ᠨᠠᠮ ᠤᠨ ᠲᠦᠪ ᠬᠤᠷᠢᠶᠡᠨ ᠤ ᠤᠯᠤᠰ ᠲᠦᠷᠦ ᠶᠢᠨ ᠲᠤᠪᠴᠢᠶ᠎ᠠ 6 ᠰᠠᠷ᠎ᠠ ᠶᠢᠨ 29 ᠤ ᠦᠳᠡ ᠶᠢᠨ | ᠬᠤᠶᠢᠨ᠎ᠡ ︽ᠰᠢᠨ᠎ᠡ ᠴᠠᠭ ᠦᠶ᠎ᠡ ᠶᠢᠨ ᠨᠠᠮ ᠤᠨ ᠵᠤᠬᠢᠶᠠᠨ ᠪᠠᠶᠢᠭᠤᠯᠤᠯᠳᠠ ᠶᠢᠨ ᠱᠤᠭᠤᠮ ᠢ ᠬᠦᠨᠵᠡᠬᠡᠢ ᠰᠤᠷᠤᠯᠴᠠᠨ | ᠤᠢᠢᠯᠠᠭᠠᠬᠤ ᠪᠠ ᠲᠤᠭᠤᠰᠢᠯᠠᠭᠤᠯᠤᠨ ᠨᠠᠶᠢᠳᠠᠪᠤᠷᠢᠵᠢᠭᠤᠯᠬᠤ︾ ᠲᠤᠬᠠᠢ ᠬᠤᠷᠢᠨ ᠨᠢᠬᠡᠳᠤᠭᠡᠷ ᠤᠳᠠᠭ᠎ᠠ ᠶᠢᠨ | ᠬᠠᠮᠳᠤ ᠶᠢᠨ ᠰᠤᠷᠤᠯᠴᠠᠯᠭ᠎ᠠ ᠬᠢᠪᠡ᠃ ᠨᠠᠮ ᠤᠨ ᠲᠦᠪ ᠬᠤᠷᠢᠶᠡᠨ ᠤ ᠶᠡᠷᠤᠩᠬᠡᠢ ᠱᠦᠵᠢ ᠰᠢ ᠶᠢᠨ ᠫᠢᠩ | ᠰᠤᠷᠤᠯᠴᠠᠯᠭ᠎ᠠ ᠶᠢ ᠡᠷᠬᠢᠯᠡᠬᠦ ᠳᠡᠭᠡᠨ᠂ ᠵᠤᠬᠢᠶᠠᠨ ᠪᠠᠶᠢᠭᠤᠯᠤᠯᠳᠠ ᠶᠢᠨ ᠴᠤᠬᠴᠠᠯᠠᠯᠳᠠ ᠪᠤᠯ ᠨᠠᠮ ᠤᠨ | ᠪᠠᠶᠢᠭᠤᠯᠤᠯᠳᠠ ᠶᠢᠨ ᠴᠢᠬᠤᠯᠠ ᠰᠠᠭᠤᠷᠢ ᠪᠤᠯᠤᠨ᠎ᠠ᠃ ᠨᠠᠮ ᠤᠨ ᠵᠤᠬᠢᠶᠠᠨ ᠪᠠᠶᠢᠭᠤᠯᠤᠯᠳᠠ ᠶᠢᠨ ᠱᠤᠭᠤᠮ ᠪᠤᠯ | ᠨᠠᠮ ᠤᠨ ᠤᠯᠤᠰ ᠲᠦᠷᠦ ᠶᠢᠨ ᠱᠤᠭᠤᠮ ᠳᠤ ᠦᠢᠯᠡᠴᠢᠯᠡᠳᠡᠭ᠃ ᠮᠠᠨ ᠤ ᠨᠠᠮ ᠤᠷᠳᠤ ᠬᠤᠭᠤᠴᠠᠭ᠎ᠠ ᠪᠠᠷ ᠲᠦᠷᠦ | ᠪᠠᠷᠢᠵᠥ᠂ ᠠᠮᠢᠵᠢᠷᠡᠯ ᠤᠨ ᠬᠦᠴᠦᠨ ᠢᠶᠠᠨ ᠦᠨᠢᠳᠡ ᠬᠠᠳᠠᠭᠠᠯᠠᠵᠥ᠂ ᠪᠦᠬᠦ ᠤᠯᠤᠰ ᠤᠨ ᠦᠨᠳᠦᠰᠤᠳᠡᠨ ᠨᠦᠭᠦᠳ ᠤᠨ | ᠠᠷᠠᠳ ᠲᠦᠮᠡᠨ ᠢ ᠪᠦᠯᠬᠦᠮᠳᠡᠬᠦᠯᠥᠨ ᠲᠠᠭᠠᠭᠤᠯᠵᠥ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ | ᠵᠠᠮ ᠢᠶᠠᠷ ᠵᠠᠮᠨᠠᠨ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢ ᠪᠡᠶᠡᠯᠡᠬᠦᠯᠬᠦ ᠳᠤ᠂ | ᠬᠠᠮᠤᠭ ᠤᠨ ᠴᠢᠬᠤᠯᠠ ᠨᠢ ᠨᠠᠮ ᠢᠶᠠᠨ ᠨᠡᠩ ᠪᠠᠲᠦ ᠴᠢᠩᠭ᠎ᠠ ᠬᠦᠴᠦᠨ ᠲᠠᠢ ᠪᠤᠯᠭᠠᠨ ᠪᠠᠶᠢᠭᠤᠯᠬᠤ ᠬᠡᠷᠡᠭᠳᠡᠢ᠃ ᠰᠢᠨ᠎ᠡ | ᠴᠠᠭ ᠦᠶ᠎ᠡ ᠶᠢᠨ ᠨᠠᠮ ᠤᠨ ᠵᠤᠬᠢᠶᠠᠨ ᠪᠠᠶᠢᠭᠤᠯᠤᠯᠳᠠ ᠶᠢᠨ ᠱᠤᠭᠤᠮ ᠨᠢ ᠨᠠᠮ ᠤᠨ ᠵᠤᠬᠢᠶᠠᠨ ᠪᠠᠶᠢᠭᠤᠯᠤᠯᠳᠠ ᠶᠢᠨ | ᠴᠤᠭᠴᠠᠯᠠᠯᠳᠠ ᠶᠢ ᠴᠢᠩᠭᠠᠳᠬᠠᠬᠤ ᠳᠤ ᠰᠢᠨᠵᠢᠯᠡᠬᠦ ᠤᠬᠠᠭᠠᠨᠴᠢ ᠵᠢᠷᠤᠮᠯᠠᠯ ᠬᠠᠩᠭᠠᠵᠥ᠂ ᠨᠠᠮ ᠤᠨ ᠡᠬᠦᠳᠦᠨ ᠪᠦᠳᠦᠬᠡᠬᠦ | ᠬᠦᠴᠦᠨ᠂ ᠨᠢᠬᠳᠠᠷᠠᠯ ᠤᠨ ᠬᠦᠴᠦᠨ᠂ ᠲᠠᠶᠢᠴᠢᠨ ᠬᠦᠴᠦᠨ ᠢ ᠴᠢᠩᠭᠠᠷᠠᠭᠤᠯᠬᠤ ᠳᠤ ᠴᠢᠬᠤᠯᠠ ᠪᠠᠳᠤᠯᠠᠭ᠎ᠠ ᠬᠠᠩᠭᠠᠪᠠ᠃ | ᠪᠢᠳᠠ ᠨᠠᠮ ᠤᠨ ᠤᠳᠤᠷᠢᠳᠤᠯᠭ᠎ᠠ ᠶᠢ ᠡᠷᠡᠰ ᠭᠤᠶᠢᠪᠢᠰᠢ ᠦᠬᠡᠢ ᠪᠠᠷ ᠪᠠᠷᠢᠮᠳᠠᠯᠠᠨ ᠲᠡᠬᠦᠯᠳᠡᠷᠵᠢᠬᠦᠯᠵᠥ᠂ ᠨᠠᠮ ᠤᠨ | ᠪᠠᠶᠢᠭᠤᠯᠤᠯᠳᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠦᠷᠬᠦᠯᠵᠢᠯᠡᠨ ᠠᠬᠢᠭᠤᠯᠵᠥ᠂ ᠰᠢᠨ᠎ᠡ ᠴᠠᠭ ᠦᠶ᠎ᠡ ᠶᠢᠨ | ᠨᠠᠮ ᠤᠨ ᠵᠤᠬᠢᠶᠠᠨ ᠪᠠᠶᠢᠭᠤᠯᠤᠯᠳᠠ ᠶᠢᠨ ᠱᠤᠭᠤᠮ ᠢ ᠰᠠᠶᠢᠲᠤᠷ ᠲᠤᠭᠤᠰᠢᠯᠠᠭᠤᠯᠤᠨ ᠨᠠᠶᠢᠲᠠᠪᠤᠷᠢᠵᠢᠭᠤᠯᠵᠤ᠂ ᠨᠠᠮ ᠢ | ᠲᠠᠰᠤᠷᠠᠯᠳᠡ ᠦᠭᠡᠢ ᠨᠡᠩ ᠪᠡᠳᠤ ᠴᠢᠩᠭ᠎ᠠ ᠬᠦᠴᠦᠨ ᠲᠠᠢ ᠪᠤᠯᠭᠠᠨ ᠪᠠᠶᠢᠭᠤᠯᠬᠤ ᠬᠡᠷᠡᠭᠳᠡᠢ ᠬᠡᠵᠥ ᠴᠢᠬᠤᠯᠠᠴᠢᠯᠠᠪᠠ᠃ | ᠲᠦᠪ ᠤᠨ ᠵᠤᠬᠢᠶᠠᠨ ᠪᠠᠶᠢᠭᠤᠯᠬᠤ ᠬᠡᠯᠳᠡᠰ ᠤᠨ ᠨᠠᠷᠢᠨ ᠪᠢᠴᠢᠭ ᠤᠨ ᠲᠠᠷᠤᠭ᠎ᠠ ᠬᠤ᠋ ᠶᠢᠨ ᠴᠢ ᠨᠦᠬᠦᠷ ᠡᠨᠡ | ᠠᠰᠠᠭᠤᠳᠠᠯ ᠤᠨ ᠲᠤᠬᠠᠢ ᠲᠠᠶᠢᠯᠤᠮᠵᠢ ᠬᠢᠵᠥ᠂ ᠰᠠᠨᠠᠯ ᠪᠤᠯᠤᠨ ᠰᠠᠨᠠᠭᠤᠯᠭ᠎ᠠ ᠲᠤᠷᠠᠳᠴᠠᠢ᠃ | ᠰᠢ ᠶᠢᠨ ᠫᠢᠩ ᠰᠤᠷᠤᠯᠴᠠᠯᠭ᠎ᠠ ᠶᠢ ᠡᠷᠬᠢᠯᠡᠬᠦ ᠳᠡᠭᠡᠨ ᠶᠠᠷᠢᠶ᠎ᠠ ᠲᠠᠯᠪᠢᠪᠠ᠃ ᠲᠡᠷᠡ᠂ ᠲᠠᠬᠢᠭᠠᠳ ᠬᠤᠶᠠᠷ ᠡᠳᠤᠷ | ᠦᠩᠬᠡᠷᠡᠪᠡᠯ᠂ ᠨᠠᠮ ᠪᠠᠶᠢᠭᠤᠯᠤᠬᠳᠠᠬᠰᠠᠠ 99 ᠵᠢᠯ ᠤᠨ ᠤᠢ ᠪᠤᠯᠤᠨ᠎ᠠ᠃ ᠡᠨᠡ ᠤᠳᠠᠭ᠎ᠠ ᠶᠢᠨ ᠨᠠᠮ ᠤᠨ ᠲᠦᠪ | ᠬᠤᠷᠢᠶᠡᠨ ᠤ ᠤᠯᠤᠰ ᠲᠦᠷᠦ ᠶᠢᠨ ᠲᠤᠪᠴᠢᠶᠠᠨ ᠤ ᠬᠠᠮᠳᠤ ᠶᠢᠨ ᠰᠤᠷᠤᠯᠴᠠᠯᠭ᠎ᠠ ᠶᠢ ᠲᠤᠬᠢᠷᠠᠭᠤᠯᠵᠥ ᠪᠠᠶᠢᠭ᠎ᠠ ᠨᠢ | ᠨᠠᠮ ᠤᠨ ᠮᠡᠨᠳᠦᠯᠡᠭᠰᠡᠡ ᠡᠳᠤᠷ ᠢ ᠪᠡᠯᠬᠡᠯᠡᠬᠦ ᠨᠢᠬᠡ ᠤᠳᠠᠭ᠎ᠠ ᠶᠢᠨ ᠴᠢᠬᠤᠯᠠ ᠠᠵᠢᠯᠯᠠᠭ᠎ᠠ ᠪᠤᠯᠬᠤ ᠪᠠᠷ ᠪᠠᠷᠠᠬᠤ ᠦᠬᠡᠢ᠂ | ᠪᠦᠬᠦ ᠨᠠᠮ ᠤᠨ ᠲᠠᠨᠢᠯᠳᠡ ᠶᠢ ᠬᠦᠨᠵᠡᠬᠡᠶᠢᠷᠡᠬᠦᠯᠬᠦ ᠶᠢ ᠠᠬᠢᠭᠤᠯᠬᠤ ᠶᠢᠨ ᠬᠠᠮᠳᠤ ᠰᠢᠨ᠎ᠡ ᠴᠠᠭ ᠦᠶ᠎ᠡ ᠶᠢᠨ ᠨᠠᠮ ᠤᠨ | ᠵᠤᠬᠢᠶᠠᠨ ᠪᠠᠶᠢᠭᠤᠯᠤᠯᠳᠠ ᠶᠢᠨ ᠱᠤᠭᠤᠮ ᠢ ᠰᠠᠶᠢᠳᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠦᠯᠥᠬᠡ ᠶᠤᠮ | ᠬᠡᠵᠥ ᠵᠢᠭᠠᠵᠥ ᠭᠠᠷᠭᠠᠪᠠ᠃ | ᠰᠢ ᠶᠢᠨ ᠫᠢᠩ᠂ ᠶᠠᠮᠠᠷ ᠦᠶ᠎ᠡ ᠳᠤ ᠵᠦᠪ ᠵᠤᠬᠢᠶᠠᠨ ᠪᠠᠶᠢᠭᠤᠯᠤᠯᠳᠠ ᠶᠢᠨ ᠱᠤᠭᠤᠮ ᠢ ᠪᠠᠷᠢᠮᠳᠠᠯᠠᠪᠠᠯ᠂ | ᠨᠠᠮ ᠤᠨ ᠵᠤᠬᠢᠶᠠᠨ ᠪᠠᠶᠢᠭᠤᠯᠤᠯᠳᠠ ᠲᠠᠷᠤᠢ ᠦᠷᠨᠢᠬᠦᠨ ᠬᠦᠭᠵᠢᠵᠥ᠂ ᠨᠠᠮ ᠤᠨ ᠦᠢᠯᠡᠰ ᠤᠷᠤᠬᠰᠢᠳᠠᠢ ᠠᠬᠢᠨᠠ︔ | ᠶᠠᠮᠠᠷ ᠦᠶ ᠡ ᠳᠤ ᠵᠤᠬᠢᠶᠠᠨ ᠪᠠᠶᠢᠭᠤᠯᠤᠯᠳᠠ ᠶᠢᠨ ᠱᠤᠭᠤᠮ ᠬᠠᠵᠠᠶᠢᠵᠤ ᠬᠡᠯᠪᠠᠶᠢᠪᠡᠯ᠂ ᠨᠠᠮ ᠤᠨ ᠵᠤᠬᠢᠶᠠᠨ | ᠪᠠᠶᠢᠭᠤᠯᠤᠯᠳᠡ ᠡᠪᠳᠡᠯᠡᠭᠡ ᠳᠤ ᠤᠴᠠᠷᠠᠵᠥ᠂ ᠨᠠᠮ ᠤᠨ ᠦᠢᠯᠡᠰ ᠲᠤ ᠨᠤᠭᠤᠷᠡᠯ ᠪᠦᠳᠦᠷᠢᠯ ᠭᠠᠷᠤᠨ᠎ᠠ ᠬᠡᠳᠡᠭ ᠢ | ᠨᠠᠮ ᠤᠨ ᠲᠡᠤᠬᠡ ᠬᠠᠷᠠᠭᠤᠯᠪᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠡᠯ ᠠᠴᠠ ᠨᠠᠭᠠᠰᠢ᠂ ᠨᠠᠮ ᠤᠨ ᠲᠦᠪ | ᠬᠤᠷᠢᠶ᠎ᠡ ᠨᠠᠮ ᠤᠨ ᠵᠤᠬᠢᠶᠠᠨ ᠪᠠᠶᠢᠭᠤᠯᠤᠯᠳᠠ ᠶᠢᠨ ᠴᠤᠭᠴᠠᠯᠠᠯᠳᠠ ᠳᠤ ᠤᠷᠤᠰᠢᠵᠥ ᠪᠠᠶᠢᠭ᠎ᠠ ᠲᠤᠪᠤᠶᠢᠮ᠎ᠠ | ᠠᠰᠠᠭᠤᠳᠠᠯ ᠳᠤ ᠴᠢᠭᠯᠡᠬᠦᠯᠥᠨ᠂ ᠡᠷᠡᠰ ᠭᠤᠶᠢᠪᠢᠰᠢ ᠦᠬᠡᠢ ᠪᠠᠷ ᠪᠦᠬᠦ ᠲᠡᠯ᠎ᠡ ᠪᠠᠷ ᠨᠠᠮ ᠢ ᠴᠢᠩᠭ᠎ᠠ ᠵᠠᠰᠠᠵᠥ᠂ | ᠨᠠᠮ ᠤᠨ ᠪᠦᠬᠦ ᠲᠡᠯ ᠡ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠨᠠᠮ ᠤᠨ ᠵᠤᠬᠢᠶᠠᠨ ᠪᠠᠶᠢᠭᠤᠯᠤᠯᠳᠠ ᠶᠢᠨ | ᠰᠢᠰᠲ᠋ᠧᠮ ᠢ ᠪᠦᠷᠢᠨᠰᠢᠬᠦᠯᠬᠦ᠂ ᠬᠦᠮᠥᠨ ᠰᠤᠩᠭᠤᠬᠤ ᠬᠦᠮᠥᠨ ᠬᠡᠷᠡᠭᠯᠡᠬᠦ ᠪᠠᠷᠢᠮᠵᠢᠶ᠎ᠠ ᠪᠤᠯᠤᠨ ᠠᠵᠢᠯ ᠤᠨ | ᠲᠤᠭᠳᠠᠴᠠ ᠶᠢ ᠲᠡᠬᠦᠯᠳᠡᠷᠵᠢᠬᠦᠯᠬᠦ᠂ ᠨᠠᠮ ᠤᠨ ᠲᠤᠳᠤᠭᠠᠳᠤ ᠶᠢᠨ ᠤᠯᠤᠰ ᠲᠦᠷᠦ ᠶᠢᠨ ᠠᠮᠢᠳᠤᠷᠠᠯ ᠪᠤᠯᠤᠨ ᠵᠤᠬᠢᠶᠠᠨ | ᠪᠠᠶᠢᠭᠤᠯᠤᠯᠳᠠ ᠶᠢᠨ ᠠᠮᠢᠳᠤᠷᠠᠯ ᠤᠨ ᠲᠦᠷᠢᠮ ᠢ ᠪᠦᠷᠢᠨᠰᠢᠬᠦᠯᠬᠦ ᠵᠡᠷᠬᠡ ᠲᠡᠯ᠎ᠡ ᠪᠠᠷ ᠠᠯᠢ ᠤᠯᠠᠨ ᠴᠢᠬᠤᠯᠠ ᠠᠷᠭ᠎ᠠ | ᠬᠡᠮᠵᠢᠶ᠎ᠡ ᠠᠪᠤᠭᠰᠠᠠ ᠪᠦᠬᠡᠳ ᠨᠠᠮ ᠤᠨ ᠤᠨᠤᠯ ᠢᠶᠠᠷ ᠵᠡᠪᠰᠡᠭᠯᠡᠬᠦ ᠶᠢ ᠴᠢᠩᠭᠠᠷᠠᠭᠤᠯᠬᠤ᠂ ᠨᠠᠮ ᠤᠨ ᠰᠤᠷᠳᠠᠯ ᠤᠨ | ᠪᠠᠶᠢᠭᠤᠯᠤᠯᠳᠠ ᠶᠢ ᠴᠢᠩᠭᠠᠳᠬᠠᠬᠤ᠂ ᠨᠠᠮ ᠤᠨ ᠰᠠᠬᠢᠯᠭ᠎ᠠ ᠪᠠᠳᠤ ᠶᠢ ᠴᠢᠩᠳᠠᠯᠠᠬᠤ᠂ ᠢᠯᠵᠠᠷᠡᠯ ᠢ ᠡᠰᠡᠷᠬᠦᠴᠡᠬᠦ | ᠲᠡᠮᠡᠴᠡᠯ ᠢ ᠬᠦᠨᠵᠡᠬᠡᠢ ᠦᠷᠨᠢᠬᠦᠯᠬᠦ ᠵᠡᠷᠬᠡ ᠲᠠᠢ ᠬᠠᠷᠢᠯᠴᠠᠨ ᠵᠤᠬᠢᠴᠠᠭᠤᠯᠵᠥ᠂ ᠨᠠᠮ ᠤᠨ ᠬᠤᠪᠢᠰᠬᠠᠯᠳᠤ ᠴᠢᠨᠠᠷ ᠤᠨ | ᠲᠠᠪᠳᠠᠯᠳᠠ ᠲᠤᠮᠳᠠ ᠨᠡᠩ ᠪᠠᠳᠤ ᠴᠢᠩᠭ᠎ᠠ ᠪᠤᠯᠬᠤ ᠶᠢ ᠠᠬᠢᠭᠤᠯᠪᠠ᠃ ᠨᠠᠮ ᠤᠨ ᠠᠷᠪᠠ ᠶᠢᠰᠦᠳᠦᠬᠡᠷ ᠶᠡᠭᠡ | ᠬᠤᠷᠡᠯ ᠤᠨ ᠲᠠᠷᠠᠭ᠎ᠠ᠂ ᠪᠢᠳᠡ ᠲᠡᠤᠬᠡ ᠶᠢᠨ ᠲᠤᠷᠰᠢᠯᠭ᠎ᠠ ᠤᠨᠴᠠᠭᠠᠢᠢᠯᠠᠨ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠡᠯ ᠠᠴᠠ ᠨᠠᠭᠠᠰᠢ ᠪᠦᠬᠦ ᠲᠡᠯ᠎ᠡ ᠪᠠᠷ ᠨᠠᠮ ᠢ ᠴᠢᠩᠭ᠎ᠠ ᠵᠠᠰᠠᠭᠰᠠᠠ ᠠᠮᠵᠢᠯᠲᠠ ᠲᠠᠢ ᠲᠤᠷᠰᠢᠯᠭ᠎ᠠ ᠶᠢ ᠳ᠋ᠦᠩᠨᠡᠭᠰᠡᠡ | ᠰᠠᠭᠤᠷᠢᠨ ᠲᠡᠬᠡᠷ᠎ᠡ᠂ ᠰᠢᠨ᠎ᠡ ᠴᠠᠭ ᠦᠶ᠎ᠡ ᠶᠢᠨ ᠨᠠᠮ ᠤᠨ ᠵᠤᠬᠢᠶᠠᠨ ᠪᠠᠶᠢᠭᠤᠯᠤᠯᠳᠠ ᠶᠢᠨ ᠱᠤᠭᠤᠮ ᠳᠤ | ᠬᠤᠷᠢᠶᠠᠩᠭᠤᠢᠢᠯᠠᠯ ᠬᠢᠭᠰᠡᠡ ᠪᠠᠶᠢᠨ᠎ᠠ᠃ ᠪᠢᠳᠡ ᠰᠢᠨ᠎ᠡ ᠴᠠᠭ ᠦᠶ᠎ᠡ ᠶᠢᠨ ᠨᠠᠮ ᠤᠨ ᠵᠤᠬᠢᠶᠠᠨ ᠪᠠᠶᠢᠭᠤᠯᠤᠯᠳᠠ ᠶᠢᠨ | ᠱᠤᠭᠤᠮ ᠤᠨ ᠰᠢᠨᠵᠢᠯᠡᠬᠦ ᠤᠬᠠᠭᠠᠨᠴᠢ ᠠᠭᠤᠯᠬᠤᠨ ᠪᠤᠯᠤᠨ ᠦᠢᠯᠡᠳᠦᠯᠬᠡ ᠶᠢᠨ ᠱᠠᠭᠠᠷᠳᠠᠯᠭ᠎ᠠ ᠶᠢ ᠵᠦᠪ ᠤᠢᠢᠯᠠᠭᠠᠵᠥ᠂ | ᠬᠠᠷᠠᠯᠳᠡ ᠪᠠᠷ ᠤᠳᠤᠷᠢᠳᠤᠮᠵᠢ ᠪᠤᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ᠂ ᠥᠷ᠎ᠡ ᠳ᠋ᠦᠩ ᠢᠶᠠᠷ | ᠤᠳᠤᠷᠢᠳᠤᠮᠵᠢ ᠪᠤᠯᠭᠠᠬᠤ ᠶᠢᠨ ᠨᠢᠬᠡᠳᠤᠯ ᠢ ᠪᠠᠷᠢᠮᠳᠠᠯᠠᠵᠥ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠦᠨᠳᠦᠰᠦᠨ | ᠱᠠᠭᠠᠷᠳᠠᠯᠭ᠎ᠠ ᠶᠢ ᠵᠦᠪ ᠡᠵᠡᠮᠰᠢᠬᠦ ᠬᠡᠷᠡᠭᠳᠡᠢ ᠬᠡᠵᠥ ᠴᠢᠬᠤᠯᠠᠴᠢᠯᠠᠪᠠ᠃ | ᠰᠢ ᠶᠢᠨ ᠫᠢᠩ᠂ ᠨᠠᠮ ᠤᠨ ᠤᠳᠤᠷᠢᠳᠤᠯᠭ᠎ᠠ ᠶᠢ ᠪᠠᠷᠢᠮᠳᠠᠯᠠᠨ ᠲᠡᠭᠦᠯᠳᠡᠷᠵᠢᠭᠦᠯᠬᠦ᠂ ᠳᠤᠮᠳᠠᠳᠤ ᠤᠯᠤᠰ ᠤᠨ | ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠠᠷᠢᠮᠳᠠᠯᠠᠨ ᠬᠦᠭᠵᠢᠭᠦᠯᠬᠦ ᠶᠢ ᠰᠠᠶᠢᠳᠤᠷ ᠠᠳᠬᠤᠬᠤ | ᠬᠡᠷᠡᠭᠳᠠᠢ᠃ ᠨᠠᠮ ᠤᠨ ᠵᠤᠬᠢᠶᠠᠨ ᠪᠠᠶᠢᠭᠤᠯᠤᠯᠳᠠ ᠶᠢᠨ ᠴᠤᠭᠴᠠᠯᠠᠯᠳᠠ ᠶᠢ ᠴᠢᠩᠭᠠᠳᠬᠠᠬᠤ ᠶᠢᠨ ᠦᠨᠳᠦᠰᠦᠨ ᠵᠤᠷᠢᠯᠭ᠎ᠠ | ᠪᠤᠯ ᠳᠠᠷᠤᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠳᠠᠯᠠᠨ ᠴᠢᠩᠭᠠᠳᠬᠠᠵᠤ᠂ ᠳᠤᠮᠳᠠᠳᠤ ᠤᠯᠤᠰ ᠤᠨ | ᠤᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠲᠤ ᠪᠠᠳᠤ ᠴᠢᠩᠭ᠎ᠠ ᠪᠠᠳᠤᠯᠠᠭ᠎ᠠ ᠬᠠᠩᠭᠠᠬᠤ ᠶᠢᠨ ᠲᠦᠯᠦᠭᠡ ᠶᠤᠮ᠃ | ᠤᠳᠤ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠳᠠ ᠤᠳᠠᠯ ᠦᠭᠡᠢ ᠠᠮᠵᠢᠯᠳᠠ ᠲᠠᠢ ᠪᠡᠶᠡᠯᠡᠭᠳᠡᠬᠦ ᠪᠤᠯᠤᠭᠠᠳ | ᠪᠠᠶᠢᠨ᠎ᠠ᠂ ᠪᠢᠳᠡ ᠤᠳᠠᠯ ᠦᠭᠡᠢ ᠨᠡᠶᠢᠭᠡᠮ ᠵᠢᠷᠤᠮ ᠤᠨ ᠤᠳᠤᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠬᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠳᠠ ᠶᠢ ᠪᠡᠶᠡᠯᠡᠭᠦᠯᠬᠦ ᠰᠢᠨ᠎ᠠ ᠠᠶᠠᠨ ᠵᠠᠮ ᠢᠶᠠᠨ | ᠡᠬᠢᠯᠡᠭᠦᠯᠬᠦ ᠪᠤᠯᠤᠨ᠎ᠠ᠃ ᠡᠭᠡᠳᠡᠷᠡᠭᠡᠨ ᠪᠤᠳᠤᠯᠢᠶᠠᠨᠳᠠᠢ ᠪᠠᠶᠢᠳᠠᠯ ᠪᠠ ᠬᠦᠨᠳᠦ ᠶᠡᠭᠡ ᠡᠭᠦᠷᠭᠡ ᠶᠢᠨ ᠡᠮᠦᠨ᠎ᠠ᠂ ᠪᠢᠳᠡ | ᠳᠡᠯᠡᠬᠡᠢ ᠶᠢᠨ ᠵᠠᠭᠤᠨ ᠵᠢᠯ ᠳᠤ ᠪᠠᠶᠢᠭ᠎ᠠ ᠦᠭᠡᠢ ᠶᠡᠭᠡ ᠬᠤᠪᠢᠷᠠᠯᠳᠠ ᠪᠠ ᠳᠤᠮᠳᠠᠳᠤ ᠶᠢᠨ ᠦᠨᠳᠦᠰᠦᠳᠡᠨ ᠤ ᠠᠭᠤᠤ | ᠶᠡᠭᠡ ᠰᠡᠷᠭᠦᠨ ᠮᠠᠨᠳᠤᠯᠳᠠ ᠶᠢᠨ ᠪᠠᠶᠢᠯᠳᠤᠬᠤ ᠪᠤᠳᠤᠯᠭ᠎ᠠ ᠶᠢᠨ ᠪᠦᠬᠦ ᠲᠠᠯ᠎ᠠ ᠶᠢ ᠶᠡᠷᠦᠩᠬᠡᠢ ᠳᠤᠨᠢ ᠡᠵᠡᠮᠳᠡᠵᠤ᠂ ᠬᠦᠨᠳᠦ | ᠶᠡᠭᠡ ᠦᠷᠢᠰᠦᠯᠳᠦᠭᠡᠨ ᠢ ᠬᠦᠴᠦᠳᠠᠢ ᠠᠷᠭᠠᠴᠠᠭᠠᠵᠤ᠂ ᠬᠦᠨᠳᠦ ᠶᠡᠭᠡ ᠲᠦᠭᠰᠢᠭᠦᠷᠢ ᠶᠢ ᠬᠦᠴᠦᠳᠠᠢ ᠡᠰᠡᠷᠭᠦᠴᠡᠨ | ᠲᠤᠯᠵᠤ᠂ ᠬᠦᠨᠳᠦ ᠶᠡᠭᠡ ᠬᠠᠷᠰᠢ ᠰᠠᠭᠠᠳ ᠢ ᠢᠯᠠᠨ ᠳᠠᠪᠠᠵᠤ᠂ ᠬᠦᠨᠳᠦ ᠶᠡᠭᠡ ᠵᠦᠷᠢᠴᠡᠯ ᠢ ᠨᠠᠮᠳᠠᠭᠤᠯᠵᠤ᠂ ᠠᠯᠢ | ᠤᠯᠠᠨ ᠲᠡᠤᠬᠡ ᠶᠢᠨ ᠤᠨᠴᠠᠯᠢᠭ ᠲᠠᠢ ᠠᠭᠤᠤ ᠶᠡᠭᠡ ᠲᠡᠮᠡᠴᠡᠯ ᠢ ᠶᠠᠪᠤᠭᠳᠠᠭᠤᠯᠵᠤ᠂ ᠳᠤᠮᠳᠠᠳᠤ ᠶᠢᠨ ᠦᠨᠳᠦᠰᠦᠳᠡᠨ ᠤ | ᠠᠭᠤᠤ ᠶᠡᠭᠡ ᠰᠡᠷᠭᠦᠨ ᠮᠠᠨᠳᠤᠯᠳᠠ ᠶᠢ ᠪᠡᠶᠡᠯᠡᠭᠦᠯᠬᠦ ᠳᠤ ᠬᠠᠮᠤᠭ ᠤᠨ ᠦᠨᠳᠦᠰᠦᠨ ᠪᠠᠳᠤᠯᠠᠭ᠎ᠠ ᠪᠤᠯ ᠬᠠᠰᠢᠯᠠ | ᠨᠠᠮ ᠤᠨ ᠤᠳᠤᠷᠢᠳᠤᠯᠭ᠎ᠠ ᠪᠤᠯᠤᠨ᠎ᠠ᠃ ᠪᠦᠬᠦ ᠨᠠᠮ ᠤᠨ ᠬᠢᠨ ᠢ ᠬᠦᠮᠦᠵᠢᠭᠦᠯᠦᠨ ᠵᠢᠯᠤᠭᠤᠳᠴᠤ ᠪᠠᠶᠢᠭᠠᠳ ᠦᠵᠡᠯ | ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠤᠬᠠᠮᠰᠠᠷ ᠠᠴᠠ ᠪᠠᠨ ᠨᠠᠮ ᠤᠨ ᠲᠦᠪ ᠬᠤᠷᠢᠶ᠎ᠠ ᠲᠠᠢ | ᠳᠡᠭᠡᠳᠤ ᠬᠡᠮᠵᠢᠶ᠎ᠠ ᠪᠠᠷ ᠨᠢᠭᠡᠳᠦᠯᠳᠠᠢ ᠪᠤᠯᠭᠠᠵᠤ᠂ ᠪᠠᠳᠤ ᠴᠢᠩᠭ᠎ᠠ ᠤᠯᠤᠰ ᠲᠦᠷᠦ ᠶᠢᠨ ᠲᠤᠭᠳᠠᠯ ᠬᠦᠴᠦᠨ ᠪᠠ ᠵᠦᠪ | ᠤᠷᠤᠭᠰᠢᠯᠠᠯᠳᠠ ᠶᠢᠨ ᠴᠢᠭᠯᠡᠯ ᠢ ᠪᠠᠷᠢᠮᠳᠠᠯᠠᠵᠤ᠂ ᠡᠯ᠎ᠠ ᠱᠠᠳᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ | ᠳᠤᠭᠤᠢᠢᠯᠠᠩ︶᠂ ᠡᠯ᠎ᠠ ᠬᠦᠷᠢᠶ᠎ᠡ ᠴᠠᠷᠠᠭ᠎ᠠ ᠶᠢᠨ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ | ᠤᠯᠤᠰ ᠲᠦᠷᠦ ᠶᠢᠨ ᠦᠢᠯᠡᠳᠦᠯ ᠴᠢᠳᠠᠪᠬᠢ ᠪᠠ ᠵᠤᠬᠢᠶᠠᠨ ᠪᠠᠶᠢᠭᠤᠯᠤᠯᠳᠠ ᠶᠢᠨ ᠦᠢᠯᠡᠳᠦᠯ ᠴᠢᠳᠠᠪᠬᠢ ᠶᠢ ᠭᠦᠢᠴᠡᠳ | ᠪᠠᠳᠠᠷᠠᠭᠤᠯᠵᠤ᠂ ᠦᠷᠭᠡᠨ ᠤᠯᠠᠨ ᠨᠠᠮ ᠤᠨ ᠭᠡᠰᠢᠭᠦᠨ᠂ ᠺᠠᠳ᠋ᠷ ᠪᠤᠯᠤᠨ ᠡᠯ᠎ᠠ ᠲᠠᠯ᠎ᠠ ᠶᠢᠨ ᠴᠢᠳᠠᠪᠤᠷᠢᠳᠠᠨ ᠢ | ᠪᠦᠲᠦᠮᠵᠢᠳᠠᠢ ᠵᠤᠬᠢᠶᠠᠨ ᠪᠠᠶᠢᠭᠤᠯᠵᠤ᠂ ᠦᠷᠭᠡᠨ ᠤᠯᠠᠨ ᠠᠷᠠᠳ ᠲᠦᠮᠡᠨ ᠢ ᠦᠷᠭᠡᠨ ᠢᠶᠠᠷ ᠨᠢᠭᠳᠠᠷᠠᠭᠤᠯᠵᠤ᠂ ᠰᠢᠨ᠎ᠠ | ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠰᠢᠨ᠎ᠠ ᠢᠯᠠᠯᠳᠠ ᠶᠢ ᠤᠯᠬᠤ ᠶᠢᠨ | ᠲᠦᠯᠦᠭᠡ ᠪᠦᠯᠬᠦᠮᠳᠡᠨ ᠲᠡᠮᠡᠴᠡᠬᠦ ᠬᠦᠴᠦᠷᠬᠡᠭ ᠶᠡᠭᠡ ᠬᠦᠴᠦᠨ ᠢ ᠪᠦᠷᠢᠯᠳᠦᠭᠦᠯᠬᠦ ᠬᠡᠷᠡᠭᠳᠠᠢ ᠭᠡᠵᠤ ᠵᠢᠭᠠᠵᠤ | ᠭᠠᠷᠭᠠᠪᠠ᠃ | ᠰᠢ ᠶᠢᠨ ᠫᠢᠩ᠂ ᠨᠠᠮ ᠤᠨ ᠰᠢᠨᠵᠢᠯᠡᠬᠦ ᠤᠬᠠᠭᠠᠨᠴᠢ ᠤᠨᠤᠯ ᠢᠶᠠᠷ ᠪᠦᠬᠦ ᠨᠠᠮ ᠢ ᠵᠡᠪᠰᠡᠭᠯᠡᠬᠦ ᠶᠢ ᠰᠠᠶᠢᠳᠤᠷ | ᠠᠳᠬᠤᠬᠤ ᠬᠡᠷᠡᠭᠳᠠᠢ᠃ ᠮᠠᠷᠺᠰ ᠤᠨ ᠦᠵᠡᠯ ᠤᠨᠴᠠᠭᠠᠢᠢᠯᠠᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ | ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠡᠯ᠎ᠠ | ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠤᠯᠤᠨ ᠦᠷᠭᠡᠨ ᠤᠯᠠᠨ ᠨᠠᠮ ᠤᠨ ᠭᠡᠰᠢᠭᠦᠨ᠂ ᠺᠠᠳ᠋ᠷ ᠤᠨᠴᠠᠭᠠᠢᠢᠯᠠᠨ | ᠤᠳᠤᠷᠢᠳᠬᠤ ᠺᠠᠳ᠋ᠷ ᠲᠤ ᠮᠠᠷᠺᠰ ᠤᠨ ᠦᠵᠡᠯ ᠤᠨ ᠤᠨᠤᠯ ᠤᠨ ᠵᠡᠪᠰᠡᠭ ᠢ ᠡᠵᠡᠮᠰᠢᠭᠦᠯᠵᠤ᠂ ᠮᠠᠷᠺᠰ ᠤᠨ ᠦᠵᠡᠯ ᠤᠨ | ᠤᠨᠤᠯ ᠤᠨ ᠲᠦᠪᠰᠢᠨ ᠪᠤᠯᠤᠨ ᠤᠨᠤᠯ ᠢ ᠬᠡᠷᠡᠭᠯᠡᠬᠦ ᠴᠢᠳᠠᠪᠤᠷᠢ ᠶᠢ ᠳᠡᠭᠡᠭᠰᠢᠯᠡᠭᠦᠯᠵᠤ᠂ ᠬᠠᠮᠳᠦ ᠪᠠᠷ ᠨᠠᠮ ᠤᠨ | ᠰᠢᠨ᠎ᠠ ᠶᠢ ᠡᠭᠦᠳᠬᠦ ᠤᠨᠤᠯ ᠢ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ | ᠠᠭᠤᠤ ᠶᠡᠭᠡ ᠦᠢᠯᠡᠰ ᠢ ᠠᠬᠢᠭᠤᠯᠬᠤ ᠦᠢᠯᠡᠳᠦᠯᠭᠡ ᠶᠢᠨ ᠬᠦᠴᠦᠨ ᠪᠤᠯᠭᠠᠵᠤ ᠬᠤᠪᠢᠷᠠᠭᠤᠯᠬᠤ ᠬᠡᠷᠡᠭᠳᠠᠢ᠃ ᠡᠯ᠎ᠠ | ᠱᠠᠳᠤᠨ ᠤ ᠨᠠᠮ ᠤᠨ ᠬᠤᠷᠢᠶ᠎ᠠ ᠵᠢᠴᠢ ᠲᠡᠭᠦᠨ ᠤ ᠵᠤᠬᠢᠶᠠᠨ ᠪᠠᠶᠢᠭᠤᠯᠬᠤ ᠰᠠᠯᠠᠭ᠎ᠠ ᠮᠦᠴᠢᠷ ᠤᠬᠠᠮᠰᠠᠷ ᠠᠴᠠ ᠪᠠᠨ | ᠨᠠᠮ ᠤᠨ ᠰᠢᠨᠵᠢᠯᠡᠬᠦ ᠤᠬᠠᠭᠠᠨᠴᠢ ᠤᠨᠤᠯ ᠢᠶᠠᠷ ᠨᠠᠮ ᠤᠨ ᠵᠤᠬᠢᠶᠠᠨ ᠪᠠᠶᠢᠭᠤᠯᠤᠯᠳᠠ ᠶᠢᠨ ᠴᠤᠭᠴᠠᠯᠠᠯᠳᠠ ᠶᠢ | ᠵᠢᠯᠤᠭᠤᠳᠴᠤ᠂ ᠰᠢᠨ᠎ᠠ ᠪᠤᠳᠠᠳᠤ ᠪᠠᠶᠢᠳᠠᠯ ᠲᠠᠢ ᠤᠶᠠᠯᠳᠤᠭᠤᠯᠤᠨ ᠦᠭᠡᠷᠡᠴᠢᠯᠡᠯᠳᠡ ᠬᠢᠵᠤ ᠰᠢᠨ᠎ᠠ ᠶᠢ ᠡᠭᠦᠳᠬᠦ ᠶᠢ | ᠠᠬᠢᠭᠤᠯᠵᠤ᠂ ᠡᠯ᠎ᠠ ᠵᠦᠢᠯ ᠤᠨ ᠠᠵᠢᠯ ᠳᠤ ᠴᠠᠭ ᠦᠶᠡᠴᠢ ᠴᠢᠨᠠᠷ ᠢ ᠨᠡᠩ ᠰᠠᠶᠢᠨ ᠢᠯᠡᠷᠡᠭᠦᠯᠵᠤ᠂ ᠵᠢᠮ᠎ᠠ ᠶᠤᠰᠤᠴᠢ | ᠴᠢᠨᠠᠷ ᠢ ᠡᠵᠡᠮᠳᠡᠵᠤ᠂ ᠨᠡᠩ ᠪᠦᠲᠦᠭᠡᠯᠴᠢ ᠴᠢᠨᠠᠷ ᠲᠠᠢ ᠪᠤᠯᠭᠠᠵᠤ᠂ ᠰᠢᠨ᠎ᠠ ᠴᠠᠭ ᠦᠶ᠎ᠠ ᠶᠢᠨ ᠨᠠᠮ ᠤᠨ ᠲᠡᠤᠬᠡᠨ | ᠡᠭᠦᠷᠭᠡ ᠶᠢ ᠪᠡᠶᠡᠯᠡᠭᠦᠯᠬᠦ ᠳᠤ ᠪᠠᠳᠤ ᠴᠢᠩᠭ᠎ᠠ ᠵᠤᠬᠢᠶᠠᠨ ᠪᠠᠶᠢᠭᠤᠯᠤᠯᠳᠠ ᠶᠢᠨ ᠪᠠᠳᠤᠯᠠᠭ᠎ᠠ ᠬᠠᠩᠭᠠᠬᠤ ᠬᠡᠷᠡᠭᠳᠠᠢ ᠭᠡᠵᠤ | ᠴᠢᠬᠤᠯᠠᠴᠢᠯᠠᠵᠠᠢ᠃ | ᠰᠢ ᠶᠢᠨ ᠫᠢᠩ᠂ ᠨᠠᠮ ᠤᠨ ᠵᠤᠬᠢᠶᠠᠨ ᠪᠠᠶᠢᠭᠤᠯᠤᠯᠳᠠ ᠶᠢᠨ ᠰᠢᠰᠲ᠋ᠧᠮ ᠤᠨ ᠴᠤᠭᠴᠠᠯᠠᠯᠳᠠ ᠶᠢ ᠰᠠᠶᠢᠳᠤᠷ | ᠠᠳᠬᠤᠬᠤ ᠬᠡᠷᠡᠭᠳᠠᠢ᠃ ᠴᠢᠩᠭ᠎ᠠ ᠨᠢᠭᠳᠠ ᠵᠤᠬᠢᠶᠠᠨ ᠪᠠᠶᠢᠭᠤᠯᠤᠯᠳᠠ ᠶᠢᠨ ᠰᠢᠰᠲ᠋ᠧᠮ ᠲᠠᠢ ᠪᠠᠶᠢᠬᠤ ᠪᠤᠯ ᠮᠠᠷᠺᠰ ᠤᠨ | ᠦᠵᠡᠯ ᠤᠨ ᠲᠦᠷᠦ ᠶᠢᠨ ᠨᠠᠮ ᠤᠨ ᠳᠠᠪᠠᠭᠤᠯᠢᠭ ᠪᠠ ᠬᠦᠴᠦᠨ ᠴᠢᠳᠠᠯ ᠪᠤᠯᠤᠨ᠎ᠠ᠃ ᠨᠠᠮ ᠤᠨ ᠠᠷᠪᠠᠨ ᠨᠠᠢᠮᠠᠳᠤᠭᠠᠷ | ᠶᠡᠭᠡ ᠬᠤᠷᠠᠯ ᠠᠴᠠ ᠨᠠᠭᠠᠰᠢ᠂ ᠪᠢᠳᠡ ᠨᠠᠮ ᠤᠨ ᠪᠠᠶᠢᠭᠤᠯᠤᠯᠳᠠ ᠶᠢ ᠠᠳᠬᠤᠬᠤ ᠳᠤ ᠡᠩ ᠲᠡᠷᠢᠭᠦᠨ ᠳᠤ ᠨᠠᠮ ᠤᠨ | ᠲᠦᠪ ᠬᠤᠷᠢᠶ᠎ᠠ᠂ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶ᠎ᠠ ᠵᠢᠴᠢ ᠲᠡᠭᠦᠨ ᠤ ᠪᠠᠶᠢᠩᠭᠤ ᠶᠢᠨ | ᠬᠤᠷᠢᠶ᠎ᠠ ᠶᠢᠨ ᠪᠠᠶᠢᠭᠤᠯᠤᠯᠳᠠ ᠶᠢ ᠠᠳᠬᠤᠵᠤ᠂ ᠲᠤᠭᠳᠠᠭᠠᠭᠰᠠᠨ ᠡᠯ᠎ᠠ ᠵᠦᠢᠯ ᠤᠨ ᠨᠠᠮ ᠤᠨ ᠳᠤᠳᠤᠭᠠᠳᠤ ᠶᠢᠨ | ᠬᠠᠤᠯᠢ ᠲᠤᠭᠳᠠᠭᠠᠯ ᠳᠤ ᠪᠦᠷ ᠲᠦᠪ ᠤᠨ ᠤᠳᠤᠷᠢᠳᠬᠤ ᠨᠦᠭᠦᠳ ᠲᠤ ᠨᠡᠩ ᠦᠨᠳᠦᠷ ᠪᠠᠷᠢᠮᠵᠢᠶ᠎ᠠ ᠳᠤᠷᠠᠳᠴᠤ᠂ | ᠲᠦᠪ ᠤᠨ ᠤᠳᠤᠷᠢᠳᠬᠤ ᠨᠦᠭᠦᠳ ᠰᠠᠬᠢᠯᠭ᠎ᠠ ᠪᠠᠳᠤ ᠶᠢ ᠵᠢᠷᠤᠮᠯᠠᠨ ᠳᠦᠷᠢᠮ ᠲᠤᠭᠳᠠᠭᠠᠯ ᠢ ᠡᠷᠬᠢᠮᠯᠡᠬᠦ᠂ ᠨᠠᠮ ᠢ | ᠬᠠᠮᠢᠶᠠᠷᠬᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠭᠦᠢᠴᠡᠳᠭᠡᠬᠦ ᠵᠡᠷᠭᠡ ᠲᠠᠯ᠎ᠠ ᠪᠠᠷ ᠪᠦᠬᠦ | ᠨᠠᠮ ᠤᠨ ᠨᠦᠬᠦᠳ ᠲᠤ ᠦᠯᠢᠭᠡᠷ ᠵᠢᠱᠢᠶ᠎ᠠ ᠦᠵᠡᠭᠦᠯᠵᠤ᠂ ᠬᠡᠪ ᠳᠠᠭᠤᠷᠢᠶᠠᠯ ᠪᠤᠯᠬᠤ ᠬᠡᠷᠡᠭᠲᠡᠢ ᠭᠡᠵᠤ ᠱᠠᠭᠠᠷᠳᠠᠪᠠ᠃ | ᠲᠦᠪ ᠤᠨ ᠪᠠ ᠲᠦᠷᠦ ᠶᠢᠨ ᠪᠠᠶᠢᠭᠤᠯᠭ᠎ᠠ ᠪᠤᠯ ᠨᠠᠮ ᠤᠨ ᠲᠦᠪ ᠬᠤᠷᠢᠶᠠᠨ ᠤ ᠰᠢᠢᠳᠪᠦᠷᠢᠳᠤ ᠪᠤᠳᠤᠯᠭ᠎ᠠ | ᠪᠠᠶᠢᠷᠢᠯᠠᠭᠤᠯᠤᠯᠳᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ︽ᠡᠬᠢᠨ ᠤ ᠨᠢᠭᠡ ᠺᠢᠯᠣᠮᠧᠲᠷ︾ ᠮᠦᠨ᠂ | ᠨᠠᠮ ᠤᠨ ᠤᠳᠤᠷᠢᠳᠬᠤ ᠳᠤᠭᠤᠢᠢᠯᠠᠩ ᠤᠨ ᠠᠵᠢᠯ ᠤᠨ ᠳᠦᠷᠢᠮ ᠪᠠ ᠨᠠᠮ ᠤᠨ ᠠᠵᠢᠯᠯᠠᠬᠤ ᠪᠠᠶᠢᠭᠤᠯᠭ᠎ᠠ ᠶᠢᠨ | ᠳᠦᠷᠢᠮ ᠢ ᠨᠠᠷᠢᠨ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠵᠤ᠂ ᠲᠦᠪ ᠤᠨ ᠪᠠ ᠲᠦᠷᠦ ᠶᠢᠨ ᠪᠠᠶᠢᠭᠤᠯᠭ᠎ᠠ ᠶᠢ | ᠤᠯᠤᠰ ᠲᠦᠷᠦ ᠶᠢ ᠡᠷᠬᠢᠮᠯᠡᠬᠦ᠂ ᠰᠠᠬᠢᠯᠭ᠎ᠠ ᠪᠠᠳᠤ ᠶᠢ ᠵᠢᠷᠤᠮᠯᠠᠬᠤ᠂ ᠬᠠᠷᠢᠭᠤᠴᠠᠯᠭ᠎ᠠ ᠡᠭᠦᠷᠭᠡᠯᠡᠬᠦ᠂ ᠦᠷ᠎ᠠ ᠪᠦᠲᠦᠮᠵᠢ | ᠠᠵᠢᠯᠯᠠᠬᠤ ᠰᠠᠶᠢᠨ ᠵᠢᠱᠢᠶᠡᠴᠢ ᠪᠠᠶᠢᠭᠤᠯᠭ᠎ᠠ ᠪᠤᠯᠭᠠᠨ ᠪᠠᠶᠢᠭᠤᠯᠬᠤ ᠬᠡᠷᠡᠭᠳᠠᠢ᠃ ᠤᠷᠤᠨ ᠨᠤᠲᠤᠭ ᠤᠨ ᠨᠠᠮ ᠤᠨ | ᠬᠤᠷᠢᠶ᠎ᠠ ᠪᠤᠯ ᠨᠠᠮ ᠤᠨ ᠲᠦᠪ ᠬᠤᠷᠢᠶᠠᠨ ᠤ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ︽ᠳᠤᠮᠳᠠ ᠬᠡᠰᠡᠭ︾ ᠮᠦᠨ᠂ ᠤᠷᠤᠨ ᠨᠤᠲᠤᠭ ᠤᠨ ᠨᠠᠮ ᠤᠨ ᠬᠤᠷᠢᠶᠠᠨ ᠤ ᠠᠵᠢᠯ ᠤᠨ | ᠳᠦᠷᠢᠮ ᠢ ᠨᠠᠷᠢᠨ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠵᠤ᠂ ᠤᠷᠤᠨ ᠨᠤᠲᠤᠭ ᠤᠨ ᠨᠠᠮ ᠤᠨ ᠬᠤᠷᠢᠶ᠎ᠠ ᠶᠢ | ᠨᠠᠮ ᠤᠨ ᠲᠦᠪ ᠬᠤᠷᠢᠶ᠎ᠠ ᠶᠢᠨ ᠵᠢᠯᠤᠭᠤᠳᠤᠯᠭ᠎ᠠ ᠶᠢ ᠳᠠᠭᠠᠬᠤ᠂ ᠬᠠᠮᠢᠶᠠᠷᠤᠯᠳᠠ ᠨᠢ ᠴᠢᠩᠭ᠎ᠠ᠂ ᠬᠢᠨᠠᠯᠳᠠ ᠨᠢ | ᠬᠦᠴᠦᠳᠠᠢ᠂ ᠤᠳᠤᠷᠢᠳᠬᠤ ᠪᠠᠭ ᠨᠢ ᠪᠦᠯᠬᠦᠮᠳᠡᠯ ᠲᠠᠢ᠂ ᠰᠤᠷᠳᠠᠯ ᠨᠢ ᠴᠡᠪᠡᠷ ᠴᠢᠭᠡᠴᠢ ᠪᠠᠲᠦ ᠴᠢᠩᠭ᠎ᠠ ᠵᠤᠬᠢᠶᠠᠨ | ᠪᠠᠶᠢᠭᠤᠯᠤᠯᠳᠠ ᠪᠤᠯᠭᠠᠨ ᠪᠠᠶᠢᠭᠤᠯᠬᠤ ᠬᠡᠷᠡᠭᠳᠠᠢ᠃ ᠦᠨᠲᠦᠰᠤᠨ ᠱᠠᠲᠤᠨ ᠤ ᠨᠠᠮ ᠤᠨ ᠵᠤᠬᠢᠶᠠᠠ ᠪᠠᠶᠢᠭᠤᠯᠤᠯᠲᠠ ᠪᠤᠯ | ᠨᠠᠮ ᠤᠨ ᠲᠦᠪ ᠬᠤᠷᠢᠶᠠᠠ ᠤ ᠰᠢᠢᠳᠪᠦᠷᠢᠲᠦ ᠪᠤᠲᠤᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ | ᠨᠠᠶᠢᠲᠠᠪᠤᠷᠢᠵᠢᠭᠤᠯᠬᠤ ᠶᠢᠨ ︽ᠡᠴᠤᠰ ᠤᠨ ᠨᠢᠭᠡ ᠺᠢᠯᠤᠮᠧᠲᠷ︾ ᠮᠦᠨ᠂ ᠦᠨᠲᠦᠰᠦᠨ ᠱᠠᠲᠤ ᠶᠢ ᠶᠡᠭᠡ ᠪᠠᠷ | ᠠᠳᠬᠤᠬᠤ ᠢᠯᠡ ᠲᠤᠲᠤᠷᠬᠠᠢ ᠤᠲᠤᠷᠢᠲᠤᠮᠵᠢ ᠶᠢ ᠪᠠᠷᠢᠮᠲᠠᠯᠠᠠ᠂ ᠦᠨᠲᠦᠰᠦᠨ ᠱᠠᠲᠤᠨ ᠤ ᠨᠠᠮ ᠤᠨ ᠵᠤᠬᠢᠶᠠᠠ | ᠪᠠᠶᠢᠭᠤᠯᠤᠯᠲᠠ ᠶᠢᠨ ᠦᠨᠲᠦᠰᠦᠨ ᠱᠠᠲᠤᠨ ᠤ ᠵᠠᠰᠠᠯᠲᠠ ᠶᠢ ᠤᠲᠤᠷᠢᠳᠬᠤ ᠠᠵᠢᠯ ᠲᠤᠮᠲᠠᠬᠢ ᠡᠯ᠎ᠠ ᠵᠦᠢᠯ ᠤᠨ | ᠲᠤᠲᠠᠭᠤᠲᠠᠯ ᠢ ᠱᠠᠯᠠᠪᠲᠠᠠ ᠨᠦᠬᠦᠪᠦᠷᠢᠯᠡᠵᠦ᠂ ᠡᠯ᠎ᠠ ᠬᠦᠷᠢᠶ᠎ᠡ ᠴᠠᠷᠠᠭ᠎ᠠ ᠳᠠᠬᠢ ᠦᠨᠲᠦᠰᠦᠨ ᠱᠠᠲᠤᠨ ᠤ ᠨᠠᠮ ᠤᠨ | ᠵᠤᠬᠢᠶᠠᠠ ᠪᠠᠶᠢᠭᠤᠯᠤᠯᠲᠠ ᠶᠢᠨ ᠴᠤᠭᠴᠠᠯᠠᠯᠲᠠ ᠶᠢ ᠨᠠᠮ ᠤᠨ ᠤᠲᠤᠷᠢᠲᠤᠯᠭ᠎ᠠ ᠶᠢ ᠪᠡᠶᠡᠯᠡᠭᠦᠯᠬᠦ ᠪᠠᠲᠤ ᠴᠢᠩᠭ᠎ᠠ | ᠲᠠᠶᠢᠴᠢᠨ ᠪᠠᠬᠢᠯᠡᠯᠲᠡ ᠪᠤᠯᠭᠠᠠ ᠪᠠᠶᠢᠭᠤᠯᠵᠦ᠂ ᠦᠷᠭᠡᠡ ᠤᠯᠠᠠ ᠨᠠᠮ ᠤᠨ ᠭᠡᠰᠢᠭᠦᠨ ᠤ ᠦᠭᠡᠷᠡᠴᠢᠯᠡᠯᠲᠡ ᠬᠦᠭᠵᠢᠯᠲᠠ | ᠲᠤᠭᠲᠠᠭᠤᠨ ᠪᠠᠶᠢᠲᠠᠯ ᠲᠤᠮᠲᠠ ᠦᠵᠡᠭᠦᠯᠬᠦ ᠬᠤᠰᠢᠭᠤᠴᠢ ᠵᠢᠱᠢᠶᠡᠴᠢ ᠶᠢᠨ ᠦᠢᠯᠡᠲᠦᠯ ᠢ ᠬᠦᠢᠴᠡᠳ ᠪᠠᠲᠠᠷᠠᠭᠤᠯᠬᠤ | ᠭᠡᠷᠡᠭᠲᠡᠢ᠃ ᠡᠯ᠎ᠠ ᠱᠠᠲᠤᠨ ᠤ ᠨᠠᠮ ᠤᠨ ᠵᠤᠬᠢᠶᠠᠠ ᠪᠠᠶᠢᠭᠤᠯᠤᠯᠲᠠ ᠤᠯᠤᠰ ᠲᠦᠷᠦ ᠶᠢᠨ ᠤᠲᠤᠷᠢᠳᠬᠤ ᠬᠦᠴᠤᠨ᠂ | ᠦᠵᠡᠯ ᠰᠠᠨᠠᠭᠠᠠ ᠤ ᠬᠦᠲᠦᠯᠦᠨ ᠲᠠᠭᠠᠭᠤᠯᠬᠤ ᠬᠦᠴᠤᠨ᠂ ᠤᠯᠠᠠ ᠲᠦᠮᠡᠠ ᠢ ᠵᠤᠬᠢᠶᠠᠨ ᠪᠠᠶᠢᠭᠤᠯᠬᠤ ᠬᠦᠴᠤᠨ᠂ | ᠨᠡᠶᠢᠭᠡᠮ ᠨᠡᠶᠢᠲᠡ ᠶᠢ ᠤᠷᠢᠶᠠᠯᠠᠬᠤ ᠬᠦᠴᠤᠨ ᠢᠶᠠᠨ ᠲᠡᠭᠡᠭᠰᠢᠯᠡᠭᠦᠯᠵᠦ᠂ ᠦᠷᠭᠡᠡ ᠤᠯᠠᠠ ᠲᠦᠮᠡᠡ ᠢ ᠨᠠᠮ ᠤᠨ | ᠲᠤᠭᠤᠷᠢᠨ ᠳᠤ ᠨᠢᠭᠲᠠᠷᠠᠠ ᠪᠦᠯᠬᠦᠮᠲᠡᠭᠦᠯᠬᠦ ᠭᠡᠷᠡᠭᠲᠡᠢ ᠭᠡᠵᠦ ᠵᠢᠭᠠᠵᠦ ᠭᠠᠷᠭᠠᠪᠠ᠃ | ᠰᠢ ᠶᠢᠨ ᠫᠢᠩ᠂ ᠲᠦᠷᠦ ᠪᠠᠷᠢᠬᠤ ᠭᠤᠤᠯ ᠬᠦᠴᠤᠨ ᠤ ᠡᠩᠨᠡᠭᠡ ᠪᠤᠯᠤᠨ ᠴᠢᠲᠠᠪᠤᠷᠢᠲᠠᠠ ᠤ ᠡᠩᠨᠡᠭᠡ ᠶᠢᠨ | ᠪᠠᠶᠢᠭᠤᠯᠤᠯᠲᠠ ᠶᠢ ᠰᠠᠶᠢᠲᠤᠷ ᠠᠳᠬᠤᠬᠤ ᠭᠡᠷᠡᠭᠲᠡᠢ᠃ ᠰᠢᠨ᠎ᠠ ᠴᠠᠭ ᠦᠶ᠎ᠠ ᠶᠢᠨ ᠨᠠᠮ ᠤᠨ ᠵᠤᠬᠢᠶᠠᠠ | ᠪᠠᠶᠢᠭᠤᠯᠤᠯᠲᠠ ᠶᠢᠨ ᠱᠤᠭᠤᠮ ᠳᠤ ᠮᠤᠷᠠᠯ ᠴᠢᠲᠠᠪᠤᠷᠢ ᠬᠤᠤᠰᠯᠠᠭᠰᠠᠠ᠂ ᠶᠤᠰᠤ ᠰᠤᠷᠲᠠᠬᠤᠨ ᠢ ᠲᠡᠷᠢᠬᠦᠨ ᠳᠤ | ᠲᠠᠯᠪᠢᠬᠤ᠂ ᠡᠷᠲᠡᠮ ᠴᠢᠲᠠᠪᠤᠷᠢ ᠪᠠᠷ ᠨᠢ ᠭᠡᠷᠡᠭᠯᠡᠬᠦ ᠴᠢᠭᠯᠡᠯᠲᠡ ᠶᠢ ᠪᠠᠷᠢᠮᠲᠠᠯᠠᠬᠤ ᠭᠡᠷᠡᠭᠲᠡᠢ ᠭᠡᠵᠦ ᠲᠤᠷᠠᠲᠤᠭᠰᠠᠠ ᠨᠢ | ᠲᠠᠷᠤᠢ ᠺᠠᠳ᠋ᠷ ᠢ ᠰᠢᠯᠢᠨ ᠲᠡᠪᠰᠢᠬᠦᠯᠬᠦ᠂ ᠴᠢᠲᠠᠪᠤᠷᠢᠲᠠᠠ ᠢ ᠭᠡᠷᠡᠭᠯᠡᠬᠦ ᠳᠡᠭᠡᠨ ᠮᠤᠷᠠᠯ ᠰᠤᠷᠲᠠᠬᠤᠨ ᠢ | ᠴᠢᠬᠤᠯᠠᠴᠢᠯᠠᠬᠤ ᠪᠠᠷ ᠪᠠᠷᠠᠬᠤ ᠦᠭᠡᠢ ᠪᠠᠰᠠ ᠡᠷᠲᠡᠮ ᠴᠢᠲᠠᠪᠤᠷᠢ ᠶᠢ ᠨᠢ ᠤᠮᠲᠤᠭᠠᠢᠢᠯᠠᠵᠦ ᠪᠤᠯᠬᠤ ᠦᠭᠡᠢ ᠭᠡᠵᠦ | ᠴᠢᠬᠤᠯᠠᠴᠢᠯᠠᠵᠦ ᠪᠠᠶᠢᠭ᠎ᠠ ᠶᠠᠪᠤᠲᠠᠯ ᠪᠤᠯᠤᠨ᠎ᠠ᠃ ᠵᠠᠰᠠᠯᠲᠠ ᠶᠢᠨ ᠴᠢᠲᠠᠪᠤᠷᠢ ᠶᠢ ᠲᠡᠭᠡᠭᠰᠢᠯᠡᠭᠦᠯᠬᠦ ᠶᠢ ᠰᠢᠨ᠎ᠠ ᠴᠠᠭ | ᠦᠶ᠎ᠠ ᠶᠢᠨ ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠶᠢᠨ ᠴᠢᠬᠤᠯᠠ ᠶᠡᠭᠡ ᠡᠬᠦᠷᠭᠡ ᠪᠤᠯᠭᠠᠬᠤ ᠭᠡᠷᠡᠭᠲᠡᠢ᠂ ᠦᠵᠡᠯ | ᠰᠠᠨᠠᠭ᠎ᠠ ᠶᠢᠨ ᠪᠤᠯᠪᠠᠰᠤᠷᠠᠯ᠂ ᠤᠯᠤᠰ ᠲᠦᠷᠦ ᠶᠢᠨ ᠪᠤᠯᠪᠠᠰᠤᠷᠠᠯ᠂ ᠦᠢᠯᠡᠲᠦᠯᠭᠡ ᠶᠢᠨ ᠪᠤᠯᠪᠠᠰᠤᠷᠠᠯ᠂ ᠲᠤᠬᠠᠢᠢᠯᠠᠭᠰᠠᠠ | ᠠᠵᠢᠯ ᠤᠨ ᠪᠤᠯᠪᠠᠰᠤᠷᠠᠯ ᠢ ᠴᠢᠩᠭᠠᠳᠬᠠᠬᠤ ᠪᠠᠷ ᠲᠠᠮᠵᠢᠭᠤᠯᠵᠦ᠂ ᠦᠷᠭᠡᠡ ᠤᠯᠠᠠ ᠺᠠᠳ᠋ᠷ ᠢ ᠲᠦᠷᠢᠮ ᠲᠤᠭᠲᠠᠭᠠᠯ | ᠶᠤᠰᠤᠭᠠᠷ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠵᠦ᠂ ᠡᠷᠭᠡ ᠪᠠᠨ ᠭᠡᠷᠡᠭᠵᠢᠭᠦᠯᠵᠦ᠂ ᠠᠵᠢᠯ ᠢᠶᠠᠨ | ᠦᠷᠨᠢᠭᠦᠯᠬᠦ ᠶᠢ ᠠᠬᠢᠭᠤᠯᠬᠤ ᠭᠡᠷᠡᠭᠲᠡᠢ᠃ ᠡᠯ᠎ᠠ ᠱᠠᠲᠤᠨ ᠤ ᠨᠠᠮ ᠤᠨ ᠵᠤᠬᠢᠶᠠᠠ ᠪᠠᠶᠢᠭᠤᠯᠤᠯᠲᠠ ᠤᠯᠤᠰ ᠲᠦᠷᠦ ᠶᠢᠨ | ᠪᠤᠭᠤᠮᠲᠠ᠂ ᠠᠷᠢᠭᠤᠨ ᠴᠢᠭᠡᠴᠢ ᠶᠢᠨ ᠪᠤᠭᠤᠮᠲᠠ ᠶᠢ ᠴᠢᠩᠭ᠎ᠠ ᠡᠵᠡᠮᠲᠡᠵᠦ᠂ ᠬᠡᠪ ᠴᠢᠨᠠᠷ ᠴᠢᠲᠠᠪᠤᠷᠢ ᠶᠢᠨ | ᠪᠤᠭᠤᠮᠲᠠ ᠶᠢ ᠴᠢᠩᠭ᠎ᠠ ᠠᠳᠬᠤᠵᠦ᠂ ᠲᠡᠲᠡᠭᠡᠷ ᠲᠤᠷᠠᠲᠠᠶ᠎ᠠ ᠠᠵᠢᠯ ᠶᠠᠪᠤᠲᠠᠯ ᠬᠢᠬᠦ᠂ ᠦᠨᠡᠡ ᠬᠦ ᠠᠵᠢᠯ ᠶᠠᠪᠤᠲᠠᠯ ᠬᠢᠬᠦ᠂ | ᠠᠵᠢᠯ ᠶᠠᠪᠤᠲᠠᠯ ᠢ ᠪᠦᠲᠦᠭᠡᠵᠦ ᠴᠢᠲᠠᠬᠤ ᠺᠠᠳ᠋ᠷ ᠢ ᠴᠠᠭ ᠲᠤᠬᠠᠢ ᠳᠤᠨᠢ ᠢᠯᠡᠷᠡᠭᠦᠯᠦᠨ᠂ ᠲᠤᠰᠢᠶᠠᠯ ᠳᠤ ᠲᠤᠮᠢᠯᠠᠠ | ᠭᠡᠷᠡᠭᠯᠡᠬᠦ ᠭᠡᠷᠡᠭᠲᠡᠢ᠃ ᠺᠠᠳ᠋ᠷ ᠤᠨ ᠬᠦᠮᠦᠵᠢᠯ ᠪᠤᠯᠪᠠᠰᠤᠷᠠᠯ ᠢ ᠴᠢᠩᠭᠠᠳᠬᠠᠵᠦ᠂ ᠦᠷᠭᠡᠡ ᠤᠯᠠᠠ ᠺᠠᠳ᠋ᠷ ᠤᠨ ᠤᠯᠤᠰ | ᠲᠦᠷᠦ ᠶᠢᠨ ᠬᠡᠪ ᠪᠤᠯᠪᠠᠰᠤᠷᠠᠯ᠂ ᠤᠨᠤᠯ ᠤᠨ ᠲᠦᠪᠰᠢᠠ᠂ ᠲᠤᠬᠠᠢᠢᠯᠠᠭᠰᠠᠠ ᠠᠵᠢᠯ ᠤᠨ ᠴᠢᠲᠠᠪᠤᠷᠢ᠂ | ᠦᠢᠯᠡᠲᠦᠯᠭᠡ ᠶᠢᠨ ᠴᠢᠲᠠᠪᠤᠷᠢ ᠶᠢ ᠨᠢ ᠴᠠᠭ ᠦᠶ᠎ᠠ ᠶᠢᠨ ᠬᠦᠭᠵᠢᠯᠲᠠ ᠶᠢᠨ ᠠᠯᠬᠤᠭ᠎ᠠ ᠯᠤᠭ᠎ᠠ ᠲᠠᠭᠠᠵᠦ ᠠᠮᠵᠢᠭᠤᠯᠬᠤ | ᠭᠡᠷᠡᠭᠲᠡᠢ᠃ ᠺᠠᠳ᠋ᠷ ᠤᠨ ᠲᠦᠷᠢᠮ ᠤᠨ ᠦᠭᠡᠷᠡᠴᠢᠯᠡᠯᠲᠡ ᠶᠢ ᠬᠦᠨᠵᠡᠭᠡᠶᠢᠷᠡᠭᠦᠯᠦᠨ᠂ ᠦᠵᠡᠯ ᠰᠠᠨᠠᠭ᠎ᠠ ᠶᠢᠨ | ᠬᠠᠮᠢᠶᠠᠷᠤᠯᠲᠠ᠂ ᠠᠵᠢᠯ ᠤᠨ ᠬᠠᠮᠢᠶᠠᠷᠤᠯᠲᠠ᠂ ᠰᠤᠷᠲᠠᠯ ᠤᠨ ᠬᠠᠮᠢᠶᠠᠷᠤᠯᠲᠠ᠂ ᠰᠠᠬᠢᠯᠭ᠎ᠠ ᠪᠠᠲᠤ ᠶᠢᠨ | ᠬᠠᠮᠢᠶᠠᠷᠤᠯᠲᠠ ᠶᠢᠨ ᠴᠢᠩᠭ᠎ᠠ ᠬᠠᠮᠢᠶᠠᠷᠬᠤ ᠲᠤᠭᠲᠠᠴᠠ ᠶᠢ ᠲᠡᠭᠦᠯᠲᠡᠷᠵᠢᠭᠦᠯᠦᠨ᠂ ᠴᠢᠲᠠᠪᠤᠷᠢ ᠲᠠᠢ ᠬᠦᠮᠦᠰ ᠢ | ᠲᠡᠪᠰᠢᠭᠦᠯᠬᠦ᠂ ᠰᠢᠯᠢᠲᠡᠭ ᠢ ᠨᠢ ᠱᠠᠩᠨᠠᠬᠤ᠂ ᠶᠡᠷᠦᠮᠳᠡᠭ ᠢ ᠨᠢ ᠪᠠᠭᠤᠯᠭᠠᠬᠤ᠂ ᠰᠢᠭᠠᠷᠤ ᠶᠢ ᠨᠢ ᠰᠢᠭᠰᠢᠭᠲᠡᠭᠦᠯᠬᠦ ᠵᠦᠪ | ᠤᠲᠤᠷᠢᠲᠤᠮᠵᠢ ᠶᠢ ᠪᠦᠷᠢᠯᠲᠦᠭᠦᠯᠬᠦ ᠭᠡᠷᠡᠭᠲᠡᠢ᠃ ᠴᠢᠲᠠᠪᠤᠷᠢᠲᠠᠠ ᠤ ᠬᠦᠭᠵᠢᠯᠲᠠ ᠶᠢᠨ ᠪᠠᠶᠢᠭᠤᠯᠤᠮᠵᠢ ᠲᠤᠭᠲᠠᠴᠠ ᠶᠢᠨ | ᠦᠭᠡᠷᠡᠴᠢᠯᠡᠯᠲᠡ ᠶᠢ ᠬᠦᠨᠵᠡᠭᠡᠶᠢᠷᠡᠭᠦᠯᠦᠨ᠂ ᠴᠢᠲᠠᠪᠤᠷᠢᠲᠠᠠ ᠢ ᠲᠠᠲᠠᠠ ᠠᠪᠴᠢᠷᠠᠬᠤ᠂ ᠬᠦᠮᠦᠵᠢᠬᠦᠯᠬᠦ᠂ ᠭᠡᠷᠡᠭᠯᠡᠬᠦ᠂ | ᠦᠨᠡᠯᠡᠬᠦ᠂ ᠰᠢᠯᠵᠢᠬᠦᠯᠬᠦ᠂ ᠤᠷᠮᠠᠰᠢᠭᠤᠯᠤᠨ ᠵᠤᠷᠢᠠᠠᠵᠢᠭᠤᠯᠬᠤ ᠵᠡᠷᠭᠡ ᠲᠠᠯ᠎ᠠ ᠶᠢᠨ ᠪᠠᠶᠢᠭᠤᠯᠤᠮᠵᠢ ᠲᠤᠭᠲᠠᠴᠠ ᠶᠢᠨ | ᠬᠠᠷᠰᠢ ᠰᠠᠭᠠᠳ ᠢ ᠠᠷᠢᠯᠭᠠᠵᠦ᠂ ᠨᠡᠩ ᠢᠲᠡᠪᠬᠢᠲᠠᠢ᠂ ᠨᠡᠩ ᠨᠡᠭᠡᠭᠡᠯᠲᠡ ᠲᠠᠢ᠂ ᠨᠡᠩ ᠪᠦᠲᠦᠮᠵᠢᠲᠠᠢ ᠴᠢᠲᠠᠪᠤᠷᠢᠲᠠᠠ ᠤ | ᠲᠦᠷᠦ ᠶᠢᠨ ᠪᠤᠲᠤᠯᠭ᠎ᠠ ᠶᠢ ᠭᠡᠷᠡᠭᠵᠢᠭᠦᠯᠵᠦ᠂ ᠲᠠᠲᠠᠬᠤ ᠬᠦᠴᠤᠨ ᠪᠠ ᠤᠯᠠᠠ ᠤᠯᠤᠰ ᠲᠤ ᠦᠷᠢᠰᠦᠯᠲᠦᠬᠦ | ᠬᠦᠴᠤᠨ ᠲᠠᠢ ᠴᠢᠲᠠᠪᠤᠷᠢᠲᠠᠠ ᠤ ᠲᠦᠷᠢᠮ ᠤᠨ ᠰᠢᠰᠲ᠋ᠧᠮ ᠢ ᠪᠦᠷᠢᠯᠲᠦᠭᠦᠯᠵᠦ᠂ ᠲᠡᠯᠡᠬᠡᠢ ᠳ᠋ᠠᠬᠢᠨ ᠤ ᠡᠷᠲᠡᠮᠲᠡᠡ | ᠮᠡᠷᠭᠡᠳ ᠢ ᠴᠤᠭᠯᠠᠷᠠᠭᠤᠯᠤᠨ ᠭᠡᠷᠡᠭᠯᠡᠬᠦ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠨᠠᠮ ᠤᠨ ᠵᠤᠬᠢᠶᠠᠠ ᠪᠠᠶᠢᠭᠤᠯᠤᠯᠲᠠ ᠶᠢᠨ ᠲᠦᠷᠢᠮ ᠤᠨ ᠪᠠᠶᠢᠭᠤᠯᠤᠯᠲᠠ ᠶᠢ ᠰᠠᠶᠢᠲᠤᠷ | ᠠᠳᠬᠤᠬᠤ ᠭᠡᠷᠡᠭᠲᠡᠢ᠃ ᠨᠠᠮ ᠤᠨ ᠠᠷᠪᠠᠠ ᠨᠠᠢᠮᠠᠲᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠦᠪ ᠬᠤᠷᠢᠶ᠎ᠠ | ᠤᠷᠢᠳ ᠬᠤᠵᠢᠳ ᠨᠠᠮ ᠤᠨ ᠲᠤᠲᠤᠭᠠᠲᠤ ᠶᠢᠨ ᠤᠯᠤᠰ ᠲᠦᠷᠦ ᠶᠢᠨ ᠠᠮᠢᠲᠤᠷᠠᠯ ᠤᠨ ᠲᠤᠬᠠᠢ ᠲᠦᠷᠢᠮ᠂ ᠨᠠᠮ ᠤᠨ | ᠤᠲᠤᠷᠢᠳᠬᠤ ᠲᠤᠭᠤᠢᠢᠯᠠᠩ ᠤᠨ ᠠᠵᠢᠯ ᠤᠨ ᠲᠦᠷᠢᠮ᠂ ᠤᠷᠤᠨ ᠨᠤᠲᠤᠭ ᠤᠨ ᠨᠠᠮ ᠤᠨ ᠬᠤᠷᠢᠶᠠᠠ ᠤ ᠠᠵᠢᠯ ᠤᠨ | ᠲᠦᠷᠢᠮ᠂ ᠨᠠᠮ ᠤᠨ ᠠᠵᠢᠯᠯᠠᠬᠤ ᠪᠠᠶᠢᠭᠤᠯᠭ᠎ᠠ ᠶᠢᠨ ᠲᠦᠷᠢᠮ᠂ ᠨᠠᠮ ᠤᠨ ᠡᠬᠦᠷ ᠤᠨ ᠠᠵᠢᠯ ᠤᠨ ᠲᠦᠷᠢᠮ ᠵᠢᠴᠢ | ᠬᠦᠲᠡᠭᠡ ᠲᠤᠰᠬᠤᠨ᠂ ᠤᠯᠤᠰ ᠤᠨ ᠦᠮᠴᠢᠯᠡᠯᠲᠦ ᠠᠵᠦ ᠠᠬᠤᠢᠢᠯᠠᠯ᠂ ᠪᠠᠶᠢᠭᠤᠯᠭ᠎ᠠ᠂ ᠶᠡᠭᠡ ᠲᠡᠭᠡᠲᠦ | ᠰᠤᠷᠭᠠᠭᠤᠯᠢ ᠶᠢᠨ ᠦᠨᠲᠦᠰᠦᠠ ᠱᠠᠲᠤᠨ ᠤ ᠨᠠᠮ ᠤᠨ ᠵᠤᠬᠢᠶᠠᠠ ᠪᠠᠶᠢᠭᠤᠯᠤᠯᠲᠠ ᠶᠢᠨ ᠠᠵᠢᠯ ᠤᠨ ᠲᠦᠷᠢᠮ ᠵᠡᠷᠭᠡ | ᠠᠯᠢ ᠤᠯᠠᠠ ᠵᠤᠬᠢᠶᠠᠠ ᠪᠠᠶᠢᠭᠤᠯᠤᠯᠲᠠ ᠶᠢᠨ ᠴᠤᠭᠴᠠᠯᠠᠯᠲᠠ ᠶᠢᠨ ᠲᠠᠯ᠎ᠠ ᠪᠠᠷ ᠬᠢ ᠨᠠᠮ ᠤᠨ ᠲᠤᠲᠤᠭᠠᠲᠤ ᠶᠢᠨ ᠬᠠᠤᠯᠢ | ᠲᠤᠭᠲᠠᠭᠠᠯ ᠢ ᠲᠤᠭᠲᠠᠭᠠᠭᠰᠠᠠ ᠪᠦᠭᠡᠳ ᠵᠠᠰᠠᠪᠤᠷᠢ ᠤᠷᠤᠭᠤᠯᠵᠠᠢ᠃ ᠨᠠᠮ ᠤᠨ ᠠᠷᠪᠠ ᠶᠢᠰᠦᠲᠦᠭᠡᠷ ᠬᠤᠭᠤᠴᠠᠭᠠᠠ ᠤ | ᠲᠦᠪ ᠬᠤᠷᠢᠶᠠᠠ ᠤ ᠲᠦᠷᠪᠡᠲᠦᠭᠡᠷ ᠪᠦᠬᠦᠲᠠ ᠬᠤᠷᠠᠯ ᠠᠴᠠ ᠨᠠᠮ ᠤᠨ ᠲᠦᠪᠯᠡᠷᠡᠩᠭᠦᠢ ᠨᠢᠭᠡᠲᠦᠯᠲᠠᠢ | ᠤᠲᠤᠷᠢᠲᠤᠯᠭ᠎ᠠ ᠶᠢ ᠬᠠᠮᠠᠭᠠᠯᠠᠬᠤ ᠵᠤᠬᠢᠶᠠᠠ ᠪᠠᠶᠢᠭᠤᠯᠤᠯᠲᠠ ᠶᠢᠨ ᠲᠦᠷᠢᠮ ᠢ ᠪᠦᠷᠢᠠᠰᠢᠭᠦᠯᠬᠦ ᠶᠢ ᠨᠠᠮ ᠤᠨ | ᠤᠲᠤᠷᠢᠳᠬᠤ ᠲᠦᠷᠢᠮ ᠤᠨ ᠰᠢᠰᠲ᠋ᠧᠮ ᠢ ᠪᠠᠷᠢᠮᠲᠠᠯᠠᠠ ᠲᠡᠭᠦᠯᠲᠡᠷᠵᠢᠭᠦᠯᠬᠦ ᠴᠢᠬᠤᠯᠠ ᠠᠭᠤᠯᠭ᠎ᠠ ᠪᠤᠯᠭᠠᠵᠦ᠂ | ᠤᠯᠤᠰ ᠤᠨ ᠪᠠᠶᠢᠭᠤᠯᠤᠯ ᠪᠤᠯᠤᠨ ᠤᠯᠤᠰ ᠤᠨ ᠵᠠᠰᠠᠯᠲᠠ ᠶᠢᠨ ᠰᠢᠰᠲ᠋ᠧᠮ ᠳᠤ ᠤᠷᠤᠭᠤᠯᠪᠠ᠃ ᠲᠦᠪ ᠤᠨ | ᠬᠤᠯᠪᠤᠭᠲᠠᠯ ᠪᠦᠬᠦᠢ ᠰᠠᠯᠠᠭ᠎ᠠ ᠮᠦᠴᠢᠷ᠂ ᠡᠯ᠎ᠠ ᠱᠠᠲᠤᠨ ᠤ ᠨᠠᠮ ᠤᠨ ᠬᠤᠷᠢᠶ᠎ᠠ ︵ᠨᠠᠮ ᠤᠨ ᠤᠲᠤᠷᠢᠳᠬᠤ | ᠲᠤᠭᠤᠢᠢᠯᠠᠩ︶ ᠪᠤᠲᠠᠲᠤ ᠪᠠᠶᠢᠲᠠᠯ ᠲᠠᠢ ᠪᠠᠨ ᠤᠶᠠᠯᠲᠤᠭᠤᠯᠤᠨ᠂ ᠨᠠᠮ ᠤᠨ ᠲᠤᠲᠤᠭᠠᠲᠤ ᠶᠢᠨ ᠵᠤᠬᠢᠶᠠᠠ | ᠪᠠᠶᠢᠭᠤᠯᠤᠯᠲᠠ ᠶᠢᠨ ᠬᠠᠤᠯᠢ ᠲᠤᠭᠲᠠᠭᠠᠯ ᠪᠤᠯᠤᠨ ᠨᠠᠮ ᠤᠨ ᠲᠦᠪ ᠬᠤᠷᠢᠶᠠᠠ ᠤ ᠲᠤᠷᠠᠲᠤᠭᠰᠠᠠ ᠱᠠᠭᠠᠷᠲᠠᠯᠭ᠎ᠠ ᠶᠢ | ᠪᠤᠲᠠᠲᠠᠶᠢᠵᠢᠭᠤᠯᠵᠦ᠂ ᠵᠤᠬᠢᠶᠠᠠ ᠪᠠᠶᠢᠭᠤᠯᠤᠯᠲᠠ ᠶᠢᠨ ᠪᠠᠶᠢᠷᠢᠰᠢᠭᠤᠯᠤᠯ᠂ ᠵᠤᠬᠢᠶᠠᠠ ᠪᠠᠶᠢᠭᠤᠯᠤᠯᠲᠠ ᠶᠢᠨ ᠠᠮᠢᠲᠤᠷᠠᠯ᠂ | ᠵᠤᠬᠢᠶᠠᠠ ᠪᠠᠶᠢᠭᠤᠯᠤᠯᠲᠠ ᠶᠢᠨ ᠠᠵᠢᠯᠯᠠᠭᠠᠠ᠂ ᠵᠤᠬᠢᠶᠠᠠ ᠪᠠᠶᠢᠭᠤᠯᠤᠯᠲᠠ ᠶᠢᠨ ᠬᠠᠮᠢᠶᠠᠷᠤᠯᠲᠠ᠂ ᠵᠤᠬᠢᠶᠠᠠ | ᠪᠠᠶᠢᠭᠤᠯᠤᠯᠲᠠ ᠶᠢᠨ ᠬᠢᠨᠠᠯᠲᠠ ᠲᠠᠯᠪᠢᠯᠲᠠ ᠵᠡᠷᠭᠡ ᠶᠢ ᠪᠠᠭᠲᠠᠭᠠᠭᠰᠠᠠ ᠪᠦᠷᠢᠠ ᠲᠡᠭᠦᠯᠲᠡᠷ ᠵᠤᠬᠢᠶᠠᠠ | ᠪᠠᠶᠢᠭᠤᠯᠤᠯᠲᠠ ᠶᠢᠨ ᠲᠦᠷᠢᠮ ᠤᠨ ᠰᠢᠰᠲ᠋ᠧᠮ ᠢ ᠪᠠᠶᠢᠭᠤᠯᠤᠨ ᠪᠦᠷᠢᠠᠰᠢᠭᠦᠯᠵᠦ᠂ ᠨᠠᠮ ᠤᠨ ᠬᠤᠷᠢᠶ᠎ᠠ ︵ᠨᠠᠮ ᠤᠨ | ᠤᠲᠤᠷᠢᠳᠬᠤ ᠲᠤᠭᠤᠢᠢᠯᠠᠩ︶ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠤᠯ ᠴᠤᠭᠴᠠ ᠶᠢᠨ | ᠬᠠᠷᠢᠭᠤᠴᠠᠯᠭ᠎ᠠ ᠶᠢᠨ ᠲᠦᠷᠢᠮ ᠢ ᠨᠠᠶᠢᠲᠠᠪᠤᠷᠢᠵᠢᠭᠤᠯᠵᠦ᠂ ᠬᠡᠷᠡᠭᠵᠢᠬᠦᠯᠦᠯᠲᠡ ᠶᠢ ᠴᠢᠩᠭ᠎ᠠ ᠠᠳᠬᠤᠠ᠂ ᠨᠠᠮ ᠤᠨ | ᠵᠤᠬᠢᠶᠠᠠ ᠪᠠᠶᠢᠭᠤᠯᠤᠯᠲᠠ ᠶᠢᠨ ᠴᠤᠭᠴᠠᠯᠠᠯᠲᠠ ᠶᠢ ᠲᠦᠷᠢᠮᠵᠢᠭᠦᠯᠬᠦ᠂ ᠵᠢᠷᠤᠮᠵᠢᠭᠤᠯᠬᠤ᠂ ᠰᠢᠨᠵᠢᠯᠡᠬᠦ ᠤᠬᠠᠭᠠᠠᠴᠢᠯᠠᠬᠤ | ᠲᠦᠪᠰᠢᠨ ᠢ ᠲᠠᠰᠤᠷᠠᠯᠲᠠ ᠦᠭᠡᠢ ᠲᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠦ ᠭᠠᠷᠭᠠᠪᠠ᠃ | | |