬᠡᠷᠡᠭ ᠢ ᠬᠠᠤᠯᠢ ᠶᠣᠰᠣᠭᠠᠷ | ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠨ᠎ᠠ᠃ ᠡᠮᠴᠢᠯᠡᠭᠡᠨ ᠤ ᠥᠨᠳᠥᠷ ᠥᠷᠲᠡᠭᠲᠦ | ᠬᠤᠷᠣᠭᠳᠠᠯ ᠮᠠᠲ᠋ᠧᠷᠢᠶᠠᠯ ᠯᠤᠭ᠎ᠠ ᠬᠤᠯᠪᠣᠭᠳᠠᠭᠰᠠᠨ ᠨᠡᠶᠢᠲᠡᠯᠢᠭ ᠬᠡᠷᠩ ᠤᠨ ᠵᠢᠱᠢᠶ᠎ᠡ ᠶᠢ ᠨᠡᠪᠳᠡᠷᠡᠭᠦᠯᠣᠨ ᠮᠡᠳᠡᠭᠡᠯᠡᠬᠦ | ᠡᠷᠴᠢᠮ ᠢᠶᠠᠨ ᠴᠢᠩᠭᠠᠷᠠᠭᠤᠯᠵᠤ᠂ ᠰᠦᠷᠳᠡᠭᠦᠯᠬᠦ ᠬᠦᠴᠦᠨ ᠢ ᠪᠤᠢ ᠪᠣᠯᠭᠠᠨ᠎ᠠ᠃ ︵ᠥᠪᠡᠷᠲᠡᠭᠡᠨ ᠵᠠᠰᠠᠬᠤ ᠣᠷᠣᠨ ᠤ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮᠴᠢᠯᠡᠭᠡᠨ ᠤ ᠳᠠᠭᠠᠣᠡᠬᠠᠯ ᠤᠨ ᠲᠣᠪᠴᠢᠶ᠎ᠠ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠮ ᠤᠨ ᠵᠦᠶᠯ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠲᠣᠰ ᠲᠣᠰ ᠬᠠᠷᠢᠭᠤᠴᠠᠨ᠎ᠠ︶ | ︵ᠲᠦᠷᠪᠡ︶ ᠬᠠᠮᠢᠶ᠎ᠠ ᠪᠦᠬᠦᠢ ᠲᠥᠬᠦᠷ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠠᠵᠢᠯ | ᠲᠥᠷᠥᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠣᠨ᠎ᠠ᠃ | 1.ᠡᠳ᠋ ᠤᠨ ᠵᠠᠰᠠᠭ ᠤᠨ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠣᠨ᠎ᠠ᠃ ᠡᠯ᠎ᠡ ᠱᠠᠲᠤᠨ ᠤ ᠵᠠᠰᠠᠭ ᠤᠨ | ᠣᠷᠳᠣᠨ ᠤ ᠡᠮᠨᠡᠯᠭᠡ ᠶᠢᠨ ᠬᠤᠷᠢᠶ᠎ᠠ ᠶᠢ ᠪᠠᠶᠢᠭᠤᠯᠣᠨ ᠡᠷᠭᠢᠯᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠢ | ᠲᠣᠳᠣᠷᠬᠠᠶᠢᠯᠠᠵᠣ᠂ ︽ᠣᠯᠠᠨ ᠨᠡᠶᠢᠲᠡ ᠶᠢᠨ ᠦᠨᠳᠦᠰᠦᠨ ᠦᠶᠯᠡᠴᠢᠯᠡᠭᠡᠨ ᠤ ᠬᠦᠷᠢᠶᠠᠨ ᠳᠠᠬᠢ ᠥᠪᠡᠷᠲᠡᠭᠡᠨ ᠵᠠᠰᠠᠬᠤ | ᠣᠷᠣᠨ ᠬᠢᠭᠡᠳ ᠠᠶᠢᠮᠠᠭ ᠬᠤᠲᠠ ᠶᠢᠨ ᠬᠢᠨ ᠤ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠬᠠᠮᠢᠶᠠᠷᠬᠤ | ᠡᠷᠬᠡ ᠪᠠ ᠵᠠᠷᠣᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ ᠢ | ᠳᠠᠷᠤᠮᠠᠯᠯᠠᠨ ᠶᠠᠪᠣᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ︹2018 ︺ 46 ᠳ᠋ᠤᠭᠠᠷ ᠲᠣᠭᠠᠲᠤ︶ ᠤᠨ | ᠬᠤᠯᠪᠣᠭᠳᠠᠯ ᠪᠥᠬᠦᠶ ᠱᠠᠭᠠᠷᠳᠠᠯᠭ᠎ᠠ ᠵᠢᠴᠢ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ | ᠣᠷᠣᠨ ᠪᠦᠰᠡ ᠶᠢᠨ ᠡᠷᠡᠭᠦᠯ ᠬᠠᠮᠠᠭᠠᠯᠠᠯ ᠤᠨ ᠲᠥᠯᠥᠪᠵᠢᠭᠦᠯᠭᠡ ᠳᠤ ᠨᠡᠶᠢᠴᠡᠭᠰᠡᠨ ᠠᠯᠪᠠᠨ ᠠᠴᠠ ᠡᠷᠬᠢᠯᠡᠭᠰᠠᠨ | ᠡᠮᠴᠢᠯᠡᠭᠡᠨ ᠤ ᠪᠠᠶᠢᠭᠤᠯᠤᠮᠵᠢ ᠶᠢᠨ ᠦᠨᠳᠦᠰᠦᠨ ᠪᠥᠲᠥᠭᠡᠨ ᠪᠠᠶᠢᠭᠤᠯᠤᠯᠲᠠ᠂ ᠲᠥᠬᠦᠭᠡᠷᠦᠮᠵᠢ ᠬᠤᠳᠠᠯᠳᠤᠨ ᠠᠪᠬᠤ᠂ | ᠡᠷᠳᠡᠮ ᠰᠢᠨᠵᠢᠯᠡᠭᠡᠨ ᠤ ᠪᠠᠶᠢᠭᠤᠯᠤᠯᠲᠠ᠂ ᠴᠢᠳᠠᠪᠤᠷᠢᠲᠠᠨ ᠬᠥᠮᠦᠵᠢᠭᠦᠯᠬᠦ᠂ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠰᠢᠶᠳᠪᠦᠷᠢᠯᠡᠬᠦ ᠵᠠᠷᠤᠳᠠᠯ ᠤᠨ ᠪᠠᠲᠤᠯᠠᠭ᠎ᠠ ᠵᠢᠴᠢ ᠤᠯᠤᠰ ᠤᠨ | ᠲᠣᠭᠲᠠᠭᠠᠯ ᠳᠤ ᠨᠡᠶᠢᠴᠡᠭᠰᠡᠨ ᠠᠵᠢᠯ ᠠᠴᠠ ᠪᠠᠨ ᠰᠠᠯᠵᠤ ᠪᠠᠭᠤᠵᠣ ᠠᠮᠠᠷᠠᠭᠰᠠᠣᠨ ᠤᠨ ᠵᠠᠷᠤᠳᠠᠯ ᠪᠠ ᠲᠥᠷᠥ ᠶᠢᠨ | ᠪᠣᠳᠣᠯᠭ᠎ᠠ ᠶᠢᠨ ᠴᠢᠨᠠᠷᠳᠠᠢ ᠠᠯᠳᠠᠭᠳᠠᠯ ᠤᠨ ᠨᠥᠬᠦᠪᠥᠷᠢ ᠵᠡᠷᠭᠡ ᠪᠠᠯᠠ ᠣᠷᠣᠭᠤᠯᠣᠯᠳᠠ ᠶᠢᠨ ᠲᠥᠷᠥ ᠶᠢᠨ ᠪᠣᠳᠣᠯᠭ᠎ᠠ | ᠶᠢ ᠨᠠᠶᠢᠳᠠᠪᠣᠷᠢᠵᠢᠭᠤᠯᠵᠣ᠂ ᠠᠯᠪᠡᠨ ᠠᠴᠠ ᠡᠷᠬᠢᠯᠡᠭᠰᠠᠨ ᠡᠮᠴᠢᠯᠡᠭᠡᠨ ᠤ ᠪᠠᠶᠢᠭᠤᠯᠣᠮᠵᠢ ᠶᠢᠨ ᠰᠠᠶᠢᠨ ᠰᠠᠶᠢᠬᠠᠨ | ᠠᠵᠢᠯᠯᠠᠭᠠᠨ ᠢ ᠦᠨᠡᠨ ᠬᠦ ᠪᠠᠳᠣᠯᠠᠨ᠎ᠠ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ | ᠵᠠᠰᠠᠭ ᠤᠨ ᠣᠷᠳᠣᠨ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | 2. ᠡᠮᠴᠢᠯᠡᠭᠡᠨ ᠤ ᠦᠶᠯᠡᠴᠢᠯᠡᠭᠦ ᠦᠨ᠎ᠡ ᠬᠠᠩᠰᠢ ᠶᠢ ᠵᠣᠬᠢᠰᠲᠠᠶ ᠲᠣᠬᠢᠷᠠᠭᠤᠯᠣᠨ᠎ᠠ᠃ ᠡᠮᠴᠢᠯᠡᠭᠡᠨ ᠤ | ᠥᠷᠲᠡᠭ ᠢᠶᠠᠷ ᠤᠳᠤᠷᠢᠳᠤᠮᠵᠢ ᠪᠣᠯᠭᠠᠬᠤ᠂ ᠥᠪᠡᠷ ᠤᠨ ᠥᠷᠲᠡᠭ ᠢᠶᠠᠷ ᠰᠠᠭᠤᠷᠢ ᠪᠣᠯᠭᠠᠬᠤ᠂ ᠰᠢᠨᠵᠢᠯᠡᠭᠦ ᠤᠬᠠᠭᠠᠨᠴᠢ | ᠠᠷᠭ᠎ᠠ ᠪᠠᠷ ᠲᠦᠰᠢᠭ ᠪᠣᠯᠭᠠᠬᠤ ᠶᠢ ᠪᠠᠷᠢᠮᠲᠠᠯᠠᠨ᠂ ︽ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ᠂ ᠪᠦᠲᠦᠴᠡ ᠶᠢ | ᠲᠣᠬᠢᠷᠠᠭᠤᠯᠬᠤ᠂ ᠦᠰᠣᠯᠳᠠ ᠪᠠ ᠪᠠᠭᠤᠷᠠᠯᠲᠠ ᠲᠠᠢ ᠪᠠᠶᠢᠯᠭᠠᠬᠤ᠂ ᠠᠯᠬᠤᠮ ᠠᠯᠬᠤᠮ ᠢᠶᠠᠷ ᠪᠣᠳᠠᠲᠠᠶᠢᠵᠢᠭᠤᠯᠬᠤ︾ | ᠵᠠᠷᠴᠢᠮ ᠶᠣᠰᠣᠭᠠᠷ᠂ ᠡᠳ᠋ ᠤᠨ ᠵᠠᠰᠠᠭ ᠤᠨ ᠨᠥᠬᠦᠪᠥᠷᠢ ᠲᠠᠢ ᠵᠣᠯᠭᠠᠭᠤᠯᠵᠤ᠂ ᠳᠡᠭᠡᠷ᠎ᠠ ᠳᠣᠣᠷᠠᠳᠤ ᠱᠠᠳᠣᠨ ᠤ | ᠬᠤᠯᠪᠣᠭᠠᠯᠠᠨ ᠬᠥᠳᠡᠯᠦᠯᠴᠡᠬᠦ ᠪᠠ ᠬᠠᠮᠳᠣ ᠪᠠᠷ ᠪᠠᠶᠢᠭᠤᠯᠵᠤ ᠬᠠᠮᠳᠣ ᠪᠠᠷ ᠵᠠᠰᠠᠬᠤ ᠶᠢ ᠴᠢᠩᠭᠠᠣᠡᠬᠠᠨ᠂ ᠡᠮᠴᠢᠯᠡᠭᠡᠨ ᠤ | ᠦᠶᠯᠡᠴᠢᠯᠡᠭᠦ ᠦᠨ᠎ᠡ ᠬᠠᠩᠰᠢ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ ᠦᠷᠭᠦᠯᠵᠢᠯᠡᠨ ᠲᠡᠭᠦᠯᠳᠡᠷᠵᠢᠭᠦᠯᠵᠣ᠂ | ᠡᠮᠴᠢᠯᠡᠭᠡᠨ ᠤ ᠦᠶᠯᠡᠴᠢᠯᠡᠭᠦ ᠦᠨ᠎ᠡ ᠬᠠᠩᠰᠢ ᠳᠤ ᠬᠥᠳᠡᠯᠦᠩᠭᠦᠶ ᠪᠠᠷ ᠲᠣᠬᠢᠷᠠᠭᠤᠯᠤᠯᠲᠠ ᠬᠢᠬᠦ ᠲᠣᠭᠲᠠᠴᠠ ᠶᠢ | ᠲᠦᠷᠭᠡᠳᠬᠡᠨ ᠪᠠᠶᠢᠭᠤᠯᠵᠣ᠂ ᠡᠮᠴᠢᠯᠡᠭᠡᠨ ᠤ ᠦᠶᠯᠡᠴᠢᠯᠡᠭᠦ ᠦᠨ᠎ᠡ ᠬᠠᠩᠰᠢ ᠶᠢ ᠲᠤᠬᠢᠷᠠᠭᠤᠯᠤᠨ ᠰᠢᠯᠢᠳᠡᠭᠵᠢᠭᠦᠯᠬᠦ ᠪᠠᠨ | ᠯᠠᠪᠳᠠᠭᠤᠨ ᠢᠶᠠᠷ ᠠᠬᠢᠭᠤᠯᠵᠤ᠂ ᠡᠮᠴᠢᠯᠡᠭᠡᠨ ᠤ ᠦᠶᠯᠡᠴᠢᠯᠡᠭᠡ ᠶᠢᠨ ᠬᠠᠷᠢᠴᠠᠭᠤᠯᠬᠤ ᠦᠨ᠎ᠡ ᠶᠢᠨ ᠬᠠᠷᠢᠴᠠᠭ᠎ᠠ ᠶᠢ | ᠠᠯᠬᠤᠮ ᠠᠯᠬᠤᠮ ᠢᠶᠠᠷ ᠰᠢᠯᠤᠭᠤᠳᠬᠠᠨ᠂ ᠡᠮᠴᠢᠯᠡᠭᠡᠨ ᠤ ᠶᠡᠷᠦᠩᠬᠡᠶ ᠣᠷᠣᠯᠭ᠎ᠠ ᠳᠠᠬᠢ ᠡᠮᠴᠢᠯᠡᠭᠡᠨ ᠤ ᠦᠶᠯᠡᠴᠢᠯᠡᠭᠰᠡᠨ | ᠣᠷᠣᠯᠭ᠎ᠠ ᠶᠢᠨ ᠬᠠᠷᠢᠴᠠᠯ ᠢ ᠨᠢ ᠳᠡᠭᠡᠭᠰᠢᠯᠡᠭᠦᠯᠬᠦ ᠶᠢ ᠠᠬᠢᠭᠤᠯᠵᠤ᠂ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ | ᠮᠠᠲ᠋ᠧᠷᠢᠶᠠᠯ ᠤᠨ ᠦᠨ᠎ᠡ ᠬᠠᠩᠰᠢ ᠶᠢ ᠰᠢᠯᠤᠭᠤᠳᠬᠠᠬᠤ ᠳᠤ ᠠᠰᠢᠭᠲᠠᠢ ᠨᠥᠬᠦᠴᠡᠯ ᠢ ᠪᠤᠢ ᠪᠣᠯᠭᠠᠨ᠎ᠠ᠃ | ︵ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ᠂ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠷᠢᠭᠤᠴᠠᠨ᠎ᠠ︶ | 3. ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠭᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠣᠨ᠎ᠠ᠃ ᠡᠪᠡᠳᠴᠢᠨ ᠤ ᠵᠦᠢᠯ ᠢᠶᠠᠷ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ | ᠲᠦᠷᠭᠡᠳᠬᠡᠨ ᠠᠬᠢᠭᠤᠯᠵᠤ᠂ ᠡᠮᠴᠢᠯᠡᠭᠡᠨ ᠤ ᠠᠷᠭ᠎ᠠ ᠵᠠᠮ ᠤᠨ ᠬᠠᠮᠢᠶᠠᠷᠤᠯᠲᠠ ᠲᠠᠢ ᠤᠶᠠᠯᠳᠤᠭᠤᠯᠤᠨ᠂ ᠡᠮᠴᠢᠯᠡᠭᠡᠨ ᠤ | ᠪᠠᠶᠢᠭᠤᠯᠤᠮᠵᠢ ᠶᠢᠨ ᠡᠪᠡᠳᠴᠢᠨ ᠤ ᠵᠦᠢᠯ ᠢᠶᠠᠷ ᠵᠠᠷᠤᠳᠠᠯ ᠲᠦᠯᠣᠭᠦ ᠬᠡᠪᠴᠢᠶᠠᠨ ᠳᠤ ᠬᠠᠮᠤᠷᠬᠤ ᠶᠢ ᠠᠯᠬᠤᠮ | ᠠᠯᠬᠤᠮ ᠢᠶᠠᠷ ᠦᠷᠭᠡᠣᠡᠭᠡᠵᠣ᠂ ᠡᠪᠡᠳᠴᠢᠨ ᠡᠮᠭᠡᠭ ᠢ ᠣᠨᠣᠰᠢᠯᠠᠬᠰᠠᠨ ᠢᠶᠠᠷ ᠰᠠᠯᠭᠠᠨ ᠬᠤᠪᠢᠶᠠᠵᠣ ᠵᠠᠷᠤᠳᠠᠯ ᠲᠦᠯᠣᠭᠦ | ︵DRG︶ ᠬᠠᠮᠢᠶ᠎ᠠ ᠪᠦᠭᠦᠢ ᠥᠭᠡᠷᠡᠴᠢᠯᠡᠯᠲᠡ ᠶᠢᠨ ᠲᠤᠷᠰᠢᠯᠲᠠ ᠶᠢᠨ ᠴᠩ ᠤᠨ ᠠᠵᠢᠯ ᠢ ᠯᠠᠪᠳᠠᠭᠤᠨ ᠢᠶᠠᠷ | ᠠᠬᠢᠭᠤᠯᠤᠨ᠎ᠠ᠃ ᠤᠷᠮᠠᠰᠢᠭᠤᠯᠵᠤ ᠬᠢᠵᠠᠭᠠᠷᠯᠠᠬᠤ ᠲᠣᠭᠲᠠᠴᠠ ᠶᠢ ᠪᠠᠶᠢᠭᠤᠯᠬᠤ ᠪᠠᠷ ᠳᠠᠮᠵᠢᠭᠤᠯᠤᠨ᠂ ᠡᠮᠴᠢᠯᠡᠭᠡᠨ ᠤ | ᠪᠠᠶᠢᠭᠤᠯᠤᠮᠵᠢ ᠶᠢᠨ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠤᠨ ᠬᠡᠷᠡᠭᠯᠡᠯᠲᠡ ᠶᠢ ᠳᠣᠲᠣᠭᠠᠳᠣ | ᠶᠢᠨ ᠠᠵᠢᠯᠯᠠᠭᠠᠨ ᠤ ᠥᠪᠡᠷ ᠤᠨ ᠥᠷᠲᠡᠭ ᠪᠣᠯᠭᠠᠬᠤ ᠶᠢ ᠠᠬᠢᠭᠤᠯᠵᠤ᠂ ᠡᠮᠴᠢᠯᠡᠭᠡᠨ ᠤ ᠥᠨᠳᠥᠷ ᠥᠷᠲᠡᠭᠲᠦ | ᠬᠤᠷᠣᠭᠳᠠᠯ ᠮᠠᠲ᠋ᠧᠷᠢᠶᠠᠯ ᠤᠨ ᠬᠡᠷᠡᠭᠯᠡᠯᠲᠡ ᠶᠢ ᠰᠠᠨᠠᠭᠠᠴᠢᠯᠠᠭ᠎ᠠ ᠠᠴᠠ ᠪᠠᠨ ᠡᠵᠡᠮᠳᠡᠨ᠎ᠠ᠃ ᠵᠣᠬᠢᠰ ᠦᠭᠡᠶ ᠡᠮᠴᠢᠯᠡᠭᠡᠨ ᠤ | ᠵᠠᠷᠤᠳᠠᠯ ᠢ ᠬᠢᠵᠠᠭᠠᠷᠯᠠᠬᠤ ᠬᠢᠭᠡᠳ ᠡᠮᠴᠢᠯᠡᠭᠡᠨ ᠤ ᠦᠶᠯᠡᠴᠢᠯᠡᠭᠦ ᠠᠵᠢᠯᠯᠠᠭ᠎ᠠ ᠶᠢᠨ ᠵᠢᠷᠤᠮᠵᠢᠭᠤᠯᠬᠤ ᠶᠢ ᠵᠡᠷᠭᠡ ᠳᠤ ᠨᠢ | ᠴᠢᠬᠤᠯᠠᠴᠢᠯᠠᠬᠤ ᠶᠢ ᠪᠠᠷᠢᠮᠲᠠᠯᠠᠵᠤ᠂ ᠠᠮᠵᠢᠯᠲᠠ ᠪᠦᠲᠦᠮᠵᠢ ᠳᠤ ᠰᠢᠯᠭᠠᠨ ᠬᠢᠨᠠᠵᠣ ᠦᠨᠡᠯᠡᠨ ᠵᠢᠱᠢᠬᠦ ᠶᠢ ᠴᠢᠩᠭᠠᠳᠬᠠᠨ | ᠂ ᠡᠮᠴᠢᠯᠡᠭᠡᠨ ᠤ ᠪᠠᠶᠢᠭᠤᠯᠣᠮᠵᠢ ᠶᠢᠨ ᠡᠮᠴᠢᠯᠡᠭᠡᠨ ᠤ ᠴᠢᠨᠠᠷ ᠴᠢᠨᠰᠠᠭ᠎ᠠ ᠬᠢᠭᠡᠳ ᠦᠷ᠎ᠡ ᠪᠦᠲᠦᠮᠵᠢ ᠪᠠᠨ | ᠳᠡᠭᠡᠭᠰᠢᠯᠡᠭᠦᠯᠬᠦ ᠶᠢ ᠠᠬᠢᠭᠤᠯᠣᠨ᠎ᠠ᠃ ︵ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ | ᠂ ᠡᠷᠡᠭᠦᠯ ᠬᠠᠮᠠᠭᠠᠯᠠᠯ ᠡᠷᠡᠭᠦᠯ ᠮᠠᠡᠳᠣ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠬᠠᠷᠢᠭᠤᠴᠠᠨ᠎ᠠ︶ | 4. ᠠᠵᠢᠯ ᠲᠥᠷᠥᠯ ᠤᠨ ᠣᠨᠴᠠᠯᠢᠭ ᠲᠤ ᠨᠡᠶᠢᠴᠡᠭᠰᠡᠨ ᠴᠠᠯᠢᠩ ᠬᠥᠯᠥᠰᠥ ᠶᠢᠨ ᠳᠦᠷᠢᠮ ᠢ ᠲᠦᠷᠭᠡᠳᠬᠡᠨ | ᠪᠠᠶᠢᠭᠤᠯᠣᠨ᠎ᠠ᠃ ︽ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠣᠳᠣ ᠶᠢᠨ ᠬᠡᠷᠡᠭᠵᠢᠭᠦᠯᠵᠦ ᠪᠠᠶᠢᠭ᠎ᠠ | ᠠᠵᠢᠯ ᠦᠢᠯᠡᠰ ᠤᠨ ᠨᠢᠭᠡᠴᠢ ᠶᠢᠨ ᠴᠠᠯᠢᠩ ᠤᠨ ᠲᠣᠬᠢᠷᠠᠭᠤᠯᠣᠨ ᠡᠵᠡᠮᠳᠡᠭᠦ ᠬᠢᠷᠢ ᠲᠦᠪᠰᠢᠨ ᠠᠴᠠ ᠳᠠᠪᠠᠭᠤᠯᠬᠤ | ᠦᠭᠡᠢ ᠶᠢ ᠨᠢ ᠵᠥᠪᠰᠢᠶᠡᠷᠡᠭᠦ᠂ ᠡᠮᠴᠢᠯᠡᠭᠡᠨ ᠤ ᠦᠶᠯᠡᠴᠢᠯᠡᠭᠦ ᠣᠷᠣᠯᠭ᠎ᠠ ᠠᠴᠠ ᠥᠪᠡᠷ ᠤᠨ ᠥᠷᠲᠡᠭ ᠢ ᠬᠠᠰᠤᠵᠤ | ᠭᠠᠷᠭᠠᠬᠤ ᠶᠢᠨ ᠬᠠᠮᠲᠤ ᠲᠣᠭᠳᠠᠭᠠᠯ ᠶᠣᠰᠣᠭᠠᠷ ᠡᠯ᠎ᠡ ᠵᠦᠶᠯ ᠤᠨ ᠰᠠᠭᠤᠷᠢ ᠮᠥᠩᠭᠦ ᠶᠢ ᠭᠠᠷᠭᠠᠨ ᠠᠪᠤᠭᠰᠠᠨ ᠤ | ᠳᠠᠷᠠᠭ᠎ᠠ ᠭᠤᠤᠯᠳᠠᠭᠤ ᠠᠵᠢᠯᠲᠠᠨ ᠢ ᠱᠠᠩᠨᠠᠨ ᠬᠦᠭᠢᠭᠦᠯᠭᠦ ᠳᠤ ᠬᠡᠷᠡᠭᠯᠡᠬᠦ ᠶᠢ ᠨᠢ ᠵᠥᠪᠰᠢᠶᠡᠷᠡᠬᠦ︾ ᠱᠠᠭᠠᠷᠳᠠᠯᠭ᠎ᠠ ᠶᠢ | ᠨᠠᠶᠢᠳᠠᠪᠤᠷᠢᠵᠢᠭᠤᠯᠵᠣ᠂ ᠠᠯᠪᠠᠨ ᠠᠴᠠ ᠡᠷᠬᠢᠯᠡᠭᠰᠠᠨ ᠡᠮᠨᠡᠯᠭᠡ ᠶᠢᠨ ᠬᠤᠷᠢᠶᠠᠨ ᠤ ᠴᠠᠯᠢᠩ ᠬᠥᠯᠥᠰᠥ ᠶᠢᠨ ᠳᠦᠷᠢᠮ | ᠤᠨ ᠥᠭᠡᠷᠡᠴᠢᠯᠡᠯᠲᠡ ᠶᠢᠨ ᠲᠤᠷᠰᠢᠯᠲᠠ ᠶᠢ ᠢᠳᠡᠪᠬᠢᠲᠡᠶ ᠠᠬᠢᠭᠤᠯᠣᠨ᠂ ᠴᠠᠯᠢᠩ ᠬᠥᠯᠥᠰᠥ ᠶᠢᠨ | ᠬᠤᠪᠢᠶᠠᠷᠢᠯᠠᠯᠲᠠ ᠶᠢᠨ ᠲᠥᠷᠥ ᠶᠢᠨ ᠪᠣᠳᠣᠯᠭ᠎ᠠ ᠶᠢ ᠲᠦᠷᠭᠡᠳᠬᠡᠨ ᠲᠡᠭᠦᠯᠳᠡᠷᠵᠢᠭᠦᠯᠵᠦ᠂ ᠡᠮᠨᠡᠯᠭᠡ ᠶᠢᠨ ᠠᠵᠢᠯᠲᠠᠣᠨ | ᠤᠨ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠢ ᠵᠠᠰᠠᠬᠤ ᠥᠭᠡᠷᠡᠴᠢᠯᠡᠯᠲᠡ ᠳᠤ ᠣᠷᠣᠯᠴᠠᠬᠤ | ᠢᠳᠡᠪᠬᠢᠵᠢᠯ ᠢ ᠳᠠᠶᠢᠴᠢᠯᠠᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠳ᠋ ᠤᠨ ᠵᠠᠰᠠᠭ ᠤᠨ | ᠲᠢᠩᠬᠢᠮ ᠬᠠᠷᠢᠭᠤᠴᠠᠨ᠎ᠠ︶ | ᠳᠥᠷᠪᠡ᠂ ᠵᠣᠬᠢᠶᠠᠨ ᠪᠠᠶᠢᠭᠤᠯᠵᠣ ᠬᠡᠷᠡᠭᠵᠢᠭᠦᠯᠣᠨ᠎ᠠ | ︵ᠨᠢᠭᠡ︶ ᠦᠵᠡᠯ ᠰᠠᠨᠠᠭᠠᠨ ᠤ ᠲᠠᠨᠢᠯᠲᠠ ᠪᠠᠨ ᠳᠡᠭᠡᠭᠰᠢᠯᠡᠭᠦᠯᠣᠨ᠎ᠠ᠃ ᠡᠮᠴᠢᠯᠡᠭᠡᠨ ᠤ ᠥᠨᠳᠥᠷ ᠥᠷᠲᠡᠭᠲᠦ | ᠬᠤᠷᠣᠭᠳᠠᠯ ᠮᠠᠲ᠋ᠧᠷᠢᠶᠠᠯ ᠢ ᠵᠠᠰᠠᠬᠤ ᠪᠣᠯ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠶᠢᠨ ᠨᠢᠭᠡᠨ ᠭᠤᠣᠯᠳᠠᠯᠭ᠎ᠠ ᠲᠠᠢ ᠡᠭᠦᠷᠭᠡ ᠪᠣᠯᠣᠨ᠎ᠠ᠂ ᠠᠷᠠᠳ ᠣᠯᠠᠨ ᠤ ᠡᠷᠡᠭᠦᠯ ᠮᠡᠨᠳᠦ ᠠᠵᠠ | ᠵᠢᠷᠭᠠᠯ ᠢ ᠨᠡᠮᠡᠭᠳᠡᠭᠦᠯᠬᠦ ᠨᠢᠭᠡᠨ ᠴᠢᠬᠤᠯᠠ ᠠᠷᠭ᠎ᠠ ᠬᠡᠮᠵᠢᠶ᠎ᠡ ᠪᠣᠯᠣᠨ᠎ᠠ᠂ ᠨᠡᠶᠢᠭᠡᠮ ᠨᠠᠶᠢᠳᠠ ᠪᠠᠷ ᠢᠶᠠᠨ ᠶᠡᠭᠡ ᠪᠠᠷ | ᠠᠩᠬᠠᠷᠴᠣ ᠪᠠᠶᠢᠬᠤ ᠪᠦᠭᠡᠣᠨ ᠬᠤᠯᠪᠣᠭᠳᠠᠬᠤ ᠬᠡᠪᠴᠢᠶ᠎ᠡ ᠪᠠᠷ ᠥᠷᠭᠡᠨ᠂ ᠬᠦᠴᠢᠷᠳᠡᠯ ᠶᠡᠭᠡ ᠪᠣᠯᠬᠤᠷ᠂ ᠡᠯ᠎ᠡ ᠭᠠᠵᠠᠷ | ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠦᠵᠡᠯ ᠰᠠᠨᠠᠭᠠᠨ ᠤ ᠲᠠᠨᠢᠯᠲᠠ ᠪᠠᠨ ᠤᠯᠠᠮ ᠨᠢᠭᠡ | ᠠᠯᠬᠤᠮ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠵᠣ ᠣᠳᠣᠷᠢᠣᠡᠬᠤ ᠪᠠᠨ ᠴᠢᠩᠭᠠᠳᠬᠠᠨ᠂ ᠬᠠᠷᠢᠭᠤᠴᠠᠯᠭ᠎ᠠ | ᠡᠭᠦᠷᠭᠡᠯᠡᠯ ᠢᠶᠠᠨ ᠴᠢᠩᠭᠠᠷᠠᠭᠤᠯᠵᠤ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ | ᠥᠭᠡᠷᠡᠴᠢᠯᠡᠯᠲᠡ ᠶᠢᠨ ᠲᠣᠭᠲᠠᠭᠤᠨ ᠪᠥᠭᠡᠳ ᠡᠮᠬᠢ ᠵᠢᠷᠤᠮ ᠲᠠᠢ ᠠᠬᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ | ︵ᠬᠤᠶᠠᠷ︶ ᠡᠭᠦᠷᠭᠡ ᠪᠠᠨ ᠨᠠᠶᠢᠳᠠᠪᠤᠷᠢᠵᠢᠭᠤᠯᠬᠤ ᠶᠢ ᠴᠢᠩᠭᠠᠷᠠᠭᠤᠯᠣᠨ᠎ᠠ᠃ ᠡᠯ᠎ᠡ ᠭᠠᠵᠠᠷ ᠣᠷᠣᠨ ᠡᠯ᠎ᠡ | ᠬᠤᠯᠪᠣᠭᠳᠠᠯ ᠪᠥᠬᠦᠶ ᠰᠠᠯᠠᠭ᠎ᠠ ᠮᠥᠴᠢᠷ ᠨᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ | ᠡᠭᠦᠷᠭᠡ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠬᠠᠮᠵᠢᠯᠴᠠᠬᠤ ᠪᠠᠨ ᠴᠢᠩᠭᠠᠳᠬᠠᠨ᠂ ᠡᠮᠴᠢᠯᠡᠭᠡᠨ | ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠢ ᠵᠠᠰᠠᠬᠤ ᠡᠯ᠎ᠡ ᠵᠦᠶᠯ ᠤᠨ ᠥᠭᠡᠷᠡᠴᠢᠯᠡᠯᠲᠡ ᠶᠢᠨ ᠠᠷᠭ᠎ᠠ | ᠬᠡᠮᠵᠢᠶ᠎ᠡ ᠶᠢ ᠪᠣᠳᠠᠲᠠᠶᠢᠵᠢᠭᠤᠯᠤᠨ ᠬᠦᠴᠦᠨ ᠲᠠᠢ ᠪᠣᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠯ᠎ᠡ ᠭᠠᠵᠠᠷ | ᠣᠷᠣᠨ ᠤ ᠪᠣᠳᠠᠳᠠᠢ ᠲᠠᠢ ᠪᠠᠨ ᠤᠶᠠᠯᠳᠤᠭᠤᠯᠤᠨ᠂ ᠲᠥᠷᠥᠯ ᠬᠤᠪᠢᠶᠠᠨ ᠲᠥᠪᠯᠡᠷᠡᠭᠦᠯᠵᠣ ᠬᠤᠳᠠᠯᠳᠣᠨ ᠠᠪᠬᠤ᠂ | ᠭᠦᠶᠯᠭᠡᠭᠡᠨ ᠤ ᠬᠠᠮᠢᠶᠠᠷᠤᠯᠲᠠ ᠶᠢ ᠴᠢᠩᠭᠠᠷᠠᠭᠤᠯᠬᠤ᠂ ᠠᠯᠪᠠᠨ ᠠᠴᠠ ᠡᠷᠬᠢᠯᠡᠭᠰᠠᠨ ᠡᠮᠴᠢᠯᠡᠭᠡᠨ ᠤ ᠪᠠᠶᠢᠭᠤᠯᠤᠮᠵᠢ ᠶᠢᠨ | ᠦᠶᠯᠡᠴᠢᠯᠡᠭᠡ ᠶᠢ ᠵᠢᠷᠤᠮᠵᠢᠭᠤᠯᠬᠤ ᠵᠡᠷᠭᠡ ᠭᠤᠣᠯᠳᠠᠯᠭ᠎ᠠ ᠲᠠᠢ ᠲᠠᠯ᠎ᠠ ᠶᠢᠨ ᠲᠣᠭᠤᠷᠢᠨ ᠳᠤ᠂ ᠪᠦᠲᠦᠮᠵᠢᠲᠡᠶ ᠬᠢᠳᠠᠯ | ᠪᠠ ᠵᠠᠭᠪᠤᠷ ᠢ ᠰᠦᠪᠡᠭᠴᠢᠯᠡᠵᠦ᠂ ᠴᠠᠭ ᠲᠤᠬᠠᠶ ᠳᠤ ᠨᠢ ᠳ᠋ᠦᠩᠨᠡᠨ ᠳᠡᠯᠭᠡᠷᠡᠭᠦᠯᠭᠦ ᠶᠢ ᠵᠣᠷᠢᠭᠵᠢᠭᠤᠯᠬᠤ ᠬᠡᠷᠩᠳᠠᠢ᠃ | ︵ᠭᠤᠷᠪᠠ︶ ᠤᠬᠠᠭᠤᠯᠵᠤ ᠬᠥᠲᠥᠯᠦᠨ ᠵᠢᠯᠣᠭᠤᠳᠬᠤ ᠶᠢ ᠰᠠᠶᠢᠲᠤᠷ ᠬᠢᠨ᠎ᠠ᠃ ᠡᠯ᠎ᠡ ᠭᠠᠵᠠᠷ ᠣᠷᠣᠨ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠣᠯᠠᠨ ᠵᠦᠶᠯ ᠤᠨ ᠠᠷᠭ᠎ᠠ ᠵᠠᠮ ᠪᠠ ᠠᠷᠭ᠎ᠠ ᠮᠠᠶ᠋ᠢᠭ ᠢ ᠬᠡᠷᠩᠯᠡᠨ᠂ | ᠲᠥᠷᠥ ᠶᠢᠨ ᠪᠣᠳᠣᠯᠭ᠎ᠠ ᠳᠤ ᠴᠠᠭ ᠲᠤᠬᠠᠶ ᠳᠤ ᠨᠢ ᠣᠨᠣᠪᠴᠢᠲᠠᠶ ᠲᠠᠶᠢᠯᠤᠮᠵᠢ ᠬᠢᠵᠦ᠂ ᠦᠭᠡᠷᠡᠴᠢᠯᠡᠯᠳᠠ ᠬᠢᠵᠣ | ᠵᠠᠰᠠᠬᠤ ᠦᠷ᠎ᠡ ᠪᠦᠲᠦᠮᠵᠢ ᠪᠠ ᠬᠤᠯᠪᠣᠭᠠᠯᠠᠵᠣ ᠵᠠᠯᠬᠠᠭᠠᠨ ᠴᠡᠭᠡᠷᠯᠡᠭᠦᠯᠬᠦ ᠬᠡᠷᠡᠭ ᠤᠨ ᠵᠢᠱᠢᠶ᠎ᠡ ᠶᠢ ᠤᠬᠠᠭᠤᠯᠬᠤ | ᠡᠷᠴᠢᠮ ᠢᠶᠠᠨ ᠴᠢᠩᠭᠠᠷᠠᠭᠤᠯᠤᠨ᠂ ᠨᠡᠶᠢᠭᠡᠮ ᠤᠨ ᠬᠢᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ | ᠰᠠᠨᠠᠭᠠᠴᠢᠯᠠᠭ᠎ᠠ ᠠᠴᠠ ᠪᠠᠨ ᠬᠠᠷᠢᠭᠤ ᠥᠭᠴᠦ᠂ ᠨᠡᠶᠢᠭᠡᠮ ᠤᠨ ᠵᠢᠱᠢᠯᠲᠡ ᠶᠢ ᠵᠣᠬᠢᠰᠲᠠᠶ ᠬᠥᠲᠥᠯᠥᠨ ᠵᠢᠯᠣᠭᠤᠳᠴᠤ᠂ | ᠥᠭᠡᠷᠡᠴᠢᠯᠡᠯᠲᠡ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠬᠤ ᠬᠡᠷᠡᠭᠲᠡᠶ᠃ |