ᠬᠠᠷᠠᠴᠢᠨ ᠵᠡᠭᠦᠨ ᠭᠠᠷᠤᠨ ᠮᠣᠩᠭᠤᠯ ᠦᠨᠳᠦᠰᠦᠲᠡᠨ ᠤ ᠥᠪᠡᠷᠲᠡᠭᠡᠨ ᠵᠠᠰᠠᠬᠤ ᠰᠢᠶᠠᠨ ᠠᠴᠠ ᠤᠯᠠᠭᠠᠨᠬᠠᠳᠠ ᠬᠦᠷᠬᠦ ᠳᠡᠭᠡᠳᠦ ᠬᠤᠷᠳᠤ ᠶᠢᠨ ᠲᠡᠮᠦᠷ ᠵᠠᠮ ᠵᠢᠩᠬᠢᠨᠢ ᠪᠠᠷ ᠨᠡᠪᠲᠡᠷᠡᠪᠡ
ᠨᠡᠶᠢᠲᠡᠯᠡᠭᠰᠡᠨ ᠴᠠᠭ᠄
2020/7/1
   6 ᠳ᠋ᠤᠭᠠᠷ ᠰᠠᠷ᠎ᠠ ᠶᠢᠨ 30᠎ ᠤ ᠡᠳᠦᠷ᠂ ᠠᠶᠠᠨᠴᠢᠳ ᠤᠯᠠᠭᠠᠨᠬᠠᠳᠠ ᠥᠷᠲᠡᠭᠡ ᠳᠤ G8382 ᠤᠳᠠᠭ᠎ᠠ ᠶᠢᠨ ︽ᠡᠶ᠎ᠡ ᠵᠣᠬᠢᠴᠠᠯ︾ ᠨᠡᠷᠡᠮᠵᠢᠲᠦ ᠣᠯᠠᠨ ᠬᠥᠳᠡᠯᠭᠡᠭᠦᠷᠲᠦ ᠴᠤᠪᠤᠭ᠎ᠠ ᠲᠡᠷᠭᠡ ᠲᠠᠢ ᠬᠠᠮᠲᠤ ᠬᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠵᠦ ᠪᠠᠶᠢᠭ᠎ᠠ ᠨᠢ᠃    ᠲᠤᠰ ᠡᠳᠦᠷ᠂ G8382 ᠤᠳᠠᠭ᠎ᠠ ᠶᠢᠨ ︽ᠡᠶ᠎ᠡ ᠵᠣᠬᠢᠴᠠᠯ︾ ᠨᠡᠷᠡᠮᠵᠢᠲᠦ ᠣᠯᠠᠨ ᠬᠥᠳᠡᠯᠭᠡᠭᠦᠷᠲᠦ ᠴᠤᠪᠤᠭ᠎ᠠ ᠲᠡᠷᠭᠡ ᠥᠪᠥᠷ ᠮᠣᠩᠭᠤᠯ ᠤᠨ ᠤᠯᠠᠭᠠᠨᠬᠠᠳᠠ ᠠᠴᠠ ᠠᠯᠭᠤᠷ ᠠᠭᠠᠵᠢᠮ ᠢᠶᠠᠷ ᠠᠶᠠᠯᠠᠨ ᠭᠠᠷᠬᠤ ᠶᠢ ᠳᠠᠭᠠᠯᠳᠤᠨ᠂ ᠬᠠᠷᠠᠴᠢᠨ ᠵᠡᠭᠦᠨ  ᠥᠷᠲᠡᠭᠡ ᠠᠴᠠ ᠤᠯᠠᠭᠠᠨᠬᠠᠳᠠ ᠬᠥᠷᠬᠦ ᠳᠡᠭᠡᠳᠦ ᠬᠤᠷᠳᠤ ᠶᠢᠨ ᠲᠡᠮᠦᠷ ᠵᠠᠮ ᠤᠨ ᠪᠥᠬᠦ ᠱᠤᠭᠤᠮ ᠨᠡᠪᠲᠡᠷᠡᠨ ᠠᠰᠢᠭᠯᠠᠯᠲᠠ ᠳᠤ ᠣᠷᠣᠪᠠ᠃ ᠲᠣᠰ ᠱᠤᠭᠤᠮ ᠨᠢ ᠬᠠᠷᠠᠴᠢᠨ ᠵᠡᠭᠦᠨ ᠥᠷᠲᠡᠭᠡ ᠪᠠᠷ ᠳᠠᠮᠵᠢᠨ ᠪᠡᠭᠡᠵᠢᠩ ᠮᠦᠭᠳᠡᠨ ᠤ ᠳᠡᠭᠡᠳᠦ ᠬᠤᠷᠳᠤ ᠶᠢᠨ ᠲᠡᠮᠦᠷ ᠵᠠᠮ ᠲᠠᠢ ᠵᠠᠯᠭᠠᠯᠳᠤᠵᠤ᠂ ᠥᠪᠥᠷ ᠮᠣᠩᠭᠤᠯ ᠤᠨ ᠤᠯᠠᠭᠠᠨᠬᠠᠳᠠ ᠭᠠᠵᠠᠷ ᠣᠷᠣᠨ ᠡᠭᠦᠨ ᠠᠴᠠ ᠡᠬᠢᠯᠡᠨ ᠪᠥᠬᠦ ᠤᠯᠤᠰ ᠤᠨ ᠳᠡᠭᠡᠳᠦ ᠬᠤᠷᠳᠤ ᠶᠢᠨ ᠲᠡᠮᠦᠷ ᠵᠠᠮ ᠤᠨ ᠲᠣᠤᠷ ᠲᠤ ᠵᠠᠯᠭᠠᠨ ᠣᠷᠣᠪᠠ᠃
