6 ᠰᠠᠷ᠎ᠠ ᠶᠢᠨ 7 ᠤ ᠡᠳᠦᠷ ᠤᠨ 7 ᠴᠠᠭ ᠠᠴᠠ 6 ᠰᠠᠷ᠎ᠠ ᠶᠢᠨ 8 ᠤ ᠡᠳᠦᠷ ᠤᠨ 7 ᠴᠠᠭ ᠪᠤᠯᠳᠠᠯ᠎ᠠ᠂ | ᠦᠪᠦᠷ ᠮᠣᠩᠭᠤᠯ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠤᠨᠤᠰᠢᠯᠠᠭᠰᠠᠨ ᠡᠪᠡᠳᠴᠢᠨ ᠤ ᠵᠢᠱᠢᠶ᠎ᠡ ᠪᠠ | ᠰᠡᠵᠢᠭᠯᠡᠯᠳᠠᠢ ᠡᠪᠡᠳᠴᠢᠨ ᠤ ᠵᠢᠱᠢᠶ᠎ᠡ ᠨᠡᠮᠡᠭᠳᠡᠭᠰᠡᠨ ᠦᠭᠡᠢ᠃ 5 ᠡᠪᠡᠳᠴᠢᠲᠠᠨ ᠡᠷᠡᠭᠦᠯᠵᠢᠵᠦ ᠡᠮᠨᠡᠯᠭᠡ ᠠᠴᠠ ᠭᠠᠷᠪᠠ | ︵ᠴᠦᠮ ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ | ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠨ︶᠃ | 6 ᠰᠠᠷ᠎ᠠ ᠶᠢᠨ 8 ᠤ ᠡᠳᠦᠷ ᠤᠨ 7 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠳᠤ ᠬᠢᠯᠢ ᠶᠢᠨ ᠭᠠᠳᠠᠨ᠎ᠠ ᠠᠴᠠ ᠤᠷᠤᠵᠤ ᠢᠷᠡᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠣᠨᠣᠰᠢᠯᠠᠭᠰᠠᠨ ᠡᠪᠡᠳᠴᠢᠨ ᠤ ᠵᠢᠱᠢᠶ᠎ᠡ ᠨᠡᠶᠢᠳᠡ 158 ︵ᠤᠷᠤᠰ ᠠᠴᠠ 108᠂ ᠠᠩᠭ᠍ᠯᠢ ᠠᠴᠠ 23᠂ | ᠹᠷᠠᠨᠼᠢ ᠠᠴᠠ 19᠂ ᠠᠮᠧᠷᠢᠺᠠ ᠠᠴᠠ 4᠂ ᠢᠰᠫᠠᠨᠢ ᠠᠴᠠ 2᠂ ᠰᠸᠧᠳᠧᠨ ᠠᠴᠠ 2︶ ᠪᠠᠶᠢᠵᠤ᠂ 142 | ᠡᠪᠡᠳᠴᠢᠳᠡᠨ ᠡᠷᠡᠭᠦᠯᠵᠢᠵᠦ ᠡᠮᠨᠡᠯᠭᠡ ᠠᠴᠠ ᠭᠠᠷᠴᠠᠢ᠃ | ᠤᠳᠤ ᠬᠢᠯᠢ ᠶᠢᠨ ᠭᠠᠳᠠᠨ᠎ᠠ ᠠᠴᠠ ᠤᠷᠤᠵᠦ ᠢᠷᠡᠭᠰᠡᠨ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ | ᠤᠨᠤᠰᠢᠯᠠᠭᠰᠠᠨ ᠡᠪᠡᠳᠴᠢᠨ ᠤ ᠵᠢᠱᠢᠶ᠎ᠡ 16 ᠪᠤᠢ᠃ | 6 ᠰᠠᠷ᠎ᠠ ᠶᠢᠨ 7 ᠤ ᠡᠳᠦᠷ ᠤᠨ 24 ᠴᠠᠭ ᠪᠤᠯᠳᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠳᠤ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ 2 ᠪᠠᠶᠢᠵᠤ᠂ ᠪᠦᠷ ᠲᠤᠰᠠᠭᠠᠷᠯᠠᠵᠤ ᠠᠨᠠᠭᠠᠬᠤ | ᠤᠬᠠᠭᠠᠨ ᠤ ᠠᠵᠢᠬᠯᠠᠯᠳᠠ ᠬᠢᠵᠦ ᠪᠠᠶᠢᠨ᠎ᠠ᠃ | ᠡᠳᠡᠬᠡᠷ ᠡᠪᠡᠳᠴᠢᠲᠡᠨ ᠢ ᠴᠥᠮ ᠲᠤᠭᠳᠠᠭᠰᠠᠨ ᠡᠮᠨᠡᠯᠭᠡ ᠶᠢᠨ ᠬᠤᠷᠢᠶᠠᠨ ᠳᠤ ᠲᠤᠰᠠᠭᠠᠷᠯᠠᠨ ᠡᠮᠨᠡᠵᠦ᠂ ᠨᠢᠭᠲᠠ | ᠣᠶᠢᠷᠠᠲᠤᠭᠰᠠᠳ ᠢ ᠴᠥᠮ ᠲᠣᠭᠲᠠᠭᠰᠠᠨ ᠭᠠᠵᠠᠷ ᠲᠤ ᠲᠦᠪᠯᠡᠷᠡᠬᠦᠯᠦᠨ ᠲᠤᠰᠠᠭᠠᠷᠯᠠᠵᠦ ᠠᠨᠠᠭᠠᠬᠤ ᠤᠬᠠᠭᠠᠨ ᠤ | ᠠᠵᠢᠬᠯᠠᠯᠳᠠ ᠬᠢᠵᠦ ᠪᠤᠢ᠂ ᠪᠦᠬᠦ ᠶᠠᠪᠤᠴᠠ ᠳᠤ ᠪᠢᠲᠡᠭᠦᠮᠵᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠵᠤ ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠤᠬᠠᠢ ᠶᠢᠨ ᠭᠠᠵᠠᠷ ᠤᠨ ᠪᠠ | ᠬᠢᠯᠢ ᠶᠢᠨ ᠭᠠᠳᠠᠨ᠎ᠠ ᠠᠴᠠ ᠤᠷᠤᠵᠤ ᠢᠷᠡᠭᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠵᠢᠴᠢ | ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠬᠰᠠᠳ ᠤᠨ ᠬᠠᠮᠢᠶ᠎ᠠ ᠪᠦᠬᠦᠢ ᠪᠠᠶᠢᠳᠠᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠤᠯᠤᠰ ᠤᠨ ᠬᠠᠮᠢᠶ᠎ᠠ ᠪᠥᠬᠦᠶ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠡᠯ᠎ᠡ ᠵᠦᠢᠯ ᠤᠨ | ᠰᠡᠷᠭᠡᠶᠢᠯᠡᠨ ᠡᠵᠡᠮᠳᠡᠬᠦ ᠠᠷᠭ᠎ᠠ ᠠᠪᠴᠠᠯ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠦ ᠪᠤᠢ᠃ | |