ᠨᠠᠮ ᠤᠨ ᠲᠦᠪ ᠬᠤᠷᠢᠶᠡᠨ ᠤ ᠶᠡᠷᠤᠩᠬᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ | ᠶᠠᠪᠤᠳᠠᠯ ᠤᠨ ᠬᠤᠷᠢᠶᠡᠨ ᠤ ᠲᠡᠷᠢᠬᠦᠯᠡᠭᠴᠢ ᠰᠢ ᠶᠢᠨ ᠫᠢᠩ 7 ᠤ ᠡᠳᠤᠷ ᠵᠠᠬᠢᠳᠠᠯ ᠢᠯᠡᠭᠡᠵᠥ ᠬᠠᠷᠪᠢᠨ ᠤ ᠠᠵᠥ | ᠦᠢᠯᠡᠳᠪᠤᠷᠢ ᠶᠢᠨ ᠶᠡᠭᠡ ᠰᠤᠷᠭᠠᠭᠤᠯᠢ ᠪᠠᠶᠢᠭᠤᠯᠤᠬᠳᠠᠭᠰᠠᠠ 100 ᠵᠢᠯ ᠤᠨ ᠤᠢ ᠳᠤ ᠪᠠᠶᠠᠷ ᠬᠦᠷᠬᠡᠵᠥ᠂ ᠪᠦᠬᠦ | ᠰᠤᠷᠭᠠᠭᠤᠯᠢ ᠶᠢᠨ ᠪᠠᠭᠰᠢ ᠰᠤᠷᠤᠭᠴᠢ ᠠᠵᠢᠯᠳᠠᠳ ᠪᠤᠯᠤᠨ ᠰᠤᠷᠭᠠᠭᠤᠯᠢ ᠶᠢᠨ ᠨᠤᠮ ᠤᠨ ᠬᠠᠨᠢᠲᠠᠤᠨ ᠲᠤ ᠬᠠᠯᠠᠭᠤᠨ | ᠪᠠᠶᠠᠷ ᠬᠦᠷᠬᠡᠭᠰᠡᠡ ᠪᠠ ᠴᠢᠩ ᠰᠡᠳᠬᠢᠯ ᠤᠨ ᠮᠡᠨᠳᠦᠴᠢᠯᠡᠯ ᠬᠦᠷᠬᠡᠪᠡ᠃ | ᠰᠢ ᠶᠢᠨ ᠫᠢᠩ ᠪᠠᠶᠠᠷ ᠤᠨ ᠵᠠᠬᠢᠳᠠᠯ ᠳᠠᠭᠠᠨ᠂ ᠬᠠᠷᠪᠢᠨ ᠤ ᠠᠵᠥ ᠦᠢᠯᠡᠳᠪᠤᠷᠢ ᠶᠢᠨ ᠶᠡᠭᠡ ᠰᠤᠷᠭᠠᠭᠤᠯᠢ ᠪᠤᠯ | ᠦᠨᠢ ᠤᠲᠠᠭᠠᠨ ᠲᠡᠤᠬᠡ ᠲᠠᠢ᠃ ᠰᠢᠨ᠎ᠡ ᠲᠤᠮᠳᠠᠳᠤ ᠤᠯᠤᠰ ᠪᠠᠶᠢᠭᠤᠯᠤᠬᠳᠠᠭᠰᠠᠠ ᠠᠴᠠ ᠨᠠᠭᠠᠰᠢ᠂ ᠨᠠᠮ ᠤᠨ | ᠤᠳᠤᠷᠢᠳᠤᠯᠭ᠎ᠠ ᠲᠤᠤᠷ᠎ᠡ᠂ ᠰᠤᠷᠭᠠᠭᠤᠯᠢ ᠨᠢ ᠵᠡᠬᠦᠨ ᠬᠤᠶᠢᠳᠤ ᠤᠷᠤᠨ ᠳᠤ ᠦᠨᠳᠦᠰᠦ ᠬᠠᠳᠬᠤᠵᠥ᠂ ᠤᠯᠤᠰ ᠢᠶᠠᠨ | ᠬᠠᠶᠢᠷᠠᠯᠠᠨ ᠬᠠᠷᠠᠮ ᠦᠬᠡᠢ ᠡᠷᠬᠦᠵᠥ᠂ ᠬᠠᠳᠠᠭᠤᠵᠢᠯᠳᠠᠢ ᠪᠠᠷ ᠦᠢᠯᠡᠰ ᠪᠤᠰᠬᠠᠵᠥ᠂ ᠦᠯᠡᠮᠵᠢᠬᠡᠨ ᠤᠯᠤᠰ ᠤᠨ | ᠴᠢᠬᠤᠯᠠ ᠲᠤᠨᠤᠭ ᠢ ᠡᠬᠦᠳᠴᠦ᠂ ᠦᠢ ᠤᠯᠠᠨ ᠰᠢᠯᠭᠠᠷᠠᠭᠰᠠᠠ ᠴᠢᠳᠠᠪᠤᠷᠢᠳᠡᠨ ᠢ ᠬᠦᠮᠥᠵᠢᠬᠦᠯᠵᠥ᠂ ᠨᠠᠮ ᠪᠤᠯᠤᠨ | ᠠᠷᠠᠳ ᠲᠦᠮᠡᠨ ᠳᠤ ᠴᠢᠬᠤᠯᠠ ᠬᠤᠪᠢ ᠨᠡᠮᠡᠷᠢ ᠦᠵᠡᠬᠦᠯᠵᠡᠢ ᠬᠡᠵᠥ ᠵᠢᠭᠠᠵᠥ ᠭᠠᠷᠭᠠᠪᠠ᠃ | ᠰᠢ ᠶᠢᠨ ᠫᠢᠩ ᠬᠠᠷᠪᠢᠨ ᠤ ᠠᠵᠤ ᠦᠢᠯᠡᠳᠪᠤᠷᠢ ᠶᠢᠨ ᠶᠡᠭᠡ ᠰᠤᠷᠭᠠᠭᠤᠯᠢ ᠶᠢᠨ ᠬᠢᠨ ᠢ ᠰᠢᠨ᠎ᠡ ᠭᠠᠷᠤᠭ᠎ᠠ ᠳᠤ | ᠨᠡᠶᠢᠭᠡᠮ ᠵᠢᠷᠤᠮ ᠤᠨ ᠰᠤᠷᠭᠠᠭᠤᠯᠢ ᠡᠷᠬᠢᠯᠡᠬᠦ ᠴᠢᠭᠯᠡᠯ ᠢ ᠪᠠᠷᠢᠮᠳᠠᠯᠠᠨ᠂ ᠶᠤᠰᠤ ᠰᠤᠷᠲᠠᠬᠤᠨ ᠢᠶᠠᠷ ᠬᠦᠮᠦᠨ ᠢ | ᠬᠦᠮᠦᠵᠢᠬᠦᠯᠬᠦ ᠦᠨᠳᠤᠰᠤᠨ ᠡᠬᠦᠷᠭᠡ ᠶᠢ ᠴᠢᠩᠭ᠎ᠠ ᠡᠵᠡᠮᠳᠡᠨ ᠂ ᠪᠢᠴᠢᠭ ᠵᠢᠭᠠᠵᠤ ᠬᠦᠮᠦᠨ ᠬᠦᠮᠦᠵᠢᠬᠦᠯᠬᠦ᠂ ᠰᠢᠨᠵᠢᠯᠡᠬᠦ | ᠤᠬᠠᠭᠠᠨ ᠤ ᠰᠤᠳᠤᠯᠭᠠᠨ ᠤ ᠪᠤᠭᠤᠮᠳᠠ ᠰᠢᠪᠳᠤᠯᠬᠤ ᠵᠡᠷᠭᠡ ᠠᠵᠢᠯ ᠤᠨ ᠲᠤᠮᠳᠠ ᠪᠠᠨ ᠲᠠᠰᠤᠷᠠᠯᠳᠠ ᠦᠭᠡᠢ | ᠦᠭᠡᠷᠡᠴᠢᠯᠡᠯᠳᠠ ᠬᠢᠵᠤ ᠰᠢᠨ᠎ᠡ ᠶᠢ ᠡᠬᠦᠳᠴᠤ᠂ ᠡᠷᠡᠮᠡᠭᠡᠶᠢᠯᠡᠨ ᠲᠡᠮᠡᠴᠡᠵᠤ ᠵᠢᠳᠬᠦᠯ ᠴᠢᠷᠮᠠᠶᠢᠯᠭ᠎ᠠ ᠭᠠᠷᠭᠠᠨ᠂ | ᠭᠠᠷᠮᠠᠭᠠᠢ ᠠᠮᠵᠢᠯᠲᠠ ᠭᠠᠷᠭᠠᠬᠤ ᠪᠠᠷ ᠬᠦᠴᠦᠯᠡᠨ᠂ ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠳᠠ ᠪᠠ | ᠲᠤᠮᠳᠠᠳᠤ ᠶᠢᠨ ᠦᠨᠳᠤᠰᠤᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠲᠤᠮᠳᠠᠳᠤ ᠶᠢᠨ ᠵᠡᠬᠦᠳᠤ ᠶᠢ | ᠲᠡᠷᠭᠡᠯᠰᠢᠬᠦᠯᠬᠦ ᠶᠢᠨ ᠲᠦᠯᠦᠭᠡ ᠨᠡᠩ ᠶᠡᠭᠡ ᠰᠢᠨ᠎ᠡ ᠬᠤᠪᠢ ᠨᠠᠮᠠᠷᠢ ᠦᠵᠡᠬᠦᠯᠬᠦ ᠪᠠᠷ ᠴᠢᠷᠮᠠᠶᠢᠭᠠᠷᠠᠢ ᠭᠡᠵᠤ ᠬᠦᠰᠡᠪᠡ᠃ | ᠬᠠᠷᠪᠢᠨ ᠤ ᠠᠵᠤ ᠦᠢᠯᠡᠳᠪᠤᠷᠢ ᠶᠢᠨ ᠶᠡᠭᠡ ᠰᠤᠷᠭᠠᠭᠤᠯᠢ 1920 ᠤᠨ ᠳᠤ ᠪᠠᠶᠢᠭᠤᠯᠤᠬᠳᠠᠵᠤ᠂ 1954 | ᠤᠨ ᠳᠤ ᠤᠯᠤᠰ ᠤᠨ ᠲᠦᠷᠦᠬᠦᠤ ᠪᠦᠯᠦᠭ ᠭᠤᠤᠯᠳᠠᠯᠭ᠎ᠠ ᠲᠠᠢ ᠪᠦᠳᠦᠭᠡᠨ ᠪᠠᠶᠢᠭᠤᠯᠬᠤ 6 ᠶᠡᠭᠡ ᠲᠡᠭᠡᠳᠤ | ᠰᠤᠷᠭᠠᠭᠤᠯᠢ ᠶᠢᠨ ᠡᠩᠨᠡᠭᠡᠨ ᠳᠤ ᠤᠷᠤᠪᠠ᠃ ᠤᠯᠠᠨ ᠵᠢᠯ ᠤᠨ ᠲᠤᠷᠰᠢ᠂ ᠰᠤᠷᠭᠠᠭᠤᠯᠢ ᠨᠢ ︽ᠰᠠᠭᠤᠷᠢ ᠶᠢ | ᠪᠠᠬᠢᠵᠢᠬᠦᠯᠬᠦ᠂ ᠦᠢᠯᠡᠳᠦᠯᠭᠡ ᠶᠢ ᠴᠢᠩᠭᠠᠳᠬᠠᠬᠤ᠂ ᠶᠠᠪᠤᠴᠠ ᠶᠢ ᠴᠢᠩᠭᠠᠳᠬᠠᠬᠤ᠂ ᠰᠢᠨᠡᠴᠢᠯᠡᠯᠳᠠ ᠶᠢ ᠡᠷᠢᠯᠬᠢᠯᠡᠬᠦ︾ | ᠴᠢᠳᠠᠪᠤᠷᠢᠳᠠᠨ ᠬᠦᠮᠦᠵᠢᠬᠦᠯᠬᠦ ᠤᠨᠴᠠᠯᠢᠭ ᠢ ᠪᠦᠷᠢᠯᠳᠦᠬᠦᠯᠵᠤ᠂ ᠨᠢᠭᠡ ᠪᠦᠯᠦᠭ ᠰᠢᠯᠢᠳᠡᠭ ᠴᠢᠳᠠᠪᠤᠷᠢᠳᠠᠨ ᠢ | ᠬᠦᠮᠦᠵᠢᠬᠦᠯᠦᠭᠰᠡᠨ ᠪᠠᠶᠢᠨ᠎ᠡ᠃ |