   6 ᠳ᠋ᠤᠭᠠᠷ ᠰᠠᠷ᠎ᠠ ᠶᠢᠨ 30᠎ ᠤ ᠡᠳᠦᠷ᠂ ᠠᠶᠠᠨᠴᠢᠳ ᠤᠯᠠᠭᠠᠨᠬᠠᠳᠠ ᠥᠷᠲᠡᠭᠡᠨ ᠤ ᠲᠡᠷᠭᠡ ᠬᠦᠯᠢᠶᠡᠬᠦ ᠲᠢᠩᠬᠢᠮ ᠳᠤ ᠰᠡᠭᠦᠳᠡᠷ ᠲᠠᠲᠠᠵᠤ ᠳᠤᠷᠠᠰᠬᠠᠯ ᠦᠯᠡᠳᠡᠭᠡᠵᠦ ᠪᠠᠶᠢᠭ᠎ᠠ ᠨᠢ᠃
   6 ᠳ᠋ᠤᠭᠠᠷ ᠰᠠᠷ᠎ᠠ ᠶᠢᠨ 30᠎ ᠤ ᠡᠳᠦᠷ᠂ G8382 ᠤᠳᠠᠭ᠎ᠠ ᠶᠢᠨ ︽ᠡᠶ᠎ᠡ ᠵᠣᠬᠢᠴᠠᠯ︾ ᠨᠡᠷᠡᠮᠵᠢᠲᠦ ᠣᠯᠠᠨ ᠬᠥᠳᠡᠯᠭᠡᠭᠦᠷᠲᠦ ᠴᠤᠪᠤᠭ᠎ᠠ ᠲᠡᠷᠭᠡ ᠤᠯᠠᠭᠠᠨᠬᠠᠳᠠ ᠶᠢᠨ ᠥᠷᠲᠡᠭᠡ ᠳᠤ ᠵᠣᠭᠰᠤᠵᠤ ᠪᠠᠶᠢᠭ᠎ᠠ ᠨᠢ᠃
   6 ᠳ᠋ᠤᠭᠠᠷ ᠰᠠᠷ᠎ᠠ ᠶᠢᠨ 30᠎ ᠤ ᠡᠳᠦᠷ᠂ G8382 ᠤᠳᠠᠭ᠎ᠠ ᠶᠢᠨ ︽ᠡᠶ᠎ᠡ ᠵᠣᠬᠢᠴᠠᠯ︾ ᠨᠡᠷᠡᠮᠵᠢᠲᠦ ᠣᠯᠠᠨ ᠬᠥᠳᠡᠯᠭᠡᠭᠦᠷᠲᠦ ᠴᠤᠪᠤᠭ᠎ᠠ ᠲᠡᠷᠭᠡᠨ ᠤ ᠭᠠᠯᠲᠤ ᠲᠡᠷᠭᠡᠨ ᠤ ᠦᠢᠯᠡᠴᠢᠯᠡᠭᠴᠢ ᠠᠶᠠᠨᠴᠢᠳ ᠲᠤ ᠦᠢᠯᠡᠴᠢᠯᠡᠵᠦ ᠪᠠᠶᠢᠭ᠎ᠠ ᠎ ᠨᠢ᠃
   ︽ᠡᠶ᠎ᠡ ᠵᠣᠬᠢᠴᠠᠯ︾ ᠨᠡᠷᠡᠮᠵᠢᠲᠦ ᠣᠯᠠᠨ ᠬᠥᠳᠡᠯᠭᠡᠭᠦᠷᠲᠦ ᠴᠤᠪᠤᠭ᠎ᠠ ᠲᠡᠷᠭᠡ ᠥᠪᠥᠷ ᠮᠣᠩᠭᠤᠯ ᠤᠨ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠬᠡᠭᠡᠷ᠎ᠡ ᠲᠠᠯ᠎ᠠ ᠪᠠᠷ ᠳᠠᠪᠬᠢᠵᠤ ᠪᠠᠶᠢᠭ᠎ᠠ ᠨᠢ ︵6 ᠳ᠋ᠤᠭᠠᠷ ᠰᠠᠷ᠎ᠠ ᠶᠢᠨ 30᠎ ᠤ ᠡᠳᠦᠷ᠂ ᠠᠯᠤᠰ ᠡᠵᠡᠮᠰᠢᠯᠲᠦ ᠰᠡᠭᠦᠳᠡᠷᠯᠡᠬᠦ ᠮᠠᠰᠢᠨ ᠢᠶᠠᠷ ᠰᠡᠭᠦᠳᠡᠷᠯᠡᠪᠡ︶᠃    
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号