ᠪᠤᠤ ᠭᠠᠩ ᠬᠦᠬᠡᠬᠤᠳᠠ ᠳᠤ ᠪᠤᠬᠢᠷᠳᠤᠯ ᠢ ᠰᠡᠷᠬᠡᠶᠢᠯᠡᠨ ᠵᠠᠰᠠᠬᠤ ᠪᠠ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠵᠥ ᠬᠠᠷᠢᠭᠤ ᠲᠤᠰᠬᠠᠭᠰᠠᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠬᠰᠠᠠ ᠨᠢ ᠠᠵᠢᠯ ᠤᠨ ᠲᠤᠯᠭᠠᠮ ᠪᠤᠳᠤᠯ ᠢᠶᠠᠨ ᠨᠡᠮᠡᠭᠳᠡᠬᠦᠯᠵᠥ ᠠᠵᠢᠯ ᠢ ᠨᠠᠶᠢᠳᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠵᠥ ᠡᠯ᠎ᠡ ᠵᠦᠢᠯ ᠎ ᠤᠨ ᠴᠡᠭᠴᠡᠯᠡᠨ ᠰᠠᠶᠢᠵᠢᠷᠠᠭᠤᠯᠬᠤ ᠡᠬᠦᠷᠬᠡ ᠶᠢ ᠠᠮᠵᠢᠯᠳᠠ ᠲᠠᠢ ᠪᠡᠶᠡᠯᠡᠬᠦᠯᠬᠦ ᠶᠢ ᠦᠨᠡᠨ ᠬᠦ ᠪᠠᠳᠤᠯᠠᠬᠤ ᠬᠡᠷᠡᠭᠳᠡᠢ
ᠨᠡᠶᠢᠲᠡᠯᠡᠭᠰᠡᠨ ᠴᠠᠭ᠄
2020/6/5
     6 ᠰᠠᠷ᠎ᠠ ᠶᠢᠨ 3᠎ ᠤ ᠡᠳᠤᠷ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠪᠤᠤ ᠭᠠᠩ ᠬᠦᠬᠡᠬᠤᠳᠠ ᠳᠤ ᠪᠤᠬᠢᠷᠳᠤᠯ ᠢ ᠰᠡᠷᠬᠡᠶᠢᠯᠡᠨ ᠵᠠᠰᠠᠬᠤ ᠪᠠ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠵᠥ ᠬᠠᠷᠢᠭᠤ ᠲᠤᠰᠬᠠᠭᠰᠠᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠠᠶᠢᠴᠠᠭᠠᠨ ᠰᠤᠳᠤᠯᠬᠤ ᠳᠠᠭᠠᠨ᠂ ᠶᠡᠷᠤᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠥᠬᠡᠯᠡᠭᠴᠢᠳ ᠤᠨ ᠶᠡᠭᠡ ᠬᠤᠷᠡᠯ ᠤᠨ ᠭᠤᠷᠪᠠᠳᠤᠭᠠᠷ ᠬᠤᠷᠡᠯ ᠤᠨ ᠦᠪᠤᠷ ᠮᠤᠩᠭᠤᠯ ᠤᠨ ᠲᠦᠯᠥᠬᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠤᠷᠤᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ ᠲᠤᠭᠤᠰᠢᠯᠠᠭᠤᠯᠵᠥ᠂ ᠠᠵᠢᠯ ᠤᠨ ᠲᠤᠯᠭᠠᠮ ᠪᠤᠳᠤᠯ ᠢᠶᠠᠨ ᠦᠨᠡᠨ ᠬᠦ ᠨᠡᠮᠡᠭᠳᠡᠬᠦᠯᠵᠥ᠂ ᠠᠵᠢᠯ ᠢ ᠨᠠᠶᠢᠳᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠵᠥ᠂ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠡᠬᠦᠷᠬᠡ ᠶᠢ ᠠᠮᠵᠢᠯᠳᠠ ᠲᠠᠢ ᠪᠡᠶᠡᠯᠡᠬᠦᠯᠬᠦ ᠶᠢ ᠦᠨᠡᠨ ᠬᠦ ᠪᠠᠳᠤᠯᠠᠵᠥ᠂ ᠪᠤᠬᠢᠷᠳᠤᠯ ᠢ ᠰᠡᠷᠬᠡᠶᠢᠯᠡᠨ ᠵᠠᠰᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠵᠠᠪᠠᠯ ᠰᠠᠶᠢᠳᠤᠷ ᠬᠢᠵᠥ ᠢᠯᠠᠯᠳᠡ ᠤᠯᠬᠤ ᠬᠡᠷᠡᠭᠳᠡᠢ ᠬᠡᠵᠥ ᠴᠢᠬᠤᠯᠠᠴᠢᠯᠠᠪᠠ᠃      ᠪᠤᠤ ᠭᠠᠩ᠂ ᠡᠨᠡ ᠵᠢᠯ ᠪᠤᠯ ᠲᠦᠪ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠰᠡᠬᠦᠯ ᠬᠤᠷᠢᠶᠠᠬᠤ ᠵᠢᠯ ᠪᠤᠯᠤᠨ᠎ᠡ᠂ ᠡᠯ᠎ᠡ ᠱᠠᠳᠤ ᠡᠯ᠎ᠡ ᠰᠠᠯᠠᠭ᠎ᠠ ᠮᠦᠴᠢᠷ ᠎ ᠤᠨ ᠬᠢᠨ ︽ᠲᠦᠷᠪᠡᠨ ᠤᠬᠠᠮᠰᠠᠷ︾᠎ ᠢᠶᠠᠨ ᠤᠯᠠᠮ ᠴᠢᠨᠠᠬᠰᠢᠳᠠ ᠴᠢᠩᠭᠠᠳᠬᠠᠵᠤ᠂ ︽ᠲᠦᠷᠪᠡᠨ ᠢᠳᠡᠭᠡᠯ︾᠎ ᠢᠶᠠᠨ ᠪᠡᠳᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠠᠶᠠᠯᠡᠬᠦᠯᠵᠤ᠂ ᠪᠤᠬᠢᠷᠳᠦᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠤᠯᠬᠤ ᠲᠦᠢᠯ ᠤᠨ ᠴᠢᠬᠤᠯᠠ ᠴᠢᠨᠠᠷ ᠢ ᠬᠦᠢᠴᠡᠳ ᠲᠠᠨᠢᠬᠤ ᠭᠡᠷᠡᠭᠳᠠᠢ ᠭᠡᠵᠤ ᠵᠢᠭᠠᠵᠤ ᠭᠠᠷᠭᠠᠪᠠ᠃      ᠪᠤᠤ ᠭᠠᠩ᠂ ᠲᠤᠩᠭᠠᠯᠠᠭ ᠡᠳᠦᠷ ᠤᠨ ᠲᠤᠭ᠎ᠠ ᠪᠤᠯᠤᠨ ᠠᠭᠠᠷ ᠮᠠᠨᠳᠠᠯ ᠤᠨ ᠶᠠᠰᠤ ᠴᠢᠨᠠᠷ ᠤᠨ ᠶᠡᠷᠤᠩᠭᠡᠶᠢᠯᠡᠭᠰᠡᠨ ᠵᠢᠭᠠᠯᠳᠠ ᠲᠤᠭ᠎ᠠ ᠵᠡᠷᠭᠡ ᠠᠵᠢᠯ ᠤᠨ ᠭᠤᠤᠯᠳᠠᠯᠭ᠎ᠠ ᠶᠢᠨ ᠲᠤᠭᠤᠷᠢᠨ ᠳᠤ ᠬᠦᠴᠤᠳᠠᠢ ᠠᠷᠭ᠎ᠠ ᠬᠡᠮᠵᠢᠶ᠎ᠡ ᠠᠪᠴᠤ᠂ ᠰᠤᠯᠠ ᠨᠡᠬᠦᠷᠡᠰᠤ ᠰᠢᠳᠠᠭᠠᠬᠤ᠂ ᠡᠰᠢ ᠰᠦᠷᠡᠯ ᠰᠢᠳᠠᠭᠠᠬᠤ᠂ ᠲᠤᠭᠤᠰᠤᠨ ᠤ ᠪᠤᠬᠢᠷᠳᠦᠯ᠂ ᠰᠢᠭᠠᠷᠤ ᠶᠢᠨ ᠲᠠᠯᠠᠪᠤᠷ ᠮᠠᠲ᠋ᠧᠷᠢᠶᠠᠯ ᠤᠨ ᠲᠠᠯᠠᠪᠤᠷ ᠢ ᠪᠢᠳᠡᠬᠦᠮᠵᠢᠯᠡᠬᠦ ᠵᠡᠷᠭᠡ ᠲᠤᠪᠤᠶᠢᠮ᠎ᠡ ᠠᠰᠠᠭᠤᠳᠠᠯ ᠢ ᠵᠤᠷᠢᠭ ᠰᠢᠭᠤᠳᠤᠨ ᠰᠢᠢᠳᠪᠤᠷᠢᠯᠡᠬᠦ ᠭᠡᠷᠡᠭᠳᠠᠢ᠃ ︽ᠲᠠᠷᠠᠬᠠᠢ ᠪᠤᠳᠠᠷᠬᠠᠢ ᠡᠮᠬᠢ ᠵᠠᠮᠪᠠᠷᠠᠭ᠎ᠠ ᠦᠭᠡᠢ ᠪᠤᠬᠢᠷᠳᠦᠯ ᠲᠠᠢ︾ ᠠᠵᠤ ᠠᠬᠤᠢᠢᠯᠠᠯ ᠢ ᠲᠦᠢᠯᠪᠤᠷᠢᠳᠠᠢ ᠴᠡᠭᠴᠡᠯᠡᠨ ᠵᠠᠰᠠᠵᠤ᠂ ᠬᠠᠳᠤᠨ ᠭᠤᠤᠯ ᠤᠨ ᠰᠠᠪᠠ ᠭᠠᠵᠠᠷ ᠤᠨ ᠪᠤᠬᠢᠷᠳᠦᠯ ᠢ ᠭᠠᠳᠠᠬᠰᠢᠯᠠᠭᠤᠯᠬᠤ ᠠᠮᠠᠰᠠᠷ ᠤᠨ ᠵᠢᠬᠰᠠᠭᠠᠨ ᠪᠠᠶᠢᠴᠠᠭᠠᠯᠳᠠ ᠴᠡᠭᠴᠡᠯᠡᠨ ᠵᠠᠰᠠᠯᠳᠠ ᠶᠢ ᠬᠦᠨᠵᠡᠭᠡᠢ ᠦᠷᠨᠢᠬᠦᠯᠵᠤ᠂ ᠭᠠᠵᠠᠷ ᠲᠤᠤᠷᠠᠬᠢ ᠤᠰᠤ ᠶᠢ ᠲᠠᠳᠠᠬᠤ᠂ ᠲᠤᠮᠳᠠ ᠤᠰᠤ ᠶᠢ ᠲᠠᠬᠢᠨ ᠭᠡᠷᠡᠭᠯᠡᠬᠦ᠂ ᠤᠰᠤᠨ ᠤ ᠰᠤᠷᠪᠤᠯᠵᠢ ᠶᠢᠨ ᠭᠠᠵᠠᠷ ᠎ ᠢ ᠬᠠᠮᠠᠭᠠᠯᠠᠬᠤ᠂ ᠠᠵᠤ ᠦᠢᠯᠡᠳᠪᠤᠷᠢ ᠶᠢᠨ ᠬᠦᠷᠢᠶᠠᠯᠠᠩ ᠲᠤᠭᠤᠷᠢᠭ ᠤᠨ ᠪᠤᠬᠢᠷ ᠤᠰᠤ ᠶᠢ ᠰᠢᠢᠳᠪᠤᠷᠢᠯᠡᠬᠦ ᠵᠡᠷᠭᠡ ᠳᠤ ᠤᠷᠤᠰᠢᠵᠤ ᠪᠠᠶᠢᠭ᠎ᠠ ᠠᠰᠠᠭᠤᠳᠠᠯ ᠢ ᠬᠦᠴᠤᠯᠠᠨ ᠰᠠᠶᠢᠳᠤᠷ ᠰᠢᠢᠳᠪᠤᠷᠢᠯᠡᠬᠦ ᠭᠡᠷᠡᠭᠳᠠᠢ᠃ ᠬᠤᠳᠠ ᠶᠢᠨ ᠲᠦᠯᠦᠪᠵᠢᠬᠦᠯᠭᠡ ᠪᠠᠶᠢᠷᠢᠰᠢᠭᠤᠯᠤᠯᠳᠠ ᠶᠢᠨ ᠡᠨᠡ ᠬᠦ ᠠᠵᠢᠯ ᠢ ᠰᠠᠶᠢᠳᠤᠷ ᠬᠢᠵᠤ᠂ ᠦᠨᠳᠤᠷ ᠪᠠᠷᠢᠮᠵᠢᠶ᠎ᠡ ᠴᠢᠩᠭ᠎ᠠ ᠱᠠᠭᠠᠷᠳᠠᠯᠭ᠎ᠠ ᠲᠠᠢ ᠪᠠᠶᠢᠬᠤ ᠪᠦᠭᠡᠳ ᠪᠠᠰᠠ ᠦᠨᠡᠨ ᠠᠴᠠ ᠵᠦᠪ ᠢ ᠡᠷᠢᠵᠤ ᠭᠠᠵᠠᠷ ᠤᠷᠤᠨ ᠤ ᠪᠠᠶᠢᠳᠠᠯ ᠳᠤᠨᠢ ᠲᠤᠬᠢᠷᠠᠭᠤᠯᠵᠤ᠂ ᠬᠤᠳᠠ ᠶᠢᠨ ᠠᠯᠤᠰ ᠭᠡᠳᠤ ᠶᠢᠨ ᠡᠷᠡᠬᠦᠯ ᠬᠦᠭᠵᠢᠯᠳᠠ ᠳᠤ ᠰᠠᠭᠤᠷᠢ ᠲᠠᠯᠪᠢᠬᠤ ᠭᠡᠷᠡᠭᠳᠠᠢ ᠭᠡᠵᠤ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号