ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ 27 ᠳ᠋ᠤᠭᠠᠷ ᠤᠳᠠᠭ᠎ᠠ ᠶᠢᠨ ᠲᠣᠬᠢᠷᠠᠭᠤᠯᠤᠯᠲᠠ ᠶᠢᠨ ᠬᠤᠷᠠᠯ ᠬᠢᠪᠠ  ᠮᠠ ᠰᠢᠤᠸᠠᠢ ᠵᠢᠶᠦ᠋ᠨ ᠬᠤᠷᠠᠯ ᠢ ᠡᠷᠭᠢᠯᠡᠵᠦ ᠡᠸᠤ ᠶᠠᠩ ᠰᠢᠶᠤᠤ ᠬᠤᠶ ᠣᠷᠣᠯᠴᠠᠪᠠ
ᠨᠡᠶᠢᠲᠡᠯᠡᠭᠰᠡᠨ ᠴᠠᠭ᠄
2020/7/10
     7 ᠳ᠋ᠤᠭᠠᠷ ᠰᠠᠷ᠎ᠠ ᠶᠢᠨ 9᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ 27 ᠳ᠋ᠤᠭᠠᠷ ᠤᠳᠠᠭ᠎ᠠ ᠶᠢᠨ ᠲᠣᠬᠢᠷᠠᠭᠤᠯᠤᠯᠲᠠ ᠶᠢᠨ ᠬᠤᠷᠠᠯ ᠬᠢᠵᠦ᠂ ᠬᠠᠮᠢᠶ᠎ᠠ ᠪᠦᠬᠦᠢ ᠠᠵᠢᠯᠯᠠᠬᠤ ᠳᠤᠭᠤᠶᠢᠯᠠᠩ ᠪᠣᠯᠣᠨ ᠬᠥᠬᠡᠬᠤᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠢᠵᠢᠭ ᠤᠨ ᠪᠠᠶᠢᠳᠠᠯ ᠢ ᠪᠠᠶᠢᠩᠭᠤ ᠰᠡᠷᠭᠡᠶᠢᠯᠡᠨ ᠡᠵᠡᠮᠳᠡᠬᠦ ᠠᠵᠢᠯ ᠢ ᠳᠠᠬᠢᠨᠲᠠ ᠬᠥᠪᠴᠢᠯᠡᠵᠦ᠂ ᠳᠠᠬᠢᠨ ᠪᠠᠶᠢᠷᠢᠯᠠᠭᠤᠯᠵᠦ᠂ ᠳᠠᠬᠢᠨ ᠪᠥᠷᠢᠨᠰᠢᠭᠦᠯᠥᠨ᠂ ᠳᠠᠬᠢᠨ ᠨᠠᠶᠢᠳᠠᠪᠤᠷᠢᠵᠢᠭᠤᠯᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠣᠭᠴᠢ ᠮᠠ ᠰᠢᠤᠸᠠᠢ ᠵᠢᠶᠦ᠋ᠨ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠣᠭᠴᠢ ᠡᠸᠤ ᠶᠠᠩ ᠰᠢᠶᠤᠤ ᠬᠤᠶ ᠬᠤᠷᠠᠯ ᠳᠤ ᠣᠷᠣᠯᠴᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠳᠤ ᠶᠠᠷᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠭᠠᠳᠠᠨ᠎ᠠ ᠠᠴᠠ ᠣᠷᠣᠵᠣ ᠢᠷᠡᠬᠦ ᠶᠢ ᠬᠤᠷᠢᠭᠯᠠᠨ᠂ ᠳᠣᠲᠣᠭᠠᠳᠤ ᠳᠤ ᠪᠠᠨ ᠳᠠᠬᠢᠨ ᠡᠭᠦᠰᠬᠦ ᠶᠢ ᠰᠡᠷᠭᠡᠶᠢᠯᠡᠬᠦ︾ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠭᠤᠶᠢᠪᠢᠰᠢ ᠥᠬᠡᠶ ᠪᠠᠷᠢᠮᠲᠠᠯᠠᠨ᠂ ᠬᠢᠴᠢᠶᠡᠨ ᠪᠣᠯᠭᠤᠮᠵᠢᠯᠠᠵᠤ᠂ ᠲᠣᠭᠲᠠᠯ ᠬᠦᠴᠦᠨ ᠢᠶᠠᠨ ᠪᠠᠷᠢᠮᠲᠠᠯᠠᠨ᠂ ᠰᠤᠯᠠᠷᠠᠭᠤᠯᠬᠤ ᠦᠭᠡᠢ᠂ ᠴᠠᠯᠠᠭᠠᠶᠢᠷᠠᠬᠤ ᠦᠭᠡᠢ᠂ ᠠᠯᠳᠠᠭ᠎ᠠ ᠭᠠᠷᠭᠠᠬᠤ ᠦᠭᠡᠢ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠬᠢᠯᠪᠠᠷ ᠪᠣᠰᠤ ᠦᠷ᠎ᠡ ᠪᠦᠲᠦᠭᠡᠯ ᠢᠶᠠᠨ ᠦᠨᠡᠨ ᠬᠦ ᠰᠠᠶᠢᠲᠤᠷ ᠪᠠᠬᠢᠵᠢᠭᠦᠯᠬᠦ ᠬᠡᠷᠡᠭᠲᠡᠢ᠃ ᠲᠠᠶᠢᠪᠤᠰᠢᠷᠠᠬᠤ ᠦᠵᠡᠯ ᠰᠠᠨᠠᠭ᠎ᠠ᠂ ᠳᠠᠶᠢᠨ ᠠᠴᠠ ᠬᠠᠰᠢᠷᠠᠬᠤ ᠰᠡᠳᠬᠢᠯᠭᠡ᠂ ᠭᠤᠷᠢᠳᠠᠬᠤ ᠪᠣᠳᠣᠯ᠂ ᠰᠤᠯᠠᠷᠠᠬᠤ ᠰᠡᠳᠬᠢᠯᠭᠡ ᠶᠢ ᠳᠡᠭᠡᠳᠦ ᠬᠡᠮᠵᠢᠶ᠎ᠡ ᠪᠠᠷ ᠰᠡᠷᠡᠮᠵᠢᠯᠡᠵᠦ᠂ ᠬᠢᠵᠢᠭ ᠤᠨ ᠪᠠᠶᠢᠳᠠᠯ ᠢ ᠴᠠᠭ ᠢᠮᠠᠭᠲᠠ ᠴᠢᠩᠭ᠎ᠠ ᠡᠵᠡᠮᠳᠡᠨ᠂ ᠠᠯᠳᠠᠰᠢ ᠭᠠᠷᠬᠤ ᠶᠢ ᠤᠯᠠᠮ ᠨᠢᠭᠡ ᠠᠯᠬᠤᠮ ᠪᠠᠶᠢᠴᠠᠭᠠᠨ ᠰᠡᠷᠭᠡᠶᠢᠯᠡᠵᠦ᠂ ᠰᠡᠷᠭᠡᠶᠢᠯᠡᠨ ᠡᠵᠡᠮᠳᠡᠬᠦ ᠭᠤᠤᠯᠳᠠᠯᠭ᠎ᠠ ᠶᠢ ᠪᠣᠳᠠᠲᠠᠶ ᠠᠳᠬᠤᠵᠤ᠂ ᠠᠮᠠᠪᠴᠢ ᠵᠡᠭᠦᠵᠦ ᠪᠡᠶ᠎ᠡ ᠶᠢᠨ ᠬᠠᠯᠠᠭᠤᠨ ᠢ ᠬᠡᠮᠵᠢᠬᠦ᠂ ᠪᠦᠭᠡᠮ ᠬᠦᠴᠢᠯ ᠢ ᠪᠠᠶᠢᠴᠠᠭᠠᠨ ᠬᠡᠮᠵᠢᠬᠦ᠂ ᠡᠮᠴᠢᠯᠡᠭᠡᠨ ᠤ ᠪᠠᠶᠢᠭᠤᠯᠤᠮᠵᠢ ᠶᠢᠨ ᠰᠡᠷᠭᠡᠶᠢᠯᠡᠨ ᠡᠵᠡᠮᠳᠡᠬᠦ᠂ ᠭᠤᠤᠯᠳᠠᠯᠭ᠎ᠠ ᠲᠠᠢ ᠬᠥᠮᠦᠰ ᠢ ᠵᠢᠭᠰᠠᠭᠠᠨ ᠪᠠᠶᠢᠴᠠᠭᠠᠬᠤ᠂ ᠡᠭᠡᠯᠵᠢ ᠶᠢᠨ ᠨᠢᠰᠬᠡᠯ ᠢ ᠬᠤᠪᠢᠶᠠᠨ ᠬᠠᠮᠢᠶᠠᠷᠴᠤ ᠡᠵᠡᠮᠳᠡᠬᠦ᠂ ᠪᠣᠭᠤᠮᠲᠠ ᠬᠢᠯᠢ ᠬᠢᠵᠠᠭᠠᠷ ᠢ ᠬᠠᠮᠢᠶᠠᠷᠤᠨ ᠡᠵᠡᠮᠳᠡᠬᠦ᠂ ᠡᠷᠡᠭᠦᠯ ᠮᠡᠨᠳᠦ ᠶᠢᠨ ᠺᠣᠳ᠋ ᠢ ᠬᠡᠷᠡᠭᠯᠡᠬᠦ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ᠂ ᠰᠢᠮᠳᠠᠭᠤᠯᠤᠨ ᠪᠠᠶᠢᠴᠠᠭᠠᠬᠤ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠡᠪ ᠤᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠵᠦ᠂ ᠬᠢᠵᠢᠭ ᠤᠨ ᠪᠠᠶᠢᠳᠠᠯ ᠳᠠᠬᠢᠨ ᠢᠯᠡᠷᠡᠬᠦ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠵᠢᠯ ᠤᠨ ᠬᠦᠴᠦᠨ ᠢ ᠵᠣᠬᠢᠰᠲᠠᠶ ᠪᠠᠶᠢᠷᠢᠯᠠᠭᠤᠯᠵᠤ᠂ ᠬᠢᠵᠢᠭ ᠤᠨ ᠪᠠᠶᠢᠳᠠᠯ ᠢ ᠪᠠᠶᠢᠩᠭᠤ ᠰᠡᠷᠭᠡᠶᠢᠯᠡᠨ ᠡᠵᠡᠮᠳᠡᠬᠦ ᠤᠷᠢᠲᠠᠯ ᠳᠣᠤᠷ᠎ᠠ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠪᠦᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号