︽ᠥᠪᠥᠷ ᠮᠣᠩᠭᠤᠯ ᠤᠨ ᠡᠭᠦᠯᠡᠨ ᠲᠠᠪᠴᠠᠩᠲᠤ ᠪᠥᠬᠦ ᠠᠷᠠᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠶᠡᠭᠡ ᠴᠤᠭᠯᠠᠭᠠᠨ︾ ᠡᠬᠢᠯᠡᠵᠦ ᠣᠯᠠᠨ ᠲᠦᠮᠡᠨ ᠤ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠳᠤ ᠢᠳᠡᠪᠬᠢᠲᠡᠶ ᠣᠷᠣᠯᠴᠠᠬᠤ ᠤᠷᠮ᠎ᠠ ᠪᠠᠬ᠎ᠠ ᠶᠢ ᠨᠢ ᠲᠠᠲᠠᠪᠠ
ᠨᠡᠶᠢᠲᠡᠯᠡᠭᠰᠡᠨ ᠴᠠᠭ᠄
2020/6/8
     6 ᠳ᠋ᠤᠭᠠᠷ ᠰᠠᠷ᠎ᠠ ᠶᠢᠨ 6᠎ ᠤ ᠡᠳᠦᠷ᠂ ᠬᠤᠯᠠ ᠭᠦᠶᠦᠬᠦ ᠳᠤᠷᠠᠲᠠᠶ ᠬᠥᠮᠦᠰ ᠬᠠᠭᠠᠰ ᠵᠠᠮ ᠤᠨ ᠮᠠᠷᠠᠰᠤᠨ ᠭᠦᠶᠦᠯᠲᠡ ᠶᠢᠨ ᠤᠷᠤᠯᠳᠤᠭᠠᠨ ᠳᠤ ᠣᠷᠣᠯᠴᠠᠪᠠ᠃ ᠲᠤᠰ ᠡᠳᠦᠷ᠂ ︽ᠥᠪᠥᠷ ᠮᠣᠩᠭᠤᠯ ᠤᠨ ᠡᠭᠦᠯᠡᠨ ᠲᠠᠪᠴᠠᠩᠲᠤ ᠪᠥᠬᠦ ᠠᠷᠠᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠶᠡᠭᠡ ᠴᠤᠭᠯᠠᠭᠠᠨ︾ ᠬᠦᠬᠡᠬᠤᠲᠠ ᠳᠤ ᠡᠬᠢᠯᠡᠪᠡ᠂ ᠬᠥᠳᠡᠯᠭᠡᠭᠡᠨ ᠤ ᠠᠩᠬᠠᠨ ᠤ ᠡᠳᠦᠷ ᠬᠠᠭᠠᠰ ᠵᠠᠶᠢᠲᠤ ᠮᠠᠷᠠᠰᠤᠨ ᠭᠦᠶᠦᠯᠲᠡ ᠪᠣᠯᠤᠨ ᠳᠤᠭᠤᠶ ᠤᠨᠤᠬᠤ ᠬᠤᠶᠠᠷ ᠲᠥᠷᠥᠯ ᠵᠦᠢᠯ ᠶᠠᠪᠤᠭᠳᠠᠵᠤ᠂ 200 ᠭᠠᠷᠤᠶ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠳᠤᠷᠠᠲᠠᠶ ᠬᠥᠮᠦᠰ ᠲᠤᠬᠠᠶ ᠶᠢᠨ ᠲᠠᠯᠠᠪᠤᠷ ᠲᠤ ᠬᠦᠷᠦᠯᠴᠡᠨ ᠣᠷᠣᠯᠴᠠᠵᠠᠶ᠃ ᠲᠤᠰ ᠤᠳᠠᠭᠠᠨ ᠤ ᠠᠵᠢᠯᠯᠠᠭ᠎ᠠ ᠨᠢ 6 ᠳ᠋ᠤᠭᠠᠷ ᠰᠠᠷ᠎ᠠ ᠶᠢᠨ 10᠎ ᠤ ᠡᠳᠦᠷ ᠪᠣᠯᠲᠠᠯ᠎ᠠ ᠶᠠᠪᠤᠭᠳᠠᠵᠤ᠂ ᠡᠨᠡ ᠬᠤᠭᠤᠴᠠᠭᠠᠨ ᠳᠤ ᠰᠦᠯᠵᠢᠶᠡᠨ ᠤ ᠲᠠᠪᠴᠠᠩ ᠳᠡᠭᠡᠷ᠎ᠡ ᠰᠢᠭᠤᠳ ᠨᠡᠪᠲᠡᠷᠡᠭᠦᠯᠬᠦ᠂ ᠬᠥᠳᠡᠯᠭᠡᠭᠡᠨ ᠤ ᠲᠤᠭ᠎ᠠ ᠪᠠᠷᠢᠮᠲᠠ ᠶᠢ ᠳᠡᠭᠡᠭᠰᠢ ᠳᠠᠮᠵᠢᠭᠤᠯᠬᠤ᠂ ᠬᠥᠳᠡᠯᠭᠡᠭᠡᠨ ᠤ ᠸᠢᠳᠢᠣ᠋ ᠰᠢᠩᠭᠡᠭᠡᠨ ᠦᠢᠯᠡᠳᠬᠦ ᠵᠡᠷᠭᠡ ᠰᠦᠯᠵᠢᠶᠡᠨ ᠳᠡᠭᠡᠷᠡᠬᠢ ᠭᠠᠳᠠᠨᠠᠬᠢ ᠶᠢ ᠤᠶᠠᠯᠳᠤᠭᠤᠯᠬᠤ ᠵᠠᠭᠪᠤᠷ ᠢᠶᠠᠷ ᠳᠠᠮᠵᠢᠭᠤᠯᠤᠨ᠂ ᠣᠯᠠᠨ ᠲᠦᠮᠡᠨ ᠤ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠬᠥᠳᠡᠯᠭᠡᠭᠡᠨ ᠳᠤ ᠢᠳᠡᠪᠬᠢᠲᠡᠶ ᠣᠷᠣᠯᠴᠠᠬᠤ ᠤᠷᠮ᠎ᠠ ᠪᠠᠬ᠎ᠠ ᠶᠢ ᠎ ᠨᠢ ᠲᠠᠲᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号