ᠪᠤᠬᠢᠷᠳᠤᠯ ᠢ ᠰᠡᠷᠭᠡᠶᠢᠯᠡᠨ ᠵᠠᠰᠠᠬᠤ  ᠰᠢᠪᠳᠤᠯᠤᠯᠳᠠ ᠶᠢᠨ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠤᠯᠬᠤ 2020 ᠤᠨ ᠤ ᠭᠤᠤᠯᠳᠠᠯᠭ᠎ᠠ ᠲᠠᠢ ᠠᠵᠢᠯ ᠡᠭᠦᠷᠬᠡ ᠶᠢᠨ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠤᠨ ᠲᠦᠰᠦᠯ ᠢ ᠲᠠᠷᠤᠮᠠᠯᠯᠠᠨ ᠶᠠᠪᠤᠭᠤᠯᠬᠤ ᠲᠤᠬᠠᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2020/7/1
              ᠦᠪᠦᠷ ᠵᠠᠰᠠᠭ ᠠᠯᠪᠠᠨ ᠲᠠᠷᠬᠠᠭᠠᠨᠨᠰᠠᠨ〔2020〕1 ᠳ᠋ᠤᠬᠡᠷ ᠲᠤᠭᠠᠳᠤᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠬᠡᠴᠢ ᠳᠤ᠄      ︽ᠪᠤᠬᠢᠷᠳᠤᠯ ᠢ ᠰᠡᠷᠭᠡᠶᠢᠯᠡᠨ ᠵᠠᠰᠠᠬᠤ ᠰᠢᠪᠳᠤᠯᠤᠯᠳᠠ ᠶᠢᠨ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠤᠯᠬᠤ 2020 ᠤᠨ ᠤ ᠭᠤᠤᠯᠳᠠᠯᠭ᠎ᠠ ᠲᠠᠢ ᠠᠵᠢᠯ ᠡᠭᠦᠷᠬᠡ ᠶᠢᠨ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠤᠨ ᠲᠦᠰᠦᠯ︾᠎ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠵᠣᠬᠢᠶᠠᠨ ᠪᠠᠶᠢᠭᠤᠯᠵᠦ ᠬᠡᠷᠡᠭᠵᠢᠭᠦᠯᠲᠦᠭᠡᠶ᠃                               2020 ᠣᠨ ᠤ 3 ᠳ᠋ᠤᠭᠠᠷ ᠰᠠᠷ᠎ᠠ ᠶᠢᠨ 25᠎ ᠤ ᠡᠳᠦᠷ               ᠪᠤᠬᠢᠷᠳᠤᠯ ᠢ ᠰᠡᠷᠭᠡᠶᠢᠯᠡᠨ ᠵᠠᠰᠠᠬᠤ  ᠰᠢᠪᠳᠤᠯᠤᠯᠳᠠ ᠶᠢᠨ ᠳᠠᠶᠢᠯᠠᠯᠳᠤᠭᠠᠨ ᠤ               ᠢᠯᠠᠯᠲᠠ ᠶᠢ ᠡᠷᠡᠰ ᠲᠡᠮᠡᠴᠡᠨ ᠤᠯᠬᠤ 2020 ᠤᠨ ᠤ ᠭᠤᠤᠯᠳᠠᠯᠭ᠎ᠠ ᠲᠠᠢ               ᠠᠵᠢᠯ ᠡᠭᠦᠷᠬᠡ ᠶᠢᠨ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠤᠨ ᠲᠦᠰᠦᠯ      ︽ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠪᠥᠬᠦ ᠲᠠᠯ᠎ᠠ ᠪᠠᠷ ᠴᠢᠩᠭᠠᠳᠬᠠᠵᠤ ᠪᠣᠬᠢᠷᠲᠤᠯ ᠢ ᠰᠡᠷᠬᠡᠶᠢᠯᠡᠨ ᠵᠠᠰᠠᠬᠤ ᠰᠢᠪᠳᠤᠯᠤᠯᠳᠠ ᠶᠢᠨ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠬᠡᠷᠡᠭᠵᠢᠭᠦᠯᠬᠦ ᠰᠠᠨᠠᠯ︾᠎ ᠤᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠠᠭᠠᠷ ᠮᠠᠨᠳᠠᠯ᠂ ᠤᠰᠤ᠂ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠭᠦᠷᠭᠡ ᠪᠠᠨ ᠤᠯᠠᠮ ᠨᠢᠭᠡ ᠠᠯᠬᠤᠮ ᠨᠠᠷᠢᠯᠢᠬᠵᠢᠭᠤᠯᠤᠨ᠂ ᠬᠠᠷᠢᠭᠤᠴᠠᠯᠭ᠎ᠠ ᠪᠠᠨ ᠴᠢᠩᠭᠠᠷᠠᠭᠤᠯᠤᠨ ᠪᠣᠳᠠᠲᠠᠶᠢᠵᠢᠭᠤᠯᠵᠤ᠂ ᠪᠥᠬᠦ ᠣᠷᠣᠨ ᠤ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠳᠤᠯᠤᠯᠳᠠ ᠶᠢᠨ ᠳᠠᠶᠢᠯᠠᠯᠳᠤᠭᠠᠨ ᠤ  ᠠᠮᠵᠢᠯᠲᠠ ᠲᠠᠢ ᠰᠡᠬᠦᠯ ᠬᠤᠷᠢᠶᠠᠬᠤ ᠶᠢ ᠪᠠᠲᠤᠯᠠᠬᠤ ᠶᠢᠨ ᠲᠤᠰᠠᠳᠠ᠂ ᠲᠣᠰ ᠲᠥᠰᠦᠯ ᠢ ᠲᠣᠭᠲᠠᠭᠠᠪᠠ᠃     ᠨᠢᠭᠡ᠂ ᠵᠢᠯᠣᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂  ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠪᠠ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ᠂ ᠪᠣᠬᠢᠷᠲᠤᠯ ᠢ ᠰᠡᠷᠭᠡᠶᠢᠯᠡᠨ ᠵᠠᠰᠠᠬᠤ ᠲᠤᠬᠠᠶ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠢ ᠣᠯᠠᠨ ᠴᠢᠬᠤᠯᠠ ᠶᠡᠭᠡ ᠰᠶᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠳᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠴᠢᠭᠯᠡᠯ ᠢᠶᠠᠨ ᠬᠤᠪᠢᠷᠠᠭᠤᠯᠬᠤ ᠥᠬᠡᠶ ᠪᠠ ᠡᠷᠴᠢᠮ ᠢᠶᠠᠨ ᠰᠤᠯᠠᠷᠠᠭᠤᠯᠬᠤ ᠥᠬᠡᠶ ᠪᠠᠶᠢᠬᠤ ᠶᠢ ᠢᠮᠬᠠᠳᠠ ᠪᠠᠷᠢᠮᠳᠠᠯᠠᠵᠦ᠂ ᠪᠣᠬᠢᠷᠲᠤᠯ ᠢ ᠲᠤᠶᠢᠯ ᠤᠨ ᠤᠨᠤᠪᠴᠢᠳᠠᠢ᠂ ᠰᠢᠨᠵᠢᠯᠡᠬᠦ ᠤᠬᠠᠭᠠᠨᠴᠢ ᠪᠠ ᠬᠠᠤᠯᠢ ᠶᠣᠰᠣᠭᠠᠷ ᠵᠠᠰᠠᠬᠤ ᠶᠢ ᠳᠣᠪᠤᠶᠢᠯᠭᠠᠨ᠂ ᠪᠤᠬᠢᠷᠳᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠤᠨ᠎ᠠ᠃      ᠬᠤᠶᠠᠷ᠂ ᠶᠡᠷᠦᠩᠬᠡᠢ ᠬᠠᠷᠠᠯᠲᠠ      ︵ᠨᠢᠭᠡ︶ ᠪᠦᠬᠦ ᠣᠷᠣᠨ ᠤ ᠲᠤᠰᠬᠠᠶ ᠣᠷᠣᠨ ᠤ ᠲᠠᠰ ᠤᠨ ᠬᠤᠲᠠ ᠶᠢᠨ ᠪᠦᠬᠦ ᠵᠢᠯ ᠤᠨ ᠠᠭᠠᠷ ᠤᠨ ᠴᠡᠪᠡᠷᠴᠡ ᠶᠢᠨ  ᠪᠠᠷᠢᠮᠵᠢᠶ᠎ᠠ ᠳᠤ ᠭᠦᠷᠦᠭᠦᠯᠬᠦ ᠡᠳᠦᠷ ᠬᠤᠨᠤᠭ ᠤᠨ ᠲᠣᠭᠠᠨ ᠤ ᠬᠠᠷᠢᠴᠠᠯ ᠢ 83.8% ᠪᠤᠯᠭᠠᠵᠦ᠂ ᠪᠠᠷᠢᠮᠵᠢᠶ᠎ᠠ ᠳᠤ ᠬᠦᠷᠦᠭᠡᠳᠦᠶ 10 ᠠᠶᠢᠮᠠᠭ ᠬᠤᠲᠠ ᠶᠢᠨ ᠵᠢᠵᠢᠭ ᠮᠥᠬᠦᠯᠢᠭᠲᠦ ᠪᠣᠳᠠᠰ ︵PM2.5︶᠎ ᠤᠨ ᠵᠢᠯ ᠤᠨ ᠲᠡᠭᠰᠢᠳᠬᠡᠭᠰᠡᠨ ᠥᠳᠬᠡᠴᠡ ᠶᠢ 12% ᠪᠠᠭᠤᠷᠠᠭᠤᠯᠤᠨ᠎ᠠ᠃ ᠬᠦᠬᠦᠷ ᠤᠨ ᠳᠠᠪᠬᠤᠷ ᠢᠰᠦᠯ ᠭᠠᠳᠠᠭᠰᠢᠯᠠᠭᠤᠯᠬᠤ ᠬᠡᠮᠵᠢᠶ᠎ᠡ ᠶᠢ 2015 ᠣᠨ ᠤ ᠬᠢ ᠠᠴᠠ 15% ᠪᠠᠭᠤᠷᠠᠭᠤᠯᠵᠤ᠂ ᠠᠽᠣᠲ ᠤᠨ ᠢᠰᠦᠯ ᠭᠠᠳᠠᠭᠰᠢᠯᠠᠭᠤᠯᠬᠤ ᠬᠡᠮᠵᠢᠶ᠎ᠡ ᠶᠢ 2015 ᠣᠨ ᠤ ᠬᠢ ᠠᠴᠠ 11% ᠪᠠᠭᠤᠷᠠᠭᠤᠯᠤᠨ᠎ᠠ᠃      ︵ᠬᠤᠶᠠᠷ︶ ᠤᠯᠤᠰ ᠤᠨ ᠬᠢᠨᠠᠨ ᠡᠵᠡᠮᠰᠢᠵᠦ ᠪᠠᠶᠢᠭ᠎ᠠ ᠭᠠᠵᠠᠷ ᠤᠨ ᠭᠠᠳᠠᠷᠭᠤ ᠳᠠᠬᠢ ᠤᠰᠤᠨ ᠤ 52 ᠣᠭᠲᠣᠯᠤᠭᠠᠰᠤ ᠶᠢᠨ ᠤᠰᠤᠨ ᠤ ᠴᠢᠨᠠᠷ ᠢ ᠰᠢᠯᠢᠳᠡᠭ ᠰᠠᠶᠢᠨ ᠪᠠᠷᠢᠮᠵᠢᠶ᠎ᠠ ᠳᠤ ᠭᠦᠷᠦᠭᠦᠯᠬᠦ ᠬᠠᠷᠢᠴᠠᠯ ᠢ 59.6%᠎ ᠠᠴᠠ ᠳᠣᠤᠷ᠎ᠠ ᠥᠬᠡᠶ ᠪᠠᠶᠢᠯᠭᠠᠵᠦ᠂ ᠴᠢᠨᠠᠷ ᠮᠠᠭᠤ V ᠲᠥᠷᠥᠯ ᠤᠨ ᠤᠰᠤᠨ ᠴᠤᠨᠨᠴᠠ ᠶᠢᠨ ᠣᠭᠲᠣᠯᠤᠭᠠᠰᠤ ᠶᠢᠨ ᠬᠠᠷᠢᠴᠠᠯ ᠢ 3.8%ᠳᠣᠲᠣᠷ᠎ᠠ ᠬᠢᠵᠠᠭᠠᠷᠯᠠᠨ᠎ᠠ︔ 42 ᠲᠤᠰᠬᠠᠶ ᠣᠷᠣᠨ ᠤ ᠲᠠᠰ ᠤᠨ ᠬᠤᠲᠠ ᠶᠢᠨ ᠲᠦᠪᠯᠡᠷᠡᠭᠦᠯᠦᠭᠰᠡᠨ ᠤᠤᠭᠤᠬᠤ ᠤᠰᠤᠨ ᠤ ᠰᠤᠷᠪᠤᠯᠵᠢ ᠶᠢᠨ ᠤᠰᠤᠨ ᠤ ᠴᠢᠨᠠᠷ ᠨᠢ Ⅲᠲᠥᠷᠥᠯ ᠤᠨ ᠪᠠᠷᠢᠮᠵᠢᠶ᠎ᠠ ᠳᠤ ᠭᠦᠷᠦᠭᠰᠡᠨ ᠪᠤᠶᠤ ᠡᠨᠡᠬᠦ ᠪᠠᠷᠢᠮᠵᠢᠶ᠎ᠠ ᠠᠴᠠ ᠲᠠᠪᠠᠭᠰᠠᠨ ᠤᠨᠨᠳᠤᠯᠤᠭᠠᠰᠤ ᠶᠢᠨ ᠬᠠᠷᠢᠴᠠᠯ ᠢ 81.0% ᠭᠦᠷᠦᠭᠦᠯᠬᠦ ᠪᠤᠶᠤ ᠡᠭᠦᠨ ᠠᠴᠠ ᠲᠠᠪᠠᠭᠤᠯᠤᠨ᠎ᠠ︔ ᠭᠠᠵᠠᠷ ᠳᠣᠤᠷᠠᠬᠢ ᠤᠰᠤᠨ ᠤ ᠶᠠᠰᠤ ᠴᠢᠨᠠᠷ ᠢ ᠰᠢᠯᠭᠠᠨ ᠬᠢᠨᠠᠬᠤ 47 ᠴᠡᠭ ᠤᠷᠤᠨ ᠤ ᠤᠰᠤᠨ ᠤ ᠴᠢᠨᠠᠷ ᠤᠨ ᠲᠠᠰ ᠢᠯᠭᠠᠯ ᠢ ᠲᠤᠨᠨᠳᠠᠭᠤᠨ ᠪᠠᠶᠢᠯᠭᠠᠬᠤ ᠪᠥᠭᠡᠳ ᠲᠦᠢᠯ ᠤᠨ ᠵᠥᠷᠢᠶᠡᠲᠦ ᠬᠠᠷᠢᠴᠠᠯ ᠢ 21.3% ᠣᠷᠴᠢᠮ ᠳᠤ ᠬᠢᠵᠠᠭᠠᠷᠯᠠᠨ᠎ᠠ︔ ᠬᠢᠮᠢ ᠶᠢᠨ ᠬᠦᠴᠢᠯᠲᠥ᠋ᠷᠥᠭᠴᠢ ᠬᠡᠷᠡᠭᠰᠡᠬᠦ ᠬᠡᠮᠵᠢᠶ᠎ᠡ ᠶᠢᠨ ᠭᠠᠳᠠᠭᠰᠢᠯᠠᠭᠤᠯᠬᠤ ᠬᠡᠮᠵᠢᠶ᠎ᠡ ᠶᠢ 2015 ᠣᠨ ᠤ ᠬᠢ ᠠᠴᠠ 7.1% ᠪᠠᠭᠤᠷᠠᠭᠤᠯᠵᠦ᠂ ᠰᠢᠪᠲᠦᠷᠲᠦ ᠠᠽᠣᠲ ᠭᠠᠳᠠᠭᠰᠢᠯᠠᠭᠤᠯᠬᠤ ᠬᠡᠮᠵᠢᠶ᠎ᠡ ᠶᠢ 2015 ᠣᠨ ᠤ ᠬᠢ ᠠᠴᠠ 7% ᠪᠠᠭᠤᠷᠠᠭᠤᠯᠤᠨ᠎ᠠ︔ ᠬᠥᠬᠡᠬᠤᠲᠠ᠂ ᠪᠤᠭᠤᠲᠤ ᠬᠤᠲᠠ ᠪᠠ ᠤᠯᠠᠭᠠᠨᠬᠠᠳᠠ ᠬᠤᠲᠠ ᠶᠢᠨ ᠪᠤᠬᠢᠷ ᠦᠮᠡᠬᠡᠶ ᠤᠰᠤᠨ ᠴᠣᠭᠴᠠ ᠶᠢ ᠵᠠᠰᠠᠵᠤ ᠲᠠᠭᠤᠰᠬᠠᠬᠤ ᠨᠣᠷᠮ᠎ᠠ ᠶᠢ 95%᠎ ᠠᠴᠠ ᠳᠣᠤᠷ᠎ᠠ ᠦᠬᠡᠢ  ᠪᠠᠶᠢᠯᠭᠠᠨ᠎ᠠ᠃      ︵ᠭᠤᠷᠪᠠ︶ ᠪᠥᠬᠦ ᠣᠷᠣᠨ ᠤ ᠭᠦᠷᠦᠰᠦ ᠰᠢᠷᠤᠢ ᠶᠢᠨ ᠣᠷᠴᠢᠨ ᠤ ᠴᠢᠨᠠᠷ ᠢ ᠶᠡᠷᠦᠩᠬᠡᠶ ᠎ ᠳᠤ ᠪᠠᠨ ᠲᠤᠨᠨᠳᠠᠭᠤᠨ  ᠪᠠᠶᠢᠯᠭᠠᠵᠦ᠂ ᠲᠠᠷᠢᠶᠠᠯᠠᠩ ᠳᠤ ᠬᠡᠷᠡᠭᠯᠡᠬᠦ ᠭᠠᠵᠠᠷ ᠪᠠ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠦᠷᠦᠰᠦ ᠰᠢᠷᠤᠢ ᠶᠢᠨ ᠣᠷᠴᠢᠨ ᠤ ᠠᠮᠤᠷ ᠲᠦᠪᠰᠢᠨ ᠢ ᠪᠦᠲᠦᠮᠵᠢᠲᠡᠶ ᠪᠠᠳᠤᠯᠠᠨ᠂ ᠭᠦᠷᠦᠰᠦ ᠰᠢᠷᠤᠢ ᠶᠢᠨ ᠣᠷᠴᠢᠨ ᠤ ᠲᠦᠭᠰᠢᠭᠦᠷᠢ ᠶᠢ ᠦᠨᠳᠦᠰᠦᠨ ᠳᠤ ᠪᠠᠨ ᠬᠠᠮᠢᠶᠠᠷᠤᠨ ᠡᠵᠡᠮᠰᠢᠨ᠎ᠠ᠃ ᠪᠦᠬᠦ ᠣᠷᠣᠨ ᠤ ᠪᠣᠬᠢᠷᠲᠤᠭᠰᠠᠨ ᠲᠠᠷᠢᠶᠠᠨ ᠭᠠᠵᠠᠷ ᠢ ᠠᠮᠤᠷ ᠲᠦᠪᠰᠢᠨ ᠢᠶᠠᠷ ᠠᠰᠢᠨᠨᠯᠠᠬᠤ ᠨᠣᠷᠮ᠎ᠠ ᠶᠢ 98%᠎ ᠠᠴᠠ ᠳᠡᠭᠡᠭᠰᠢ ᠳᠤ ᠬᠦᠷᠦᠭᠦᠯᠵᠦ᠂ ᠪᠣᠬᠢᠷᠲᠤᠭᠰᠠᠨ ᠭᠠᠵᠠᠷ ᠢ ᠠᠮᠤᠷ ᠲᠦᠪᠰᠢᠨ ᠢᠶᠠᠷ ᠠᠰᠢᠨᠨᠯᠠᠬᠤ ᠨᠣᠷᠮ᠎ᠠ ᠶᠢ 90%᠎ ᠠᠴᠠ ᠳᠣᠤᠷ᠎ᠠ ᠦᠭᠡᠢ  ᠪᠠᠶᠢᠯᠭᠠᠨ᠎ᠠ᠃      ︵ᠳᠥᠷᠪᠡ︶ ᠲᠥᠪ ᠤᠨ ᠱᠠᠭᠠᠷᠳᠠᠯᠭ᠎ᠠ ᠶᠣᠰᠣᠭᠠᠷ᠂ ︽ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ  ᠰᠢᠮᠳᠠᠭᠤᠯᠤᠨ ᠪᠠᠶᠢᠴᠠᠭᠠᠵᠦ ᠬᠠᠷᠢᠭᠤ ᠲᠤᠰᠬᠠᠭᠰᠠᠨ ᠰᠠᠨᠠᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠦ ᠴᠡᠭᠴᠡᠯᠡᠨ ᠰᠠᠶᠢᠵᠢᠷᠠᠭᠤᠯᠬᠤ ᠲᠥᠰᠦᠯ︾ ︽ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ  ᠰᠢᠮᠳᠠᠭᠤᠯᠤᠨ ᠪᠠᠶᠢᠴᠠᠭᠠᠵᠦ ︿ᠪᠤᠴᠠᠵᠦ ᠪᠠᠶᠢᠴᠠᠭᠠᠨ ᠦᠵᠡᠬᠦ﹀ ᠵᠢᠴᠢ ᠨᠤᠲᠤᠭ ᠪᠡᠯᠴᠢᠭᠡᠷ ᠤᠨ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠤᠨ ᠲᠤᠰᠬᠠᠶ ᠰᠢᠮᠳᠠᠭᠤᠯᠤᠨ ᠪᠠᠶᠢᠴᠠᠭᠠᠵᠦ ᠬᠠᠷᠢᠭᠤ ᠲᠤᠰᠬᠠᠭᠰᠠᠨ ᠰᠠᠨᠠᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠦ ᠴᠡᠭᠴᠡᠯᠡᠨ ᠰᠠᠶᠢᠵᠢᠷᠠᠭᠤᠯᠬᠤ ᠲᠥᠰᠦᠯ︾᠎ ᠢ ᠴᠢᠩᠭ᠎ᠠ ᠬᠡᠷᠡᠭᠵᠢᠬᠦᠯᠵᠦ᠂ ᠴᠠᠭ ᠤᠨ ᠳᠠᠷᠠᠭᠠᠯᠠᠯ ᠪᠠ ᠠᠵᠢᠯ ᠤᠨ ᠠᠬᠢᠴᠠ ᠪᠠᠷ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠡᠶᠡᠯᠡᠭᠦᠯᠬᠦ  ᠪᠦᠬᠡᠳ ᠪᠡᠶᠡᠯᠡᠬᠦᠯᠦᠭᠰᠡᠨ ᠵᠦᠢᠯ ᠢ ᠨᠢᠬᠡ ᠨᠢᠬᠡ ᠪᠠᠷ ᠬᠦᠴᠦᠨ ᠥᠬᠡᠶ ᠪᠣᠯᠭᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠳᠤᠯᠤᠯᠳᠠ ᠶᠢᠨ ᠳᠠᠶᠢᠯᠠᠯᠳᠤᠭᠠᠨ ᠤ ᠢᠯᠠᠯᠲᠠ ᠶᠢ ᠲᠡᠮᠡᠴᠡᠨ ᠤᠯᠬᠤ ᠳᠤ ᠬᠦᠴᠦᠨ ᠨᠡᠮᠡᠷᠢᠯᠡᠨ᠎ᠡ᠃      ᠭᠤᠷᠪᠠ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠭᠤᠤᠯᠳᠠᠯᠭ᠎ᠠ ᠲᠠᠢ ᠡᠭᠦᠷᠭᠡ      ︵ᠨᠢᠭᠡ︶ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ ᠪᠠ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠬᠦᠯᠦᠨ᠎ᠠ᠃      1. ᠠᠵᠤ ᠦᠢᠯᠡᠰ ᠤᠨ ᠪᠦᠲᠦᠴᠡ ᠶᠢ ᠲᠦᠷᠭᠡᠳᠬᠡᠨ ᠲᠣᠬᠢᠷᠠᠭᠤᠯᠤᠨ᠎ᠠ᠃ ᠪᠣᠯᠣᠳ ᠲᠡᠮᠦᠷ᠂ ᠼᠧᠮᠧᠨ᠋ᠲ᠂ ᠴᠠᠬᠢᠯᠭᠠᠨ ᠢᠶᠠᠷ ᠵᠠᠳᠠᠯᠤᠨᠨᠰᠠᠨ ᠭᠦᠩᠬᠡᠨ ᠴᠠᠭᠠᠨ᠂ ᠬᠠᠪᠲᠠᠭᠠᠶ ᠰᠢᠯ ᠵᠡᠷᠭᠡ ᠠᠵᠢᠯ ᠲᠦᠷᠦᠯ ᠤᠨ ᠰᠢᠨ᠎ᠡ ᠪᠠᠷ  ᠨᠡᠮᠡᠭᠳᠡᠭᠰᠡᠨ ᠦᠢᠯᠡᠳᠪᠦᠷᠢᠯᠡᠬᠦ ᠴᠢᠳᠠᠮᠵᠢ ᠶᠢ ᠲᠡᠩᠴᠡᠭᠦᠤ ᠬᠡᠮᠵᠢᠶ᠎ᠡ ᠪᠠᠷ ᠪᠤᠶᠤ ᠬᠡᠮᠵᠢᠶ᠎ᠡ ᠶᠢ ᠨᠢ ᠬᠠᠰᠤᠵᠦ ᠰᠤᠯᠢᠵᠦ ᠬᠡᠷᠡᠭᠯᠡᠬᠦ ᠶᠢ ᠴᠢᠩᠭ᠎ᠠ ᠬᠡᠷᠡᠭᠵᠢᠭᠦᠯᠵᠦ᠂ ᠬᠠᠤᠯᠢ ᠲᠤᠨᠨᠳᠠᠭᠠᠯ ᠶᠤᠰᠤᠭᠠᠷ ᠬᠤᠴᠣᠷᠤᠩᠭᠤᠶ ᠦᠢᠯᠡᠳᠪᠦᠷᠢᠯᠡᠬᠦ ᠴᠢᠳᠠᠮᠵᠢ ᠶᠢ ᠦᠷᠭᠦᠯᠵᠢᠯᠡᠨ ᠰᠢᠭᠰᠢᠭᠳᠡᠭᠦᠯᠬᠦ ᠪᠠ ᠦᠯᠡᠭᠦᠳᠡᠭᠰᠡᠨ ᠦᠢᠯᠡᠳᠪᠦᠷᠢᠯᠡᠬᠦ ᠴᠢᠳᠠᠮᠵᠢ ᠶᠢ ᠡᠮᠬᠢ ᠵᠢᠷᠤᠮ ᠲᠠᠢ ᠪᠠᠷ ᠪᠤᠴᠠᠭᠠᠨ ᠭᠠᠷᠭᠠᠬᠤ ᠶᠢ ᠠᠬᠢᠭᠤᠯᠤᠨ᠎ᠠ᠃  2019 ᠣᠨ ᠳᠤ ᠠᠭᠠᠷ ᠤᠨ ᠣᠷᠴᠢᠨ ᠤ ᠴᠡᠪᠡᠷᠴᠡ ᠶᠢᠨ ᠪᠠᠷᠢᠮᠵᠢᠶ᠎ᠠ ᠳᠤ ᠦᠯᠦ ᠭᠦᠷᠦᠭᠰᠡᠨ 3 ᠬᠤᠲᠠ ᠪᠤᠯᠬᠤ ᠬᠥᠬᠡᠬᠤᠲᠠ᠂ ᠪᠤᠭᠤᠲᠤ ᠬᠤᠲᠠ᠂ ᠦᠬᠠᠶ ᠬᠤᠲᠠ ᠨᠢ ᠵᠢᠯ ᠤᠨ ᠰᠡᠭᠦᠯᠴᠢ ᠠᠴᠠ ᠡᠮᠦᠨ᠎ᠡ ᠠᠵᠤ ᠦᠢᠯᠡᠰ ᠤᠨ  ᠵᠦᠪᠰᠢᠶᠡᠷᠡᠨ ᠤᠷᠤᠭᠤᠯᠬᠤ ᠨᠠᠩ ᠴᠢᠩᠭ᠎ᠠ ᠪᠠᠷᠢᠮᠵᠢᠶ᠎ᠠ ᠶᠢ ᠲᠤᠨᠨᠳᠠᠭᠠᠨ᠎ᠠ᠃ ᠪᠤᠭᠤᠲᠤ ᠬᠤᠲᠠ ᠳᠤ ᠠᠭᠠᠷ ᠮᠠᠨᠳᠠᠯ ᠤᠨ ᠪᠣᠬᠢᠷᠲᠤᠯ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠶᠢ ᠪᠠᠭᠠᠰᠬᠠᠨ ᠡᠵᠡᠮᠰᠢᠬᠦ ᠲᠦᠷᠢᠮ ᠢ ᠬᠡᠷᠡᠭᠵᠢᠭᠦᠯᠦᠨ᠎ᠡ᠃ ᠦᠬᠠᠶ ᠬᠤᠲᠠ ᠵᠢᠴᠢ ᠡᠷᠬᠢᠨ ᠲᠣᠭᠤᠷᠢᠨ ᠤ ᠭᠠᠵᠠᠷ ᠣᠷᠣᠨ ᠳᠤ ᠬᠡᠤᠷᠰᠢᠭᠦᠯᠬᠦ᠂ ᠴᠠᠬᠢᠯᠠᠭᠤᠷ ᠴᠢᠯᠠᠭᠤ᠂ ᠪᠣᠯᠣᠳ ᠲᠡᠮᠦᠷ᠂ ᠼᠧᠮᠧᠨ᠋ᠲ᠂ ᠲᠡᠮᠦᠷ ᠤᠨ ᠬᠠᠶᠢᠯᠤᠰᠢ ᠵᠡᠷᠭᠡ ᠠᠵᠢᠯ ᠲᠥᠷᠥᠯ ᠤᠨ ᠰᠢᠨ᠎ᠡ ᠪᠠᠷ ᠪᠠᠶᠢᠭᠤᠯᠬᠤ ᠲᠥᠷᠥᠯ ᠵᠦᠢᠯ ᠎ ᠢ ᠲᠠᠬᠢᠵᠦ ᠬᠢᠨᠠᠨ ᠵᠦᠪᠰᠢᠶᠡᠷᠡᠬᠦ ᠦᠬᠡᠢ ᠪᠠᠶᠢᠵᠦ᠂ ᠴᠡᠬᠡᠯ ᠠᠭᠤᠯᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠮᠧᠩ ᠰᠢ ᠳᠡᠭᠡᠳᠦ ᠰᠢᠨ᠎ᠡ ᠮᠡᠷᠭᠡᠵᠢᠯ ᠤᠨ ᠬᠦᠷᠢᠶᠡᠯᠡᠩ ᠲᠣᠭᠤᠷᠢᠭ ᠲᠤ ᠬᠢᠮᠢ ᠶᠢᠨ ᠠᠵᠤ ᠦᠢᠯᠡᠳᠪᠦᠷᠢ  ᠶᠢᠨ ᠲᠦᠷᠦᠯ ᠵᠦᠢᠯ ᠢ ᠲᠠᠬᠢᠵᠦ ᠰᠢᠨ᠎ᠠ ᠪᠠᠷ ᠪᠠᠶᠢᠭᠤᠯᠬᠤ ᠥᠬᠡᠶ᠃      ᠲᠦᠷᠦᠭᠦᠯᠡᠨ ᠬᠢᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ      ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ᠂ ᠠᠮᠢ ᠠᠬᠤᠶ ᠣᠷᠴᠢᠨ ᠲᠣᠭᠤᠷᠢᠨ ᠤ ᠲᠢᠩᠬᠢᠮ      ᠪᠡᠶᠡᠯᠡᠬᠦᠯᠬᠦ ᠴᠠᠭ ᠬᠤᠭᠤᠴᠠᠭ᠎ᠠ᠄  2020 ᠣᠨ ᠤ ᠰᠡᠭᠦᠯᠴᠢ ᠠᠴᠠ ᠡᠮᠦᠨ᠎ᠡ      ︵ᠳᠣᠤᠷᠠᠬᠢ ᠠᠵᠢᠯ ᠤᠨ ᠡᠭᠦᠷᠭᠡ ᠶᠢ ᠴᠥᠮ ᠡᠯ᠎ᠡ ᠠᠶᠢᠮᠠᠭ ᠬᠤᠲᠠ ᠨᠠᠶᠢᠳᠠᠪᠤᠷᠢᠵᠢᠭᠤᠯᠤᠨ ᠪᠡᠶᠡᠯᠡᠬᠦᠯᠬᠦ ᠴᠢᠬᠤᠯᠠᠳᠠᠢ᠂ ᠳᠠᠭᠢᠵᠤ ᠵᠢᠨᠨᠰᠠᠭᠠᠨ ᠪᠢᠴᠢᠬᠦ ᠥᠬᠡᠶ︶      2. ᠠᠵᠤ ᠦᠢᠯᠡᠰ ᠤᠨ ᠪᠠᠶᠢᠷᠢᠰᠢᠭᠤᠯᠤᠯᠲᠠ ᠶᠢ ᠲᠦᠷᠭᠡᠳᠬᠡᠨ ᠰᠢᠯᠢᠳᠡᠭᠵᠢᠭᠦᠯᠦᠨ᠎ᠡ᠃      ︵1︶ ᠲᠥᠷᠥᠯ ᠵᠦᠢᠯ ᠤᠨ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠬᠢᠵᠦ ᠬᠢᠨᠠᠨ ᠵᠥᠪᠰᠢᠶᠡᠷᠡᠬᠦ ᠬᠢᠬᠡᠳ ᠲᠥᠯᠥᠪᠵᠢᠭᠦᠯᠭᠡ ᠶᠢᠨ ᠣᠷᠴᠢᠨ ᠲᠣᠭᠤᠷᠢᠨ ᠤ ᠦᠨᠡᠯᠡᠯᠲᠡ᠂ ᠣᠳᠣ ᠶᠢᠨ ᠪᠠᠶᠢᠭ᠎ᠠ ᠲᠥᠷᠥᠯ ᠵᠦᠢᠯ ᠤᠨ ᠣᠷᠴᠢᠨ ᠲᠣᠭᠤᠷᠢᠨ ᠤ ᠬᠠᠮᠢᠶᠠᠷᠤᠯᠲᠠ᠂ ᠣᠷᠣᠨ ᠪᠦᠰᠡ ᠶᠢᠨ ᠣᠷᠴᠢᠨ ᠲᠣᠭᠤᠷᠢᠨ ᠤ ᠶᠠᠰᠤ ᠴᠢᠨᠠᠷ ᠤᠨ ᠬᠤᠯᠪᠤᠭᠠᠯᠠᠨ ᠭᠦᠳᠡᠯᠦᠯᠴᠡᠬᠦ ︽ᠭᠤᠷᠪᠠ ᠶᠢ ᠬᠤᠯᠪᠤᠨᠨᠳᠠᠭᠤᠯᠬᠤ︾ ᠲᠣᠭᠲᠠᠴᠠ ᠶᠢ ᠬᠡᠷᠡᠭᠵᠢᠭᠦᠯᠦᠨ᠎ᠡ᠃ ︽ᠭᠤᠷᠪᠠᠨ ᠱᠤᠭᠤᠮ ᠨᠢᠭᠡ ᠨᠠᠷᠢᠨ ᠲᠠᠩᠰᠠ︾᠎ ᠶᠢ ᠲᠦᠷᠭᠡᠳᠬᠡᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠠᠯᠢ ᠴᠢᠳᠠᠬᠤ ᠪᠠᠷ ᠲᠦᠷᠬᠡᠨ ᠶᠠᠪᠤᠨᠨᠳᠠᠭᠤᠯᠤᠨ ᠬᠡᠷᠡᠭᠵᠢᠬᠦᠯᠦᠨ᠎ᠠ᠃ ᠭᠤᠤᠯ ᠴᠣᠭᠴᠠ ᠶᠢᠨ ᠴᠢᠳᠠᠮᠵᠢᠲᠤ ᠣᠷᠣᠨ ᠤ ᠲᠥᠯᠥᠪᠵᠢᠭᠦᠯᠭᠡ ᠶᠢ ᠴᠢᠩᠭ᠎ᠠ ᠵᠢᠷᠤᠮᠯᠠᠨ᠂ ᠠᠵᠤ ᠦᠢᠯᠡᠰ ᠲᠤ ᠵᠥᠪᠰᠢᠶᠡᠷᠡᠨ ᠣᠷᠣᠭᠤᠯᠬᠤ ᠬᠤᠷᠢᠭ᠎ᠠ ᠲᠠᠢ ᠵᠦᠢᠯᠡᠰ ᠤᠨ ᠨᠠᠷᠢᠨ ᠲᠠᠩᠰᠠ ᠶᠢ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠎ ᠳᠤ ᠣᠨᠣᠪᠴᠢᠲᠠᠶ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ︽ᠤᠯᠠᠨ ᠲᠥᠯᠥᠪᠵᠢᠭᠦᠯᠭᠡ ᠶᠢ  ᠨᠢᠬᠡᠳᠦᠭᠦᠯᠬᠦ︾᠎ ᠶᠢ ᠠᠬᠢᠭᠤᠯᠵᠤ᠂ ᠠᠭᠠᠷ ᠮᠠᠨᠳᠠᠯ ᠤᠨ ᠪᠣᠬᠢᠷᠲᠤᠯ ᠤᠨ ᠰᠠᠷᠨᠢᠬᠤ ᠳᠤ ᠠᠰᠢᠭᠲᠠᠶ ᠬᠤᠳᠠ ᠪᠠ ᠣᠷᠣᠨ ᠵᠠᠶ ᠶᠢᠨ ᠪᠠᠶᠢᠷᠢᠰᠢᠯ ᠢ ᠪᠤᠢ ᠪᠣᠯᠭᠠᠨ᠎ᠠ᠃      ᠲᠦᠷᠦᠭᠦᠯᠡᠨ ᠬᠢᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ᠂  ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ      ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ  ᠵᠦᠪᠯᠡᠯ᠂ ᠠᠵᠤ ᠦᠢᠯᠡᠳᠪᠦᠷᠢ ᠪᠠ ᠮᠡᠳᠡᠭᠡ  ᠵᠠᠩᠬᠢᠴᠢᠯᠠᠯᠳᠠ ᠶᠢᠨ ᠲᠢᠩᠬᠢᠮ      ᠪᠡᠶᠡᠯᠡᠬᠦᠯᠬᠦ ᠴᠠᠭ ᠬᠤᠭᠤᠴᠠᠭ᠎ᠠ᠄  2020 ᠣᠨ ᠤ ᠰᠡᠭᠦᠯᠴᠢ ᠠᠴᠠ ᠡᠮᠦᠨ᠎ᠡ      ︵2︶ ᠪᠤᠭᠤᠲᠤ ᠬᠤᠲᠠ ᠨᠢ ᠬᠦᠨᠳᠦ ᠪᠣᠬᠢᠷᠲᠤᠯ ᠲᠠᠢ ᠠᠵᠤ ᠠᠬᠤᠶᠢᠯᠠᠯ ᠢ ᠨᠡᠭᠦᠯᠭᠡᠬᠦ ︵ᠦᠬᠡᠷᠡᠴᠢᠯᠡᠨ ᠰᠢᠨᠡᠳᠬᠡᠬᠦ︶  ᠲᠦᠯᠦᠪᠯᠡᠭᠡ ᠶᠢ ᠲᠦᠷᠭᠡᠳᠬᠡᠨ ᠲᠣᠭᠲᠠᠭᠠᠵᠤ᠂ ᠬᠦᠨᠳᠦ ᠪᠣᠬᠢᠷᠲᠤᠯ ᠲᠠᠢ ᠠᠵᠤ ᠠᠬᠤᠶᠢᠯᠠᠯ ᠢ ᠨᠡᠭᠦᠯᠭᠡᠬᠦ ︵ᠦᠬᠡᠷᠡᠴᠢᠯᠡᠨ ᠰᠢᠨᠡᠳᠬᠡᠬᠦ︶᠎ ᠶᠢ ᠠᠬᠢᠭᠤᠯᠵᠤ᠂ ᠲᠠᠯᠠᠨ ᠬᠠᠷ᠎ᠠ ᠶᠢᠨ ᠡᠮᠦᠨᠡᠭᠦᠷᠬᠢ ᠭᠠᠵᠠᠷ ᠣᠷᠣᠨ ︵ᠬᠤᠲᠠ ᠶᠢᠨ ᠭᠤᠤᠯ ᠲᠣᠭᠤᠷᠢᠭ ᠪᠠ ᠲᠦᠮᠡᠳ ᠪᠠᠷᠠᠭᠤᠨ ᠬᠤᠰᠢᠭᠤ︶᠎ ᠳᠤ ᠪᠣᠬᠢᠷᠲᠤᠯ ᠶᠡᠬᠡᠳᠡᠢ ᠲᠥᠷᠥᠯ ᠵᠦᠢᠯ ᠢ ᠳᠠᠭᠢᠵᠤ ᠰᠢᠨ᠎ᠡ ᠪᠠᠷ ᠪᠠᠶᠢᠭᠤᠯᠬᠤ ᠥᠬᠡᠶ᠃ ᠬᠢᠩᠭᠠᠨ ᠠᠶᠢᠮᠠᠭ ᠨᠢ ᠵᠢᠯ ᠤᠨ ᠰᠡᠭᠦᠯᠴᠢ ᠠᠴᠠ ᠡᠮᠦᠨ᠎ᠡ ᠬᠦᠨᠳᠦ ᠪᠣᠬᠢᠷᠲᠤᠯ ᠲᠠᠢ ᠠᠵᠤ ᠠᠬᠤᠶᠢᠯᠠᠯ ᠢ ᠨᠡᠭᠦᠯᠭᠡᠬᠦ ︵ᠦᠬᠡᠷᠡᠴᠢᠯᠡᠨ ᠰᠢᠨᠡᠳᠬᠡᠬᠦ︶ ᠤᠷᠲᠤ ᠪᠠ ᠤᠷᠳᠤᠪᠳᠤᠷ ᠬᠤᠭᠤᠴᠠᠭᠠᠨ ᠤ ᠲᠥᠯᠥᠪᠯᠡᠭᠡ ᠶᠢ ᠲᠤᠨᠨᠳᠠᠭᠠᠨ᠂ ᠬᠤᠭᠤᠴᠠᠭ᠎ᠠ ᠬᠢᠵᠠᠭᠠᠷᠯᠠᠨ ᠬᠤᠳᠠ ᠠᠴᠠ ᠪᠤᠴᠠᠭᠠᠨ ᠭᠠᠷᠭᠠᠵᠦ᠂ ᠬᠢᠵᠠᠭᠠᠷᠯᠬᠠᠰᠠᠨ ᠬᠤᠭᠤᠴᠠᠭ᠎ᠠ ᠠᠴᠠ ᠬᠡᠳᠦᠷᠡᠪᠡᠯ ᠬᠠᠤᠯᠢ ᠶᠣᠰᠣᠭᠠᠷ ᠦᠢᠯᠡᠳᠪᠦᠷᠢᠯᠡᠯ ᠢ ᠨᠢ ᠵᠣᠭᠰᠣᠭᠠᠨ᠎ᠠ᠃      ᠲᠦᠷᠦᠭᠦᠯᠡᠨ ᠬᠢᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ  ᠵᠠᠩᠬᠢᠴᠢᠯᠠᠯᠳᠠ ᠶᠢᠨ ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮ      ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ  ᠵᠦᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ      ᠪᠡᠶᠡᠯᠡᠬᠦᠯᠬᠦ ᠴᠠᠭ ᠬᠤᠭᠤᠴᠠᠭ᠎ᠠ᠄  2020 ᠣᠨ ᠤ ᠰᠡᠭᠦᠯᠴᠢ ᠠᠴᠠ ᠡᠮᠦᠨ᠎ᠡ      3. ᠠᠵᠤ ᠦᠢᠯᠡᠳᠪᠦᠷᠢ ᠶᠢᠨ ᠪᠦᠬᠦ ᠲᠠᠯ᠎ᠠ ᠪᠠᠷ ᠪᠠᠷᠢᠮᠵᠢᠶ᠎ᠠ ᠳᠤ ᠬᠦᠷᠭᠡᠬᠦ ᠲᠥᠯᠥᠪᠯᠡᠭᠡ ᠶᠢ ᠬᠡᠷᠡᠭᠵᠢᠭᠦᠯᠦᠨ᠎ᠡ᠃      ︵1︶ ︽ᠲᠠᠷᠠᠬᠠᠶ ᠪᠤᠲᠠᠷᠬᠠᠶ ᠵᠠᠮᠪᠠᠷᠠᠭ᠎ᠠ ᠦᠭᠡᠢ ᠪᠠ ᠪᠣᠬᠢᠷᠲᠤᠯ ᠶᠡᠬᠡᠳᠡᠢ︾ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠶᠡᠷᠦᠩᠬᠡᠶᠢᠯᠡᠨ ᠴᠡᠭᠴᠡᠯᠡᠵᠦ ᠵᠠᠰᠠᠬᠤ ᠠᠵᠢᠯ ᠢ ᠭᠦᠨᠵᠡᠭᠡᠶᠢᠷᠡᠭᠦᠯᠦᠨ᠎ᠡ᠃ ︽ᠲᠠᠰ  ᠲᠡᠪᠰᠢᠬᠦᠯᠵᠦ ᠦᠬᠡᠷᠡᠴᠢᠯᠡᠨ ᠰᠢᠨᠡᠳᠬᠡᠬᠦ᠂ ᠡᠮᠬᠢᠯᠡᠨ ᠨᠡᠶᠢᠯᠡᠭᠦᠯᠵᠦ ᠨᠡᠭᠦᠯᠭᠡᠬᠦ᠂ ᠡᠬᠦᠳᠡ ᠶᠢ ᠨᠢ ᠬᠠᠭᠠᠵᠤ ᠦᠢᠯᠡᠳᠪᠦᠷᠢᠯᠡᠬᠦ ᠶᠢ ᠨᠢ ᠵᠤᠨᠨᠰᠤᠭᠠᠬᠤ︾ ᠶᠣᠰᠣᠭᠠᠷ ︽ᠲᠠᠷᠠᠬᠠᠶ ᠪᠤᠲᠠᠷᠬᠠᠶ ᠵᠠᠮᠪᠠᠷᠠᠭ᠎ᠠ ᠦᠭᠡᠢ ᠪᠠ ᠪᠣᠬᠢᠷᠲᠤᠯ ᠶᠡᠬᠡᠳᠡᠢ︾ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠲᠥᠷᠥᠯ ᠬᠤᠪᠢᠶᠠᠨ ᠴᠡᠭᠴᠡᠯᠡᠨ ᠵᠠᠰᠠᠵᠤ᠂ ᠵᠢᠯ ᠤᠨ ᠰᠡᠭᠦᠯᠴᠢ ᠠᠴᠠ ᠡᠮᠤᠨ᠎ᠠ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠦᠨᠳᠦᠰᠦᠨ ᠳᠤ ᠪᠠᠨ ᠪᠡᠶᠡᠯᠡᠭᠦᠯᠵᠦ᠂ ᠠᠵᠤ ᠠᠬᠤᠶᠢᠯᠠᠯ ᠤᠨ ᠪᠤᠬᠢᠷᠳᠤᠯ ᠭᠠᠳ᠋ᠬᠠᠰᠢᠯᠠᠭᠤᠯᠬᠤ ᠶᠢ ᠨᠢ ᠲᠤᠨᠨᠳᠠᠭᠤᠨ ᠢᠶᠠᠷ ᠪᠠᠷᠢᠮᠵᠢᠶ᠎ᠠ ᠳᠤ ᠭᠦᠷᠬᠡᠨ᠎ᠠ᠃      ᠲᠦᠷᠦᠭᠦᠯᠡᠨ ᠬᠢᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠠᠵᠤ ᠦᠢᠯᠡᠳᠪᠦᠷᠢ ᠪᠠ ᠮᠡᠳᠡᠭᠡ  ᠵᠠᠩᠬᠢᠴᠢᠯᠠᠯᠳᠠ ᠶᠢᠨ ᠲᠢᠩᠬᠢᠮᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ  ᠵᠦᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠳᠣᠲᠣᠭᠠᠳᠤ ᠶᠢ  ᠬᠠᠮᠠᠭᠠᠯᠠᠬᠤ ᠲᠢᠩᠬᠢᠮ᠂ ᠪᠠᠴᠢᠮ ᠪᠠᠶᠢᠳᠠᠯ ᠢ ᠠᠷᠭᠠᠴᠠᠭᠠᠬᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠳᠠ ᠶᠢᠨ ᠲᠣᠪᠴᠢᠶ᠎ᠠ᠂ ᠡᠨᠧᠷᠭᠢ ᠶᠢᠨ ᠲᠣᠪᠴᠢᠶ᠎ᠠ      ᠪᠡᠶᠡᠯᠡᠬᠦᠯᠬᠦ ᠴᠠᠭ ᠬᠤᠭᠤᠴᠠᠭ᠎ᠠ᠄  2020 ᠣᠨ ᠤ ᠰᠡᠭᠦᠯᠴᠢ ᠠᠴᠠ ᠡᠮᠦᠨ᠎ᠡ      ︵2︶ ᠪᠣᠯᠣᠳ ᠲᠡᠮᠦᠷ᠂ ᠴᠠᠬᠢᠯᠭᠠᠨ ᠬᠦᠴᠦᠨ᠂ ᠴᠠᠬᠢᠯᠭᠠᠨ ᠢᠶᠠᠷ ᠵᠠᠳᠠᠯᠤᠨᠨᠰᠠᠨ ᠭᠦᠩᠬᠡᠨ ᠴᠠᠭᠠᠨ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠬᠡᠲᠦ ᠳᠣᠤᠷ᠎ᠠ  ᠭᠠᠳ᠋ᠬᠠᠰᠢᠯᠠᠭᠤᠯᠬᠤ ᠶᠢ ᠠᠬᠢᠭᠤᠯᠤᠨ᠎ᠠ᠃ ᠪᠣᠯᠣᠳ ᠲᠡᠮᠦᠷ ᠤᠨ ᠠᠵᠤ ᠠᠬᠤᠶᠢᠯᠠᠯ ᠤᠨ ᠬᠡᠲᠦ ᠳᠣᠤᠷ᠎ᠠ  ᠭᠠᠳ᠋ᠬᠠᠰᠢᠯᠠᠭᠤᠯᠬᠤ ᠪᠠᠷ ᠦᠬᠡᠷᠡᠴᠢᠯᠡᠨ ᠰᠢᠨᠡᠳᠬᠡᠬᠦ ᠠᠵᠢᠯ ᠤᠨ ︽ᠨᠢᠬᠡ ᠦᠢᠯᠡᠳᠪᠦᠷᠢ ᠳᠤ ᠨᠢᠬᠡ ᠲᠦᠰᠦᠯ︾ ᠲᠣᠭᠲᠠᠭᠠᠬᠤ ᠶᠢ ᠠᠬᠢᠭᠤᠯᠤᠨ᠎ᠠ︔ 190 ᠲᠦᠮᠡᠨ ᠺᠢᠯᠣᠸᠠᠲ ᠤᠨ ᠭᠠᠯ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠬᠡᠲᠦ ᠳᠣᠤᠷ᠎ᠠ ᠭᠠᠳ᠋ᠬᠠᠰᠢᠯᠠᠭᠤᠯᠬᠤ ᠪᠠᠷ ᠦᠬᠡᠷᠡᠴᠢᠯᠡᠨ ᠰᠢᠨᠡᠳᠬᠡᠬᠦ ᠶᠢ ᠪᠡᠶᠡᠯᠡᠭᠦᠯᠵᠦ᠂ ᠦᠬᠡᠷᠡᠴᠢᠯᠡᠨ ᠰᠢᠨᠡᠳᠬᠡᠬᠦ ᠨᠥᠬᠦᠴᠡᠯ ᠢ ᠪᠦᠷᠢᠯᠳᠦᠭᠦᠯᠦᠭᠰᠡᠨ ᠨᠡᠭᠦᠷᠡᠰᠦ ᠲᠦᠯᠡᠬᠦ ᠴᠠᠬᠢᠯᠭᠠᠨ ᠤ ᠦᠢᠯᠡᠳᠪᠦᠷᠢ ᠶᠢ ᠲᠦᠷᠭᠡᠬᠡᠨ ᠦᠬᠡᠷᠡᠴᠢᠯᠡᠨ ᠰᠢᠨᠡᠳᠬᠡᠨ᠎ᠠ᠃ ᠭᠠᠯ ᠴᠠᠬᠢᠯᠭᠠᠨ ᠤ ᠠᠵᠦ ᠠᠬᠤᠶᠢᠯᠠᠯ ᠤᠨ ᠬᠡᠳᠦ ᠲᠤᠤᠷ᠎ᠠ ᠭᠠᠳ᠋ᠬᠠᠰᠢᠯᠠᠭᠤᠯᠬᠤ ᠲᠠᠯ᠎ᠠ ᠳᠠᠬᠢ ᠣᠷᠴᠢᠨ ᠲᠣᠭᠤᠷᠢᠨ ᠢ ᠬᠠᠮᠠᠭᠠᠯᠠᠬᠤ ᠴᠠᠬᠢᠯᠭᠠᠨ ᠤ ᠦᠨ᠎ᠡ ᠶᠢᠨ ᠪᠤᠳᠤᠯᠭ᠎ᠠ ᠶᠢ ᠵᠠᠯᠠᠵᠦ ᠵᠢᠯᠣᠭᠤᠳᠴᠤ ᠨᠠᠶᠢᠳᠠᠪᠤᠷᠢᠵᠢᠭᠤᠯᠤᠨ᠎ᠠ᠃      ᠲᠦᠷᠦᠭᠦᠯᠡᠨ ᠬᠢᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠨᠧᠷᠭᠢ ᠶᠢᠨ ᠲᠣᠪᠴᠢᠶ᠎ᠠ      ᠪᠡᠶᠡᠯᠡᠬᠦᠯᠬᠦ ᠴᠠᠭ ᠬᠤᠭᠤᠴᠠᠭ᠎ᠠ᠄  2020 ᠣᠨ ᠤ ᠰᠡᠭᠦᠯᠴᠢ ᠠᠴᠠ ᠡᠮᠦᠨ᠎ᠡ      ︵3︶ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠤᠨ ᠪᠣᠬᠢᠷᠲᠤᠯ ᠢ ᠰᠡᠷᠭᠡᠶᠢᠯᠡᠨ ᠵᠠᠰᠠᠬᠤ ᠪᠠᠨ ᠴᠢᠩᠭᠠᠳᠬᠠᠨ᠎ᠠ᠃ VOCs᠎ ᠲᠤ ᠬᠤᠯᠪᠣᠭᠳᠠᠬᠤ ᠲᠥᠷᠥᠯ ᠵᠦᠢᠯ ᠢ ᠰᠢᠨ᠎ᠡ ᠪᠠᠷ ᠪᠤᠶᠤ ᠦᠬᠡᠷᠡᠴᠢᠯᠡᠵᠦ ᠥᠷᠭᠡᠳᠬᠡᠨ ᠪᠠᠶᠢᠭᠤᠯᠬᠤ ᠳᠤ VOCs᠎ ᠤᠨ ᠠᠭᠤᠯᠤᠭᠳᠠᠴᠠ ᠪᠠᠷ ᠳᠣᠤᠷ᠎ᠠ ︵ᠠᠭᠤᠯᠬᠤ ᠦᠬᠡᠢ︶ ᠲᠦᠭᠦᠬᠡᠢ ᠮᠠᠲ᠋ᠧᠷᠢᠶᠠᠯ ᠪᠠ ᠲᠤᠰᠠᠯᠠᠬᠤ ᠮᠠᠲ᠋ᠧᠷᠢᠶᠠᠯ ᠢ ᠬᠡᠷᠡᠭᠯᠡᠵᠦ᠂ ᠬᠠᠶᠠᠭᠳᠠᠮᠠᠯ ᠬᠡᠢ ᠴᠤᠭᠯᠠᠭᠤᠯᠬᠤ᠂ ᠥᠨᠳᠥᠷ ᠪᠦᠲᠦᠮᠵᠢᠲᠡᠶ ᠵᠠᠰᠠᠬᠤ ᠪᠡᠯᠡᠳᠬᠡᠮᠵᠢ ᠤᠨᠨᠰᠠᠷᠠᠨ᠎ᠠ᠃ ᠯᠡᠪᠡᠷᠡᠬᠦ ᠶᠢ ᠪᠠᠶᠢᠴᠠᠭᠠᠨ ᠰᠢᠨᠵᠢᠬᠦ ᠪᠠ ᠵᠠᠰᠠᠨ ᠰᠡᠷᠭᠦᠭᠡᠬᠦ ︵LDAR︶ ᠠᠵᠢᠯ ᠢ ᠦᠷᠨᠢᠬᠦᠯᠦᠨ ᠠᠬᠢᠭᠤᠯᠵᠦ᠂ ᠲᠤᠷ᠎ᠠ ᠵᠤᠷᠢᠭ ᠢᠶᠠᠷ ᠢᠶᠠᠨ ᠭᠠᠳ᠋ᠬᠠᠰᠢᠯᠠᠭᠤᠯᠬᠤ ᠶᠢ ᠬᠠᠮᠢᠶᠠᠷᠤᠨ ᠡᠵᠡᠮᠰᠢᠬᠦ ᠪᠠᠨ ᠴᠢᠩᠭᠠᠳᠬᠠᠨ᠎ᠠ᠃      ᠲᠦᠷᠦᠭᠦᠯᠡᠨ ᠬᠢᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ      ᠬᠠᠮᠵᠢᠯᠴᠠᠬᠤ ᠰᠠᠯᠠᠭ᠎ᠠ ᠮᠥᠴᠢᠷ᠄  ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠡᠨᠧᠷᠭᠢ ᠶᠢᠨ ᠲᠣᠪᠴᠢᠶ᠎ᠠ      ᠪᠡᠶᠡᠯᠡᠬᠦᠯᠬᠦ ᠴᠠᠭ ᠬᠤᠭᠤᠴᠠᠭ᠎ᠠ᠄ 2020 ᠣᠨ ᠤ ᠰᠡᠭᠦᠯᠴᠢ ᠠᠴᠠ ᠡᠮᠦᠨ᠎ᠡ      ︵4︶ ᠠᠵᠤ ᠦᠢᠯᠡᠳᠪᠦᠷᠢ ᠶᠢᠨ ᠵᠤᠤᠬ᠎ᠠ ᠶᠢ ᠶᠡᠷᠦᠩᠬᠡᠶᠢᠯᠡᠨ ᠵᠠᠰᠠᠬᠤ ᠠᠵᠢᠯ ᠢ ᠲᠦᠷᠭᠡᠳᠬᠡᠨ᠎ᠡ᠃ ᠰᠢᠳᠠᠭᠠᠯᠭ᠎ᠠ ᠶᠢ ᠴᠡᠪᠡᠷᠰᠢᠭᠦᠯᠦᠨ ᠣᠷᠣᠯᠠᠭᠤᠯᠬᠤ ᠶᠢ ᠲᠦᠷᠭᠡᠳᠬᠡᠨ᠂ ᠪᠣᠬᠢᠷᠲᠤᠯ ᠢ ᠭᠦᠨᠴᠠ ᠲᠠᠢ ᠵᠠᠰᠠᠬᠤ ᠶᠢ ᠬᠡᠷᠡᠭᠵᠢᠬᠦᠯᠵᠦ᠂ ᠪᠦᠯᠦᠭ ᠪᠦᠯᠦᠭ ᠢᠶᠠᠷ ᠰᠢᠭᠰᠢᠭᠳᠡᠭᠦᠯᠬᠦ᠂ ᠣᠷᠣᠯᠠᠭᠤᠯᠬᠤ ᠪᠠ ᠵᠠᠰᠠᠬᠤ ᠪᠠᠷ ᠳᠠᠮᠵᠢᠭᠤᠯᠤᠨ᠂ ᠠᠵᠤ  ᠦᠢᠯᠡᠳᠪᠦᠷᠢ ᠶᠢᠨ ᠵᠤᠤᠬ᠎ᠠ ᠠᠴᠠ  ᠡᠭᠦᠰᠦᠭᠰᠡᠨ ᠠᠭᠠᠷ ᠮᠠᠨᠳᠠᠯ ᠤᠨ ᠪᠣᠬᠢᠷᠲᠤᠯ ᠢ ᠶᠡᠷᠦᠩᠬᠡᠶᠢᠯᠡᠨ ᠵᠠᠰᠠᠬᠤ ᠬᠠᠮᠢᠶᠠᠷᠤᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠠᠵᠤ ᠦᠢᠯᠡᠰ ᠤᠨ ᠪᠦᠬᠦᠯᠢ ᠴᠣᠭᠴᠠ ᠶᠢᠨ ᠭᠦᠭᠵᠢᠯᠳᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠵᠢᠯ ᠤᠨ ᠰᠡᠭᠦᠯᠴᠢ ᠠᠴᠠ ᠡᠮᠦᠨ᠎ᠡ ᠪᠤᠬᠢᠷᠳᠤᠯ ᠭᠠᠳ᠋ᠬᠠᠰᠢᠯᠠᠭᠤᠯᠬᠤ ᠶᠢ ᠪᠦᠭᠦ ᠲᠠᠯ᠎ᠠ ᠪᠠᠷ ᠪᠠᠷᠢᠮᠵᠢᠶ᠎ᠠ ᠳᠤ ᠭᠦᠷᠬᠡᠬᠦ ᠶᠢ ᠦᠨᠳᠦᠰᠦᠨ ᠳᠤ ᠪᠠᠨ ᠪᠡᠶᠡᠯᠡᠬᠦᠯᠵᠦ᠂ ᠭᠤᠤᠯᠳᠠᠯᠭ᠎ᠠ ᠲᠠᠢ ᠠᠵᠢᠯ ᠲᠥᠷᠥᠯ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ  ᠭᠠᠳ᠋ᠬᠠᠰᠢᠯᠠᠭᠤᠯᠬᠤ ᠶᠡᠷᠦᠩᠬᠡᠶ ᠬᠡᠮᠵᠢᠶ᠎ᠡ ᠶᠢ ᠪᠦᠲᠦᠮᠵᠢᠲᠡᠶ ᠬᠢᠵᠠᠭᠠᠷᠯᠠᠨ᠎ᠠ᠃      ᠲᠦᠷᠦᠭᠦᠯᠡᠨ ᠬᠢᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ      ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ  ᠵᠦᠪᠯᠡᠯ᠂ ᠡᠳ᠋ ᠤᠨ ᠵᠠᠰᠠᠭ ᠤᠨ ᠲᠢᠩᠬᠢᠮ      ᠪᠡᠶᠡᠯᠡᠬᠦᠯᠬᠦ ᠴᠠᠭ ᠬᠤᠭᠤᠴᠠᠭ᠎ᠠ᠄  2020 ᠣᠨ ᠤ ᠰᠡᠭᠦᠯᠴᠢ ᠠᠴᠠ ᠡᠮᠦᠨ᠎ᠡ      ︵5︶ ᠪᠤᠬᠢᠷᠳᠤᠯ ᠭᠠᠳᠠᠭᠰᠢᠯᠠᠭᠤᠯᠬᠤ ᠪᠠᠷᠢᠮᠵᠢᠶ᠎ᠠ ᠶᠢᠨ ᠵᠠᠶᠢᠯᠠᠰᠢ ᠦᠬᠡᠢ ᠬᠢᠵᠠᠭᠠᠷᠯᠠᠬᠤ ᠶᠢ ᠴᠢᠩᠭᠠᠷᠠᠭᠤᠯᠤᠨ᠎ᠠ᠃ 2020 ᠣᠨ ᠤ 1 ᠳ᠋ᠤᠬᠡᠷ ᠰᠠᠷ᠎ᠠ ᠶᠢᠨ 1᠎ ᠤ ᠡᠳᠦᠷ ᠠᠴᠠ ᠡᠬᠢᠯᠡᠨ᠂ ᠭᠤᠤᠯᠳᠠᠯᠭ᠎ᠠ ᠲᠠᠢ ᠭᠠᠵᠠᠷ ᠣᠷᠣᠨ ᠤ ᠦᠩᠬᠡᠳᠦ ︵ ᠭᠦᠩᠬᠡᠨ ᠴᠠᠭᠠᠨ ᠤ ᠢᠰᠦᠯ ᠢ ᠪᠠᠭᠲᠠᠭᠠᠬᠤ ᠥᠬᠡᠶ︶᠂ ᠼᠧᠮᠧᠨ᠋ᠲ᠂ ᠬᠠᠪᠲᠠᠭᠠᠶ ᠰᠢᠯ᠂ ᠬᠡᠤᠷᠰᠢᠭᠦᠯᠬᠦ᠂ ᠴᠢᠯᠠᠭᠤᠨ ᠲᠣᠰᠣ ᠵᠢᠴᠢ ᠬᠢᠮᠢ ᠶᠢᠨ ᠠᠵᠤ ᠦᠢᠯᠡᠳᠪᠦᠷᠢ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠳᠤ ᠠᠭᠠᠷ ᠮᠠᠨᠳᠠᠯ ᠤᠨ ᠪᠣᠬᠢᠷᠲᠤᠯ ᠪᠣᠳᠠᠰ ᠤᠨ ᠣᠨᠴᠠ ᠬᠢᠵᠠᠭᠠᠷᠯᠠᠯ ᠢ ᠬᠡᠷᠡᠭᠵᠢᠭᠦᠯᠵᠦ᠂ ᠪᠠᠷᠢᠮᠵᠢᠶ᠎ᠠ ᠠᠴᠠ ᠬᠡᠲᠦᠷᠡᠭᠰᠡᠨ ᠠᠵᠤ ᠠᠬᠤᠶᠢᠯᠠᠯ ᠳᠤ ᠡᠳᠦᠷ ᠢᠶᠠᠷ ᠪᠤᠳᠤᠵᠤ ᠲᠣᠷᠭᠠᠬᠤ ᠶᠢ ᠬᠡᠷᠡᠭᠵᠢᠭᠦᠯᠦᠨ᠎ᠡ᠃ ᠪᠥᠬᠦ ᠣᠷᠣᠨ ᠤ 45 ᠮᠧᠲᠷ ᠠᠴᠠ ᠳᠡᠭᠡᠭᠰᠢᠬᠢ ᠥᠨᠳᠥᠷ ᠬᠤᠯᠠᠩ ᠠᠴᠠ ᠢᠷᠡᠯᠳᠡ ᠲᠠᠢ  ᠪᠤᠬᠢᠷᠳᠤᠯ ᠢ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠪᠣᠬᠢᠷᠲᠤᠯ ᠤᠨ ᠡᠬᠢ ᠢᠷᠡᠯᠳᠡ ᠶᠢ ᠰᠦᠯᠵᠢᠶ᠎ᠡ ᠪᠠᠷ ᠬᠢᠨᠠᠨ  ᠡᠵᠡᠮᠰᠢᠬᠦ ᠰᠢᠰᠲ᠋ᠧᠮ ᠳᠤ ᠤᠷᠤᠭᠤᠯᠬᠤ ᠶᠢᠨ ᠬᠠᠮᠲᠤ ᠠᠮᠢ ᠠᠬᠤᠶ ᠣᠷᠴᠢᠨ ᠲᠣᠭᠤᠷᠢᠨ ᠤ ᠰᠠᠯᠠᠭ᠎ᠠ ᠮᠥᠴᠢᠷ ᠯᠦᠭᠡ ᠰᠦᠯᠵᠢᠶ᠎ᠡ ᠪᠠᠨ ᠬᠤᠯᠪᠤᠬᠤ ᠶᠢ ᠪᠡᠶᠡᠯᠡᠭᠦᠯᠦᠨ᠎ᠡ᠃      ᠲᠦᠷᠦᠭᠦᠯᠡᠨ ᠬᠢᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ  ᠂ ᠡᠨᠧᠷᠭᠢ ᠶᠢᠨ ᠲᠣᠪᠴᠢᠶ᠎ᠠ      ᠪᠡᠶᠡᠯᠡᠬᠦᠯᠬᠦ ᠴᠠᠭ ᠬᠤᠭᠤᠴᠠᠭ᠎ᠠ᠄ 2020 ᠣᠨ ᠤ ᠰᠡᠭᠦᠯᠴᠢ ᠠᠴᠠ ᠡᠮᠦᠨ᠎ᠡ      ︵ᠬᠤᠶᠠᠷ︶ ᠡᠪᠦᠯ ᠤᠨ ᠤᠯᠠᠷᠢᠯ ᠤᠨ ᠨᠡᠭᠦᠷᠡᠰᠦ ᠲᠦᠯᠡᠬᠦ ᠠᠴᠠ ᠡᠭᠦᠰᠦᠭᠰᠡᠨ ᠪᠣᠬᠢᠷᠲᠤᠯ ᠢ ᠰᠡᠷᠭᠡᠶᠢᠯᠡᠨ ᠡᠵᠡᠮᠰᠢᠬᠦ ᠎ ᠪᠠᠨ ᠴᠢᠩᠭᠠᠳᠬᠠᠨ᠎ᠠ᠃      4. ᠡᠨᠧᠷᠭᠢ ᠬᠤᠷᠤᠭᠳᠠᠵᠣ ᠪᠠᠶᠢᠭ᠎ᠠ ᠪᠠᠶᠢᠳᠠᠯ ᠪᠠ ᠬᠤᠷᠤᠭᠳᠠᠵᠤ ᠪᠠᠶᠢᠭ᠎ᠠ ᠶᠡᠷᠦᠩᠬᠡᠶ ᠬᠡᠮᠵᠢᠶ᠎ᠡ ᠶᠢ ᠴᠢᠩᠭ᠎ᠠ ᠡᠵᠡᠮᠰᠢᠨ᠎ᠡ᠃ ᠪᠦᠬᠦ ᠣᠷᠣᠨ ᠤ ᠡᠨᠧᠷᠭᠢ ᠶᠢᠨ ᠬᠡᠷᠡᠭᠯᠡᠭᠡ ᠶᠢᠨ ᠶᠡᠷᠦᠩᠬᠡᠶ ᠬᠡᠮᠵᠢᠶ᠎ᠡ ᠶᠢ 2.25 ᠳ᠋ᠦᠩᠰᠢᠭᠤᠷ ᠲᠣᠨ ᠣᠷᠴᠢᠮ ᠤᠨ ᠪᠠᠷᠢᠮᠵᠢᠶᠠᠳᠤ ᠨᠡᠭᠦᠷᠡᠰᠦ ᠪᠠᠷ ᠬᠢᠵᠠᠭᠠᠷᠯᠠᠵᠤ᠂ ᠨᠢᠭᠡᠴᠢ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠤᠨ ᠡᠨᠧᠷᠭᠢ ᠶᠢᠨ ᠬᠤᠷᠤᠨᠨᠳᠠᠯ ᠢ 2015 ᠣᠨ ᠤ ᠬᠢ ᠠᠴᠠ 14% ᠪᠠᠭᠤᠷᠠᠭᠤᠯᠤᠨ᠎ᠠ᠃ ᠴᠡᠪᠡᠷ ᠡᠨᠧᠷᠭᠢ ᠪᠠ ᠰᠢᠨ᠎ᠡ ᠡᠨᠧᠷᠭᠢ ᠶᠢ ᠬᠥᠭᠵᠢᠭᠦᠯᠵᠦ᠂ ᠳᠠᠬᠢᠨ ᠡᠭᠦᠰᠴᠦ ᠪᠣᠯᠬᠤ ᠡᠨᠧᠷᠭᠢ ᠶᠢ ᠪᠠᠭᠳᠠᠭᠠᠵᠦ ᠰᠶᠢᠳᠪᠦᠷᠢᠯᠡᠬᠦ ᠡᠷᠴᠢᠮ ᠢᠶᠠᠨ ᠴᠢᠩᠭᠠᠷᠠᠭᠤᠯᠤᠨ᠂ ᠵᠢᠯ ᠤᠨ ᠰᠡᠭᠦᠯᠴᠢ ᠠᠴᠠ ᠡᠮᠦᠨ᠎ᠡ ᠣᠷᠣᠨ ᠤ ᠳᠣᠲᠣᠷᠠᠬᠢ ᠰᠠᠯᠬᠢᠨ ᠬᠦᠴᠦᠨ ᠤ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠪᠠᠭᠳᠠᠭᠠᠵᠦ ᠰᠶᠢᠳᠪᠦᠷᠢᠯᠡᠬᠦ ᠪᠠᠭᠲᠠᠭᠠᠮᠵᠢ ᠶᠢ 4500 ᠲᠦᠮᠡᠨ ᠺᠢᠯᠣᠸᠠᠲ ᠲᠤ ᠭᠦᠷᠬᠡᠵᠦ᠂ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠶᠢ 1500 ᠲᠦᠮᠡᠨ ᠺᠢᠯᠣᠸᠠᠲ ᠲᠤ ᠬᠦᠷᠭᠡᠨ᠎ᠡ᠃ ᠡᠨᠧᠷᠭᠢ ᠶᠢᠨ ᠬᠡᠷᠡᠭᠯᠡᠭᠡ ᠶᠢᠨ ᠶᠡᠷᠦᠩᠬᠡᠶ ᠬᠡᠮᠵᠢᠶᠡᠨ ᠳᠠᠬᠢ ᠨᠡᠭᠦᠷᠡᠰᠦᠨ ᠤ ᠡᠵᠡᠯᠡᠬᠦ ᠬᠤᠪᠢ ᠶᠢᠨ ᠵᠢᠩ ᠢ 79% ᠣᠷᠴᠢᠮ ᠪᠣᠯᠲᠠᠯ᠎ᠠ ᠪᠠᠭᠤᠷᠠᠭᠤᠯᠤᠨ᠎ᠠ᠃      ᠲᠦᠷᠦᠭᠦᠯᠡᠨ ᠬᠢᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ  ᠵᠦᠪᠯᠡᠯ᠂ ᠡᠨᠧᠷᠭᠢ ᠶᠢᠨ ᠲᠣᠪᠴᠢᠶ᠎ᠠ      ᠬᠠᠮᠵᠢᠯᠴᠠᠬᠤ ᠰᠠᠯᠠᠭ᠎ᠠ ᠮᠥᠴᠢᠷ᠄  ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ      ᠪᠡᠶᠡᠯᠡᠬᠦᠯᠬᠦ ᠴᠠᠭ ᠬᠤᠭᠤᠴᠠᠭ᠎ᠠ᠄ 2020 ᠣᠨ ᠤ ᠰᠡᠭᠦᠯᠴᠢ ᠠᠴᠠ ᠡᠮᠦᠨ᠎ᠡ      5. ᠡᠪᠦᠯ ᠤᠨ ᠤᠯᠠᠷᠢᠯ ᠤᠨ ᠴᠡᠪᠡᠷ ᠳᠤᠯᠠᠭᠠᠯᠠᠭ᠎ᠠ ᠶᠢ ᠠᠬᠢᠭᠤᠯᠤᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠪᠦᠯ ᠤᠨ ᠤᠯᠠᠷᠢᠯ ᠤᠨ ᠴᠡᠪᠡᠷ ᠳᠤᠯᠠᠭᠠᠯᠠᠭ᠎ᠠ ᠶᠢᠨ ᠬᠡᠷᠡᠭᠵᠢᠭᠦᠯᠬᠦ ᠲᠥᠰᠦᠯ︾᠎ ᠢ ᠲᠦᠷᠬᠡᠳᠬᠡᠨ ᠠᠬᠢᠭᠤᠯᠵᠦ  ᠨᠠᠶᠢᠳᠠᠪᠤᠷᠢᠵᠢᠭᠤᠯᠤᠨ᠂ ᠡᠯ᠎ᠡ ᠠᠶᠢᠮᠠᠭ ᠬᠤᠲᠠ ᠲᠥᠯᠥᠪᠵᠢᠭᠦᠯᠭᠡ᠂ ᠲᠥᠰᠦᠯ ᠪᠠ ᠪᠠᠷᠢᠯᠭ᠎ᠠ ᠶᠢᠨ ᠵᠢᠷᠤᠭ ᠭᠠᠷᠭᠠᠵᠦ᠂ ᠬᠤᠲᠠ ᠶᠢᠨ ᠪᠠᠶᠢᠭᠤᠯᠤᠨᠨᠰᠠᠨ ᠲᠣᠭᠤᠷᠢᠭ ᠲᠤ ᠲᠥᠪᠯᠡᠷᠡᠭᠦᠯᠦᠨ ᠢᠯᠴᠢ ᠬᠠᠩᠭᠠᠬᠤ ᠶᠢ ᠡᠩ ᠲᠡᠷᠢᠭᠦᠨ ᠳᠤ ᠬᠥᠭᠵᠢᠭᠦᠯᠵᠦ᠂  ᠪᠦᠭᠦ ᠲᠠᠯ᠎ᠠ ᠪᠠᠷ ᠲᠦᠪᠯᠡᠷᠡᠬᠦᠯᠦᠨ ᠳᠤᠯᠠᠭᠠᠯᠠᠭ᠎ᠠ ᠬᠠᠩᠭᠠᠬᠤ ᠎ ᠳᠤ ᠲᠦᠷ ᠴᠠᠭ ᠬᠦᠴᠢᠷ ᠲᠠᠢ ᠪᠣᠯ ᠬᠤᠰᠢᠭᠤ ᠰᠢᠶᠠᠨ ︵ᠬᠤᠲᠠ᠂ ᠲᠣᠭᠤᠷᠢᠭ︶ ᠪᠤᠶᠤ ᠰᠤᠮᠤ ᠰᠢᠶᠠᠩ ᠪᠠᠯᠭᠠᠰᠤ ᠪᠠᠷ ᠨᠢᠭᠡᠴᠢ ᠪᠣᠯᠭᠠᠨ ᠲᠠᠷᠠᠬᠠᠶ ᠮᠠᠶ᠋ᠢᠭ ᠤᠨ ᠴᠡᠪᠡᠷ ᠳᠤᠯᠠᠭᠠᠯᠠᠭ᠎ᠠ ᠶᠢ ᠪᠦᠬᠦᠯᠢ ᠴᠣᠭᠴᠠ ᠪᠠᠷ ᠨᠢ ᠠᠬᠢᠭᠤᠯᠤᠨ᠎ᠠ᠃ ᠢᠯᠴᠢ ᠬᠠᠩᠭᠠᠬᠤ ᠲᠤᠤᠷ ᠢ ᠬᠤᠯᠪᠤᠭᠠᠯᠠᠵᠦ ᠨᠡᠪᠳᠡᠷᠡᠯᠴᠡᠬᠦᠯᠬᠦ᠂ ᠢᠯᠴᠢ ᠬᠠᠩᠭᠠᠬᠤ ᠶᠢ ᠨᠢᠬᠡᠳᠦᠯᠳᠡᠢ ᠲᠣᠬᠢᠷᠠᠭᠤᠯᠬᠤ ᠱᠠᠭᠠᠷᠳᠠᠯᠭ᠎ᠠ ᠶᠣᠰᠣᠭᠠᠷ᠂ ᠢᠯᠴᠢ ᠬᠠᠩᠭᠠᠬᠤ ᠬᠤᠭᠤᠯᠠᠶ ᠭᠤᠤᠷᠰᠤ ᠶᠢᠨ ᠲᠠᠰᠤᠯᠳ᠋ᠬᠠᠰᠠᠨ ᠬᠡᠰᠡᠭ ᠢ ᠨᠡᠪᠲᠡᠷᠡᠭᠦᠯᠵᠦ᠂ ᠢᠯᠴᠢ ᠡᠭᠦᠰᠬᠡᠭᠴᠢ ᠨᠦᠭᠦᠳ ᠢ ᠬᠠᠮᠳᠤᠷᠠᠭᠤᠯᠵᠦ ᠢᠯᠴᠢ ᠬᠠᠩᠭᠠᠯᠭᠠᠬᠤ ᠴᠠᠭᠠᠷᠢᠨᠨᠯᠬᠠᠰᠠᠨ ᠲᠣᠤᠷ ᠢ  ᠪᠦᠷᠢᠯᠳᠦᠭᠦᠯᠦᠨ᠂ ᠲᠡᠳᠡᠬᠡᠷ ᠢ ᠬᠠᠷᠢᠯᠴᠠᠨ ᠲᠤᠬᠢᠷᠠᠭᠤᠯᠬᠤ᠂ ᠪᠡᠯᠡᠳᠬᠡᠨ ᠬᠡᠷᠡᠭᠯᠡᠬᠦ ᠪᠠ ᠨᠦᠭᠦᠪᠦᠷᠢᠯᠡᠨ ᠬᠠᠩᠭᠠᠬᠤ ᠪᠤᠯᠭᠠᠨ᠎ᠠ᠃ ᠨᠡᠭᠦᠷᠡᠰᠦᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠴᠢᠨᠠᠷ ᠮᠠᠭᠤ ᠨᠡᠭᠦᠷᠡᠰᠦ ᠪᠤᠷᠤᠯᠠᠭᠤᠯᠵᠦ ᠬᠡᠷᠡᠭᠯᠡᠬᠦ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠦᠭᠬᠦᠨ᠎ᠠ᠃ ᠵᠢᠯ ᠤᠨ ᠰᠡᠭᠦᠯᠴᠢ ᠠᠴᠠ ᠡᠮᠦᠨ᠎ᠡ ᠬᠤᠲᠠ ᠶᠢᠨ ᠪᠠᠶᠢᠭᠤᠯᠤᠭᠰᠠᠨ ᠲᠣᠭᠤᠷᠢᠭ ᠲᠠᠬᠢ ᠴᠡᠪᠡᠷ ᠳᠤᠯᠠᠭᠠᠯᠠᠭ᠎ᠠ ᠶᠢᠨ ᠨᠣᠷᠮ᠎ᠠ ᠶᠢ 70%᠎ ᠠᠴᠠ ᠳᠡᠭᠡᠭᠰᠢ ᠳᠤ ᠭᠦᠷᠦᠬᠦᠯᠬᠦ ᠪᠠᠷ ᠴᠢᠷᠮᠠᠶᠢᠵᠦ᠂ ᠬᠤᠰᠢᠭᠤ ᠰᠢᠶᠠᠨ ︵ᠬᠤᠲᠠ᠂ ᠲᠣᠭᠤᠷᠢᠭ︶ ᠪᠠ ᠬᠤᠲᠠ ᠬᠥᠳᠡᠭᠡ ᠶᠢᠨ ᠠᠭᠤᠯᠵᠠᠷ ᠬᠡᠰᠡᠭ ᠲᠠᠬᠢ ᠶᠢ 60%᠎ ᠠᠴᠠ ᠳᠡᠭᠡᠭᠰᠢ ᠳᠤ ᠬᠦᠷᠦᠭᠦᠯᠦᠨ᠎ᠡ᠃      ᠲᠦᠷᠦᠭᠦᠯᠡᠨ ᠬᠢᠬᠦ ᠰᠠᠯᠠᠭ᠎ᠠ ᠮᠥᠴᠢᠷ᠄  ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ      ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ  ᠵᠦᠪᠯᠡᠯ᠂ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ      ᠪᠡᠶᠡᠯᠡᠬᠦᠯᠬᠦ ᠴᠠᠭ ᠬᠤᠭᠤᠴᠠᠭ᠎ᠠ᠄  2020 ᠣᠨ ᠤ ᠰᠡᠭᠦᠯᠴᠢ ᠠᠴᠠ ᠡᠮᠦᠨ᠎ᠡ      6. ᠨᠡᠭᠦᠷᠡᠰᠦ ᠲᠦᠯᠡᠵᠦ ᠪᠠᠶᠢᠭ᠎ᠠ ᠪᠠᠶᠢᠳᠠᠯ ᠳᠤ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠥᠷᠨᠢᠭᠦᠯᠦᠨ᠎ᠡ᠃ ᠬᠤᠰᠢᠭᠤ ᠰᠢᠶᠠᠨ ᠤ ᠱᠠᠳᠤ ᠵᠢᠴᠢ ᠲᠡᠭᠦᠨ ᠠᠴᠠ ᠳᠡᠭᠡᠭᠰᠢᠬᠢ ᠬᠤᠲᠠ ᠶᠢᠨ ᠪᠠᠶᠢᠭᠤᠯᠤᠨᠨᠰᠠᠨ ᠲᠣᠭᠤᠷᠢᠭ ᠲᠠᠬᠢ 10 ᠠᠭᠤᠷᠰᠢᠯᠳᠠ ᠶᠢᠨ ᠲᠤᠨ ᠪᠠ ᠲᠡᠭᠦᠨ ᠠᠴᠠ ᠳᠣᠷᠣᠭᠰᠢᠬᠢ ᠨᠡᠭᠦᠷᠡᠰᠦ ᠲᠦᠯᠡᠬᠦ ᠵᠤᠤᠬ᠎ᠠ ᠵᠢᠴᠢ ᠤᠰᠤ ᠪᠤᠴᠠᠯᠭᠠᠬᠤ ᠵᠤᠤᠬ᠎ᠠ᠂ ᠡᠵᠡᠩᠨᠡᠯᠲᠡ ᠶᠢᠨ ᠴᠢᠨᠠᠷᠲᠠᠶ ᠵᠤᠤᠬ᠎ᠠ᠂ ᠠᠮᠤ ᠪᠤᠳᠠᠭ᠎ᠠ ᠬᠠᠳᠠᠭᠠᠯᠠᠵᠤ ᠬᠠᠲᠠᠭᠠᠬᠤ ᠲᠥᠬᠦᠭᠡᠷᠦᠮᠵᠢ ᠵᠡᠷᠭᠡ ᠨᠡᠭᠦᠷᠡᠰᠦ ᠲᠦᠯᠡᠬᠦ ᠪᠡᠯᠡᠳᠬᠡᠮᠵᠢ ᠶᠢ ᠦᠨᠳᠦᠰᠦᠨ ᠳᠤ ᠪᠠᠨ ᠰᠢᠭᠰᠢᠭᠳᠡᠬᠦᠯᠵᠦ᠂ ᠵᠠᠷᠴᠢᠮ ᠳᠡᠭᠡᠷ᠎ᠡ ᠪᠠᠨ 35 ᠠᠭᠤᠷᠰᠢᠯᠳᠠ ᠶᠢᠨ ᠲᠤᠨ ᠠᠴᠠ ᠳᠣᠷᠣᠭᠰᠢᠬᠢ ᠨᠡᠭᠦᠷᠡᠰᠦ ᠲᠦᠯᠡᠬᠦ ᠵᠤᠤᠬ᠎ᠠ ᠶᠢ ᠲᠠᠬᠢᠵᠦ ᠪᠠᠷᠢᠬᠤ ᠦᠭᠡᠶ᠂ ᠪᠤᠰᠤᠳ ᠭᠠᠵᠠᠷ ᠣᠷᠣᠨ ᠳᠤ ᠵᠠᠷᠴᠢᠮ ᠳᠡᠭᠡᠷ᠎ᠡ ᠪᠠᠨ 10 ᠠᠭᠤᠷᠰᠢᠯᠳᠠ ᠶᠢᠨ ᠲᠤᠨ ᠠᠴᠠ ᠳᠣᠷᠣᠭᠰᠢᠬᠢ ᠨᠡᠭᠦᠷᠡᠰᠦ ᠲᠦᠯᠡᠬᠦ ᠵᠤᠤᠬ᠎ᠠ ᠶᠢ ᠲᠠᠬᠢᠵᠦ ᠪᠠᠷᠢᠬᠤ ᠦᠭᠡᠶ᠃      2020 ᠣᠨ ᠤ 1 ᠳ᠋ᠤᠬᠡᠷ ᠰᠠᠷ᠎ᠠ ᠶᠢᠨ 1᠎ ᠤ ᠡᠳᠦᠷ ᠠᠴᠠ ᠡᠬᠢᠯᠡᠵᠦ᠂ ᠬᠥᠬᠡᠬᠤᠲᠠ᠂ ᠪᠤᠭᠤᠲᠤ ᠬᠤᠲᠠ᠂ ᠦᠬᠠᠶ ᠬᠤᠲᠠ ᠵᠢᠴᠢ ᠡᠷᠬᠢᠨ ᠲᠣᠭᠤᠷᠢᠨ ᠤ ᠭᠠᠵᠠᠷ ᠣᠷᠣᠨ᠂ ᠣᠷᠳᠣᠰ ᠬᠤᠲᠠ ᠶᠢᠨ ᠵᠡᠭᠦᠨᠭᠠᠷ ᠬᠤᠰᠢᠭᠤ ᠪᠠ ᠳᠠᠯᠠᠳ ᠬᠤᠰᠢᠭᠤ  ᠵᠡᠷᠬᠡ ᠭᠠᠵᠠᠷ ᠣᠷᠣᠨ ᠤ 65 ᠠᠭᠤᠷᠰᠢᠯᠳᠠ ᠶᠢᠨ ᠲᠤᠨ ᠵᠢᠴᠢ ᠲᠡᠭᠦᠨ ᠠᠴᠠ ᠳᠡᠭᠡᠭᠰᠢᠬᠢ ᠨᠡᠭᠦᠷᠡᠰᠦ ᠲᠦᠯᠡᠬᠦ  ᠵᠤᠤᠬᠠᠨ ᠳᠤ ᠠᠭᠠᠷ ᠮᠠᠨᠳᠠᠯ ᠤᠨ ᠪᠣᠬᠢᠷᠲᠤᠯ ᠪᠣᠳᠠᠰ ᠤᠨ ᠤᠨᠴᠠᠭᠠᠢ ᠭᠠᠳ᠋ᠬᠠᠰᠢᠯᠠᠭᠤᠯᠬᠤ ᠬᠡᠮᠵᠢᠭᠳᠡᠯ ᠢ ᠬᠡᠷᠡᠭᠵᠢᠬᠦᠯᠦᠨ᠎ᠠ᠃ ᠨᠡᠭᠦᠷᠡᠰᠦ ᠲᠦᠯᠡᠬᠦ ᠵᠤᠤᠬ᠎ᠠ ᠶᠢ ᠪᠦᠲᠦᠮᠵᠢᠲᠡᠶ ᠡᠮᠬᠢᠯᠡᠨ ᠨᠡᠶᠢᠯᠡᠭᠦᠯᠬᠦ ᠶᠢ ᠲᠦᠷᠭᠡᠳᠬᠡᠵᠦ᠂ ᠢᠯᠴᠢ ᠴᠠᠬᠢᠯᠭᠠᠨ ᠢ ᠵᠡᠷᠬᠡ ᠪᠠᠷ ᠭᠠᠷᠭᠠᠬᠤ ᠶᠢ ᠡᠩ ᠲᠡᠷᠢᠭᠦᠨ ᠳᠤ ᠠᠰᠢᠨᠨᠯᠠᠵᠦ ᠪᠠᠶᠢᠭᠠᠳ ᠢᠯᠴᠢ ᠬᠠᠩᠭᠠᠬᠤ ᠶᠢ ᠤᠷᠤᠯᠠᠭᠤᠯᠵᠦ᠂ ᠨᠡᠭᠦᠷᠡᠰᠦ ᠲᠦᠯᠡᠵᠦ ᠢᠯᠴᠢ ᠬᠠᠩᠭᠠᠬᠤ ᠵᠤᠤᠬ᠎ᠠ ᠶᠢ ᠡᠮᠬᠢ ᠵᠢᠷᠤᠮ ᠲᠠᠢ ᠪᠠᠷ ᠪᠤᠴᠠᠭᠠᠨ ᠭᠠᠷᠭᠠᠬᠤ ᠶᠢ ᠠᠬᠢᠭᠤᠯᠤᠨ᠎ᠠ᠃      ᠬᠥᠬᠡᠬᠤᠲᠠ᠂ ᠪᠤᠭᠤᠲᠤ ᠬᠤᠲᠠ᠂ ᠦᠬᠠᠶ ᠬᠤᠲᠠ ᠶᠢᠨ ᠪᠠᠶᠢᠭᠤᠯᠤᠨᠨᠰᠠᠨ ᠲᠣᠭᠤᠷᠢᠭ ᠲᠤ 35 ᠠᠭᠤᠷᠰᠢᠯᠳᠠ ᠶᠢᠨ ᠲᠤᠨ  ᠵᠢᠴᠢ ᠲᠡᠭᠦᠨ ᠠᠴᠠ ᠳᠣᠷᠣᠭᠰᠢᠬᠢ ᠨᠡᠭᠦᠷᠡᠰᠦ ᠲᠦᠯᠡᠬᠦ ᠵᠤᠤᠬ᠎ᠠ ᠶᠢᠨ ᠰᠢᠭᠰᠢᠭᠳᠡᠭᠦᠯᠬᠦ ᠠᠵᠢᠯ ᠢ ᠦᠨᠳᠦᠰᠦᠨ ᠳᠤ ᠪᠠᠨ ᠪᠡᠶᠡᠯᠡᠭᠦᠯᠦᠨ᠎ᠡ᠃      ᠬᠠᠮᠢᠶ᠎ᠠ ᠪᠦᠬᠦᠢ ᠠᠶᠢᠮᠠᠭ ᠬᠤᠲᠠ ᠨᠢ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ  ᠪᠠᠶᠢᠴᠠᠭᠠᠵᠦ  ᠬᠠᠷᠢᠭᠤ ᠲᠤᠰᠬᠠᠨᠨᠰᠠᠨ ᠬᠡᠮᠬᠡᠳᠡᠭ ᠨᠡᠭᠦᠷᠡᠰᠦ ᠶᠢ ᠪᠠᠭᠠᠰᠬᠠᠬᠤ ᠡᠭᠦᠷᠭᠡ ᠪᠠᠨ ᠪᠦᠬᠦᠨ ᠢ ᠪᠡᠶᠡᠯᠡᠭᠦᠯᠬᠦ ᠬᠡᠷᠡᠭᠲᠡᠶ᠃      ᠲᠦᠷᠦᠭᠦᠯᠡᠨ ᠬᠢᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠤᠷᠤᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ      ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ  ᠵᠦᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ      ᠪᠡᠶᠡᠯᠡᠬᠦᠯᠬᠦ ᠴᠠᠭ ᠬᠤᠭᠤᠴᠠᠭ᠎ᠠ᠄ 2020 ᠣᠨ ᠤ ᠰᠡᠭᠦᠯᠴᠢ ᠠᠴᠠ ᠡᠮᠦᠨ᠎ᠡ      ︵ᠭᠤᠷᠪᠠ︶  ᠨᠡᠭᠦᠳᠡᠯ ᠢᠷᠡᠯᠳᠡ ᠲᠠᠢ ᠪᠣᠬᠢᠷᠲᠤᠯ ᠢ ᠵᠠᠰᠠᠬᠤ ᠪᠠᠨ ᠴᠢᠩᠭᠠᠳᠬᠠᠨ᠎ᠠ᠃      7. ᠲᠡᠭᠡᠭᠡᠪᠦᠷᠢ ᠶᠢᠨ ᠪᠦᠲᠦᠴᠡ ᠶᠢ ᠲᠦᠷᠬᠡᠳᠬᠡᠨ ᠲᠤᠬᠢᠷᠠᠭᠤᠯᠤᠨ᠎ᠠ᠃ ︽ᠵᠠᠰᠠᠮᠠᠯ ᠵᠠᠮ ᠢᠶᠠᠷ ᠲᠡᠬᠡᠬᠡᠪᠦᠷᠢᠯᠡᠬᠦ ᠶᠢ ᠲᠡᠮᠦᠷ ᠵᠠᠮ ᠢᠶᠠᠷ ᠲᠡᠬᠡᠬᠡᠪᠦᠷᠢᠯᠡᠬᠦ ᠪᠤᠯᠭᠠᠬᠤ︾ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠲᠦᠷᠬᠡᠳᠬᠡᠨ ᠠᠬᠢᠭᠤᠯᠤᠨ ᠬᠡᠷᠡᠭᠵᠢᠬᠦᠯᠵᠦ᠂ ᠪᠣᠯᠣᠳ ᠲᠡᠮᠦᠷ᠂ ᠬᠡᠤᠷᠰᠢᠭᠦᠯᠬᠦ᠂ ᠭᠦᠩᠬᠡᠨ ᠴᠠᠭᠠᠨ ᠤ ᠢᠰᠦᠯ᠂ ᠴᠠᠬᠢᠯᠭᠠᠨ ᠭᠦᠴᠦᠨ ᠵᠡᠷᠭᠡ ᠭᠤᠤᠯᠳᠠᠯᠭ᠎ᠠ ᠲᠠᠢ ᠠᠵᠤ ᠠᠬᠤᠶᠢᠯᠠᠯ ᠤᠨ ᠲᠡᠮᠦᠷ ᠵᠠᠮ ᠤᠨ ᠲᠤᠰᠬᠠᠶ ᠬᠡᠷᠡᠭᠯᠡᠭᠡᠨ ᠤ ᠱᠤᠭᠤᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠲᠡᠮᠦᠷ ᠵᠠᠮ ᠤᠨ ᠲᠤᠰᠬᠠᠶ ᠬᠡᠷᠡᠭᠯᠡᠬᠦ ᠱᠤᠭᠤᠮ ᠢ ᠨᠢᠭᠡᠨᠲᠡ ᠲᠦᠭᠦᠷᠵᠢᠬᠦᠯᠵᠦ ᠪᠠᠶᠢᠭᠤᠯᠤᠭᠰᠠᠨ ᠠᠵᠤ  ᠠᠬᠤᠶᠢᠯᠠᠯ ᠨᠢ ᠭᠤᠤᠯᠳᠠᠭᠤ ᠲᠡᠮᠦᠷ ᠵᠠᠮ ᠤᠨ ᠲᠡᠭᠡᠭᠡᠪᠦᠷᠢ ᠪᠠᠷ ᠭᠦᠢᠯᠬᠡᠬᠡᠨ ᠶᠡᠬᠡᠳᠡᠢ ᠡᠳ᠋ ᠮᠠᠲ᠋ᠧᠷᠢᠶᠠᠯ ᠢ ᠲᠡᠬᠡᠬᠡᠪᠦᠷᠢᠯᠡᠵᠦ᠂  ᠲᠡᠮᠦᠷ ᠵᠠᠮ ᠤᠨ ᠲᠤᠰᠬᠠᠶ ᠬᠡᠷᠡᠭᠯᠡᠬᠦ ᠱᠤᠭᠤᠮ ᠢ ᠲᠦᠭᠦᠷᠵᠢᠬᠦᠯᠦᠨ ᠪᠠᠶᠢᠭᠤᠯᠤᠭᠠᠳᠤᠶ ᠪᠤᠯ ᠲᠦᠯᠦᠪᠵᠢᠬᠦᠯᠬᠡ ᠪᠠᠨ ᠲᠦᠷᠭᠡᠬᠡᠨ ᠪᠡᠶᠡᠯᠡᠬᠦᠯᠦᠨ᠎ᠠ᠃ ᠵᠢᠯ ᠤᠨ ᠰᠡᠭᠦᠯᠴᠢ ᠠᠴᠠ ᠡᠮᠦᠨ᠎ᠡ ᠬᠥᠬᠡᠬᠤᠲᠠ᠂ ᠪᠤᠭᠤᠲᠤ ᠬᠤᠲᠠ᠂ ᠤᠯᠠᠭᠠᠨᠴᠠᠪ ᠬᠤᠲᠠ᠂ ᠣᠷᠳᠣᠰ ᠬᠤᠲᠠ᠂ ᠪᠠᠶᠠᠨᠨᠠᠭᠤᠷ ᠬᠤᠲᠠ ᠪᠠ ᠦᠬᠠᠶ ᠬᠤᠲᠠ ᠶᠢᠨ ᠭᠤᠤᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠢ 50%᠎ ᠠᠴᠠ ᠳᠡᠭᠡᠭᠰᠢ ᠳᠤ ᠬᠦᠷᠦᠭᠦᠯᠦᠨ᠎ᠡ᠃      ᠲᠦᠷᠦᠭᠦᠯᠡᠨ ᠬᠢᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ  ᠵᠦᠪᠯᠡᠯ      ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ      ᠪᠡᠶᠡᠯᠡᠬᠦᠯᠬᠦ ᠴᠠᠭ ᠬᠤᠭᠤᠴᠠᠭ᠎ᠠ᠄  2020 ᠣᠨ ᠤ ᠰᠡᠭᠦᠯᠴᠢ ᠠᠴᠠ ᠡᠮᠦᠨ᠎ᠡ      8. ᠲᠡᠷᠭᠡ ᠭᠦᠰᠬᠡ᠂ ᠲᠤᠰᠤ᠂ ᠵᠠᠮ ᠤᠨ ᠶᠡᠷᠦᠩᠬᠡᠶᠢᠯᠡᠭᠰᠡᠨ ᠵᠠᠰᠠᠯᠳᠠ ᠶᠢ ᠨᠢᠭᠡᠳᠦᠯᠲᠡᠶ ᠲᠥᠯᠥᠪᠯᠡᠨ᠎ᠡ᠃      ︵1︶ ᠵᠢᠷᠭᠤᠳᠤᠭᠠᠷ ᠱᠠᠳᠤ ᠦᠶ᠎ᠡ ᠶᠢᠨ ᠤᠯᠤᠰ ᠤᠨ ᠮᠠᠰᠢᠨᠲᠤ ᠲᠡᠷᠭᠡᠨ ᠤ ᠪᠤᠬᠢᠷᠳᠤᠯ ᠭᠠᠳᠠᠭᠰᠢᠯᠠᠭᠤᠯᠬᠤ ᠪᠠᠷᠢᠮᠵᠢᠶ᠎ᠠ ᠶᠢ ᠴᠢᠩᠭ᠎ᠠ ᠬᠡᠷᠡᠭᠵᠢᠬᠦᠯᠦᠨ᠎ᠠ᠃ 2020 ᠣᠨ ᠤ 7 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠵᠦ᠂ ᠵᠢᠷᠭᠤᠳᠤᠭᠠᠷ ᠱᠠᠳᠤ ᠦᠶ᠎ᠡ ᠶᠢᠨ ᠤᠯᠤᠰ ᠤᠨ ᠮᠠᠰᠢᠨᠲᠤ ᠲᠡᠷᠭᠡᠨ ᠤ ᠪᠤᠬᠢᠷᠳᠤᠯ ᠭᠠᠳᠠᠭᠰᠢᠯᠠᠭᠤᠯᠬᠤ ᠪᠠᠷᠢᠮᠵᠢᠶ᠎ᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃  ᠪᠤᠬᠢᠷᠳᠤᠯ ᠭᠠᠳ᠋ᠬᠠᠰᠢᠯᠠᠭᠤᠯᠬᠤ ᠲᠠᠯ᠎ᠠ ᠳᠤ ᠬᠢᠷᠢ ᠲᠡᠩᠴᠡᠬᠦ ᠦᠬᠡᠢ ᠮᠠᠰᠢᠨᠲᠤ ᠲᠡᠷᠭᠡ ᠶᠢ ᠦᠢᠯᠡᠳᠪᠦᠷᠢᠯᠡᠵᠦ ᠪᠣᠷᠣᠯᠠᠭᠤᠯᠬᠤ ᠪᠠ ᠲᠡᠳᠡᠬᠡᠷ ᠤᠨ ᠮᠡᠳᠡᠭᠡ ᠵᠠᠩᠭᠢ ᠶᠢ ᠢᠯᠡ ᠪᠤᠯᠭᠠᠬᠤ ᠱᠠᠭᠠᠷᠳᠠᠯᠭ᠎ᠠ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠦᠭᠬᠦᠨ᠎ᠠ᠃      ᠲᠦᠷᠦᠭᠦᠯᠡᠨ ᠬᠢᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮ      ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠳᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ      ᠪᠡᠶᠡᠯᠡᠬᠦᠯᠬᠦ ᠴᠠᠭ ᠬᠤᠭᠤᠴᠠᠭ᠎ᠠ᠄ ᠦᠷᠭᠦᠯᠵᠢᠯᠡᠨ ᠠᠬᠢᠭᠤᠯᠤᠨ᠎ᠠ      ︵2︶ ᠵᠠᠮ ᠬᠠᠷᠢᠯᠴᠠᠭᠠᠨ ᠤ ᠪᠤᠰᠤ ᠰᠢᠯᠵᠢᠮᠡᠯ ᠮᠧᠬᠠᠨᠢᠭ ᠤᠨ ᠪᠠᠶᠢᠳᠠᠯ ᠢ ᠤᠶᠢᠯᠠᠭᠠᠵᠦ ᠪᠠᠶᠢᠴᠠᠭᠠᠬᠤ ᠪᠠ ᠺᠤᠳ᠋ᠯᠠᠵᠦ ᠲᠡᠮᠳᠡᠭᠯᠡᠬᠦ ᠠᠵᠢᠯ ᠢ ᠲᠡᠭᠦᠯᠳᠡᠷᠵᠢᠭᠦᠯᠵᠦ᠂ ᠪᠠᠶᠢᠳᠠᠯ ᠢ ᠤᠶᠢᠯᠠᠭᠠᠵᠦ ᠪᠠᠶᠢᠴᠠᠭᠠᠬᠤ ᠪᠠ ᠺᠤᠳ᠋ᠯᠠᠵᠦ ᠲᠡᠮᠳᠡᠭᠯᠡᠬᠦ ᠣᠷᠣᠨ ᠪᠦᠰᠡ ᠶᠢ ᠨᠢ ᠥᠷᠭᠡᠳᠬᠡᠨ᠎ᠡ᠃ ᠪᠤᠬᠢᠷᠳᠤᠯ ᠤᠨ ᠭᠠᠳᠠᠭᠰᠢᠯᠠᠭᠤᠯᠤᠯᠲᠠ ᠶᠡᠬᠡᠳᠡᠢ ᠵᠠᠮ ᠬᠠᠷᠢᠯᠴᠠᠭᠠᠨ ᠤ ᠪᠤᠰᠤ ᠰᠢᠯᠵᠢᠮᠡᠯ  ᠮᠧᠬᠠᠨᠢᠭ ᠬᠡᠷᠡᠭᠯᠡᠬᠦ ᠶᠢ ᠬᠤᠷᠢᠨᠨᠯᠠᠬᠤ ᠣᠷᠣᠨ ᠪᠦᠰᠡ ᠪᠠ ᠭᠤᠷᠪᠠᠳᠤᠭᠠᠷ ᠱᠠᠳᠤ ᠦᠶ᠎ᠡ ᠶᠢᠨ ᠤᠯᠤᠰ ᠤᠨ ᠮᠠᠰᠢᠨᠲᠤ ᠲᠡᠷᠭᠡᠨ ᠤ ᠪᠤᠬᠢᠷᠳᠤᠯ ᠭᠠᠳᠠᠭᠰᠢᠯᠠᠭᠤᠯᠬᠤ ᠪᠠᠷᠢᠮᠵᠢᠶ᠎ᠠ ᠠᠴᠠ ᠲᠤᠷᠤᠨᠨᠰᠢᠬᠢ ᠴᠠᠶᠢᠶ᠋ᠢᠦ ᠲᠤᠰᠤ ᠰᠢᠳᠠᠭᠠᠬᠤ ᠠᠴᠢᠶᠠᠨ ᠤ ᠲᠡᠷᠭᠡ ᠠᠶᠠᠯᠠᠬᠤ ᠶᠢ ᠬᠢᠵᠠᠭᠠᠷᠯᠠᠬᠤ ᠣᠷᠣᠨ ᠪᠦᠰᠡ ᠶᠢ ᠬᠠᠤᠯᠢ ᠶᠣᠰᠣᠭᠠᠷ ᠬᠤᠪᠢᠶᠠᠷᠢᠯᠠᠨ ᠲᠣᠭᠲᠠᠭᠠᠬᠤ ᠶᠢᠨ ᠬᠠᠮᠲᠤ ᠨᠡᠶᠢᠳᠡᠯᠠᠨ᠎ᠠ᠃ ᠵᠠᠮ ᠬᠠᠷᠢᠯᠴᠠᠭᠠᠨ ᠤ ᠪᠤᠰᠤ ᠰᠢᠯᠵᠢᠮᠡᠯ ᠮᠧᠬᠠᠨᠢᠭ ᠤᠨ ᠳᠥᠷᠪᠡᠳᠦᠭᠡᠷ ᠱᠠᠳᠤ ᠦᠶ᠎ᠡ ᠶᠢᠨ ᠪᠤᠬᠢᠷᠳᠤᠯ ᠭᠠᠳᠠᠭᠰᠢᠯᠠᠭᠤᠯᠬᠤ ᠪᠠᠷᠢᠮᠵᠢᠶ᠎ᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃      ᠲᠦᠷᠦᠭᠦᠯᠡᠨ ᠬᠢᠬᠦ ᠰᠠᠯᠠᠭ᠎ᠠ ᠮᠥᠴᠢᠷ᠄  ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ      ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ      ᠪᠡᠶᠡᠯᠡᠬᠦᠯᠬᠦ ᠴᠠᠭ ᠬᠤᠭᠤᠴᠠᠭ᠎ᠠ᠄  2020 ᠣᠨ ᠤ ᠰᠡᠭᠦᠯᠴᠢ ᠠᠴᠠ ᠡᠮᠦᠨ᠎ᠡ      ︵3︶  ᠴᠢᠯᠠᠭᠤᠨ ᠲᠣᠰᠣᠨ ᠤ ᠪᠦᠳᠦᠬᠡᠭᠳᠡᠬᠦᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂  ᠬᠠᠤᠯᠢ ᠪᠤᠰᠤ ᠪᠠᠷ ᠪᠠᠶᠢᠭᠤᠯᠤᠨᠨᠰᠠᠨ ᠲᠣᠰᠣ ᠨᠡᠮᠡᠬᠦ ᠥᠷᠲᠡᠭᠡ ᠴᠡᠭ ᠢ ᠢᠯᠭᠠᠷᠠᠭᠤᠯᠤᠨ ᠪᠠᠶᠢᠴᠠᠭᠠᠵᠦ ᠦᠬᠡᠶᠢᠰᠬᠡᠨ᠂ ᠴᠢᠯᠠᠭᠤᠨ ᠲᠣᠰᠣᠨ ᠤ ᠪᠦᠳᠦᠬᠡᠭᠳᠡᠬᠦᠨ ᠤ ᠶᠠᠰᠤ ᠴᠢᠨᠠᠷ ᠢ ᠪᠠᠲᠤᠯᠠᠨ᠎ᠠ᠃ ᠵᠢᠯ ᠤᠨ ᠰᠡᠭᠦᠯᠴᠢ ᠠᠴᠠ ᠡᠮᠦᠨ᠎ᠡ ᠪᠥᠬᠦ ᠣᠷᠣᠨ ᠤ ᠲᠣᠰᠣ ᠨᠡᠮᠡᠬᠦ ᠥᠷᠲᠡᠭᠡ᠂ ᠲᠣᠰᠣ ᠬᠠᠳᠠᠭᠠᠯᠠᠬᠤ ᠬᠥᠮᠥᠷᠭᠡ᠂ ᠲᠣᠰᠣ ᠰᠠᠪᠠᠯᠠᠬᠤ ᠲᠡᠷᠬᠡᠨ ᠤ  ᠰᠢᠳᠠᠮᠠᠬᠠᠢ ᠬᠡᠢ ᠶᠢ ᠨᠢ ᠡᠭᠡᠭᠦᠯᠦᠨ ᠬᠤᠷᠢᠶᠠᠵᠤ ᠵᠠᠰᠠᠬᠤ ᠠᠵᠢᠯ ᠢ ᠦᠨᠳᠦᠰᠦᠨ ᠳᠤ ᠪᠠᠨ ᠪᠡᠶᠡᠯᠡᠬᠦᠯᠦᠨ᠎ᠠ᠃ ᠬᠥᠬᠡᠬᠤᠲᠠ᠂ ᠪᠤᠭᠤᠲᠤ ᠬᠤᠲᠠ᠂ ᠤᠯᠠᠭᠠᠨᠴᠠᠪ ᠬᠤᠲᠠ᠂ ᠣᠷᠳᠣᠰ ᠬᠤᠲᠠ᠂ ᠪᠠᠶᠠᠨᠨᠠᠭᠤᠷ ᠬᠤᠲᠠ ᠪᠠ ᠦᠬᠠᠶ ᠬᠤᠳᠠ ᠶᠢᠨ ᠵᠢᠯ ᠳᠤ 5000 ᠲᠣᠨ ᠠᠴᠠ ᠢᠯᠡᠬᠦᠦ ᠴᠢᠶ᠋ᠢᠦ ᠲᠤᠰᠤ ᠪᠤᠷᠤᠯᠠᠭᠤᠯᠵᠦ ᠪᠠᠶᠢᠭ᠎ᠠ ᠲᠣᠰᠣ ᠨᠡᠮᠡᠬᠦ ᠥᠷᠲᠡᠭᠡ ᠳᠤ ᠰᠢᠲᠠᠮᠠᠬᠠᠶ ᠬᠡᠢ ᠡᠭᠡᠭᠦᠯᠦᠨ ᠬᠤᠷᠢᠶᠠᠳᠠᠭ ᠠᠦ᠋ᠲ᠋ᠣ᠋ ᠬᠢᠨᠠᠨ ᠡᠵᠡᠮᠰᠢᠬᠦ ᠲᠥᠬᠦᠭᠡᠷᠦᠮᠵᠢ ᠤᠭᠰᠠᠷᠠᠬᠤ ᠶᠢᠨ ᠬᠠᠮᠲᠤ ᠠᠮᠢ ᠠᠬᠤᠶ ᠣᠷᠴᠢᠨ ᠲᠣᠭᠤᠷᠢᠨ ᠤ ᠰᠠᠯᠠᠭ᠎ᠠ ᠮᠥᠴᠢᠷ ᠯᠦᠭᠡ ᠰᠦᠯᠵᠢᠶ᠎ᠡ ᠪᠠᠨ ᠬᠤᠯᠪᠤᠬᠤ ᠶᠢ ᠲᠦᠷᠭᠡᠳᠬᠡᠨ ᠠᠬᠢᠭᠤᠯᠤᠨ᠎ᠠ᠃      ᠲᠦᠷᠦᠭᠦᠯᠡᠨ ᠬᠢᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠳᠠ ᠶᠢᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ      ᠪᠡᠶᠡᠯᠡᠬᠦᠯᠬᠦ ᠴᠠᠭ ᠬᠤᠭᠤᠴᠠᠭ᠎ᠠ᠄  2020 ᠣᠨ ᠤ ᠰᠡᠭᠦᠯᠴᠢ ᠠᠴᠠ ᠡᠮᠦᠨ᠎ᠡ      ︵4︶ ᠪᠤᠬᠢᠷᠳᠦᠯ ᠤᠨ ᠭᠠᠳᠠᠭᠰᠢᠯᠠᠭᠤᠯᠤᠯᠲᠠ ᠶᠡᠬᠡᠳᠡᠢ ᠲᠡᠷᠭᠡ ᠬᠥᠰᠬᠡ ᠶᠢᠨ ᠭᠦᠨᠴᠡ ᠲᠠᠢ ᠵᠠᠰᠠᠯᠲᠠ ᠶᠢ ᠠᠬᠢᠭᠤᠯᠤᠨ᠎ᠠ᠃ ︽ᠤᠨᠨᠳᠠᠷᠭᠤᠢ ᠭᠠᠵᠠᠷ ᠲᠡᠷᠬᠡ ᠪᠠ ᠭᠦᠮᠦᠨ︾᠎ ᠢ ᠨᠢᠭᠡ ᠴᠣᠭᠴᠠᠵᠢᠭᠤᠯᠤᠭᠰᠠᠨ ᠮᠠᠰᠢᠨᠲᠤ ᠲᠡᠷᠭᠡᠨ ᠤ  ᠪᠤᠬᠢᠷᠳᠤᠯ ᠭᠠᠳ᠋ᠬᠠᠰᠢᠯᠠᠭᠤᠯᠬᠤ ᠶᠢ ᠨᠢ ᠬᠢᠨᠠᠨ ᠡᠵᠡᠮᠰᠢᠬᠦ ᠰᠢᠰᠲ᠋ᠧᠮ ᠢ ᠪᠠᠶᠢᠭᠤᠯᠵᠤ᠂ ᠮᠠᠰᠢᠨᠲᠤ ᠲᠡᠷᠭᠡᠨ ᠤ ᠠᠯᠤᠰ  ᠮᠡᠳᠡᠷᠡᠮᠵᠢᠳᠦ ᠬᠢᠨᠠᠨ ᠰᠢᠨᠵᠢᠬᠦ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠶᠢᠨ ᠬᠠᠮᠲᠤ ᠭᠤᠷᠪᠠᠨ ᠱᠠᠲᠤ ᠪᠠᠷ ᠰᠦᠯᠵᠢᠶ᠎ᠡ ᠪᠠᠨ ᠬᠤᠯᠪᠣᠬᠤ ᠶᠢ ᠪᠡᠶᠡᠯᠡᠭᠦᠯᠵᠦ᠂ ᠬᠢᠨᠠᠨ ᠰᠢᠨᠵᠢᠭᠰᠡᠨ ᠲᠤᠭ᠎ᠠ ᠪᠠᠷᠢᠮᠲᠠ ᠶᠢ ᠴᠠᠭ ᠲᠤ ᠨᠢ ᠳᠠᠮᠵᠢᠭᠤᠯᠤᠨ᠎ᠠ᠃ I/M ᠲᠦᠷᠢᠮ ᠢ ᠬᠡᠷᠡᠭᠵᠢᠭᠦᠯᠵᠦ᠂ ᠠᠮᠢ ᠠᠬᠤᠶ ᠣᠷᠴᠢᠨ ᠲᠣᠭᠤᠷᠢᠨ ᠤ ᠰᠠᠯᠠᠭ᠎ᠠ ᠮᠥᠴᠢᠷ ᠨᠢ ᠪᠠᠶᠢᠴᠠᠭᠠᠨ ᠰᠢᠯᠭᠠᠵᠤ ᠭᠡᠷᠡᠴᠢ ᠠᠪᠬᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠲᠤᠷᠭᠠᠭᠤᠯᠢ ᠰᠢᠢᠳᠬᠡᠯ ᠢ ᠬᠡᠷᠡᠭᠵᠢᠭᠦᠯᠬᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠎ ᠨᠢ ᠬᠢᠨᠠᠯᠲᠠ ᠲᠠᠯᠪᠢᠵᠦ ᠰᠡᠯᠪᠢᠨ ᠵᠠᠰᠠᠬᠤ ᠎ ᠳᠤ ᠬᠠᠮᠲᠤᠷᠠᠨ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠵᠠᠭᠪᠤᠷ ᠢ ᠬᠡᠷᠡᠭᠵᠢᠭᠦᠯᠦᠨ᠎ᠡ᠃ ᠴᠠᠶᠢᠶ᠋ᠢᠦ ᠲᠤᠰᠤ ᠰᠢᠳᠠᠭᠠᠬᠤ ᠬᠦᠨᠳᠦ ᠬᠡᠯᠪᠡᠷᠢ ᠶᠢᠨ ᠠᠴᠢᠶᠠᠨ ᠤ ᠲᠡᠷᠭᠡ ᠶᠢ ᠠᠯᠤᠰ ᠠᠴᠠ ᠬᠢᠨᠠᠨ ᠡᠵᠡᠮᠰᠢᠬᠦ ᠰᠢᠰᠲ᠋ᠧᠮ ᠤᠨ ᠪᠦᠲᠦᠭᠡᠨ ᠪᠠᠶᠢᠭᠤᠯᠤᠯᠲᠠ ᠵᠢᠴᠢ ᠲᠤᠷᠰᠢᠯᠲᠠ ᠶᠢᠨ ᠴᠡᠭ ᠤᠨ ᠠᠵᠢᠯ ᠢ ᠠᠬᠢᠭᠤᠯᠵᠤ᠂ ᠪᠣᠬᠢᠷᠲᠤᠯ ᠤᠨ ᠭᠠᠳ᠋ᠬᠠᠰᠢᠯᠠᠭᠤᠯᠤᠯᠳᠠ ᠶᠡᠬᠡᠳᠡᠢ ᠲᠡᠷᠭᠡ ᠬᠥᠰᠬᠡ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠳᠠᠪᠲᠠᠮᠵᠢ ᠤᠳᠠᠭ᠎ᠠ ᠶᠢ ᠨᠡᠮᠡᠭᠳᠡᠬᠦᠯᠦᠨ᠂ ᠨᠠᠮᠤᠷ ᠡᠪᠦᠯ ᠤᠨ ᠤᠯᠠᠷᠢᠯ ᠳᠤ ᠭᠤᠤᠯᠳᠠᠯᠭ᠎ᠠ ᠲᠠᠢ ᠣᠷᠣᠨ ᠪᠦᠰᠡ ᠶᠢᠨ ᠴᠠᠶᠢᠶ᠋ᠢᠦ ᠲᠤᠰᠤ ᠰᠢᠳᠠᠭᠠᠬᠤ ᠲᠡᠷᠬᠡᠨ ᠳᠤ ᠰᠤᠭᠤᠴᠢᠨ ᠪᠠᠶᠢᠴᠠᠭᠠᠬᠤ ᠲᠤᠭ᠎ᠠ ᠶᠢ ᠲᠤᠬᠠᠢ ᠶᠢᠨ ᠭᠠᠵᠠᠷ ᠤᠨ ᠴᠠᠶᠢᠶ᠋ᠢᠦ ᠲᠤᠰᠤ ᠰᠢᠳᠠᠭᠠᠬᠤ ᠲᠡᠷᠬᠡᠨ ᠤ  ᠪᠠᠳᠤᠯᠠᠬᠤ ᠬᠡᠮᠵᠢᠶ᠎ᠡ ᠶᠢᠨ 80%᠎ ᠠᠴᠠ ᠳᠣᠤᠷ᠎ᠠ ᠦᠭᠡᠢ ᠪᠠᠶᠢᠯᠭᠠᠵᠦ᠂ ᠪᠤᠰᠤᠳ ᠣᠷᠣᠨ ᠪᠦᠰᠡ ᠳᠤ 50%᠎ ᠠᠴᠠ ᠳᠣᠤᠷ᠎ᠠ ᠦᠭᠡᠢ ᠪᠠᠶᠢᠯᠭᠠᠨ᠂ ᠪᠣᠬᠢᠷᠲᠤᠯ ᠤᠨ ᠭᠠᠳ᠋ᠬᠠᠰᠢᠯᠠᠭᠤᠯᠤᠯᠳᠠ ᠶᠡᠬᠡᠳᠡᠢ ᠲᠡᠷᠭᠡ ᠬᠥᠰᠬᠡ ᠶᠢᠨ ᠠᠶᠠᠯᠠᠬᠤ ᠶᠢ ᠬᠤᠷᠢᠨᠨᠯᠬᠠᠰᠠᠨ ᠣᠷᠣᠨ ᠳᠤ ᠣᠷᠣᠬᠤ ᠶᠢ ᠴᠢᠩᠭ᠎ᠠ ᠬᠠᠮᠢᠶᠠᠷᠤᠨ ᠡᠵᠡᠮᠰᠢᠨ᠎ᠡ᠃      ᠲᠦᠷᠦᠭᠦᠯᠡᠨ ᠬᠢᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠳᠠ ᠶᠢᠨ ᠲᠣᠪᠴᠢᠶ᠎ᠠ      ᠪᠡᠶᠡᠯᠡᠬᠦᠯᠬᠦ ᠴᠠᠭ ᠬᠤᠭᠤᠴᠠᠭ᠎ᠠ᠄  2020 ᠣᠨ ᠤ ᠰᠡᠭᠦᠯᠴᠢ ᠠᠴᠠ ᠡᠮᠦᠨ᠎ᠡ      ︵ᠲᠦᠷᠪᠡ︶  ᠲᠤᠭᠤᠰᠤᠨ ᠪᠤᠬᠢᠷᠳᠤᠯ ᠢ ᠵᠠᠰᠠᠬᠤ ᠡᠷᠴᠢᠮ ᠢᠶᠠᠨ ᠴᠢᠩᠭᠠᠷᠠᠭᠤᠯᠤᠨ᠎ᠠ᠃      9. ᠪᠠᠷᠢᠯᠭ᠎ᠠ ᠶᠢᠨ ᠲᠤᠭᠤᠰᠤᠨ ᠪᠤᠬᠢᠷᠳᠤᠯ ᠢ ᠴᠢᠩᠭ᠎ᠠ ᠬᠢᠨᠠᠨ ᠬᠠᠮᠢᠶᠠᠷᠤᠨ᠎ᠠ᠃ ᠬᠤᠰᠢᠭᠤ ᠰᠢᠶᠠᠨ ᠤ ᠱᠠᠳᠤ ᠵᠢᠴᠢ    ᠲᠡᠭᠦᠨ ᠠᠴᠠ ᠳᠡᠭᠡᠭᠰᠢᠬᠢ ᠬᠤᠲᠠ ᠶᠢᠨ ᠪᠠᠶᠢᠭᠤᠯᠤᠭᠰᠠᠨ ᠲᠣᠭᠤᠷᠢᠭ ᠲᠠᠬᠢ ᠡᠯ᠎ᠡ ᠲᠥᠷᠥᠯ ᠤᠨ ᠪᠠᠷᠢᠯᠭ᠎ᠠ ᠶᠢᠨ ᠭᠠᠵᠠᠷ ᠨᠢ ︽ᠵᠢᠷᠭᠤᠭᠠᠨ ᠵᠦᠢᠯ ᠢ ᠵᠠᠭᠤᠨ ᠤ ᠵᠠᠭᠤ ᠶᠢᠨ ᠪᠠᠷᠢᠮᠵᠢᠶ᠎ᠠ ᠳᠤ ᠭᠦᠷᠦᠭᠦᠯᠬᠦ︾᠎ ᠶᠢ ᠪᠡᠶᠡᠯᠡᠬᠦᠯᠬᠦ ᠬᠡᠷᠡᠭᠳᠡᠢ᠃ ᠲᠤᠰᠬᠠᠶ ᠣᠷᠣᠨ  ᠤ ᠲᠡᠰ ᠤᠨ ᠬᠤᠲᠠ ᠶᠢᠨ ᠪᠠᠶᠢᠭᠤᠯᠤᠭᠰᠠᠨ ᠲᠣᠭᠤᠷᠢᠭ ᠤᠨ ᠵᠠᠮ ᠳᠠᠬᠢ ᠮᠧᠬᠠᠨᠢᠨᠨᠵᠢᠭᠤᠯᠤᠨ ᠴᠡᠪᠡᠷᠯᠡᠬᠦ ᠨᠣᠷᠮ᠎ᠠ ᠶᠢ 70%  ᠬᠦᠷᠦᠭᠦᠯᠵᠦ᠂ ᠰᠢᠶᠠᠨ ᠤ ᠬᠤᠲᠠ ᠳᠠᠬᠢ ᠶᠢ 60% ᠬᠦᠷᠦᠭᠦᠯᠦᠨ᠎ᠡ᠃      ᠲᠦᠷᠦᠭᠦᠯᠡᠨ ᠬᠢᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ      ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ      ᠪᠡᠶᠡᠯᠡᠬᠦᠯᠬᠦ ᠴᠠᠭ ᠬᠤᠭᠤᠴᠠᠭ᠎ᠠ᠄  2020 ᠣᠨ ᠤ ᠰᠡᠭᠦᠯᠴᠢ ᠠᠴᠠ ᠡᠮᠦᠨ᠎ᠡ      ︵ᠲᠠᠪᠤ︶ ᠦᠬᠠᠶ ᠬᠤᠲᠠ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠵᠦ ᠬᠤᠯᠪᠣᠭᠠᠯᠠᠨ ᠵᠠᠰᠠᠬᠤ ᠶᠢ ᠴᠢᠩᠭᠠᠷᠠᠭᠤᠯᠤᠨ᠎ᠠ᠃      10. ᠦᠬᠠᠶ ᠬᠤᠲᠠ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ  ᠲᠦᠯᠦᠪᠵᠢᠬᠦᠯᠬᠡ ᠶᠢ ᠨᠠᠶᠢᠷᠠᠭᠤᠯᠤᠨ ᠵᠣᠬᠢᠶᠠᠵᠤ᠂ ᠨᠡᠭᠦᠷᠡᠰᠦᠨ ᠴᠢᠯᠠᠭᠤ᠂ ᠨᠡᠭᠦᠷᠡᠰᠦᠨ ᠠᠭᠤᠷᠬᠠᠶ ᠶᠢᠨ ᠠᠶᠠᠨᠳᠠᠭᠠᠨ ᠨᠤᠴᠤᠵᠦ  ᠰᠢᠳᠠᠬᠤ᠂ ᠰᠢᠬᠠᠳᠠᠰᠤ ᠶᠢᠨ ᠲᠠᠯᠠᠪᠠᠶ ᠶᠢ ᠶᠡᠷᠦᠩᠬᠡᠶᠢᠯᠡᠨ ᠵᠠᠰᠠᠬᠤ ᠶᠢ ᠴᠢᠩᠭᠠᠷᠠᠭᠤᠯᠤᠨ᠂ ᠪᠣᠬᠢᠷᠲᠤᠯ ᠥᠬᠡᠶ ᠠᠭᠤᠷᠬᠠᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠠᠭᠠᠷ ᠮᠠᠨᠳᠠᠯ ᠳᠤ ᠭᠠᠳ᠋ᠬᠠᠰᠢᠯᠠᠭᠤᠯᠬᠤ ᠪᠣᠬᠢᠷᠲᠤᠯ ᠪᠤᠳᠠᠰ ᠤᠨ ᠶᠡᠷᠦᠩᠬᠡᠢ ᠬᠡᠮᠵᠢᠶ᠎ᠡ ᠶᠢ ᠡᠵᠡᠮᠰᠢᠬᠦ ᠲᠦᠷᠢᠮ ᠢ ᠬᠡᠷᠡᠭᠵᠢᠬᠦᠯᠦᠨ᠂ ᠪᠤᠬᠢᠷᠳᠤᠯ ᠶᠡᠬᠡᠳᠡᠢ ᠠᠵᠢᠯ ᠲᠦᠷᠦᠯ ᠤᠨ ᠬᠡᠪᠴᠢᠶ᠎ᠡ ᠶᠢ ᠬᠢᠵᠠᠭᠠᠷᠯᠠᠬᠤ ᠪᠠᠨ ᠴᠢᠩᠭᠠᠳᠬᠠᠵᠦ᠂ ᠭᠤᠤᠯᠳᠠᠯᠭ᠎ᠠ ᠲᠠᠢ ᠠᠵᠢᠯ ᠲᠦᠷᠦᠯ ᠤᠨ ᠤᠨᠴᠠᠭᠠᠢ ᠭᠠᠳ᠋ᠬᠠᠰᠢᠯᠠᠭᠤᠯᠬᠤ ᠬᠡᠮᠵᠢᠭᠳᠡᠯ ᠢ ᠴᠢᠩᠭ᠎ᠠ ᠬᠡᠷᠡᠭᠵᠢᠬᠦᠯᠦᠨ᠂ ᠤᠷᠤᠨ ᠪᠦᠰᠡ ᠶᠢᠨ ᠴᠢᠨᠠᠷᠳᠠᠢ ᠤᠯᠠᠨ ᠪᠤᠬᠢᠷᠳᠤᠯ ᠪᠤᠳᠠᠰ ᠢ ᠬᠠᠮᠵᠢᠯᠴᠠᠨ ᠬᠢᠵᠠᠭᠠᠷᠯᠠᠬᠤ ᠶᠢ ᠠᠬᠢᠭᠤᠯᠤᠨ᠎ᠠ᠃ ᠵᠢᠵᠢᠭ ᠮᠥᠬᠦᠯᠢᠭᠲᠦ ᠪᠣᠳᠠᠰ ︵PM2.5︶᠎ ᠤᠨ ᠪᠠᠷᠢᠮᠵᠢᠶ᠎ᠠ ᠳᠤ ᠭᠦᠷᠬᠡᠭᠰᠡᠨ ᠠᠩᠬᠠᠨ ᠤ ᠦᠷ᠎ᠡ ᠪᠦᠳᠦᠮᠵᠢ ᠶᠢ ᠪᠠᠬᠢᠵᠢᠬᠦᠯᠵᠦ᠂ ᠤᠷᠤᠨ ᠪᠦᠰᠡ ᠶᠢᠨ ᠤᠷᠴᠢᠨ ᠲᠤᠭᠤᠷᠢᠨ ᠤ ᠶᠠᠰᠤ ᠴᠢᠨᠠᠷ ᠤᠨ ᠲᠠᠰᠤᠷᠠᠯᠳᠠ ᠦᠬᠡᠢ ᠰᠠᠶᠢᠵᠢᠷᠠᠬᠤ ᠶᠢ ᠠᠬᠢᠭᠤᠯᠤᠨ᠎ᠠ᠃      ᠲᠦᠷᠦᠭᠦᠯᠡᠨ ᠬᠢᠬᠦ ᠰᠠᠯᠠᠭ᠎ᠠ ᠮᠥᠴᠢᠷ᠄ ᠦᠪᠡᠷᠳᠡᠬᠡᠨ ᠵᠠᠰᠠᠬᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠡᠨᠧᠷᠬᠢ ᠶᠢᠨ ᠲᠤᠪᠴᠢᠶ᠎ᠠ      ᠬᠠᠮᠵᠢᠯᠴᠠᠬᠤ ᠰᠠᠯᠠᠭ᠎ᠠ ᠮᠥᠴᠢᠷ᠄  ᠦᠪᠡᠷᠳᠡᠬᠡᠨ ᠵᠠᠰᠠᠬᠤ ᠤᠷᠤᠨ ᠤ ᠭᠦᠭᠵᠢᠬᠦᠯᠦᠯᠳᠡ ᠪᠠ ᠦᠬᠡᠷᠡᠴᠢᠯᠡᠯᠳᠡ ᠶᠢᠨ ᠵᠦᠪᠯᠡᠯ᠂ ᠠᠵᠦ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ      ᠪᠡᠶᠡᠯᠡᠬᠦᠯᠬᠦ ᠴᠠᠭ ᠬᠤᠭᠤᠴᠠᠭ᠎ᠠ᠄ ᠬᠢᠵᠠᠭᠠᠷᠯᠠᠵᠦ ᠲᠤᠨᠨᠳᠠᠭᠠᠨᠨᠰᠠᠨ ᠴᠠᠭ ᠲᠤ ᠪᠠᠨ ᠪᠡᠶᠡᠯᠡᠬᠦᠯᠦᠨ᠎ᠠ      ︵ᠵᠢᠷᠭᠤᠭ᠎ᠠ︶ ᠬᠦᠨᠳᠦ ᠪᠣᠬᠢᠷᠲᠤᠯ ᠲᠠᠢ ᠠᠭᠤᠷ ᠠᠮᠢᠰᠬᠤᠯ ᠢ ᠪᠦᠲᠦᠮᠵᠢᠲᠡᠶ ᠠᠷᠭᠠᠴᠠᠭᠠᠨ᠎ᠠ᠃      11. ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠳᠤ ᠲᠦᠷᠬᠡᠬᠡᠨ ᠵᠠᠰᠠᠪᠤᠷᠢ ᠣᠷᠣᠭᠤᠯᠬᠤ ᠶᠢᠨ ᠬᠠᠮᠲᠤ ᠴᠢᠩᠭ᠎ᠠ ᠬᠡᠷᠡᠭᠵᠢᠬᠦᠯᠦᠨ᠎ᠠ᠃ ᠰᠡᠷᠡᠮᠵᠢᠯᠡᠭᠦᠯᠬᠦ ᠪᠠᠷᠢᠮᠵᠢᠶ᠎ᠠ ᠶᠢ ᠨᠢᠬᠡᠳᠬᠡᠬᠦ ᠪᠠ ᠠᠵᠢᠯ ᠤᠨ ᠠᠮᠵᠢᠯᠲᠠ ᠪᠦᠲᠦᠮᠵᠢ ᠶᠢ ᠱᠠᠲᠤ ᠬᠤᠪᠢᠶᠠᠨ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠦᠨ᠎ᠡ᠃ ᠬᠠᠶ᠋ᠬᠠᠳᠠᠮᠠᠯ ᠬᠡᠢ ᠳᠤ ᠬᠤᠯᠪᠣᠭᠳᠠᠭᠰᠠᠨ ᠠᠵᠤ ᠠᠬᠤᠶᠢᠯᠠᠯ ᠪᠦᠬᠦᠨ ᠢ ᠪᠠᠴᠢᠮ ᠪᠠᠶᠢᠳᠠᠯ ᠢ ᠠᠷᠭᠠᠴᠠᠭᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠪᠠᠨ ᠪᠠᠭᠠᠰᠬᠠᠬᠤ ᠨᠠᠷᠢᠨ ᠬᠠᠭᠤᠳᠠᠰᠤᠨ ᠳᠤ ᠤᠷᠤᠭᠤᠯᠵᠦ᠂ ︽ᠦᠢᠯᠡᠳᠪᠦᠷᠢ ᠪᠤᠯᠭᠠᠨ ᠳᠤ ᠨᠢᠬᠡ ᠲᠤᠬᠢᠷᠬᠠᠰᠠᠨ ᠠᠷᠭ᠎ᠠ ᠬᠡᠷᠡᠭᠵᠢᠬᠦᠯᠳᠡᠭ︾ ᠪᠠᠴᠢᠮ ᠪᠠᠶᠢᠳᠠᠯ ᠢ ᠠᠷᠭᠠᠴᠠᠭᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯᠯᠠᠭᠠᠨ ᠤ ᠲᠥᠰᠦᠯ ᠢ ᠲᠦᠬᠡᠮᠡᠯᠵᠢᠬᠦᠯᠦᠨ᠎ᠠ᠃ᠬᠥᠬᠡᠬᠤᠲᠠ᠂ ᠪᠤᠭᠤᠲᠤ ᠬᠤᠲᠠ᠂ ᠪᠠᠶᠠᠨᠨᠠᠭᠤᠷ ᠬᠤᠲᠠ ᠨᠢ 2020 ᠣᠨ ᠤ 3 ᠳ᠋ᠤᠭᠠᠷ ᠰᠠᠷ᠎ᠠ ᠶᠢᠨ 30᠎ ᠤ ᠡᠳᠦᠷ ᠠᠴᠠ  ᠡᠮᠤᠨ᠎ᠠ ᠪᠠᠴᠢᠮ ᠪᠠᠶᠢᠳᠠᠯ ᠢ  ᠠᠷᠭᠠᠴᠠᠭᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ  ᠲᠦᠷᠦᠯ ᠵᠦᠢᠯ ᠤᠨ ᠨᠠᠷᠢᠨ ᠬᠠᠭᠤᠳᠠᠰᠤ ᠶᠢ ᠲᠣᠭᠲᠠᠭᠠᠨ ᠳᠠᠭᠤᠰᠬᠠᠵᠤ᠂ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ  ︽ᠦᠢᠯᠡᠳᠪᠦᠷᠢ ᠪᠤᠯᠭᠠᠨ ᠳᠤ ᠨᠢᠬᠡ ᠲᠤᠬᠢᠷᠬᠠᠰᠠᠨ ᠠᠷᠭ᠎ᠠ ᠬᠡᠷᠡᠭᠵᠢᠬᠦᠯᠳᠡᠭ︾ ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠭᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠲᠥᠰᠦᠯ ᠢ ᠲᠤᠨᠨᠳᠠᠭᠠᠨ ᠲᠠᠭᠤᠰᠬᠠᠵᠦ᠂ ᠲᠣᠰ ᠱᠠᠲᠤᠨ ᠤ ᠬᠦᠨᠳᠦ ᠪᠣᠬᠢᠷᠲᠤᠯ ᠲᠠᠢ ᠠᠭᠤᠷ ᠠᠮᠢᠰᠬᠤᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢᠶᠠᠨ ᠨᠡᠶᠢᠲᠡᠯᠡᠨ ᠬᠡᠷᠡᠭᠵᠢᠭᠦᠯᠦᠨ᠎ᠡ︔ ᠪᠤᠰᠤᠳ ᠠᠶᠢᠮᠠᠭ ᠬᠤᠲᠠ ᠶᠢᠨ ᠬᠦᠨᠳᠦ ᠪᠣᠬᠢᠷᠲᠤᠯ ᠲᠠᠢ ᠠᠭᠤᠷ ᠠᠮᠢᠰᠬᠤᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢᠶᠠᠨ 7 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠡᠳᠡᠬᠡᠷ ᠲᠤ ᠪᠦᠭᠦᠨ ᠢ ᠵᠠᠰᠠᠪᠤᠷᠢ ᠣᠷᠣᠭᠤᠯᠬᠤ ᠶᠢᠨ ᠬᠠᠮᠲᠤ ᠨᠡᠶᠢᠳᠡᠯᠡᠨ ᠬᠡᠷᠡᠭᠵᠢᠭᠦᠯᠦᠨ᠎ᠡ᠃ ᠪᠠᠴᠢᠮ ᠪᠠᠶᠢᠳᠠᠯ ᠢ ᠠᠷᠭᠠᠴᠠᠭᠠᠬᠤ ᠶᠢᠨ ᠱᠠᠲᠤ ᠬᠤᠪᠢᠶᠠᠨ ᠳᠠᠭᠠᠬᠤ ᠬᠤᠭᠤᠴᠠᠭᠠᠨ ᠳᠤ᠂ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠨᠨᠰᠠᠨ ᠬᠠᠷᠢᠴᠠᠯ ᠢ ᠪᠦᠬᠦ ᠨᠡᠶᠢᠭᠡᠮ ᠤᠨ ᠭᠠᠳᠠᠭᠰᠢᠯᠠᠭᠤᠯᠬᠤ ᠬᠡᠮᠵᠢᠶᠡᠨ ᠤ 10%᠂ 20%᠂ 30%᠎ ᠳᠤ ᠬᠦᠷᠦᠭᠦᠯᠦᠨ᠎ᠡ᠃      ᠲᠦᠷᠦᠭᠦᠯᠡᠨ ᠬᠢᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ      ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ  ᠵᠦᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ᠂ ᠡᠨᠧᠷᠭᠢ ᠶᠢᠨ ᠲᠣᠪᠴᠢᠶ᠎ᠠ᠂ ᠪᠠᠴᠢᠮ  ᠪᠠᠶᠢᠳᠠᠯ ᠢ ᠠᠷᠭᠠᠴᠠᠭᠠᠬᠤ ᠲᠢᠩᠬᠢᠮ᠂ ᠥᠪᠥᠷ ᠮᠣᠩᠭᠤᠯ ᠤᠨ ᠴᠠᠭ ᠠᠭᠤᠷ ᠤᠨ ᠲᠣᠪᠴᠢᠶ᠎ᠠ      ᠪᠡᠶᠡᠯᠡᠬᠦᠯᠬᠦ ᠴᠠᠭ ᠬᠤᠭᠤᠴᠠᠭ᠎ᠠ᠄ 2020 ᠣᠨ ᠤ ᠰᠡᠭᠦᠯᠴᠢ ᠠᠴᠠ ᠡᠮᠦᠨ᠎ᠡ      12. ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠵᠤ᠂ ᠡᠰᠢ ᠰᠦᠷᠡᠯ ᠢ ᠬᠡᠬᠡᠷ᠎ᠡ ᠭᠠᠳᠠᠭ᠎ᠠ ᠰᠢᠲᠠᠭᠠᠬᠤ ᠶᠢ ᠪᠦᠬᠦ ᠲᠠᠯ᠎ᠠ ᠪᠠᠷ ᠬᠤᠷᠢᠨᠨᠯᠠᠨ᠎ᠠ᠃ ︽ᠵᠤᠬᠢᠴᠠᠭᠤᠯᠬᠤ ᠪᠠ ᠰᠶᠢᠳᠪᠦᠷᠢᠯᠡᠬᠦ ᠶᠢ ᠤᠶᠠᠯᠳᠤᠭᠤᠯᠵᠤ᠂ ᠬᠡᠷᠡᠭᠯᠡᠬᠦ ᠪᠠᠷ ᠬᠤᠷᠢᠨᠨᠯᠠᠬᠤ ᠶᠢ ᠠᠬᠢᠭᠤᠯᠬᠤ︾ ᠵᠠᠷᠴᠢᠮ ᠢ ᠪᠠᠷᠢᠮᠳᠠᠯᠠᠵᠦ᠂ ᠲᠦᠮᠡᠳ ᠤᠨ ᠲᠠᠯ᠎ᠠ ᠭᠠᠵᠠᠷ ᠲᠤ ᠡᠰᠢ ᠰᠦᠷᠡᠯ ᠰᠢᠲᠠᠭᠠᠬᠤ ᠶᠢ  ᠬᠤᠷᠢᠨᠨᠯᠠᠬᠤ ᠠᠵᠢᠯ ᠢ ᠨᠢᠬᠡᠳᠦᠯᠳᠡᠢ ᠲᠥᠯᠥᠪᠯᠡᠨ ᠠᠬᠢᠭᠤᠯᠵᠤ᠂ ᠡᠰᠢ ᠰᠦᠷᠡᠯ ᠢ ᠬᠡᠬᠡᠷ᠎ᠡ ᠭᠠᠳᠠᠭ᠎ᠠ ᠰᠢᠲᠠᠭᠠᠬᠤ ᠶᠢ ᠡᠷᠡᠰ ᠬᠤᠷᠢᠭᠯᠠᠨ᠎ᠠ᠃ ᠡᠰᠢ ᠰᠦᠢᠷᠡᠯ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 85% ᠲᠠᠪᠠᠭᠤᠯᠵᠦ᠂ ᠬᠡᠬᠡᠷ᠎ᠡ ᠭᠠᠳᠠᠭ᠎ᠠ ᠭᠠᠯ ᠲᠦᠢᠮᠡᠷ ᠭᠠᠷᠬᠤ ᠶᠢ ᠡᠷᠡᠰ ᠬᠤᠷᠢᠭᠯᠠᠨ᠎ᠠ᠃      ᠲᠦᠷᠦᠭᠦᠯᠡᠨ ᠬᠢᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠭᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ᠂ ᠠᠮᠢ ᠠᠬᠤᠶ  ᠤᠷᠴᠢᠨ ᠲᠤᠭᠤᠷᠢᠨ ᠤ ᠲᠢᠩᠬᠢᠮ      ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠦᠪᠦᠷ ᠮᠣᠩᠭᠤᠯ ᠤᠨ ᠴᠠᠭ ᠠᠭᠤᠷ ᠤᠨ ᠲᠣᠪᠴᠢᠶ᠎ᠠ      13. ᠫᠤᠤᠵᠢᠩ ᠲᠠᠯᠪᠢᠬᠤ ᠶᠢ ᠬᠤᠷᠢᠨᠨᠯᠠᠬᠤ ︵ᠬᠢᠵᠠᠭᠠᠷᠯᠠᠬᠤ︶ ᠲᠠᠯ᠎ᠠ ᠳᠤ ᠵᠠᠬᠢᠷᠤᠨ ᠬᠠᠮᠢᠶᠠᠷᠬᠤ ᠶᠢ ᠬᠡᠷᠡᠭᠵᠢᠭᠦᠯᠦᠨ᠎ᠡ᠃ ᠴᠢᠬᠤᠯᠠ ᠪᠠᠶᠠᠷ ᠳᠤᠷᠠᠰᠬᠠᠯ ᠠᠮᠠᠷᠠᠯᠲᠠ ᠤᠨ ᠡᠳᠦᠷ ᠫᠤᠤᠵᠢᠩ ᠲᠠᠯᠪᠢᠬᠤ ᠶᠢ ᠬᠤᠷᠢᠨᠨᠯᠠᠬᠤ ︵ᠬᠢᠵᠠᠭᠠᠷᠯᠠᠬᠤ︶᠂ ᠦᠢᠯᠡᠳᠪᠦᠷᠢᠯᠡᠬᠦ᠂ ᠪᠣᠷᠣᠯᠠᠭᠤᠯᠬᠤ ᠪᠠ ᠰᠢᠲᠠᠭᠠᠬᠤ ᠪᠦᠬᠦ ᠶᠠᠪᠤᠴᠠ ᠪᠦᠭᠦᠶᠢᠯᠡ  ᠬᠡᠯᠬᠢᠶ᠎ᠡ ᠪᠠᠷ ᠬᠠᠮᠢᠶᠠᠷᠬᠤ ᠶᠢ ᠬᠡᠷᠡᠭᠵᠢᠬᠦᠯᠦᠨ᠎ᠠ᠃      9 ᠳ᠋ᠤᠬᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠤᠯᠠᠭᠠᠨᠬᠠᠳᠠ ᠬᠤᠲᠠ᠂ ᠲᠦᠩᠯᠢᠶᠣᠤ ᠬᠤᠲᠠ᠂ ᠰᠢᠯᠢ ᠶᠢᠨ ᠭᠤᠤᠯ ᠠᠶᠢᠮᠠᠭ᠂ ᠤᠯᠠᠭᠠᠨᠴᠠᠪ ᠬᠤᠲᠠ᠂ ᠣᠷᠳᠣᠰ ᠬᠤᠲᠠ᠂ ᠠᠯᠠᠱᠠ ᠠᠶᠢᠮᠠᠭ ᠨᠢ ᠫᠤᠤᠵᠢᠩ ᠲᠠᠯᠪᠢᠬᠤ ᠶᠢ ᠬᠤᠷᠢᠨᠨᠯᠠᠬᠤ ᠲᠥᠰᠦᠯ ᠢ  ᠲᠤᠨᠨᠳᠠᠭᠠᠬᠤ ᠬᠡᠷᠡᠭᠳᠡᠢ᠃      ᠲᠦᠷᠦᠭᠦᠯᠡᠨ ᠬᠢᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ      ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠥᠪᠥᠷ ᠮᠣᠩᠭᠤᠯ ᠤᠨ ᠴᠠᠭ ᠠᠭᠤᠷ ᠤᠨ ᠲᠣᠪᠴᠢᠶ᠎ᠠ      ᠪᠡᠶᠡᠯᠡᠬᠦᠯᠬᠦ ᠴᠠᠭ ᠬᠤᠭᠤᠴᠠᠭ᠎ᠠ᠄ ᠦᠷᠭᠦᠯᠵᠢᠯᠡᠨ ᠠᠬᠢᠭᠤᠯᠤᠨ᠎ᠠ      ︵ᠳᠣᠯᠤᠭ᠎ᠠ︶ ᠪᠣᠬᠢᠷᠲᠤᠯ ᠪᠣᠳᠠᠰ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠪᠠᠨ ᠴᠢᠩᠭᠠᠷᠠᠭᠤᠯᠤᠨ᠎ᠠ᠃      14. ᠠᠭᠠᠷ ᠮᠠᠨᠳᠠᠯ ᠤᠨ ᠭᠤᠤᠯ ᠪᠤᠯᠬᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠡᠭᠦᠷᠭᠡ ᠎ ᠪᠠᠨ ᠪᠡᠶᠡᠯᠡᠬᠦᠯᠦᠨ᠎ᠠ᠃ ᠡᠯ᠎ᠡ ᠠᠶᠢᠮᠠᠭ ᠬᠤᠲᠠ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ  ᠪᠠᠭᠤᠯᠭᠠᠨᠨᠰᠠᠨ ᠪᠣᠬᠢᠷᠲᠤᠯ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ ᠪᠠᠭᠠᠰᠬᠠᠬᠤ ᠬᠠᠷᠠᠯᠲᠠ ᠶᠢᠨ ᠶᠣᠰᠣᠭᠠᠷ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠣᠨ ᠤ ᠲᠥᠯᠥᠪᠯᠡᠭᠡ ᠶᠢ ᠲᠣᠭᠲᠠᠭᠠᠨ ᠬᠡᠷᠡᠭᠵᠢᠬᠦᠯᠵᠦ᠂ ᠠᠭᠠᠷ ᠮᠠᠨᠳᠠᠯ ᠤᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠭᠤᠤᠯᠳᠠᠯᠭ᠎ᠠ ᠲᠠᠢ ᠢᠨᠵᠧᠨᠧᠷᠢᠩ ᠢ ᠪᠦᠬᠦ ᠬᠦᠴᠦᠨ ᠢᠶᠠᠷ ᠠᠬᠢᠭᠤᠯᠤᠨ᠂ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠣᠨ ᠤ ᠬᠠᠷᠠᠯᠳᠠᠳᠤ ᠡᠭᠦᠷᠭᠡ ᠪᠠᠨ ᠪᠡᠶᠡᠯᠡᠭᠦᠯᠬᠦ ᠶᠢ  ᠦᠨᠡᠨ ᠬᠦ ᠪᠠᠳᠤᠯᠠᠨ᠎ᠠ᠃      ᠲᠦᠷᠦᠭᠦᠯᠡᠨ ᠬᠢᠬᠦ ᠰᠠᠯᠠᠭ᠎ᠠ ᠮᠥᠴᠢᠷ᠄  ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ      ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ᠂ ᠵᠠᠮ  ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ      ᠪᠡᠶᠡᠯᠡᠬᠦᠯᠬᠦ ᠴᠠᠭ ᠬᠤᠭᠤᠴᠠᠭ᠎ᠠ᠄ 2020 ᠣᠨ ᠤ ᠰᠡᠭᠦᠯᠴᠢ ᠠᠴᠠ ᠡᠮᠦᠨ᠎ᠡ     ᠳᠥᠷᠪᠡ᠂ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠭᠤᠤᠯᠳᠠᠯᠭ᠎ᠠ ᠲᠠᠢ ᠡᠭᠦᠷᠭᠡ      ︵ᠨᠢᠭᠡ︶ ᠭᠤᠤᠯ ᠮᠥᠷᠡᠨ ᠨᠠᠭᠤᠷ ᠴᠥᠭᠦᠷᠥᠮ ᠤᠨ ᠤᠰᠤᠨ ᠤ ᠴᠢᠨᠠᠷ ᠢ ᠪᠥᠬᠦ ᠲᠠᠯ᠎ᠠ ᠪᠠᠷ ᠰᠠᠶᠢᠵᠢᠷᠠᠭᠤᠯᠤᠨ᠎ᠠ᠃      15. ᠪᠠᠷᠢᠮᠵᠢᠶ᠎ᠠ ᠳᠤ ᠬᠦᠷᠬᠦ ᠦᠭᠡᠢ ᠤᠰᠤᠨ ᠴᠣᠭᠴᠠ ᠶᠢᠨ ᠵᠠᠰᠠᠬᠤ ᠠᠵᠢᠯ ᠢ ᠰᠠᠶᠢᠲᠤᠷ ᠠᠳᠬᠤᠨ᠎ᠠ᠃ ᠠᠶᠢᠮᠠᠭ ᠬᠤᠲᠠ ᠨᠢ ᠰᠢᠯᠭᠠᠨ ᠬᠢᠨᠠᠬᠤ ᠳᠤ ᠵᠢᠭᠰᠠᠭᠠᠨ ᠣᠷᠣᠭᠤᠯᠤᠭᠰᠠᠨ ᠪᠣᠢ ᠪᠦᠬᠦᠢ ᠤᠰᠤᠨ ᠤ ᠴᠢᠨᠠᠷ ᠤᠨ ᠣᠭᠲᠣᠯᠤᠭᠠᠰᠤ ᠶᠢᠨ ᠪᠠᠷᠢᠮᠵᠢᠶ᠎ᠠ ᠠᠴᠠ ᠬᠡᠲᠦᠷᠡᠭᠰᠡᠨ ᠰᠢᠯᠲᠠᠭᠠᠨ ᠢ ᠬᠢᠨᠠᠮᠠᠭᠠᠶ ᠵᠠᠳᠠᠯᠵᠤ᠂ ᠤᠰᠤᠨ ᠤ ᠴᠢᠨᠠᠷ ᠤᠨ ᠰᠠᠶᠢᠵᠢᠷᠠᠯ ᠢ ᠨᠥᠯᠥᠭᠡᠯᠡᠬᠦ ︽ᠵᠠᠩᠭᠢᠯᠠᠭ᠎ᠠ︾᠎ ᠶᠢᠨ ᠠᠰᠠᠭᠤᠳᠠᠯ ᠢ ᠠᠳᠬᠤᠨ᠂ ᠲᠤᠰᠠᠲᠠᠶ ᠠᠷᠭ᠎ᠠ ᠬᠡᠮᠵᠢᠶ᠎ᠡ ᠶᠢ ᠲᠣᠭᠲᠠᠭᠠᠨ ᠬᠡᠷᠡᠭᠵᠢᠭᠦᠯᠵᠦ᠂  ᠬᠠᠷᠠᠯᠳᠠᠳᠤ ᠡᠭᠦᠷᠭᠡ ᠪᠠᠨ ᠪᠡᠶᠡᠯᠡᠭᠦᠯᠬᠦ ᠶᠢ ᠦᠨᠡᠨ ᠬᠦ ᠪᠠᠳᠤᠯᠠᠨ᠎ᠠ᠃      ᠬᠥᠯᠥᠨ ᠪᠤᠶᠢᠷ ᠬᠤᠲᠠ᠂ ᠤᠯᠠᠭᠠᠨᠬᠠᠳᠠ ᠬᠤᠲᠠ᠂ ᠤᠯᠠᠭᠠᠨᠴᠠᠪ ᠬᠤᠲᠠ ᠨᠢ ᠪᠠᠷᠢᠮᠵᠢᠶ᠎ᠠ ᠳᠤ ᠥᠯᠥ ᠬᠥᠷᠬᠦ ᠤᠯᠤᠰ ᠤᠨ ᠬᠢᠨᠠᠨ ᠡᠵᠡᠮᠰᠢᠵᠦ ᠪᠠᠶᠢᠭ᠎ᠠ ᠰᠢᠯᠭᠠᠨ ᠬᠢᠨᠠᠬᠤ ᠣᠭᠲᠣᠯᠤᠭᠠᠰᠤ ᠳᠤ ᠬᠠᠨᠳᠤᠭᠤᠯᠤᠨ ᠬᠦᠴᠦᠲᠡᠶ ᠠᠷᠭ᠎ᠠ ᠬᠡᠮᠵᠢᠶ᠎ᠡ ᠠᠪᠴᠤ᠂ 2020 ᠣᠨ ᠳᠤ ᠪᠠᠷᠢᠮᠵᠢᠶ᠎ᠠ ᠳᠤ ᠬᠦᠷᠦᠭᠦᠯᠬᠦ ᠶᠢ ᠦᠨᠡᠨ ᠬᠦ ᠪᠠᠳᠤᠯᠠᠨ᠎ᠠ᠃      ᠤᠯᠠᠭᠠᠨᠴᠠᠪ ᠬᠤᠲᠠ ᠨᠢ ᠬᠤᠲᠠ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠰᠶᠢᠳᠪᠦᠷᠢᠯᠡᠬᠦ ᠦᠢᠯᠡᠳᠪᠦᠷᠢ ᠶᠢᠨ ᠪᠠᠷᠢᠮᠵᠢᠶ᠎ᠠ ᠠᠴᠠ ᠬᠡᠳᠦᠷᠡᠬᠦᠯᠵᠦ ᠪᠤᠬᠢᠷᠳᠤᠯ ᠭᠠᠳ᠋ᠬᠠᠰᠢᠯᠠᠭᠤᠯᠤᠨᠨᠰᠠᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠲᠠᠷᠢᠶᠠᠯᠠᠩ ᠤᠨ ᠲᠠᠷᠬᠠᠮᠠᠯ ᠡᠬᠢᠲᠦ ᠪᠣᠬᠢᠷᠲᠤᠯ ᠢ ᠵᠠᠰᠠᠬᠤ ᠠᠵᠢᠯ ᠢᠶᠠᠨ ᠭᠦᠨᠵᠡᠭᠡᠶ ᠠᠬᠢᠭᠤᠯᠤᠨ᠂ ᠹᠯᠣᠷᠲᠤ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠠ ᠹᠧᠩᠵᠧᠨ ᠤ ᠪᠣᠬᠢᠷ ᠤᠰᠤ ᠰᠶᠢᠳᠪᠦᠷᠢᠯᠡᠬᠦ ᠦᠢᠯᠡᠳᠪᠦᠷᠢ ᠶᠢᠨ ᠵᠠᠪᠰᠠᠷ ᠤᠨ ᠤᠰᠤ ᠶᠢ ᠡᠭᠡᠭᠦᠯᠦᠨ ᠬᠡᠷᠡᠭᠯᠡᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠵᠢᠯᠯᠠᠭᠠᠨ ᠢ ᠲᠦᠷᠭᠡᠬᠡᠨ ᠪᠡᠶᠡᠯᠡᠭᠦᠯᠵᠦ᠂ ᠪᠦᠦ ᠽᠢ ᠸᠠᠨ᠂ ᠰᠢᠨ ᠴᠧᠩ ᠸᠠᠨ ᠤᠯᠤᠰ ᠎ ᠤᠨ ᠰᠢᠯᠭᠠᠨ ᠬᠢᠨᠠᠬᠤ ᠪᠠ ᠲᠥᠪ ᠤᠨ ᠣᠷᠴᠢᠨ ᠲᠣᠭᠤᠷᠢᠨ ᠤ  ᠬᠠᠮᠠᠭᠠᠯᠠᠯᠳᠠ ᠶᠢᠨ  ᠰᠢᠮᠳᠠᠭᠤᠯᠤᠨ ᠪᠠᠶᠢᠴᠠᠭᠠᠵᠦ ᠬᠠᠷᠢᠭᠤ ᠲᠤᠰᠬᠠᠨᠨᠰᠠᠨ ᠴᠡᠭᠴᠡᠯᠡᠨ ᠰᠠᠶᠢᠵᠢᠷᠠᠭᠤᠯᠬᠤ ᠪᠠᠷ ᠱᠠᠭᠠᠷᠳ᠋ᠬᠠᠰᠠᠨ ᠴᠢᠨᠠᠷ ᠮᠠᠭᠤ V ᠲᠥᠷᠥᠯ ᠤᠨ 2 ᠣᠭᠲᠣᠯᠤᠭᠠᠰᠤ ᠶᠢᠨ ︽ᠴᠢᠨᠠᠷ ᠮᠠᠭᠤᠳᠠᠢ ᠶᠢ ᠨᠢ ᠠᠷᠢᠯᠭᠠᠬᠤ︾ ᠡᠭᠦᠷᠭᠡ ᠪᠠᠨ ᠪᠡᠶᠡᠯᠡᠭᠦᠯᠬᠦ ᠶᠢ ᠦᠨᠡᠨ ᠬᠦ ᠪᠠᠳᠤᠯᠠᠨ᠎ᠠ᠃      ᠤᠯᠠᠭᠠᠨᠬᠠᠳᠠ ᠬᠤᠲᠠ ᠨᠢ ᠢᠩᠬᠡ ᠭᠤᠤᠯ ᠤᠨ ᠰᠢᠶᠤᠤ ᠨᠠᠨ ᠬᠤᠸᠠᠩ ᠣᠭᠲᠣᠯᠤᠭᠠᠰᠤ ᠶᠢᠨ ᠹᠯᠣᠷᠲᠤ ᠨᠢᠭᠡᠳᠪᠦᠷᠢ ᠪᠠᠷᠢᠮᠵᠢᠶ᠎ᠠ ᠠᠴᠠ ᠬᠡᠲᠦᠷᠡᠭᠰᠡᠨ ᠰᠢᠯᠲᠠᠭᠠᠨ ᠢ ᠭᠦᠨᠵᠡᠭᠡᠶ ᠪᠠᠶᠢᠴᠠᠭᠠᠨ ᠵᠠᠳᠠᠯᠵᠤ᠂ ᠲᠥᠪ ᠤᠨ ᠣᠷᠴᠢᠨ ᠲᠣᠭᠤᠷᠢᠨ ᠤ  ᠬᠠᠮᠠᠭᠠᠯᠠᠯᠳᠠ ᠶᠢᠨ ᠬᠢᠨᠠᠯᠳᠠ ᠪᠠᠶᠢᠴᠠᠭᠠᠯᠳᠠ ᠳᠤ ᠲᠤᠰᠬᠠᠨᠨᠰᠠᠨ ︽ᠴᠡᠪᠡᠷ ᠲᠤᠩᠭᠠᠯᠠᠭ ᠠᠴᠠ ᠪᠤᠯᠠᠩᠬᠢᠷᠳᠤᠵᠦ  ᠪᠤᠬᠢᠷᠳᠤᠨᠨᠰᠠᠨ︾ ᠤᠰᠤᠨ ᠤ ᠣᠭᠲᠣᠯᠤᠭᠠᠰᠤ ᠶᠢᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠥᠬᠦ ᠬᠦᠴᠦᠨ ᠢᠶᠠᠷ  ᠠᠬᠢᠭᠤᠯᠤᠨ᠎ᠠ᠃      ᠲᠦᠷᠦᠭᠦᠯᠡᠨ ᠬᠢᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ      ᠬᠠᠮᠵᠢᠯᠴᠠᠬᠤ ᠰᠠᠯᠠᠭ᠎ᠠ ᠮᠥᠴᠢᠷ᠄  ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠭᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ      ᠪᠡᠶᠡᠯᠡᠬᠦᠯᠬᠦ ᠴᠠᠭ ᠬᠤᠭᠤᠴᠠᠭ᠎ᠠ᠄  2020 ᠣᠨ ᠤ ᠰᠡᠭᠦᠯᠴᠢ ᠠᠴᠠ ᠡᠮᠦᠨ᠎ᠡ      16. ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠᠰᠠᠷ ᠢ ᠴᠡᠭᠴᠡᠯᠡᠨ ᠵᠠᠰᠠᠨ᠎ᠠ᠃ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠᠰᠠᠷ ᠢ ᠠᠩᠬ᠎ᠠ ᠠᠯᠬᠤᠮ ᠵᠢᠭᠰᠠᠭᠠᠨ ᠪᠠᠶᠢᠴᠠᠭᠠᠭᠰᠠᠨ ᠰᠠᠭᠤᠷᠢᠨ ᠳᠡᠭᠡᠷ᠎ᠡ᠂ ︽ᠪᠠᠶᠢᠴᠠᠭᠠᠬᠤ᠂ ᠰᠢᠨᠵᠢᠬᠦ᠂ ᠮᠦᠷᠳᠡᠬᠦ᠂ ᠵᠠᠰᠠᠬᠤ︾ ᠰᠡᠳᠬᠢᠮᠵᠢ ᠶᠣᠰᠣᠭᠠᠷ ᠪᠥᠬᠦ ᠣᠷᠣᠨ ᠤ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ 359 ᠠᠮᠠᠰᠠᠷ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢᠶᠠᠨ ᠪᠥᠬᠦ ᠲᠠᠯ᠎ᠠ ᠪᠠᠷ ᠡᠬᠢᠯᠡᠭᠦᠯᠵᠦ᠂ ᠭᠤᠤᠯ ᠤᠷᠤᠭᠤ ᠬᠠᠤᠯᠢ ᠪᠤᠰᠤ ᠪᠠᠷ ᠪᠣᠬᠢᠷᠲᠤᠯ ᠭᠠᠳ᠋ᠬᠠᠰᠢᠯᠠᠭᠤᠯᠵᠦ ᠪᠠᠶᠢᠭ᠎ᠠ ᠠᠮᠠᠰᠠᠷ ᠢᠶᠠᠷ ᠪᠤᠬᠢᠷᠳᠤᠯ ᠭᠠᠳ᠋ᠬᠠᠰᠢᠯᠠᠭᠤᠯᠬᠤ ᠶᠢ ᠡᠷᠡᠰ ᠦᠬᠡᠶᠢᠰᠬᠡᠨ᠂ ᠪᠣᠬᠢᠷᠲᠤᠯ ᠭᠠᠳᠠᠭᠰᠢᠯᠠᠭᠤᠯᠬᠤ ᠠᠮᠠᠰᠠᠷ ᠤᠨ ᠲᠤᠭ᠎ᠠ ᠶᠢ ᠪᠠᠭᠠᠰᠬᠠᠬᠤ ᠪᠠᠷ ᠲᠠᠮᠵᠢᠭᠤᠯᠤᠨ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠤᠷᠠᠭᠤᠯᠵᠤ᠂ ᠤᠰᠤᠨ ᠤ ᠴᠢᠨᠠᠷ ᠢ ᠪᠦᠲᠦᠮᠵᠢᠲᠡᠶ ᠰᠠᠶᠢᠵᠢᠷᠠᠭᠤᠯᠬᠤ ᠶᠢ  ᠦᠨᠡᠨ ᠬᠦ ᠪᠠᠲᠤᠯᠠᠨ᠎ᠠ᠃      ᠲᠦᠷᠦᠭᠦᠯᠡᠨ ᠬᠢᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ      ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ᠂ ᠠᠵᠤ  ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ  ᠪᠠᠶᠢᠭᠤᠯᠤᠯᠳᠠ ᠶᠢᠨ ᠲᠢᠩᠬᠢᠮ      ᠪᠡᠶᠡᠯᠡᠬᠦᠯᠬᠦ ᠴᠠᠭ ᠬᠤᠭᠤᠴᠠᠭ᠎ᠠ᠄  2020 ᠣᠨ ᠤ ᠰᠡᠭᠦᠯᠴᠢ ᠠᠴᠠ ᠡᠮᠦᠨ᠎ᠡ      17. ᠠᠮᠢ ᠠᠬᠤᠢ ᠣᠷᠴᠢᠨ ᠲᠣᠭᠤᠷᠢᠨ ᠤ ᠪᠠᠭᠲᠠᠭᠠᠮᠵᠢ ᠶᠢᠨ ᠣᠷᠣᠨ ᠵᠠᠢ ᠶᠢ ᠥᠷᠭᠡᠳᠬᠡᠨ᠎ᠡ᠃ ᠠᠮᠢ ᠠᠬᠤᠢ ᠳᠤ ᠬᠡᠷᠡᠭᠯᠡᠬᠦ ᠤᠷᠤᠰᠬᠠᠯ ᠤᠨ ᠬᠡᠮᠵᠢᠶ᠎ᠡ ᠶᠢ ᠪᠠᠳᠤᠯᠠᠬᠤ ᠲᠣᠭᠲᠠᠴᠠ ᠶᠢ ᠪᠠᠶᠢᠭᠤᠯᠵᠤ᠂ ᠠᠮᠢ ᠠᠬᠤᠢ ᠳᠤ ᠬᠡᠷᠡᠭᠯᠡᠬᠦ ᠤᠷᠤᠰᠬᠠᠯ ᠲᠠᠯᠪᠢᠬᠤ ᠪᠡᠯᠡᠳᠬᠡᠮᠵᠢ ᠶᠢᠨ ᠨᠥᠬᠦᠴᠡᠯ ᠢ ᠪᠦᠷᠢᠯᠳᠦᠭᠦᠯᠦᠭᠰᠡᠨ ᠤᠰᠤᠨ ᠴᠥᠭᠦᠷᠥᠮ ᠨᠢ ᠱᠠᠭᠠᠷᠳᠠᠯᠭ᠎ᠠ ᠶᠤᠰᠤᠭᠠᠷ ᠠᠮᠢ ᠠᠬᠤᠢ ᠳᠤ ᠬᠡᠷᠡᠭᠯᠡᠬᠦ ᠤᠷᠤᠰᠬᠠᠯ ᠲᠠᠯᠪᠢᠬᠤ ᠶᠢ ᠬᠡᠷᠡᠭᠵᠢᠭᠦᠯᠵᠦ᠂ ᠭᠤᠤᠯ ᠤᠨ ᠰᠢᠪᠠᠷ ᠰᠢᠪᠠᠭ᠋ᠠᠢ ᠶᠢ ᠠᠷᠢᠯᠭᠠᠵᠦ ᠴᠡᠭᠴᠡᠯᠡᠨ ᠵᠠᠰᠠᠬᠤ ᠴᠢᠬᠤᠯᠠᠲᠠᠶ ᠪᠠᠶᠢᠪᠠᠯ ᠴᠠᠭ ᠲᠤᠬᠠᠶ ᠳᠤ ᠨᠢ ᠴᠡᠭᠴᠡᠯᠡᠨ ᠵᠠᠰᠠᠨ᠎ᠠ︔ ᠴᠢᠬᠤᠯᠠ ᠪᠤᠯᠬᠤ ᠭᠤᠤᠯ ᠤᠨ ᠠᠳᠠᠭ ᠪᠠ ᠵᠠᠩᠭᠢᠯᠠᠭ᠎ᠠ ᠶᠢᠨ  ᠭᠠᠵᠠᠷ ᠲᠤ ᠬᠠᠨᠳᠤᠭᠤᠯᠵᠦ᠂ ᠠᠮᠢᠳᠤ ᠪᠣᠳᠠᠰ ᠢᠶᠠᠷ ᠴᠡᠪᠡᠷᠰᠢᠭᠦᠯᠬᠦ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠪᠣᠬᠢᠷ ᠤᠰᠤ ᠶᠢ ᠰᠶᠢᠳᠪᠦᠷᠢᠯᠡᠬᠦ ᠦᠢᠯᠡᠳᠪᠦᠷᠢ ᠶᠢᠨ ᠦᠯᠡᠳᠡᠭᠳᠡᠯ ᠤᠰᠤ — ᠠᠮᠢᠳᠤ ᠪᠣᠳᠠᠰ ᠢᠶᠠᠷ ᠴᠡᠪᠡᠷᠰᠢᠭᠦᠯᠬᠦ — ᠳᠠᠬᠢᠯᠲᠠ ᠤᠰᠤ ᠶᠢ ᠳᠣᠭᠢᠷᠠᠭᠤᠯᠤᠨ ᠬᠠᠳᠠᠭᠠᠯᠠᠬᠤ ᠪᠠ ᠠᠰᠢᠭᠯᠠᠬᠤ ᠬᠠᠮ ᠲᠥᠷᠥᠯ ᠵᠦᠢᠯ ᠢ ᠭᠠᠵᠠᠷ ᠣᠷᠣᠨ ᠤ ᠪᠠᠶᠢᠳᠠᠯ ᠳᠤ ᠪᠠᠨ ᠲᠤᠬᠢᠷᠠᠭᠤᠯᠵᠦ ᠬᠡᠷᠡᠭᠵᠢᠭᠦᠯᠬᠦ ᠶᠢ ᠵᠣᠷᠢᠭᠵᠢᠭᠤᠯᠤᠨ᠎ᠠ᠃      ᠲᠦᠷᠦᠭᠦᠯᠡᠨ ᠬᠢᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ᠂ ᠠᠮᠢ ᠠᠬᠤᠢ ᠣᠷᠴᠢᠨ ᠲᠣᠭᠤᠷᠢᠨ ᠤ ᠲᠢᠩᠬᠢᠮ      ᠬᠠᠮᠵᠢᠯᠴᠠᠬᠤ ᠰᠠᠯᠠᠭ᠎ᠠ ᠮᠥᠴᠢᠷ᠄  ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ      ᠪᠡᠶᠡᠯᠡᠬᠦᠯᠬᠦ ᠴᠠᠭ ᠬᠤᠭᠤᠴᠠᠭ᠎ᠠ᠄  2020 ᠣᠨ ᠤ ᠰᠡᠭᠦᠯᠴᠢ ᠠᠴᠠ ᠡᠮᠦᠨ᠎ᠡ      18. ᠰᠠᠶᠢᠨ ᠰᠠᠶᠢᠬᠠᠨ ᠤᠰᠤᠨ ᠴᠤᠨᠨᠴᠠ ᠶᠢ ᠬᠠᠮᠠᠭᠠᠯᠠᠬᠤ ᠪᠠᠨ ᠴᠢᠩᠭᠠᠳᠬᠠᠨ᠎ᠠ᠃ ᠬᠥᠯᠥᠨ ᠪᠤᠶᠢᠷ ᠬᠤᠲᠠ᠂ ᠬᠢᠩᠭᠠᠨ ᠠᠶᠢᠮᠠᠭ ᠵᠡᠷᠭᠡ ᠭᠠᠵᠠᠷ ᠨᠢ ᠰᠠᠶᠢᠨ ᠰᠠᠶᠢᠬᠠᠨ ᠤᠰᠤᠨ ᠴᠤᠨᠨᠴᠠ ᠶᠢᠨ ᠤᠰᠤᠨ ᠤ ᠴᠢᠨᠠᠷ ᠮᠠᠭᠤᠳᠠᠬᠤ ᠬᠠᠨᠳᠤᠰᠢ ᠶᠢ ᠡᠷᠡᠰ ᠬᠤᠷᠢᠨᠨᠯᠠᠬᠤ ᠬᠡᠷᠡᠭᠳᠡᠢ᠃ ᠰᠢᠯᠢ ᠶᠢᠨ ᠭᠤᠤᠯ ᠠᠶᠢᠮᠠᠭ ᠨᠢ ᠯᠤᠸᠠᠨ ᠾᠧ ᠭᠤᠤᠯ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠰᠦᠯ ᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃      ᠲᠦᠷᠦᠭᠦᠯᠡᠨ ᠬᠢᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ      ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠭᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ      ᠪᠡᠶᠡᠯᠡᠬᠦᠯᠬᠦ ᠴᠠᠭ ᠬᠤᠭᠤᠴᠠᠭ᠎ᠠ᠄  2020 ᠣᠨ ᠤ ᠰᠡᠭᠦᠯᠴᠢ ᠠᠴᠠ ᠡᠮᠦᠨ᠎ᠡ      19. ᠣᠭᠲᠣᠯᠤᠭᠠᠰᠤ ᠶᠢᠨ ᠰᠢᠯᠭᠠᠨ ᠬᠢᠨᠠᠬᠤ ᠲᠠᠯ᠎ᠠ ᠪᠠᠷ ᠬᠢ ᠤᠯᠤᠰ ᠤᠨ ᠢᠯᠭᠠᠪᠤᠷᠢᠯᠬᠠᠰᠠᠨ ᠲᠥᠷᠥ ᠶᠢᠨ ᠪᠣᠳᠣᠯᠭ᠎ᠠ ᠶᠢ  ᠢᠳᠡᠪᠬᠢᠳᠡᠢ ᠴᠢᠷᠮᠠᠶᠢᠨ ᠣᠯᠤᠨ᠎ᠠ᠃ ᠤᠯᠤᠰ ᠤᠨ ᠰᠢᠯᠭᠠᠨ ᠬᠢᠨᠠᠬᠤ ᠭᠠᠵᠠᠷ ᠤᠨ ᠭᠠᠳᠠᠷᠭᠤ ᠶᠢᠨ ᠤᠰᠤᠨ ᠤ ᠣᠭᠲᠣᠯᠤᠭᠠᠰᠤ ᠳᠤ ᠹᠯᠣᠷᠲᠤ ᠨᠢᠭᠡᠳᠪᠦᠷᠢ ᠵᠡᠷᠭᠡ ᠪᠠᠶᠢᠭᠠᠯᠢ ᠶᠢᠨ ᠳᠡᠪᠢᠰᠬᠡᠷ ᠬᠡᠮᠵᠢᠭᠳᠡᠯ ᠨᠡᠮᠡᠭᠳᠡᠬᠦ ᠠᠴᠠ ᠪᠣᠯᠵᠣ ᠪᠠᠷᠢᠮᠵᠢᠶ᠎ᠠ ᠠᠴᠠ ᠳᠠᠪᠠᠭᠰᠠᠨ ᠠᠰᠠᠭᠤᠳᠠᠯ ᠳᠤ ᠪᠤᠯ ᠬᠤᠯᠪᠣᠭᠳᠠᠯ ᠪᠥᠬᠦᠶ ᠠᠶᠢᠮᠠᠭ ᠬᠤᠲᠠ ᠨᠢ ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠬᠦ ᠶᠢ ᠱᠠᠯᠠᠪᠳᠠᠨ ᠥᠷᠨᠢᠭᠦᠯᠵᠦ᠂ ᠤᠯᠤᠰ ᠠᠴᠠ ᠰᠢᠯᠭᠠᠨ ᠬᠢᠨᠠᠬᠤ ᠦᠶ᠎ᠡ ᠳᠤ ᠢᠯᠭᠠᠭ᠎ᠠ ᠲᠠᠢ ᠪᠠᠷ ᠪᠤᠳᠤᠯᠬᠢᠯᠠᠬᠤ ᠬᠠᠷᠠᠭᠠᠯᠵᠠᠯ ᠢ ᠤᠯᠬᠤ ᠪᠠᠷ ᠢᠳᠡᠪᠬᠢᠳᠡᠢ ᠴᠢᠷᠮᠠᠶᠢᠨ᠎ᠠ᠃      ᠲᠦᠷᠦᠭᠦᠯᠡᠨ ᠬᠢᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ      ᠪᠡᠶᠡᠯᠡᠬᠦᠯᠬᠦ ᠴᠠᠭ ᠬᠤᠭᠤᠴᠠᠭ᠎ᠠ᠄  2020 ᠣᠨ ᠤ ᠰᠡᠭᠦᠯᠴᠢ ᠠᠴᠠ ᠡᠮᠦᠨ᠎ᠡ      20. ᠬᠠᠳᠤᠨ ᠭᠤᠤᠯ ᠤᠨ ᠰᠠᠪᠠ ᠭᠠᠵᠠᠷ ᠤᠨ ︽ᠴᠢᠨᠠᠷ ᠮᠠᠭᠤᠳᠠᠢ ᠶᠢ ᠨᠢ ᠠᠷᠢᠯᠭᠠᠬᠤ︾ ᠪᠠ ᠴᠡᠭᠴᠡᠯᠡᠨ ᠰᠠᠶᠢᠵᠢᠷᠠᠭᠤᠯᠵᠦ ᠪᠠᠷᠢᠮᠵᠢᠶ᠎ᠠ ᠳᠤ ᠭᠦᠷᠦᠭᠦᠯᠬᠦ ᠪᠡᠷᠬᠡ ᠰᠡᠳᠦᠪ ᠤᠨ ᠰᠶᠢᠳᠪᠦᠷᠢᠯᠡᠬᠦ ᠠᠵᠢᠯ ᠢ ᠤᠷᠤᠨ ᠪᠦᠰᠡ ᠪᠠ ᠬᠡᠰᠡᠭ ᠪᠦᠯᠦᠭ ᠬᠤᠪᠢᠶᠠᠨ  ᠠᠬᠢᠭᠤᠯᠤᠨ᠎ᠠ᠃      ︵1︶ ᠪᠠᠶᠠᠨᠨᠠᠭᠤᠷ ᠬᠤᠲᠠ ᠨᠢ ᠤᠯᠠᠭᠠᠨᠰᠤᠬᠠᠢ ᠨᠠᠭᠤᠷ ᠤᠨ ᠠᠭᠤᠯᠠ ᠤᠰᠤ ᠣᠶ ᠲᠠᠷᠢᠶ᠎ᠠ ᠨᠠᠭᠤᠷ ᠪᠡᠯᠴᠢᠬᠡᠷ ᠢ ᠰᠢᠰᠲ᠋ᠧᠮ ᠲᠠᠢ ᠪᠠᠷ ᠵᠠᠰᠠᠬᠤ ᠲᠤᠷᠰᠢᠯᠲᠠ ᠶᠢᠨ ᠡᠭᠦᠷᠭᠡ ᠪᠠᠨ ᠦᠷᠭᠦᠯᠵᠢᠯᠡᠨ ᠨᠢᠭᠡᠳᠦᠯᠲᠡᠶ ᠲᠥᠯᠥᠪᠯᠡᠨ ᠠᠬᠢᠭᠤᠯᠵᠤ᠂ ᠲᠠᠷᠢᠶᠠᠯᠠᠩ ᠤᠨ ︽ᠳᠥᠷᠪᠡ ᠶᠢ ᠬᠢᠵᠠᠭᠠᠷᠯᠠᠬᠤ︾ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠦᠨ᠂ ᠭᠤᠤᠯ ᠮᠥᠷᠡᠨ ᠨᠠᠭᠤᠷ ᠴᠥᠭᠦᠷᠥᠮ ᠳᠤ ᠣᠷᠣᠬᠤ ᠲᠠᠷᠬᠠᠮᠠᠯ ᠡᠬᠢᠲᠦ ᠪᠤᠬᠢᠷᠳᠤᠯ ᠪᠣᠳᠠᠰ ᠤᠨ ᠬᠡᠮᠵᠢᠶ᠎ᠡ ᠶᠢ ᠤᠯᠠᠮ ᠨᠢᠭᠡ ᠠᠯᠬᠤᠮ ᠪᠠᠭᠠᠰᠬᠠᠨ᠎ᠠ᠃      ᠲᠦᠷᠦᠭᠦᠯᠡᠨ ᠬᠢᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠭᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ      ᠬᠠᠮᠵᠢᠯᠴᠠᠬᠤ ᠰᠠᠯᠠᠭ᠎ᠠ ᠮᠥᠴᠢᠷ᠄  ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ  ᠵᠦᠪᠯᠡᠯ᠂ ᠤᠰᠤᠨ ᠠᠰᠢᠭᠯᠠᠯᠲᠠ ᠶᠢᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠣᠢ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ      ᠪᠡᠶᠡᠯᠡᠬᠦᠯᠬᠦ ᠴᠠᠭ ᠬᠤᠭᠤᠴᠠᠭ᠎ᠠ᠄  2020 ᠣᠨ ᠤ ᠰᠡᠭᠦᠯᠴᠢ ᠠᠴᠠ ᠡᠮᠦᠨ᠎ᠡ      ︵2︶ ᠪᠤᠭᠤᠲᠤ ᠬᠤᠲᠠ᠂ ᠣᠷᠳᠣᠰ ᠬᠤᠲᠠ᠂ ᠦᠬᠠᠶ ᠬᠤᠲᠠ ᠨᠢ ᠣᠷᠣᠨ ᠪᠦᠰᠡ ᠶᠢᠨ ᠳᠣᠲᠣᠷᠠᠬᠢ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠾᠯᠣᠷ ᠱᠦᠯᠲᠦ ᠶᠢᠨ ᠬᠢᠮᠢ ᠶᠢᠨ ᠠᠵᠤ ᠦᠢᠯᠡᠳᠪᠦᠷᠢ᠂ ᠡᠮ ᠦᠢᠯᠡᠳᠬᠦ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ ᠡᠳ᠋ᠰᠢᠬᠦᠯᠬᠦ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠠᠵᠤ  ᠠᠬᠤᠶᠢᠯᠠᠯ ᠢ ᠬᠠᠮᠢᠶᠠᠷᠤᠨ ᠡᠵᠡᠮᠳᠡᠵᠦ ᠪᠠᠷᠢᠮᠵᠢᠶ᠎ᠠ ᠳᠤ ᠭᠦᠷᠦᠭᠦᠯᠬᠦ ᠪᠠ ᠵᠠᠪᠰᠠᠷ ᠤᠨ ᠤᠰᠤ ᠡᠭᠡᠭᠦᠯᠦᠨ ᠬᠡᠷᠡᠭᠯᠡᠬᠦ ᠶᠢ ᠭᠤᠤᠯᠳᠠᠯᠭ᠎ᠠ ᠲᠠᠢ ᠰᠠᠶᠢᠲᠤᠷ ᠬᠢᠨ᠎ᠠ᠃ ᠬᠠᠲᠤᠨ ᠭᠤᠤᠯ ᠤᠨ ᠰᠠᠪᠠ ᠭᠠᠵᠠᠷ ᠤᠨ ᠡᠷᠭᠢ ᠲᠠᠭᠠᠤ ᠶᠢᠨ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠭᠤᠤᠯ ᠤᠷᠤᠰᠬᠠᠯ ᠪᠠ ᠭᠤᠤᠯ ᠪᠤᠯᠬᠤ ᠰᠠᠯᠪᠤᠷᠢ ᠤᠷᠤᠰᠬᠠᠯ ᠤᠨ ᠡᠷᠭᠢ ᠲᠠᠭᠠᠤ ᠶᠢᠨ 1 ᠺᠢᠯᠣᠮᠧᠲᠷ ᠤᠨ ᠳᠣᠲᠣᠷ᠎ᠠ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ  ᠬᠤᠷᠢᠨᠨᠯᠠᠨ᠎ᠠ︔ ᠣᠳᠣ ᠶᠢᠨ ᠪᠠᠶᠢᠭ᠎ᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷ ᠤᠰᠤ ᠶᠢ ᠵᠢᠯ ᠤᠨ ᠰᠡᠭᠦᠯᠴᠢ ᠠᠴᠠ ᠡᠮᠦᠨ᠎ᠡ ᠪᠦᠬᠦᠨ ᠢ ᠴᠤᠭᠯᠠᠭᠤᠯᠵᠤ ᠰᠶᠢᠳᠪᠦᠷᠢᠯᠡᠬᠦ ᠶᠢ ᠪᠡᠶᠡᠯᠡᠭᠦᠯᠵᠦ᠂ ᠲᠣᠭᠲᠠᠭᠤᠨ ᠢᠶᠠᠷ ᠪᠠᠷᠢᠮᠵᠢᠶ᠎ᠠ ᠳᠤ ᠬᠦᠷᠦᠭᠦᠯᠬᠦ ᠶᠢ ᠦᠨᠡᠨ ᠬᠦ ᠪᠠᠳᠤᠯᠠᠬᠤ ᠬᠡᠷᠡᠭᠳᠡᠢ᠃ ᠪᠤᠭᠤᠲᠤ ᠬᠤᠲᠠ ᠨᠢ ᠴᠢᠨᠠᠷ ᠮᠠᠭᠤ V ᠲᠥᠷᠥᠯ ᠤᠨ ᠤᠰᠤᠨ ᠴᠣᠭᠴᠠ ᠪᠤᠯᠬᠤ ᠳ᠋ᠦᠩ ᠾᠧ ᠭᠤᠤᠯ᠂ ᠰᠢ ᠾᠧ ᠭᠤᠤᠯ ᠤᠨ ︽ᠴᠢᠨᠠᠷ ᠮᠠᠭᠤᠳᠠᠢ ᠶᠢ ᠨᠢ ᠠᠷᠢᠯᠭᠠᠬᠤ︾ ᠠᠵᠢᠯ ᠢᠶᠠᠨ ᠲᠦᠷᠭᠡᠳᠬᠡᠵᠦ᠂ ᠢᠯᠠᠩᠭᠤᠶ᠎ᠠ ᠳ᠋ᠦᠩ ᠾᠧ ᠭᠤᠤᠯ ᠤᠨ ᠬᠠᠲᠤᠨ ᠭᠤᠤᠯ ᠳᠤ ᠤᠷᠤᠭᠤᠯᠬᠤ ᠭᠠᠵᠠᠷ ᠪᠠ ᠰᠢ ᠾᠧ ᠭᠤᠤᠯ ᠤᠨ ᠬᠠᠲᠤᠨ ᠭᠤᠤᠯ ᠳᠤ ᠤᠷᠤᠭᠤᠯᠬᠤ ᠭᠠᠵᠠᠷ ᠪᠠᠶᠢᠭ᠎ᠠ ᠣᠭᠲᠣᠯᠤᠭᠠᠰᠤ ᠶᠢᠨ ᠬᠦᠨᠳᠦ ᠲᠡᠮᠦᠷᠯᠢᠭ ᠪᠤᠯᠬᠤ ᠮᠥᠩᠭᠦᠨ ᠤᠰᠤᠨ ᠳᠤ ᠪᠤᠬᠢᠷᠳᠤᠨᠨᠰᠠᠨ ᠹᠠᠺᠲ᠋ᠤᠷ ᠢ ᠦᠳᠲᠡᠷ ᠲᠦᠷᠭᠡᠨ ᠵᠠᠳᠠᠯᠤᠨ ᠰᠢᠨᠵᠢᠯᠡᠵᠦ ᠪᠤᠬᠢᠷᠳᠤᠯ ᠤᠨ ᠡᠬᠢ ᠶᠢ ᠨᠢ ᠮᠦᠷᠳᠡᠵᠦ ᠲᠡᠭᠦᠨ ᠢ ᠴᠡᠭᠴᠡᠯᠡᠨ ᠵᠠᠰᠠᠨ᠎ᠠ᠃      ᠲᠦᠷᠦᠭᠦᠯᠡᠨ ᠬᠢᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ᠂ ᠡᠨᠧᠷᠬᠢ ᠶᠢᠨ ᠲᠤᠪᠴᠢᠶ᠎ᠠ᠂ ᠠᠮᠢ ᠠᠬᠤᠢ ᠤᠷᠴᠢᠨ ᠲᠤᠭᠤᠷᠢᠨ ᠤ ᠲᠢᠩᠬᠢᠮ      ᠬᠠᠮᠵᠢᠯᠴᠠᠬᠤ ᠰᠠᠯᠠᠭ᠎ᠠ ᠮᠥᠴᠢᠷ᠄  ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠭᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ      ᠪᠡᠶᠡᠯᠡᠬᠦᠯᠬᠦ ᠴᠠᠭ ᠬᠤᠭᠤᠴᠠᠭ᠎ᠠ᠄  2020 ᠣᠨ ᠤ ᠰᠡᠭᠦᠯᠴᠢ ᠠᠴᠠ ᠡᠮᠦᠨ᠎ᠡ      ︵3︶ ᠬᠥᠬᠡᠬᠤᠲᠠ ᠨᠢ ᠬᠤᠲᠠ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠶᠢ ᠰᠢᠭᠤᠳ ᠲᠠᠳᠠᠷᠠᠭᠤᠯᠵᠦ  ᠭᠠᠳ᠋ᠬᠠᠰᠢᠯᠠᠭᠤᠯᠬᠤ ᠪᠠ ᠨᠠᠷᠢᠯᠢᠨᠨᠵᠢᠭᠤᠯᠤᠨᠨᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠳᠣᠤᠷ᠎ᠠ ᠪᠠᠶᠢᠬᠤ ᠠᠰᠠᠭᠤᠳᠠᠯ ᠢ ᠭᠤᠤᠯᠳᠠᠯᠭ᠎ᠠ ᠲᠠᠢ ᠰᠶᠢᠳᠪᠦᠷᠢᠯᠡᠵᠦ᠂ ᠵᠢᠯ ᠤᠨ ᠰᠡᠭᠦᠯᠴᠢ ᠠᠴᠠ ᠡᠮᠦᠨ᠎ᠡ ᠬᠤᠲᠠ ᠶᠢᠨ ᠲᠣᠭᠤᠷᠢᠭ ᠤᠨ ᠪᠣᠬᠢᠷ ᠤᠰᠤ ᠰᠶᠢᠳᠪᠦᠷᠢᠯᠡᠬᠦ 5 ᠦᠢᠯᠡᠳᠪᠦᠷᠢ ᠶᠢᠨ ᠳᠠᠭᠠᠭᠠᠴᠠ ᠠᠴᠠ ᠬᠡᠲᠦᠷᠡᠲᠡᠯ᠎ᠡ ᠠᠵᠢᠯᠯᠠᠬᠤ ᠵᠢᠴᠢ ᠪᠣᠬᠢᠷ ᠤᠰᠤ ᠶᠢᠨ ᠰᠢᠭᠤᠳ ᠭᠠᠳ᠋ᠬᠠᠰᠢᠯᠠᠭᠤᠯᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ᠂ ᠪᠦᠭᠦ ᠪᠣᠬᠢᠷ ᠤᠰᠤ ᠶᠢ ᠴᠤᠨᠨᠯᠠᠭᠤᠯᠵᠦ ᠰᠶᠢᠳᠪᠦᠷᠢᠯᠡᠬᠦ ᠶᠢ ᠪᠡᠶᠡᠯᠡᠬᠦᠯᠦᠨ᠂ ᠬᠠᠲᠤᠨ ᠭᠤᠤᠯ ᠤᠨ ᠰᠠᠪᠠ ᠭᠠᠵᠠᠷ ᠲᠠᠬᠢ ᠬᠤᠨᠵᠢᠨ ᠬᠥᠭᠦᠷᠭᠡ᠂ ᠪᠠᠭ᠎ᠠ ᠲᠦᠷᠬᠡᠨ ᠭᠤᠤᠯ ᠠᠴᠠ ᠶᠡᠭᠡ ᠲᠦᠷᠬᠡᠨ ᠭᠤᠤᠯ ᠳᠤ ᠤᠷᠤᠭᠤᠯᠬᠤ ᠠᠴᠠ ᠡᠮᠦᠨᠡᠬᠢ ᠴᠢᠨᠠᠷ ᠮᠠᠭᠤ V ᠲᠥᠷᠥᠯ ᠤᠨ 2 ᠣᠭᠲᠣᠯᠤᠭᠠᠰᠤ ᠶᠢᠨ ︽ᠴᠢᠨᠠᠷ ᠮᠠᠭᠤᠳᠠᠢ ᠶᠢ ᠨᠢ ᠠᠷᠢᠯᠭᠠᠬᠤ︾ ᠬᠠᠷᠠᠯᠳᠠᠳᠤ ᠡᠭᠦᠷᠭᠡ ᠶᠢ ᠪᠥᠬᠦ ᠲᠠᠯ᠎ᠠ ᠪᠠᠷ  ᠠᠬᠢᠭᠤᠯᠤᠨ᠎ᠠ᠃      ᠲᠦᠷᠦᠭᠦᠯᠡᠨ ᠬᠢᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ      ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠵᠤ  ᠦᠢᠯᠡᠳᠪᠦᠷᠢ ᠪᠠ ᠮᠡᠳᠡᠭᠡ ᠵᠠᠩᠬᠢᠴᠢᠯᠠᠯᠳᠠ  ᠶᠢᠨ ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠭᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ      ᠪᠡᠶᠡᠯᠡᠬᠦᠯᠬᠦ ᠴᠠᠭ ᠬᠤᠭᠤᠴᠠᠭ᠎ᠠ᠄  2020 ᠣᠨ ᠤ ᠰᠡᠭᠦᠯᠴᠢ ᠠᠴᠠ ᠡᠮᠦᠨ᠎ᠡ      21. ᠭᠤᠤᠯᠳᠠᠯᠭ᠎ᠠ ᠲᠠᠢ ᠨᠠᠭᠤᠷ ᠴᠦᠭᠦᠷᠦᠮ ᠢ ᠵᠠᠰᠠᠬᠤ ᠪᠠᠨ ᠴᠢᠩᠭᠠᠳᠬᠠᠨ᠎ᠠ᠃      ︵1︶ ᠬᠥᠯᠥᠨ ᠪᠤᠶᠢᠷ ᠬᠤᠲᠠ᠂ ᠤᠯᠠᠭᠠᠨᠴᠠᠪ ᠬᠤᠲᠠ᠂ ᠪᠠᠶᠠᠨᠨᠠᠭᠤᠷ ᠬᠤᠲᠠ ᠨᠢ ᠵᠠᠰᠠᠵᠤ ᠨᠠᠶᠢᠷᠠᠭᠤᠯᠤᠭᠰᠠᠨ ᠤ ᠳᠠᠷᠠᠭᠠᠬᠢ ︽ᠭᠤᠷᠪᠠᠨ ᠨᠠᠭᠤᠷ︾᠎ ᠤᠨ ᠵᠠᠰᠠᠯᠲᠠ ᠶᠢᠨ ᠲᠥᠯᠥᠪᠵᠢᠭᠦᠯᠭᠡ ︵ᠲᠥᠰᠦᠯ︶᠎ ᠶᠢ ᠴᠢᠩᠭ᠎ᠠ ᠨᠠᠶᠢᠳᠠᠪᠤᠷᠢᠵᠢᠭᠤᠯᠵᠦ᠂ ᠨᠠᠭᠤᠷ ᠴᠦᠭᠦᠷᠦᠮ ᠤᠨ ᠤᠰᠤᠨ ᠤ ᠣᠷᠴᠢᠨ᠂ ᠤᠰᠤᠨ ᠤ ᠠᠮᠢ ᠠᠬᠤᠶ ᠶᠢᠨ ᠳᠣᠲᠣᠭᠠᠳᠤ ᠶᠢᠨ ᠵᠢᠮ᠎ᠡ ᠬᠠᠤᠯᠢ ᠶᠢᠨ ᠰᠤᠳᠤᠯᠭᠠᠨ ᠢ ᠭᠦᠨᠵᠡᠭᠡᠶ ᠦᠷᠨᠢᠬᠦᠯᠦᠨ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠳᠠ ᠶᠢ ᠲᠦᠷᠭᠡᠳᠬᠡᠨ ᠠᠬᠢᠭᠤᠯᠵᠤ᠂ ᠨᠠᠭᠤᠷ ᠴᠦᠭᠦᠷᠦᠮ ᠤᠨ ᠤᠰᠤᠨ ᠤ ᠴᠢᠨᠠᠷ ᠢ ᠴᠢᠷᠮᠠᠶᠢᠨ  ᠰᠠᠶᠢᠵᠢᠷᠠᠭᠤᠯᠤᠨ᠎ᠠ᠃      ᠲᠦᠷᠦᠭᠦᠯᠡᠨ ᠬᠢᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ  ᠵᠦᠪᠯᠡᠯ      ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠠᠵᠤ  ᠦᠢᠯᠡᠳᠪᠦᠷᠢ ᠪᠠ ᠮᠡᠳᠡᠭᠡ ᠵᠠᠩᠬᠢᠴᠢᠯᠠᠯᠳᠠ  ᠶᠢᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠭᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ      ᠪᠡᠶᠡᠯᠡᠬᠦᠯᠬᠦ ᠴᠠᠭ ᠬᠤᠭᠤᠴᠠᠭ᠎ᠠ᠄ ᠦᠷᠭᠦᠯᠵᠢᠯᠡᠨ ᠠᠬᠢᠭᠤᠯᠤᠨ᠎ᠠ      ︵2︶ ︽ᠨᠢᠭᠡ ᠠᠴᠠ ᠵᠦᠢᠴᠢᠯᠡᠵᠦ ᠨᠦᠭᠦᠬᠡ ᠶᠢ ᠮᠡᠳᠡᠬᠦ︾ ᠬᠡᠳᠡᠭ ᠢᠶᠠᠷ ᠪᠤᠰᠤᠳ ᠭᠤᠤᠯᠳᠠᠯᠭ᠎ᠠ ᠲᠠᠢ ᠨᠠᠭᠤᠷ  ᠴᠦᠭᠦᠷᠦᠮ ᠳᠤ ᠶᠡᠷᠦᠩᠬᠡᠶᠢᠯᠡᠨ ᠵᠠᠰᠠᠬᠤ ᠠᠵᠢᠯ ᠢ ᠥᠷᠨᠢᠭᠦᠯᠵᠦ᠂ ︽ᠭᠤᠤᠯᠳᠠᠯᠭ᠎ᠠ ᠲᠠᠢ ᠨᠠᠭᠤᠷ ᠴᠦᠭᠦᠷᠦᠮ ᠤᠨ ᠠᠮᠢ ᠠᠬᠤᠢ  ᠣᠷᠴᠢᠨ ᠲᠤᠭᠤᠷᠢᠨ ᠤ ᠬᠠᠮᠠᠭᠠᠯᠠᠯᠲᠠ ᠶᠢᠨ ᠠᠵᠢᠯ ᠢ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ︾᠎ ᠤᠨ ᠱᠠᠭᠠᠷᠳᠠᠯᠭ᠎ᠠ ᠶᠣᠰᠣᠭᠠᠷ᠂ ᠭᠤᠤᠯᠳᠠᠯᠭ᠎ᠠ ᠲᠠᠢ ᠨᠠᠭᠤᠷ ᠴᠦᠭᠦᠷᠦᠮ ᠤᠨ ᠪᠣᠬᠢᠷᠲᠤᠯ ᠤᠨ ᠡᠬᠢ ᠶᠢ ᠪᠠᠶᠢᠴᠠᠭᠠᠬᠤ ᠵᠢᠴᠢ ᠴᠡᠭᠴᠡᠯᠡᠨ ᠰᠠᠶᠢᠵᠢᠷᠠᠭᠤᠯᠬᠤ ︽ᠨᠠᠭᠤᠷ ᠪᠤᠯᠭᠠᠨ ᠳᠤ ᠨᠢᠬᠡ ᠲᠤᠬᠢᠷᠬᠠᠰᠠᠨ ᠠᠷᠭ᠎ᠠ ᠬᠡᠷᠡᠭᠵᠢᠬᠦᠯᠬᠦ︾ ᠠᠵᠢᠯ ᠢ ᠦᠷᠨᠢᠬᠦᠯᠦᠨ᠂ ᠭᠤᠤᠯᠳᠠᠯᠭ᠎ᠠ ᠲᠠᠢ ᠨᠠᠭᠤᠷ ᠴᠦᠭᠦᠷᠦᠮ ᠵᠢᠴᠢ ᠡᠷᠭᠢᠨ ᠲᠣᠭᠤᠷᠢᠨ ᠤ ᠦᠨᠳᠦᠰᠦᠨ ᠪᠠᠶᠢᠳᠠᠯ ᠢ ᠨᠢ ᠪᠦᠬᠦ ᠲᠠᠯ᠎ᠠ ᠪᠠᠷ ᠤᠶᠢᠯᠠᠭᠠᠵᠦ᠂ ᠲᠤᠰᠬᠠᠶ ᠡᠷᠳᠡᠮ ᠰᠢᠨᠵᠢᠯᠡᠭᠡᠨ ᠤ ᠪᠠᠶᠢᠭᠤᠯᠤᠮᠵᠢ ᠳᠤ ᠨᠠᠶᠢᠳᠠᠵᠦ ᠪᠠᠶᠢᠭᠠᠳ ᠨᠠᠭᠤᠷ ᠴᠦᠭᠦᠷᠦᠮ ᠤᠨ ᠤᠰᠤᠨ ᠤ ᠴᠢᠨᠠᠷ ᠤᠨ ᠰᠢᠯᠲᠠᠭᠠᠨ ᠳᠤ ᠵᠠᠳᠠᠯᠤᠯᠲᠠ ᠦᠷᠨᠢᠬᠦᠯᠦᠨ᠂ ᠪᠣᠳᠠᠲᠠᠶ ᠲᠥᠯᠥᠪᠵᠢᠭᠦᠯᠪᠡ ︵ᠲᠥᠰᠦᠯ︶᠎ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠭᠤᠷ ᠴᠦᠭᠦᠷᠦᠮ ᠤᠨ ᠤᠰᠤᠨ ᠤ ᠴᠢᠨᠠᠷ ᠪᠠ ᠬᠡᠮᠵᠢᠶ᠎ᠡ ᠳᠤ ᠦᠵᠡᠬᠦᠯᠬᠦ ᠵᠣᠷᠢᠭᠤᠳᠠ ᠪᠤᠢ ᠪᠤᠯᠭᠠᠨᠨᠰᠠᠨ ᠬᠦᠴᠦᠨ ᠵᠦᠢᠯ ᠤᠨ ᠠᠰᠢᠭ ᠦᠭᠡᠢ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃      ᠲᠦᠷᠦᠭᠦᠯᠡᠨ ᠬᠢᠬᠦ ᠰᠠᠯᠠᠭ᠎ᠠ ᠮᠥᠴᠢᠷ᠄  ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ      ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠵᠤ  ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠭᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ᠂ ᠣᠢ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ      ᠪᠡᠶᠡᠯᠡᠬᠦᠯᠬᠦ ᠴᠠᠭ ᠬᠤᠭᠤᠴᠠᠭ᠎ᠠ᠄  ᠦᠷᠭᠦᠯᠵᠢᠯᠡᠨ ᠠᠬᠢᠭᠤᠯᠤᠨ᠎ᠠ      ︵ᠬᠤᠶᠠᠷ︶ ᠬᠤᠳᠠ ᠶᠢᠨ ᠪᠤᠬᠢᠷ ᠦᠮᠡᠬᠡᠢ ᠤᠰᠤᠨ ᠴᠤᠨᠨᠴᠠ ᠶᠢ ᠵᠠᠰᠬᠠᠰᠠᠨ ᠦᠷ᠎ᠡ ᠪᠦᠳᠦᠮᠵᠢ ᠪᠠᠨ ᠪᠠᠬᠢᠵᠢᠬᠦᠯᠦᠨ᠎ᠠ᠃      22. ᠬᠥᠬᠡᠬᠤᠲᠠ᠂ ᠪᠤᠭᠤᠲᠤ ᠬᠤᠲᠠ᠂ ᠤᠯᠠᠭᠠᠨᠬᠠᠳᠠ ᠬᠤᠲᠠ ᠨᠢ ᠣᠷᠳᠣ ᠬᠤᠭᠤᠴᠠᠭᠠᠨ ᠤ ᠪᠦᠲᠦᠮᠵᠢᠲᠡᠶ ᠪᠠᠶᠢᠯᠭᠠᠬᠤ ᠲᠣᠭᠲᠠᠴᠠ ᠶᠢ ᠪᠠᠶᠢᠭᠤᠯᠵᠦ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ᠂ ᠲᠣᠭᠲᠠᠮᠠᠯ ᠬᠤᠭᠤᠴᠠᠭ᠎ᠠ ᠲᠠᠢ ᠪᠠᠷ ᠭᠤᠤᠯ ᠤᠨ ᠬᠡᠰᠡᠭ ᠤᠨ ᠤᠰᠤᠨ ᠤ ᠴᠢᠨᠠᠷ ᠢ ᠬᠢᠨᠠᠨ ᠰᠢᠨᠵᠢᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠨᠢᠭᠡᠨᠲᠡ ᠵᠠᠰᠠᠵᠤ  ᠲᠠᠭᠤᠰᠬᠠᠨᠨᠰᠠᠨ 13 ᠬᠡᠰᠡᠭ ᠪᠤᠬᠢᠷ ᠦᠮᠡᠬᠡᠶ ᠤᠰᠤᠨ ᠴᠣᠭᠴᠠ ᠶᠢ  ᠤᠷᠳᠤ ᠬᠤᠭᠤᠴᠠᠭᠠᠨ ᠤ ᠪᠦᠳᠦᠮᠵᠢᠳᠡᠢ ᠲᠤᠨᠨᠳᠠᠴᠠ ᠪᠠᠷ ᠦᠨᠢᠳᠡ ᠴᠡᠪᠡᠷᠰᠢᠬᠦᠯᠵᠦ ᠪᠠᠶᠢᠬᠤ ᠶᠢ ᠦᠨᠡᠨ ᠬᠦ ᠪᠠᠳᠤᠯᠠᠨ᠎ᠠ᠃      ᠲᠦᠷᠦᠭᠦᠯᠡᠨ ᠬᠢᠬᠦ ᠰᠠᠯᠠᠭ᠎ᠠ ᠮᠥᠴᠢᠷ᠄  ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮ      ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠭᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ      ᠪᠡᠶᠡᠯᠡᠬᠦᠯᠬᠦ ᠴᠠᠭ ᠬᠤᠭᠤᠴᠠᠭ᠎ᠠ᠄  2020 ᠣᠨ ᠤ ᠰᠡᠭᠦᠯᠴᠢ ᠠᠴᠠ ᠡᠮᠦᠨ᠎ᠡ      23. ᠡᠯ᠎ᠡ ᠠᠶᠢᠮᠠᠭ ᠬᠤᠲᠠ ᠨᠢ ᠬᠢᠨᠠᠯᠲᠠ ᠲᠠᠯᠪᠢᠵᠤ ᠪᠠᠶᠢᠴᠠᠭᠠᠬᠤ ᠪᠠ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠦ᠂ ᠰᠢᠨ᠎ᠡ ᠪᠠᠷ ᠢᠯᠡᠷᠡᠭᠦᠯᠦᠭᠰᠡᠨ ᠪᠤᠬᠢᠷ ᠦᠮᠡᠬᠡᠶ ᠤᠰᠤᠨ ᠴᠣᠭᠴᠠ ᠶᠢᠨ ᠬᠤᠯᠪᠤᠨᠨᠳᠠᠯ ᠪᠦᠬᠦᠢ ᠪᠠᠶᠢᠳᠠᠯ ᠢ ᠴᠠᠭ ᠲᠤᠬᠠᠶ ᠳᠤ ᠨᠢ ᠮᠡᠳᠡᠭᠦᠯᠬᠦ ᠶᠢᠨ ᠬᠠᠮᠲᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠣᠭᠲᠠᠭᠠᠨ ᠬᠡᠷᠡᠭᠵᠢᠬᠦᠯᠵᠦ᠂ ᠵᠢᠯ ᠤᠨ ᠰᠡᠭᠦᠯᠴᠢ ᠠᠴᠠ ᠡᠮᠦᠨ᠎ᠡ ᠵᠠᠰᠠᠵᠤ ᠳᠠᠭᠤᠰᠬᠠᠨ᠎ᠠ᠃      ᠲᠦᠷᠦᠭᠦᠯᠡᠨ ᠬᠢᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮ      ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠭᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ      ᠪᠡᠶᠡᠯᠡᠬᠦᠯᠬᠦ ᠴᠠᠭ ᠬᠤᠭᠤᠴᠠᠭ᠎ᠠ᠄  2020 ᠣᠨ ᠤ ᠰᠡᠭᠦᠯᠴᠢ ᠠᠴᠠ ᠡᠮᠦᠨ᠎ᠡ      ︵ᠭᠤᠷᠪᠠ︶ ᠤᠤᠭᠤᠬᠤ ᠤᠰᠤᠨ ᠰᠤᠷᠪᠤᠯᠵᠢ ᠶᠢᠨ ᠬᠠᠮᠠᠭᠠᠯᠠᠯᠲᠠ ᠶᠢ ᠦᠨᠡᠨ ᠬᠦ ᠴᠢᠩᠭᠠᠳᠬᠠᠨ᠎ᠠ᠃      24. ᠤᠰᠤᠨ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠢ ᠬᠠᠤᠯᠢ ᠶᠣᠰᠣᠭᠠᠷ ᠬᠤᠪᠢᠶᠠᠷᠢᠯᠠᠨ ᠲᠣᠭᠲᠠᠭᠠᠨ᠎ᠠ᠃ ᠡᠯ᠎ᠡ ᠠᠶᠢᠮᠠᠭ ᠬᠤᠲᠠ ᠨᠢ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠤ ᠤᠰᠤᠨ ᠰᠤᠷᠪᠤᠯᠵᠢ ᠶᠢᠨ ᠬᠠᠮᠠᠭᠠᠯᠠᠯᠳᠠ ᠶᠢᠨ ᠣᠷᠣᠨ ᠢ ᠬᠤᠪᠢᠶᠠᠷᠢᠯᠠᠨ ᠲᠣᠭᠲᠠᠭᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠵᠢᠯ ᠤᠨ ᠳᠣᠲᠣᠷ᠎ᠠ 29 ︽ᠮᠢᠩᠭᠠᠨ ᠲᠣᠨ ᠲᠦᠮᠡᠨ ᠬᠥᠮᠦᠨ︾᠎ ᠤ ᠤᠰᠤᠨ ᠰᠤᠷᠪᠤᠯᠵᠢ ᠶᠢᠨ ᠭᠠᠵᠠᠷ ᠤᠨ ᠬᠠᠮᠠᠭᠠᠯᠠᠯᠲᠠ ᠶᠢᠨ ᠣᠷᠣᠨ ᠤ ᠬᠤᠪᠢᠶᠠᠷᠢᠯᠠᠨ ᠲᠣᠭᠲᠠᠭᠠᠬᠤ ᠠᠵᠢᠯ ᠢ ᠭᠤᠤᠯᠳᠠᠯᠭ᠎ᠠ ᠲᠠᠢ ᠪᠡᠶᠡᠯᠡᠬᠦᠯᠦᠨ᠎ᠠ᠃      ᠲᠦᠷᠦᠭᠦᠯᠡᠨ ᠬᠢᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ      ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ      ᠪᠡᠶᠡᠯᠡᠬᠦᠯᠬᠦ ᠴᠠᠭ ᠬᠤᠭᠤᠴᠠᠭ᠎ᠠ᠄  2020 ᠣᠨ ᠤ ᠰᠡᠭᠦᠯᠴᠢ ᠠᠴᠠ ᠡᠮᠦᠨ᠎ᠡ      25. ᠪᠠᠷᠢᠮᠵᠢᠶ᠎ᠠ ᠳᠤ  ᠭᠦᠷᠦᠭᠰᠡᠨ ᠥᠬᠡᠶ ᠤᠰᠤᠨ ᠤ ᠴᠢᠨᠠᠷ ᠲᠠᠢ ᠤᠰᠤᠨ ᠰᠤᠷᠪᠤᠯᠵᠢ ᠶᠢᠨ ᠭᠠᠵᠠᠷ ᠤᠨ ᠠᠰᠠᠭᠤᠳᠠᠯ ᠢ  ᠴᠡᠭᠴᠡᠯᠡᠨ ᠰᠠᠶᠢᠵᠢᠷᠠᠭᠤᠯᠬᠤ ᠪᠠᠨ ᠠᠬᠢᠭᠤᠯᠤᠨ᠎ᠠ᠃ ᠪᠤᠭᠤᠲᠤ ᠬᠤᠲᠠ᠂ ᠬᠥᠯᠥᠨ ᠪᠤᠶᠢᠷ ᠬᠤᠲᠠ᠂ ᠲᠦᠩᠯᠢᠶᠣᠤ ᠬᠤᠲᠠ᠂ ᠰᠢᠯᠢ ᠶᠢᠨ ᠭᠤᠤᠯ ᠠᠶᠢᠮᠠᠭ ᠵᠡᠷᠭᠡ ᠠᠶᠢᠮᠠᠭ ᠬᠤᠲᠠ ᠨᠢ ᠪᠠᠷᠢᠮᠵᠢᠶ᠎ᠠ ᠳᠤ  ᠭᠦᠷᠦᠭᠰᠡᠨ ᠥᠬᠡᠶ ᠤᠰᠤᠨ ᠤ ᠴᠢᠨᠠᠷ ᠲᠠᠢ ᠤᠰᠤᠨ ᠰᠤᠷᠪᠤᠯᠵᠢ ᠶᠢᠨ ᠭᠠᠵᠠᠷ ᠤᠨ ᠤᠰᠤᠨ ᠤ ᠴᠢᠨᠠᠷ ᠢ ᠪᠠᠷᠢᠮᠵᠢᠶ᠎ᠠ ᠳᠤ ᠭᠦᠷᠦᠬᠦᠯᠵᠦ ᠴᠡᠭᠴᠡᠯᠡᠨ ᠰᠠᠶᠢᠵᠢᠷᠠᠭᠤᠯᠬᠤ ᠠᠵᠢᠯ ᠢ ᠭᠤᠤᠯᠳᠠᠯᠭ᠎ᠠ ᠲᠠᠢ ᠥᠷᠨᠢᠭᠦᠯᠵᠦ᠂ ᠤᠰᠤᠨ ᠰᠤᠷᠪᠤᠯᠵᠢ ᠶᠢᠨ ᠭᠠᠵᠠᠷ ᠤᠨ ᠤᠰᠤᠨ ᠤ ᠴᠢᠨᠠᠷ ᠢ ᠪᠠᠷᠢᠮᠵᠢᠶ᠎ᠠ ᠳᠤ ᠬᠦᠷᠦᠭᠦᠯᠬᠦ ᠲᠥᠯᠥᠪᠵᠢᠭᠦᠯᠭᠡ ᠶᠢ ᠲᠣᠭᠲᠠᠭᠠᠨ ᠬᠡᠷᠡᠭᠵᠢᠭᠦᠯᠵᠦ᠂ ᠬᠠᠩᠭᠠᠬᠤ ᠤᠰᠤᠨ ᠤ ᠴᠢᠨᠠᠷ ᠢ ᠲᠣᠭᠲᠠᠭᠤᠨ ᠢᠶᠠᠷ ᠪᠠᠷᠢᠮᠵᠢᠶ᠎ᠠ ᠳᠤ ᠬᠦᠷᠦᠭᠦᠯᠬᠦ ᠶᠢ ᠦᠨᠡᠨ ᠬᠦ  ᠪᠠᠲᠤᠯᠠᠨ᠎ᠠ᠃      ᠲᠦᠷᠦᠭᠦᠯᠡᠨ ᠬᠢᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ      ᠬᠠᠮᠵᠢᠯᠴᠠᠬᠤ ᠰᠠᠯᠠᠭ᠎ᠠ ᠮᠥᠴᠢᠷ᠄  ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ      ᠪᠡᠶᠡᠯᠡᠬᠦᠯᠬᠦ ᠴᠠᠭ ᠬᠤᠭᠤᠴᠠᠭ᠎ᠠ᠄  2020 ᠣᠨ ᠤ ᠰᠡᠭᠦᠯᠴᠢ ᠠᠴᠠ ᠡᠮᠦᠨ᠎ᠡ      26. ᠤᠰᠤᠨ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠳᠠᠬᠢ ᠳᠦᠷᠢᠮ ᠠᠴᠠ ᠵᠥᠷᠢᠴᠡᠭᠰᠡᠨ ᠪᠠᠷᠢᠯᠭ᠎ᠠ ᠪᠠ ᠲᠣᠭᠲᠠᠭᠠᠯ ᠠᠴᠠ ᠵᠦᠷᠢᠴᠡᠵᠦ ᠪᠦᠲᠦᠭᠡᠨ ᠪᠠᠶᠢᠭᠤᠯᠤᠨᠨᠰᠠᠨ ᠲᠥᠷᠥᠯ ᠵᠦᠢᠯ ᠢ ᠢᠯᠭᠠᠷᠠᠭᠤᠯᠤᠨ ᠨᠤᠷᠠᠭᠠᠵᠦ ᠴᠡᠭᠴᠡᠯᠡᠨ  ᠰᠠᠶᠢᠵᠢᠷᠠᠭᠤᠯᠤᠨ᠎ᠠ᠃ ᠬᠥᠬᠡᠬᠤᠲᠠ᠂ ᠬᠥᠯᠥᠨ ᠪᠤᠶᠢᠷ ᠬᠤᠲᠠ᠂ ᠤᠯᠠᠭᠠᠨᠬᠠᠳᠠ ᠬᠤᠲᠠ᠂ ᠪᠠᠶᠠᠨᠨᠠᠭᠤᠷ ᠬᠤᠲᠠ ᠵᠡᠷᠭᠡ ᠠᠶᠢᠮᠠᠭ ᠬᠤᠲᠠ ᠨᠢ ᠤᠰᠤᠨ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠳᠠᠬᠢ ᠳᠦᠷᠢᠮ ᠠᠴᠠ ᠵᠥᠷᠢᠴᠡᠭᠰᠡᠨ ᠪᠠᠷᠢᠯᠭ᠎ᠠ᠂ ᠲᠣᠭᠲᠠᠭᠠᠯ ᠠᠴᠠ ᠵᠦᠷᠢᠴᠡᠵᠦ ᠪᠦᠲᠦᠭᠡᠨ ᠪᠠᠶᠢᠭᠤᠯᠤᠨᠨᠰᠠᠨ ᠲᠥᠷᠥᠯ ᠵᠦᠢᠯ ᠢ ᠢᠯᠭᠠᠷᠠᠭᠤᠯᠤᠨ ᠨᠤᠷᠠᠭᠠᠬᠤ ᠵᠢᠴᠢ ᠴᠡᠭᠴᠡᠯᠡᠨ ᠰᠠᠶᠢᠵᠢᠷᠠᠭᠤᠯᠬᠤ ᠠᠵᠢᠯ ᠢᠶᠠᠨ ᠭᠤᠤᠯᠳᠠᠯᠭ᠎ᠠ ᠲᠠᠢ ᠥᠷᠨᠢᠭᠦᠯᠵᠦ᠂ ᠠᠰᠠᠭᠤᠳᠠᠯ ᠤᠨ ᠨᠠᠷᠢᠨ ᠬᠠᠭᠤᠳᠠᠰᠤ ᠶᠢ ᠲᠣᠭᠲᠠᠭᠠᠨ᠂ ᠴᠡᠭᠴᠡᠯᠡᠨ ᠰᠠᠶᠢᠵᠢᠷᠠᠭᠤᠯᠬᠤ ᠲᠥᠰᠦᠯ ᠲᠣᠭᠲᠠᠭᠠᠵᠤ᠂ ᠵᠢᠯ ᠤᠨ ᠰᠡᠭᠦᠯᠴᠢ ᠠᠴᠠ ᠡᠮᠤᠨ᠎ᠠ ᠢᠯᠭᠠᠷᠠᠭᠤᠯᠤᠨ ᠴᠡᠭᠴᠡᠯᠡᠵᠦ ᠰᠠᠶᠢᠵᠢᠷᠠᠭᠤᠯᠬᠤ ᠠᠵᠢᠯ ᠢ ᠦᠨᠳᠦᠰᠦᠨ ᠳᠤ ᠪᠠᠨ ᠦᠷ᠎ᠡ ᠪᠦᠲᠦᠮᠵᠢ ᠲᠠᠢ ᠪᠤᠯᠭᠠᠨ᠎ᠠ᠃      ᠲᠦᠷᠦᠭᠦᠯᠡᠨ ᠬᠢᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ      ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ      ᠪᠡᠶᠡᠯᠡᠬᠦᠯᠬᠦ ᠴᠠᠭ ᠬᠤᠭᠤᠴᠠᠭ᠎ᠠ᠄  2020 ᠣᠨ ᠤ ᠰᠡᠭᠦᠯᠴᠢ ᠠᠴᠠ ᠡᠮᠦᠨ᠎ᠡ      27. ᠤᠰᠤᠨ ᠰᠤᠷᠪᠤᠯᠵᠢ ᠶᠢᠨ ᠭᠠᠵᠠᠷ ᠢ ᠵᠢᠷᠤᠮᠵᠢᠭᠤᠯᠤᠨ ᠪᠦᠳᠦᠬᠡᠨ ᠪᠠᠶᠢᠭᠤᠯᠬᠤ ᠬᠢᠷᠢ ᠬᠡᠮᠵᠢᠶ᠎ᠡ ᠶᠢ ᠲᠡᠬᠡᠭᠰᠢᠯᠡᠬᠦᠯᠦᠨ᠎ᠠ᠃ ᠬᠢᠩᠭᠠᠨ ᠠᠶᠢᠮᠠᠭ᠂ ᠤᠯᠠᠭᠠᠨᠴᠠᠪ ᠬᠤᠲᠠ᠂ ᠪᠠᠶᠠᠨᠨᠠᠭᠤᠷ ᠬᠤᠲᠠ ᠵᠡᠷᠭᠡ ᠠᠶᠢᠮᠠᠭ ᠬᠤᠲᠠ ᠨᠢ ᠤᠰᠤᠨ ᠰᠤᠷᠪᠤᠯᠵᠢ ᠶᠢᠨ ᠬᠠᠮᠠᠭᠠᠯᠠᠯᠳᠠ ᠶᠢᠨ ᠣᠷᠣᠨ ᠳᠤ ᠬᠦᠷᠢᠶ᠎ᠡ ᠬᠡᠷᠡᠰᠬᠡ᠂ ᠴᠠᠮᠬᠠᠭ ᠭᠠᠷᠭᠠᠬᠤ᠂ ᠬᠢᠨᠠᠨ ᠡᠵᠡᠮᠳᠡᠵᠦ  ᠰᠡᠷᠡᠮᠵᠢᠯᠡᠬᠦᠯᠬᠦ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠵᠢᠴᠢ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠵᠡᠷᠬᠡ ᠲᠠᠯ᠎ᠠ ᠪᠠᠷ ᠤᠰᠤᠨ ᠰᠤᠷᠪᠤᠯᠵᠢ ᠶᠢᠨ ᠭᠠᠵᠠᠷ ᠢ ᠵᠢᠷᠤᠮᠵᠢᠭᠤᠯᠵᠦ ᠪᠦᠳᠦᠬᠡᠨ ᠪᠠᠶᠢᠭᠤᠯᠬᠤ ᠪᠠᠨ ᠠᠬᠢᠭᠤᠯᠤᠨ᠎ᠠ᠃      ᠲᠦᠷᠦᠭᠦᠯᠡᠨ ᠬᠢᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ      ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ      ᠪᠡᠶᠡᠯᠡᠬᠦᠯᠬᠦ ᠴᠠᠭ ᠬᠤᠭᠤᠴᠠᠭ᠎ᠠ᠄  2020 ᠣᠨ ᠤ ᠰᠡᠭᠦᠯᠴᠢ ᠠᠴᠠ ᠡᠮᠦᠨ᠎ᠡ      28. ᠪᠡᠯᠡᠳᠬᠡᠯ ᠤᠰᠤᠨ ᠰᠤᠷᠪᠤᠯᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠬᠥᠯᠥᠨ ᠪᠤᠶᠢᠷ ᠬᠤᠲᠠ᠂ ᠲᠦᠩᠯᠢᠶᠣᠤ ᠬᠤᠲᠠ᠂ ᠰᠢᠯᠢ ᠶᠢᠨ ᠭᠤᠤᠯ ᠠᠶᠢᠮᠠᠭ ᠨᠢ ᠪᠡᠯᠡᠳᠬᠡᠯ ᠤᠰᠤᠨ ᠰᠤᠷᠪᠤᠯᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠬᠤ ᠬᠢᠷᠢ ᠲᠦᠪᠰᠢᠨ ᠢᠶᠠᠨ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃      ᠲᠦᠷᠦᠭᠦᠯᠡᠨ ᠬᠢᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ᠂ ᠠᠮᠢ  ᠠᠬᠤᠢ ᠣᠷᠴᠢᠨ ᠲᠣᠭᠤᠷᠢᠨ ᠤ ᠲᠢᠩᠬᠢᠮ      ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ      ᠪᠡᠶᠡᠯᠡᠬᠦᠯᠬᠦ ᠴᠠᠭ ᠬᠤᠭᠤᠴᠠᠭ᠎ᠠ᠄  2020 ᠣᠨ ᠤ ᠰᠡᠭᠦᠯᠴᠢ ᠠᠴᠠ ᠡᠮᠦᠨ᠎ᠡ      29. ᠤᠯᠤᠰ ᠤᠨ ᠰᠢᠯᠭᠠᠨ ᠬᠢᠨᠠᠬᠤ ᠳᠤ ᠢᠯᠭᠠᠭ᠎ᠠ ᠲᠠᠢ ᠬᠠᠨᠳᠤᠭᠤᠯᠬᠤ ᠪᠤᠳᠤᠯᠭ᠎ᠠ ᠤᠯᠬᠤ ᠪᠠᠷ ᠢᠳᠡᠪᠬᠢᠯᠡᠨ ᠴᠢᠷᠮᠠᠶᠢᠨ᠎ᠠ᠃ ᠬᠥᠯᠥᠨ ᠪᠤᠶᠢᠷ ᠬᠤᠲᠠ᠂ ᠲᠦᠩᠯᠢᠶᠣᠤ ᠬᠤᠲᠠ᠂ ᠰᠢᠯᠢ ᠶᠢᠨ ᠭᠤᠤᠯ ᠠᠶᠢᠮᠠᠭ᠂ ᠣᠷᠳᠣᠰ ᠬᠤᠲᠠ᠂ ᠠᠯᠠᠱᠠ ᠠᠶᠢᠮᠠᠭ ᠵᠡᠷᠬᠡ ᠭᠠᠵᠠᠷ ᠣᠷᠣᠨ ᠨᠢ ᠲᠤᠰᠬᠠᠶ ᠣᠷᠣᠨ ᠬᠤᠲᠠ ᠶᠢᠨ ᠲᠡᠰ ᠤᠨ ᠤᠤᠭᠤᠬᠤ ᠤᠰᠤᠨ ᠤ ᠤᠰᠤᠨ ᠰᠤᠷᠪᠤᠯᠵᠢ ᠶᠢᠨ ᠭᠠᠵᠠᠷ  ᠎ ᠲᠤ ᠠᠭᠤᠯᠤᠨᠨᠳᠠᠬᠤ ᠲᠡᠮᠦᠷ᠂ ᠮᠠᠩᠭᠠᠨ᠂ ᠹᠯᠣᠷᠲᠤ ᠨᠢᠭᠡᠳᠪᠦᠷᠢ ᠵᠡᠷᠭᠡ ᠪᠠᠶᠢᠭᠠᠯᠢ ᠶᠢᠨ ᠳᠡᠪᠢᠰᠬᠡᠷ ᠬᠡᠮᠵᠢᠭᠳᠡᠯ ᠨᠡᠮᠡᠭᠳᠡᠭᠰᠡᠨ ᠠᠴᠠ ᠪᠣᠯᠵᠤ ᠪᠠᠷᠢᠮᠵᠢᠶ᠎ᠠ ᠠᠴᠠ ᠬᠡᠲᠦᠷᠡᠭᠰᠡᠨ ᠠᠰᠠᠭᠤᠳᠠᠯ ᠳᠤ ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠬᠦ ᠠᠵᠢᠯ ᠦᠷᠨᠢᠭᠦᠯᠵᠦ᠂ ᠤᠯᠤᠰ ᠤᠨ ᠰᠢᠯᠭᠠᠨ ᠬᠢᠨᠠᠬᠤ ᠳᠤ ᠢᠯᠭᠠᠭ᠎ᠠ ᠲᠠᠢ ᠬᠠᠨᠳᠤᠭᠤᠯᠬᠤ ᠪᠤᠳᠤᠯᠭ᠎ᠠ ᠤᠯᠬᠤ ᠪᠠᠷ ᠢᠳᠡᠪᠬᠢᠯᠡᠨ ᠴᠢᠷᠮᠠᠶᠢᠨ᠎ᠠ᠃      ᠲᠦᠷᠦᠭᠦᠯᠡᠨ ᠬᠢᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ      ᠪᠡᠶᠡᠯᠡᠬᠦᠯᠬᠦ ᠴᠠᠭ ᠬᠤᠭᠤᠴᠠᠭ᠎ᠠ᠄  2020 ᠣᠨ ᠤ ᠰᠡᠭᠦᠯᠴᠢ ᠠᠴᠠ ᠡᠮᠦᠨ᠎ᠡ      30. ᠤᠰᠤᠨ ᠰᠤᠷᠪᠤᠯᠵᠢ ᠶᠢᠨ ᠭᠠᠵᠠᠷ ᠤᠨ ᠤᠰᠤᠨ ᠤ ᠴᠢᠨᠠᠷ ᠤᠨ ᠮᠡᠳᠡᠭᠡ ᠵᠠᠩᠭᠢ ᠶᠢ ᠢᠯᠡ ᠪᠣᠯᠭᠠᠬᠤ ᠪᠠᠨ ᠴᠢᠩᠭᠠᠳᠬᠠᠨ᠎ᠠ᠃ ᠬᠤᠰᠢᠭᠤ ᠰᠢᠶᠠᠨ ᠤ ᠱᠠᠲᠤ ᠵᠢᠴᠢ ᠲᠡᠭᠦᠨ ᠠᠴᠠ ᠳᠡᠭᠡᠭᠰᠢᠬᠢ ᠬᠤᠲᠠ ᠶᠢᠨ ᠤᠤᠭᠤᠬᠤ ᠤᠰᠤᠨ ᠤ ᠤᠰᠤᠨ ᠰᠤᠷᠪᠤᠯᠵᠢ ᠶᠢᠨ ᠤᠰᠤ᠂ ᠤᠰᠤ ᠬᠠᠩᠭᠠᠬᠤ ᠦᠢᠯᠡᠳᠪᠦᠷᠢ ᠠᠴᠠ ᠭᠠᠷᠭᠠᠭᠰᠠᠨ ᠤᠰᠤ ᠵᠢᠴᠢ ᠬᠡᠷᠡᠭᠯᠡᠭᠴᠢ ᠶᠢᠨ ᠬᠡᠷᠡᠭᠯᠡᠬᠦ ᠤᠰᠤᠨ ᠤ ᠴᠢᠨᠠᠷ ᠤᠨ ᠮᠡᠳᠡᠭᠡ ᠵᠠᠩᠭᠢ ᠶᠢ ᠤᠯᠠᠷᠢᠯ ᠢᠶᠠᠷ ᠨᠡᠶᠢᠭᠡᠮ ᠳᠤ ᠢᠯᠡ ᠪᠤᠯᠭᠠᠨ᠎ᠠ᠃      ᠲᠦᠷᠦᠭᠦᠯᠡᠨ ᠬᠢᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠡᠷᠡᠭᠦᠯ ᠬᠠᠮᠠᠭᠠᠯᠠᠯ ᠡᠷᠡᠬᠦᠯ  ᠮᠡᠨᠳᠦ ᠶᠢᠨ ᠵᠥᠪᠯᠡᠯ      ᠪᠡᠶᠡᠯᠡᠬᠦᠯᠬᠦ ᠴᠠᠭ ᠬᠤᠭᠤᠴᠠᠭ᠎ᠠ᠄  2020 ᠣᠨ ᠤ ᠰᠡᠭᠦᠯᠴᠢ ᠠᠴᠠ ᠡᠮᠦᠨ᠎ᠡ      ︵ᠲᠦᠷᠪᠡ︶ ᠬᠤᠲᠠ ᠪᠠᠯᠭᠠᠰᠤᠨ ᠤ ᠠᠮᠢᠳᠤᠷᠠᠯ ᠤᠨ ᠪᠣᠬᠢᠷᠲᠤᠯ ᠢ ᠵᠠᠰᠠᠬᠤ ᠪᠠᠨ ᠬᠦᠴᠦᠯᠡᠨ ᠴᠢᠩᠭᠠᠷᠠᠭᠤᠯᠤᠨ᠎ᠠ᠃      31. ᠬᠤᠳᠠ ᠪᠠᠯᠭᠠᠰᠤᠨ ᠤ ᠪᠣᠬᠢᠷ ᠤᠰᠤ ᠰᠶᠢᠳᠪᠦᠷᠢᠯᠡᠬᠦ ᠪᠡᠯᠡᠳᠬᠡᠮᠵᠢ ᠶᠢ ᠪᠦᠳᠦᠭᠡᠨ ᠪᠠᠶᠢᠭᠤᠯᠬᠤ ᠪᠠ ᠦᠬᠡᠷᠡᠴᠢᠯᠡᠨ ᠰᠢᠨᠡᠳᠬᠡᠬᠦ ᠪᠠᠨ ᠲᠦᠷᠭᠡᠳᠬᠡᠨ᠎ᠡ᠃ ᠣᠭᠲᠣᠯᠤᠭᠠᠰᠤ ᠶᠢᠨ ᠤᠰᠤᠨ ᠤ ᠴᠢᠨᠠᠷ ᠨᠢ ᠬᠠᠷᠠᠯᠳᠠᠳᠤ ᠬᠠᠷᠢᠭᠤᠴᠠᠯᠭ᠎ᠠ ᠶᠢᠨ ᠪᠢᠴᠢᠭ ᠤᠨ ᠱᠠᠭᠠᠷᠳᠠᠯᠭ᠎ᠠ ᠳᠤ ᠭᠦᠷᠴᠤ ᠲᠡᠶᠢᠯᠬᠦ ᠦᠭᠡᠢ ᠭᠠᠵᠠᠷ ᠣᠷᠣᠨ ᠨᠢ ᠭᠠᠵᠠᠷ ᠣᠷᠣᠨ ᠤ ᠪᠠᠶᠢᠳᠠᠯ ᠳᠤ ᠪᠠᠨ ᠲᠤᠬᠢᠷᠠᠭᠤᠯᠤᠨ ᠣᠭᠲᠣᠯᠤᠭᠠᠰᠤ ᠶᠢᠨ ᠤᠰᠤ ᠬᠤᠷᠠᠭᠤᠯᠬᠤ ᠣᠷᠣᠨ ᠤ ᠬᠡᠪᠴᠢᠶᠡᠨ ᠎ ᠳᠠᠬᠢ ᠣᠳᠣ ᠶᠢᠨ ᠪᠠᠶᠢᠭ᠎ᠠ ᠬᠤᠲᠠ  ᠪᠠᠯᠭᠠᠰᠤᠨ ᠤ ᠪᠣᠬᠢᠷ ᠤᠰᠤ ᠰᠶᠢᠳᠪᠦᠷᠢᠯᠡᠬᠦ ᠪᠡᠯᠡᠳᠬᠡᠮᠵᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠥᠭᠡᠷᠡᠴᠢᠯᠡᠯᠲᠡ ᠶᠢ ᠬᠡᠷᠡᠭᠵᠢᠭᠦᠯᠵᠦ᠂ ᠭᠠᠷ ᠤᠷᠠᠯᠠᠯ ᠨᠢ ᠬᠤᠴᠣᠷᠤᠩᠭᠤᠶ ᠠᠴᠠ ᠪᠣᠯᠵᠤ ᠭᠠᠷᠬᠤ ᠤᠰᠤ ᠨᠢ ᠲᠤᠨᠨᠳᠠᠭᠤᠨ ᠢᠶᠠᠷ ᠪᠠᠷᠢᠮᠵᠢᠶ᠎ᠠ ᠳᠤ ᠭᠦᠷᠴᠤ ᠲᠡᠶᠢᠯᠬᠦ ᠦᠬᠡᠢ ᠪᠣᠬᠢᠷ ᠤᠰᠤ ᠰᠶᠢᠳᠪᠦᠷᠢᠯᠡᠬᠦ ᠦᠢᠯᠡᠳᠪᠦᠷᠢ ᠶᠢ ᠴᠦ ᠱᠠᠯᠠᠪᠳᠠᠨ ᠦᠬᠡᠷᠡᠴᠢᠯᠡᠵᠦ ᠰᠢᠨᠡᠳᠬᠡᠨ᠂ ᠵᠢᠯ ᠤᠨ ᠰᠡᠭᠦᠯᠴᠢ ᠠᠴᠠ ᠡᠮᠦᠨ᠎ᠡ ᠪᠦᠬᠦ ᠣᠷᠣᠨ ᠤ ᠬᠤᠲᠠ ᠪᠠᠯᠭᠠᠰᠤᠨ ᠤ ᠪᠣᠬᠢᠷ ᠤᠰᠤ ᠰᠶᠢᠳᠪᠦᠷᠢᠯᠡᠬᠦ ᠦᠢᠯᠡᠳᠪᠦᠷᠢ ᠶᠢ ᠭᠠᠳ᠋ᠬᠠᠰᠢᠯᠠᠭᠤᠯᠬᠤ ᠵᠣᠬᠢᠬᠤ ᠪᠠᠷᠢᠮᠵᠢᠶ᠎ᠠ ᠳᠤ ᠭᠦᠷᠦᠭᠦᠯᠬᠦ ᠪᠤᠶᠤ ᠳᠠᠬᠢᠨ ᠠᠰᠢᠭᠯᠠᠬᠤ ᠱᠠᠭᠠᠷᠳᠠᠯᠭ᠎ᠠ ᠳᠤ ᠭᠦᠷᠦᠭᠦᠯᠦᠨ᠎ᠠ᠃      ᠲᠦᠷᠦᠭᠦᠯᠡᠨ ᠬᠢᠬᠦ ᠰᠠᠯᠠᠭ᠎ᠠ ᠮᠥᠴᠢᠷ᠄  ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ      ᠬᠠᠮᠵᠢᠯᠴᠠᠬᠤ ᠰᠠᠯᠠᠭ᠎ᠠ ᠮᠥᠴᠢᠷ᠄  ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ᠂ ᠠᠮᠢ ᠠᠬᠤᠶ ᠣᠷᠴᠢᠨ ᠲᠣᠭᠤᠷᠢᠨ ᠤ ᠲᠢᠩᠬᠢᠮ      ᠪᠡᠶᠡᠯᠡᠬᠦᠯᠬᠦ ᠴᠠᠭ ᠬᠤᠭᠤᠴᠠᠭ᠎ᠠ᠄  2020 ᠣᠨ ᠤ ᠰᠡᠭᠦᠯᠴᠢ ᠠᠴᠠ ᠡᠮᠦᠨ᠎ᠡ      32. ᠲᠦᠭᠦᠷ ᠬᠤᠭᠤᠯᠠᠶ ᠭᠤᠤᠷᠰᠤ ᠶᠢᠨ ᠲᠣᠤᠷ ᠤᠨ ᠪᠦᠳᠦᠬᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠬᠤᠲᠠᠨ ᠳᠠᠬᠢ ᠲᠣᠰᠬᠤᠨ᠂ ᠬᠠᠭᠤᠴᠢᠨ ᠬᠤᠲᠠ ᠲᠣᠭᠤᠷᠢᠭ ᠪᠠ ᠬᠤᠲᠠ ᠬᠥᠳᠡᠭᠡ ᠶᠢᠨ ᠠᠭᠤᠯᠵᠠᠷ ᠬᠡᠰᠡᠭ ᠲᠠᠬᠢ ᠪᠣᠬᠢᠷ ᠤᠰᠤ ᠶᠢ ᠬᠤᠷᠢᠵᠦ ᠵᠠᠯᠠᠵᠦ ᠤᠷᠤᠰᠬᠠᠬᠤ᠂ ᠬᠤᠭᠤᠯᠠᠶ ᠭᠤᠤᠷᠰᠤ ᠶᠢᠨ ᠲᠣᠤᠷ ᠢ ᠴᠤᠨᠨᠯᠠᠭᠤᠯᠵᠦ ᠪᠠᠶᠢᠭᠤᠯᠬᠤ ᠪᠠ ᠦᠬᠡᠷᠡᠴᠢᠯᠡᠨ ᠰᠢᠨᠡᠳᠬᠡᠬᠦ ᠠᠵᠢᠯ ᠢ ᠬᠡᠷᠡᠭᠵᠢᠭᠦᠯᠵᠦ᠂ ᠣᠳᠣ ᠶᠢᠨ ᠪᠠᠶᠢᠭ᠎ᠠ ᠨᠡᠶᠢᠯᠡᠬᠦᠯᠵᠦ ᠤᠷᠤᠰᠬᠠᠬᠤ ᠵᠢᠷᠤᠮ ᠢᠶᠠᠷ ᠤᠰᠤ ᠲᠠᠳᠠᠷᠠᠭᠤᠯᠬᠤ ᠰᠢᠰᠲ᠋ᠧᠮ ᠳᠤ ᠪᠣᠷᠣᠭᠠᠨ ᠤ ᠤᠰᠤ ᠪᠠ ᠪᠤᠬᠢᠷ ᠤᠰᠤ ᠶᠢ ᠰᠠᠯᠭᠠᠵᠦ ᠤᠷᠤᠰᠬᠠᠬᠤ ᠥᠭᠡᠷᠡᠴᠢᠯᠡᠯᠲᠡ ᠶᠢ ᠲᠦᠷᠭᠡᠳᠬᠡᠨ ᠬᠡᠷᠡᠭᠵᠢᠭᠦᠯᠵᠦ᠂ ᠰᠢᠨ᠎ᠠ ᠪᠠᠷ ᠪᠠᠶᠢᠭᠤᠯᠤᠨᠨᠰᠠᠨ ᠪᠣᠬᠢᠷ ᠤᠰᠤ ᠰᠶᠢᠳᠪᠦᠷᠢᠯᠡᠬᠦ ᠪᠡᠯᠡᠳᠬᠡᠮᠵᠢ ᠶᠢᠨ ᠲᠦᠭᠦᠷ ᠬᠤᠭᠤᠯᠠᠶ ᠭᠤᠤᠷᠰᠤ ᠶᠢᠨ ᠲᠣᠤᠷ ᠢ ᠵᠡᠷᠭᠡ ᠳᠤ ᠨᠢ ᠵᠢᠷᠤᠭᠯᠠᠨ ᠲᠥᠯᠥᠪᠯᠡᠵᠦ ᠪᠦᠲᠦᠭᠡᠨ ᠪᠠᠶᠢᠭᠤᠯᠬᠤ ᠪᠠ ᠠᠰᠢᠭᠯᠠᠯᠲᠠ ᠳᠤ ᠤᠷᠤᠭᠤᠯᠤᠨ᠎ᠠ᠃ ᠳᠠᠬᠢᠯᠲᠠ ᠤᠰᠤ ᠶᠢ ᠡᠭᠡᠭᠦᠯᠦᠨ ᠬᠡᠷᠡᠭᠯᠡᠬᠦ ᠬᠤᠭᠤᠯᠠᠶ ᠭᠤᠤᠷᠰᠤ ᠶᠢᠨ ᠲᠣᠤᠷ ᠢ ᠪᠦᠲᠦᠭᠡᠨ ᠪᠠᠶᠢᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠦ᠂ ᠳᠠᠬᠢᠯᠲᠠ ᠤᠰᠤ ᠶᠢ ᠡᠭᠡᠭᠦᠯᠦᠨ ᠬᠡᠷᠡᠭᠯᠡᠬᠦ ᠨᠣᠷᠮ᠎ᠠ ᠪᠠᠨ ᠳᠡᠭᠡᠭᠰᠢᠯᠡᠭᠦᠯᠦᠨ᠂ ᠵᠢᠯ ᠤᠨ ᠰᠡᠭᠦᠯᠴᠢ ᠠᠴᠠ ᠡᠮᠦᠨ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠪᠠ ᠭᠤᠤᠯᠳᠠᠯᠭ᠎ᠠ ᠲᠠᠢ ᠪᠠᠯᠭᠠᠰᠤ ᠪᠦᠭᠦᠨ ᠢ ᠪᠣᠬᠢᠷ ᠤᠰᠤ ᠬᠤᠷᠢᠶᠠᠨ ᠴᠤᠭᠯᠠᠭᠤᠯᠵᠤ ᠰᠶᠢᠳᠪᠦᠷᠢᠯᠡᠬᠦ ᠴᠢᠳᠠᠪᠤᠷᠢ ᠲᠠᠢ ᠪᠤᠯᠭᠠᠵᠦ᠂ ᠬᠤᠰᠢᠭᠤ ᠰᠢᠶᠠᠨ ︵ᠬᠤᠲᠠ᠂ ᠲᠣᠭᠤᠷᠢᠭ︶᠂ ᠬᠤᠲᠠ ᠶᠢᠨ ᠪᠣᠬᠢᠷ ᠤᠰᠤ ᠰᠶᠢᠳᠪᠦᠷᠢᠯᠡᠬᠦ ᠨᠣᠷᠮ᠎ᠠ ᠶᠢ ᠲᠣᠰ ᠲᠣᠰ 85%᠂ 95% ᠣᠷᠴᠢᠮ ᠪᠤᠯᠭᠠᠨ᠎ᠠ᠂ ᠪᠦᠬᠦ ᠣᠷᠣᠨ ᠤ ᠳᠠᠬᠢᠯᠲᠠ ᠤᠰᠤ ᠶᠢ ᠡᠭᠡᠭᠦᠯᠦᠨ ᠬᠡᠷᠡᠭᠯᠡᠬᠦ ᠨᠣᠷᠮ᠎ᠠ ᠶᠢ 20%᠎ ᠠᠴᠠ ᠳᠣᠤᠷ᠎ᠠ ᠪᠠᠶᠢᠯᠭᠠᠵᠤ ᠪᠣᠯᠬᠤ ᠦᠭᠡᠢ᠂ ᠬᠥᠬᠡᠬᠤᠲᠠ᠂ ᠪᠤᠭᠤᠲᠤ ᠬᠤᠲᠠ᠂ ᠤᠯᠠᠭᠠᠨᠬᠠᠳᠠ ᠬᠤᠲᠠ᠂ ᠤᠯᠠᠭᠠᠨᠴᠠᠪ ᠬᠤᠲᠠ᠂ ᠣᠷᠳᠣᠰ ᠬᠤᠲᠠ ᠵᠡᠷᠭᠡ ᠭᠠᠵᠠᠷ ᠣᠷᠣᠨ ᠨᠢ ᠣᠭᠲᠣᠯᠤᠭᠠᠰᠤ ᠶᠢᠨ ᠤᠰᠤᠨ ᠤ ᠴᠢᠨᠠᠷ ᠢ ᠪᠠᠷᠢᠮᠵᠢᠶ᠎ᠠ ᠳᠤ ᠬᠦᠷᠦᠭᠦᠯᠦᠨ ᠴᠡᠭᠴᠡᠯᠡᠵᠦ ᠰᠠᠶᠢᠵᠢᠷᠠᠭᠤᠯᠬᠤ ᠬᠡᠷᠡᠭᠴᠡᠭᠡ ᠱᠠᠭᠠᠷᠳᠠᠯᠭ᠎ᠠ ᠪᠠᠷ ᠵᠠᠪᠰᠠᠷ ᠤᠨ ᠤᠰᠤ ᠶᠢ ᠡᠭᠡᠭᠦᠯᠦᠨ ᠬᠡᠷᠡᠭᠯᠡᠬᠦ ᠵᠠᠮ ᠮᠥᠷ ᠢᠶᠠᠨ ᠥᠷᠭᠡᠳᠬᠡᠵᠦ᠂ ᠵᠠᠪᠰᠠᠷ ᠤᠨ ᠤᠰᠤ ᠶᠢ ᠡᠭᠡᠭᠦᠯᠦᠨ ᠬᠡᠷᠡᠭᠯᠡᠬᠦ ᠨᠣᠷᠮ᠎ᠠ ᠪᠠᠨ ᠤᠯᠠᠮ ᠨᠢᠭᠡ ᠠᠯᠬᠤᠮ ᠲᠡᠬᠡᠭᠰᠢᠯᠡᠬᠦᠯᠦᠨ᠂ ᠭᠤᠤᠯ ᠮᠥᠷᠡᠨ ᠨᠠᠭᠤᠷ ᠲᠤ ᠰᠢᠭᠤᠳ ᠣᠷᠣᠭᠤᠯᠬᠤ ᠵᠠᠪᠰᠠᠷ ᠤᠨ ᠤᠰᠤ ᠶᠢ ᠪᠠᠭᠠᠰᠬᠠᠨ᠎ᠠ᠃      ᠲᠦᠷᠦᠭᠦᠯᠡᠨ ᠬᠢᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ      ᠬᠠᠮᠵᠢᠯᠴᠠᠬᠤ ᠰᠠᠯᠠᠭ᠎ᠠ ᠮᠥᠴᠢᠷ᠄  ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ  ᠵᠦᠪᠯᠡᠯ᠂ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ      ᠪᠡᠶᠡᠯᠡᠬᠦᠯᠬᠦ ᠴᠠᠭ ᠬᠤᠭᠤᠴᠠᠭ᠎ᠠ᠄  2020 ᠣᠨ ᠤ ᠰᠡᠭᠦᠯᠴᠢ ᠠᠴᠠ ᠡᠮᠦᠨ᠎ᠡ      ︵ᠲᠠᠪᠤ︶ ᠠᠵᠤ ᠦᠢᠯᠡᠳᠪᠦᠷᠢ ᠶᠢᠨ ᠪᠣᠬᠢᠷᠲᠤᠯ ᠢ ᠰᠡᠷᠭᠡᠶᠢᠯᠡᠨ ᠵᠠᠰᠠᠵᠦ ᠴᠢᠩᠭ᠎ᠠ ᠠᠳᠬᠤᠨ᠎ᠠ᠃      33. ᠠᠵᠤ ᠦᠢᠯᠡᠳᠪᠦᠷᠢ ᠲᠥᠪᠯᠡᠷᠡᠭᠰᠡᠨ ᠣᠷᠣᠨ ᠳᠠᠬᠢ ᠤᠰᠤᠨ ᠤ ᠪᠣᠬᠢᠷᠲᠤᠯ ᠢ ᠲᠥᠪᠯᠡᠷᠡᠭᠦᠯᠦᠨ ᠵᠠᠰᠠᠨ᠎ᠠ᠃ ᠡᠯ᠎ᠡ ᠱᠠᠲᠤᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠶᠠᠭᠳᠠᠮᠠᠯ ᠤᠰᠤ ᠶᠢ ᠬᠤᠷᠢᠶᠠᠨ ᠴᠤᠨᠨᠯᠠᠭᠤᠯᠬᠤ ᠬᠤᠭᠤᠯᠠᠶ ᠭᠤᠤᠷᠰᠤ ᠶᠢᠨ ᠲᠣᠤᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠤᠷᠢᠶᠠᠪᠠᠰᠤ ᠵᠣᠬᠢᠬᠤ ᠶᠢ ᠨᠢ ᠪᠦᠬᠦᠨ ᠢ ᠬᠤᠷᠢᠶᠠᠨ ᠠᠪᠴᠤ᠂ ᠡᠩ ᠤᠨ ᠪᠠᠶᠢᠳᠠᠯ ᠳᠤ ᠲᠤᠨᠨᠳᠠᠭᠤᠨ ᠢᠶᠠᠷ ᠪᠠᠷᠢᠮᠵᠢᠶ᠎ᠠ ᠳᠤ ᠭᠦᠷᠴᠤ ᠲᠡᠶᠢᠯᠬᠦ ᠦᠬᠡᠢ ᠬᠦᠷᠢᠶᠡᠯᠡᠩ ᠲᠣᠭᠤᠷᠢᠭ ᠤᠨ ᠪᠣᠬᠢᠷ ᠤᠰᠤ ᠰᠶᠢᠳᠪᠦᠷᠢᠯᠡᠬᠦ ᠦᠢᠯᠡᠳᠪᠦᠷᠢ ᠨᠢ ᠪᠠᠷᠢᠮᠵᠢᠶ᠎ᠠ ᠪᠠᠨ ᠲᠡᠬᠡᠭᠰᠢᠯᠡᠬᠦᠯᠵᠦ ᠦᠬᠡᠷᠡᠴᠢᠯᠡᠨ ᠰᠢᠨᠡᠳᠬᠡᠬᠦ ᠠᠵᠢᠯ ᠢ ᠲᠦᠷᠭᠡᠳᠬᠡᠨ ᠬᠡᠷᠡᠭᠵᠢᠭᠦᠯᠦᠨ᠎ᠡ᠃ ᠣᠳᠣ ᠶᠢᠨ ᠪᠠᠶᠢᠭ᠎ᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷ ᠤᠰᠤ ᠰᠶᠢᠳᠪᠦᠷᠢᠯᠡᠬᠦ ᠦᠢᠯᠡᠳᠪᠦᠷᠢ ᠶᠢ ᠪᠠᠷᠢᠮᠵᠢᠶ᠎ᠠ ᠳᠤ ᠭᠦᠷᠦᠬᠦᠯᠵᠦ ᠬᠠᠮᠢᠶᠠᠷᠤᠨ ᠡᠵᠡᠮᠳᠡᠬᠦ ᠪᠠᠨ ᠴᠢᠩᠭᠠᠳᠬᠠᠵᠤ᠂ ᠬᠤᠲᠠ ᠪᠠᠯᠭᠠᠰᠤᠨ ᠤ ᠪᠣᠬᠢᠷ ᠤᠰᠤ ᠰᠶᠢᠳᠪᠦᠷᠢᠯᠡᠬᠦ ᠦᠢᠯᠡᠳᠪᠦᠷᠢ ᠳᠤ ᠲᠦᠰᠢᠭᠯᠡᠨ  ᠥᠪᠡᠷᠲᠡᠭᠡᠨ ᠵᠠᠰᠠᠬᠤ ᠣᠷᠣᠨ ᠤ ᠳᠡᠰ ᠵᠢᠴᠢ ᠲᠡᠭᠦᠨ ᠠᠴᠠ ᠳᠡᠭᠡᠭᠰᠢᠬᠢ 31 ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠶᠠᠭᠳᠠᠮᠠᠯ ᠤᠰᠤ ᠶᠢ ᠰᠶᠢᠳᠪᠦᠷᠢᠯᠡᠬᠦ ᠠᠵᠢᠯ ᠤᠨ ᠪᠣᠯᠤᠮᠵᠢᠲᠤ ᠦᠨᠡᠯᠡᠨ ᠵᠢᠱᠢᠯᠲᠡ ᠪᠠᠨ ᠪᠦᠬᠦ ᠲᠠᠯ᠎ᠠ ᠪᠠᠷ ᠪᠡᠶᠡᠯᠡᠭᠦᠯᠵᠦ᠂ ᠪᠦᠲᠦᠮᠵᠢᠲᠡᠶ ᠬᠦᠯᠢᠶᠡᠨ ᠠᠪᠴᠤ ᠲᠡᠶᠢᠯᠬᠦ ᠦᠭᠡᠢ ᠬᠦᠷᠢᠶᠡᠯᠡᠩ ᠲᠣᠭᠤᠷᠢᠭ ᠨᠢ ᠵᠢᠯ ᠤᠨ ᠰᠡᠭᠦᠯᠴᠢ ᠠᠴᠠ ᠡᠮᠦᠨ᠎ᠡ ᠲᠤᠰᠠᠭᠠᠷ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷ ᠤᠰᠤ ᠰᠶᠢᠳᠪᠦᠷᠢᠯᠡᠬᠦ ᠪᠡᠯᠡᠳᠬᠡᠮᠵᠢ ᠪᠠᠶᠢᠭᠤᠯᠬᠤ ᠪᠤᠶᠤ ᠤᠷᠢᠳᠴᠢᠯᠠᠨ ᠰᠶᠢᠳᠪᠦᠷᠢᠯᠡᠬᠦ ᠪᠡᠯᠡᠳᠬᠡᠮᠵᠢ ᠪᠠᠨ ᠨᠡᠮᠡᠭᠳᠡᠭᠦᠯᠵᠦ᠂ ᠬᠤᠲᠠ ᠪᠠᠯᠭᠠᠰᠤᠨ ᠤ ᠪᠣᠬᠢᠷ ᠤᠰᠤ ᠰᠶᠢᠳᠪᠦᠷᠢᠯᠡᠬᠦ ᠦᠢᠯᠡᠳᠪᠦᠷᠢ ᠶᠢ ᠲᠣᠭᠲᠠᠭᠤᠨ ᠢᠶᠠᠷ ᠪᠠᠷᠢᠮᠵᠢᠶ᠎ᠠ ᠳᠤ ᠬᠦᠷᠦᠭᠦᠯᠦᠨ ᠭᠠᠳᠠᠭᠰᠢᠯᠠᠭᠤᠯᠬᠤ ᠶᠢ ᠦᠨᠡᠨ ᠬᠦ ᠪᠠᠳᠤᠯᠠᠨ᠎ᠠ᠃      ᠲᠦᠷᠦᠭᠦᠯᠡᠨ ᠬᠢᠬᠦ ᠰᠠᠯᠠᠭ᠎ᠠ ᠮᠥᠴᠢᠷ᠄  ᠥᠪᠡᠷᠲᠡᠭᠡᠨ ᠵᠠᠰᠠᠬᠤ ᠣᠷᠣᠨ ᠤ ᠠᠵᠤ  ᠦᠢᠯᠡᠳᠪᠦᠷᠢ ᠪᠠ ᠮᠡᠳᠡᠭᠡ ᠵᠠᠩᠬᠢᠴᠢᠯᠠᠯᠳᠠ  ᠶᠢᠨ ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ  ᠵᠦᠪᠯᠡᠯ᠂ ᠡᠳ᠋ ᠤᠨ ᠵᠠᠰᠠᠭ ᠤᠨ ᠲᠢᠩᠬᠢᠮ      ᠪᠡᠶᠡᠯᠡᠬᠦᠯᠬᠦ ᠴᠠᠭ ᠬᠤᠭᠤᠴᠠᠭ᠎ᠠ᠄ 2020 ᠣᠨ ᠤ ᠰᠡᠭᠦᠯᠴᠢ ᠠᠴᠠ ᠡᠮᠦᠨ᠎ᠡ      34. ᠪᠣᠬᠢᠷᠲᠤᠯ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠶᠢ ᠨᠢ ᠬᠢᠵᠠᠭᠠᠷᠯᠠᠬᠤ ᠪᠠᠨ ᠴᠢᠩᠭᠠᠳᠬᠠᠨ᠎ᠠ᠃ ᠡᠯ᠎ᠡ ᠠᠶᠢᠮᠠᠭ ᠬᠤᠲᠠ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠭᠤᠯᠭᠠᠨᠨᠰᠠᠨ ᠪᠤᠬᠢᠷᠳᠤᠯ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠶᠢ ᠪᠠᠭᠠᠰᠬᠠᠬᠤ ᠬᠠᠷᠠᠯᠲᠠ ᠶᠣᠰᠣᠭᠠᠷ ᠪᠤᠬᠢᠷᠳᠤᠯ ᠭᠠᠳᠠᠭᠰᠢᠯᠠᠭᠤᠯᠬᠤ ᠬᠡᠮᠵᠢᠶ᠎ᠡ ᠪᠠᠨ ᠪᠠᠭᠠᠰᠬᠠᠬᠤ ᠣᠨ ᠤ ᠲᠥᠯᠥᠪᠯᠡᠭᠡ ᠶᠢ ᠲᠣᠭᠲᠠᠭᠠᠨ ᠬᠡᠷᠡᠭᠵᠢᠬᠦᠯᠵᠦ᠂ ᠤᠰᠤᠨ ᠳᠤ ᠬᠤᠯᠪᠤᠨᠨᠳᠠᠬᠤ ᠵᠦᠢᠯᠡᠰ ᠤᠨ  ᠪᠤᠬᠢᠷᠳᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠭᠤᠤᠯᠳᠠᠯᠭ᠎ᠠ ᠲᠠᠢ ᠢᠨᠵᠧᠨᠧᠷᠢᠩ ᠢ ᠪᠦᠬᠦ ᠬᠦᠴᠦᠨ ᠢᠶᠠᠷ ᠠᠬᠢᠭᠤᠯᠤᠨ᠂ ᠪᠤᠬᠢᠷᠳᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠣᠨ ᠤ ᠬᠠᠷᠠᠯᠳᠠᠳᠤ ᠡᠭᠦᠷᠭᠡ ᠪᠠᠨ ᠪᠡᠶᠡᠯᠡᠭᠦᠯᠬᠦ ᠶᠢ ᠦᠨᠡᠨ ᠬᠦ ᠪᠠᠳᠤᠯᠠᠨ᠎ᠠ᠃      ᠲᠦᠷᠦᠭᠦᠯᠡᠨ ᠬᠢᠬᠦ ᠰᠠᠯᠠᠭ᠎ᠠ ᠮᠥᠴᠢᠷ᠄  ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ      ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠵᠤ  ᠦᠢᠯᠡᠳᠪᠦᠷᠢ ᠪᠠ ᠮᠡᠳᠡᠭᠡ ᠵᠠᠩᠬᠢᠴᠢᠯᠠᠯᠳᠠ  ᠶᠢᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠤᠰᠤᠨ  ᠠᠰᠢᠨᠨᠯᠠᠯᠳᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠭᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ      ᠪᠡᠶᠡᠯᠡᠬᠦᠯᠬᠦ ᠴᠠᠭ ᠬᠤᠭᠤᠴᠠᠭ᠎ᠠ᠄  2020 ᠣᠨ ᠤ ᠰᠡᠭᠦᠯᠴᠢ ᠠᠴᠠ ᠡᠮᠦᠨ᠎ᠡ      ︵ᠵᠢᠷᠭᠤᠭ᠎ᠠ︶ ᠤᠰᠤᠨ ᠤ ᠡᠬᠢ ᠰᠤᠷᠪᠤᠯᠵᠢ ᠶᠢ ᠰᠢᠨᠵᠢᠯᠡᠬᠦ ᠤᠬᠠᠭᠠᠨᠴᠢ ᠪᠠᠷ ᠠᠷᠪᠢᠯᠠᠨ ᠬᠠᠮᠠᠭᠠᠯᠠᠨ᠎ᠠ᠃      35. ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠴᠢᠩᠭ᠎ᠠ ᠬᠢᠵᠠᠭᠠᠷᠯᠠᠨ᠎ᠠ᠃ ᠤᠰᠤᠨ ᠤ ᠡᠬᠢ ᠰᠤᠷᠪᠤᠯᠵᠢ ᠳᠤ ᠬᠠᠮᠤᠭ ᠤᠨ ᠴᠢᠩᠭ᠎ᠠ ᠬᠠᠮᠢᠶᠠᠷᠤᠯᠲᠠ ᠶᠢ ᠬᠡᠷᠡᠭᠵᠢᠭᠦᠯᠵᠦ᠂ ᠰᠢᠨ᠎ᠠ ᠪᠠᠷ᠂ ᠦᠬᠡᠷᠡᠴᠢᠯᠡᠬᠦ ᠪᠠ ᠦᠷᠬᠡᠳᠬᠡᠨ ᠪᠠᠶᠢᠭᠤᠯᠤᠨᠨᠰᠠᠨ ᠤᠰᠤ ᠶᠡᠭᠡ ᠬᠤᠷᠤᠨᠨᠳᠠᠭᠤᠯᠬᠤ ᠠᠵᠤ ᠦᠢᠯᠡᠳᠪᠦᠷᠢ ᠶᠢᠨ ᠲᠥᠷᠥᠯ ᠵᠦᠢᠯ ᠳᠤ ᠭᠠᠵᠠᠷ ᠳᠣᠤᠷᠠᠬᠢ ᠤᠰᠤ ᠬᠡᠷᠡᠭᠯᠡᠬᠦ ᠶᠢ ᠬᠤᠷᠢᠨᠨᠯᠠᠵᠦ᠂ ᠤᠰᠤ ᠲᠠᠲᠠᠵᠤ ᠬᠡᠷᠡᠭᠯᠡᠬᠦ ᠶᠡᠷᠦᠩᠬᠡᠶ ᠬᠡᠮᠵᠢᠶ᠎ᠡ ᠨᠢ ᠬᠢᠵᠠᠭᠠᠷᠯᠠᠬᠤ ᠭᠦᠢᠴᠡᠳᠬᠡᠯ ᠲᠤᠭ᠎ᠠ ᠳᠤ ᠬᠦᠷᠦᠭᠰᠡᠨ ᠪᠤᠶᠤ ᠳᠠᠪᠠᠭᠰᠠᠨ ᠭᠠᠵᠠᠷ ᠣᠷᠣᠨ ᠳᠠᠬᠢ ᠤᠰᠤ ᠲᠠᠳᠠᠬᠤ ᠲᠥᠷᠥᠯ ᠵᠦᠢᠯ ᠢ ᠰᠢᠨ᠎ᠠ ᠪᠠᠷ ᠨᠡᠮᠡᠵᠦ ᠪᠦᠳᠦᠬᠡᠨ ᠪᠠᠶᠢᠭᠤᠯᠬᠤ ᠳᠤ ᠤᠰᠤ ᠲᠠᠲᠠᠬᠤ ᠵᠥᠪᠰᠢᠶᠡᠷᠡᠯ ᠢ ᠨᠢ ᠬᠢᠨᠠᠨ ᠵᠥᠪᠰᠢᠶᠡᠷᠡᠬᠦ ᠪᠠᠨ ᠲᠦᠷ ᠵᠤᠨᠨᠰᠤᠭᠠᠨ᠎ᠠ᠃ 2020 ᠣᠨ ᠳᠤ᠂ ᠪᠦᠬᠦ ᠣᠷᠣᠨ ᠤ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ 211 ᠳ᠋ᠦᠩᠰᠢᠭᠤᠷ ᠺᠦᠪ ᠮᠧᠲᠷ ᠤᠨ ᠳᠣᠲᠣᠷ᠎ᠠ ᠬᠢᠵᠠᠭᠠᠷᠯᠠᠨ᠎ᠠ᠃      ᠲᠦᠷᠦᠭᠦᠯᠡᠨ ᠬᠢᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ      ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠵᠤ  ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠭᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ      ᠪᠡᠶᠡᠯᠡᠬᠦᠯᠬᠦ ᠴᠠᠭ ᠬᠤᠭᠤᠴᠠᠭ᠎ᠠ᠄  2020 ᠣᠨ ᠤ ᠰᠡᠭᠦᠯᠴᠢ ᠠᠴᠠ ᠡᠮᠦᠨ᠎ᠡ      36. ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠳᠠᠬᠤ ᠶᠢ ᠴᠢᠩᠭ᠎ᠠ ᠬᠢᠵᠠᠭᠠᠷᠯᠠᠨ᠎ᠠ᠃ ︽ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠪᠠ ᠭᠠᠵᠠᠷ ᠳᠣᠤᠷᠠᠬᠢ ᠤᠰᠤᠨ ᠤ ᠴᠢᠬᠤᠯᠠ ᠤᠰᠤᠨ ᠰᠤᠷᠪᠤᠯᠵᠢ ᠶᠢᠨ ᠭᠠᠵᠠᠷ ᠤᠨ ᠤᠰᠤᠨ ᠲᠦᠪᠰᠢᠨ ᠬᠢᠭᠡᠳ ᠤᠰᠤᠨ ᠤ ᠬᠡᠮᠵᠢᠶ᠎ᠡ ᠶᠢ ᠡᠵᠡᠮᠳᠡᠬᠦ ᠲᠥᠰᠦᠯ︾᠎ ᠢ ᠴᠢᠩᠭ᠎ᠠ ᠬᠡᠷᠡᠭᠵᠢᠭᠦᠯᠵᠦ᠂ ᠤᠰᠤᠯᠠᠯᠲᠠ ᠶᠢᠨ ᠲᠠᠯᠠᠪᠠᠢ ᠶᠢ ᠪᠠᠭᠠᠰᠬᠠᠬᠤ᠂ ᠤᠰᠤ ᠠᠷᠪᠢᠯᠠᠬᠤ ᠥᠭᠡᠷᠡᠴᠢᠯᠡᠯᠲᠡ᠂ ᠤᠰᠤᠨ ᠰᠤᠷᠪᠤᠯᠵᠢ ᠶᠢ ᠰᠤᠯᠢᠵᠦ ᠬᠡᠷᠡᠭᠯᠡᠬᠦ ᠵᠢᠴᠢ ᠬᠢᠨᠠᠨ ᠰᠢᠨᠵᠢᠬᠦ ᠵᠡᠷᠭᠡ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠬᠡᠲᠦᠷᠡᠲᠡᠯ᠎ᠡ ᠤᠰᠤ ᠲᠠᠳ᠋ᠬᠠᠰᠠᠨ ᠣᠷᠣᠨ ᠳᠤ ᠠᠵᠤ ᠦᠢᠯᠡᠳᠪᠦᠷᠢ ᠪᠠ ᠲᠠᠷᠢᠶᠠᠯᠠᠩ ᠤᠨ ᠦᠢᠯᠡᠳᠪᠦᠷᠢᠯᠡᠯ ᠵᠢᠴᠢ ᠦᠢᠯᠡᠴᠢᠯᠡᠬᠡᠨ ᠤ ᠦᠢᠯᠡᠰ ᠤᠨ ᠭᠠᠵᠠᠷ ᠳᠣᠤᠷᠠᠬᠢ ᠤᠰᠤ ᠶᠢ ᠰᠢᠨ᠎ᠡ ᠪᠠᠷ ᠲᠠᠲᠠᠵᠤ ᠬᠡᠷᠡᠭᠯᠡᠬᠦ ᠶᠢ ᠬᠢᠨᠠᠨ ᠵᠦᠪᠰᠢᠶᠡᠷᠡᠵᠦ ᠪᠤᠯᠬᠤ ᠦᠭᠡᠢ᠃      ᠲᠦᠷᠦᠭᠦᠯᠡᠨ ᠬᠢᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ      ᠬᠠᠮᠵᠢᠯᠴᠠᠬᠤ ᠰᠠᠯᠠᠭ᠎ᠠ ᠮᠥᠴᠢᠷ᠄  ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ  ᠵᠦᠪᠯᠡᠯ᠂ ᠠᠵᠤ  ᠦᠢᠯᠡᠳᠪᠦᠷᠢ ᠪᠠ ᠮᠡᠳᠡᠭᠡ ᠵᠠᠩᠬᠢᠴᠢᠯᠠᠯᠳᠠ  ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠭᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ      ᠪᠡᠶᠡᠯᠡᠬᠦᠯᠬᠦ ᠴᠠᠭ ᠬᠤᠭᠤᠴᠠᠭ᠎ᠠ᠄  2020 ᠣᠨ ᠤ ᠰᠡᠭᠦᠯᠴᠢ ᠠᠴᠠ ᠡᠮᠦᠨ᠎ᠡ      37. ᠤᠰᠤ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠲᠦᠮᠡᠨ ᠲᠥᠭᠦᠷᠢᠭ ᠤᠨ ᠨᠢᠬᠡᠴᠢ ᠪᠠᠷ ᠲᠤᠭᠠᠴᠠᠯᠠᠬᠤ GDP᠎ ᠢᠶᠠᠷ ᠬᠡᠷᠡᠭᠯᠡᠬᠦ ᠤᠰᠤᠨ ᠤ ᠬᠡᠮᠵᠢᠶ᠎ᠡ᠂ ᠠᠵᠤ ᠦᠢᠯᠡᠳᠪᠦᠷᠢ ᠶᠢᠨ ᠲᠦᠮᠡᠨ ᠲᠥᠭᠦᠷᠢᠭ ᠤᠨ ᠨᠢᠬᠡᠴᠢ ᠪᠠᠷ ᠲᠤᠭᠠᠴᠠᠯᠠᠬᠤ ᠨᠡᠮᠡᠭᠳᠡᠯ ᠥᠷᠲᠡᠭ ᠢᠶᠠᠷ ᠤᠰᠤ ᠬᠡᠷᠡᠭᠯᠡᠬᠦ ᠬᠡᠮᠵᠢᠶ᠎ᠡ ᠵᠡᠷᠭᠡ ᠭᠦᠢᠴᠡᠳᠬᠡᠯ ᠲᠤᠭ᠎ᠠ ᠪᠠᠨ ᠪᠡᠶᠡᠯᠡᠭᠦᠯᠦᠭᠰᠡᠨ ᠪᠠᠶᠢᠳᠠᠯ ᠢ ᠣᠷᠣᠨ ᠨᠤᠲᠤᠭ ᠤᠨ ᠵᠠᠰᠠᠭ ᠤᠨ ᠣᠷᠳᠣᠨ ᠤ ᠣᠨ  ᠤ ᠠᠵᠢᠯ ᠤᠨ ᠠᠮᠵᠢᠯᠲᠠ ᠪᠦᠳᠦᠮᠵᠢ ᠶᠢ ᠬᠢᠨᠠᠨ ᠰᠢᠯᠭᠠᠬᠤ ᠳᠤ ᠣᠷᠣᠭᠤᠯᠵᠤ᠂ ᠪᠦᠬᠦ ᠣᠷᠣᠨ ᠤ ᠤᠯᠤᠰ ᠤᠨ ᠳᠣᠲᠣᠭᠠᠳᠤ ᠶᠢᠨ ᠲᠦᠮᠡᠨ ᠲᠥᠭᠦᠷᠢᠭ ᠤᠨ ᠨᠢᠬᠡᠴᠢ ᠪᠠᠷ ᠲᠤᠭᠠᠴᠠᠯᠠᠬᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ ᠡᠭᠦᠳᠬᠦ ᠳᠤ ᠬᠡᠷᠡᠭᠯᠡᠬᠦ ᠤᠰᠤᠨ ᠤ ᠬᠡᠮᠵᠢᠶ᠎ᠡ᠂ ᠠᠵᠤ ᠦᠢᠯᠡᠳᠪᠦᠷᠢ ᠶᠢᠨ ᠲᠦᠮᠡᠨ ᠲᠥᠭᠦᠷᠢᠭ ᠤᠨ ᠨᠢᠬᠡᠴᠢ ᠪᠠᠷ ᠲᠤᠭᠠᠴᠠᠯᠠᠬᠤ ᠨᠡᠮᠡᠭᠳᠡᠯ ᠥᠷᠲᠡᠭ ᠢᠶᠠᠷ ᠤᠰᠤ ᠬᠡᠷᠡᠭᠯᠡᠬᠦ ᠬᠡᠮᠵᠢᠶ᠎ᠡ ᠶᠢ 2015 ᠣᠨ ᠤ ᠬᠢ ᠠᠴᠠ ᠲᠣᠰ ᠲᠣᠰ 25%᠂ 20%᠎ ᠠᠴᠠ ᠳᠡᠭᠡᠭᠰᠢ ᠪᠠᠭᠤᠷᠠᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠤᠰᠤ ᠠᠷᠪᠢᠯᠠᠬᠤ ᠲᠦᠷᠦᠯ ᠢ ᠶᠡᠭᠡ ᠪᠠᠷ ᠬᠥᠭᠵᠢᠭᠦᠯᠵᠦ᠂ ᠪᠦᠬᠦ ᠣᠷᠣᠨ ᠤ ᠤᠰᠤ ᠠᠷᠪᠢᠯᠠᠬᠤ ᠤᠰᠤᠯᠠᠯᠲᠠ ᠶᠢᠨ ᠲᠠᠯᠠᠪᠠᠢ ᠶᠢ 5000 ᠲᠦᠮᠡᠨ ᠮᠦ ᠳᠤ ᠬᠦᠷᠦᠭᠦᠯᠵᠦ᠂ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤᠨ ᠤ ᠪᠦᠲᠦᠮᠵᠢᠲᠡᠶ ᠠᠰᠢᠭᠯᠠᠬᠤ ᠢᠯᠡᠳᠬᠡᠮᠵᠢ ᠶᠢ 0.55᠎ ᠠᠴᠠ ᠳᠡᠭᠡᠭᠰᠢ ᠳᠤ ᠬᠦᠷᠦᠭᠦᠯᠦᠨ᠎ᠡ︔ ᠠᠵᠤ ᠦᠢᠯᠡᠳᠪᠦᠷᠢ ᠶᠢᠨ ᠤᠰᠤ ᠠᠷᠪᠢᠯᠠᠬᠤ ᠶᠢ  ᠲᠤᠪᠤᠶᠢᠮ᠎ᠠ ᠰᠠᠶᠢᠲᠤᠷ ᠠᠳᠬᠤᠵᠤ᠂ ᠴᠠᠬᠢᠯᠭᠠᠨ ᠬᠦᠴᠦᠨ᠂ ᠪᠣᠯᠣᠳ ᠲᠡᠮᠦᠷ᠂ ᠨᠡᠬᠡᠮᠡᠯ᠂ ᠴᠠᠭᠠᠰᠤ ᠬᠢᠬᠦ᠂ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ᠂ ᠬᠢᠮᠢ ᠶᠢᠨ ᠠᠵᠤ ᠦᠢᠯᠡᠳᠪᠦᠷᠢ᠂ ᠢᠳᠡᠭᠡᠨ ᠤ ᠢᠰᠬᠡᠯᠲᠡ ᠵᠡᠷᠭᠡ ᠤᠰᠤ ᠶᠡᠭᠡ ᠬᠤᠷᠣᠭᠳᠠᠭᠤᠯᠬᠤ ᠠᠵᠢᠯ ᠲᠥᠷᠥᠯ ᠢ ᠲᠤᠨᠨᠳᠠᠮᠠᠯ ᠨᠤᠷᠮ᠎ᠠ ᠲᠠᠢ ᠲᠡᠷᠢᠭᠦᠨ ᠤ ᠪᠠᠷᠢᠮᠵᠢᠶ᠎ᠠ ᠳᠤ ᠬᠦᠷᠦᠭᠦᠯᠦᠨ᠎ᠡ︔ ᠬᠤᠲᠠ ᠪᠠᠯᠭᠠᠰᠤᠨ ᠤ ᠤᠰᠤ ᠠᠷᠪᠢᠯᠠᠬᠤ ᠶᠢ ᠪᠦᠬᠦ ᠲᠠᠯ᠎ᠠ ᠪᠠᠷ ᠴᠢᠩᠭᠠᠳᠬᠠᠵᠤ᠂ ᠲᠤᠰᠬᠠᠶ ᠣᠷᠣᠨ ᠤ ᠲᠡᠰ ᠤᠨ ᠤᠰᠤ ᠳᠤᠲᠠᠭᠳᠠᠵᠤ ᠪᠠᠶᠢᠭ᠎ᠠ ᠬᠤᠲᠠ ᠪᠦᠬᠦᠨ ᠢ ᠤᠯᠤᠰ ᠤᠨ ᠤᠰᠤ ᠠᠷᠪᠢᠯᠠᠬᠤ ᠬᠡᠯᠪᠡᠷᠢᠳᠦ ᠬᠤᠲᠠ ᠶᠢᠨ ᠪᠠᠷᠢᠮᠵᠢᠶ᠎ᠠ ᠱᠠᠭᠠᠷᠳᠠᠯᠭ᠎ᠠ ᠳᠤ ᠬᠦᠷᠦᠭᠦᠯᠵᠦ᠂ ᠪᠦᠬᠦ ᠣᠷᠣᠨ ᠤ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠶ ᠭᠤᠤᠷᠰᠤ ᠶᠢᠨ ᠲᠣᠤᠷ ᠤᠨ ᠴᠤᠭᠤᠷᠠᠵᠦ ᠡᠪᠳᠡᠷᠡᠬᠦ ᠨᠣᠷᠮ᠎ᠠ ᠶᠢ 10% ᠳᠣᠲᠣᠷ᠎ᠠ ᠬᠢᠵᠠᠭᠠᠷᠯᠠᠨ᠎ᠠ᠃      ᠲᠦᠷᠦᠭᠦᠯᠡᠨ ᠬᠢᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠭᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ᠂ ᠠᠵᠤ  ᠦᠢᠯᠡᠳᠪᠦᠷᠢ ᠪᠠ ᠮᠡᠳᠡᠭᠡ ᠵᠠᠩᠬᠢᠴᠢᠯᠠᠯᠳᠠ  ᠶᠢᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ      ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ  ᠵᠦᠪᠯᠡᠯ᠂ ᠡᠳ᠋ ᠤᠨ ᠵᠠᠰᠠᠭ ᠤᠨ ᠲᠢᠩᠬᠢᠮ      ᠪᠡᠶᠡᠯᠡᠬᠦᠯᠬᠦ ᠴᠠᠭ ᠬᠤᠭᠤᠴᠠᠭ᠎ᠠ᠄  2020 ᠣᠨ ᠤ ᠰᠡᠭᠦᠯᠴᠢ ᠠᠴᠠ ᠡᠮᠦᠨ᠎ᠡ      ᠲᠠᠪᠤ᠂ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠭᠤᠤᠯᠳᠠᠯᠭ᠎ᠠ ᠲᠠᠢ ᠡᠭᠦᠷᠭᠡ      ︵ᠨᠢᠭᠡ︶ ᠰᠠᠭᠤᠷᠢ ᠪᠠᠶᠢᠴᠠᠭᠠᠯᠲᠠ ᠶᠢ ᠴᠢᠩᠭᠠᠳᠬᠠᠵᠤ᠂ ᠬᠥᠷᠥᠰᠥ ᠰᠢᠷᠣᠶ ᠶᠢᠨ ᠣᠷᠴᠢᠨ ᠤ ᠪᠤᠬᠢᠷᠳᠤᠨᠨᠰᠠᠨ ᠪᠠᠶᠢᠳᠠᠯ ᠢ  ᠡᠵᠡᠮᠰᠢᠨ᠎ᠠ᠃      38. ᠲᠠᠷᠢᠶᠠᠯᠠᠩ ᠳᠤ ᠬᠡᠷᠡᠭᠯᠡᠬᠦ ᠭᠠᠵᠠᠷ ᠤᠨ ᠨᠠᠷᠢᠨ ᠪᠠᠶᠢᠴᠠᠭᠠᠯᠲᠠ ᠶᠢ ᠭᠦᠨᠵᠡᠭᠡᠶ ᠠᠬᠢᠭᠤᠯᠤᠨ᠎ᠠ᠃ ᠬᠥᠯᠥᠨ ᠪᠤᠶᠢᠷ ᠬᠤᠲᠠ᠂ ᠲᠦᠩᠯᠢᠶᠣᠤ ᠬᠤᠲᠠ᠂ ᠤᠯᠠᠭᠠᠨᠬᠠᠳᠠ ᠬᠤᠲᠠ᠂ ᠪᠠᠶᠠᠨᠨᠠᠭᠤᠷ ᠬᠤᠲᠠ ᠶᠢᠨ ᠤᠷᠴᠢᠨ ᠠᠬᠤᠢ ᠨᠢ ᠬᠡᠴᠡᠭᠦᠦ᠂ ᠠᠶᠤᠯ ᠲᠦᠭᠰᠢᠭᠦᠷᠢ ᠶᠡᠬᠡᠳᠡᠢ‌‍ᠪᠠ ᠲᠠᠷᠢᠶᠠᠯᠠᠩ ᠤᠨ ᠪᠦᠲᠦᠭᠡᠭᠳᠡᠬᠦᠨ ᠤ ᠪᠣᠬᠢᠷᠲᠤᠯ ᠪᠣᠳᠠᠰ ᠤᠨ ᠠᠭᠤᠯᠤᠭᠳᠠᠴᠠ ᠨᠢ ᠪᠠᠷᠢᠮᠵᠢᠶ᠎ᠠ ᠠᠴᠠ ᠬᠡᠲᠦᠷᠡᠭᠰᠡᠨ ᠵᠡᠷᠭᠡ ᠭᠤᠤᠯᠳᠠᠯᠭ᠎ᠠ ᠲᠠᠢ ᠬᠡᠰᠡᠭ ᠣᠷᠣᠨ ᠪᠦᠰᠡ ᠶᠢᠨ ᠲᠠᠷᠢᠶᠠᠯᠠᠩ ᠳᠤ ᠬᠡᠷᠡᠭᠯᠡᠬᠦ ᠭᠠᠵᠠᠷ ᠲᠠᠬᠢ ᠭᠦᠨᠵᠡᠭᠡᠶ ᠪᠠᠶᠢᠴᠠᠭᠠᠯᠲᠠ ᠪᠠ ᠭᠤᠤᠯᠳᠠᠯᠭ᠎ᠠ ᠲᠠᠢ ᠬᠢᠨᠠᠨ ᠰᠢᠨᠵᠢᠯᠳᠠ ᠶᠢ ᠵᠤᠬᠢᠶᠠᠨ ᠪᠠᠶᠢᠭᠤᠯᠤᠨ ᠪᠡᠶᠡᠯᠡᠭᠦᠯᠦᠨ᠎ᠡ᠃      ᠲᠦᠷᠦᠭᠦᠯᠡᠨ ᠬᠢᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠭᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ      ᠪᠡᠶᠡᠯᠡᠬᠦᠯᠬᠦ ᠴᠠᠭ ᠬᠤᠭᠤᠴᠠᠭ᠎ᠠ᠄  2021 ᠣᠨ ᠤ ᠰᠡᠭᠦᠯᠴᠢ      39. ᠭᠤᠤᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠤᠨ ᠬᠡᠷᠡᠭᠯᠡᠬᠦ ᠭᠠᠵᠠᠷ ᠲᠤ ᠬᠢᠬᠦ  ᠪᠠᠶᠢᠴᠠᠭᠠᠯᠲᠠ ᠶᠢ  ᠪᠡᠶᠡᠯᠡᠬᠦᠯᠦᠨ᠎ᠠ᠃ ᠥᠩᠭᠡᠲᠦ ᠲᠡᠮᠦᠷᠯᠢᠭ ᠤᠨ ᠠᠭᠤᠷᠬᠠᠢ ᠰᠢᠯᠢᠬᠦ᠂ ᠥᠩᠭᠡᠲᠦ ᠲᠡᠮᠦᠷᠯᠢᠭ ᠬᠠᠶᠢᠯᠤᠭᠤᠯᠬᠤ᠂ ᠴᠢᠯᠠᠭᠤᠨ ᠲᠣᠰᠣ ᠮᠠᠯᠲᠠᠬᠤ᠂ ᠴᠢᠯᠠᠭᠤᠨ ᠲᠣᠰᠣ ᠪᠣᠯᠪᠠᠰᠤᠷᠠᠭᠤᠯᠬᠤ᠂ ᠬᠢᠮᠢ ᠶᠢᠨ ᠠᠵᠤ ᠦᠢᠯᠡᠳᠪᠦᠷᠢ᠂ ᠬᠡᠤᠷᠰᠢᠭᠦᠯᠬᠦ᠂ ᠴᠠᠬᠢᠯᠭᠠᠨ ᠢᠶᠠᠷ ᠥᠩᠭᠡᠯᠡᠬᠦ᠂ ᠠᠷᠠᠰᠤ ᠰᠢᠷᠢ ᠦᠢᠯᠡᠳᠬᠦ᠂ ᠡᠮ ᠦᠢᠯᠡᠳᠬᠦ ᠵᠡᠷᠭᠡ ᠠᠵᠢᠯ ᠲᠥᠷᠥᠯ ᠪᠠ ᠠᠮᠢᠳᠤᠷᠠᠯ ᠤᠨ ᠬᠤᠭ ᠨᠣᠪᠰᠢ ᠪᠤᠯᠠᠬᠤ ᠲᠠᠯᠠᠪᠠᠢ᠂ ᠠᠶᠤᠯᠲᠠᠶ ᠬᠠᠶᠠᠭᠳᠠᠮᠠᠯ ᠡᠳ᠋ ᠡᠵᠡᠩᠨᠡᠬᠦ ᠠᠵᠤ ᠠᠬᠤᠶᠢᠯᠠᠯ ᠤᠨ ᠬᠡᠷᠡᠭᠯᠡᠬᠦ ᠭᠠᠵᠠᠷ ᠲᠤ ᠪᠠᠶᠢᠴᠠᠭᠠᠯᠳᠠ ᠬᠢᠬᠦ ᠠᠵᠢᠯ ᠢ ᠪᠡᠶᠡᠯᠡᠭᠦᠯᠵᠦ᠂ ᠭᠤᠤᠯᠳᠠᠯᠭ᠎ᠠ ᠲᠠᠢ ᠠᠵᠢᠯ ᠲᠥᠷᠥᠯ ᠤᠨ ᠠᠵᠢᠯᠯᠠᠨ ᠦᠢᠯᠡᠳᠪᠦᠷᠢᠯᠡᠵᠦ ᠪᠠᠶᠢᠭ᠎ᠠ ᠠᠵᠤ ᠠᠬᠤᠶᠢᠯᠠᠯ ᠪᠠ ᠡᠭᠦᠳᠡ ᠪᠠᠨ ᠬᠠᠭᠠᠵᠤ ᠨᠡᠬᠦᠨ ᠰᠢᠯᠵᠢᠭᠰᠡᠨ ᠠᠵᠤ ᠠᠬᠤᠶᠢᠯᠠᠯ ᠤᠨ ᠬᠡᠷᠡᠭᠯᠡᠭᠰᠡᠨ ᠭᠠᠵᠠᠷ ᠲᠠᠬᠢ ᠪᠤᠬᠢᠷᠳᠤᠨᠨᠰᠠᠨ ᠬᠡᠰᠡᠭ ᠭᠠᠵᠠᠷ ᠤᠨ ᠲᠠᠷᠬᠠᠯᠲᠠ᠂  ᠪᠤᠬᠢᠷᠳᠤᠨᠨᠰᠠᠨ ᠪᠠᠶᠢᠳᠠᠯ ᠵᠢᠴᠢ ᠣᠷᠴᠢᠨ ᠲᠣᠭᠤᠷᠢᠨ ᠤ ᠲᠦᠭᠰᠢᠭᠦᠷᠢ ᠶᠢᠨ ᠬᠢᠷᠢ ᠬᠡᠮᠵᠢᠶ᠎ᠡ ᠶᠢ ᠡᠵᠡᠮᠰᠢᠨ᠎ᠠ᠃      ᠲᠦᠷᠦᠭᠦᠯᠡᠨ ᠬᠢᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ      ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ  ᠵᠠᠩᠬᠢᠴᠢᠯᠠᠯᠳᠠ ᠶᠢᠨ ᠲᠢᠩᠬᠢᠮ      ᠪᠡᠶᠡᠯᠡᠬᠦᠯᠬᠦ ᠴᠠᠭ ᠬᠤᠭᠤᠴᠠᠭ᠎ᠠ᠄  2020 ᠣᠨ ᠤ ᠰᠡᠭᠦᠯᠴᠢ      ︵ᠬᠤᠶᠠᠷ︶ ᠲᠠᠷᠢᠶᠠᠯᠠᠩ ᠳᠤ ᠬᠡᠷᠡᠭᠯᠡᠬᠦ ᠭᠠᠵᠠᠷ ᠤᠨ ᠪᠣᠬᠢᠷᠲᠤᠯ ᠢ ᠰᠡᠷᠭᠡᠶᠢᠯᠡᠨ ᠡᠵᠡᠮᠳᠡᠬᠦ ᠪᠠ ᠲᠥᠷᠥᠯ ᠬᠤᠪᠢᠶᠠᠨ ᠬᠠᠮᠢᠶᠠᠷᠬᠤ ᠪᠠᠨ ᠦᠨᠡᠨ ᠬᠦ ᠴᠢᠩᠭᠠᠳᠬᠠᠨ᠎ᠠ᠃      40. ᠺᠠᠳ᠋ᠮᠢ ᠵᠡᠷᠭᠡ ᠳᠤ ᠬᠤᠯᠪᠤᠨᠨᠳ᠋ᠬᠠᠰᠠᠨ ᠬᠦᠨᠳᠦ ᠲᠡᠮᠦᠷᠯᠢᠭ ᠤᠨ ᠭᠤᠤᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠢ ᠵᠢᠭᠰᠠᠭᠠᠨ  ᠪᠠᠶᠢᠴᠠᠭᠠᠵᠦ ᠴᠡᠭᠴᠡᠯᠡᠨ ᠰᠠᠶᠢᠵᠢᠷᠠᠭᠤᠯᠬᠤ ᠠᠵᠢᠯ ᠢ ᠥᠷᠨᠢᠭᠦᠯᠦᠨ᠎ᠡ᠃ ᠲᠠᠷᠢᠶᠠᠯᠠᠬᠤ ᠭᠠᠵᠠᠷ ᠲᠠᠬᠢ ᠬᠦᠨᠳᠦ ᠲᠡᠮᠦᠷᠯᠢᠭ ᠤᠨ ᠪᠣᠬᠢᠷᠲᠤᠯ ᠤᠨ ᠠᠰᠠᠭᠤᠳᠠᠯ ᠢᠶᠠᠷ ᠳᠣᠪᠤᠶᠢᠮ᠎ᠠ ᠣᠷᠣᠨ ᠪᠦᠰᠡ ᠪᠠ ᠬᠠᠷ᠎ᠠ ᠲᠤᠭᠤᠯᠭ᠎ᠠ᠂ ᠴᠠᠶᠢᠷ᠂ ᠵᠡᠰ ᠵᠡᠷᠭᠡ ᠥᠩᠭᠡᠲᠦ ᠲᠡᠮᠦᠷᠯᠢᠭ ᠢ ᠰᠢᠯᠢᠬᠦ ᠵᠢᠴᠢ ᠬᠠᠶᠢᠯᠤᠭᠤᠯᠬᠤ ᠶᠢ ᠲᠦᠪᠯᠡᠷᠡᠭᠦᠯᠦᠭᠰᠡᠨ ᠣᠷᠣᠨ ᠪᠦᠰᠡ ᠪᠠᠷ ᠭᠤᠤᠯᠳᠠᠯᠭ᠎ᠠ ᠪᠣᠯᠭᠠᠨ᠂ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠤᠨ ᠪᠤᠬᠢᠷᠳᠤᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      ᠲᠦᠷᠦᠭᠦᠯᠡᠨ ᠬᠢᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ      ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠭᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ      ᠪᠡᠶᠡᠯᠡᠬᠦᠯᠬᠦ ᠴᠠᠭ ᠬᠤᠭᠤᠴᠠᠭ᠎ᠠ᠄ ᠦᠷᠭᠦᠯᠵᠢᠯᠡᠨ ᠠᠬᠢᠭᠤᠯᠤᠨ᠎ᠠ      41. ᠲᠠᠷᠢᠶᠠᠯᠠᠬᠤ ᠭᠠᠵᠠᠷ ᠤᠨ ᠬᠥᠷᠥᠰᠥ ᠰᠢᠷᠣᠶ ᠶᠢᠨ ᠣᠷᠴᠢᠨ ᠤ ᠶᠠᠰᠤ ᠴᠢᠨᠠᠷ ᠤᠨ ᠲᠥᠷᠥᠯ ᠢᠯᠭᠠᠯ ᠢ  ᠬᠤᠪᠢᠶᠠᠷᠢᠯᠠᠨ ᠲᠤᠨᠨᠳᠠᠭᠠᠬᠤ ᠠᠵᠢᠯ ᠢ ᠦᠷᠨᠢᠬᠦᠯᠦᠨ᠎ᠠ᠃ ᠪᠥᠬᠦ ᠣᠷᠣᠨ ᠤ  ᠲᠠᠷᠢᠶᠠᠯᠠᠬᠤ ᠭᠠᠵᠠᠷ ᠤᠨ ᠬᠥᠷᠥᠰᠥ ᠰᠢᠷᠣᠶ ᠶᠢᠨ ᠣᠷᠴᠢᠨ ᠤ ᠶᠠᠰᠤ ᠴᠢᠨᠠᠷ ᠤᠨ ᠲᠥᠷᠥᠯ ᠢᠯᠭᠠᠯ ᠢ ᠬᠤᠪᠢᠶᠠᠷᠢᠯᠠᠨ ᠲᠤᠨᠨᠳᠠᠭᠠᠬᠤ ᠠᠵᠢᠯ ᠢ ᠪᠡᠶᠡᠯᠡᠭᠦᠯᠵᠦ᠂ ᠲᠥᠷᠥᠯ ᠬᠤᠪᠢᠶᠠᠭᠰᠠᠨ ᠨᠠᠷᠢᠨ ᠬᠠᠭᠤᠳᠠᠰᠤ ᠪᠠ ᠵᠢᠷᠤᠨᠨᠳᠤ ᠭᠦᠰᠦᠨᠦᠭ ᠢ ᠪᠠᠶᠢᠭᠤᠯᠤᠨ᠂ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠥᠷᠥᠰᠥ ᠰᠢᠷᠣᠶ ᠶᠢᠨ ᠣᠷᠴᠢᠨ ᠤ  ᠬᠠᠮᠢᠶᠠᠷᠤᠯᠳᠠ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠳ᠋ᠠᠶᠢᠲ᠋ᠠ ᠶᠢ ᠳᠠᠮᠵᠢᠭᠤᠯᠵᠤ᠂ ᠬᠥᠷᠥᠰᠥ ᠰᠢᠷᠦᠢ ᠶᠢᠨ ᠣᠷᠴᠢᠨ ᠤ ᠶᠠᠰᠤ ᠴᠢᠨᠠᠷ ᠤᠨ ᠬᠤᠪᠢᠷᠠᠯᠲᠠ ᠶᠢᠨ ᠪᠠᠶᠢᠳᠠᠯ ᠢ ᠦᠨᠳᠦᠰᠦᠯᠡᠨ᠂ ᠡᠯ᠎ᠡ ᠲᠥᠷᠥᠯ ᠢᠯᠭᠠᠯ ᠲᠠᠢ ᠪᠠᠶᠢᠭ᠎ᠠ ᠲᠠᠷᠢᠶᠠᠯᠠᠬᠤ ᠭᠠᠵᠠᠷ ᠤᠨ ᠲᠠᠯᠠᠪᠠᠢ᠂ ᠲᠠᠷᠬᠠᠯᠲᠠ ᠵᠡᠷᠭᠡ ᠮᠡᠳᠡᠭᠡ ᠵᠠᠩᠭᠢ ᠳᠤ ᠬᠥᠳᠡᠯᠦᠩᠭᠦᠶ ᠲᠤᠬᠢᠷᠠᠭᠤᠯᠤᠯᠳᠠ ᠬᠢᠨ᠎ᠡ᠃      ᠲᠦᠷᠦᠭᠦᠯᠡᠨ ᠬᠢᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠭᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ      ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ      ᠪᠡᠶᠡᠯᠡᠬᠦᠯᠬᠦ ᠴᠠᠭ ᠬᠤᠭᠤᠴᠠᠭ᠎ᠠ᠄ 2020 ᠣᠨ ᠤ ᠰᠡᠭᠦᠯᠴᠢ      42. ᠦᠯᠦ ᠪᠤᠬᠢᠷᠳᠤᠨᠨᠰᠠᠨ ᠪᠠ ᠬᠥᠩᠭᠡᠪᠲᠦᠷ ᠪᠤᠬᠢᠷᠳᠤᠨᠨᠰᠠᠨ ᠲᠠᠷᠢᠶᠠᠯᠠᠬᠤ ᠭᠠᠵᠠᠷ ᠢ ᠡᠩ ᠲᠡᠷᠢᠭᠦᠨ ᠳᠤ  ᠬᠠᠮᠠᠭᠠᠯᠠᠨ᠎ᠠ᠃ ᠨᠥᠬᠦᠴᠡᠯ ᠳᠤ ᠨᠡᠶᠢᠴᠡᠬᠦ ᠮᠦᠷᠳᠡᠬᠡᠨ ᠡᠩ ᠲᠡᠷᠢᠬᠦᠨ ᠳᠤ ᠬᠠᠮᠠᠭᠠᠯᠠᠬᠤ ᠲᠥᠷᠥᠯ ᠤᠨ ᠲᠠᠷᠢᠶᠠᠯᠠᠬᠤ ᠭᠠᠵᠠᠷ ᠢ ᠦᠨᠢᠳᠡ ᠶᠢᠨ ᠦᠨᠳᠦᠰᠦᠨ ᠲᠠᠷᠢᠶᠠᠯᠠᠬᠤ ᠭᠠᠵᠠᠷ ᠪᠣᠯᠭᠠᠨ ᠬᠤᠪᠢᠶᠠᠷᠢᠯᠠᠵᠤ᠂ ᠴᠢᠩᠭ᠎ᠠ ᠬᠠᠮᠠᠭᠠᠯᠠᠯᠳᠠ ᠶᠢ ᠬᠡᠷᠡᠭᠵᠢᠭᠦᠯᠵᠦ᠂ ᠲᠡᠭᠦᠨ ᠤ ᠲᠠᠯᠠᠪᠠᠢ ᠶᠢ ᠨᠢ  ᠪᠠᠭᠠᠰᠬᠠᠬᠤ ᠥᠬᠡᠶ᠂ ᠬᠥᠷᠥᠰᠥ ᠰᠢᠷᠣᠶ ᠶᠢᠨ ᠣᠷᠴᠢᠨ ᠤ ᠶᠠᠰᠤ ᠴᠢᠨᠠᠷ ᠢ ᠨᠢ ᠮᠠᠭᠤᠳᠠᠭᠤᠯᠬᠤ ᠦᠬᠡᠢ ᠪᠠᠶᠢᠬᠤ ᠪᠠᠨ ᠦᠨᠡᠨ ᠬᠦ ᠪᠠᠲᠤᠯᠠᠨ᠎ᠠ᠃      ᠲᠦᠷᠦᠭᠦᠯᠡᠨ ᠬᠢᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ      ᠬᠠᠮᠵᠢᠯᠴᠠᠬᠤ ᠰᠠᠯᠠᠭ᠎ᠠ ᠮᠥᠴᠢᠷ᠄  ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠭᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ      ᠪᠡᠶᠡᠯᠡᠭᠦᠯᠬᠦ ᠴᠠᠭ ᠬᠤᠭᠤᠴᠠᠭ᠎ᠠ᠄ ᠦᠷᠭᠦᠯᠵᠢᠯᠡᠨ ᠠᠬᠢᠭᠤᠯᠤᠨ᠎ᠠ      43. ᠬᠥᠩᠭᠡᠨ ᠪᠠ ᠭᠦᠩᠬᠡᠪᠳᠦᠷ ᠪᠣᠬᠢᠷᠲᠤᠭᠰᠠᠨ ᠲᠠᠷᠢᠶᠠᠯᠠᠬᠤ ᠭᠠᠵᠠᠷ ᠢ ᠠᠮᠤᠷ ᠲᠦᠪᠰᠢᠨ ᠢᠶᠠᠷ ᠠᠰᠢᠭᠯᠠᠨ᠎ᠠ᠃  ᠠᠮᠤᠷ ᠲᠦᠪᠰᠢᠨ ᠢᠶᠠᠷ ᠠᠰᠢᠭᠯᠠᠬᠤ ᠲᠥᠷᠥᠯ ᠤᠨ ᠲᠠᠷᠢᠶᠠᠯᠠᠬᠤ ᠭᠠᠵᠠᠷ ᠲᠥᠪᠯᠡᠷᠡᠭᠰᠡᠨ ᠭᠠᠵᠠᠷ ᠣᠷᠣᠨ ᠳᠤ ᠲᠤᠬᠠᠶ ᠶᠢᠨ ᠭᠠᠵᠠᠷ ᠤᠨ ᠭᠤᠤᠯ ᠪᠣᠯᠬᠤ ᠲᠠᠷᠢᠮᠠᠯ ᠤᠨ ᠵᠦᠢᠯ ᠪᠠ ᠲᠠᠷᠢᠬᠤ ᠳᠠᠳᠬᠠᠯ ᠲᠠᠢ ᠤᠶᠠᠯᠳᠤᠭᠤᠯᠤᠨ᠂ ᠪᠤᠬᠢᠷᠳᠤᠨᠨᠰᠠᠨ ᠲᠠᠷᠢᠶᠠᠯᠠᠬᠤ ᠭᠠᠵᠠᠷ ᠢᠶᠠᠨ ᠠᠮᠤᠷ ᠲᠦᠪᠰᠢᠨ ᠢᠶᠠᠷ ᠠᠰᠢᠭᠯᠠᠬᠤ ᠲᠥᠰᠦᠯ ᠢ ᠲᠣᠭᠲᠠᠭᠠᠨ ᠬᠡᠷᠡᠭᠵᠢᠬᠦᠯᠦᠨ᠎ᠠ᠃      ᠲᠦᠷᠦᠭᠦᠯᠡᠨ ᠬᠢᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ  ᠭᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ      ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ      ᠪᠡᠶᠡᠯᠡᠭᠦᠯᠬᠦ ᠴᠠᠭ ᠬᠤᠭᠤᠴᠠᠭ᠎ᠠ᠄ ᠦᠷᠭᠦᠯᠵᠢᠯᠡᠨ ᠠᠬᠢᠭᠤᠯᠤᠨ᠎ᠠ      44. ᠬᠦᠨᠳᠦ ᠨᠤᠴᠢᠳᠠᠢ ᠪᠣᠬᠢᠷᠳᠤᠭᠰᠠᠨ ᠲᠠᠷᠢᠶᠠᠯᠠᠬᠤ ᠭᠠᠵᠠᠷ ᠢ ᠴᠢᠩᠭ᠎ᠠ ᠬᠠᠮᠢᠶᠠᠷᠤᠨ ᠡᠵᠡᠮᠳᠡᠨ᠎ᠡ᠃ ᠬᠦᠨᠳᠦ ᠨᠣᠴᠢᠲᠠᠶ ᠪᠤᠬᠢᠷᠳᠤᠨᠨᠰᠠᠨ ᠲᠠᠷᠢᠶᠠᠯᠠᠬᠤ ᠭᠠᠵᠠᠷ ᠲᠤ ᠢᠳᠡᠰᠢᠨ ᠤ ᠲᠠᠷᠢᠶᠠᠯᠠᠩ ᠤᠨ ᠪᠦᠳᠦᠬᠡᠭᠳᠡᠬᠦᠨ ᠲᠠᠷᠢᠬᠤ ᠶᠢ ᠴᠢᠩᠭ᠎ᠠ  ᠬᠤᠷᠢᠨᠨᠯᠠᠵᠦ᠂ ᠲᠠᠷᠢᠮᠠᠯ ᠤᠨ ᠪᠦᠲᠦᠴᠡ ᠳᠤ ᠲᠤᠬᠢᠷᠠᠭᠤᠯᠤᠯᠳᠠ ᠬᠢᠬᠦ ᠠᠷᠭ᠎ᠠ ᠬᠡᠮᠵᠢᠶ᠎ᠡ ᠶᠢ ᠴᠠᠭ ᠲᠤᠬᠠᠶ ᠳᠤ ᠨᠢ ᠬᠡᠷᠡᠭᠯᠡᠨ᠎ᠠ︔ ᠲᠠᠷᠢᠶᠠᠯᠠᠬᠤ ᠶᠢ ᠵᠣᠭᠰᠣᠭᠠᠬᠤ ᠴᠢᠬᠤᠯᠠ ᠲᠠᠢ ᠬᠦᠨᠳᠦ ᠪᠤᠬᠢᠷᠳᠤᠨᠨᠰᠠᠨ ᠲᠠᠷᠢᠶᠠᠯᠠᠬᠤ ᠭᠠᠵᠠᠷ ᠢᠶᠠᠨ ᠲᠠᠷᠢᠶᠠᠯᠠᠬᠤ ᠶᠢ ᠵᠣᠭᠰᠣᠭᠠᠵᠤ ᠣᠶᠢᠵᠢᠭᠤᠯᠬᠤ ᠪᠠ ᠡᠪᠡᠰᠦ ᠪᠡᠯᠴᠢᠭᠡᠷ ᠢ ᠰᠡᠷᠭᠦᠭᠡᠬᠦ ᠲᠥᠯᠥᠪᠯᠡᠭᠡ ᠳᠤ ᠴᠠᠭ ᠲᠤ ᠨᠢ ᠲᠤᠬᠢᠷᠠᠭᠤᠯᠤᠨ ᠤᠷᠤᠭᠤᠯᠤᠨ᠎ᠠ᠃      ᠲᠦᠷᠦᠭᠦᠯᠡᠨ ᠬᠢᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠭᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ      ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ      ᠪᠡᠶᠡᠯᠡᠭᠦᠯᠬᠦ ᠴᠠᠭ ᠬᠤᠭᠤᠴᠠᠭ᠎ᠠ᠄ ᠦᠷᠭᠦᠯᠵᠢᠯᠡᠨ ᠠᠬᠢᠭᠤᠯᠤᠨ᠎ᠠ      45. ᠪᠥᠬᠦ ᠣᠷᠣᠨ ᠤ ᠪᠣᠬᠢᠷᠲᠤᠭᠰᠠᠨ ᠲᠠᠷᠢᠶᠠᠯᠠᠬᠤ ᠭᠠᠵᠠᠷ ᠢ ᠠᠮᠤᠷ ᠲᠦᠪᠰᠢᠨ ᠢᠶᠠᠷ ᠠᠰᠢᠭᠯᠠᠬᠤ ᠪᠠ  ᠴᠢᠩᠭ᠎ᠠ ᠬᠠᠮᠢᠶᠠᠷᠤᠨ ᠡᠵᠡᠮᠳᠡᠵᠦ ᠪᠠᠶᠢᠭ᠎ᠠ ᠶᠡᠷᠦᠩᠬᠡᠶ ᠲᠠᠯᠠᠪᠠᠶ ᠪᠠᠨ 1.35 ᠲᠦᠮᠡᠨ ᠮᠥ ᠠᠴᠠ ᠳᠣᠤᠷ᠎ᠠ ᠪᠠᠶᠢᠯᠭᠠᠬᠤ ᠥᠬᠡᠶ ᠬᠠᠷᠠᠯᠳᠠᠳᠤ ᠡᠭᠦᠷᠭᠡ ᠶᠢ ᠪᠡᠶᠡᠯᠡᠭᠦᠯᠦᠨ᠎ᠡ᠃      ᠲᠦᠷᠦᠭᠦᠯᠡᠨ ᠬᠢᠬᠦ ᠰᠠᠯᠠᠭ᠎ᠠ ᠮᠥᠴᠢᠷ᠄  ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ  ᠪᠠ ᠭᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ᠂ ᠠᠮᠢ ᠠᠬᠤᠶ ᠣᠷᠴᠢᠨ ᠲᠤᠭᠤᠷᠢᠨ ᠤ ᠲᠢᠩᠬᠢᠮ      ᠬᠠᠮᠵᠢᠯᠴᠠᠬᠤ ᠰᠠᠯᠠᠭ᠎ᠠ ᠮᠥᠴᠢᠷ᠄  ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ      ᠪᠡᠶᠡᠯᠡᠭᠦᠯᠬᠦ ᠴᠠᠭ ᠬᠤᠭᠤᠴᠠᠭ᠎ᠠ᠄  2020 ᠣᠨ ᠤ ᠰᠡᠭᠦᠯᠴᠢ      ︵ᠭᠤᠷᠪᠠ︶ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ ᠵᠥᠪᠰᠢᠶᠡᠷᠡᠨ ᠣᠷᠣᠭᠤᠯᠬᠤ ᠬᠠᠮᠢᠶᠠᠷᠤᠯᠲᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃      46. ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠥᠷᠥᠰᠥ ᠰᠢᠷᠣᠶ ᠳᠤ ᠪᠠᠶᠢᠴᠠᠭᠠᠯᠲᠠ ᠬᠢᠬᠦ ᠶᠢ ᠬᠠᠤᠯᠢ ᠶᠤᠰᠤᠭᠠᠷ ᠥᠷᠨᠢᠭᠦᠯᠦᠨ᠎ᠡ᠃ 2020 ᠣᠨ ᠤ 8 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠬᠥᠷᠥᠰᠥ ᠰᠢᠷᠣᠶ ᠶᠢᠨ ᠪᠣᠬᠢᠷᠲᠤᠯ ᠤᠨ ᠪᠠᠶᠢᠳᠠᠯ ᠤᠨ ᠪᠠᠶᠢᠴᠠᠭᠠᠯᠲᠠ ᠶᠢ ᠥᠩᠭᠡᠷᠡᠭᠡᠭᠰᠡᠨ ᠥᠬᠡᠶ ᠮᠥᠷᠲᠡᠭᠡᠨ ᠨᠢᠭᠡᠨᠲᠡ ᠣᠷᠣᠨ ᠰᠠᠭᠤᠴᠠ᠂ ᠣᠯᠠᠨ ᠨᠡᠶᠢᠲᠡ ᠶᠢᠨ ᠬᠠᠮᠢᠶᠠᠷᠤᠯᠲᠠ ᠬᠢᠭᠡᠳ ᠣᠯᠠᠨ ᠨᠡᠶᠢᠲᠡ ᠶᠢᠨ ᠦᠢᠯᠡᠴᠢᠯᠡᠬᠡᠨ ᠳᠤ ᠬᠡᠷᠡᠭᠯᠡᠬᠦ ᠭᠠᠵᠠᠷ ᠪᠣᠯᠭᠠᠨ ᠨᠡᠭᠡᠭᠡᠨ ᠠᠰᠢᠭᠯᠠᠭᠰᠠᠨ ᠭᠠᠵᠠᠷ ᠢ ᠣᠶᠢᠯᠠᠭᠠᠨ ᠵᠢᠨᠨᠰᠠᠭᠠᠭᠠᠳ᠂  ᠪᠦᠳᠦᠮᠵᠢᠳᠡᠢ ᠠᠷᠭ᠎ᠠ ᠬᠡᠮᠵᠢᠶ᠎ᠡ ᠶᠢ ᠬᠡᠷᠡᠭᠯᠡᠨ᠂  ᠤᠷᠤᠰᠢᠨ ᠰᠠᠭᠤᠷᠢᠰᠢᠬᠤ ᠣᠷᠴᠢᠨ ᠨᠦᠭᠦᠴᠡᠯ ᠤᠨ ᠠᠮᠤᠷ ᠲᠦᠪᠰᠢᠨ ᠢ  ᠦᠨᠡᠨ ᠬᠦ ᠪᠠᠲᠤᠯᠠᠵᠤ᠂ ᠪᠠᠶᠢᠴᠠᠭᠠᠯᠲᠠ ᠶᠢᠨ ᠦᠷ᠎ᠡ ᠳ᠋ᠦᠩ ᠢ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ  ᠲᠤᠭᠤᠷᠢᠨ ᠤ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠳᠤ ᠮᠡᠳᠡᠬᠦᠯᠵᠦ ᠬᠢᠨᠠᠨ ᠬᠠᠷᠭᠤᠭᠤᠯᠬᠤ ᠪᠠᠷ ᠪᠡᠯᠡᠳᠬᠡᠨ᠎ᠠ︔ ᠵᠢᠯ ᠤᠨ ᠰᠡᠭᠦᠯᠴᠢ ᠠᠴᠠ ᠡᠮᠦᠨ᠎ᠡ ᠪᠥᠬᠦ ᠣᠷᠣᠨ ᠤ ᠭᠤᠤᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠤᠨ ᠪᠠᠶᠢᠴᠠᠭᠠᠯᠳᠠ ᠶᠢᠨ ᠦᠷ᠎ᠡ ᠪᠦᠲᠦᠭᠡᠯ ᠲᠠᠢ ᠤᠶᠠᠯᠳᠤᠭᠤᠯᠤᠨ᠂ ᠡᠯ᠎ᠡ ᠠᠶᠢᠮᠠᠭ ᠬᠤᠲᠠ ᠶᠢᠨ ᠪᠤᠬᠢᠷᠳᠤᠨᠨᠰᠠᠨ ᠭᠠᠵᠠᠷ ᠤᠨ ᠨᠡᠷᠡᠰ ᠤᠨ ᠵᠢᠭᠰᠠᠭᠠᠯᠲᠠ ᠶᠢ ᠪᠠᠶᠢᠭᠤᠯᠵᠤ᠂ ᠪᠥᠬᠦ ᠤᠯᠤᠰ ᠤᠨ ᠪᠤᠬᠢᠷᠳᠤᠨᠨᠰᠠᠨ ᠭᠠᠵᠠᠷ ᠤᠨ ᠮᠡᠳᠡᠭᠡ ᠵᠠᠩᠭᠢ ᠶᠢᠨ ᠰᠢᠰᠲ᠋ᠧᠮ ᠳᠤ ᠴᠠᠭ ᠲᠤᠬᠠᠶ ᠳᠤ ᠨᠢ ᠳᠠᠮᠵᠢᠭᠤᠯᠬᠤ ᠶᠢᠨ ᠬᠠᠮᠲᠤ ᠨᠡᠶᠢᠭᠡᠮ ᠳᠤ ᠢᠯᠡ ᠪᠣᠯᠭᠠᠨ᠎ᠠ᠃      ᠲᠦᠷᠦᠭᠦᠯᠡᠨ ᠬᠢᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ      ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠵᠤ  ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ      ᠪᠡᠶᠡᠯᠡᠭᠦᠯᠬᠦ ᠴᠠᠭ ᠬᠤᠭᠤᠴᠠᠭ᠎ᠠ᠄ 2020 ᠣᠨ ᠤ ᠵᠢᠯ ᠤᠨ ᠰᠡᠭᠦᠯᠴᠢ      47. ᠭᠠᠵᠠᠷ ᠰᠢᠷᠣᠢ ᠶᠢᠨ ᠬᠡᠷᠡᠭᠯᠡᠯᠲᠡ ᠶᠢ ᠵᠦᠢ ᠵᠣᠬᠢᠰᠲᠠᠢ ᠲᠥᠯᠥᠪᠵᠢᠭᠦᠯᠦᠨ᠎ᠡ᠃ ᠪᠣᠬᠢᠷᠲᠤᠭᠰᠠᠨ ᠭᠠᠵᠠᠷ ᠤᠨ ᠳ᠋ᠠᠶᠢᠲ᠋ᠠ ᠬᠥᠮᠥᠷᠭᠡ ᠵᠢᠴᠢ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠵᠤ᠂  ᠪᠤᠬᠢᠷᠳᠤᠨᠨᠰᠠᠨ ᠲᠦᠯᠦᠪᠳᠡᠢ ᠭᠠᠵᠠᠷ ᠵᠢᠴᠢ ᠪᠣᠬᠢᠷᠲᠤᠭᠰᠠᠨ ᠭᠠᠵᠠᠷ ᠤᠨ ᠣᠷᠣᠨ ᠵᠠᠶ ᠶᠢᠨ ᠮᠡᠳᠡᠭᠡ ᠵᠠᠩᠭᠢ ᠶᠢ ᠬᠠᠮᠳᠤ ᠳᠤ ᠪᠠᠨ ᠭᠦᠷᠳᠡᠨ᠎ᠠ᠃ ᠪᠤᠬᠢᠷᠳᠤᠨᠨᠰᠠᠨ ᠲᠦᠯᠦᠪᠳᠡᠢ ᠭᠠᠵᠠᠷ᠂ ᠪᠣᠬᠢᠷᠲᠤᠭᠰᠠᠨ ᠭᠠᠵᠠᠷ ᠤᠨ ᠣᠷᠣᠨ ᠵᠠᠶ ᠶᠢᠨ ᠮᠡᠳᠡᠭᠡ ᠵᠠᠩᠭᠢ ᠬᠢᠭᠡᠳ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢᠨ ᠨᠢᠬᠡᠳᠦᠯᠳᠡᠢ ᠲᠡᠪᠴᠡᠩ ᠲᠠᠢ ᠪᠤᠯᠭᠠᠬᠤ ᠶᠢ ᠪᠡᠶᠡᠯᠡᠭᠦᠯᠦᠨ᠎ᠡ᠃      ᠲᠦᠷᠦᠭᠦᠯᠡᠨ ᠬᠢᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮ      ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ      ᠪᠡᠶᠡᠯᠡᠭᠦᠯᠬᠦ ᠴᠠᠭ ᠬᠤᠭᠤᠴᠠᠭ᠎ᠠ᠄ 2020 ᠣᠨ ᠤ ᠰᠡᠭᠦᠯᠴᠢ      48. ᠭᠠᠵᠠᠷ ᠬᠡᠷᠡᠭᠯᠡᠬᠦ ᠬᠢᠷᠢ ᠬᠡᠮ ᠤᠯᠭᠤᠬᠤ ᠳᠤ ᠵᠥᠪᠰᠢᠶᠡᠷᠡᠨ ᠣᠷᠣᠭᠤᠯᠬᠤ ᠪᠠᠨ ᠴᠢᠩᠳᠠᠯᠠᠨ᠎ᠠ᠃ ᠭᠠᠵᠠᠷ ᠰᠢᠷᠣᠶ ᠶᠢᠨ ᠬᠠᠩᠭᠠᠯᠭ᠎ᠠ ᠵᠢᠴᠢ ᠬᠠᠮᠢᠶ᠎ᠠ ᠪᠦᠬᠦᠢ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠣᠯᠭᠤᠬᠤ ᠴᠠᠭ ᠤᠨ ᠳᠠᠷᠠᠭᠠᠯᠠᠯ ᠢ ᠵᠣᠬᠢᠰᠲᠠᠶ ᠲᠤᠬᠢᠷᠠᠭᠤᠯᠤᠨ᠎ᠠ᠃ ᠭᠠᠵᠠᠷ ᠬᠡᠷᠡᠭᠯᠡᠬᠦ ᠬᠢᠷᠢ ᠬᠡᠮ ᠤᠯᠭᠤᠬᠤ ᠳᠤ ᠵᠥᠪᠰᠢᠶᠡᠷᠡᠨ ᠣᠷᠣᠭᠤᠯᠬᠤ ᠪᠠᠨ ᠴᠢᠩᠳᠠᠯᠠᠵᠤ᠂ ᠪᠣᠬᠢᠷᠲᠤᠭᠰᠠᠨ ᠭᠠᠵᠠᠷ ᠢ ᠳᠠᠬᠢᠨ ᠨᠡᠭᠡᠭᠡᠨ ᠠᠰᠢᠨᠨᠯᠠᠬᠤ ᠳᠤ ᠭᠦᠷᠪᠡᠯ᠂ ᠬᠥᠷᠥᠰᠥ ᠰᠢᠷᠣᠶ ᠶᠢᠨ ᠣᠷᠴᠢᠨ ᠤ ᠶᠠᠰᠤ ᠴᠢᠨᠠᠷ ᠨᠢ ᠲᠥᠯᠥᠪᠵᠢᠭᠦᠯᠭᠡ ᠶᠢᠨ ᠬᠡᠷᠡᠭᠯᠡᠬᠡᠨ ᠤ ᠱᠠᠭᠠᠷᠳᠠᠯᠭ᠎ᠠ ᠶᠢ ᠬᠠᠩᠭᠠᠬᠤ ᠬᠡᠷᠡᠭᠳᠡᠢ︔ ᠭᠠᠵᠠᠷ ᠰᠢᠷᠣᠶ ᠶᠢ ᠲᠠᠲᠠᠪᠤᠷᠢᠯᠠᠬᠤ᠂ ᠰᠢᠯᠵᠢᠭᠦᠯᠦᠨ ᠬᠤᠳᠠᠯᠳᠤᠬᠤ᠂ ᠬᠡᠷᠡᠭᠴᠡᠭᠡ ᠶᠢ ᠨᠢ ᠬᠤᠪᠢᠷᠠᠭᠤᠯᠬᠤ ᠵᠡᠷᠭᠡ ᠭᠤᠨᠨᠴᠤᠭ᠎ᠠ ᠳᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠭᠠᠵᠠᠷ ᠬᠡᠷᠡᠭᠯᠡᠬᠦ ᠶᠢ ᠨᠥᠭᠡᠴᠡᠯᠡᠬᠦ ᠲᠡᠪᠴᠡᠩ ᠳᠤ ᠣᠷᠣᠭᠤᠯᠤᠭᠰᠠᠨ ᠪᠤᠬᠢᠷᠳᠤᠨᠨᠰᠠᠨ ᠲᠦᠯᠦᠪᠳᠡᠢ ᠬᠡᠰᠡᠭ ᠭᠠᠵᠠᠷ ᠤᠨ ᠮᠡᠳᠡᠭᠡ ᠵᠠᠩᠭᠢ ᠶᠢ ᠬᠠᠮᠳᠤ ᠳᠤ ᠎ ᠪᠠᠨ ᠭᠥᠷᠳᠡᠵᠦ᠂  ᠤᠷᠴᠢᠨ ᠲᠣᠭᠤᠷᠢᠨ ᠤ ᠪᠠᠶᠢᠴᠠᠭᠠᠯᠲᠠ ᠪᠠ ᠦᠨᠡᠯᠡᠨ ᠵᠢᠱᠢᠯᠲᠡ ᠶᠢ ᠳᠠᠮᠵᠢᠭᠰᠠᠨ ᠥᠬᠡᠶ ᠪᠤᠬᠢᠷᠳᠤᠨᠨᠰᠠᠨ ᠲᠦᠯᠦᠪᠳᠡᠢ ᠭᠠᠵᠠᠷ ᠢ ᠡᠭᠡᠭᠦᠯᠦᠨ ᠬᠤᠷᠢᠶᠠᠵᠤ ᠪᠣᠯᠬᠤ ᠥᠬᠡᠶ᠂ ᠬᠥᠷᠥᠰᠥ ᠰᠢᠷᠣᠶ ᠶᠢᠨ ᠣᠷᠴᠢᠨ ᠤ ᠶᠠᠰᠤ ᠴᠢᠨᠠᠷ ᠤᠨ ᠱᠠᠭᠠᠷᠳᠠᠯᠭ᠎ᠠ ᠳᠤ ᠨᠡᠶᠢᠴᠡᠬᠦ ᠥᠬᠡᠶ ᠪᠤᠬᠢᠷᠳᠤᠨᠨᠰᠠᠨ ᠭᠠᠵᠠᠷ ᠢ ᠬᠠᠩᠭᠠᠬᠤ ᠪᠤᠶᠤ ᠬᠡᠷᠡᠭᠴᠡᠭᠡ ᠶᠢ ᠨᠢ ᠬᠤᠪᠢᠷᠠᠭᠤᠯᠤᠨ ᠣᠷᠣᠨ ᠰᠠᠭᠤᠴᠠ᠂ ᠰᠤᠷᠭᠠᠭᠤᠯᠢ᠂ ᠣᠯᠠᠨ ᠨᠡᠶᠢᠲᠡ ᠶᠢᠨ ᠦᠢᠯᠡᠴᠢᠯᠡᠭᠡ᠂ ᠣᠯᠠᠨ ᠨᠡᠶᠢᠲᠡ ᠶᠢᠨ ᠪᠡᠯᠡᠳᠬᠡᠮᠵᠢ ᠵᠡᠷᠭᠡ ᠳᠤ ᠬᠡᠷᠡᠭᠯᠡᠬᠦ ᠭᠠᠵᠠᠷ ᠪᠤᠯᠭᠠᠬᠤ ᠶᠢ ᠬᠤᠷᠢᠨᠨᠯᠠᠨ᠎ᠠ᠃      ᠲᠦᠷᠦᠭᠦᠯᠡᠨ ᠬᠢᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮ      ᠣᠷᠣᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ      ᠪᠡᠶᠡᠯᠡᠬᠦᠯᠬᠦ ᠴᠠᠭ ᠬᠤᠭᠤᠴᠠᠭ᠎ᠠ᠄ ᠦᠷᠭᠦᠯᠵᠢᠯᠡᠨ ᠠᠬᠢᠭᠤᠯᠤᠨ᠎ᠠ      49. ᠪᠣᠬᠢᠷᠲᠤᠭᠰᠠᠨ ᠭᠠᠵᠠᠷ ᠤᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠬᠢᠬᠡᠳ ᠵᠠᠰᠠᠵᠤ ᠰᠡᠷᠭᠦᠭᠡᠬᠦ ᠪᠠᠨ ᠴᠢᠩᠭᠠᠳᠬᠠᠨ᠎ᠠ᠃      ︵1︶ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠥᠷᠥᠰᠥ ᠰᠢᠷᠣᠶ ᠶᠢᠨ ᠪᠣᠬᠢᠷᠲᠤᠯ ᠤᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ ᠵᠠᠰᠠᠨ ᠰᠡᠷᠭᠦᠭᠡᠬᠦ ᠨᠡᠷᠡᠰ ᠤᠨ ᠵᠢᠭᠰᠠᠭᠠᠯᠲᠠ ᠶᠢ ᠲᠣᠭᠲᠠᠭᠠᠵᠤ᠂ ᠨᠡᠷᠡᠰ ᠤᠨ ᠵᠢᠭᠰᠠᠭᠠᠯᠲᠠ ᠳᠤ ᠣᠷᠣᠭᠤᠯᠤᠭᠰᠠᠨ ᠭᠠᠵᠠᠷ ᠲᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠤᠶᠤ ᠵᠠᠰᠠᠨ ᠰᠡᠷᠭᠦᠭᠡᠬᠦ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ᠂ ᠭᠠᠵᠠᠷ ᠰᠢᠷᠣᠶ ᠶᠢ ᠠᠰᠢᠭᠯᠠᠬᠤ ᠶᠡᠷᠦᠩᠬᠡᠢ ᠲᠥᠯᠥᠪᠵᠢᠭᠦᠯᠭᠡ ᠪᠠ ᠬᠤᠲᠠ ᠬᠥᠳᠡᠭᠡ ᠶᠢᠨ ᠲᠥᠯᠥᠪᠵᠢᠭᠦᠯᠭᠡ ᠲᠠᠢ ᠤᠶᠠᠯᠳᠤᠭᠤᠯᠤᠨ ᠵᠠᠰᠠᠵᠦ ᠰᠡᠷᠭᠦᠭᠡᠬᠦ ᠲᠥᠰᠦᠯ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ᠲᠦᠷᠦᠭᠦᠯᠡᠨ ᠬᠢᠬᠦ ᠰᠠᠯᠠᠭ᠎ᠠ ᠮᠥᠴᠢᠷ᠄  ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ      ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ      ᠪᠡᠶᠡᠯᠡᠬᠦᠯᠬᠦ ᠴᠠᠭ ᠬᠤᠭᠤᠴᠠᠭ᠎ᠠ᠄ ᠦᠷᠭᠦᠯᠵᠢᠯᠡᠨ ᠠᠬᠢᠭᠤᠯᠤᠨ᠎ᠠ      ︵2︶  ᠪᠤᠭᠤᠲᠤ ᠬᠤᠲᠠ᠂ ᠤᠯᠠᠭᠠᠨᠬᠠᠳᠠ ᠬᠤᠲᠠ᠂ ᠪᠠᠶᠠᠨᠨᠠᠭᠤᠷ ᠬᠤᠲᠠ ᠶᠢᠨ ᠬᠥᠷᠥᠰᠥ ᠰᠢᠷᠣᠶ ᠶᠢᠨ ᠪᠣᠬᠢᠷᠲᠤᠯ ᠢ ᠵᠠᠰᠠᠬᠤ ᠬᠢᠬᠡᠳ ᠵᠠᠰᠠᠨ ᠰᠡᠷᠭᠦᠭᠡᠬᠦ ᠮᠡᠷᠭᠡᠵᠢᠯ ᠤᠨ ᠬᠡᠷᠡᠭᠯᠡᠭᠡᠨ ᠤ ᠲᠤᠷᠰᠢᠯᠲᠠ ᠶᠢᠨ ᠴᠡᠭ ᠤᠨ ᠡᠭᠦᠷᠭᠡ ᠶᠢ ᠪᠡᠶᠡᠯᠡᠭᠦᠯᠬᠦ ᠶᠢᠨ ᠬᠠᠮᠲᠤ ᠦᠷ᠎ᠡ ᠪᠦᠲᠦᠮᠵᠢ ᠳᠤ ᠨᠢ ᠦᠨᠡᠯᠡᠨ ᠵᠢᠱᠢᠯᠳᠡ ᠬᠢᠬᠦ ᠶᠢ ᠥᠷᠨᠢᠭᠦᠯᠦᠨ᠎ᠡ᠃      ᠲᠦᠷᠦᠭᠦᠯᠡᠨ ᠬᠢᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ      ᠪᠡᠶᠡᠯᠡᠬᠦᠯᠬᠦ ᠴᠠᠭ ᠬᠤᠭᠤᠴᠠᠭ᠎ᠠ᠄  2020 ᠣᠨ ᠤ ᠰᠡᠭᠦᠯᠴᠢ      ︵ᠳᠥᠷᠪᠡ︶ ᠲᠠᠷᠢᠶᠠᠯᠠᠩ ᠤᠨ ᠲᠠᠷᠬᠠᠮᠠᠯ ᠡᠬᠢᠲᠦ ᠪᠣᠬᠢᠷᠲᠤᠯ ᠢ ᠰᠡᠷᠭᠡᠶᠢᠯᠡᠨ ᠡᠵᠡᠮᠳᠡᠬᠦ  ᠎ ᠪᠠᠨ ᠴᠢᠩᠭᠠᠳᠬᠠᠨ᠎ᠠ᠃      50. ᠲᠠᠷᠢᠶᠠᠯᠠᠩ ᠤᠨ ᠦᠢᠯᠡᠳᠪᠦᠷᠢᠯᠡᠯ ᠤᠨ ᠠᠵᠢᠯᠯᠠᠭ᠎ᠠ ᠡᠷᠬᠢᠯᠡᠭᠰᠡᠨ ᠠᠴᠠ ᠪᠤᠯᠵᠦ ᠬᠥᠷᠥᠰᠥ ᠰᠢᠷᠣᠶ ᠪᠣᠬᠢᠷᠲᠤᠭᠤᠯᠬᠤ ᠶᠢ ᠬᠢᠵᠠᠭᠠᠷᠯᠠᠨ᠎ᠠ᠃ ᠪᠥᠬᠦ ᠣᠷᠣᠨ ᠤ ᠭᠤᠤᠯ ᠪᠣᠯᠬᠤ ᠲᠠᠷᠢᠮᠠᠯ ᠳᠤ ᠬᠢᠮᠢ ᠶᠢᠨ ᠪᠣᠷᠳᠣᠭᠤᠷ᠂ ᠲᠠᠷᠢᠶᠠᠨ ᠡᠮ ᠤᠨ ᠬᠡᠷᠡᠭᠯᠡᠬᠦ ᠬᠡᠮᠵᠢᠶᠡᠨ ᠤ ᠰᠥᠭᠡᠷᠭᠦ ᠨᠡᠮᠡᠭᠳᠡᠬᠦ ᠶᠢ ᠪᠡᠶᠡᠯᠡᠭᠦᠯᠵᠦ᠂ ᠬᠥᠷᠥᠰᠥ ᠰᠢᠷᠣᠶ ᠎ ᠶᠢᠨ ᠪᠠᠶᠢᠳᠠᠯ ᠢ ᠦᠵᠡᠵᠦ ᠪᠣᠷᠳᠤᠭᠤᠷ ᠨᠠᠶᠢᠷᠠᠭᠤᠯᠤᠨ ᠬᠡᠷᠡᠭᠯᠡᠬᠦ ᠮᠡᠷᠭᠡᠵᠢᠯ ᠢ ᠲᠦᠬᠡᠮᠡᠯᠵᠢᠬᠦᠯᠦᠨ ᠳᠡᠯᠭᠡᠷᠡᠭᠦᠯᠬᠦ ᠨᠣᠷᠮ᠎ᠠ ᠶᠢ 90%᠎ ᠠᠴᠠ ᠳᠡᠭᠡᠭᠰᠢ ᠳᠤ ᠬᠦᠷᠲᠡᠯ᠎ᠡ ᠲᠡᠬᠡᠭᠰᠢᠯᠡᠬᠦᠯᠦᠨ᠎ᠠ︔ ᠪᠦᠬᠦ ᠣᠷᠣᠨ ᠳᠠᠬᠢ ᠲᠠᠷᠢᠶᠠᠯᠠᠩ ᠤᠨ ᠨᠢᠮᠬᠡᠨ ᠪᠦᠷᠬᠦᠪᠴᠢ ᠨᠡᠯᠢᠶᠡᠳ ᠶᠡᠭᠡ ᠬᠡᠷᠡᠭᠯᠡᠵᠦ ᠪᠠᠶᠢᠭ᠎ᠠ ᠭᠠᠵᠠᠷ ᠣᠷᠣᠨ ᠤ ᠲᠠᠷᠢᠶᠠᠯᠠᠩ ᠤᠨ ᠬᠠᠶᠠᠭᠳᠠᠮᠠᠯ ᠨᠢᠮᠬᠡᠨ ᠪᠦᠷᠬᠦᠪᠴᠢ ᠶᠢᠨ ᠡᠭᠡᠭᠦᠯᠦᠨ ᠬᠤᠷᠢᠶᠠᠬᠤ ᠨᠣᠷᠮ᠎ᠠ ᠶᠢ 80%᠎ ᠠᠴᠠ ᠳᠡᠭᠡᠭᠰᠢ ᠳᠤ ᠬᠦᠷᠦᠭᠦᠯᠬᠦ ᠪᠠᠷ  ᠴᠢᠷᠮᠠᠶᠢᠨ᠎ᠠ᠃      ᠲᠦᠷᠦᠭᠦᠯᠡᠨ ᠬᠢᠬᠦ ᠰᠠᠯᠠᠭ᠎ᠠ ᠮᠥᠴᠢᠷ᠄  ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠭᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ      ᠬᠠᠮᠵᠢᠯᠴᠠᠬᠤ ᠰᠠᠯᠠᠭ᠎ᠠ ᠮᠥᠴᠢᠷ᠄  ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠬᠠᠩᠭᠠᠨ ᠪᠣᠷᠣᠯᠠᠭᠤᠯᠬᠤ ᠬᠤᠯᠪᠣᠭᠠᠲᠤ ᠬᠤᠷᠰᠢᠶ᠎ᠠ      ᠪᠡᠶᠡᠯᠡᠬᠦᠯᠬᠦ ᠴᠠᠭ ᠬᠤᠭᠤᠴᠠᠭ᠎ᠠ᠄ 2020 ᠣᠨ ᠤ ᠰᠡᠭᠦᠯᠴᠢ      51. ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠡᠷᠴᠢᠮ ᠢᠶᠠᠨ ᠴᠢᠩᠭᠠᠷᠠᠭᠤᠯᠤᠨ᠎ᠠ᠃      ︵1︶ ᠮᠠᠯᠵᠢᠬᠤ ᠲᠠᠷᠢᠶᠠᠯᠠᠬᠤ ᠣᠷᠣᠨ ᠤ ᠪᠤᠳᠠᠳᠠᠢ ᠳᠤ ᠨᠡᠶᠢᠴᠡᠭᠰᠡᠨ᠂  ᠤᠯᠠᠨ ᠶᠠᠩᠵᠦ ᠶᠢᠨ ᠠᠷᠭ᠎ᠠ ᠮᠠᠶ᠋ᠢᠭ ᠎ ᠢᠶᠠᠷ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠶᠢᠳᠪᠦᠷᠢᠯᠡᠬᠦ ᠰᠢᠰᠲ᠋ᠧᠮᠵᠢ ᠶᠢ ᠪᠠᠶᠢᠭᠤᠯᠤᠨ  ᠪᠦᠷᠢᠨᠰᠢᠬᠦᠯᠦᠨ᠎ᠠ᠃ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ᠂ ᠬᠤᠤᠷ ᠦᠭᠡᠶᠢᠳᠡᠭᠦᠯᠬᠦ ᠶᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠪᠠ ᠡᠬᠢ ᠪᠠᠶᠠᠯᠢᠭᠵᠢᠭᠤᠯᠬᠤ ᠲᠤᠷᠰᠢᠯᠲᠠ ᠶᠢᠨ ᠴᠡᠭ ᠢ ᠥᠷᠭᠡᠳᠬᠡᠨ᠎ᠡ᠃      ᠲᠦᠷᠦᠭᠦᠯᠡᠨ ᠬᠢᠬᠦ ᠰᠠᠯᠠᠭ᠎ᠠ ᠮᠥᠴᠢᠷ᠄  ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠭᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ      ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ      ᠪᠡᠶᠡᠯᠡᠬᠦᠯᠬᠦ ᠴᠠᠭ ᠬᠤᠭᠤᠴᠠᠭ᠎ᠠ᠄ ᠦᠷᠭᠦᠯᠵᠢᠯᠡᠨ ᠠᠬᠢᠭᠤᠯᠤᠨ᠎ᠠ      ︵2︶ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠣᠪᠣᠭᠠᠯᠠᠬᠤ ᠲᠤᠨᠨᠳᠠᠮᠠᠯ ᠪᠤᠰᠤ ᠴᠡᠭ ᠤᠨ ᠴᠡᠭᠴᠡᠯᠡᠨ ᠵᠠᠰᠠᠬᠤ ᠠᠵᠢᠯ ᠢ ᠦᠨᠳᠦᠰᠦᠨ ᠳᠤ ᠪᠠᠨ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠳᠤ ᠬᠤᠭ ᠨᠣᠪᠰᠢ ᠪᠠᠨ ᠳᠤᠷ᠎ᠠ ᠪᠠᠷ  ᠠᠰᠬᠠᠵᠦ ᠣᠪᠣᠭᠠᠯᠠᠬᠤ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠶᠢᠳᠪᠦᠷᠢᠯᠡᠨ᠎ᠠ᠃      ᠲᠦᠷᠦᠭᠦᠯᠡᠨ ᠬᠢᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ      ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠭᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮ      ᠪᠡᠶᠡᠯᠡᠬᠦᠯᠬᠦ ᠴᠠᠭ ᠬᠤᠭᠤᠴᠠᠭ᠎ᠠ᠄  2020 ᠣᠨ ᠤ ᠰᠡᠭᠦᠯᠴᠢ      52. ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤ ᠵᠠᠰᠠᠬᠤ ᠶᠢ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤᠨ ᠤ ᠣᠳᠣᠬᠢ ᠪᠠᠶᠢᠳᠠᠯ ᠢ ᠪᠦᠬᠦ ᠲᠠᠯ᠎ᠠ ᠪᠠᠷ ᠪᠠᠶᠢᠴᠠᠭᠠᠵᠤ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤ  ᠵᠠᠰᠠᠬᠤ ᠲᠦᠯᠦᠪᠵᠢᠬᠦᠯᠬᠡ ᠶᠢ ᠨᠠᠶᠢᠷᠠᠭᠤᠯᠤᠨ ᠵᠣᠬᠢᠶᠠᠵᠤ᠂ ᠠᠵᠢᠯᠯᠠᠭᠤᠯᠵᠤ ᠪᠠᠲᠤᠯᠠᠬᠤ ᠬᠠᠮᠢᠶᠠᠷᠤᠯᠲᠠ ᠶᠢᠨ ᠰᠢᠰᠲ᠋ᠧᠮᠵᠢ ᠶᠢ ᠠᠯᠬᠤᠮ ᠠᠯᠬᠤᠮ ᠢᠶᠠᠷ ᠪᠠᠶᠢᠭᠤᠯᠤᠨ ᠲᠡᠭᠦᠯᠳᠡᠷᠵᠢᠬᠦᠯᠦᠨ᠎ᠠ᠃ ᠮᠠᠯᠵᠢᠬᠤ ᠲᠠᠷᠢᠶᠠᠯᠠᠬᠤ ᠣᠷᠣᠨ ᠤ ᠪᠣᠬᠢᠷ ᠦᠮᠡᠬᠡᠶ ᠤᠰᠤᠨ ᠴᠣᠭᠴᠠ ᠶᠢ ᠵᠢᠭᠰᠠᠭᠠᠨ ᠪᠠᠶᠢᠴᠠᠭᠠᠬᠤ ᠠᠵᠢᠯ ᠦᠷᠨᠢᠬᠦᠯᠵᠦ᠂  ᠨᠡᠷᠡᠰ ᠤᠨ ᠵᠢᠨᠨᠰᠠᠭᠠᠯᠳᠠ ᠶᠢᠨ ᠡᠬᠡ ᠳᠠᠩᠰᠠ ᠶᠢ ᠪᠠᠶᠢᠭᠤᠯᠤᠨ᠎ᠠ᠃ ᠪᠠᠶᠢᠭᠤᠯᠤᠮᠵᠢᠳᠤ 1875 ᠲᠣᠰᠬᠤᠨ ᠳᠠᠬᠢ ᠬᠥᠳᠡᠭᠡ ᠲᠣᠰᠬᠤᠨ ᠤ ᠣᠷᠴᠢᠨ ᠲᠣᠭᠤᠷᠢᠨ ᠤ ᠶᠡᠷᠦᠩᠬᠡᠶᠢᠯᠡᠨ ᠴᠡᠭᠴᠡᠯᠡᠵᠦ ᠰᠠᠶᠢᠵᠢᠷᠠᠭᠤᠯᠬᠤ ᠡᠭᠦᠷᠭᠡ ᠶᠢ ᠪᠡᠶᠡᠯᠡᠭᠦᠯᠬᠦ ᠶᠢᠨ ᠬᠠᠮᠲᠤ᠂ ᠮᠠᠯᠵᠢᠬᠤ ᠲᠠᠷᠢᠶᠠᠯᠠᠬᠤ ᠣᠷᠣᠨ ᠤ ᠣᠷᠴᠢᠨ ᠲᠣᠭᠤᠷᠢᠨ ᠤ ᠶᠡᠷᠦᠩᠬᠡᠶᠢᠯᠡᠨ ᠴᠡᠭᠴᠡᠯᠡᠵᠦ ᠵᠠᠰᠠᠭᠰᠠᠨ ᠦᠷ᠎ᠡ ᠪᠦᠲᠦᠮᠵᠢ ᠶᠢᠨ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      ᠲᠦᠷᠦᠭᠦᠯᠡᠨ ᠬᠢᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ      ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠭᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ      ᠪᠡᠶᠡᠯᠡᠬᠦᠯᠬᠦ ᠴᠠᠭ ᠬᠤᠭᠤᠴᠠᠭ᠎ᠠ᠄  2020 ᠣᠨ ᠤ ᠰᠡᠭᠦᠯᠴᠢ      53. ᠬᠤᠷᠢᠭ᠎ᠠ ᠲᠠᠢ ᠲᠡᠵᠢᠭᠡᠬᠦ ᠣᠷᠣᠨ ᠤ ᠬᠢᠨᠠᠯᠲᠠ ᠬᠠᠮᠢᠶᠠᠷᠤᠯᠲᠠ ᠶᠢ ᠬᠠᠤᠯᠢ ᠶᠣᠰᠣᠭᠠᠷ ᠵᠢᠷᠤᠮᠵᠢᠭᠤᠯᠤᠨ᠎ᠠ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠮᠠᠯᠵᠢᠯ ᠤᠨ ᠬᠠᠤᠯᠢ︾᠂ ︽ᠮᠠᠯ ᠵᠢᠭᠦᠷᠲᠡᠨ ᠢ ᠬᠡᠪᠴᠢᠶᠡᠵᠢᠭᠦᠯᠦᠨ  ᠲᠡᠵᠢᠬᠡᠵᠦ ᠦᠷᠡᠵᠢᠭᠦᠯᠬᠦ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠳᠠᠬᠢ ᠬᠤᠷᠢᠭ᠎ᠠ ᠲᠠᠢ ᠲᠡᠵᠢᠭᠡᠬᠦ ᠣᠷᠣᠨ ᠢ ᠬᠤᠪᠢᠶᠠᠷᠢᠯᠠᠨ ᠲᠤᠨᠨᠳᠠᠭᠠᠬᠤ ᠬᠠᠮᠢᠶ᠎ᠠ ᠪᠥᠬᠦᠶ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠪᠦᠬᠦ ᠣᠷᠣᠨ ᠤ ᠮᠠᠯ ᠵᠢᠭᠦᠷᠲᠡᠨ ᠤ ᠰᠢᠬᠢᠭ ᠰᠠᠩᠭᠠᠰᠤᠨ ᠤ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ ᠶᠢ 75% ᠬᠦᠷᠦᠭᠦᠯᠵᠦ᠂ ᠰᠢᠯᠭᠠᠨ ᠬᠢᠨᠠᠬᠤ ᠱᠠᠭᠠᠷᠳᠠᠯᠭ᠎ᠠ ᠳᠤ ᠬᠦᠷᠦᠭᠰᠡᠨ ᠬᠡᠪᠴᠢᠶᠡᠵᠢᠬᠦᠯᠦᠨ ᠲᠡᠵᠢᠬᠡᠵᠦ ᠦᠷᠡᠵᠢᠭᠦᠯᠬᠦ ᠲᠠᠯᠠᠪᠠᠢ ᠶᠢᠨ ᠰᠢᠬᠢᠭ ᠰᠠᠩᠭᠠᠰᠤᠨ ᠤ ᠪᠣᠬᠢᠷᠲᠤᠯ ᠰᠶᠢᠳᠪᠦᠷᠢᠯᠡᠬᠦ ᠪᠡᠯᠡᠳᠬᠡᠮᠵᠢ ᠶᠢᠨ ᠢᠵᠢ ᠪᠦᠷᠢᠳᠦᠭᠦᠯᠬᠦ ᠨᠣᠷᠮ᠎ᠠ ᠶᠢ 95%᠎ ᠠᠴᠠ ᠳᠡᠭᠡᠭᠰᠢ ᠳᠤ ᠬᠦᠷᠦᠭᠦᠯᠦᠨ᠎ᠡ᠃      ᠲᠦᠷᠦᠭᠦᠯᠡᠨ ᠬᠢᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠭᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ      ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ      ᠪᠡᠶᠡᠯᠡᠬᠦᠯᠬᠦ ᠴᠠᠭ ᠬᠤᠭᠤᠴᠠᠭ᠎ᠠ᠄ 2020 ᠣᠨ ᠤ ᠰᠡᠭᠦᠯᠴᠢ      ︵ᠲᠠᠪᠤ︶ ᠭᠠᠵᠠᠷ ᠳᠣᠤᠷᠠᠬᠢ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠰᠢᠰᠲ᠋ᠧᠮᠵᠢ ᠪᠠᠨ ᠲᠦᠷᠭᠡᠳᠬᠡᠨ ᠪᠠᠶᠢᠭᠤᠯᠤᠨ᠎ᠠ᠃      54. ᠭᠠᠵᠠᠷ ᠳᠣᠤᠷᠠᠬᠢ ᠤᠰᠤᠨ ᠤ ᠰᠠᠭᠤᠷᠢ ᠪᠤᠯᠬᠤ ᠣᠷᠴᠢᠨ ᠲᠣᠭᠤᠷᠢᠨ ᠤ ᠪᠠᠶᠢᠴᠠᠭᠠᠯᠲᠠ ᠦᠨᠡᠯᠡᠨ ᠵᠢᠱᠢᠯᠲᠡ ᠶᠢ ᠥᠷᠨᠢᠭᠦᠯᠦᠨ᠎ᠡ᠃      ︵1︶ ᠭᠠᠵᠠᠷ ᠳᠣᠤᠷᠠᠬᠢ ᠤᠰᠤ ᠠᠴᠠ ᠲᠠᠳᠠᠬᠤ ᠤᠤᠭᠤᠬᠤ ᠤᠰᠤᠨ ᠤ ᠤᠰᠤᠨ ᠰᠤᠷᠪᠤᠯᠵᠢ ᠶᠢᠨ ᠭᠠᠵᠠᠷ᠂  ᠲᠦᠭᠰᠢᠭᠦᠷᠢ ᠶᠡᠬᠡᠳᠡᠢ‌‍ᠬᠢᠮᠢ ᠶᠢᠨ ᠠᠵᠤ ᠦᠢᠯᠡᠳᠪᠦᠷᠢ ᠶᠢᠨ ᠦᠢᠯᠡᠳᠪᠦᠷᠢᠯᠠᠯ ᠤᠨ ᠠᠵᠤ ᠠᠬᠤᠶᠢᠯᠠᠯ᠂ ᠵᠢᠴᠢ ᠬᠢᠮᠢ ᠶᠢᠨ ᠠᠵᠤ  ᠦᠢᠯᠡᠳᠪᠦᠷᠢ ᠶᠢᠨ ᠠᠵᠤ ᠠᠬᠤᠶᠢᠯᠠᠯ ᠲᠥᠪᠯᠡᠷᠡᠭᠰᠡᠨ ᠲᠣᠭᠤᠷᠢᠭ᠂ ᠭᠤᠤᠯᠳᠠᠯᠭ᠎ᠠ ᠲᠠᠢ ᠦᠯᠡᠳᠡᠭᠳᠡᠯ ᠰᠢᠬᠠᠳᠠᠰᠤ ᠶᠢᠨ  ᠠᠭᠤᠷᠬᠠᠢ ᠲᠠᠯᠠᠪᠠᠢ᠂ ᠠᠶᠤᠯᠲᠠᠶ ᠬᠠᠶᠠᠭᠳᠠᠮᠠᠯ ᠡᠳ᠋ ᠰᠶᠢᠳᠪᠦᠷᠢᠯᠡᠬᠦ ᠲᠠᠯᠠᠪᠠᠢ᠂ ᠠᠮᠢᠳᠤᠷᠠᠯ ᠤᠨ ᠬᠤᠭ ᠨᠣᠪᠰᠢ ᠪᠤᠯᠠᠬᠤ ᠲᠠᠯᠠᠪᠠᠢ ᠵᠡᠷᠭᠡ ᠣᠷᠣᠨ ᠪᠦᠰᠡ ᠶᠢᠨ ᠭᠠᠵᠠᠷ ᠳᠣᠤᠷᠠᠬᠢ ᠤᠰᠤᠨ ᠤ ᠰᠠᠭᠤᠷᠢ ᠣᠷᠴᠢᠨ ᠢ ᠬᠢᠨᠠᠨ ᠰᠢᠨᠵᠢᠬᠦ ᠰᠦᠯᠵᠢᠶᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃      ᠲᠦᠷᠦᠭᠦᠯᠡᠨ ᠬᠢᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ      ᠣᠷᠣᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ      ᠪᠡᠶᠡᠯᠡᠬᠦᠯᠬᠦ ᠴᠠᠭ ᠬᠤᠭᠤᠴᠠᠭ᠎ᠠ᠄ ᠦᠷᠭᠦᠯᠵᠢᠯᠡᠨ ᠠᠬᠢᠭᠤᠯᠤᠨ᠎ᠠ      ︵2︶ ᠡᠯ᠎ᠡ ᠭᠠᠵᠠᠷ ᠣᠷᠣᠨ ᠨᠢ ᠠᠵᠤ ᠦᠢᠯᠡᠳᠪᠦᠷᠢ ᠶᠢᠨ ᠪᠠᠶᠢᠷᠢᠰᠢᠭᠤᠯᠤᠯ ᠪᠠ ᠭᠠᠵᠠᠷ ᠳᠣᠤᠷᠠᠬᠢ ᠤᠰᠤᠨ ᠤ  ᠪᠣᠬᠢᠷᠲᠤᠯ ᠤᠨ ᠳᠠᠯᠳᠠ ᠡᠬᠢ ᠢᠷᠡᠯᠳᠡ ᠶᠢᠨ ᠲᠠᠷᠬᠠᠯᠲᠠ ᠶᠢᠨ ᠪᠠᠶᠢᠳᠠᠯ ᠲᠠᠢ ᠤᠶᠠᠯᠳᠤᠭᠤᠯᠤᠨ᠂ ᠭᠠᠵᠠᠷ ᠳᠣᠤᠷᠠᠬᠢ ᠤᠰᠤ ᠠᠴᠠ ᠲᠠᠳᠠᠬᠤ ᠤᠤᠭᠤᠬᠤ ᠤᠰᠤᠨ ᠤ ᠤᠰᠤᠨ ᠰᠤᠷᠪᠤᠯᠵᠢ ᠶᠢᠨ ᠭᠠᠵᠠᠷ᠂ ᠲᠦᠭᠰᠢᠭᠦᠷᠢ ᠶᠡᠬᠡᠳᠡᠢ ᠬᠢᠮᠢ ᠶᠢᠨ ᠠᠵᠤ ᠠᠵᠤ ᠦᠢᠯᠡᠳᠪᠦᠷᠢ ᠶᠢᠨ ᠦᠢᠯᠡᠳᠪᠦᠷᠢᠯᠠᠯ ᠤᠨ ᠠᠵᠤ ᠠᠬᠤᠶᠢᠯᠠᠯ ᠵᠢᠴᠢ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠲᠥᠪᠯᠡᠷᠡᠭᠰᠡᠨ ᠣᠷᠣᠨ᠂ ᠭᠤᠤᠯᠳᠠᠯᠭ᠎ᠠ ᠲᠠᠢ ᠦᠯᠡᠳᠡᠭᠳᠡᠯ ᠰᠢᠬᠠᠳᠠᠰᠤ ᠶᠢᠨ ᠠᠭᠤᠷᠬᠠᠢ ᠲᠠᠯᠠᠪᠠᠢ᠂ ᠠᠶᠤᠯᠲᠠᠶ ᠬᠠᠶᠠᠭᠳᠠᠮᠠᠯ ᠡᠳ᠋ ᠰᠶᠢᠳᠪᠦᠷᠢᠯᠡᠬᠦ ᠲᠠᠯᠠᠪᠠᠢ᠂ ᠠᠮᠢᠳᠤᠷᠠᠯ ᠤᠨ ᠬᠤᠭ ᠨᠣᠪᠰᠢ ᠶᠢ ᠪᠤᠯᠠᠬᠤ ᠲᠠᠯᠠᠪᠠᠢ ᠵᠡᠷᠭᠡ ᠶᠢ ᠰᠣᠩᠭᠤᠵᠤ ᠭᠠᠵᠠᠷ ᠳᠣᠤᠷᠠᠬᠢ ᠤᠰᠤᠨ ᠤ ᠣᠷᠴᠢᠨ ᠤ ᠶᠠᠰᠤ ᠴᠢᠨᠠᠷ ᠤᠨ ᠪᠠᠶᠢᠳᠠᠯ ᠢ ᠪᠠᠶᠢᠴᠠᠭᠠᠵᠤ ᠦᠨᠡᠯᠡᠨ ᠵᠢᠱᠢᠬᠦ ᠪᠠ ᠲᠦᠭᠰᠢᠭᠦᠷᠢ ᠶᠢ ᠳᠡᠰ  ᠬᠤᠪᠢᠶᠠᠬᠤ ᠠᠵᠢᠯ ᠢ ᠦᠷᠨᠢᠬᠦᠯᠦᠨ᠎ᠠ᠃      ᠲᠦᠷᠦᠭᠦᠯᠡᠨ ᠬᠢᠬᠦ ᠰᠠᠯᠠᠭ᠎ᠠ ᠮᠥᠴᠢᠷ᠄  ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ      ᠣᠷᠣᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ      ᠪᠡᠶᠡᠯᠡᠬᠦᠯᠬᠦ ᠴᠠᠭ ᠬᠤᠭᠤᠴᠠᠭ᠎ᠠ᠄  2021 ᠤᠨ ᠤ ᠰᠡᠭᠦᠯᠴᠢ      ︵ᠵᠢᠷᠭᠤᠭ᠎ᠠ︶ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠭᠦᠷᠦᠰᠦ ᠰᠢᠷᠦᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠬᠢᠷᠢ ᠲᠦᠪᠰᠢᠨ ᠢᠶᠠᠨ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃      55. ᠠᠵᠢᠯᠯᠠᠨ ᠦᠢᠯᠡᠳᠪᠦᠷᠢᠯᠡᠵᠦ ᠪᠠᠶᠢᠭ᠎ᠠ ᠠᠵᠤ ᠠᠬᠤᠶᠢᠯᠠᠯ ᠤᠨ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠪᠠᠨ ᠴᠢᠩᠭᠠᠳᠬᠠᠨ᠎ᠠ᠃ ᠬᠥᠷᠥᠰᠥ ᠰᠢᠷᠣᠶ ᠶᠢᠨ ᠣᠷᠴᠢᠨ ᠤ ᠭᠤᠤᠯᠳᠠᠯᠭ᠎ᠠ ᠲᠠᠢ ᠬᠢᠨᠠᠨ ᠬᠠᠮᠢᠶᠠᠷᠬᠤ ᠠᠵᠤ ᠠᠬᠤᠶᠢᠯᠠᠯ ᠢ ᠴᠢᠩᠭ᠎ᠠ ᠰᠢᠮᠳᠠᠭᠤᠯᠵᠦ ᠪᠠᠶᠢᠭᠠᠳ ᠵᠢᠯ ᠪᠦᠷᠢ ᠥᠪᠡᠷ ᠤᠨ ᠬᠡᠷᠡᠭᠯᠡᠵᠦ ᠪᠠᠶᠢᠭ᠎ᠠ ᠭᠠᠵᠠᠷ ᠲᠠᠬᠢ ᠬᠥᠷᠥᠰᠥ ᠰᠢᠷᠣᠶ ᠵᠢᠴᠢ ᠭᠠᠵᠠᠷ ᠳᠣᠤᠷᠠᠬᠢ ᠤᠰᠤᠨ ᠳᠤ ᠬᠥᠷᠥᠰᠥ ᠰᠢᠷᠣᠶ ᠶᠢᠨ ᠣᠷᠴᠢᠨ ᠤ ᠬᠢᠨᠠᠨ ᠰᠢᠨᠵᠢᠯᠳᠠ ᠬᠢᠯᠬᠡᠨ᠎ᠠ︔ ᠬᠥᠷᠥᠰᠥ ᠰᠢᠷᠣᠶ ᠶᠢᠨ ᠪᠣᠬᠢᠷᠲᠤᠯ ᠤᠨ ᠭᠤᠤᠯᠳᠠᠯᠭ᠎ᠠ ᠲᠠᠢ ᠬᠢᠨᠠᠨ ᠬᠠᠮᠢᠶᠠᠷᠬᠤ ᠨᠢᠬᠡᠴᠢ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠪᠣᠬᠢᠷ ᠤᠰᠤ ᠶᠢ ᠲᠥᠪᠯᠡᠷᠡᠭᠦᠯᠦᠨ ᠰᠶᠢᠳᠪᠦᠷᠢᠯᠡᠬᠦ ᠪᠡᠯᠡᠳᠬᠡᠮᠵᠢ᠂ ᠬᠠᠲᠠᠭᠤ ᠪᠡᠶᠡᠲᠦ ᠬᠠᠶᠠᠭᠳᠠᠮᠠᠯ ᠡᠳ᠋ ᠰᠶᠢᠳᠪᠦᠷᠢᠯᠡᠬᠦ ᠪᠡᠯᠡᠳᠬᠡᠮᠵᠢ᠂ ᠬᠤᠭ ᠨᠣᠪᠰᠢ ᠪᠤᠯᠠᠬᠤ ᠲᠠᠯᠠᠪᠠᠢ ᠵᠡᠷᠭᠡ ᠡᠷᠭᠢᠨ ᠲᠣᠭᠤᠷᠢᠨ ᠤ ᠬᠥᠷᠥᠰᠥ ᠰᠢᠷᠣᠶ ᠶᠢ ᠣᠷᠴᠢᠨ ᠲᠣᠭᠤᠷᠢᠨ ᠤ ᠬᠢᠨᠠᠨ ᠰᠢᠨᠵᠢᠬᠦ ᠰᠢᠰᠲ᠋ᠧᠮᠵᠢ ᠳᠤ ᠠᠯᠬᠤᠮ ᠠᠯᠬᠤᠮ ᠢᠶᠠᠷ ᠤᠷᠤᠭᠤᠯᠤᠨ᠎ᠠ᠃      ᠲᠦᠷᠦᠭᠦᠯᠡᠨ ᠬᠢᠬᠦ ᠰᠠᠯᠠᠭ᠎ᠠ ᠮᠥᠴᠢᠷ᠄  ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ      ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ      ᠪᠡᠶᠡᠯᠡᠬᠦᠯᠬᠦ ᠴᠠᠭ ᠬᠤᠭᠤᠴᠠᠭ᠎ᠠ᠄ ᠦᠷᠭᠦᠯᠵᠢᠯᠡᠨ ᠠᠬᠢᠭᠤᠯᠤᠨ᠎ᠠ      56. ᠦᠯᠦ ᠪᠤᠬᠢᠷᠳᠤᠨᠨᠰᠠᠨ ᠬᠥᠷᠥᠰᠥ ᠰᠢᠷᠣᠢ ᠶᠢᠨ ᠬᠠᠮᠠᠭᠠᠯᠠᠯᠲᠠ ᠶᠢ ᠴᠢᠩᠭᠠᠷᠠᠭᠤᠯᠤᠨ᠎ᠠ᠃ ᠰᠢᠨᠵᠢᠯᠡᠬᠦ ᠤᠬᠠᠭᠠᠨᠴᠢ ᠪᠥᠭᠡᠳ ᠡᠮᠬᠢ ᠵᠢᠷᠤᠮ ᠲᠠᠢ ᠪᠠᠶᠢᠬᠤ ᠵᠠᠷᠴᠢᠮ ᠶᠣᠰᠣᠭᠠᠷ ᠠᠰᠢᠭᠯᠠᠭᠠᠳᠤᠶ ᠭᠠᠵᠠᠷ ᠢ ᠨᠡᠬᠡᠬᠡᠨ ᠠᠰᠢᠭᠯᠠᠵᠤ᠂ ᠬᠥᠷᠥᠰᠥ ᠰᠢᠷᠣᠶ ᠶᠢ ᠪᠣᠬᠢᠷᠲᠤᠭᠤᠯᠬᠤ ᠠᠴᠠ ᠰᠡᠷᠬᠡᠶᠢᠯᠡᠨ᠎ᠠ᠃ ᠲᠠᠷᠢᠶᠠᠯᠠᠬᠤ ᠭᠠᠵᠠᠷ ᠤᠨ ᠪᠡᠯᠡᠳᠬᠡᠯ ᠡᠬᠢ ᠪᠠᠶᠠᠯᠢᠭ ᠲᠤ ᠤᠷᠤᠭᠤᠯᠤᠭᠠᠳ ᠠᠰᠢᠭᠯᠠᠭᠠᠳᠤᠶ ᠭᠠᠵᠠᠷ ᠢ ᠬᠠᠮᠠᠭᠠᠯᠠᠬᠤ ᠪᠠᠨ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠦᠨ᠂ ᠡᠯᠡᠰᠦ ᠮᠠᠩᠬ᠎ᠠ᠂ ᠡᠪᠡᠰᠦ ᠪᠡᠯᠴᠢᠬᠡᠷ᠂ ᠬᠤᠵᠢᠷᠯᠢᠭ ᠭᠠᠵᠠᠷ᠂ ᠨᠠᠮᠤᠭ ᠭᠠᠵᠠᠷ ᠵᠡᠷᠭᠡ  ᠎ ᠳᠤ ᠬᠠᠤᠯᠢ ᠪᠤᠰᠤ ᠪᠠᠷ ᠪᠣᠬᠢᠷᠲᠤᠯ ᠭᠠᠳᠠᠭᠰᠢᠯᠠᠭᠤᠯᠤᠭᠰᠠᠨ ᠪᠠ ᠬᠤᠤᠷ ᠬᠥᠨᠥᠭᠡᠯ ᠲᠠᠢ ᠡᠳ᠋ ᠠᠰᠬᠠᠭᠰᠠᠨ ᠣᠷᠴᠢᠨ ᠲᠣᠭᠤᠷᠢᠨ ᠤ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠪᠠᠶᠢᠴᠠᠭᠠᠨ᠎ᠠ᠃      ᠲᠦᠷᠦᠭᠦᠯᠡᠨ ᠬᠢᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ      ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠭᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ      ᠪᠡᠶᠡᠯᠡᠬᠦᠯᠬᠦ ᠴᠠᠭ ᠬᠤᠭᠤᠴᠠᠭ᠎ᠠ᠄ ᠦᠷᠭᠦᠯᠵᠢᠯᠡᠨ ᠠᠬᠢᠭᠤᠯᠤᠨ᠎ᠠ      57. ᠬᠦᠨᠳᠦ ᠲᠡᠮᠦᠷᠯᠢᠭ ᠤᠨ ᠪᠣᠬᠢᠷᠲᠤᠯ ᠢ ᠰᠡᠷᠭᠡᠶᠢᠯᠡᠨ ᠵᠠᠰᠠᠬᠤ ᠪᠠᠨ ᠭᠦᠨᠵᠡᠭᠡᠶ ᠠᠬᠢᠭᠤᠯᠤᠨ᠎ᠠ᠃ ᠺᠠᠳ᠋ᠮᠢ ᠵᠡᠷᠭᠡ ᠳᠤ ᠬᠤᠯᠪᠤᠨᠨᠳ᠋ᠬᠠᠰᠠᠨ ᠬᠦᠨᠳᠦ ᠲᠡᠮᠦᠷᠯᠢᠭ ᠤᠨ ᠭᠤᠤᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠢ ᠵᠢᠭᠰᠠᠭᠠᠨ ᠪᠠᠶᠢᠴᠠᠭᠠᠵᠦ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠪᠣᠬᠢᠷᠲᠤᠯ ᠤᠨ ᠡᠬᠢ ᠢᠷᠡᠯᠳᠡ ᠶᠢ ᠵᠢᠨᠨᠰᠠᠭᠠᠨ ᠪᠠᠶᠢᠴᠠᠭᠠᠵᠦ ᠴᠡᠭᠴᠡᠯᠡᠨ ᠵᠠᠰᠬᠠᠰᠠᠨ ᠨᠠᠷᠢᠨ ᠬᠠᠭᠤᠳᠠᠰᠤ ᠶᠢ ᠬᠥᠳᠡᠯᠦᠩᠭᠦᠶ ᠪᠠᠷ ᠰᠢᠨᠡᠳᠬᠡᠨ᠎ᠡ︔ ᠴᠠᠬᠢᠯᠠᠭᠤᠷ ᠴᠢᠯᠠᠭᠤᠨ ᠤ ᠪᠥᠭᠡᠭᠡᠨᠡᠪᠦᠷᠢ ᠾᠯᠣᠷᠲᠤ ᠡᠲ᠋ᠧᠨ ᠤ ᠠᠵᠢᠯ ᠲᠥᠷᠥᠯ ᠤᠨ ᠨᠢᠭᠡᠴᠢ ᠶᠢᠨ ᠬᠢᠨ ᠤ ᠮᠥᠩᠭᠦᠨ ᠤᠰᠤ ᠬᠡᠷᠡᠭᠯᠡᠬᠦ ᠬᠡᠮᠵᠢᠶ᠎ᠡ ᠶᠢ ᠬᠠᠭᠠᠰ ᠢᠶᠠᠷ ᠪᠠᠭᠠᠰᠬᠠᠬᠤ ᠪᠠᠨ ᠵᠢᠯ ᠤᠨ ᠰᠡᠭᠦᠯᠴᠢ ᠠᠴᠠ ᠡᠮᠦᠨ᠎ᠡ ᠪᠡᠶᠡᠯᠡᠭᠦᠯᠦᠨ᠎ᠡ᠃ ᠬᠦᠨᠳᠦ ᠲᠡᠮᠦᠷᠯᠢᠭ ᠲᠤ ᠬᠤᠯᠪᠤᠨᠨᠳ᠋ᠬᠠᠰᠠᠨ ᠪᠦᠲᠦᠭᠡᠨ ᠪᠠᠶᠢᠭᠤᠯᠬᠤ ᠲᠥᠷᠥᠯ ᠵᠦᠢᠯ ᠤᠳ ᠢ ᠤᠷᠴᠢᠨ ᠲᠣᠭᠤᠷᠢᠨ ᠤ ᠵᠥᠪᠰᠢᠶᠡᠷᠡᠨ ᠤᠷᠤᠭᠤᠯᠬᠤ ᠲᠠᠯ᠎ᠠ ᠪᠠᠷ ᠴᠢᠩᠭ᠎ᠠ ᠬᠢᠵᠠᠭᠠᠷᠯᠠᠵᠦ᠂ ᠭᠤᠤᠯᠳᠠᠯᠭ᠎ᠠ ᠲᠠᠢ ᠠᠵᠢᠯ ᠲᠥᠷᠥᠯ ᠤᠨ ᠭᠤᠤᠯᠳᠠᠯᠭ᠎ᠠ ᠲᠠᠢ ᠬᠦᠨᠳᠦ ᠲᠡᠮᠦᠷᠯᠢᠭ ᠤᠨ ᠪᠤᠬᠢᠷᠳᠤᠯ ᠭᠠᠳᠠᠭᠰᠢᠯᠠᠭᠤᠯᠬᠤ ᠬᠡᠮᠵᠢᠶ᠎ᠡ ᠶᠢ 2013 ᠣᠨ ᠤ ᠬᠢ ᠠᠴᠠ 10% ᠪᠠᠭᠤᠷᠠᠭᠤᠯᠬᠤ ᠡᠭᠦᠷᠬᠡᠳᠦ ᠬᠠᠷᠠᠯᠲᠠ ᠪᠠᠨ ᠪᠡᠶᠡᠯᠡᠭᠦᠯᠬᠦ ᠶᠢ ᠦᠨᠡᠨ ᠬᠦ ᠪᠠᠳᠤᠯᠠᠨ᠎ᠠ᠃      ᠲᠦᠷᠦᠭᠦᠯᠡᠨ ᠬᠢᠬᠦ ᠰᠠᠯᠠᠭ᠎ᠠ ᠮᠥᠴᠢᠷ᠄ ᠦᠪᠡᠷᠳᠡᠬᠡᠨ ᠵᠠᠰᠠᠬᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠲᠢᠩᠬᠢᠮ      ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ      ᠪᠡᠶᠡᠯᠡᠬᠦᠯᠬᠦ ᠴᠠᠭ ᠬᠤᠭᠤᠴᠠᠭ᠎ᠠ᠄  2020 ᠣᠨ ᠤ ᠰᠡᠭᠦᠯᠴᠢ      58. ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠡᠳ᠋ ᠤᠨ ᠣᠷᠴᠢᠨ ᠲᠣᠭᠤᠷᠢᠨ ᠤ ᠬᠢᠨᠠᠯᠲᠠ  ᠬᠠᠮᠢᠶᠠᠷᠤᠯᠳᠠ ᠶᠢ ᠭᠦᠨᠵᠡᠭᠡᠶ ᠠᠬᠢᠭᠤᠯᠤᠨ᠎ᠠ᠃      ︵1︶ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶ᠋ᠬᠠᠳᠠᠮᠠᠯ ᠡᠳ᠋ ᠢ ᠣᠪᠣᠭᠠᠯᠠᠨ ᠲᠠᠯᠪᠢᠬᠤ ᠲᠠᠯᠠᠪᠤᠷ ᠭᠠᠵᠠᠷ ᠤᠨ ᠣᠷᠴᠢᠨ ᠲᠣᠭᠤᠷᠢᠨ ᠢ ᠴᠡᠭᠴᠡᠯᠡᠨ ᠵᠠᠰᠠᠵᠤ ᠦᠨᠡᠯᠡᠨ ᠵᠢᠱᠢᠬᠦ ᠠᠵᠢᠯ ᠢ ᠥᠷᠨᠢᠭᠦᠯᠵᠦ᠂ ᠬᠠᠲᠤᠨ ᠭᠤᠤᠯ ᠤᠨ ᠰᠠᠪᠠ ᠭᠠᠵᠠᠷ ᠤᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶ᠋ᠬᠠᠳᠠᠮᠠᠯ ᠡᠳ᠋ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠳᠠ ᠶᠢ ᠭᠤᠤᠯᠳᠠᠯᠭ᠎ᠠ ᠲᠠᠢ ᠴᠢᠩᠭᠠᠳᠬᠠᠨ᠂ ᠰᠠᠯᠠᠭ᠎ᠠ ᠮᠥᠴᠢᠷ ᠪᠠ ᠣᠷᠣᠨ ᠪᠦᠰᠡ ᠶᠢᠨ ᠬᠤᠯᠪᠣᠭᠠᠯᠠᠨ  ᠰᠡᠷᠬᠡᠶᠢᠯᠡᠵᠦ ᠬᠤᠯᠪᠣᠭᠠᠯᠠᠨ ᠡᠵᠡᠮᠳᠡᠬᠦ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠣᠷᠴᠢᠨ ᠲᠣᠭᠤᠷᠢᠨ ᠤ ᠠᠮᠤᠷ ᠲᠦᠪᠰᠢᠨ ᠤ ᠳᠠᠯᠳᠠ ᠭᠡᠮ ᠢ ᠠᠷᠢᠯᠭᠠᠨ᠎ᠠ᠃      ᠲᠦᠷᠦᠭᠦᠯᠡᠨ ᠬᠢᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ      ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ      ᠪᠡᠶᠡᠯᠡᠬᠦᠯᠬᠦ ᠴᠠᠭ ᠬᠤᠭᠤᠴᠠᠭ᠎ᠠ᠄ ᠦᠷᠭᠦᠯᠵᠢᠯᠡᠨ ᠠᠬᠢᠭᠤᠯᠤᠨ᠎ᠠ      ︵2︶ ᠠᠶᠤᠯᠲᠠᠶ ᠬᠠᠶᠠᠭᠳᠠᠮᠠᠯ ᠬᠢᠮᠢ ᠶᠢᠨ ᠪᠤᠳᠠᠰ ᠵᠡᠷᠭᠡ ᠠᠶᠤᠯᠲᠠᠶ ᠬᠠᠶᠠᠭᠳᠠᠮᠠᠯ ᠡᠳ᠋ ᠢᠶᠠᠷ ᠭᠤᠤᠯᠳᠠᠯᠭ᠎ᠠ ᠪᠤᠯᠭᠠᠵᠦ ᠠᠶᠤᠯᠲᠠᠶ ᠬᠠᠶᠠᠭᠳᠠᠮᠠᠯ ᠡᠳ᠋ ᠢ ᠲᠤᠰᠬᠠᠶᠢᠯᠠᠨ ᠵᠠᠰᠠᠬᠤ ᠠᠵᠢᠯ ᠢ ᠥᠷᠨᠢᠭᠦᠯᠦᠨ᠎ᠡ᠃ ︽ᠠᠶᠤᠯᠲᠠᠶ ᠬᠠᠶᠠᠭᠳᠠᠮᠠᠯ ᠡᠳ᠋ ᠢ ᠲᠥᠪᠯᠡᠷᠡᠭᠦᠯᠦᠨ ᠰᠶᠢᠳᠪᠦᠷᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠳᠠ ᠶᠢᠨ ᠲᠥᠯᠥᠪᠵᠢᠭᠦᠯᠭᠡ︾ ︽ᠡᠮᠴᠢᠯᠡᠭᠡᠨ ᠤ ᠬᠠᠶᠠᠭᠳᠠᠮᠠᠯ ᠡᠳ᠋ ᠢ ᠲᠥᠪᠯᠡᠷᠡᠭᠦᠯᠦᠨ ᠰᠶᠢᠳᠪᠦᠷᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ︾᠎ ᠶᠢ ᠨᠠᠶᠢᠷᠠᠭᠤᠯᠤᠨ ᠵᠣᠬᠢᠶᠠᠵᠤ᠂ ᠰᠶᠢᠳᠪᠦᠷᠢᠯᠡᠬᠦ ᠪᠡᠯᠡᠳᠬᠡᠮᠵᠢ ᠶᠢ ᠵᠦᠶ ᠵᠣᠬᠢᠰᠲᠠᠶ ᠪᠠᠶᠢᠷᠢᠯᠠᠭᠤᠯᠤᠨ᠂ ᠰᠶᠢᠳᠪᠦᠷᠢᠯᠡᠬᠦ ᠪᠠ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠪᠠᠨ ᠲᠡᠬᠡᠭᠰᠢᠯᠡᠬᠦᠯᠦᠨ᠎ᠠ᠃      ᠲᠦᠷᠦᠭᠦᠯᠡᠨ ᠬᠢᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ      ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ  ᠵᠦᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ      ᠪᠡᠶᠡᠯᠡᠬᠦᠯᠬᠦ ᠴᠠᠭ ᠬᠤᠭᠤᠴᠠᠭ᠎ᠠ᠄  2020 ᠣᠨ ᠤ ᠰᠡᠭᠦᠯᠴᠢ      ︵3︶ ᠦᠯᠡᠳᠡᠭᠳᠡᠯ  ᠰᠢᠬᠠᠳᠠᠰᠤ ᠶᠢᠨ ᠠᠭᠤᠷᠬᠠᠢ ᠲᠠᠯᠠᠪᠠᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠮᠢᠶᠠᠷᠤᠯᠲᠠ ᠶᠢᠨ ᠬᠢᠷᠢ  ᠲᠥᠪᠰᠢᠨ ᠢ ᠳᠡᠭᠡᠭᠰᠢᠯᠡᠭᠦᠯᠵᠦ᠂ ᠭᠤᠤᠯᠳᠠᠯᠭ᠎ᠠ ᠲᠠᠢ ᠦᠯᠡᠳᠡᠭᠳᠡᠯ ᠰᠢᠬᠠᠳᠠᠰᠤ ᠶᠢᠨ ᠠᠭᠤᠷᠬᠠᠢ ᠲᠠᠯᠠᠪᠠᠢ ᠳᠤ ᠣᠷᠴᠢᠨ ᠲᠣᠭᠤᠷᠢᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠥᠷᠨᠢᠭᠦᠯᠵᠦ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠦᠯᠡᠳᠡᠭᠳᠡᠯ ᠰᠢᠬᠠᠳᠠᠰᠤ ᠶᠢᠨ ᠠᠭᠤᠷᠬᠠᠢ ᠲᠠᠯᠠᠪᠠᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠲᠥᠰᠦᠯ ᠢ ᠨᠠᠶᠢᠷᠠᠭᠤᠯᠤᠨ ᠵᠣᠬᠢᠶᠠᠵᠤ᠂ ︽ᠦᠯᠡᠳᠡᠭᠳᠡᠯ  ᠰᠢᠬᠠᠳᠠᠰᠤ ᠶᠢᠨ ᠠᠭᠤᠷᠬᠠᠢ ᠲᠠᠯᠠᠪᠠᠢ ᠪᠦᠷᠢ ᠳᠤ ᠳᠠᠩᠰᠠ ᠡᠪᠬᠡᠮᠡᠯ ᠲᠠᠢ  ᠪᠤᠯᠭᠠᠬᠤ︾᠎ ᠶᠢ ᠪᠡᠶᠡᠯᠡᠭᠦᠯᠦᠨ᠎ᠡ᠃      ᠲᠦᠷᠦᠭᠦᠯᠡᠨ ᠬᠢᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ      ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠪᠠᠴᠢᠮ ᠪᠠᠶᠢᠳᠠᠯ ᠢ ᠠᠷᠭᠠᠴᠠᠭᠠᠬᠤ ᠲᠢᠩᠬᠢᠮ      ᠪᠡᠶᠡᠯᠡᠬᠦᠯᠬᠦ ᠴᠠᠭ ᠬᠤᠭᠤᠴᠠᠭ᠎ᠠ᠄  2020 ᠣᠨ ᠤ ᠰᠡᠭᠦᠯᠴᠢ      59. ︽ᠬᠠᠷᠢ ᠶᠢᠨ ᠬᠤᠭ ᠨᠣᠪᠰᠢ︾᠎ ᠶᠢᠨ ᠬᠢᠯᠢ ᠪᠠᠷ ᠤᠷᠤᠭᠤᠯᠬᠤ ᠶᠢ ᠴᠠᠭᠠᠵᠠᠯᠠᠬᠤ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠠᠬᠢᠭᠤᠯᠤᠨ᠎ᠠ᠃ ︽ᠬᠠᠷᠢ ᠶᠢᠨ ᠬᠤᠭ ᠨᠣᠪᠰᠢ︾᠎ ᠶᠢ ᠭᠠᠳᠠᠭᠠᠳᠤ ᠠᠴᠠ ᠣᠷᠣᠭᠤᠯᠬᠤ ᠳᠤ ᠬᠢᠨᠠᠨ ᠬᠠᠮᠢᠶᠠᠷᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠦ᠂ ︽ᠬᠠᠷᠢ ᠶᠢᠨ ᠬᠤᠭ ᠨᠣᠪᠰᠢ︾᠎ ᠶᠢ ᠨᠢᠭᠤᠴᠠ ᠪᠠᠷ ᠠᠷᠠᠯᠵᠢᠶᠠᠯᠠᠬᠤ ᠳᠤ ᠦᠷᠭᠦᠯᠵᠢᠯᠡᠨ ᠴᠢᠩᠭ᠎ᠠ ᠴᠤᠬᠢᠯᠳᠠ ᠥᠭᠭᠦᠨ᠎ᠡ᠃      ᠲᠦᠷᠦᠭᠦᠯᠡᠨ ᠬᠢᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ      ᠬᠠᠮᠵᠢᠯᠴᠠᠬᠤ ᠰᠠᠯᠠᠭ᠎ᠠ ᠮᠥᠴᠢᠷ᠄ ᠮᠠᠨᠵᠤᠤᠷ ᠪᠣᠭᠤᠮᠲᠠ      ᠪᠡᠶᠡᠯᠡᠬᠦᠯᠬᠦ ᠴᠠᠭ ᠬᠤᠭᠤᠴᠠᠭ᠎ᠠ᠄ ᠦᠷᠭᠦᠯᠵᠢᠯᠡᠨ ᠠᠬᠢᠭᠤᠯᠤᠨ᠎ᠠ      ︵ᠳᠣᠯᠤᠭ᠎ᠠ︶ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠥᠷᠥᠰᠥ ᠰᠢᠷᠣᠶ ᠶᠢᠨ ᠣᠷᠴᠢᠨ ᠤ ᠲᠤᠯᠭᠠᠭᠤᠷᠢᠯᠠᠬᠤ ᠰᠢᠰᠲ᠋ᠧᠮᠵᠢ ᠶᠢ ᠪᠠᠶᠢᠭᠤᠯᠤᠨ᠎ᠠ᠃      60. ᠬᠥᠷᠥᠰᠥ ᠰᠢᠷᠣᠶ ᠶᠢᠨ ᠣᠷᠴᠢᠨ ᠤ ᠶᠠᠰᠤ ᠴᠢᠨᠠᠷ ᠢ ᠬᠢᠨᠠᠨ ᠰᠢᠨᠵᠢᠬᠦ ᠰᠢᠰᠲ᠋ᠧᠮ ᠢᠶᠠᠨ ᠰᠢᠯᠢᠳᠡᠭᠵᠢᠭᠦᠯᠦᠨ᠎ᠡ᠃ ᠬᠥᠷᠥᠰᠥ ᠰᠢᠷᠣᠶ ᠶᠢᠨ ᠣᠷᠴᠢᠨ ᠢ ᠬᠢᠨᠠᠨ ᠰᠢᠨᠵᠢᠬᠦ ᠴᠢᠳᠠᠪᠤᠷᠢ ᠶᠢᠨ ᠪᠠᠶᠢᠭᠤᠯᠤᠯᠲᠠ ᠶᠢᠨ ᠲᠥᠰᠦᠯ ᠢ ᠲᠤᠨᠨᠳᠠᠭᠠᠵᠦ᠂ ᠬᠥᠷᠥᠰᠥ ᠰᠢᠷᠣᠶ ᠶᠢᠨ ᠣᠷᠴᠢᠨ ᠢ ᠬᠢᠨᠠᠨ ᠰᠢᠨᠵᠢᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠡᠭᠦᠷᠭᠡ ᠬᠠᠷᠢᠭᠤᠴᠠᠯᠭ᠎ᠠ ᠨᠢ ᠲᠣᠳᠣᠷᠬᠠᠶ᠂ ᠳᠠᠪᠠᠭᠤᠯᠢᠭ ᠲᠠᠯ᠎ᠠ ᠪᠠᠨ ᠬᠠᠷᠢᠯᠴᠠᠨ ᠨᠥᠬᠦᠪᠥᠷᠢᠯᠡᠭᠰᠡᠨ ᠪᠦᠬᠦ ᠣᠷᠣᠨ ᠤ ᠬᠥᠷᠥᠰᠥ ᠰᠢᠷᠣᠶ  ᠪᠠ ᠭᠠᠵᠠᠷ ᠳᠣᠤᠷᠠᠬᠢ ᠤᠰᠤᠨ ᠤ ᠣᠷᠴᠢᠨ ᠢ ᠬᠢᠨᠠᠨ ᠰᠢᠨᠵᠢᠬᠦ ᠰᠢᠰᠲ᠋ᠧᠮᠵᠢ ᠶᠢ ᠪᠠᠶᠢᠭᠤᠯᠤᠨ᠎ᠠ᠃      ᠲᠦᠷᠦᠭᠦᠯᠡᠨ ᠬᠢᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ      ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ      ᠪᠡᠶᠡᠯᠡᠬᠦᠯᠬᠦ ᠴᠠᠭ ᠬᠤᠭᠤᠴᠠᠭ᠎ᠠ᠄ ᠦᠷᠭᠦᠯᠵᠢᠯᠡᠨ ᠠᠬᠢᠭᠤᠯᠤᠨ᠎ᠠ      61. ᠵᠣᠬᠢᠴᠠᠭᠤᠯᠬᠤ ᠪᠠ ᠮᠡᠳᠡᠭᠡ ᠵᠠᠩᠭᠢ ᠶᠢ ᠬᠠᠮᠲᠤ ᠳᠤ ᠪᠠᠨ ᠭᠦᠷᠳᠡᠬᠦ ᠲᠣᠭᠲᠠᠴᠠ ᠶᠢ ᠪᠠᠶᠢᠭᠤᠯᠤᠨ᠎ᠠ᠃ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠮᠡᠳᠡᠭᠡ ᠵᠠᠩᠭᠢ ᠶᠢ ᠬᠠᠮᠲᠤ ᠳᠤ ᠪᠠᠨ ᠭᠦᠷᠳᠡᠬᠦ ᠶᠢ ᠴᠢᠩᠭᠠᠳᠬᠠᠨ᠂ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢᠶᠠᠨ ᠬᠠᠮᠵᠢᠯᠴᠠᠨ ᠰᠠᠶᠢᠲᠤᠷ ᠬᠢᠨ᠎ᠡ᠃      ᠲᠦᠷᠦᠭᠦᠯᠡᠨ ᠬᠢᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ      ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠭᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ      ᠪᠡᠶᠡᠯᠡᠬᠦᠯᠬᠦ ᠴᠠᠭ ᠬᠤᠭᠤᠴᠠᠭ᠎ᠠ᠄ ᠦᠷᠭᠦᠯᠵᠢᠯᠡᠨ ᠠᠬᠢᠭᠤᠯᠤᠨ᠎ᠠ      ᠵᠢᠷᠭᠤᠭ᠎ᠠ᠂ ᠪᠠᠳᠤᠯᠠᠬᠤ ᠠᠷᠭ᠎ᠠ ᠬᠡᠮᠵᠢᠶ᠎ᠡ      ︵ᠨᠢᠭᠡ︶ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠎ᠠ᠃ ᠡᠯ᠎ᠡ ᠠᠶᠢᠮᠠᠭ ᠬᠤᠲᠠ ᠨᠢ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠳᠤᠯᠤᠯᠳᠠ ᠶᠢᠨ ᠳᠠᠶᠢᠯᠠᠯᠳᠤᠭᠠᠨ ᠳᠤ ᠢᠯᠠᠯᠲᠠ ᠣᠯᠬᠤ ᠠᠵᠢᠯ ᠤᠨ ᠱᠠᠭᠠᠷᠳᠠᠯᠭ᠎ᠠ ᠶᠣᠰᠣᠭᠠᠷ᠂ ᠲᠤᠰᠬᠠᠶ ᠮᠡᠷᠭᠡᠵᠢᠯ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠶᠢ ᠤᠷᠢᠵᠤ᠂ ᠪᠣᠬᠢᠷᠲᠤᠯ ᠤᠨ ᠠᠰᠠᠭᠤᠳᠠᠯ ᠪᠣᠶ ᠪᠣᠯᠤᠭᠰᠠᠨ ᠰᠢᠯᠲᠠᠭᠠᠨ᠂ ᠤᠨᠴᠠᠭᠠᠶᠢᠯᠠᠨ ᠠᠭᠠᠷ ᠮᠠᠨᠳᠠᠯ ᠤᠨ ᠪᠣᠬᠢᠷᠲᠤᠯ ᠤᠨ ᠠᠰᠠᠭᠤᠳᠠᠯ ᠪᠣᠶ ᠪᠣᠯᠤᠭᠰᠠᠨ ᠰᠢᠯᠲᠠᠭᠠᠨ ᠢ ᠬᠢᠨᠠᠮᠠᠭᠠᠶ ᠪᠠᠶᠢᠴᠠᠭᠠᠨ ᠡᠷᠢᠬᠦ ᠶᠢᠨ ᠲᠠᠭᠠᠤ ᠭᠦᠨᠵᠡᠭᠡᠶ ᠵᠠᠳᠠᠯᠤᠨ ᠰᠢᠨᠵᠢᠯᠡᠵᠦ᠂ ᠰᠢᠨᠵᠢᠯᠡᠬᠦ ᠤᠬᠠᠭᠠᠨᠴᠢ ᠪᠦᠬᠡᠳ ᠬᠡᠷᠡᠭᠵᠢᠭᠦᠯᠦᠭᠦᠰᠢᠲᠡᠢ ᠴᠡᠭᠴᠡᠯᠡᠨ ᠰᠠᠶᠢᠵᠢᠷᠠᠭᠤᠯᠬᠤ ᠲᠥᠰᠦᠯ ᠢ ᠬᠠᠨᠳᠤᠯᠭᠠᠳᠤ ᠴᠢᠨᠠᠷᠲᠠᠶ ᠪᠠᠷ ᠲᠤᠨᠨᠳᠠᠭᠠᠬᠤ ᠬᠡᠷᠡᠭᠳᠡᠢ᠂ ᠠᠵᠢᠯ ᠤᠨ ᠬᠤᠪᠢᠶᠠᠷᠢᠯᠠᠯ ᠢ ᠲᠣᠭᠲᠠᠭᠠᠬᠤ ᠳᠤ᠂ ᠲᠣᠰ ᠲᠦᠰᠦᠯ ᠳᠠᠬᠢ ᠬᠠᠷᠠᠭᠠᠯᠵᠠᠭᠰᠠᠨ ᠲᠦᠷᠦᠭᠦᠯᠡᠨ ᠬᠢᠬᠦ᠂ ᠬᠠᠮᠵᠢᠯᠴᠠᠬᠤ ᠰᠠᠯᠠᠭ᠎ᠠ ᠮᠥᠴᠢᠷ ᠲᠤ ᠬᠢᠵᠠᠭᠠᠷᠯᠠᠭᠳᠠᠬᠤ ᠥᠬᠡᠶ ᠪᠠᠶᠢᠵᠦ ᠪᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠡᠯ᠎ᠡ ᠲᠦᠷᠦᠭᠦᠯᠡᠨ ᠬᠢᠬᠦ ᠰᠠᠯᠠᠭ᠎ᠠ ᠮᠥᠴᠢᠷ᠂ ᠬᠠᠮᠵᠢᠯᠴᠠᠬᠤ ᠰᠠᠯᠠᠭ᠎ᠠ ᠮᠥᠴᠢᠷ ᠨᠢ ᠲᠦᠷᠦᠭᠦᠯᠡᠨ ᠬᠢᠬᠦ  ᠪᠠ ᠬᠠᠮᠵᠢᠯᠴᠠᠬᠤ ᠠᠵᠢᠯ ᠤᠨ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠬᠡᠵᠦ᠂ ᠭᠤᠤᠯᠳᠠᠯᠭ᠎ᠠ ᠲᠠᠢ ᠠᠵᠢᠯ ᠪᠠ ᠭᠦᠢᠴᠡᠳᠬᠡᠯ ᠲᠤᠭ᠎ᠠ ᠶᠢᠨ ᠵᠠᠳᠠᠯᠬᠤ ᠠᠵᠢᠯ ᠢ ᠰᠠᠶᠢᠲᠤᠷ ᠬᠢᠵᠦ᠂ ᠴᠠᠭ ᠤᠨ ᠠᠬᠢᠴᠠ ᠲᠠᠢ  ᠎ ᠪᠠᠨ ᠤᠶᠠᠯᠳᠤᠭᠤᠯᠤᠨ ᠭᠦᠴᠦᠯᠡᠴᠡ ᠪᠠᠨ ᠴᠢᠩᠭᠠᠳᠬᠠᠵᠤ᠂ ᠡᠯ᠎ᠡ ᠠᠶᠢᠮᠠᠭ ᠬᠤᠲᠠ ᠶᠢ ᠰᠢᠮᠳᠠᠭᠤᠯᠵᠤ ᠪᠠᠶᠢᠭᠠᠳ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠤᠷᠢᠵᠢᠭᠤᠯᠬᠤ ᠬᠡᠷᠡᠭᠲᠡᠶ᠃      ︵ᠬᠤᠶᠠᠷ︶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠳᠠ ᠪᠠᠨ ᠴᠢᠩᠭᠠᠷᠠᠭᠤᠯᠤᠨ᠎ᠠ᠃ᠭᠤᠤᠯᠳᠠᠯᠭ᠎ᠠ ᠲᠠᠢ ᠭᠠᠵᠠᠷ ᠣᠷᠣᠨ ᠤ ᠬᠢᠨ ᠰᠠᠭᠤᠭ᠎ᠠ ᠭᠠᠵᠠᠷ ᠢᠶᠠᠨ ᠰᠢᠮᠳᠠᠭᠤᠯᠤᠨ ᠭᠦᠢᠴᠡᠳᠬᠡᠯᠬᠡᠬᠦ᠂ ᠭᠤᠤᠯᠳᠠᠯᠭ᠎ᠠ ᠲᠠᠢ ᠣᠷᠣᠨ ᠪᠦᠰᠡ ᠳᠤ ᠲᠣᠤᠷᠵᠢᠭᠤᠯᠤᠭᠰᠠᠨ ᠬᠠᠮᠢᠶᠠᠷᠤᠯᠲᠠ ᠶᠠᠪᠤᠭᠤᠯᠬᠤ᠂ ᠭᠤᠤᠯᠳᠠᠯᠭ᠎ᠠ ᠲᠠᠢ ᠠᠵᠢᠯ ᠲᠥᠷᠥᠯ ᠳᠤ ︽ᠬᠤᠶᠠᠷ ᠢ ᠲᠠᠰᠢᠷᠠᠮ ᠢᠶᠠᠷ ᠰᠤᠭᠤᠴᠢᠬᠤ︾ ᠵᠡᠷᠬᠡ ᠰᠤᠭᠤᠴᠢᠨ ᠪᠠᠶᠢᠴᠠᠭᠠᠬᠤ ᠪᠠᠨ ᠴᠢᠩᠭᠠᠳᠬᠠᠬᠤ ᠵᠡᠷᠭᠡ ᠠᠷᠭ᠎ᠠ ᠮᠠᠶ᠋ᠢᠭ ᠬᠡᠷᠡᠭᠯᠡᠵᠦ᠂ ᠠᠵᠤ ᠠᠬᠤᠶᠢᠯᠠᠯ ᠤᠨ ᠪᠠᠷᠢᠮᠵᠢᠶ᠎ᠠ ᠪᠠ ᠶᠡᠷᠦᠩᠬᠡᠶ ᠬᠡᠮᠵᠢᠶ᠎ᠡ ᠠᠴᠠ ᠬᠡᠲᠦᠷᠡᠭᠦᠯᠦᠨ ᠪᠤᠬᠢᠷᠳᠤᠯ ᠭᠠᠳ᠋ᠬᠠᠰᠢᠯᠠᠭᠤᠯᠬᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠲᠣᠭᠲᠠᠭᠠᠯ ᠠᠴᠠ ᠵᠥᠷᠢᠴᠡᠭᠰᠡᠨ ᠪᠥᠲᠥᠭᠡᠨ ᠪᠠᠶᠢᠭᠤᠯᠬᠤ ᠲᠦᠷᠦᠯ ᠵᠦᠢᠯ᠂ ︽ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠥᠬᠡᠶ ᠪᠠ ᠪᠣᠬᠢᠷᠲᠤᠯ ᠶᠡᠬᠡᠳᠡᠢ︾ ᠠᠵᠤ ᠠᠬᠤᠶᠢᠯᠠᠯ ᠳᠤ ᠬᠠᠤᠯᠢ ᠶᠤᠰᠤᠭᠠᠷ ᠦᠢᠯᠡᠳᠪᠦᠷᠢᠯᠡᠯ ᠢ ᠬᠢᠵᠠᠭᠠᠷᠯᠠᠬᠤ᠂ ᠦᠢᠯᠡᠳᠪᠦᠷᠢᠯᠡᠬᠦ ᠶᠢ ᠨᠢ ᠵᠣᠭᠰᠣᠭᠠᠨ ᠴᠡᠭᠴᠡᠯᠡᠨ ᠵᠠᠰᠠᠬᠤ ᠵᠡᠷᠭᠡ ᠠᠷᠭ᠎ᠠ ᠬᠡᠮᠵᠢᠶ᠎ᠡ ᠠᠪᠴᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠬᠢᠭᠡᠳ ᠡᠷᠡᠭᠦᠤ ᠶᠢᠨ ᠬᠡᠷᠡᠭ ᠤᠨ ᠬᠠᠤᠯᠢ ᠴᠠᠭᠠᠵᠠ ᠬᠡᠷᠡᠭᠵᠢᠬᠦᠯᠬᠦ ᠳᠤ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠨ᠂ ᠣᠷᠴᠢᠨ ᠲᠣᠭᠤᠷᠢᠨ ᠤ ᠶᠠᠯ᠎ᠠ ᠬᠢᠭᠰᠡᠨ ᠰᠡᠵᠢᠭᠯᠡᠯᠲᠡᠶ ᠪᠠᠶᠢᠪᠠᠯ ᠡᠷᠡᠭᠦᠤ ᠶᠢᠨ ᠬᠠᠷᠢᠭᠤᠴᠠᠯᠭ᠎ᠠ ᠶᠢ ᠨᠢ ᠬᠠᠤᠯᠢ ᠶᠣᠰᠣᠭᠠᠷ ᠨᠡᠬᠡᠮᠵᠢᠯᠡᠬᠦ ᠬᠡᠷᠡᠭᠳᠡᠢ᠃      ︵ᠭᠤᠷᠪᠠ︶ ᠴᠢᠩᠭ᠎ᠠ ᠪᠠᠷ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠬᠡᠯᠡᠯᠴᠡᠨ᠎ᠠ᠃ ᠠᠮᠢ ᠠᠬᠤᠶ ᠣᠷᠴᠢᠨ ᠲᠤᠭᠤᠷᠢᠨ ᠤ ᠬᠠᠮᠠᠭᠠᠯᠠᠯᠲᠠ ᠶᠢᠨ ︽ᠨᠠᠮ ᠵᠠᠰᠠᠭ ᠤᠨ ᠤᠳᠤᠷᠢᠳᠤᠯᠭ᠎ᠠ ᠨᠠᠷ ᠠᠳᠠᠯᠢ ᠬᠠᠷᠢᠭᠤᠴᠠᠯᠭ᠎ᠠ ᠲᠠᠢ᠂ ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠯᠭᠠᠬᠤ︾᠎ ᠶᠢ ᠡᠷᠡᠰ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ᠨᠢ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠳᠤᠯᠤᠯᠳᠠ ᠶᠢᠨ ᠳᠠᠶᠢᠯᠠᠯᠳᠤᠭᠠᠨ ᠤ ᠠᠮᠵᠢᠯᠲᠠ ᠪᠦᠲᠦᠮᠵᠢ ᠶᠢ ᠰᠢᠯᠭᠠᠨ ᠦᠨᠡᠯᠡᠬᠦ ᠶᠢᠨ ᠬᠡᠷᠡᠭᠵᠢᠭᠦᠯᠬᠦ ᠠᠷᠭ᠎ᠠ ᠶᠢ ᠡᠬᠢᠯᠡᠬᠦᠯᠦᠨ ᠲᠣᠭᠲᠠᠭᠠᠵᠤ᠂ ᠰᠢᠮᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠰᠡᠷᠡᠮᠵᠢᠯᠡᠭᠦᠯᠬᠦ᠂ ᠪᠣᠯᠵᠣᠨ ᠶᠠᠷᠢᠯᠴᠠᠬᠤ᠂ ᠲᠤᠰᠬᠠᠶ ᠰᠢᠮᠳᠠᠭᠤᠯᠤᠨ ᠪᠠᠶᠢᠴᠠᠭᠠᠬᠤ ᠶᠢ ᠴᠠᠭ ᠲᠤᠬᠠᠶ ᠳᠤ ᠨᠢ ᠥᠷᠨᠢᠭᠦᠯᠵᠦ᠂ ᠰᠢᠯᠭᠠᠨ ᠬᠢᠨᠠᠵᠤ ᠦᠨᠡᠯᠡᠨ ᠵᠢᠱᠢᠬᠦ ᠠᠵᠢᠯ ᠢ ᠰᠢᠨᠵᠢᠯᠡᠬᠦ ᠤᠬᠠᠭᠠᠨᠴᠢ ᠪᠤᠰᠤᠳᠴᠢ ᠪᠦᠬᠡᠳ ᠦᠨᠡᠨ ᠠᠴᠠ ᠵᠥᠪ ᠢ ᠡᠷᠢᠬᠦ  ᠵᠠᠷᠴᠢᠮ ᠢᠶᠠᠷ ᠦᠷᠨᠢᠬᠦᠯᠦᠨ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠪᠠ ᠬᠠᠷᠢᠭᠤᠴᠠᠯᠭ᠎ᠠ ᠬᠡᠯᠡᠯᠴᠡᠨ᠎ᠠ᠃ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠶᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ  ᠲᠤᠭᠤᠰᠢᠯᠠᠭᠤᠯᠤᠨᠨᠰᠠᠨ ᠨᠢ ᠡᠷᠡᠰ ᠲᠦᠢᠯᠪᠤᠷᠢᠲᠠᠶ ᠪᠤᠰᠤ᠂ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢᠶᠠᠨ ᠬᠦᠨᠳᠦ ᠨᠣᠴᠢᠲᠠᠶ  ᠤᠳᠠᠭᠠᠰᠢᠷᠠᠭᠤᠯᠤᠨᠨᠰᠠᠨ᠂ ᠡᠭᠦᠷᠭᠡ ᠬᠠᠷᠢᠭᠤᠴᠠᠯᠭ᠎ᠠ ᠪᠠᠨ ᠲᠤᠭᠤᠰᠢᠳᠠᠢ ᠭᠦᠢᠴᠡᠳᠬᠡᠭᠰᠡᠨ ᠥᠬᠡᠶ ᠠᠴᠠ ᠪᠣᠯᠵᠣ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠮᠠᠭᠤᠳᠠᠭᠤᠯᠵᠤ ᠬᠦᠨᠳᠦ ᠨᠣᠴᠢᠲᠠᠶ ᠤᠷᠰᠢᠭ ᠲᠠᠲᠠᠭᠰᠠᠨ ᠪᠠᠶᠢᠪᠠᠯ᠂ ᠬᠠᠮᠢᠶ᠎ᠠ ᠪᠥᠬᠦᠶ ᠬᠠᠷᠢᠭᠤᠴᠠᠯᠭᠠᠳᠠᠨ ᠪᠠ ᠬᠠᠷᠢᠭᠤᠴᠠᠯᠭ᠎ᠠ ᠲᠠᠢ ᠭᠦᠮᠦᠨ ᠠᠴᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠳᠡᠢ᠃      ︵ᠳᠥᠷᠪᠡ︶ ᠣᠯᠠᠨ ᠨᠡᠶᠢᠲᠡ ᠶᠢᠨ ᠣᠷᠣᠯᠴᠠᠬᠤ ᠶᠢ ᠴᠢᠩᠭᠠᠷᠠᠭᠤᠯᠤᠨ᠎ᠠ᠃ ᠵᠤᠷᠰᠢᠯᠲᠤ ᠰᠣᠨᠢᠨ ᠮᠡᠳᠡᠭᠡ ᠨᠡᠶᠢᠲᠡᠯᠡᠬᠦ᠂ ᠰᠢᠨ᠎ᠡ ᠵᠠᠭᠤᠴᠢᠯᠠᠭᠤᠷ ᠤᠨ ᠵᠢᠭᠰᠠᠭᠠᠯ ᠵᠡᠷᠭᠡ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢᠨ ᠪᠠᠶᠢᠳᠠᠯ᠂ ᠪᠤᠬᠢᠷᠳᠤᠯ ᠭᠠᠳᠠᠭᠰᠢᠯᠠᠭᠤᠯᠬᠤ ᠭᠤᠤᠯᠳᠠᠯᠭ᠎ᠠ ᠲᠠᠢ  ᠨᠢᠬᠡᠴᠢ ᠶᠢᠨ ᠪᠤᠬᠢᠷᠳᠤᠯ ᠭᠠᠳᠠᠭᠰᠢᠯᠠᠭᠤᠯᠬᠤ ᠪᠠᠶᠢᠳᠠᠯ ᠵᠡᠷᠭᠡ ᠶᠢᠨ ᠮᠡᠳᠡᠭᠡ ᠵᠠᠩᠭᠢ ᠶᠢ ᠢᠯᠡ ᠪᠣᠯᠭᠠᠬᠤ ᠡᠷᠴᠢᠮ ᠢᠶᠠᠨ ᠴᠢᠩᠭᠠᠷᠠᠭᠤᠯᠤᠨ᠂ ᠣᠯᠠᠨ ᠨᠡᠶᠢᠲᠡ ᠶᠢᠨ ᠪᠠᠶᠢᠳᠠᠯ ᠢ ᠮᠡᠳᠡᠬᠦ ᠡᠷᠬᠡ ᠶᠢ ᠪᠠᠲᠤᠯᠠᠵᠤ᠂ ᠨᠡᠶᠢᠭᠡᠮ ᠤᠨ ᠬᠢᠨ ᠤ ᠬᠢᠨᠠᠯᠳᠠ ᠲᠠᠯᠪᠢᠯᠳᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠡᠶ᠃ ᠨᠡᠶᠢᠭᠡᠮ ᠨᠡᠶᠢᠳᠡ ᠶᠢᠨ ᠬᠢᠨ ᠢ ᠲᠠᠶᠢᠴᠢᠯᠠᠨ ᠪᠣᠬᠢᠷᠲᠤᠯ ᠢ ᠰᠡᠷᠭᠡᠶᠢᠯᠡᠨ ᠵᠠᠰᠠᠬᠤ  ᠰᠢᠪᠳᠤᠯᠤᠯᠳᠠ ᠶᠢᠨ ᠲᠠᠶᠢᠯᠠᠯᠳᠤᠭᠠᠨ ᠳᠤ ᠤᠷᠤᠯᠴᠠᠭᠤᠯᠤᠨ᠂ ᠤᠯᠠᠨ ᠨᠡᠶᠢᠲᠡ ᠶᠢ ᠬᠥᠲᠥᠯᠥᠨ ᠵᠢᠯᠣᠭᠤᠳᠴᠤ ᠪᠠᠶᠢᠭᠠᠳ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠳᠤᠯᠤᠯᠳᠠ ᠶᠢᠨ ᠲᠠᠶᠢᠯᠠᠯᠳᠤᠭᠠᠨ ᠤ ᠢᠯᠠᠯᠲᠠ ᠶᠢ ᠲᠡᠮᠡᠴᠡᠨ ᠤᠯᠬᠤ ᠲᠠᠯ᠎ᠠ ᠪᠠᠷ ᠰᠠᠨᠠᠯ ᠵᠥᠪᠯᠡᠯᠭᠡ ᠪᠠ ᠠᠷᠭ᠎ᠠ ᠤᠬᠠᠭᠠᠨ ᠳᠤᠷᠠᠳᠤᠨ ᠭᠠᠷᠭᠠᠯᠭᠠᠵᠤ᠂ ᠤᠯᠠᠨ ᠨᠡᠶᠢᠲᠡ ᠶᠢᠨ ᠠᠩᠬᠠᠷᠤᠯ ᠲᠠᠯᠪᠢᠵᠤ ᠪᠠᠶᠢᠭ᠎ᠠ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠤᠨ ᠲᠤᠪᠤᠶᠢᠮ᠎ᠠ ᠠᠰᠠᠭᠤᠳᠠᠯ ᠳᠤ ᠴᠠᠭ ᠲᠤᠬᠠᠶ ᠳᠤ ᠨᠢ ᠬᠠᠷᠢᠭᠤᠯᠲᠠ ᠥᠭᠬᠦ ᠪᠠ ᠲᠡᠭᠦᠨ ᠢ ᠨᠢ ᠰᠶᠢᠳᠪᠦᠷᠢᠯᠡᠨ ᠦᠭᠴᠤ᠂ ᠢᠳᠡᠪᠬᠢᠲᠡᠶ ᠵᠥᠪ ᠲᠠᠯ᠎ᠠ ᠶᠢᠨ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠬᠠᠮᠲᠤ ᠪᠠᠷ ᠪᠤᠢ ᠪᠤᠯᠭᠠᠨ᠂ ᠡᠯ᠎ᠡ ᠲᠠᠯ᠎ᠠ ᠶᠢᠨ ᠬᠦᠴᠦᠨ ᠢ ᠲᠥᠪᠯᠡᠷᠡᠭᠦᠯᠦᠨ ᠪᠣᠬᠢᠷᠲᠤᠯ ᠢ ᠰᠡᠷᠭᠡᠶᠢᠯᠡᠨ ᠵᠠᠰᠠᠬᠤ  ᠰᠢᠪᠳᠤᠯᠤᠯᠳᠠ ᠶᠢᠨ  ᠲᠠᠶᠢᠯᠠᠯᠳᠤᠭᠠᠨ ᠳᠤ ᠢᠯᠠᠯᠲᠠ ᠤᠯᠬᠤ ᠬᠡᠷᠡᠭᠲᠡᠶ᠃                            ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号